ᠬᠦᠪᠡᠬᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2022 ᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠳᠠᠬᠢ ᠪᠡᠯᠴᠢᠭᠡᠷ ᠰᠡᠷᠬᠦᠬᠡᠬᠦ ᠪᠡᠯᠡᠳᠭᠡᠯ ᠠᠵᠢᠯ ᠎ ᠢ ᠰᠠᠶᠢᠳᠤᠷ ᠬᠢᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2021/11/28
          ᠬᠦᠪᠡᠬᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ    2022 ᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠳᠠᠬᠢ        ᠪᠡᠯᠴᠢᠭᠡᠷ ᠰᠡᠷᠬᠦᠬᠡᠬᠦ ᠪᠡᠯᠡᠳᠭᠡᠯ ᠠᠵᠢᠯ ᠢ ᠰᠠᠶᠢᠳᠤᠷ ᠬᠢᠬᠦ ᠲᠤᠬᠠᠢ ᠠᠯᠪᠠᠨ ᠵᠠᠷᠯᠠᠯᠦᠷᠭᠡᠨ ᠤᠯᠠᠨ ᠮᠠᠯᠴᠢᠨ ᠲᠦᠮᠡᠨ ᠳᠤ᠄ᠪᠦᠬᠦ ᠬᠤᠰᠢᠭᠤᠨ ᠤ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠤᠨ ᠦᠷ᠎ᠠ ᠪᠦᠳᠤᠮᠵᠢ ᠎ ᠶᠢ ᠤᠯᠠᠮ ᠴᠢᠨᠠᠭᠰᠢᠳᠠ ᠪᠠᠳᠤᠳᠬᠠᠵᠦ᠂ ᠰᠢᠨ᠎ᠡ ᠬᠦᠭᠵᠢᠯᠳᠡ ᠶᠢᠨ ᠰᠡᠳᠬᠢᠴᠠ ᠶᠢ ᠲᠤᠤᠱᠯᠠᠭᠤᠯᠤᠨ᠂ ᠠᠮᠢ ᠠᠬᠤᠢ ᠎ ᠶᠢ ᠤᠷᠢᠳᠠᠯ ᠪᠤᠯᠭᠠᠭᠰᠠᠨ ᠪᠤᠬᠢᠷᠳᠤᠯ ᠦᠭᠡᠢ ᠬᠦᠭᠵᠢᠯᠳᠡ ᠶᠢ ᠪᠠᠷᠢᠮᠳᠠᠯᠠᠵᠦ᠂ ᠲᠠᠯ᠎ᠠ ᠨᠤᠳᠤᠭ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠶᠢᠨ ᠲᠤᠰᠠᠳᠠ᠂ 2022 ᠤᠨ ᠤ ᠬᠠᠪᠤᠷ ᠤᠨ ᠤᠯᠠᠷᠢᠯ ᠎ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠳᠤ ᠪᠡᠯᠴᠢᠭᠡᠷ ᠰᠡᠷᠬᠦᠬᠡᠬᠦ ᠠᠵᠢᠯ ᠢ ᠦᠷᠬᠦᠯᠵᠢᠯᠠᠨ ᠭᠡᠷᠡᠭᠵᠢᠬᠦᠯᠬᠦ ᠪᠤᠯᠤᠨ᠎ᠠ᠃ ᠤᠲᠦ ᠬᠠᠮᠢᠶ᠎ᠠ ᠪᠦᠬᠦᠢ ᠶᠠᠪᠤᠳᠠᠯ ᠢ ᠵᠠᠷᠯᠠᠶ᠎ᠠ᠄ᠨᠢᠬᠡ᠂ ᠪᠡᠯᠴᠢᠭᠡᠷ ᠰᠡᠷᠬᠦᠬᠡᠬᠦ ᠬᠤᠭᠤᠴᠠᠭ᠎ᠠ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ ᠵᠤᠭᠰᠤᠭᠠᠬᠤ ᠪᠡᠯᠴᠢᠭᠡᠷ ᠰᠡᠷᠬᠦᠬᠡᠬᠦ ᠲᠦᠷᠢᠮ︾᠎ ᠤᠨ ᠶᠢᠰᠤᠳᠤᠭᠡᠷ ᠵᠤᠷᠪᠤᠰ ᠤᠨ ︿ᠬᠤᠰᠢᠭᠤ ᠰᠢᠶᠠᠨ ᠬᠤᠳᠠ ︵ᠲᠤᠭᠤᠷᠢᠭ︶᠎ ᠶᠢᠨ ᠠᠷᠠᠳ ᠤᠨ ᠵᠠᠰᠠᠭ ᠤᠨ ᠤᠷᠳᠤᠨ ᠨᠢ ᠲᠤᠬᠠᠢ ᠶᠢᠨ ᠭᠠᠵᠠᠷ ᠤᠨ ᠠᠭᠤᠷ ᠠᠮᠢᠰᠬᠤᠯ ᠤᠨ ᠨᠦᠬᠦᠴᠡᠯ ᠪᠠ ᠡᠪᠡᠰᠦ ᠪᠡᠯᠴᠢᠭᠡᠷ ᠤᠨ ᠤᠷᠭᠤᠴᠠ ᠶᠢᠨ ᠵᠢᠮ᠎ᠠ ᠶᠤᠰᠦ ᠶᠢ ᠦᠨᠳᠤᠰᠤᠯᠠᠵᠦ᠂ ᠵᠢᠯ ᠪᠤᠯᠭᠠᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠳᠤ ᠪᠡᠯᠴᠢᠭᠡᠷ ᠰᠡᠷᠬᠦᠬᠡᠬᠦ ᠶᠢ ᠭᠡᠷᠡᠭᠵᠢᠬᠦᠯᠵᠦ᠂ ᠪᠡᠯᠴᠢᠭᠡᠷ ᠰᠡᠷᠬᠦᠬᠡᠬᠦ ᠬᠤᠭᠤᠴᠠᠭ᠎ᠠ ᠨᠢ 45 ᠬᠤᠨᠤᠭ ᠠᠴᠠ ᠲᠤᠤᠷ᠎ᠠ ᠪᠠᠶᠢᠯᠭᠠᠵᠦ ᠪᠤᠯᠬᠤ ᠦᠭᠡᠢ﹀ ᠬᠡᠬᠦ ᠱᠠᠭᠠᠷᠳᠠᠯᠭ᠎ᠠ ᠶᠤᠰᠤᠭᠠᠷ᠂ ᠮᠠᠨ ᠤ ᠬᠤᠰᠢᠭᠤ ᠨᠢ 2022 ᠤᠨ ᠤ ᠬᠠᠪᠤᠷ ᠤᠨ ᠤᠯᠠᠷᠢᠯ ‍ᠤᠨ‌ᠡᠪᠡᠰᠤᠨ ᠤ ᠤᠷᠭᠤᠯᠳᠡ ᠶᠢᠨ ᠬᠤᠭᠤᠴᠠᠭᠠᠨ ᠳᠠᠬᠢ ᠪᠡᠯᠴᠢᠭᠡᠷ ᠰᠡᠷᠬᠦᠬᠡᠬᠦ ᠬᠤᠭᠤᠴᠠᠭ᠎ᠠ ᠶᠢ 45 ᠬᠤᠨᠤᠭ ᠠᠴᠠ ᠲᠤᠤᠷ᠎ᠠ ᠦᠭᠡᠢ ᠪᠠᠶᠢᠯᠭᠠᠵᠦ᠂ ᠪᠤᠳᠠᠲᠠᠢ ᠴᠠᠭ ᠬᠤᠭᠤᠴᠠᠭ᠎ᠠ ᠶᠢ ᠨᠢ ᠲᠤᠬᠠᠢ ᠶᠢᠨ ᠦᠶ᠎ᠠ ᠶᠢᠨ ᠪᠠᠶᠢᠳᠠᠯ ᠢ ᠦᠨᠳᠤᠰᠤᠯᠠᠨ ᠲᠠᠬᠢᠨ ᠮᠡᠳᠡᠭᠳᠡᠨ᠎ᠡ᠃ᠬᠤᠶᠠᠷ᠂ ᠪᠡᠯᠴᠢᠭᠡᠷ ᠰᠡᠷᠬᠦᠬᠡᠬᠦ ᠬᠦᠷᠢᠶ᠎ᠠ ᠬᠡᠪᠴᠢᠶ᠎ᠠᠪᠦᠬᠦ ᠬᠤᠰᠢᠭᠤᠨ ᠤ ᠭᠡᠪᠴᠢᠶᠠᠨ ᠳᠠᠬᠢ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠤᠷᠤᠨ ᠳᠤ ᠴᠦᠮ ᠪᠡᠯᠴᠢᠭᠡᠷ ᠰᠡᠷᠬᠦᠭᠡᠬᠦ ᠠᠵᠢᠯ ᠢ ᠭᠡᠷᠡᠭᠵᠢᠬᠦᠯᠤᠨ᠎ᠠ᠃ᠭᠤᠷᠪᠠ᠂ ᠬᠠᠮᠢᠶ᠎ᠠ ᠪᠦᠬᠦᠢ ᠱᠠᠭᠠᠷᠳᠠᠯᠭ᠎ᠠ︵ᠨᠢᠬᠡ︶ ᠦᠷᠭᠡᠨ ᠤᠯᠠᠨ ᠮᠠᠯᠴᠢᠨ ᠲᠦᠮᠡᠨ᠂ ᠨᠤᠳᠤᠭ ᠪᠡᠯᠴᠢᠭᠡᠷ ᠤᠨ ᠭᠡᠷᠡᠭᠯᠡᠭᠴᠢᠳ᠂ ᠨᠤᠳᠤᠭ ᠪᠡᠯᠴᠢᠭᠡᠷ ᠲᠠᠭᠠᠭᠠᠴᠢᠯᠠᠨ ᠡᠵᠡᠩᠨᠡᠭᠴᠢᠳ ᠠᠴᠠ ᠡᠪᠡᠰᠦ ᠪᠤᠷᠳᠤᠭ᠎ᠠ ᠨᠦᠬᠡᠴᠡᠯᠡᠬᠦ᠂ ᠮᠠᠯ ᠤᠨ ᠬᠦᠳᠡᠯᠭᠡᠭᠡᠨ ᠤ ᠲᠠᠯᠠᠪᠤᠷ ᠤᠨ ᠪᠠᠶᠢᠷᠢᠯᠠᠭᠤᠯᠤᠯᠳᠡ ᠵᠢᠴᠢ ᠬᠤᠳᠳᠤᠭ ᠤᠰᠦ᠂ ᠲᠡᠵᠢᠬᠡᠬᠦ ᠲᠦᠬᠦᠭᠡᠷᠤᠮᠵᠢ ᠵᠡᠷᠭᠡ ᠶᠢᠨ ᠪᠡᠯᠡᠳᠭᠡᠯ ᠠᠵᠢᠯ ᠢᠶᠠᠨ ᠤᠷᠢᠳᠴᠢᠯᠠᠨ ᠰᠠᠶᠢᠳᠤᠷ ᠬᠢᠬᠦ ᠭᠡᠷᠡᠭᠲᠠᠢ᠃ ᠬᠠᠰᠢᠶᠠᠯᠠᠨ ᠮᠠᠯᠵᠢᠬᠤ᠂ ᠡᠬᠦᠯᠳᠡᠷ ᠰᠠᠶᠢᠵᠢᠷᠠᠭᠤᠯᠬᠤ᠂ ᠰᠦᠷᠤᠭ᠌ ᠤᠨ ᠪᠦᠳᠤᠴᠡ ᠪᠠᠨ ᠰᠢᠯᠢᠳᠡᠭᠵᠢᠬᠦᠯᠬᠦ᠂ ᠮᠠᠯ ᠤᠨ ᠭᠠᠷᠭᠠᠯᠳᠠ ᠪᠠᠨ ᠲᠦᠷᠭᠡᠳᠭᠡᠬᠦ ᠪᠠᠷ ᠲᠠᠮᠵᠢᠨ ᠮᠠᠯ ᠠᠵᠦ ᠠᠬᠤᠢ ᠶᠢᠨ ᠦᠨᠳᠤᠷ ᠦᠷ᠎ᠠ ᠠᠰᠢᠭ ᠲᠠᠢ ᠬᠦᠭᠵᠢᠯᠳᠡ ᠶᠢ ᠠᠬᠢᠭᠤᠯᠵᠦ᠂ ᠨᠤᠳᠤᠭ ᠪᠡᠯᠴᠢᠭᠡᠷ ᠤᠨ ᠲᠠᠭᠠᠭᠠᠴᠠ ᠶᠢ ᠬᠦᠩᠭᠡᠷᠡᠬᠦᠯᠬᠦ ᠭᠡᠷᠡᠭᠲᠠᠢ᠃ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ᠂ ᠪᠡᠯᠴᠢᠭᠡᠷᠯᠡᠬᠦᠯᠬᠦ ᠶᠢ ᠵᠤᠭᠰᠤᠭᠠᠬᠤ ᠪᠠ ᠪᠡᠯᠴᠢᠭᠡᠷ ᠰᠡᠷᠬᠦᠬᠡᠬᠦ ᠲᠦᠷᠢᠮ ᠶᠢ ᠴᠢᠩᠭ᠎ᠠ ᠵᠢᠷᠤᠮᠯᠠᠵᠦ᠂ ᠨᠤᠳᠤᠭ ᠪᠡᠯᠴᠢᠭᠡᠷ ᠢ ᠬᠠᠮᠠᠭᠠᠯᠠᠬᠤ ᠡᠬᠦᠷᠭᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠵᠦ᠂ ᠲᠠᠭᠠᠭᠠᠴᠠ ᠠᠴᠠ ᠬᠡᠳᠤᠷᠡᠬᠦᠯᠤᠨ ᠮᠠᠯᠵᠢᠬᠤ ᠦᠭᠡᠢ ᠪᠠᠶᠢᠵᠦ᠂ ᠪᠡᠯᠴᠢᠭᠡᠷᠯᠡᠬᠦᠯᠬᠦ ᠶᠢ ᠵᠤᠭᠰᠤᠭᠠᠬᠤ ᠤᠷᠤᠨ ᠪᠠ ᠪᠡᠯᠴᠢᠭᠡᠷ ᠰᠡᠷᠬᠦᠭᠡᠬᠦ ᠬᠤᠭᠤᠴᠠᠭᠠᠨ ᠳᠤ ᠮᠠᠯ ᠪᠡᠯᠴᠢᠭᠡᠷᠯᠡᠬᠦᠯᠬᠦ ᠶᠢ ᠡᠷᠡᠰ ᠬᠤᠷᠢᠭᠯᠠᠵᠦ᠂ ᠰᠤᠮᠦ ᠪᠠᠯᠭᠠᠰᠤᠨ ᠤ ᠶᠡᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠶᠡᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠶᠡᠭᠡ ᠠᠩᠬᠢ ᠪᠠ ᠤᠢ ᠰᠢᠭᠤᠢ ᠨᠤᠳᠤᠭ ᠪᠡᠯᠴᠢᠭᠡᠷ ᠤᠨ ᠬᠠᠮᠢᠶᠠᠷᠤᠯᠳᠡ ᠶᠢᠨ ᠰᠠᠯᠠᠭ᠎ᠠ ᠮᠦᠴᠢᠷ ᠤᠨ ᠬᠢᠨᠡᠯᠳᠡ ᠬᠠᠮᠢᠶᠠᠷᠤᠯᠳᠡ ᠶᠢ ᠰᠠᠨᠠᠭᠠᠴᠢᠯᠠᠭ᠎ᠠ ᠠᠴᠠ ᠪᠠᠨ ᠬᠦᠯᠢᠶᠠᠬᠦ ᠭᠡᠷᠡᠭᠲᠠᠢ᠃︵ᠬᠤᠶᠠᠷ︶ ᠡᠯ᠎ᠡ ᠰᠤᠮᠦ ᠪᠠᠯᠭᠠᠰᠦ ᠨᠢ ᠭᠤᠤᠯ ᠴᠤᠭᠴᠠ ᠶᠢᠨ ᠡᠬᠦᠷᠭᠡ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠤᠨ ᠬᠦᠢᠴᠡᠳᠭᠡᠵᠦ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ᠂ ᠪᠡᠯᠴᠢᠭᠡᠷᠯᠡᠬᠦᠯᠬᠦ ᠶᠢ ᠵᠤᠭᠰᠤᠭᠠᠬᠤ ᠪᠠ ᠪᠡᠯᠴᠢᠭᠡᠷ ᠰᠡᠷᠬᠦᠬᠡᠬᠦ ᠤᠬᠠᠭᠤᠯᠭ᠎ᠠ ᠬᠦᠮᠤᠵᠢᠯ ᠤᠨ ᠠᠵᠢᠯ ᠢ ᠰᠠᠶᠢᠳᠤᠷ ᠬᠢᠵᠦ᠂ ᠮᠠᠯᠴᠢᠳ ᠤᠨ ᠮᠠᠯ ᠤᠨ ᠭᠠᠷᠭᠠᠯᠳᠠ᠂ ᠡᠬᠦᠯᠳᠡᠷ ᠰᠠᠶᠢᠵᠢᠷᠠᠭᠤᠯᠤᠯᠳᠡ᠂ ᠰᠦᠷᠤᠭ᠌ ᠤᠨ ᠪᠦᠳᠤᠴᠡ ᠶᠢᠨ ᠰᠢᠯᠢᠳᠡᠭᠵᠢᠬᠦᠯᠤᠯᠳᠡ ᠪᠠᠨ ᠲᠦᠷᠭᠡᠳᠭᠡᠬᠦ ᠶᠢ ᠤᠬᠠᠭᠤᠯᠤᠨ ᠵᠢᠯᠤᠭᠤᠳᠤᠨ᠎ᠠ᠃ ᠭᠠᠴᠠᠭ᠎ᠠ ᠪᠡ ᠮᠠᠯᠵᠢᠬᠤ ᠡᠷᠤᠭᠡ ᠶᠢ ᠵᠤᠬᠢᠶᠠᠨ ᠪᠠᠶᠢᠭᠤᠯᠵᠦ ᠪᠡᠯᠴᠢᠭᠡᠷ ᠰᠡᠷᠬᠦᠬᠡᠬᠦ ᠭᠡᠷ᠎ᠡ ᠲᠤᠭᠳᠠᠵᠦ᠂ ᠪᠡᠯᠴᠢᠭᠡᠷ ᠰᠡᠷᠬᠦᠬᠡᠬᠦ ᠲᠠᠩᠰᠠ ᠡᠪᠬᠡᠮᠡᠯ ᠢ ᠪᠠᠶᠢᠭᠤᠯᠤᠨ ᠪᠦᠷᠢᠨᠰᠢᠬᠦᠯᠵᠦ᠂ ᠮᠠᠯᠵᠢᠬᠤ ᠡᠷᠤᠭᠡ ᠶᠢᠨ ᠮᠠᠯ ᠢᠶᠠᠨ ᠪᠦᠬᠦᠨ ᠢ ᠬᠠᠰᠢᠶᠠᠯᠠᠨ ᠲᠡᠵᠢᠬᠡᠬᠦ ᠶᠢ ᠱᠠᠯᠠᠪᠳᠠᠭᠤᠯᠬᠤ ᠶᠢᠨ ᠬᠠᠮᠲᠦ ᠲᠡᠵᠢᠭᠡᠯ ᠡᠪᠡᠰᠦ ᠪᠤᠷᠳᠤᠭᠠᠨ ᠤ ᠨᠦᠬᠡᠴᠡ᠂ ᠬᠦᠳᠡᠯᠬᠡᠬᠡᠨ ᠤ ᠲᠠᠯᠠᠪᠤᠷ ᠤᠨ ᠪᠠᠶᠢᠷᠢᠯᠠᠭᠤᠯᠤᠯᠳᠡ ᠪᠠ ᠲᠡᠮᠳᠡᠭ ᠫᠠᠶᠢᠰᠠ ᠪᠠᠶᠢᠷᠢᠯᠠᠭᠤᠯᠬᠤ ᠵᠡᠷᠭᠡ ᠠᠵᠢᠯ ᠢ ᠰᠠᠶᠢᠳᠤᠷ ᠬᠢᠬᠦ ᠬᠡᠷᠡᠭᠲᠠᠢ᠃︵ᠭᠤᠷᠪᠠ︶ ᠤᠢ ᠰᠢᠭᠤᠢ ᠨᠤᠳᠤᠭ ᠪᠡᠯᠴᠢᠭᠡᠷ ᠤᠨ ᠰᠠᠯᠠᠭ᠎ᠠ ᠮᠦᠴᠢᠷ ᠨᠢ ᠬᠢᠨᠡᠨ ᠬᠠᠮᠢᠶᠠᠷᠤᠯᠳᠡ᠂ ᠵᠤᠬᠢᠶᠠᠨ ᠪᠠᠶᠢᠭᠤᠯᠤᠨ ᠵᠤᠭᠢᠴᠠᠭᠤᠯᠬᠤ᠂ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠵᠡᠷᠭᠡ ᠠᠵᠢᠯ ᠢ ᠰᠠᠶᠢᠳᠤᠷ ᠬᠢᠬᠦ ᠭᠡᠷᠡᠭᠲᠠᠢ᠃ ᠲᠠᠷᠢᠶᠠᠯᠠᠩ ᠮᠠᠯ ᠠᠵᠦ ᠠᠬᠤᠢ ᠰᠢᠨᠵᠢᠯᠡᠭᠡ ᠮᠡᠷᠭᠡᠵᠢᠯ ᠤᠨ ᠰᠠᠯᠠᠭ᠎ᠠ ᠮᠦᠴᠢᠷ ᠠᠴᠠ ᠬᠠᠰᠢᠶᠠᠯᠠᠨ ᠲᠡᠵᠢᠬᠡᠬᠦ ᠮᠡᠷᠭᠡᠵᠢᠯ ᠤᠨ ᠵᠢᠯᠤᠭᠤᠳᠤᠯᠭ᠎ᠠ᠂ ᠬᠢᠵᠢᠭ ᠡᠪᠡᠳᠴᠢᠨ ᠤ ᠰᠡᠷᠬᠡᠶᠢᠯᠡᠯᠳᠡ ᠪᠠ ᠤᠶᠢᠯᠡᠴᠢᠯᠡᠭᠡᠨ ᠤ ᠠᠵᠢᠯ ᠢ ᠰᠠᠶᠢᠳᠤᠷ ᠬᠢᠬᠦ ᠬᠡᠷᠡᠭᠲᠠᠢ᠃ ᠤᠰᠤᠨ ᠠᠰᠢᠭᠯᠠᠯᠳᠠ ᠶᠢᠨ ᠰᠠᠯᠠᠭ᠎ᠠ ᠮᠦᠴᠢᠷ ᠨᠢ ᠮᠠᠯ ᠤᠨ ᠤᠰᠦ ᠤᠮᠳᠡ ᠶᠢ ᠪᠠᠳᠤᠯᠠᠬᠤ ᠶᠢ ᠠᠵᠢᠯ ᠢ ᠬᠠᠷᠢᠭᠤᠴᠠᠬᠤ ᠭᠡᠷᠡᠭᠲᠠᠢ᠃ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠶᠡᠷᠤᠩᠬᠡᠶᠢᠯᠡᠭᠰᠡᠨ ᠵᠠᠰᠠᠭ ᠵᠠᠭᠢᠷᠭᠠᠨ ᠤ ᠬᠠᠤᠯᠢ ᠭᠡᠷᠡᠭᠵᠢᠬᠦᠯᠬᠦ ᠶᠡᠭᠡ ᠠᠩᠬᠢ᠂ ᠡᠯ᠎ᠡ ᠰᠤᠮᠦ ᠪᠠᠯᠭᠠᠰᠤᠨ ᠤ ᠶᠡᠷᠤᠩᠬᠡᠶᠢᠯᠡᠭᠰᠡᠨ ᠵᠠᠰᠠᠭ ᠵᠠᠭᠢᠷᠭᠠᠨ ᠤ ᠬᠠᠤᠯᠢ ᠭᠡᠷᠡᠭᠵᠢᠬᠦᠯᠬᠦ ᠲᠤᠪᠴᠢᠶ᠎ᠠ ᠠᠴᠠ ᠬᠠᠤᠯᠢ ᠭᠡᠷᠡᠭᠵᠢᠬᠦᠯᠬᠦ᠂ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠲᠦᠷᠢᠮ ᠲᠤᠭᠳᠠᠭᠠᠯ ᠢ ᠵᠦᠷᠢᠴᠡᠨ ᠪᠡᠯᠴᠢᠭᠡᠷᠯᠡᠬᠦᠯᠬᠦ ᠠᠵᠢᠯᠯᠠᠭ᠎ᠠ ᠶᠢ ᠬᠠᠮᠢᠶ᠎ᠠ ᠪᠦᠬᠦᠢ ᠲᠦᠷᠢᠮ ᠲᠤᠭᠳᠠᠭᠠᠯ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ ᠴᠢᠩᠭ᠎ᠠ ᠪᠠᠶᠢᠴᠠᠭᠠᠨ ᠰᠢᠢᠳᠪᠤᠷᠢᠯᠠᠬᠦ ᠭᠡᠷᠡᠭᠲᠠᠢ᠃︵ᠲᠦᠷᠪᠡ︶ ᠡᠯ᠎ᠡ ᠰᠤᠮᠦ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠠᠮᠢᠶ᠎ᠠ ᠪᠦᠬᠦᠢ ᠰᠠᠯᠠᠭ᠎ᠠ ᠮᠦᠴᠢᠷ ᠎ ᠨᠢ ᠤᠬᠠᠭᠤᠯᠭ᠎ᠠ ᠬᠦᠮᠤᠵᠢᠯ ᠪᠠ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢ ᠰᠠᠶᠢᠳᠤᠷ ᠬᠢᠵᠦ᠂ 2022 ᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠳᠠᠬᠢ ᠪᠡᠯᠴᠢᠭᠡᠷ ᠰᠡᠷᠬᠦᠬᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠳᠤᠯᠠᠬᠤ ᠭᠡᠷᠡᠭᠲᠠᠢ᠃                                                            ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ                                2021 ᠤᠨ ᠤ 11 ᠰᠠᠷ᠎ᠠ ᠶᠢᠨ 8᠎ ᠤ ᠡᠳᠤᠷ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号