ᠡᠮᠦᠨ᠎ᠡ ᠹᠷᠣᠨᠲ ᠠᠴᠠ ᠢᠯᠠᠯᠲᠠ ᠲᠠᠢ ᠪᠤᠴᠠᠵᠤ ᠢᠷᠡᠭᠰᠡᠨ ᠡᠷᠡᠬᠦᠯ ᠡᠩᠭᠡ ᠶᠢᠨ ᠡᠯᠴᠢ
ᠨᠡᠶᠢᠲᠡᠯᠡᠭᠰᠡᠨ ᠴᠠᠭ᠄
2021/12/20
      ᠣᠶᠢᠷ᠎ᠠ ᠳᠤ᠂ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠳᠣᠲᠣᠷ ᠰᠠᠯᠠᠭᠠᠨ ᠤ ᠰᠤᠪᠢᠯᠠᠭᠴᠢ ᠫᠧᠩ ᠰᠢᠨ ᠶᠤᠸᠠᠨ ᠲᠤᠰᠠᠭᠠᠷᠯᠠᠯ ᠢᠶᠠᠨ ᠳᠠᠭᠤᠰᠬᠠᠵᠤ᠂ ᠠᠵᠢᠯ ᠤᠨ ᠪᠠᠶᠢᠷᠢ ᠳᠠᠭᠠᠨ ᠪᠤᠴᠠᠵᠦ ᠠᠵᠢᠯᠯᠠᠪᠠ᠃ ᠡᠷᠢᠶᠡᠨ ᠬᠤᠳᠠ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠡᠯᠭᠡᠷᠡᠬᠦ ᠦᠶ᠎ᠡ ᠳᠤ᠂ ᠫᠧᠩ ᠰᠢᠨ ᠶᠤᠸᠠᠨ ᠳᠤᠷᠠᠲᠠᠶ᠎ᠠ ᠡᠮᠦᠨ᠎ᠡ ᠹᠷᠣᠨᠲ ᠲᠤ  ᠭᠠᠪᠰᠢᠭᠠᠶᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠳᠤ ᠦᠢᠯᠡᠴᠢᠯᠠᠵᠠᠢ       ᠡᠨᠡ ᠵᠢᠯ ᠤᠨ 10 ᠰᠠᠷ᠎ᠠ ᠶᠢᠨ ᠦᠶ᠎ᠡ ᠪᠠᠷ᠂ ᠡᠷᠢᠶᠡᠨ ᠬᠤᠳᠠ ᠳᠤ ᠬᠢᠵᠢᠭ ᠤᠨ ᠪᠠᠶᠢᠳᠠᠯ ᠭᠠᠷᠤᠭᠰᠡᠨ ᠠᠴᠠ ᠡᠮᠴᠢ ᠰᠤᠪᠢᠯᠠᠭᠴᠢ ᠶᠢᠨ ᠲᠤᠰᠠᠯᠠᠮᠵᠢ ᠪᠠᠴᠢᠮ ᠱᠠᠭᠠᠷᠳᠠᠭᠳᠠᠪᠠ᠃ ᠡᠨᠡᠬᠦ ᠴᠢᠮᠡᠭᠡ ᠶᠢ ᠰᠣᠨᠣᠰᠤᠭᠰᠠᠨ ᠤ ᠳᠠᠷᠠᠭ᠎ᠠ᠂ ᠰᠤᠪᠢᠯᠠᠭᠴᠢ ᠫᠧᠩ ᠰᠢᠨ ᠶᠤᠸᠠᠨ ᠲᠠᠷᠤᠶᠢᠬᠠᠨ ᠨᠡᠷ᠎ᠡ ᠮᠡᠳᠡᠭᠦᠯᠵᠦ ᠣᠷᠣᠯᠴᠠᠪᠠ᠃ ︽ᠲᠤᠬᠠᠢ ᠶᠢᠨ ᠦᠶ᠎ᠡ ᠳᠤ ᠤᠯᠠᠨ ᠵᠦᠢᠯ ᠢ ᠪᠣᠳᠣᠯᠬᠢᠯᠠᠭᠰᠠᠨ ᠦᠭᠡᠢ᠂ ᠰᠤᠪᠢᠯᠠᠭᠴᠢ ᠪᠣᠯᠤᠭᠰᠠᠨ ᠤ ᠬᠤᠪᠢ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠣᠴᠢᠵᠤ ᠴᠢᠷᠮᠠᠶᠢᠨ ᠲᠡᠮᠡᠴᠡᠪᠡᠯ ᠵᠣᠬᠢᠨ᠎ᠠ᠂ ᠦᠬᠠᠨ ᠳᠤ ᠬᠢᠵᠢᠭ ᠲᠡᠯᠭᠡᠷᠡᠭᠰᠡᠨ ᠦᠶ᠎ᠡ ᠳᠤ ᠢᠳᠡᠪᠬᠢᠲᠡᠢ ᠪᠠᠷ ᠨᠡᠷ᠎ᠡ ᠮᠡᠳᠡᠬᠦᠯᠦᠭᠰᠡᠨ ᠪᠣᠯᠪᠠᠴᠤ ᠶᠠᠪᠤᠵᠦ ᠲᠡᠢᠯᠤᠭ᠍ᠰᠡᠨ ᠦᠭᠡᠢ︔ ᠡᠨᠡ ᠤᠳᠠᠭ᠎ᠠ ᠡᠷᠢᠶᠡᠨ ᠬᠤᠳᠠ ᠳᠤ ᠤᠴᠢᠵᠦ ᠭᠤᠷᠪᠠᠳᠤᠭᠠᠷ ᠪᠦᠯᠦᠭ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠭᠡᠮᠵᠢᠬᠦ ᠠᠵᠢᠯ ᠤᠨ ᠡᠮᠴᠢ ᠰᠤᠪᠢᠯᠠᠭᠴᠢ ᠪᠠᠷ ᠠᠵᠢᠯᠯᠠᠭᠰᠠᠨ︔ ᠡᠳᠦᠷ ᠪᠦᠷᠢ ᠲᠣᠭᠲᠠᠭᠰᠠᠨ ᠭᠠᠵᠠᠷ ᠲᠤ ᠵᠠᠷᠯᠢᠭ ᠬᠦᠯᠢᠶᠡᠵᠦ᠂ ᠡᠭᠦᠷᠭᠡ ᠳᠤᠰᠤᠭᠰᠠᠨ  ᠤ ᠳᠠᠷᠠᠭ᠎ᠠ ᠡᠯ᠎ᠡ ᠲᠣᠭᠤᠷᠢᠭ ᠲᠤ ᠣᠴᠢᠵᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠳᠡᠭ︔ 16 ᠡᠳᠦᠷ ᠤᠨ ᠠᠵᠢᠯ ᠡᠬᠦᠷᠭᠡ ᠶᠢᠨ ᠳᠤᠮᠳᠠ ᠮᠠᠰᠢ ᠤᠯᠠᠨ ᠮᠡᠳᠡᠯᠭᠡ ᠳᠤᠷᠰᠢᠯᠭ᠎ᠠ ᠬᠤᠷᠠᠮᠳᠤᠭᠤᠯᠪᠠ︔ ᠪᠢ ᠡᠮᠨᠡᠯᠭᠡ ᠶᠢᠨ ᠬᠤᠷᠢᠶᠠᠨ ᠤ ᠪᠤᠰᠤᠳ ᠡᠮᠴᠢ ᠰᠤᠪᠢᠯᠠᠭᠴᠢ ᠳᠤ ᠲᠤᠷᠰᠢᠯᠭ᠎ᠠ ᠪᠠᠨ ᠤᠯᠠᠮᠵᠢᠯᠠᠬᠤ ᠪᠣᠯᠤᠨ᠎ᠠ︾ ᠭᠡᠵᠦ ᠫᠧᠩ ᠰᠢᠨ ᠶᠤᠸᠠᠨ ᠰᠤᠷᠪᠤᠯᠵᠢᠯᠠᠭᠴᠢ ᠳᠤ ᠶᠠᠷᠢᠯ᠎ᠠ᠃        ᠤᠶᠢᠯᠠᠭᠠᠭᠰᠡᠨ ᠢᠶᠠᠷ᠂ ᠫᠧᠩ ᠰᠢᠨ ᠶᠤᠸᠠᠨ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ  ᠠᠴᠠ ᠲᠡᠭᠦᠰᠴᠦ᠂ 2015 ᠣᠨ ᠤ 3 ᠰᠠᠷ᠎ᠠ ᠳᠤ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠰᠢᠯᠭᠠᠨ ᠣᠷᠣᠵᠤ ᠰᠤᠪᠢᠯᠠᠭᠴᠢ ᠶᠢᠨ ᠠᠵᠢᠯ ᠢ ᠬᠢᠪᠡ᠃ ᠫᠧᠩ ᠰᠢᠨ ᠶᠤᠸᠠᠨ ᠠᠵᠢᠯ ᠳᠤ ᠤᠷᠤᠬᠰᠠᠨ 7 ᠵᠢᠯ ᠤᠨ ᠲᠤᠷᠰᠢ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ᠂ ᠬᠠᠷᠢᠭᠤᠴᠠᠯᠭᠠᠲᠤ ᠰᠡᠳᠬᠢᠯᠭᠡ ᠪᠠᠷ ᠡᠪᠡᠳᠴᠢᠲᠡᠨ  ᠳᠤ ᠬᠠᠨᠳᠤᠵᠦ᠂ ᠦᠨᠡᠨᠴᠢ ᠰᠢᠳᠤᠷᠭᠤ᠂ ᠰᠢᠷᠭᠠᠭᠤ ᠬᠢᠴᠢᠶᠡᠩᠭᠦᠢ ᠴᠢᠷᠮᠠᠶᠢᠨ ᠠᠵᠢᠯᠯᠠᠭᠰᠡᠨ ᠢᠶᠠᠷ ᠬᠠᠮᠲᠤ ᠠᠵᠢᠯᠯᠠᠭᠴᠢ ᠪᠡ ᠡᠪᠡᠳᠴᠢᠲᠡᠨ ᠤ ᠰᠠᠶᠢᠨ ᠦᠨᠡᠯᠡᠯᠲᠡ ᠶᠢ ᠣᠯᠵᠠᠢ᠃ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠰᠤᠪᠢᠯᠠᠯᠲᠠ ᠶᠢᠨ ᠬᠡᠯᠲᠡᠰ ᠤᠨ ᠡᠷᠬᠢᠯᠡᠭᠴᠢ ᠹᠠᠨ ᠵᠥᠩ ᠵᠢᠤᠢ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠫᠧᠩ ᠰᠢᠨ ᠶᠤᠸᠠᠨ ᠨᠠᠰᠦ ᠵᠠᠯᠠᠭᠤ ᠴᠦ ᠬᠦᠴᠢᠷ ᠪᠡᠷᠭᠡ ᠠᠴᠠ ᠠᠶᠤᠬᠤ ᠦᠬᠡᠢ᠂ ᠶᠠᠳᠠᠷᠠᠯ ᠵᠦᠳᠡᠷᠡᠯ ᠠᠴᠠ ᠠᠶᠤᠬᠤ ᠥᠬᠡᠶ ᠃ ᠮᠠᠨ ᠤ ᠡᠮᠨᠡᠯᠭᠡ ᠶᠢᠨ ᠬᠤᠷᠢᠶᠠᠨ ᠳᠤ ᠡᠮᠴᠢᠯᠡᠬᠦᠯᠵᠤ ᠪᠠᠶᠢᠭ᠎ᠠ ᠥᠨᠥᠴᠢᠨ ᠪᠡᠯᠪᠡᠰᠦᠨ ᠨᠠᠰᠤᠲᠠᠨ᠂ ᠢᠯᠠᠩᠭᠤᠶ᠎ᠠ ᠲᠠᠪᠤᠨ ᠪᠠᠲᠤᠯᠠᠭᠠᠲᠤ ᠡᠷᠦᠬᠡ ᠶᠢ ᠰᠠᠶᠢᠨ ᠬᠠᠷᠠᠭᠠᠯᠵᠠᠳᠠᠭ᠃ ᠡᠪᠡᠳᠴᠢᠲᠡᠨ ᠤ ᠬᠦᠷᠭᠡᠭᠰᠡᠨ ᠬᠡᠮᠡᠷᠯᠢᠭ ᠲᠤᠭ ᠴᠦ ᠲᠡᠬᠦᠨ ᠤ ᠡᠮᠴᠢ  ᠶᠢᠨ ᠮᠣᠷᠠᠯ᠂ ᠡᠷᠬᠢᠮ ᠳᠡᠭᠡᠳᠦ ᠬᠠᠶᠢᠷ᠎ᠠ ᠰᠡᠳᠬᠢᠯᠭᠡ ᠶᠢ ᠬᠠᠷᠠᠭᠤᠯᠤᠨ᠎ᠠ︾ ᠭᠡᠵᠦ ᠶᠠᠷᠢᠯ᠎ᠠ᠃        ᠦᠷᠦᠪᠴᠢᠭᠡᠨ ᠴᠠᠭᠠᠨ ᠰᠡᠳᠬᠢᠯ ᠲᠠᠢ ᠰᠤᠪᠢᠯᠠᠭᠴᠢ ᠫᠧᠩ ᠰᠢᠨ ᠶᠤᠸᠠᠨ ᠡᠳᠦᠷ ᠰᠥᠨᠢ ᠢᠯᠭᠠᠯ ᠦᠭᠡᠢ᠂ ᠶᠠᠳᠠᠷᠠᠯ ᠵᠦᠳᠡᠷᠡᠯ ᠠᠴᠠ ᠠᠶᠤᠬᠤ ᠦᠭᠡᠢ᠂ ᠠᠷᠠᠳ ᠲᠦᠮᠡᠨ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠰᠠᠶᠢᠳᠦᠷ ᠬᠦᠢᠴᠡᠳᠭᠡᠵᠦ᠂ ᠰᠦᠨᠢᠵᠢᠨ ᠨᠤᠶᠢᠷ ᠦᠬᠡᠢ ᠡᠷᠬᠢᠵᠦ ᠰᠠᠬᠢᠭᠰᠡᠨ᠂ ᠡᠳᠦᠷ ᠨᠢ ᠵᠠᠪ ᠦᠬᠡᠢ ᠡᠷᠬᠦᠵᠦ ᠠᠰᠠᠷᠠᠭᠰᠡᠨ ᠠᠰᠠᠷᠠᠨ ᠰᠤᠪᠢᠯᠠᠬᠤ ᠦᠢᠯᠡᠰ ᠲᠡᠭᠡᠨ ᠭᠠᠯ ᠵᠠᠯᠠᠭᠤ ᠨᠠᠰᠦ ᠪᠠᠨ ᠵᠤᠷᠢᠭᠤᠯᠵᠦ ᠶᠠᠪᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号