ᠭᠦᠪᠡᠭᠡᠲᠦ ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/11/8
                           ᠠᠯᠪᠠᠨ ᠵᠠᠷᠯᠠᠯ                     ︵ᠭᠤᠴᠢᠳᠤᠭᠠᠷ ᠲᠤᠭᠠᠳᠤ︶       11 ᠰᠠᠷ᠎ᠠ ᠶᠢᠨ 4 ᠤ ᠡᠳᠦᠷ᠂ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ ᠤᠨ ︽ᠱᠢ ᠵᠢᠶᠠ ᠵᠤᠸᠠᠩ   ᠤᠨ ᠵᠢᠨᠵᠸᠦ ᠬᠤᠲᠠ ᠶᠢᠨ ᠬᠤᠤ ᠡᠾᠦ᠋ᠢ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠤᠮᠫᠠᠨᠢ ᠶᠢᠨ ᠬᠢᠵᠢᠭ ᠲᠤ ᠬᠤᠯᠪᠤᠭᠳᠠᠬᠤ ᠲᠦᠷᠭᠡᠨ ᠬᠦᠷᠭᠡᠯᠲᠡ ᠶᠢᠨ ᠪᠠᠭᠯᠠᠭ᠎ᠠ ᠶᠢ ᠪᠠᠴᠢᠮ ᠰᠢᠢᠳᠪᠦᠷᠢᠯᠡᠬᠦ ᠲᠤᠬᠠᠢ ᠮᠡᠳᠡᠭᠳᠡᠯ︾ ᠢ ᠲᠤᠰᠤᠭᠰᠠᠨ ᠤ ᠲᠠᠷᠠᠭ᠎ᠠ᠂ ᠬᠤᠰᠢᠭᠤ ᠵᠢᠯᠤᠭᠤᠳᠬᠤ ᠬᠡᠯᠲᠡᠰ ᠨᠢ ᠲᠠᠷᠤᠶᠢᠬᠠᠨ ᠵᠢᠭᠰᠠᠭᠠᠨ ᠪᠠᠶᠢᠴᠠᠭᠠᠵᠤ᠂ ᠬᠢᠵᠢᠭ ᠲᠤ ᠬᠤᠯᠪᠤᠭᠳᠠᠬᠤ ᠨᠢᠭᠡ ᠲᠦᠷᠭᠡᠨ ᠬᠦᠷᠭᠡᠯᠲᠡ ᠶᠢᠨ ᠪᠠᠭᠯᠠᠭ᠎ᠠ ᠨᠢ ᠮᠠᠨ ᠤ ᠬᠤᠰᠢᠭᠤᠨ ᠳᠤ ᠪᠠᠶᠢᠬᠤ ᠶᠢ ᠪᠠᠶᠢᠴᠠᠭᠠᠨ ᠣᠯᠵᠤ᠂ ᠲᠠᠷᠤᠢ ᠶᠤᠸᠠᠨ ᠲᠥᠩ ᠲᠦᠷᠭᠡᠨ ᠬᠦᠷᠭᠡᠯᠲᠡ ᠶᠢᠨ ᠺᠤᠮᠫᠠᠨᠢ ᠶᠢᠨ ᠪᠠᠭᠯᠠᠭ᠎ᠠ ᠪᠤᠯᠤᠨ᠎ᠠ᠃ ᠬᠤᠰᠢᠭᠤ ᠵᠢᠯᠤᠭᠤᠳᠬᠤ ᠬᠡᠯᠲᠡᠰ ᠲᠠᠷᠤᠶᠢᠬᠠᠨ ᠬᠤᠯᠪᠤᠭᠳᠠᠯ ᠪᠦᠬᠦᠢ ᠠᠷᠭ᠎ᠠ ᠬᠡᠮᠵᠢᠶ᠎ᠡ ᠠᠪᠴᠤ᠂ ᠬᠢᠵᠢᠭ ᠲᠤ ᠬᠤᠯᠪᠤᠭᠳᠠᠬᠤ ᠲᠦᠷᠭᠡᠨ ᠬᠦᠷᠭᠡᠯᠲᠡ ᠶᠢᠨ ᠪᠠᠭᠯᠠᠭ᠎ᠠ᠂ ᠡᠳ᠋ ᠪᠤᠳᠠᠰ ᠲᠠᠢ ᠨᠢᠭᠲᠠ ᠣᠶᠢᠷᠠᠳᠤᠭᠰᠠᠳ ᠲᠤ ᠴᠥᠮ ᠪᠠᠷᠢᠮᠵᠢᠶ᠎ᠠ ᠶᠤᠰᠤᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠲᠦᠷᠭᠡᠨ ᠬᠦᠷᠭᠡᠯᠲᠡ ᠶᠢᠨ ᠪᠠᠭᠯᠠᠭ᠎ᠠ᠂ ᠨᠢᠭᠲᠠ ᠤᠶᠢᠷᠠᠳᠤᠭᠰᠠᠳ ᠤᠨ ᠪᠦᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠨᠢ ᠴᠦᠮ ᠪᠢᠯᠭ ᠴᠢᠨᠠᠷᠲᠠᠢ᠃ ᠡᠬᠦᠨ ᠤ ᠬᠠᠮᠲᠤ᠂ ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠯᠲᠡᠰ ᠤᠨ 76 ᠳ᠋ᠤᠭᠠᠷ ᠠᠯᠪᠠᠨ ᠵᠠᠷᠯᠠᠯ ᠢ ᠨᠡᠶᠢᠲᠡᠯᠡᠭᠰᠡᠨ ᠠᠴᠠ ᠨᠠᠭᠠᠰᠢ᠂ 5 ᠬᠤᠲᠠ ᠶᠢᠨ ᠢᠷᠭᠡᠨ ᠠᠴᠠ ᠮᠤᠩᠭᠤᠯ ᠤᠯᠤᠰ ᠤᠨ ᠡᠳ᠋ ᠪᠠᠷᠠᠭ᠎ᠠ ᠶᠢ ᠤᠷᠤᠯᠠᠭᠤᠯᠤᠨ ᠪᠤᠷᠤᠯᠠᠭᠤᠯᠤᠭᠴᠢ ᠠᠴᠠ ᠪᠠᠷᠠᠭ᠎ᠠ ᠲᠠᠸᠠᠷ ᠬᠤᠳᠠᠯᠳᠤᠨ ᠠᠪᠤᠭᠰᠠᠨ ᠪᠠᠶᠢᠳᠠᠯ ᠢᠶᠠᠨ ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠤᠨ ᠵᠢᠯᠤᠭᠤᠳᠬᠤ ᠬᠡᠯᠲᠡᠰ ᠲᠤ ᠮᠡᠳᠡᠬᠦᠯᠵᠦ᠂ ᠲᠤᠰ ᠪᠦᠯᠦᠭ ᠪᠠᠷᠠᠭ᠎ᠠ ᠲᠠᠸᠠᠷ ᠤᠨ ᠪᠦᠭᠡᠮ ᠬᠦᠴᠢᠯ ᠤᠨ ᠪᠠᠶᠢᠴᠠᠭᠠᠯᠳ᠋ᠨ ᠶᠢᠨ ᠳ᠋ᠦᠩ ᠳᠤ ᠠᠷᠭ᠎ᠠ ᠴᠢᠨᠠᠷ ᠢᠯᠡᠷᠡᠪᠡ᠃       ᠣᠶᠢᠷ᠎ᠠ ᠶᠢᠨ ᠬᠤᠭᠤᠴᠠᠭᠠᠨ ᠳᠤ᠂ ︽ᠬᠤᠣᠰ ᠠᠷᠪᠠᠨ ᠨᠢᠭᠡ︾ ᠰᠦᠯᠵᠢᠶᠡᠨ ᠪᠤᠷᠤᠯᠠᠭᠤᠯᠠᠭ᠎ᠠ ᠶᠢᠨ ᠬᠠᠯᠠᠭᠤᠷᠠᠯ ᠬᠦᠷᠴᠦ ᠢᠷᠡᠵᠦ ᠪᠠᠶᠢᠭ᠎ᠠ ᠲᠠᠰᠢᠷᠠᠮ ᠢᠶᠠᠷ᠂ ᠲᠦᠷᠭᠡᠨ ᠬᠦᠷᠭᠡᠯᠲᠡ ᠶᠢᠨ ᠬᠡᠮᠵᠢᠶ᠎ᠡ ᠪᠠᠴᠢᠮ ᠨᠡᠮᠡᠭᠳᠡᠵᠦ᠂ ᠡᠯ᠎ᠡ ᠲᠦᠷᠭᠡᠨ ᠬᠦᠷᠭᠡᠯᠲᠡ ᠶᠢᠨ ᠦᠷᠳᠡᠭᠡ᠂ ᠦᠢᠯᠡᠴᠢᠯᠡᠭᠡᠨ ᠤ ᠴᠢᠭ ᠲᠤ ᠬᠦᠮᠦᠨ ᠬᠠᠷ᠎ᠠ ᠮᠡᠳᠡᠭᠳᠡᠮ᠎ᠡ ᠤᠯᠠᠰᠢᠷᠠᠪᠠ ᠃ ᠲᠦᠷᠭᠡᠨ ᠬᠦᠷᠭᠡᠯᠲᠡ ᠶᠢᠨ ᠠᠵᠤ ᠦᠢᠯᠡᠰ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠴᠢᠩᠭᠠᠳᠬᠠᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠰᠡᠷᠭᠡᠶᠢᠯᠡᠯᠲᠡ ᠶᠢᠨ ᠤᠬᠠᠮᠰᠠᠷ ᠢ ᠲᠡᠭᠡᠭᠰᠢᠯᠡᠬᠦᠯᠵᠦ ᠂ ᠲᠦᠷᠭᠡᠨ ᠬᠦᠷᠭᠡᠯᠲᠡ ᠶᠢᠨ ᠬᠢᠵᠢᠭ ᠤᠨ ᠪᠠᠶᠢᠳᠠᠯ ᠲᠠᠮᠵᠢᠭᠲᠠᠨ ᠲᠠᠷᠬᠠᠬᠤ ᠠᠶᠤᠯ ᠲᠦᠭᠰᠢᠬᠦᠷᠢ ᠶᠢ ᠠᠷᠢᠯᠭᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠥᠪᠰᠢᠨ ᠪᠠ ᠪᠡᠶ᠎ᠡ ᠮᠠᠬᠠᠪᠤᠳ ᠤᠨ ᠡᠷᠡᠬᠦᠯ ᠮᠡᠨᠳᠦ ᠶᠢ ᠪᠦᠬᠦ ᠬᠦᠴᠦᠨ  ᠢᠶᠠᠷ ᠢᠶᠠᠨ ᠪᠠᠳᠤᠯᠠᠬᠤ ᠶᠢᠨ ᠲᠦᠯᠦᠭᠡ᠂ ᠬᠠᠮᠢᠶ᠎ᠠ ᠪᠦᠬᠦᠢ ᠵᠦᠢᠯᠡᠰ ᠢ ᠲᠤᠤᠷᠠᠬᠢ ᠮᠡᠳᠦ ᠵᠠᠷᠯᠠᠶ᠎ᠠ᠄       ᠨᠢᠭᠡ᠂ 10 ᠳ᠋ᠤᠭᠠᠷ ᠰᠠᠷ᠎ᠠ ᠶᠢᠨ 26 ᠤ ᠡᠳᠦᠷ ᠠᠴᠠ ᠨᠠᠭᠠᠰᠢ᠂ ᠰᠢᠨᠡᠪᠤᠯᠠᠭ ᠪᠠᠯᠭᠠᠰᠤᠨ ᠤ ᠪᠦᠸᠧ ᠰᠢᠨ ᠶᠤᠸᠠᠨ ᠰᠠᠭᠤᠭᠠᠯᠢ ᠠᠷᠠᠳ ᠤᠨ ᠲᠤᠭᠤᠷᠢᠭ ᠤᠨ ᠪᠠᠷᠠᠭᠤᠨ ᠡᠬᠦᠳᠡᠨ ᠳᠠᠬᠢ ᠶᠤᠸᠠᠨ ᠲᠥᠩ ᠲᠦᠷᠭᠡᠨ ᠬᠦᠷᠭᠡᠯᠲᠡ  ᠶᠢᠨ ᠴᠢᠭ ᠲᠤ ᠢᠷᠡᠵᠦ ᠦᠩᠭᠡᠷᠡᠭᠰᠡᠨ ᠬᠦᠮᠦᠰ ᠨᠢ ᠲᠠᠷᠤᠶᠢᠬᠠᠨ ᠬᠠᠷᠢᠶ᠎ᠠ ᠭᠠᠴᠠᠭ᠎ᠠ ᠨᠡᠶᠢᠭᠡᠮ ᠲᠤᠭᠤᠷᠢᠭ ᠲᠠᠭᠠᠨ ᠮᠡᠳᠡᠬᠦᠯᠦᠨ ᠲᠠᠩᠰᠠᠯᠠᠭᠤᠯᠵᠤ᠂ ᠰᠠᠨᠠᠭᠠᠴᠢᠯᠠᠭ᠎ᠠ ᠠᠴᠠ ᠪᠠᠨ ᠪᠦᠭᠡᠮ ᠬᠦᠴᠢᠯ ᠤᠨ ᠪᠠᠶᠢᠴᠠᠭᠠᠯᠲᠠ ᠬᠢᠯᠭᠡᠵᠦ᠂ ᠭᠡᠷ  ᠲᠡᠭᠡᠨ 14 ᠡᠳᠦᠷ ᠡᠷᠡᠬᠦᠯ ᠮᠡᠨᠳᠦ ᠶᠢᠨ ᠬᠢᠨᠡᠨ ᠬᠡᠮᠵᠢᠯᠲᠡ ᠬᠢᠬᠦ ᠶᠢ ᠴᠢᠩᠭ᠎ᠠ ᠨᠠᠶᠢᠳᠠᠪᠦᠷᠢᠵᠢᠭᠤᠯᠬᠤ ᠬᠡᠷᠡᠭᠳᠡᠢ᠃         ᠬᠤᠶᠠᠷ᠂ ᠡᠯ᠎ᠡ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠨᠢ ᠬᠢᠯᠢ ᠶᠢᠨ ᠲᠤᠳᠤᠨ᠎ᠠ ᠭᠠᠳᠠᠨᠠᠬᠢ ᠬᠢᠵᠢᠭ ᠤᠨ ᠲᠤᠮᠳᠠ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠠᠴᠠ ᠢᠷᠡᠭᠰᠡᠨ ᠲᠦᠷᠭᠡᠨ ᠬᠦᠷᠭᠡᠯᠲᠡ  ᠶᠢᠨ ᠪᠠᠭᠯᠠᠭ᠎ᠠ ᠳᠤ ᠰᠢᠯᠭᠠᠨ ᠪᠠᠶᠢᠴᠠᠭᠠᠬᠤ ᠲᠤᠭᠤᠷᠢᠭ ᠲᠤᠬᠢᠷᠠᠭᠤᠯᠵᠤ᠂ ᠪᠦᠯᠦᠭ ᠬᠤᠪᠢᠶᠠᠨ ᠬᠠᠳᠠᠭᠠᠯᠠᠬᠤ ᠶᠢ ᠬᠡᠷᠡᠭᠵᠢᠬᠦᠯᠵᠦ᠂ ᠬᠢᠵᠢᠭ ᠢ ᠰᠡᠷᠭᠡᠶᠢᠯᠡᠬᠦ ᠰᠠᠯᠠᠭ᠎ᠠ ᠮᠦᠴᠢᠷ ᠨᠢ ᠲᠦᠷᠭᠡᠨ ᠬᠦᠷᠭᠡᠯᠲᠡ ᠶᠢᠨ ᠡᠳ᠋ ᠪᠠᠷᠠᠭᠠᠨ ᠳᠤ ᠪᠦᠭᠡᠮ ᠬᠦᠴᠢᠯ ᠤᠨ ᠪᠠᠶᠢᠴᠠᠭᠠᠯᠲᠠ ᠬᠢᠬᠦ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠲᠠᠮᠵᠢᠭᠲᠠᠨ ᠲᠠᠷᠬᠠᠬᠤ ᠠᠶᠤᠯ ᠲᠦᠭᠰᠢᠬᠦᠷᠢ ᠶᠢ ᠠᠷᠢᠯᠭᠠᠬᠤ ᠬᠡᠷᠡᠭᠳᠡᠢ᠃ ᠭᠤᠷᠪᠠ᠂ ᠬᠢᠯᠢ ᠶᠢᠨ ᠲᠤᠳᠤᠨ᠎ᠠ ᠭᠠᠳᠠᠨᠠᠬᠢ ᠬᠢᠵᠢᠭ ᠤᠨ ᠲᠤᠮᠳᠠ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠠᠴᠠ ᠢᠷᠡᠭᠰᠡᠨ ᠲᠦᠷᠭᠡᠨ ᠬᠦᠷᠭᠡᠯᠲᠡ ᠶᠢᠨ ᠪᠠᠭᠯᠠᠭ᠎ᠠ ᠳᠤ ︽ᠤᠷᠢᠳᠠᠪᠡᠷ ᠠᠷᠢᠭᠤᠳᠬᠠᠵᠤ᠂ ᠲᠠᠷᠠᠭ᠎ᠠ ᠨᠢ ᠬᠤᠪᠢᠶᠠᠷᠢᠯᠠᠬᠤ︾ ᠲᠥᠷᠢᠮ ᠢ ᠴᠢᠩᠭ᠎ᠠ ᠨᠠᠶᠢᠳᠠᠪᠦᠷᠢᠵᠢᠭᠤᠯᠬᠤ ᠬᠡᠷᠡᠭᠳᠡᠢ᠃ ᠡᠯ᠎ᠡ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠨᠢ ᠲᠦᠷᠭᠡᠨ ᠬᠦᠷᠭᠡᠯᠲᠡ ᠶᠢᠨ ᠪᠠᠭᠯᠠᠭ᠎ᠠ ᠶᠢ ᠰᠢᠢᠳᠪᠦᠷᠢᠯᠡᠬᠦ ᠲᠠᠯᠠᠪᠤᠷ᠂ ᠡᠵᠡᠩᠨᠡᠬᠦ ᠲᠠᠯᠠᠪᠤᠷ᠂ ᠵᠦᠭᠡᠭᠡᠪᠦᠷᠢᠯᠡᠬᠦ ᠪᠠᠭᠠᠵᠢ ᠲᠦᠬᠦᠭᠡᠷᠦᠮᠵᠢ᠂ ᠠᠯᠪᠠᠯᠠᠬᠤ ᠭᠠᠵᠠᠷ ᠲᠤ ᠠᠷᠢᠭᠤᠳᠬᠠᠬᠤ᠂ ᠠᠭᠠᠷ ᠰᠠᠯᠬᠢ ᠨᠡᠪᠳᠡᠷᠡᠬᠦᠯᠬᠦ ᠠᠵᠢᠯ ᠢ ᠦᠨᠡᠨᠬᠦ ᠰᠠᠶᠢᠳᠤᠷ ᠬᠢᠬᠦ ᠬᠡᠷᠡᠭᠳᠡᠢ᠃ ᠡᠯ᠎ᠡ ᠲᠦᠷᠭᠡᠨ ᠬᠦᠷᠭᠡᠯᠲᠡ ᠶᠢᠨ ᠭᠠᠵᠠᠷ᠂ ᠦᠷᠳᠡᠭᠡ᠂ ᠦᠢᠯᠡᠴᠢᠯᠡᠭᠡᠨ ᠤ ᠴᠢᠭ ᠨᠢ ᠠᠮᠠᠪᠴᠢ ᠵᠡᠬᠦᠬᠦ᠂ ᠡᠷᠡᠬᠦᠯ ᠮᠡᠨᠳᠦ ᠶᠢᠨ ᠺᠤᠳ᠋ ᠰᠢᠷᠪᠢᠬᠦ᠂ ᠪᠡᠶ᠎ᠡ ᠶᠢᠨ ᠲᠤᠯᠠᠭᠠᠨ ᠢ ᠬᠡᠮᠵᠢᠬᠦ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠦᠷᠢᠵᠢᠭᠤᠯᠬᠤ ᠬᠡᠷᠡᠭᠳᠡᠢ᠃         ᠲᠦᠷᠪᠡ᠂ ᠡᠯ᠎ᠡ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠪᠦᠬᠦᠯᠢ ᠴᠤᠭᠴᠠᠵᠢᠭᠰᠠᠨ᠂ ᠬᠡᠯᠬᠢᠶᠡᠵᠢᠭᠰᠡᠨ᠂ ᠢᠷᠡᠯᠳᠡ ᠶᠢ ᠮᠦᠷᠳᠡᠨ ᠪᠠᠶᠢᠴᠠᠭᠠᠬᠤ  ᠲᠡᠶᠢᠯᠬᠦ ᠲᠦᠷᠭᠡᠨ ᠬᠦᠷᠭᠡᠯᠲᠡ ᠶᠢᠨ ᠬᠠᠮᠢᠶᠠᠷᠤᠯᠲᠠ ᠶᠢᠨ ᠲᠤᠭᠲᠠᠯᠴᠠᠭ᠎ᠠ ᠶᠢ ᠪᠠᠶᠢᠭᠤᠯᠵᠤ᠂ ᠲᠦᠷᠭᠡᠨ ᠬᠦᠷᠭᠡᠯᠲᠡ ᠶᠢᠨ ᠪᠠᠭᠯᠠᠭ᠎ᠠ ᠶᠢ ᠵᠦᠬᠡᠬᠡᠪᠦᠷᠢᠯᠡᠬᠦ ᠲᠡᠷᠭᠡ ᠮᠠᠰᠢᠨ᠂ ᠵᠢᠯᠤᠭᠤᠴᠢ ᠶᠢᠨ ᠰᠤᠷᠠᠭ ᠵᠠᠩᠬᠢ ᠵᠢᠴᠢ ᠡᠳ᠋ ᠪᠠᠷᠠᠭᠠᠨ ᠤ ᠬᠦᠷᠭᠡᠯᠲᠡ ᠶᠢᠨ ᠴᠢᠭᠯᠡᠯ ᠤᠨ ᠪᠦᠬᠦ ᠶᠠᠪᠤᠴᠠ ᠶᠢ ᠨᠠᠷᠢᠨ ᠲᠠᠩᠰᠠᠯᠠᠨ ᠲᠡᠮᠳᠡᠭᠯᠡᠬᠦ ᠬᠡᠷᠡᠭᠳᠡᠢ᠃        ᠲᠠᠪᠤ᠂ ᠲᠤᠬᠠᠶᠢᠯᠠᠭᠰᠠᠨ ᠠᠵᠢᠯᠲᠠᠳ ᠤᠨ ᠡᠷᠡᠬᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠳᠡᠢ᠃ ᠲᠤᠬᠠᠶᠢᠯᠠᠭᠰᠠᠨ ᠠᠵᠢᠯᠳᠠᠳ ᠤᠨ ᠡᠷᠡᠬᠦᠯ ᠮᠡᠨᠳᠦ ᠶᠢᠨ ᠪᠠᠶᠢᠳᠠᠯ ᠢ ᠡᠳᠦᠷ ᠪᠦᠷᠢ ᠬᠢᠨᠠᠨ ᠬᠡᠮᠵᠢᠬᠦ ᠪᠠ ᠲᠠᠩᠰᠠᠯᠠᠨ ᠲᠡᠮᠳᠡᠭᠯᠡᠵᠦ᠂ ᠡᠷᠡᠬᠦᠯ ᠮᠡᠨᠳᠦ ᠶᠢᠨ ᠬᠠᠮᠠᠭᠠᠯᠠᠯᠲᠠ ᠪᠠᠨ ᠰᠠᠶᠢᠲᠤᠷ ᠬᠢᠬᠦ ᠶᠢ ᠱᠠᠭᠠᠷᠳᠠᠵᠤ᠂ ᠲᠤᠭᠲᠠᠭᠰᠠᠨ ᠬᠤᠭᠤᠴᠠᠭ᠎ᠠ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯᠪᠠᠰᠤᠷᠠᠯ ᠢ ᠡᠷᠬᠢᠯᠡᠨ ᠶᠠᠪᠤᠭᠳᠠᠭᠤᠯᠬᠤ ᠬᠡᠷᠡᠭᠳᠡᠢ᠃ ᠲᠦᠷᠭᠡᠨ ᠬᠦᠷᠭᠡᠯᠲᠡ ᠶᠢᠨ ᠠᠵᠢᠯᠲᠠᠳ ᠬᠡᠷᠪᠡ ᠬᠠᠯᠠᠭᠤᠷᠬᠠᠤ᠂ ᠬᠠᠨᠢᠶᠠᠬᠤ᠂ ᠲᠠᠮᠢᠷᠲᠠᠬᠤ ᠵᠡᠷᠭᠡ ᠡᠪᠡᠳᠴᠢᠨ ᠤ ᠪᠡᠶᠢᠳᠠᠯ ᠭᠠᠷᠪᠠᠯ ᠲᠠᠷᠤᠶᠢᠬᠠᠨ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠦ ᠡᠮᠴᠢᠯᠡᠬᠦᠯᠦᠨ ᠪᠠᠶᠢᠴᠠᠭᠠᠯᠭᠠᠬᠤ ᠬᠡᠷᠡᠭᠳᠡᠢ᠃ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠤᠪᠴᠢᠶ᠎ᠠ ︵ᠬᠤᠲᠠᠯᠳᠤᠭᠠᠨ  ᠤ ᠶᠠᠪᠤᠳᠠᠯ︶ ᠨᠢ ︽ᠪᠠᠶᠢᠴᠠᠭᠠᠬᠤ  ᠶᠤᠰᠤᠳᠠᠢ ᠪᠦᠬᠦᠨ ᠢ ᠪᠠᠶᠢᠴᠠᠭᠠᠬᠤ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠲᠤᠭᠲᠠᠭᠰᠠᠨ ᠬᠤᠭᠤᠴᠠᠭ᠎ᠠ ᠲᠠᠢ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯᠳᠠᠳ ᠢ ᠵᠤᠬᠢᠶᠠᠨ ᠪᠠᠶᠢᠭᠤᠯᠤᠨ᠂ ᠪᠦᠭᠡᠮ ᠬᠦᠴᠢᠯ ᠤᠨ ᠪᠠᠶᠢᠴᠠᠭᠠᠯᠲᠠ ᠬᠢᠯᠭᠡᠵᠦ᠂ ᠰᠢᠦᠳᠠᠨ ᠲᠤᠪᠴᠢᠶ᠎ᠠ ᠲᠠᠢ ᠬᠤᠯᠪᠤᠭᠠᠯᠠᠨ ᠡᠳᠦᠷ ᠲᠤᠳᠤᠮ ᠤᠨ ᠬᠢᠨᠠᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠳᠡᠢ᠃  ᠵᠢᠷᠭᠤᠭ᠎ᠠ᠂ ᠰᠠᠭᠤᠭᠠᠯᠢ ᠠᠷᠠᠳ ᠲᠦᠷᠭᠡᠨ ᠬᠦᠷᠭᠡᠯᠲᠡ ᠶᠢᠨ ᠪᠠᠭᠯᠠᠭ᠎ᠠ ᠶᠢ ᠲᠤᠰᠴᠤ ᠭᠤᠪᠢᠭᠤᠯᠬᠤ ᠳᠠᠭᠠᠨ ᠦᠨᠡᠨ ᠪᠤᠳᠠᠳᠠᠢ ᠰᠤᠷᠠᠭ ᠵᠠᠩᠬᠢ ᠪᠠᠷ   ᠢᠶᠠᠨ ᠳᠠᠩᠰᠠᠯᠠᠭᠤᠯᠵᠤ᠂ ᠲᠦᠷᠭᠡᠨ ᠬᠦᠷᠭᠡᠯᠲᠡ ᠶᠢᠨ ᠪᠠᠭᠯᠠᠭ᠎ᠠ ᠶᠢᠨ ᠲᠤᠳᠤᠨ᠎ᠠ ᠭᠠᠳᠠᠨᠠᠬᠢ ᠪᠤᠭᠤᠳᠠᠯ ᠢ ᠰᠠᠶᠢᠲᠤᠷ ᠠᠷᠢᠭᠤᠳᠬᠠᠵᠤ᠂ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠳᠡᠢ᠃ ᠲᠦᠷᠭᠡᠨ ᠬᠦᠷᠭᠡᠯᠲᠡ ᠶᠢᠨ ᠬᠠᠶᠢᠷᠴᠠᠭ᠂ ᠪᠤᠭᠤᠳᠠᠯ ᠢ ᠪᠤᠰᠤᠳ ᠬᠤᠭ ᠨᠤᠪᠰᠢ ᠲᠠᠢ ᠨᠡᠶᠢᠯᠡᠬᠦᠯᠦᠨ ᠬᠠᠶᠠᠵᠤ ᠪᠤᠯᠬᠤ ᠦᠬᠡᠢ᠂ ᠡᠷᠬᠡᠪᠰᠢ ᠠᠷᠢᠭᠤᠳᠬᠠᠬᠤ ᠰᠢᠩᠭᠡᠨ ᠢᠶᠠᠷ ᠰᠠᠶᠢᠲᠤᠷ ᠠᠷᠢᠭᠤᠳᠬᠠᠬᠤ ᠬᠠᠮᠲᠤ ᠠᠮᠠᠰᠠᠷ ᠢ  ᠨᠢ ᠴᠢᠩᠭ᠎ᠠ ᠪᠢᠳᠡᠬᠦᠮᠵᠢᠯᠡᠨ ᠬᠠᠶᠠᠬᠤ ᠬᠡᠷᠡᠭᠳᠡᠢ᠃ ᠲᠦᠷᠭᠡᠨ ᠬᠦᠷᠭᠡᠯᠲᠡ ᠶᠢᠨ ᠪᠠᠭᠯᠠᠭ᠎ᠠ ᠪᠠ ᠡᠳ᠋ ᠪᠤᠳᠠᠰ ᠢ ᠲᠤᠰᠴᠤ ᠨᠡᠭᠡᠭᠡᠭᠰᠡᠨ ᠤ ᠲᠠᠷᠠᠭ᠎ᠠ᠂ ᠡᠷᠬᠡᠪᠰᠢ ᠲᠤᠰᠬᠠᠢ ᠭᠠᠷ ᠤᠬᠢᠶᠠᠬᠤ ᠰᠢᠩᠭᠡᠨ ᠪᠤᠶᠤ ᠰᠠᠪᠤᠩ ᠢᠶᠠᠷ ᠭᠠᠷ ᠢᠶᠠᠨ ᠰᠠᠶᠢᠲᠤᠷ ᠤᠬᠢᠶᠠᠵᠤ᠂ ᠭᠠᠷ ᠤᠬᠢᠶᠠᠬᠤ ᠠᠴᠠ ᠡᠮᠦᠨ᠎ᠡ᠂ ᠬᠠᠮᠠᠷ᠂ ᠠᠮᠠ᠂ ᠨᠢᠲᠤ ᠲᠠᠢ ᠬᠦᠷᠦᠯᠴᠡᠬᠦ ᠠᠴᠠ ᠪᠤᠯᠭᠤᠮᠵᠢᠯᠠᠬᠤ ᠬᠡᠷᠡᠭᠳᠡᠢ᠃         ᠲᠤᠯᠤᠭ᠎ᠠ᠂ ᠣᠶᠢᠷ᠎ᠠ ᠳᠤ᠂ ᠤᠯᠤᠰ ᠤᠨ ᠲᠤᠳᠤᠭᠠᠳᠤ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠬᠡᠰᠡᠭ ᠪᠦᠯᠦᠭ ᠪᠤᠶᠤ ᠲᠠᠷᠬᠠᠢ ᠪᠤᠳᠠᠷᠬᠠᠢ ᠲᠠᠷᠬᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠨᠡᠯᠢᠶᠡᠳ ᠬᠦᠨᠳᠦ ᠪᠤᠳᠤᠯᠢᠶᠠᠨᠳᠠᠢ ᠪᠠᠶᠢᠵᠤ᠂ ᠲᠦᠷᠭᠡᠨ ᠬᠦᠷᠭᠡᠯᠲᠡ ᠳᠤ ᠴᠤ ᠵᠤᠬᠢᠬᠤ ᠬᠡᠮᠵᠢᠶᠡᠨ ᠤ ᠠᠶᠤᠯ ᠲᠦᠭᠰᠢᠬᠦᠷᠢ ᠨᠢᠭᠤᠭᠳᠠᠵᠤ ᠪᠣᠢ᠃ ᠦᠷᠭᠡᠨ ᠣᠯᠠᠨ ᠲᠥᠮᠡᠨ ᠤ ᠪᠡᠶ᠎ᠡ ᠶᠢᠨ ᠡᠷᠡᠬᠦᠯ ᠮᠡᠨᠳᠦ ᠶᠢ ᠦᠨᠡᠨᠬᠦ ᠪᠠᠳᠤᠯᠠᠬᠤ ᠶᠢᠨ ᠲᠤᠯᠠᠳᠠ᠂ ᠬᠤᠲᠠ ᠬᠦᠳᠡᠭᠡ ᠶᠢᠨ ᠰᠠᠭᠤᠭᠠᠯᠢ ᠠᠷᠠᠳ ᠢ ᠠᠯᠢ ᠴᠢᠳᠠᠬᠤ ᠪᠠᠷ ᠰᠦᠯᠵᠢᠶᠡᠨ ᠲᠡᠭᠡᠷ᠎ᠡ ᠠᠴᠠ ᠶᠠᠭᠤᠮ᠎ᠠ ᠬᠤᠳᠠᠯᠳᠤᠨ ᠠᠪᠬᠤ  ᠪᠠᠨ ᠪᠠᠭᠠᠰᠬᠠᠬᠤ ᠶᠢ ᠰᠠᠨᠠᠭᠠᠴᠢᠯᠠᠵᠤ ᠪᠠᠶᠢᠨ᠎ᠠ᠃ ᠦᠪᠡᠷ ᠤᠨ ᠪᠡᠶ᠎ᠡ ᠪᠠ ᠭᠡᠷ ᠪᠦᠯᠢ ᠶᠢᠨ ᠬᠦᠮᠦᠰ ᠤᠨ ᠡᠷᠡᠬᠦᠯ ᠮᠡᠨᠳᠦ ᠶᠢᠨ ᠲᠥᠯᠦᠭᠡ᠂ ᠬᠢᠵᠢᠭ ᠤᠨ ᠰᠡᠷᠭᠡᠶᠢᠯᠡᠯᠲᠡ ᠶᠢᠨ ᠬᠤᠭᠤᠴᠠᠭᠠᠨ ᠳᠤ᠂ ᠬᠢᠯᠢ ᠶᠢᠨ ᠭᠠᠳᠠᠨᠠᠬᠢ ᠬᠢᠵᠢᠭ ᠤᠨ   ᠥᠨᠳᠦᠷ ᠲᠡᠰ ᠤᠨ ᠲᠦᠭᠰᠢᠬᠦᠷᠢᠲᠦ ᠤᠯᠤᠰ ᠣᠷᠤᠨ ᠠᠴᠠ ᠪᠠᠷᠠᠭ᠎ᠠ ᠲᠠᠸᠠᠷ᠂ ᠡᠳ᠋ ᠪᠤᠳᠠᠰ ᠬᠤᠳᠠᠯᠳᠤᠨ ᠠᠪᠬᠤ  ᠪᠠᠨ ᠲᠠᠳᠠᠭᠠᠯᠵᠠᠭᠠᠷᠠᠢ︕ ᠬᠡᠷᠪᠡ 9 ᠰᠠᠷ᠎ᠠ ᠶᠢᠨ 15 ᠤ ᠡᠳᠦᠷ ᠠᠴᠠ ᠨᠠᠭᠠᠰᠢ᠂ ᠬᠢᠯᠢ ᠶᠢᠨ ᠭᠠᠳᠠᠨᠠᠬᠢ ᠬᠢᠵᠢᠭ  ᠤᠨ ᠥᠨᠳᠦᠷ ᠲᠡᠰ ᠤᠨ ᠲᠦᠭᠰᠢᠬᠦᠷᠢᠲᠦ ᠤᠯᠤᠰ ᠣᠷᠤᠨ ᠠᠴᠠ ᠬᠤᠳᠠᠯᠳᠤᠨ ᠠᠪᠤᠭᠰᠠᠨ ᠪᠠᠷᠠᠭ᠎ᠠ ᠲᠠᠸᠠᠷ᠂ ᠡᠳ᠋ ᠪᠤᠳᠠᠰ ᠨᠢᠭᠡᠨᠲᠡ ᠤᠯᠤᠰ ᠤᠨ ᠲᠤᠳᠤᠭᠠᠳᠤ ᠳᠤ ᠬᠦᠷᠴᠦ ᠢᠷᠡᠭᠰᠡᠨ ᠪᠣᠯ᠂ ᠲᠠᠷᠤᠶᠢᠬᠠᠨ ᠬᠤᠰᠢᠭᠤ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠲᠥᠪ ᠲᠤ ᠮᠡᠳᠡᠬᠦᠯᠵᠦ᠂ ᠬᠡᠷᠪᠡ ᠨᠢᠭᠡᠨᠲᠡ ᠭᠡᠷ ᠲᠤ ᠴᠢᠨᠢ ᠬᠦᠷᠭᠡᠵᠦ ᠢᠷᠡᠭᠰᠡᠨ ᠪᠣᠯ᠂ ᠪᠤᠭᠤᠳᠠᠯ ᠪᠠᠭᠯᠠᠭ᠎ᠠ ᠶᠢ ᠨᠡᠭᠡᠭᠡᠬᠦ ᠦᠬᠡᠢ ᠪᠠᠷ ᠲᠤᠰᠠᠭᠠᠷ ᠬᠠᠳᠠᠭᠠᠯᠠᠵᠤ᠂ ᠲᠠᠷᠤᠶᠢᠬᠠᠨ ᠬᠤᠰᠢᠭᠤ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠲᠥᠪ ᠲᠤ ᠮᠡᠳᠡᠬᠦᠯᠬᠦ ᠶᠢᠨ ᠬᠠᠮᠲᠤ ᠬᠠᠮᠢᠶ᠎ᠠ ᠪᠦᠬᠦᠢ ᠰᠢᠢᠳᠪᠦᠷᠢᠯᠡᠬᠦ ᠠᠵᠢᠯ  ᠲᠠᠢ ᠬᠠᠮᠵᠢᠯᠴᠠᠬᠤ ᠬᠡᠷᠡᠭᠳᠡᠢ᠃         ᠬᠤᠰᠢᠭᠤ ᠵᠢᠯᠤᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠤᠭᠤᠶᠢᠯᠠᠩ᠄ 110᠂ 6224814︔         ᠬᠤᠰᠢᠭᠤ ᠵᠢᠯᠤᠭᠤᠳᠬᠤ ᠬᠡᠯᠲᠡᠰ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠤᠭᠤᠶᠢᠯᠠᠩ᠄ 6222994᠂ 13484790901︔         ᠬᠤᠰᠢᠭᠤ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠲᠥᠪ᠄ 6222615᠂ 18647916553︔         ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠭᠰᠠᠨ ᠡᠪᠡᠳᠴᠢᠲᠡᠨ ᠢ ᠡᠮᠴᠢᠯᠡᠬᠦ ᠡᠬᠦᠳᠡᠨ ᠡᠮᠨᠡᠯᠭᠡ᠄ 131417984614᠃                                                               ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨ                  ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠦᠭᠤᠳᠬᠤ ᠭᠡᠯᠳᠡᠰ                              2021 ᠤᠨ ᠤ 11 ᠰᠠᠷᠠᠶᠢᠨ 4 ᠤ ᠡᠳᠦᠷ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号