ᠲᠡᠭᠰᠢ
ᠨᠡᠶᠢᠲᠡᠯᠡᠭᠰᠡᠨ ᠴᠠᠭ᠄
2021/11/9
      ᠣᠯᠣᠰ ᠲᠥᠷᠦ ᠶᠢᠨ ᠵᠥᠪᠯᠡᠯᠭᠡᠨ ᠤ ᠬᠡᠰᠢᠬᠦᠨ       ᠡᠷᠡᠭᠳᠡᠢ  ᠂ ᠮᠤᠩᠭᠤᠯ ᠦᠨᠳᠦᠰᠦᠳᠡᠨ᠂ 1968 ᠣᠨ ᠤ 6 ᠰᠠᠷ᠎ᠠ ᠳᠤ ᠲᠥᠷᠦᠪᠡ᠂ ᠬᠦᠪᠡᠭᠡᠲᠦ ᠰᠢᠷ᠎ᠠ ᠬᠤᠰᠢᠭᠤᠨ ᠤ ᠬᠦᠮᠦᠨ᠂ 1988 ᠣᠨ ᠤ 12 ᠰᠠᠷ᠎ᠠ ᠳᠤ ᠠᠵᠢᠯ ᠤᠨ ᠪᠠᠶᠢᠷᠢᠨ ᠳᠤ ᠭᠠᠷᠪᠠ᠂ 1998 ᠣᠨ ᠤ 12 ᠰᠠᠷ᠎ᠠ ᠳᠤ ᠲᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠪᠡ᠃ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠎ ᠲᠠᠢ᠃      1988 ᠣᠨ ᠤ 9 ᠰᠠᠷ᠎ᠠ—1999 ᠣᠨ ᠤ 11 ᠰᠠᠷ᠎ᠠ᠂ ᠬᠦᠪᠡᠭᠡᠲᠦ ᠰᠢᠷ᠎ᠠ ᠬᠤᠰᠢᠭᠤᠨ ᠤ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠪᠠᠭᠰᠢ ︵ᠲᠤᠰ ᠬᠤᠭᠤᠴᠠᠭᠠᠨ ᠳᠤ᠂ 1991 ᠣᠨ ᠤ 8 ᠰᠠᠷ᠎ᠠ—1993 ᠣᠨ ᠤ 8 ᠰᠠᠷ᠎ᠠ᠂ ᠥᠪᠦᠷ ᠮᠤᠩᠭᠤᠯ ᠤᠨ ᠰᠤᠷᠭᠠᠨ ᠬᠦᠮᠦᠵᠢᠯ ᠤᠨ ᠳᠡᠭᠡᠳᠦ ᠰᠤᠷᠭᠠᠭᠤᠯᠢ ᠶᠢᠨ ᠲᠤᠩᠭᠠᠨ ᠤ ᠰᠠᠯᠪᠤᠷᠢ ᠳᠤ ᠰᠤᠷᠤᠯᠴᠠᠪᠠ︶᠃      1999 ᠣᠨ ᠤ 11 ᠰᠠᠷ᠎ᠠ—2006 ᠣᠨ ᠤ 3 ᠰᠠᠷ᠎ᠠ᠂ ᠬᠦᠪᠡᠭᠡᠲᠦ ᠰᠢᠷ᠎ᠠ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶᠠᠨ ᠳᠤ ᠠᠵᠢᠯᠯᠠᠪᠠ ︵2004 ᠣᠨ ᠤ 9 ᠰᠠᠷ᠎ᠠ—2006 ᠣᠨ ᠤ 8 ᠰᠠᠷ᠎ᠠ᠂ ᠥᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠵᠠᠬᠢᠳᠠᠯ ᠢᠶᠠᠷ ᠰᠤᠷᠤᠯᠴᠠᠪᠠ︶᠃      2006 ᠣᠨ ᠤ 3 ᠰᠠᠷ᠎ᠠ—2009 ᠣᠨ ᠤ 3 ᠰᠠᠷ᠎ᠠ᠂ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠷᠢᠨ ᠪᠢᠴᠢᠭᠡᠴᠢ᠃      2009 ᠣᠨ ᠤ 3 ᠰᠠᠷ᠎ᠠ—2013 ᠣᠨ ᠤ 1 ᠰᠠᠷ᠎ᠠ᠂ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ᠃      2013 ᠣᠨ ᠤ 1 ᠰᠠᠷ᠎ᠠ—2014 ᠣᠨ ᠤ 12 ᠰᠠᠷ᠎ᠠ᠂ ᠬᠦᠪᠡᠭᠡᠲᠦ ᠰᠢᠷ᠎ᠠ ᠬᠤᠰᠢᠭᠤᠨ ᠤ ᠵᠤᠬᠢᠶᠠᠨ ᠪᠠᠶᠢᠭᠤᠯᠬᠤ ᠬᠡᠯᠲᠡᠰ ᠤᠨ ᠳᠡᠳ᠋ ᠬᠡᠯᠲᠡᠰ ᠤᠨ ᠳᠠᠷᠤᠭ᠎ᠠ᠃      2014 ᠣᠨ ᠤ 12 ᠰᠠᠷ᠎ᠠ—2016 ᠣᠨ ᠤ 3 ᠰᠠᠷ᠎ᠠ᠂ ᠬᠦᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ ᠶᠢᠨ ᠪᠦᠯᠬᠦᠮ ᠤᠨ ᠲᠡᠷᠢᠬᠦᠯᠡᠭᠴᠢ᠂ ᠶᠡᠷᠦᠩᠬᠡᠶᠢᠯᠡᠨ ᠵᠠᠰᠠᠬᠤ ᠠᠯᠪᠠᠨ ᠭᠡᠷ ᠤᠨ ᠡᠷᠬᠢᠯᠡᠭᠴᠢ᠃      2016 ᠣᠨ ᠤ 3 ᠰᠠᠷ᠎ᠠ—2020 ᠣᠨ ᠤ 6 ᠰᠠᠷ᠎ᠠ᠂ ᠬᠦᠪᠡᠭᠡᠲᠦ ᠰᠢᠷ᠎ᠠ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠨᠠᠮ ᠤᠨ ᠲᠤᠭᠤᠶᠢᠯᠠᠩ ᠤᠨ ᠱᠦᠵᠢ᠂ ᠡᠷᠬᠢᠯᠡᠭᠴᠢ᠃      2020 ᠣᠨ ᠤ 6 ᠰᠠᠷ᠎ᠠ—2020 ᠣᠨ ᠤ 11 ᠰᠠᠷ᠎ᠠ᠂ ᠬᠦᠪᠡᠭᠡᠲᠦ ᠰᠢᠷ᠎ᠠ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠨᠠᠮ ᠤᠨ ᠲᠤᠭᠤᠶᠢᠯᠠᠩ ᠤᠨ ᠱᠦᠵᠢ᠂ ᠡᠷᠬᠢᠯᠡᠭᠴᠢ᠂ ᠨᠢᠭᠡᠳᠦᠭᠡᠷ ᠲᠡᠰ ᠤᠨ ᠰᠤᠳᠤᠯᠤᠨ ᠪᠠᠶᠢᠴᠠᠭᠠᠭᠴᠢ᠃      2020ᠣᠨ ᠤ 11 ᠰᠠᠷ᠎ᠠ— ᠡᠳᠦᠭᠡ᠂ ᠬᠦᠪᠡᠭᠡᠲᠦ ᠰᠢᠷ᠎ᠠ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ ᠨᠠᠮ ᠤᠨ ᠲᠤᠭᠤᠶᠢᠯᠠᠩ ᠤᠨ ᠭᠡᠰᠢᠬᠦᠨ᠂ ᠳᠡᠳ᠋ ᠲᠡᠷᠢᠬᠦᠯᠡᠭᠴᠢ᠃      ᠰᠤᠷᠭᠠᠨ ᠬᠦᠮᠦᠵᠢᠯ ᠤᠳᠬ᠎ᠠ ᠤᠷᠠᠯᠢᠭ ᠲᠡᠦᠬᠡ ᠶᠢᠨ ᠬᠤᠯᠪᠤᠭᠠᠨ ᠤ ᠠᠵᠢᠯ ᠢ ᠬᠠᠷᠢᠭᠤᠴᠠᠨ᠎ᠠ᠃ ᠣᠩᠭᠤᠨ ᠠᠭᠤᠯᠠ ᠰᠣᠮᠣ᠂ ᠮᠠᠯ ᠠᠵᠤ ᠠᠬᠤᠢ ᠪᠠ ᠲᠧᠭᠨᠢᠭ ᠮᠡᠷᠭᠡᠵᠢᠯ ᠤᠨ ᠲᠤᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ᠂ ᠤᠰᠤᠨ ᠤ ᠶᠠᠪᠤᠳᠠᠯ ᠤᠨ ᠲᠤᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ᠂ ᠰᠤᠷᠭᠠᠨ ᠬᠦᠮᠦᠵᠢᠯ ᠤᠨ ᠲᠤᠪᠴᠢᠶ᠎ᠠ᠂ ᠰᠢᠯᠢ ᠶᠢᠨ ᠭᠤᠣᠯ ᠠᠶᠢᠮᠠᠭ ᠤᠨ ᠠᠮᠢ ᠠᠬᠤᠢ ᠶᠢᠨ ᠣᠷᠴᠢᠨ ᠲᠤᠭᠤᠷᠢᠨ ᠢ ᠬᠠᠮᠠᠭᠠᠯᠠᠬᠤ ᠲᠤᠪᠴᠢᠶᠠᠨ ᠤ ᠬᠦᠪᠡᠭᠡᠲᠦ ᠰᠢᠷ᠎ᠠ ᠬᠤᠰᠢᠭᠤᠨ ᠳᠠᠬᠢ ᠬᠤᠪᠢᠶᠠᠷᠢ ᠲᠤᠪᠴᠢᠶ᠎ᠠ᠂ ᠬᠠᠩᠭᠠᠨ ᠪᠤᠷᠤᠯᠠᠭᠤᠯᠬᠤ ᠬᠤᠷᠰᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠤᠪᠴᠢᠶ᠎ᠠ᠂ ᠴᠠᠭ ᠠᠭᠤᠷ ᠤᠨ ᠲᠤᠪᠴᠢᠶ᠎ᠠ᠂  ᠷᠠᠳᠢᠤ᠋ ᠲᠠᠮᠢᠷ ᠵᠢᠭᠤᠯᠴᠢᠯᠠᠯ ᠤᠨ ᠲᠤᠪᠴᠢᠶ᠎ᠠ᠂ ᠤᠳᠬ᠎ᠠ ᠤᠷᠠᠯᠢᠭ ᠤᠨ ᠬᠤᠯᠪᠤᠭ᠎ᠠ᠂ ᠬᠠᠮ ᠵᠠᠭᠤᠴᠢᠯᠠᠭᠤᠷ ᠲᠥᠪ᠂ ᠲᠠᠩᠰᠠ ᠡᠪᠭᠡᠮᠡᠯ ᠤᠨ ᠲᠤᠪᠴᠢᠶ᠎ᠠ᠂ ᠷᠠᠳᠢᠤ᠋ ᠲᠧᠯᠸᠢᠰ ᠲᠤᠪᠴᠢᠶ᠎ᠠ᠂ ᠰᠢᠨᠬᠤᠸᠠ ᠨᠣᠮ ᠤᠨ ᠰᠠᠩ᠂ ᠨᠢᠭᠡᠳᠦᠮᠡᠯ ᠬᠤᠯᠪᠤᠭ᠎ᠠ᠂ ᠰᠢᠯᠵᠢᠮᠡᠯ ᠬᠤᠯᠪᠤᠭ᠎ᠠ᠂ ᠴᠠᠬᠢᠯᠭᠠᠨ ᠬᠤᠯᠪᠤᠭ᠎ᠠ᠂ ᠴᠢᠯᠠᠭᠤᠨ ᠲᠤᠰᠣᠨ ᠤ ᠺᠤᠮᠫᠠᠨᠢ ᠵᠡᠷᠭᠡ ᠲᠠᠢ ᠬᠠᠷᠢᠴᠠᠨ ᠬᠠᠮᠢᠶᠠᠷᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号