ᠦᠰᠦᠭ ᠪᠢᠴᠢᠭ ᠢᠶᠠᠷ ᠲᠠᠶᠢᠯᠬᠤᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2021/12/21
      ᠨᠢᠭᠡ᠂ ᠶᠠᠭᠤᠨ ᠤ ᠤᠴᠢᠷ ᠠᠴᠠ ︽ᠬᠡᠷᠡᠭᠵᠢᠭᠦᠯᠬᠦ ᠲᠥᠰᠦᠯ︾ ᠢ ᠨᠡᠶᠢᠲᠡᠯᠡᠭᠰᠡᠨ ᠪᠤᠢ︖ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠮᠤᠵᠢ ᠠᠴᠠ ᠳᠣᠷᠣᠭᠰᠢᠬᠢ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠶ ᠬᠤᠪᠢᠶᠠᠷᠢᠯᠠᠵᠤ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠲᠥᠰᠦᠯ ᠢ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ ︵ᠲᠥᠷᠥ ᠠᠯᠪᠠᠨ ᠲᠠᠷᠬᠠᠭᠠᠭᠰᠠᠨ ︹2020︺ 19 ᠳ᠋ᠦ᠋ᠭᠡᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹2018︺ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃       ᠬᠤᠶᠠᠷ᠂ ︽ᠬᠡᠷᠡᠭᠵᠢᠭᠦᠯᠬᠦ ᠲᠥᠰᠦᠯ︾ ᠤᠨ ᠶᠡᠷᠦᠩᠬᠡᠶ ᠱᠠᠭᠠᠷᠳᠠᠯᠭ᠎ᠠ ᠪᠠ ᠬᠠᠷᠠᠯᠲᠠ ᠡᠭᠦᠷᠭᠡ ᠨᠢ ᠶᠠᠭᠤ ᠪᠤᠢ︖ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠬᠤᠭᠤᠷᠣᠨᠳᠣᠬᠢ ᠠᠵᠢᠯ ᠶᠠᠪᠤᠳᠠᠯ ᠤᠨ ᠡᠷᠬᠡ ᠪᠣᠯᠤᠨ ᠡᠳ᠋ ᠤᠨ ᠵᠠᠰᠠᠭ ᠤᠨ ᠡᠷᠬᠡ ᠶᠢᠨ ᠬᠤᠪᠢᠶᠠᠷᠢᠯᠠᠯ ᠢ ᠰᠢᠯᠢᠳᠡᠭᠵᠢᠭᠦᠯᠦᠨ᠎ᠡ᠃ ᠡᠷᠬᠡ ᠬᠠᠷᠢᠭᠤᠴᠠᠯᠭ᠎ᠠ ᠲᠣᠳᠣᠷᠬᠠᠶ᠂ ᠡᠳ᠋ ᠤᠨ ᠬᠦᠴᠦᠨ ᠵᠣᠬᠢᠴᠠᠩᠭᠤᠶ ᠂ ᠣᠷᠣᠨ ᠪᠦᠰᠡ ᠲᠡᠩᠴᠡᠭᠦᠷᠢᠲᠡᠶ ᠪᠦᠬᠦᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠠᠷᠢᠴᠠᠭ᠎ᠠ ᠶᠢ ᠪᠠᠶᠢᠭᠤᠯᠵᠤ᠂ ᠲᠣᠭᠲᠠᠪᠤᠷᠢᠲᠠᠶ ᠵᠠᠰᠠᠭ ᠤᠨ ᠣᠷᠳᠣᠨ ᠤ ᠠᠵᠢᠯ ᠶᠠᠪᠤᠳᠠᠯ ᠤᠨ ᠡᠷᠬᠡ᠂ ᠵᠠᠷᠤᠯᠭ᠎ᠠ ᠶᠢᠨ ᠬᠠᠷᠢᠭᠤᠴᠠᠯᠭ᠎ᠠ ᠪᠠ ᠡᠳ᠋ ᠤᠨ ᠬᠦᠴᠦᠨ ᠬᠠᠷᠢᠯᠴᠠᠨ ᠵᠣᠬᠢᠴᠠᠯᠳᠤᠭᠰᠠᠨ ᠲᠦᠷᠢᠮ ᠢ ᠪᠣᠶ ᠪᠣᠯᠭᠠᠨ᠎ᠠ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠶᠢᠨ ᠬᠠᠮᠠᠭᠠᠯᠠᠯᠲᠠ ᠪᠠ ᠵᠦᠢ ᠵᠣᠬᠢᠰᠲᠠᠶ ᠠᠰᠢᠭᠯᠠᠯᠲᠠ ᠶᠢ ᠠᠬᠢᠭᠤᠯᠵᠤ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠬᠤ᠂ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃       ᠭᠤᠷᠪᠠ᠂ ︽ᠬᠡᠷᠡᠭᠵᠢᠭᠦᠯᠬᠦ ᠲᠥᠰᠦᠯ︾ ᠤᠨ ᠭᠤᠣᠯ ᠠᠭᠤᠯᠭ᠎ᠠ ᠨᠢ ᠶᠠᠭᠤ ᠶᠠᠭᠤ ᠪᠤᠢ︖ ︽ᠣᠷᠣᠨ ᠨᠤᠲᠤᠭ ᠤᠨ ᠨᠡᠩ ᠳᠡᠭᠡᠳᠦ ᠨᠢᠭᠡ ᠱᠠᠲᠤᠨ ᠤ ᠵᠠᠰᠠᠭ ᠤᠨ ᠣᠷᠳᠣᠨ ᠤ ᠡᠭᠦᠷᠭᠡᠯᠡᠬᠦ ᠳᠤ ᠲᠣᠬᠢᠷᠠᠮᠵᠢᠲᠠᠶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠳᠡᠭᠡᠭᠰᠢ ᠰᠢᠯᠵᠢᠭᠦᠯᠵᠦ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠬᠡᠳᠦ ᠣᠯᠠᠨ ᠵᠠᠷᠤᠯᠭ᠎ᠠ ᠶᠢᠨ ᠬᠠᠷᠢᠭᠤᠴᠠᠯᠭ᠎ᠠ ᠡᠭᠦᠷᠭᠡᠯᠡᠬᠦ ᠠᠴᠠ ᠵᠠᠶᠢᠯᠠᠰᠬᠢᠬᠦ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠰᠢᠨᠵᠢᠬᠦ᠂ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠯ ᠤᠨ ᠡᠷᠬᠡ ᠶᠢᠨ ᠬᠠᠮᠢᠶᠠᠷᠤᠯᠲᠠ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠬᠡᠷᠡᠭᠯᠡᠯᠲᠡ ᠶᠢᠨ ᠬᠠᠮᠢᠶᠠᠷᠤᠯᠲᠠ ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠪᠠᠶᠢᠭᠠᠯᠢ ᠶᠢᠨ ᠡᠬᠢ ᠪᠠᠶᠠᠯᠢᠭ ᠤᠨ ᠠᠮᠤᠷ ᠲᠦᠪᠰᠢᠨ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠭᠠᠶ ᠭᠠᠮᠰᠢᠭ ᠢ ᠰᠡᠷᠭᠡᠶᠢᠯᠡᠨ ᠵᠠᠰᠠᠬᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠪᠤᠰᠤᠳ ᠵᠦᠢᠯ ᠵᠡᠷᠭᠡ 7 ᠲᠠᠯ᠎ᠠ ᠶᠢᠨ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶ ᠲᠣᠭᠲᠠᠭᠠᠪᠠ᠃        ᠳᠥᠷᠪᠡ᠂ ︽ᠬᠡᠷᠡᠭᠵᠢᠭᠦᠯᠬᠦ ᠲᠥᠰᠦᠯ︾ ᠤᠨ ᠨᠠᠶᠢᠳᠠᠪᠤᠷᠢᠵᠢᠭᠤᠯᠤᠯᠲᠠ ᠶᠢ ᠬᠡᠷᠬᠢᠨ ᠠᠬᠢᠭᠤᠯᠬᠤ ᠪᠣᠶ︖ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠣᠬᠢᠴᠠᠭᠤᠯᠤᠨ ᠬᠠᠮᠵᠢᠯᠴᠠᠬᠤ ᠪᠠᠨ ᠨᠢᠭᠲᠠᠷᠠᠭᠤᠯᠵᠤ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ︔ ᠬᠤᠶᠠᠷ ᠲᠤ᠂ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠳᠤ ᠬᠦᠴᠦᠲᠡᠢ ᠪᠡᠯᠡ ᠮᠥᠩᠭᠦ ᠶᠢᠨ ᠪᠠᠲᠤᠯᠠᠭ᠎ᠠ ᠬᠠᠩᠭᠠᠨ᠎ᠠ︔ ᠭᠤᠷᠪᠠ ᠳᠤ᠂ ᠬᠤᠯᠪᠣᠭᠳᠠᠯ ᠪᠦᠬᠦᠢ ᠳᠦᠷᠢᠮ ᠢ ᠡᠮᠬᠢᠯᠡᠨ ᠵᠠᠰᠠᠵᠤ ᠪᠦᠷᠢᠨᠰᠢᠭᠦᠯᠦᠨ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠴᠢᠬᠤᠯᠠ ᠶᠡᠭᠡ ᠥᠭᠡᠷᠡᠴᠢᠯᠡᠯᠲᠡ ᠲᠠᠢ ᠣᠷᠭᠠᠨᠢᠭ ᠢᠶᠠᠷ ᠵᠣᠯᠭᠠᠭᠤᠯᠵᠤ᠂ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃    
 
ᠢᠷᠡᠯᠲᠡ᠄ ᠥᠪᠦᠷ ᠮᠤᠩᠭᠤᠯ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号