ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠦᠷᠢᠮ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/12/21
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠨᠢᠭᠡᠳᠦᠭᠡᠷ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃ ᠨᠢᠭᠡ᠂ ︽ᠲᠦᠷᠢᠮ︾ ᠢ ᠨᠡᠶᠢᠲᠡᠯᠡᠭᠰᠡᠨ ᠠᠬᠤᠶ ᠪᠠᠶᠢᠳᠠᠯ ᠬᠥᠮᠦᠨ ᠠᠮᠠ ᠶᠢᠨ ᠨᠠᠰᠤᠵᠢᠯᠲᠠ ᠪᠣᠯ ᠣᠳᠣᠬᠠᠨ ᠤ ᠮᠠᠨ ᠤ ᠤᠯᠤᠰ ᠤᠨ ᠦᠨᠳᠦᠰᠦᠨ ᠪᠠᠶᠢᠳᠠᠯ ᠮᠥᠨ᠃ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠮᠠᠨ ᠤ ᠤᠯᠤᠰ ᠤᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 2.64 ᠳ᠋ᠦᠩᠰᠢᠭᠤᠷ ᠪᠠᠶᠢᠵᠤ᠂ ᠪᠥᠬᠦ ᠤᠯᠤᠰ ᠤᠨ ᠬᠥᠮᠦᠨ ᠠᠮᠠ ᠶᠢᠨ ᠶᠡᠷᠦᠩᠬᠡᠶ ᠲᠣᠭᠠᠨ ᠤ 18.70% ︵ᠡᠭᠦᠨ ᠳᠤ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ 1.9 ᠳ᠋ᠦᠩᠰᠢᠭᠤᠷ ᠪᠠᠶᠢᠵᠤ᠂ 13.5% ᠶᠢ ᠡᠵᠡᠯᠡᠨ᠎ᠡ︶ ᠶᠢ ᠡᠵᠡᠯᠡᠵᠦ ᠪᠠᠶᠢᠨ᠎ᠠ᠃ ᠮᠠᠨ ᠤ ᠣᠷᠣᠨ ᠳᠤ ᠣᠲᠣ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 475.7 ᠲᠦᠮᠡ ᠪᠠᠶᠢᠵᠤ᠂ ᠪᠥᠬᠦ ᠣᠷᠣᠨ ᠤ ᠬᠥᠮᠦᠨ ᠠᠮᠠ ᠶᠢᠨ ᠶᠡᠷᠦᠩᠬᠡᠶ ᠲᠣᠭᠠᠨ ᠤ 19.8% ᠶᠢ ᠡᠵᠡᠯᠡᠵᠦ᠂ ᠪᠥᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ 1.1 ᠵᠠᠭᠤᠨ ᠤ ᠴᠡᠭ ᠥᠨᠳᠥᠷ ᠪᠠᠶᠢᠨ᠎ᠠ︔ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ 313.9 ᠲᠦᠮᠡ ᠪᠠᠶᠢᠵᠤ᠂ ᠨᠠᠰᠤᠲᠠᠶᠢᠴᠤᠳ ᠤᠨ ᠬᠥᠮᠦᠨ ᠠᠮᠠ ᠶᠢᠨ ᠶᠡᠷᠦᠩᠬᠡᠢ ᠲᠣᠭᠠᠨ ᠤ 65.9% ᠶᠢ ᠡᠵᠡᠯᠡᠵᠦ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠣᠷᠣᠨ ᠤ ᠬᠥᠮᠦᠨ ᠠᠮᠠ ᠶᠢᠨ ᠨᠠᠰᠤᠵᠢᠯᠲᠠ ᠶᠢᠨ ᠬᠡᠮᠵᠢᠶ᠎ᠡ ᠪᠠᠰᠠ ᠦᠷᠭᠦᠯᠵᠢᠯᠡᠨ ᠬᠤᠷᠴᠠᠳᠴᠤ᠂ ᠨᠠᠰᠤᠵᠢᠯ ᠤᠨ ᠨᠡᠶᠢᠭᠡᠮ ᠤᠯᠠᠮ ᠥᠷᠭᠡᠵᠢᠬᠦ ᠪᠣᠯᠤᠨ᠎ᠠ᠃ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠪᠣᠯ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ ᠮᠥᠨ᠂ ᠨᠠᠰᠤᠲᠠᠨ ᠢᠶᠠᠨ ᠠᠰᠠᠷᠠᠬᠤ ᠪᠣᠯ ᠴᠢᠬᠤᠯᠠ ᠶᠡᠭᠡ ᠠᠷᠠᠳ ᠤᠨ ᠠᠮᠢᠳᠤᠷᠠᠯ ᠤᠨ ᠦᠢᠯᠡᠰ ᠮᠥᠨ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠤᠷᠠᠳᠤᠭᠰᠠᠨ ᠨᠢ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠵᠤ᠂ ᠬᠡᠷ ᠪᠥᠯᠢ᠂ ᠨᠡᠶᠢᠭᠡᠮ ᠲᠣᠭᠤᠷᠢᠭ᠂ ᠪᠠᠶᠢᠭᠤᠯᠤᠮᠵᠢ ᠬᠠᠷᠢᠯᠴᠠᠨ ᠵᠣᠬᠢᠴᠠᠯᠳᠤᠭᠰᠠᠨ᠂ ᠡᠮᠴᠢᠯᠡᠭᠡ ᠰᠤᠪᠢᠯᠠᠯᠲᠠ ᠪᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ ᠭᠡᠵᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠠᠴᠠ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠬᠤ ᠶᠢ ᠠᠩᠬ᠎ᠠ ᠤᠳᠠᠭ᠎ᠠ ᠤᠯᠤᠰ ᠤᠨ ᠪᠠᠶᠢᠯᠳᠤᠬᠤ ᠪᠤᠳᠤᠯᠭ᠎ᠠ ᠶᠢᠨ ᠥᠨᠳᠥᠷᠴᠡ ᠳᠤ ᠳᠡᠭᠡᠭᠰᠢᠯᠡᠭᠦᠯᠪᠡ ᠃ ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠷᠢᠳ ᠬᠤᠵᠢᠳ ᠣᠯᠠᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠵᠤ᠂ ᠨᠠᠰᠤᠵᠢᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠠᠰᠤᠵᠢᠯ ᠤᠨ ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ ᠭᠡᠪᠡᠴᠦ ᠮᠠᠨ ᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠳᠤ ᠮᠥᠨ ᠬᠦ ᠰᠠᠭᠤᠷᠢ ᠪᠡᠯᠡᠳᠬᠡᠮᠵᠢ ᠬᠤᠴᠣᠷᠤᠩᠭᠤᠶ᠂ ᠪᠠᠯᠠ ᠮᠥᠩᠭᠦ ᠶᠢᠨ ᠣᠷᠣᠭᠤᠯᠤᠯᠲᠠ ᠬᠦᠷᠦᠯᠴᠡᠬᠦ ᠥᠬᠡᠶ᠂ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠣᠯᠠᠨ ᠪᠢᠰᠢ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠲᠤᠲᠠᠮᠠᠭ᠂ ᠬᠢᠨᠠᠨ ᠬᠠᠮᠢᠶᠠᠷᠬᠤ ᠲᠣᠭᠲᠠᠴᠠ ᠰᠢᠯᠤᠭᠤᠨ ᠪᠤᠰᠤ ᠵᠡᠷᠭᠡ ᠠᠰᠠᠭᠤᠳᠠᠯ ᠣᠷᠣᠰᠢᠵᠤ᠂ ᠣᠷᠣᠨ ᠨᠤᠲᠤᠭ ᠤᠨ ᠬᠠᠤᠯᠢ ᠲᠣᠭᠲᠠᠭᠠᠬᠤ ᠬᠡᠯᠪᠡᠷᠢ ᠪᠠᠷ ᠳᠠᠮᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠳᠤ ᠲᠤᠯᠭᠠᠷᠠᠵᠤ ᠪᠠᠶᠢᠭ᠎ᠠ ᠪᠣᠳᠠᠲᠠᠶ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠭᠦᠨ ᠤ ᠤᠯᠠᠮ ᠢᠶᠠᠷ ᠥᠷᠭᠡᠨ ᠣᠯᠠᠨ ᠨᠠᠰᠤᠲᠠᠶᠢᠴᠤᠳ ᠤᠨ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠴᠢᠬᠤᠯᠠᠲᠠᠶ ᠪᠠᠶᠢᠨ᠎ᠠ᠃ ᠬᠤᠶᠠᠷ᠂ ︽ᠲᠦᠷᠢᠮ︾ ᠢ ᠨᠡᠶᠢᠲᠡᠯᠡᠵᠦ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ︽ᠳᠦᠷᠢᠮ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ᠣᠶᠢᠷ᠎ᠠ ᠶᠢᠨ ᠵᠢᠯ ᠤᠨ ᠲᠤᠷᠰᠢᠲᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷᠯᠢᠭ ᠬᠥᠭᠵᠢᠯᠲᠡ ᠶᠢ ᠠᠬᠢᠭᠤᠯᠤᠭᠰᠠᠨ ᠪᠦᠲᠦᠮᠵᠢᠲᠡᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠢᠰᠲ᠋ᠧᠮ ᠲᠠᠢ ᠡᠮᠬᠢᠯᠡᠨ ᠳᠢᠭᠯᠡᠭᠰᠡᠨ ᠤ ᠬᠠᠮᠲᠤ ᠲᠣᠭᠲᠠᠪᠤᠷᠢᠵᠢᠭᠤᠯᠵᠤ᠂ ᠬᠠᠤᠯᠢ ᠴᠠᠭᠠᠵᠠ ᠶᠢᠨ ᠲᠣᠭᠲᠠᠭᠠᠯ ᠪᠣᠯᠭᠠᠨ ᠳᠡᠭᠡᠭᠰᠢᠯᠡᠭᠦᠯᠵᠦ᠂ ᠴᠢᠩᠭ᠎ᠠ ᠬᠢᠵᠠᠭᠠᠷᠯᠠᠬᠤ ᠬᠦᠴᠦᠨ ᠪᠠ ᠬᠡᠷᠡᠭᠵᠢᠭᠦᠯᠬᠦ ᠬᠦᠴᠦᠨ ᠢ ᠴᠢᠩᠭᠠᠷᠠᠭᠤᠯᠤᠭᠰᠠᠨ ᠶᠠᠪᠤᠳᠠᠯ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪᠡᠭᠲᠡᠶ᠂ ᠡᠮᠵᠡᠭᠲᠡᠢ᠂ ᠲᠥᠭᠵᠢᠷᠡᠯ ᠠᠰᠠᠭᠤᠳᠠᠯ ᠢ ᠰᠢᠢᠳᠪᠦᠷᠢᠯᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠲᠦᠷᠢᠮ︾ ᠢ ᠲᠣᠭᠲᠠᠭᠠᠵᠤ ᠨᠡᠶᠢᠲᠡᠯᠡᠭᠰᠡᠨ ᠶᠠᠪᠤᠳᠠᠯ ᠪᠣᠯ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠪᠠᠷ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠪᠠᠷ ᠠᠷᠭᠠᠴᠠᠭᠠᠬᠤ ᠪᠣᠯ ᠨᠢᠭᠡ ᠵᠦᠢᠯ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ᠂ ᠪᠦᠬᠦ ᠲᠠᠯ᠎ᠠ ᠶᠢᠨ ᠴᠢᠨᠠᠷᠲᠠᠶ᠂ ᠶᠡᠷᠦᠩᠬᠡᠶᠢᠯᠡᠭᠰᠡᠨ ᠴᠢᠨᠠᠷᠲᠠᠶ ᠠᠤᠭ᠎ᠠ ᠶᠡᠭᠡ ᠰᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠵᠠᠰᠠᠭ ᠤᠨ ᠣᠷᠳᠣᠨ᠂ ᠵᠠᠬ᠎ᠠ ᠳᠡᠯᠭᠡᠭᠦᠷ᠂ ᠨᠡᠶᠢᠭᠡᠮ᠂ ᠭᠡᠷ ᠪᠦᠯᠢ ᠪᠣᠯᠤᠨ ᠨᠠᠰᠤᠲᠠᠶᠢᠴᠤᠳ ᠢ ᠪᠠᠭᠲᠠᠭᠠᠭᠰᠠᠨ ᠡᠯ᠎ᠡ ᠲᠠᠯ᠎ᠠ ᠶᠢᠨ ᠬᠦᠴᠦᠨ ᠢ ᠭᠦᠢᠴᠡᠳ ᠳᠠᠶᠢᠴᠢᠯᠠᠵᠤ᠂ ᠪᠡᠯᠡ ᠮᠥᠩᠭᠦ᠂ ᠠᠵᠢᠯᠳᠠᠨ᠂ ᠲᠠᠯᠠᠪᠤᠷ ᠭᠠᠵᠠᠷ᠂ ᠪᠡᠯᠡᠳᠬᠡᠮᠵᠢ᠂ ᠲᠥᠬᠦᠭᠡᠷᠦᠮᠵᠢ ᠵᠡᠷᠭᠡ ᠡᠯ᠎ᠡ ᠲᠦᠷᠦᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠲᠠᠢ ᠵᠣᠬᠢᠴᠠᠭᠰᠠᠨ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠯᠴᠠᠭ᠎ᠠ ᠶᠢ ᠪᠤᠢ ᠪᠣᠯᠭᠠᠵᠤ᠂ ᠬᠥᠮᠦᠨ ᠪᠦᠬᠦᠨ ᠳᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡ ᠶᠢ ᠬᠦᠷᠲᠡᠭᠡᠬᠦ ᠦᠨᠡᠨ ᠬᠦ ᠪᠠᠲᠤᠯᠠᠬᠤ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃ ︽ᠲᠦᠷᠢᠮ︾ ᠢ ᠲᠣᠭᠲᠠᠭᠠᠵᠤ ᠨᠡᠶᠢᠲᠡᠯᠡᠭᠰᠡᠨ ᠶᠠᠪᠤᠳᠠᠯ ᠪᠣᠯ ︽ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠢᠯᠡᠷᠡᠯ ᠪᠣᠯᠤᠨ᠎ᠠ᠃ 2018 ᠣᠨ ᠤ 12 ᠳ᠋ᠤᠭᠠᠷ ᠰᠠᠷ᠎ᠠ ᠳᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠯᠣᠳᠤᠭᠠᠷ ᠬᠤᠷᠠᠯᠳᠤᠭᠠᠨ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ︾ ᠶᠢ ᠬᠢᠨᠠᠨ ᠶᠠᠷᠢᠯᠴᠠᠵᠤ ᠪᠠᠲᠤᠯᠠᠪᠠ᠃ ᠮᠠᠨ ᠤ ᠣᠷᠣᠨ 2018 ᠣᠨ ᠤ 10 ᠳ᠋ᠤᠭᠠᠷ ᠰᠠᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠲᠦᠷᠢᠮ︾ ᠢ ᠨᠡᠶᠢᠲᠡᠯᠡᠨ ᠬᠡᠷᠡᠭᠵᠢᠭᠦᠯᠪᠡ᠃ ᠲᠣᠰ ᠤᠳᠠᠭ᠎ᠠ ᠲᠣᠭᠲᠠᠭᠠᠵᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠦᠷᠢᠮ︾ ᠨᠢ ︽ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ︾ ᠶᠢᠨ ᠬᠠᠤᠯᠢ ᠲᠣᠭᠲᠠᠭᠠᠬᠤ ᠵᠣᠷᠢᠭ ᠰᠠᠨᠠᠭ᠎ᠠ ᠪᠠ ᠦᠨᠳᠦᠰᠦᠨ ᠵᠠᠷᠴᠢᠮ ᠢ ᠪᠦᠷᠢᠮᠦᠰᠦᠨ ᠵᠢᠷᠤᠮᠯᠠᠵᠤ᠂ ︽ᠲᠦᠷᠢᠮ︾ ᠳᠠᠬᠢ ᠮᠠᠰᠢ ᠣᠯᠠᠨ ᠵᠦᠢᠯ ᠵᠤᠷᠪᠤᠰ ᠪᠠ ᠠᠭᠤᠯᠭ᠎ᠠ ᠨᠢ ︽ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ︾ ᠶᠢᠨ ᠬᠤᠯᠪᠣᠭᠳᠠᠯ ᠪᠥᠬᠦᠶ ᠵᠦᠢᠯ ᠵᠤᠷᠪᠤᠰ ᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠪᠣᠳᠠᠲᠠᠶᠢᠵᠢᠭᠤᠯᠤᠭᠰᠠᠨ ᠤ ᠬᠠᠮᠲᠤ ᠪᠠᠰᠠ ᠥᠪᠡᠷᠲᠡᠭᠡᠨ ᠵᠠᠰᠠᠬᠤ ᠣᠷᠣᠨ ᠤ ︽ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠲᠦᠷᠢᠮ︾ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠴᠢᠬᠤᠯᠠ ᠨᠥᠬᠦᠪᠥᠷᠢ ᠪᠠ ᠪᠦᠷᠢᠨᠰᠢᠭᠦᠯᠦᠯ ᠬᠢᠭᠰᠡᠨ ᠪᠠᠶᠢᠨ᠎ᠠ᠃ ︽ᠲᠦᠷᠢᠮ︾ ᠢ ᠲᠣᠭᠲᠠᠭᠠᠨ ᠨᠡᠶᠢᠲᠡᠯᠡᠭᠰᠡᠨ ᠶᠠᠪᠤᠳᠠᠯ ᠪᠣᠯ ᠮᠠᠨ ᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠬᠦᠴᠦᠲᠡᠶ ᠲᠤᠯᠭᠠᠭᠤᠷᠢᠯᠠᠯ ᠪᠣᠯᠤᠨ᠎ᠠ᠃ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ᠂ ᠮᠠᠨ ᠤ ᠣᠷᠣᠨ ︽ᠭᠡᠷ ᠪᠦᠯᠢ᠂ ᠨᠡᠶᠢᠭᠡᠮ ᠲᠣᠭᠤᠷᠢᠭ᠂ ᠪᠠᠶᠢᠭᠤᠯᠤᠮᠵᠢ ᠬᠠᠷᠢᠯᠴᠠᠨ ᠵᠣᠬᠢᠴᠠᠯᠳᠤᠭᠰᠠᠨ᠂ ᠡᠮᠴᠢᠯᠡᠭᠡ ᠰᠤᠪᠢᠯᠠᠯᠲᠠ ᠪᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠤᠭᠰᠠᠨ︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠨᠡᠶᠢᠳᠬᠡᠨ ᠰᠢᠯᠢᠳᠡᠭᠵᠢᠭᠦᠯᠬᠦ᠂ ᠬᠠᠩᠭᠠᠯᠭ᠎ᠠ ᠶᠢᠨ ᠴᠢᠳᠠᠪᠤᠷᠢ ᠶᠢᠨ ᠪᠠᠲᠤᠯᠠᠭ᠎ᠠ ᠶᠢ ᠴᠢᠩᠭᠠᠳᠬᠠᠬᠤ᠂ ᠬᠠᠮᠢᠶᠠᠷᠤᠯᠲᠠ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠬᠤ ᠵᠡᠷᠭᠡ ᠲᠠᠯ᠎ᠠ ᠪᠠᠷ ᠰᠢᠨ᠎ᠡ ᠠᠬᠢᠴᠠ ᠪᠠ ᠰᠢᠪᠲᠤᠯᠤᠯᠲᠠ ᠲᠠᠢ ᠪᠣᠯᠭᠠᠬᠤ ᠪᠠᠷ ᠬᠦᠴᠦᠯᠡᠨ ᠴᠢᠷᠮᠠᠶᠢᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠡᠩ ᠴᠢᠨᠠᠷ ᠰᠠᠶᠢᠲᠠᠢ᠂ ᠨᠡᠩ ᠦᠷ᠎ᠡ ᠪᠦᠲᠦᠮᠵᠢᠲᠡᠢ᠂ ᠨᠡᠩ ᠡᠷᠬᠡ ᠲᠡᠭᠰᠢ᠂ ᠨᠡᠩ ᠦᠷᠭᠦᠯᠵᠢᠯᠡᠬᠦ᠋ᠢᠴᠡ᠂ ᠨᠡᠩ ᠠᠮᠤᠷ ᠲᠦᠪᠰᠢᠨ ᠬᠥᠭᠵᠢᠯᠲᠡ ᠶᠢ ᠠᠬᠢᠭᠤᠯᠵᠤ᠂ ᠡᠭᠦᠨ ᠤ ᠤᠯᠠᠮ ᠢᠶᠠᠷ ᠠᠷᠠᠳ ᠤᠨ ᠠᠮᠢᠳᠤᠷᠠᠯ ᠢ ᠬᠦᠴᠦᠲᠡᠢ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠵᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠡᠶᠡᠯᠡᠭᠦᠯᠦᠨ᠎ᠡ᠃ ︽ᠲᠦᠷᠢᠮ︾ ᠢ ᠲᠣᠭᠲᠠᠭᠠᠨ ᠨᠡᠶᠢᠲᠡᠯᠡᠭᠰᠡᠨ ᠶᠠᠪᠤᠳᠠᠯ ᠪᠣᠯ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠪᠠ ᠨᠡᠶᠢᠭᠡᠮ ᠤᠨ ᠡᠯ᠎ᠡ ᠡᠲᠡᠭᠡᠳ ᠤᠨ ᠬᠦᠰᠡᠯ ᠡᠷᠡᠮᠡᠯᠵᠡᠯ ᠳᠤ ᠬᠠᠷᠢᠭᠤ ᠥᠭᠬᠦ ᠪᠣᠳᠠᠲᠤ ᠠᠵᠢᠯᠯᠠᠭ᠎ᠠ ᠮᠥᠨ᠃ ᠣᠶᠢᠯᠠᠭᠠᠭᠰᠠᠨ ᠢᠶᠠᠷ᠂ ᠣᠳᠣᠬᠠᠨ ᠳᠤ ᠭᠤᠸᠠᠩᠳᠦ᠋ᠩ᠂ ᠾᠤᠪᠸᠢ᠂ ᠵᠢᠶᠠᠩᠰᠦ᠂ ᠱᠠᠨᠳᠦ᠋ᠩ᠂ ᠱᠠᠩᠬᠠᠶ ᠂ ᠭᠠᠨᠰᠦ᠂ ᠭᠦᠢᠵᠸᠦ ᠵᠡᠷᠭᠡ ᠮᠤᠵᠢ ᠬᠤᠲᠠ ᠮᠤᠵᠢ ᠶᠢᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠷᠢᠮ ᠢ ᠨᠡᠶᠢᠲᠡᠯᠡᠵᠦ᠂ ᠨᠠᠨᠵᠢᠩ᠂ ᠳ᠋ᠧᠵᠸᠦ᠂ ᠾᠧᠹᠸᠢ᠂ ᠰᠦᠵᠧᠦ ᠵᠡᠷᠭᠡ ᠲᠤᠰᠬᠠᠶ ᠣᠷᠣᠨ ᠬᠤᠲᠠ ᠣᠷᠣᠨ ᠨᠤᠲᠤᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠷᠢᠮ ᠢ ᠲᠣᠭᠲᠠᠭᠠᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠷᠢᠮ ᠢ ᠲᠣᠭᠲᠠᠭᠠᠨ ᠨᠡᠶᠢᠲᠡᠯᠡᠬᠦ ᠨᠢ ᠨᠠᠰᠤᠲᠠᠶᠢᠴᠤᠳ ᠤᠨ ᠠᠮᠢᠳᠤᠷᠠᠯ ᠤᠨ ᠬᠠᠷᠠᠭᠠᠯᠵᠠᠯ᠂ ᠡᠷᠡᠭᠦᠯᠵᠢᠯ ᠤᠨ ᠰᠤᠪᠢᠯᠠᠯᠲᠠ᠂ ᠰᠡᠳᠬᠢᠯ ᠰᠠᠨᠠᠭ᠎ᠠ ᠶᠢ ᠲᠠᠶᠢᠳᠬᠤᠷᠠᠭᠤᠯᠬᠤ᠂ ᠵᠤᠭ᠎ᠠ ᠴᠡᠩᠭᠡᠯ ᠵᠡᠷᠭᠡ ᠲᠠᠯ᠎ᠠ ᠶᠢᠨ ᠪᠣᠳᠠᠲᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ︽ᠥᠲᠡᠯᠪᠡᠴᠦ ᠠᠰᠠᠷᠠᠮᠵᠢ ᠲᠠᠢ ᠪᠠᠶᠢᠬᠤ᠂ ᠥᠲᠡᠯᠪᠡᠴᠦ ᠲᠦᠰᠢᠭ ᠲᠠᠢ ᠪᠠᠶᠢᠬᠤ᠂ ᠥᠲᠡᠯᠪᠡᠴᠦ ᠵᠤᠭ᠎ᠠ ᠲᠠᠢ ᠪᠠᠶᠢᠬᠤ᠂ ᠥᠲᠡᠯᠪᠡᠴᠦ ᠠᠮᠤᠷ ᠠᠮᠤᠭᠤᠯᠠᠩ ᠪᠠᠶᠢᠬᠤ︾ ᠶᠢ ᠪᠡᠶᠡᠯᠡᠭᠦᠯᠬᠦ ᠳᠤ ᠠᠰᠢᠭᠲᠠᠶ ᠪᠠᠷ ᠪᠠᠷᠠᠬᠤ ᠥᠬᠡᠶ᠂ ᠪᠠᠰᠠ ᠪᠠᠶᠢᠳᠠᠯ ᠤᠨ ᠬᠥᠭᠵᠢᠯᠲᠡ ᠳᠤ ᠵᠣᠬᠢᠴᠠᠭᠤᠯᠤᠨ᠂ ᠣᠯᠠᠨ ᠨᠡᠶᠢᠲᠡ ᠶᠢᠨ ᠪᠣᠳᠣᠯ ᠰᠠᠨᠠᠭ᠎ᠠ ᠶᠢ ᠲᠤᠰᠬᠠᠵᠤ᠂ ᠨᠡᠶᠢᠭᠡᠮ ᠤᠨ ᠬᠠᠷᠢᠭᠤᠴᠠᠯᠭ᠎ᠠ ᠶᠢ ᠢᠯᠡᠷᠡᠭᠦᠯᠬᠦ ᠳᠤ ᠠᠰᠢᠭᠲᠠᠶ ᠶᠤᠮ᠃ ᠭᠤᠷᠪᠠ᠂ ︽ᠲᠦᠷᠢᠮ︾ ᠤᠨ ᠭᠤᠣᠯ ᠠᠭᠤᠯᠭ᠎ᠠ ︽ᠲᠦᠷᠢᠮ︾ ᠳᠤ ᠶᠡᠷᠦᠩᠬᠡᠶ ᠳᠦᠷᠢᠮ᠂ ᠪᠡᠯᠡᠳᠬᠡᠮᠵᠢ ᠶᠢᠨ ᠲᠥᠯᠥᠪᠵᠢᠭᠦᠯᠭᠡ ᠬᠢᠭᠡᠳ ᠪᠥᠲᠥᠭᠡᠨ ᠪᠠᠶᠢᠭᠤᠯᠤᠯᠲᠠ᠂ ᠬᠤᠲᠠ ᠬᠥᠳᠡᠭᠡ ᠶᠢᠨ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯᠲᠠᠨ᠂ ᠲᠡᠳᠬᠦᠨ ᠳᠡᠮᠵᠢᠬᠦ ᠪᠠᠲᠤᠯᠠᠭ᠎ᠠ ᠬᠠᠩᠭᠠᠬᠤ᠂ ᠬᠢᠨᠠᠯᠲᠠ ᠬᠠᠮᠢᠶᠠᠷᠤᠯᠲᠠ᠂ ᠬᠠᠤᠯᠢ ᠴᠠᠭᠠᠵᠠ ᠶᠢᠨ ᠬᠠᠷᠢᠭᠤᠴᠠᠯᠭ᠎ᠠ᠂ ᠳᠠᠭᠠᠯᠳᠤᠭᠤᠯᠤᠯ ᠲᠦᠷᠢᠮ ᠵᠡᠷᠭᠡ 10 ᠪᠦᠯᠦᠭ 80 ᠵᠦᠢᠯ ᠤᠨ ᠪᠣᠳᠠᠲᠠᠶ ᠲᠣᠭᠲᠠᠭᠠᠯ ᠭᠠᠷᠭᠠᠵᠠᠶ᠃ ᠲᠡᠭᠦᠨ ᠤ ᠠᠭᠤᠯᠭ᠎ᠠ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠦᠵᠦ ᠵᠢᠷᠤᠭ ᠲᠥᠯᠥᠪᠯᠡᠭᠡ ᠠᠴᠠ ᠠᠪᠤᠭᠠᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠣᠳᠠᠲᠠᠶ ᠭᠤᠭᠴᠤᠭ᠎ᠠ ᠬᠦᠷᠲᠡᠯᠡᠬᠢ ᠡᠯ᠎ᠡ ᠲᠠᠯ᠎ᠠ ᠶᠢ ᠬᠠᠮᠤᠷᠴᠤ᠂ ᠴᠢᠩᠭ᠎ᠠ ᠬᠢᠵᠠᠭᠠᠷᠯᠠᠬᠤ ᠳᠦᠷᠢᠮ ᠪᠠᠶᠢᠬᠤ ᠪᠠᠷ ᠪᠠᠷᠠᠬᠤ ᠦᠭᠡᠢ ᠪᠠᠰᠠ ᠵᠣᠷᠢᠭᠵᠢᠭᠤᠯᠵᠤ ᠤᠷᠮᠠᠰᠢᠭᠤᠯᠬᠤ ᠠᠷᠭ᠎ᠠ ᠬᠡᠮᠵᠢᠶ᠎ᠡ ᠲᠠᠢ ᠪᠠᠶᠢᠵᠤ᠂ ᠶᠡᠷᠦᠩᠬᠡᠶ ᠳᠤ ᠪᠠᠨ ᠡᠷᠬᠡ ᠪᠣᠯᠤᠨ ᠡᠭᠦᠷᠭᠡ ᠶᠢ ᠨᠢᠭᠡᠳᠬᠡᠭᠰᠡᠨ᠂ ᠡᠷᠬᠡ ᠲᠡᠭᠰᠢ ᠴᠢᠨᠠᠷ ᠪᠣᠯᠤᠨ ᠲᠥᠪ ᠭᠤᠣᠯᠴᠢ ᠴᠢᠨᠠᠷ ᠢ ᠤᠶᠠᠯᠳᠤᠭᠤᠯᠤᠭᠰᠠᠨ ᠣᠨᠴᠠᠯᠢᠭ ᠢ ᠬᠠᠷᠠᠭᠤᠯᠪᠠ᠃ ᠡᠭᠦᠨ ᠳᠤ ᠭᠤᠣᠯᠳᠠᠭᠤ ᠳᠣᠣᠷᠠᠬᠢ 9 ᠲᠠᠯ᠎ᠠ ᠶᠢᠨ ᠬᠤᠯᠪᠣᠭᠳᠠᠯ ᠪᠦᠬᠦᠢ ᠲᠣᠭᠲᠠᠭᠠᠯ ᠪᠤᠢ᠄ ᠨᠢᠭᠡ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶ ᠵᠠᠭᠠᠭᠯᠠᠨ ᠲᠣᠭᠲᠠᠭᠠᠪᠠ᠃ ︽ᠲᠦᠷᠢᠮ︾ ᠳᠤ ᠲᠣᠳᠣᠷᠬᠠᠶ ᠲᠣᠭᠲᠠᠭᠠᠭᠰᠠᠨ ᠨᠢ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠣᠰ ᠱᠠᠲᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠪᠠᠨ ᠣᠷᠣᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠭᠤᠣᠯᠴᠢᠯᠠᠨ ᠬᠠᠮᠢᠶᠠᠷᠴᠤ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠤᠰ ᠬᠠᠷᠢᠶ᠎ᠠ ᠣᠷᠣᠨ ᠤ ᠪᠠᠨ ᠳᠣᠲᠣᠷᠠᠬᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠬᠠᠤᠯᠢ ᠶᠣᠰᠣᠭᠠᠷ ᠰᠠᠶᠢᠲᠤᠷ ᠬᠢᠵᠦ᠂ ᠰᠠᠭᠤᠭᠠᠯᠢ ᠠᠷᠠᠳ ᠤᠨ ᠵᠥᠪᠯᠡᠯ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠪᠣᠯᠤᠨ ᠳᠠᠪᠠᠭᠤᠯᠢᠭ ᠢᠶᠠᠨ ᠪᠠᠳᠠᠷᠠᠭᠤᠯᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠬᠠᠪᠰᠤᠷᠤᠨ ᠰᠠᠶᠢᠲᠤᠷ ᠬᠢᠬᠦ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮᠴᠢᠯᠡᠭᠡᠨ ᠤ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠢᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ᠂ ᠨᠠᠰᠤᠲᠠᠶᠢᠴᠤᠳ ᠤᠨ ᠵᠣᠬᠢᠶᠠᠨ ᠪᠠᠶᠢᠭᠤᠯᠤᠯᠲᠠ᠂ ᠪᠤᠶᠠᠨ ᠤ ᠦᠢᠯᠡᠰ ᠤᠨ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ ᠲᠤᠰᠢᠶᠠᠯ ᠬᠠᠷᠢᠭᠤᠴᠠᠯᠭ᠎ᠠ ᠪᠤᠶᠤ ᠲᠦᠷᠢᠮ ᠢ ᠦᠨᠳᠦᠰᠦᠯᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠳᠤ ᠣᠷᠣᠯᠴᠠᠬᠤ ᠬᠡᠷᠡᠭᠲᠡᠢ ᠭᠡᠵᠡᠢ᠃ ᠬᠤᠶᠠᠷ ᠲᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠲᠥᠯᠥᠪᠵᠢᠭᠦᠯᠭᠡ ᠪᠣᠯᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠬᠤᠲᠠ ᠬᠥᠳᠡᠭᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠦᠨᠡᠨ ᠬᠦ ᠪᠠᠲᠤᠯᠠᠬᠤ ᠶᠢᠨ ᠲᠥᠯᠥᠭᠡ᠂ ︽ᠲᠦᠷᠢᠮ︾ ᠳᠤ ᠲᠣᠭᠲᠠᠭᠠᠭᠰᠠᠨ ᠨᠢ᠄ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠠᠳᠠᠯᠢ ᠱᠠᠲᠤᠨ ᠤ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠦᠨᠳᠦᠰᠦᠯᠡᠨ᠂ ᠬᠥᠮᠦᠨ ᠠᠮᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠶ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠳᠦᠭᠡᠠ ᠪᠠᠶᠢᠭᠤᠯᠤᠯᠲᠠ ᠳᠤ ᠭᠠᠵᠠᠷ ᠬᠡᠷᠡᠭᠯᠡᠬᠦ ᠳᠤ ᠤᠯᠤᠰ ᠤᠨ ᠥᠮᠴᠢᠯᠡᠯ ᠤᠨ ᠰᠢᠯᠵᠢᠭᠦᠯᠦᠨ ᠥᠭᠭᠦᠭᠰᠡᠨ ᠭᠠᠵᠠᠷ ᠰᠢᠷᠣᠶ ᠪᠤᠶᠤ ᠬᠠᠮᠲᠤ ᠶᠢᠨ ᠥᠮᠴᠢᠯᠡᠯ ᠤᠨ ᠭᠠᠵᠠᠷ ᠰᠢᠷᠣᠶ ᠶᠢ ᠬᠠᠤᠯᠢ ᠶᠣᠰᠣᠭᠠᠷ ᠬᠡᠷᠡᠭᠯᠡᠵᠦ ᠪᠣᠯᠣᠨ᠎ᠠ︔ ᠠᠰᠢᠭ ᠣᠯᠵᠠᠪᠤᠷᠢ ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠭᠠᠵᠠᠷ ᠬᠡᠷᠡᠭᠯᠡᠬᠦ ᠳᠤ ᠲᠦᠷᠢᠶᠡᠰᠦᠯᠡᠭᠦᠯᠬᠦ᠂ ᠰᠢᠯᠵᠢᠭᠦᠯᠦᠨ ᠬᠤᠳᠠᠯᠳᠤᠬᠤ ᠵᠡᠷᠭᠡ ᠠᠷᠭ᠎ᠠ ᠮᠠᠶ᠋ᠢᠭ ᠢᠶᠠᠷ ᠬᠡᠷᠡᠭᠯᠡᠭᠦᠯᠵᠦ ᠪᠣᠯᠣᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠬᠠᠷᠠᠭᠠᠯᠵᠠᠯ ᠤᠨ ᠠᠷᠭ᠎ᠠ ᠬᠡᠮᠵᠢᠶ᠎ᠡ ᠲᠣᠭᠲᠠᠭᠠᠨ᠂ ᠭᠠᠷᠳᠠᠮ ᠭᠦᠢᠴᠡᠳᠬᠡᠬᠦ ᠲᠡᠰ ᠳᠠᠷᠠᠭᠠᠯᠠᠯ ᠢ ᠳᠥᠭᠦᠮᠴᠢᠯᠡᠵᠦ᠂ ᠨᠡᠶᠢᠭᠡᠮ ᠤᠨ ᠬᠦᠴᠦᠨ ᠢ ᠳᠡᠮᠵᠢᠬᠦ ᠪᠠ ᠬᠥᠲᠥᠯᠥᠨ ᠵᠢᠯᠣᠭᠤᠳᠴᠤ ᠪᠠᠶᠢᠭᠠᠳ ᠨᠥᠬᠦᠴᠡᠯ ᠪᠦᠷᠢᠳᠦᠭᠰᠡᠨ ᠰᠤᠯᠠ ᠪᠠᠶᠢᠬᠤ ᠠᠯᠪᠠᠨ ᠭᠡᠷ ᠪᠠᠶᠢᠰᠢᠩ᠂ ᠪᠣᠯᠪᠠᠰᠤᠷᠠᠯ ᠤᠨ ᠲᠥᠪ᠂ ᠰᠤᠷᠭᠠᠭᠤᠯᠢ᠂ ᠵᠣᠴᠢᠳ ᠪᠠᠭᠤᠳᠠᠯ᠂ ᠵᠣᠴᠢᠯᠠᠬᠤ ᠭᠠᠵᠠᠷ᠂ ᠰᠤᠪᠢᠯᠠᠯᠲᠠ ᠶᠢᠨ ᠭᠠᠵᠠᠷ᠂ ᠦᠢᠯᠡᠳᠪᠦᠷᠢ ᠶᠢᠨ ᠭᠡᠷ ᠪᠠᠶᠢᠰᠢᠩ᠂ ᠬᠤᠳᠠᠯᠳᠤᠭᠠᠨ ᠤ ᠪᠡᠯᠡᠳᠬᠡᠮᠵᠢ ᠵᠡᠷᠭᠡ ᠶᠢ ᠬᠠᠤᠯᠢ ᠶᠣᠰᠣᠭᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠪᠣᠯᠭᠠᠨ ᠥᠭᠡᠷᠡᠴᠢᠯᠡᠵᠦ ᠪᠣᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠢ ᠬᠥᠭᠵᠢᠭᠦᠯᠬᠦ ᠳᠤ ᠤᠷᠢᠳ ᠢᠶᠠᠷ ᠬᠡᠷᠡᠭᠯᠡᠬᠦ ᠶᠢ ᠵᠣᠷᠢᠭᠵᠢᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ ᠪᠠ ᠥᠷᠭᠡᠳᠬᠡᠨ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠵᠠᠭᠤᠨ ᠡᠷᠦᠬᠡ ᠪᠦᠷᠢ ᠳᠤ 20 ᠺᠤᠸᠠᠲ ᠮᠧᠳ᠋ᠷ ᠠᠴᠠ ᠳᠤᠲᠠᠭᠤ ᠥᠬᠡᠶ ᠪᠠᠷᠢᠯᠭ᠎ᠠ ᠶᠢᠨ ᠲᠠᠯᠠᠪᠠᠶ ᠶᠢᠨ ᠪᠠᠷᠢᠮᠵᠢᠶ᠎ᠠ ᠪᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠬᠤ ᠶᠢᠨ ᠬᠠᠮᠲᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠯᠦᠭᠡ ᠵᠡᠷᠭᠡ ᠳᠤᠨᠢ ᠲᠥᠯᠥᠪᠵᠢᠭᠦᠯᠵᠦ᠂ ᠵᠡᠷᠭᠡ ᠳᠤᠨᠢ ᠪᠥᠲᠥᠭᠡᠨ ᠪᠠᠶᠢᠭᠤᠯᠵᠤ᠂ ᠵᠡᠷᠭᠡ ᠳᠤᠨᠢ ᠰᠢᠯᠭᠠᠨ ᠠᠪᠴᠤ᠂ ᠵᠡᠷᠭᠡ ᠳᠤᠨᠢ ᠲᠥᠯᠥᠪᠦᠷᠢ ᠥᠬᠡᠶ ᠪᠠᠷ ᠲᠤᠰᠢᠶᠠᠨ ᠥᠭᠬᠦ ᠬᠡᠷᠡᠭᠲᠡᠶ᠃ ᠨᠢᠭᠡᠨᠲᠡ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠭᠰᠠᠨ ᠥᠬᠡᠶ ᠪᠤᠶᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠨᠢ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠪᠠᠷᠢᠮᠵᠢᠶ᠎ᠠ ᠳᠤ ᠬᠦᠷᠦᠭᠰᠡᠨ ᠥᠬᠡᠶ ᠪᠠᠶᠢᠪᠠᠯ᠂ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠭᠤᠨ ᠡᠷᠦᠬᠡ ᠪᠦᠷᠢ ᠳᠤ 20 ᠺᠤᠸᠠᠲ ᠮᠧᠳ᠋ᠷ ᠠᠴᠠ ᠳᠤᠲᠠᠭᠤ ᠥᠬᠡᠶ ᠪᠠᠷᠢᠯᠭ᠎ᠠ ᠶᠢᠨ ᠲᠠᠯᠠᠪᠠᠶ ᠶᠢᠨ ᠪᠠᠷᠢᠮᠵᠢᠶ᠎ᠠ ᠪᠠᠷ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠬᠤᠳᠠᠯᠳᠤᠨ ᠠᠪᠬᠤ᠂ ᠰᠣᠯᠢᠬᠤ᠂ ᠲᠦᠷᠢᠶᠡᠰᠦᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠬᠢᠷᠠᠭᠤᠯᠤᠯᠲᠠ ᠬᠢᠬᠦ ᠬᠡᠷᠡᠭᠲᠡᠶ ᠭᠡᠵᠡᠢ᠃ ᠭᠤᠷᠪᠠ ᠳᠤ᠂ ᠬᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠨᠳᠦᠰᠦᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠴᠢᠩᠭᠠᠳᠬᠠᠪᠠ᠃ ︽ᠲᠦᠷᠢᠮ︾ ᠳᠤ ᠲᠣᠭᠲᠠᠭᠠᠭᠰᠠᠨ ᠨᠢ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠤᠲᠠ ᠬᠥᠳᠡᠭᠡ ᠶᠢᠨ ᠬᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠪᠠ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠪᠠᠶᠢᠭᠤᠯᠤᠨ ᠪᠦᠷᠢᠨᠰᠢᠭᠦᠯᠵᠦ᠂ ᠠᠵᠤ ᠠᠬᠤᠶᠢᠯᠠᠯ ᠪᠠ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠨᠢ ᠨᠡᠶᠢᠭᠡᠮ ᠲᠣᠭᠤᠷᠢᠭ ᠲᠤ ᠲᠦᠰᠢᠭᠯᠡᠨ ᠣᠶᠢᠷ᠎ᠠ ᠬᠠᠪᠢ ᠳᠤ ᠪᠠᠨ ᠲᠥᠬᠦᠮ ᠦᠵᠡᠭᠦᠯᠬᠦ᠂ ᠠᠮᠤᠷ ᠲᠦᠪᠰᠢᠨ ᠴᠢᠨᠠᠷ ᠰᠠᠶᠢᠲᠠᠶ᠂ ᠦᠨ᠎ᠡ ᠬᠠᠩᠰᠢ ᠨᠢ ᠵᠦᠶ ᠵᠣᠬᠢᠰᠲᠠᠶ ᠪᠠᠶᠢᠬᠤ ᠵᠠᠷᠴᠢᠮ ᠶᠣᠰᠣᠭᠠᠷ ᠬᠤᠲᠠ ᠬᠥᠳᠡᠭᠡ ᠶᠢᠨ ᠨᠠᠰᠤᠲᠠᠶᠢᠴᠤᠳ ᠲᠤ ᠬᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠣᠯᠭᠤᠬᠤ ᠶᠢ ᠠᠬᠢᠭᠤᠯᠬᠤ ᠪᠠ ᠳᠡᠮᠵᠢᠯᠭᠡ ᠦᠵᠡᠭᠦᠯᠬᠦ ᠬᠡᠷᠡᠭᠲᠡᠶ᠃ ᠬᠤᠲᠠ ᠬᠥᠳᠡᠭᠡ ᠶᠢᠨ ᠬᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ ᠭᠤᠤᠯᠳᠠᠭᠤ ᠠᠮᠢᠳᠤᠷᠠᠯ ᠤᠨ ᠬᠠᠷᠠᠭᠠᠯᠵᠠᠯ᠂ ᠡᠷᠡᠭᠦᠯ ᠮᠡᠨᠳᠦ ᠶᠢᠨ ᠰᠤᠪᠢᠯᠠᠯᠲᠠ᠂ ᠣᠶᠤᠨ ᠰᠠᠨᠠᠭᠠᠨ ᠤ ᠲᠠᠶᠢᠳᠬᠤᠷᠠᠭᠤᠯᠤᠯ᠂ ᠪᠠᠴᠢᠮ ᠠᠪᠤᠷᠠᠨ ᠲᠤᠰᠠᠯᠠᠯᠲᠠ᠂ ᠬᠠᠤᠯᠢ ᠴᠠᠭᠠᠵᠠ ᠶᠢᠨ ᠯᠠᠪᠯᠠᠭ᠎ᠠ᠂ ᠨᠠᠰᠤᠲᠠᠶᠢᠴᠤᠳ ᠤᠨ ᠬᠥᠮᠦᠵᠢᠯ᠂ ᠰᠣᠶᠣᠯ ᠵᠤᠭ᠎ᠠ ᠴᠡᠩᠭᠡᠯ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠤᠯᠲᠠ᠂ ᠰᠡᠯᠡᠭᠦᠴᠡᠯ ᠰᠤᠪᠢᠯᠠᠯᠲᠠ ᠵᠡᠷᠭᠡ 6 ᠶᠡᠭᠡ ᠲᠥᠷᠥᠯ 21 ᠵᠦᠢᠯ ᠤᠨ ᠪᠣᠳᠠᠲᠠᠶ ᠦᠢᠯᠡᠴᠢᠯᠡᠭᠡ ᠪᠠᠭᠲᠠᠨ᠎ᠠ︔ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠳᠤ ᠭᠤᠤᠯᠳᠠᠭᠤ ᠠᠮᠢᠳᠤᠷᠠᠯ ᠤᠨ ᠬᠠᠷᠠᠭᠠᠯᠵᠠᠯ᠂ ᠡᠳᠦᠷ ᠲᠤᠲᠤᠮ ᠤᠨ ᠡᠷᠡᠭᠦᠯ ᠮᠡᠨᠳᠦ᠂ ᠣᠶᠤᠨ ᠰᠠᠨᠠᠭᠠᠨ ᠤ ᠲᠠᠶᠢᠳᠬᠤᠷᠠᠭᠤᠯᠤᠯ᠂ ᠰᠣᠶᠣᠯ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠵᠤᠭ᠎ᠠ ᠴᠡᠩᠭᠡᠯ ᠵᠡᠷᠭᠡ 4 ᠶᠡᠭᠡ ᠲᠥᠷᠥᠯ 16 ᠵᠦᠢᠯ ᠤᠨ ᠪᠣᠳᠠᠲᠠᠶ ᠦᠢᠯᠡᠴᠢᠯᠡᠭᠡ ᠪᠠᠭᠲᠠᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠥᠬᠦᠪᠥᠷᠢ ᠥᠭᠬᠦ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠢ ᠳᠡᠮᠵᠢᠬᠦ ᠶᠢᠨ ᠬᠠᠮᠲᠤ᠂ ᠠᠵᠤ ᠠᠮᠢᠳᠤᠷᠠᠯ ᠨᠢ ᠬᠦᠴᠢᠷᠳᠡᠯᠲᠡᠶ ᠦᠲᠡᠭᠦᠰ᠂ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ᠪᠤᠶᠤ ᠬᠡᠰᠡᠭ ᠠᠯᠳᠠᠭᠰᠠᠨ᠂ ᠭᠤᠣᠨᠢ ᠪᠡᠶ᠎ᠡ᠂ ᠭᠠᠭᠴᠠᠭᠠᠷ ᠬᠤᠴᠣᠷᠤᠭᠰᠠᠨ᠂ ᠬᠡᠷ ᠲᠤ ᠪᠠᠨ ᠦᠯᠡᠳᠡᠭᠰᠡᠨ ᠪᠠ ᠲᠥᠯᠥᠪᠯᠡᠭᠡᠲᠦ ᠦᠷᠡᠵᠢᠯ ᠤᠨ ᠣᠨᠴᠠᠭᠠᠢ ᠬᠡᠷ ᠪᠦᠯᠢ ᠵᠡᠷᠭᠡ ᠨᠠᠰᠤᠲᠠᠶᠢᠴᠤᠳ ᠤᠨ ᠬᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠤᠷᠢᠳ ᠢᠶᠠᠷ ᠪᠠᠲᠤᠯᠠᠬᠤ ᠬᠡᠷᠡᠭᠲᠡᠶ ᠭᠡᠵᠡᠢ᠃ ᠳᠥᠷᠪᠡ ᠳᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠪᠠ ᠡᠵᠡᠩᠨᠡᠯᠲᠡ ᠶᠢᠨ ᠵᠢᠷᠤᠮᠵᠢᠯ ᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠲᠣᠭᠲᠠᠭᠠᠵᠠᠶ᠃ ︽ᠲᠦᠷᠢᠮ︾ ᠳᠤ ᠲᠣᠭᠲᠠᠭᠠᠭᠰᠠᠨ ᠨᠢ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠬᠦᠴᠦᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠡᠷᠭᠢᠯᠡᠬᠦ ᠶᠢ ᠵᠣᠷᠢᠭᠵᠢᠭᠤᠯᠬᠤ ᠬᠡᠷᠡᠭᠲᠡᠢ᠃ ᠵᠠᠰᠠᠭ ᠤᠨ ᠣᠷᠳᠣᠨ ᠠᠴᠠ ᠪᠠᠯᠠ ᠣᠷᠣᠭᠤᠯᠵᠤ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠨᠠᠶᠢᠳᠠᠨ ᠬᠠᠮᠢᠶᠠᠷᠤᠭᠤᠯᠬᠤ᠂ ᠲᠦᠷᠢᠶᠡᠰᠦᠯᠡᠨ ᠡᠵᠡᠩᠨᠡᠭᠦᠯᠬᠦ ᠵᠡᠷᠭᠡ ᠠᠷᠭ᠎ᠠ ᠮᠠᠶ᠋ᠢᠭ ᠢᠶᠠᠷ ᠠᠵᠢᠯᠯᠠᠭᠤᠯᠵᠤ ᠪᠣᠯᠤᠨ᠎ᠠ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠰᠠᠭᠤᠵᠤ ᠪᠠᠶᠢᠭ᠎ᠠ ᠨᠠᠰᠤᠲᠠᠨ ᠪᠤᠶᠤ ᠲᠡᠭᠦᠨ ᠤ ᠣᠷᠣᠯᠠᠭᠴᠢ ᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠥᠪᠳᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠡᠷᠬᠡ ᠪᠠ ᠡᠭᠦᠷᠭᠡ ᠶᠢ ᠲᠣᠳᠣᠷᠬᠠᠶᠢᠯᠠᠬᠤ ᠬᠡᠷᠡᠭᠲᠡᠢ︔ ᠠᠰᠠᠷᠠᠮᠵᠢ ᠶᠢᠨ ᠬᠦᠷᠢᠶᠡᠯᠡᠩ ᠳᠤ ᠰᠠᠭᠤᠬᠤ ᠨᠠᠰᠤᠲᠠᠶᠢᠴᠤᠳ ᠤᠨ ᠪᠡᠶ᠎ᠡ ᠮᠠᠬᠠᠪᠣᠳ ᠰᠡᠳᠬᠢᠯ ᠰᠠᠨᠠᠭᠠᠨ ᠤ ᠡᠷᠡᠭᠦᠯ ᠮᠡᠨᠳᠦ ᠶᠢᠨ ᠪᠠᠶᠢᠳᠠᠯ ᠳᠤ ᠠᠰᠠᠷᠠᠮᠵᠢ ᠳᠤ ᠰᠠᠭᠤᠬᠤ ᠪᠠ ᠲᠣᠭᠲᠠᠮᠠᠯ ᠬᠤᠭᠤᠴᠠᠭ᠎ᠠ ᠪᠦᠬᠦᠢ ᠦᠨᠡᠯᠡᠨ ᠵᠢᠱᠢᠯᠲᠡ ᠬᠢᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ ᠬᠠᠷᠠᠭᠠᠯᠵᠠᠵᠤ ᠰᠤᠪᠢᠯᠠᠬᠤ ᠵᠡᠷᠭᠡ ᠳᠡᠰ ᠢ ᠲᠣᠭᠲᠠᠭᠠᠬᠤ ᠪᠤᠶᠤ ᠬᠤᠪᠢᠷᠠᠭᠤᠯᠬᠤ ᠬᠡᠷᠡᠭᠲᠡᠶ︔ ᠠᠶᠤᠯᠭᠦᠢ ᠦᠢᠯᠡᠳᠪᠦᠷᠢᠯᠡᠯ ᠪᠠ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠵᠦ᠂ ᠭᠠᠯ ᠰᠡᠷᠭᠡᠶᠢᠯᠡᠨ ᠤᠨᠲᠠᠷᠠᠭᠠᠬᠤ᠂ ᠠᠮᠤᠷ ᠲᠦᠪᠰᠢᠨ ᠤ ᠵᠢᠵᠢᠭᠦᠷ ᠵᠢᠪᠬᠦ᠂ ᠪᠡᠯᠡᠳᠬᠡᠮᠵᠢ ᠲᠥᠬᠦᠭᠡᠷᠦᠮᠵᠢ ᠪᠠ ᠢᠳᠡᠭᠡᠨ ᠤ ᠵᠦᠢᠯ ᠡᠮ ᠤᠨ ᠵᠦᠢᠯ ᠵᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ︔ ᠭᠡᠨᠡᠳᠲᠡ ᠶᠢᠨ ᠬᠡᠷᠡᠭ ᠢ ᠪᠠᠴᠢᠮ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠵᠤ᠂ ᠪᠠᠴᠢᠮ ᠪᠠᠶᠢᠳᠠᠯ ᠢ ᠠᠷᠠᠭᠴᠠᠭᠠᠬᠤ ᠰᠣᠷᠢᠯᠲᠠ ᠪᠠ ᠠᠮᠤᠷ ᠲᠦᠪᠰᠢᠨ ᠤ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠥᠷᠨᠢᠭᠦᠯᠬᠦ ᠶᠢ ᠨᠢ ᠵᠣᠷᠢᠭᠵᠢᠭᠤᠯᠵᠤ᠂ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠠᠰᠤᠲᠠᠶᠢᠴᠤᠳ ᠤᠨ ᠣᠷᠣᠨ ᠰᠠᠭᠤᠴᠠ ᠳᠤ ᠬᠡᠷ ᠪᠦᠯᠢ ᠶᠢᠨ ᠬᠠᠷᠠᠭᠠᠯᠵᠠᠨ ᠠᠰᠠᠷᠠᠬᠤ ᠣᠷᠣ ᠭᠠᠷᠭᠠᠬᠤ ᠳᠤ ᠳᠡᠮᠵᠢᠯᠭᠡ ᠦᠵᠡᠭᠦᠯᠬᠦ ᠬᠡᠷᠡᠭᠲᠡᠢ᠃ ᠨᠠᠷᠠᠲᠤ ᠲᠥᠷᠥᠯ ᠲᠡᠮᠳᠡᠭᠵᠢᠭᠰᠡᠨ᠂ ᠬᠡᠯᠬᠢᠶᠡᠵᠢᠭᠰᠡᠨ᠂ ᠲᠤᠰᠬᠠᠶᠢᠵᠢᠭᠰᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠬᠥᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ ᠭᠡᠵᠡᠢ᠃ ᠲᠠᠪᠤ ᠳᠤ᠂ ᠡᠮᠴᠢᠯᠡᠭᠡ ᠰᠤᠪᠢᠯᠠᠯᠲᠠ ᠪᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠬᠤ ᠲᠠᠯ᠎ᠠ ᠪᠠᠷ ᠤᠳᠤᠷᠢᠳᠤᠮᠵᠢ ᠶᠢᠨ ᠴᠢᠨᠠᠷᠲᠠᠶ ᠵᠢᠯᠣᠭᠤᠳᠣᠯᠭ᠎ᠠ ᠳᠤᠷᠠᠳᠪᠠ᠃ ︽ᠲᠦᠷᠢᠮ︾ ᠳᠤ ᠲᠣᠭᠲᠠᠭᠠᠭᠰᠠᠨ ᠨᠢ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠡᠮᠴᠢᠯᠡᠭᠡᠨ ᠤ ᠪᠠᠶᠢᠭᠤᠯᠤᠮᠵᠢ ᠭᠠᠷᠭᠠᠬᠤ ᠶᠢ ᠳᠡᠮᠵᠢᠵᠦ᠂ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠵᠢᠯᠣᠭᠤᠳᠤᠨ ᠨᠠᠰᠤᠲᠠᠶᠢᠴᠤᠳ ᠢ ᠠᠰᠠᠷᠠᠬᠤ ᠣᠷᠣ ᠭᠠᠷᠭᠠᠬᠤ ᠬᠡᠷᠡᠭᠲᠡᠶ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠳᠣᠲᠣᠷ᠎ᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠲᠣᠭᠲᠠᠭᠠᠭᠰᠠᠨ ᠨᠥᠬᠦᠴᠡᠯ ᠳᠤ ᠨᠡᠶᠢᠴᠡᠵᠦ ᠪᠠᠶᠢᠪᠠᠯ᠂ ᠡᠮᠴᠢᠯᠡᠭᠡᠨ ᠤ ᠪᠠᠲᠤᠯᠠᠭ᠎ᠠ ᠶᠢᠨ ᠴᠡᠭ ᠲᠣᠭᠲᠠᠭᠠᠬᠤ ᠬᠡᠪᠴᠢᠶᠡᠨ ᠳᠤ ᠣᠷᠣᠭᠤᠯᠵᠤ ᠪᠣᠯᠣᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠤᠳ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠬᠢᠭᠡᠳ ᠡᠮᠴᠢᠯᠡᠭᠡᠨ ᠤ ᠪᠠᠶᠢᠭᠤᠯᠤᠮᠵᠢ ᠯᠤᠭ᠎ᠠ ᠬᠠᠮᠲᠤᠷᠠᠯᠴᠠᠨ ᠠᠵᠢᠯᠯᠠᠬᠤ ᠶᠢ ᠠᠬᠢᠭᠤᠯᠵᠤ᠂ ᠤᠷᠢᠳᠴᠢᠯᠠᠨ ᠪᠣᠯᠵᠣᠵᠤ ᠡᠮᠨᠡᠭᠦᠯᠬᠦ᠂ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ᠂ ᠲᠦᠷᠭᠡᠨ ᠡᠮᠨᠡᠭᠦᠯᠬᠦ ᠵᠡᠷᠭᠡ ᠡᠮᠴᠢᠯᠡᠭᠡᠨ ᠤ ᠦᠢᠯᠡᠴᠢᠯᠡᠭᠡᠨ ᠤ ᠰᠢᠭᠤᠳ ᠵᠠᠮ ᠢ ᠪᠠᠶᠢᠭᠤᠯᠵᠤ᠂ ᠨᠠᠰᠤᠲᠠᠶᠢᠴᠤᠳ ᠤᠨ ᠡᠮᠴᠢᠯᠡᠭᠡᠨ ᠤ ᠦᠢᠯᠡᠴᠢᠯᠡᠭᠡ ᠬᠦᠷᠲᠡᠬᠦ ᠳᠤ ᠲᠥᠬᠦᠮ ᠦᠵᠡᠭᠦᠯᠬᠦ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠦᠨᠳᠦᠰᠦᠨ ᠱᠠᠲᠤᠨ ᠤ ᠡᠮ ᠬᠡᠷᠡᠭᠯᠡᠬᠦ ᠬᠠᠮᠢᠶᠠᠷᠤᠯᠲᠠ ᠶᠢᠨ ᠲᠦᠷᠢᠮ ᠪᠠ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠷᠡᠭᠯᠡᠬᠦ ᠡᠮ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮ ᠤᠨ ᠵᠦᠢᠯ ᠤᠨ ᠲᠣᠬᠢᠷᠠᠭᠤᠯᠤᠯᠲᠠ ᠶᠢ ᠪᠠᠲᠤᠯᠠᠵᠤ᠂ ᠨᠠᠰᠤᠲᠠᠶᠢᠴᠤᠳ ᠤᠨ ᠪᠠᠶᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠢ ᠡᠮᠨᠡᠨ ᠵᠠᠰᠠᠬᠤ ᠳᠤ ᠲᠥᠬᠦᠮ ᠦᠵᠡᠭᠦᠯᠬᠦ ᠬᠡᠷᠡᠭᠲᠡᠶ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠨᠠᠰᠤᠲᠠᠶᠢᠴᠤᠳ ᠲᠤ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠤᠨ ᠥᠭᠴᠦ᠂ ᠲᠣᠭᠲᠠᠮᠠᠯ ᠬᠤᠭᠤᠴᠠᠭ᠎ᠠ ᠲᠠᠢ ᠪᠠᠷ ᠰᠦᠢᠳᠬᠡᠯ ᠬᠤᠷᠢᠶᠠᠬᠤ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠬᠦ᠂ ᠡᠷᠡᠭᠦᠯ ᠮᠡᠨᠳᠦ ᠶᠢᠨ ᠵᠢᠯᠣᠭᠤᠳᠣᠯᠭ᠎ᠠ ᠬᠢᠬᠦ᠂ ᠡᠷᠡᠭᠦᠯᠵᠢᠯ ᠤᠨ ᠯᠠᠪᠯᠠᠭ᠎ᠠ ᠥᠭᠬᠦ᠂ ᠭᠡᠷ ᠲᠤ ᠨᠢ ᠬᠦᠷᠴᠦ ᠡᠮᠴᠢᠯᠡᠬᠦ ᠵᠡᠷᠭᠡ ᠦᠢᠯᠡᠴᠢᠯᠡᠭᠡ ᠶᠢ ᠬᠠᠩᠭᠠᠬᠤ ᠬᠡᠷᠡᠭᠲᠡᠶ᠃ ᠨᠥᠬᠦᠴᠡᠯ ᠪᠦᠬᠦᠢ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠴᠢᠯᠡᠭᠡᠨ ᠤ ᠪᠠᠶᠢᠭᠤᠯᠤᠮᠵᠢ ᠤᠨ ᠨᠠᠰᠤᠲᠠᠶᠢᠴᠤᠳ ᠤᠨ ᠡᠪᠡᠳᠴᠢᠨ ᠤ ᠰᠠᠯᠠᠭ᠎ᠠ ᠭᠠᠷᠭᠠᠬᠤ᠂ ᠨᠠᠰᠤᠲᠠᠶᠢᠴᠤᠳ ᠤᠨ ᠡᠪᠡᠳᠴᠢᠲᠡᠨ ᠤ ᠣᠷᠣ ᠨᠡᠮᠡᠵᠦ ᠭᠠᠷᠭᠠᠬᠤ ᠶᠢ ᠨᠢ ᠵᠣᠷᠢᠭᠵᠢᠭᠤᠯᠬᠤ ᠬᠡᠷᠡᠭᠲᠡᠢ᠃ ᠬᠢᠲᠠᠳ ᠡᠮᠨᠡᠯᠭᠡ ︵ᠮᠣᠩᠭᠤᠯ ᠡᠮᠨᠡᠯᠭᠡ︶᠂ ᠲᠤᠰᠬᠠᠶ ᠡᠮ ᠡᠮᠨᠡᠯᠭᠡ ᠶᠢᠨ ᠪᠠᠶᠢᠭᠤᠯᠤᠮᠵᠢ ᠶᠢᠨ ᠨᠠᠰᠤᠲᠠᠶᠢᠴᠤᠳ ᠤᠨ ᠡᠪᠡᠳᠴᠢᠨ ᠤ ᠲᠤᠰᠬᠠᠶ ᠰᠠᠯᠠᠭ᠎ᠠ ᠪᠠᠶᠢᠭᠤᠯᠬᠤ ᠶᠢ  ᠨᠢ ᠵᠣᠷᠢᠭᠵᠢᠭᠤᠯᠬᠤ ᠬᠡᠷᠡᠭᠲᠡᠢ᠃ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠴᠢᠯᠡᠭᠡᠨ ᠤ ᠪᠠᠶᠢᠭᠤᠯᠤᠮᠵᠢ ᠬᠡᠷᠡᠭᠴᠡᠭᠡ ᠪᠠᠨ ᠦᠨᠳᠦᠰᠦᠯᠡᠨ᠂ ᠠᠮᠤᠷ ᠲᠠᠶᠢᠪᠤᠩ ᠰᠤᠪᠢᠯᠠᠯᠲᠠ ᠶᠢᠨ ᠡᠪᠡᠳᠴᠢᠲᠡᠨ ᠤ ᠣᠷᠣᠨ ᠭᠠᠷᠭᠠᠬᠤ ᠪᠤᠶᠤ ᠠᠮᠤᠷ ᠲᠠᠶᠢᠪᠤᠩ ᠰᠤᠪᠢᠯᠠᠯᠲᠠ ᠶᠢᠨ ᠣᠷᠣ ᠭᠠᠷᠭᠠᠵᠤ ᠪᠣᠯᠤᠨ᠎ᠠ ᠭᠡᠵᠡᠢ᠃ ᠵᠢᠷᠭᠤᠭ᠎ᠠ ᠳᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃ ︽ᠲᠦᠷᠢᠮ︾ ᠳᠤ ᠲᠣᠭᠲᠠᠭᠠᠭᠰᠠᠨ ᠨᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠡᠷᠭᠢᠯᠡᠭᠰᠡᠳ ᠲᠠᠢ ᠬᠠᠤᠯᠢ ᠶᠣᠰᠣᠭᠠᠷ ᠬᠥᠳᠡᠯᠮᠦᠷᠢ ᠶᠢᠨ ᠬᠠᠷᠢᠴᠠᠭ᠎ᠠ ᠪᠠᠶᠢᠭᠤᠯᠵᠤ᠂ ᠠᠵᠢᠯ ᠤᠨ ᠨᠥᠬᠦᠴᠡᠯ ᠢᠶᠠᠨ ᠰᠠᠶᠢᠵᠢᠷᠠᠭᠤᠯᠤᠨ᠂ ᠬᠥᠳᠡᠯᠮᠦᠷᠢ ᠶᠢᠨ ᠬᠠᠮᠠᠭᠠᠯᠠᠯᠲᠠ ᠪᠠ ᠠᠵᠢᠯ ᠮᠡᠷᠭᠡᠵᠢᠯ ᠤᠨ ᠬᠠᠮᠠᠭᠠᠯᠠᠯᠲᠠ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠡᠷᠭᠢᠯᠡᠭᠰᠡᠳ ᠲᠤ ᠬᠠᠤᠯᠢ ᠶᠣᠰᠣᠭᠠᠷ ᠨᠡᠶᠢᠭᠡᠮ ᠤᠨ ᠳᠠᠭᠠᠳᠬᠠᠯ ᠢ ᠲᠤᠰᠢᠶᠠᠵᠤ ᠥᠭᠬᠦ ᠶᠢᠨ ᠬᠠᠮᠲᠤ ᠲᠡᠳᠡᠨ ᠳᠤ ᠲᠣᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠦ ᠶᠢᠨ ᠪᠠᠶᠢᠴᠠᠭᠠᠯᠲᠠ ᠬᠢᠯᠭᠡᠬᠦ ᠪᠠᠷ ᠲᠣᠬᠢᠷᠠᠭᠤᠯᠬᠤ ᠬᠡᠷᠡᠭᠲᠡᠶ︔ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠡᠷᠬᠢᠯᠡᠭᠰᠡᠳ ᠤᠨ ᠠᠵᠢᠯ ᠮᠡᠷᠭᠡᠵᠢᠯ ᠤᠨ ᠶᠣᠰᠣ ᠮᠣᠷᠠᠯ ᠤᠨ ᠬᠥᠮᠦᠵᠢᠯ᠂ ᠬᠠᠤᠯᠢ ᠪᠠᠷ ᠵᠠᠰᠠᠬᠤ ᠬᠥᠮᠦᠵᠢᠯ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠲᠡᠳᠡᠨ ᠤ ᠠᠵᠢᠯ ᠮᠡᠷᠭᠡᠵᠢᠯ ᠤᠨ ᠶᠣᠰᠣ ᠮᠣᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠤᠳ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠳᠤ ᠲᠦᠰᠢᠭᠯᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠡᠷᠬᠢᠯᠡᠭᠰᠡᠳ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠬᠤ ᠬᠡᠷᠡᠭᠲᠡᠶ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠡᠷᠭᠢᠯᠡᠵᠦ ᠪᠠᠶᠢᠭ᠎ᠠ ᠠᠵᠢᠯ ᠡᠷᠭᠢᠯᠡᠬᠦ ᠡᠮᠴᠢ᠂ ᠰᠤᠪᠢᠯᠠᠭᠴᠢ᠂ ᠡᠷᠡᠭᠦᠯᠵᠢᠭᠦᠯᠬᠦ ᠡᠮᠴᠢ ᠵᠡᠷᠭᠡ ᠲᠤᠰᠬᠠᠶ ᠮᠡᠷᠭᠡᠵᠢᠯ ᠤᠨ ᠠᠵᠢᠯᠲᠠᠨ ᠳᠤ ᠡᠮᠴᠢᠯᠡᠭᠡᠨ ᠤ ᠪᠠᠶᠢᠭᠤᠯᠤᠮᠵᠢ ᠲᠠᠢ ᠠᠳᠠᠯᠢᠬᠠᠨ ᠠᠵᠢᠯ ᠡᠷᠭᠢᠯᠡᠬᠦ ᠬᠢᠷᠢ ᠬᠡᠮ᠂ ᠳᠡᠩᠰᠡᠯᠡᠵᠦ ᠬᠢᠨᠠᠨ ᠰᠢᠯᠭᠠᠬᠤ ᠲᠦᠷᠢᠮ ᠢ ᠬᠡᠷᠡᠭᠵᠢᠭᠦᠯᠵᠦ᠂ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ᠂ ᠦᠷᠭᠦᠯᠵᠢᠯᠡᠨ ᠰᠤᠷᠭᠠᠨ ᠬᠥᠮᠦᠵᠢᠭᠦᠯᠬᠦ ᠵᠡᠷᠭᠡ ᠲᠠᠯ᠎ᠠ ᠪᠠᠷ ᠡᠮᠴᠢᠯᠡᠭᠡᠨ ᠤ ᠪᠠᠶᠢᠭᠤᠯᠤᠮᠵᠢ ᠶᠢᠨ ᠠᠳᠠᠯᠢ ᠲᠥᠷᠥᠯ ᠤᠨ ᠲᠤᠰᠬᠠᠶ ᠮᠡᠷᠭᠡᠵᠢᠯ ᠤᠨ ᠠᠵᠢᠯᠲᠠᠨ ᠲᠠᠢ ᠠᠳᠠᠯᠢᠬᠠᠨ ᠬᠠᠷᠠᠭᠠᠯᠵᠠᠯ ᠬᠦᠷᠲᠡᠭᠡᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠠᠷᠭ᠎ᠠ ᠬᠡᠮᠵᠢᠶ᠎ᠡ ᠠᠪᠴᠤ ᠪᠠᠶᠢᠭᠠᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠡᠷᠭᠢᠯᠡᠭᠰᠡᠳ ᠤᠨ ᠡᠩᠨᠡᠭᠡ ᠶᠢ ᠲᠣᠭᠲᠠᠪᠤᠷᠢᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠡᠷᠭᠢᠯᠡᠭᠰᠡᠳ ᠤᠨ ᠬᠥᠯᠥᠰᠥ ᠣᠯᠭᠤᠮᠵᠢ ᠶᠢ ᠵᠦᠶ ᠵᠣᠬᠢᠰᠲᠠᠶ ᠨᠡᠮᠡᠭᠳᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠡᠷᠭᠢᠯᠡᠭᠰᠡᠳ ᠤᠨ ᠪᠣᠯᠪᠠᠰᠤᠷᠠᠯ ᠤᠨ ᠵᠠᠷᠤᠳᠠᠯ ᠤᠨ ᠨᠥᠬᠦᠪᠥᠷᠢ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ ᠲᠤᠯᠤᠭ᠎ᠠ ᠳᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠠᠯᠢ ᠤᠯᠠᠨ ᠲᠡᠳᠬᠦᠨ ᠳᠡᠮᠵᠢᠬᠦ ᠪᠠᠲᠤᠯᠠᠭ᠎ᠠ ᠶᠢᠨ ᠲᠦᠷᠢᠮ ᠢ ᠢᠵᠢ ᠪᠦᠷᠢᠳᠦᠭᠦᠯᠦᠨ ᠪᠦᠷᠢᠨᠰᠢᠭᠦᠯᠪᠡ᠃ ︽ᠲᠦᠷᠢᠮ︾ ᠳᠤ ᠲᠣᠭᠲᠠᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ᠂ ᠡᠳ᠋ ᠤᠨ ᠵᠠᠰᠠᠭ ᠤᠨ ᠪᠠᠶᠢᠳᠠᠯ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠲᠣᠭᠲᠠᠭᠠᠨ ᠨᠡᠶᠢᠲᠡᠯᠡᠵᠦ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠶᠢᠨ ᠵᠢᠯᠣᠭᠤᠳᠬᠤ ᠴᠢᠨᠠᠷᠲᠠᠶ ᠭᠠᠷᠴᠠᠭ ᠲᠤ ᠣᠷᠣᠭᠤᠯᠬᠤ ᠬᠡᠷᠡᠭᠲᠡᠶ᠃ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠭᠠᠷᠴᠠᠭ ᠤᠨ ᠶᠣᠰᠣᠭᠠᠷ ᠵᠠᠰᠠᠭ ᠤᠨ ᠣᠷᠳᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠤᠳᠠᠯᠳᠤᠨ ᠠᠪᠬᠤ ᠶᠢ ᠠᠬᠢᠭᠤᠯᠵᠤ᠂ ᠠᠮᠢᠳᠤᠷᠠᠯ ᠤᠨ ᠬᠠᠷᠠᠭᠠᠯᠵᠠᠯ᠂ ᠡᠷᠡᠭᠦᠯᠵᠢᠯ ᠤᠨ ᠰᠤᠪᠢᠯᠠᠯᠲᠠ᠂ ᠣᠶᠤᠨ ᠰᠠᠨᠠᠭᠠᠨ ᠤ ᠲᠠᠶᠢᠳᠬᠤᠷᠠᠭᠤᠯᠤᠯ ᠵᠡᠷᠭᠡ ᠦᠢᠯᠡᠴᠢᠯᠡᠭᠡ ᠶᠢ ᠭᠤᠤᠯᠳᠠᠯᠭ᠎ᠠ ᠲᠠᠢ ᠬᠤᠳᠠᠯᠳᠤᠨ ᠠᠪᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠮᠢᠶ᠎ᠠ ᠪᠥᠬᠦᠶ ᠳᠠᠭᠠᠳᠬᠠᠯ᠂ ᠠᠰᠠᠷᠠᠮᠵᠢ ᠵᠢᠴᠢ ᠲᠡᠩᠬᠡᠷᠡᠭᠦᠯᠦᠨ ᠲᠤᠰᠠᠯᠠᠬᠤ ᠶᠢ ᠬᠠᠷᠢᠯᠴᠠᠨ ᠵᠣᠯᠭᠠᠭᠤᠯᠤᠭᠰᠠᠨ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠪᠠᠲᠤᠯᠠᠭ᠎ᠠ ᠶᠢᠨ ᠲᠦᠷᠢᠮ ᠢ ᠪᠠᠶᠢᠭᠤᠯᠵᠤ᠂ ᠣᠷᠳᠣ ᠬᠤᠭᠤᠴᠠᠭ᠎ᠠ ᠪᠠᠷ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠤᠨ ᠬᠡᠷ ᠪᠦᠯᠢ ᠶᠢᠨ ᠪᠠ ᠨᠡᠶᠢᠭᠡᠮ ᠲᠣᠭᠤᠷᠢᠭ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠦᠷᠭᠦᠯᠵᠢᠯᠡᠨ ᠬᠦᠷᠲᠡᠬᠦ ᠳᠤ ᠪᠠᠲᠤᠯᠠᠭ᠎ᠠ ᠬᠠᠩᠭᠠᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠠᠰᠤᠲᠠᠶᠢᠴᠤᠳ ᠤᠨ ᠴᠢᠳᠠᠪᠤᠷᠢ ᠶᠢ ᠦᠨᠡᠯᠡᠨ ᠵᠢᠱᠢᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠨᠠᠰᠤᠲᠠᠶᠢᠴᠤᠳ ᠤᠨ ᠦᠲᠡᠭᠦᠰ ᠤᠨ ᠨᠡᠮᠡᠭᠦᠷᠢ᠂ ᠠᠵᠤ ᠠᠮᠢᠳᠤᠷᠠᠯ ᠨᠢ ᠬᠦᠴᠢᠷᠳᠡᠯᠲᠡᠶ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ᠂ ᠠᠮᠢᠳᠤᠷᠠᠯ ᠢᠶᠠᠨ ᠥᠪᠡᠷ ᠢᠶᠠᠨ ᠠᠷᠭᠠᠴᠠᠭᠠᠵᠤ ᠳᠡᠶᠢᠯᠬᠦ ᠥᠬᠡᠶ ᠭᠡᠵᠦ ᠮᠠᠭᠠᠳᠯᠠᠨ ᠲᠣᠭᠲᠠᠭᠠᠭᠰᠠᠨ ᠠᠵᠤ ᠠᠮᠢᠳᠤᠷᠠᠯ ᠨᠢ ᠬᠦᠴᠢᠷᠳᠡᠯ ᠲᠠᠢ ᠨᠠᠰᠤᠲᠠᠶᠢᠴᠤᠳ ᠢ ᠠᠰᠠᠷᠠᠨ ᠰᠤᠪᠢᠯᠠᠬᠤ ᠨᠥᠬᠦᠪᠥᠷᠢ᠂ ᠨᠠᠰᠤᠲᠠᠶᠢᠴᠤᠳ ᠤᠨ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠵᠡᠷᠭᠡ ᠨᠠᠰᠤᠵᠢᠯ ᠤᠨ ᠦᠨᠳᠦᠰᠦᠨ ᠦᠢᠯᠡᠴᠢᠯᠡᠭᠡᠨ ᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠡᠢ᠃ ᠨᠠᠢᠮᠠ ᠳᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠪᠠ᠃ ︽ᠲᠦᠷᠢᠮ︾ ᠳᠤ ᠲᠣᠭᠲᠠᠭᠠᠭᠰᠠᠨ ᠨᠢ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠲᠦᠷᠢᠮ ᠢ ᠪᠦᠷᠢᠨᠰᠢᠭᠦᠯᠦᠨ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠪᠠ ᠦᠢᠯᠡᠴᠢᠯᠡᠭᠡᠨ ᠤ ᠶᠠᠰᠤ ᠴᠢᠨᠠᠷ ᠢ ᠬᠢᠨᠠᠨ ᠬᠡᠮᠵᠢᠬᠦ ᠲᠥᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠪᠠ ᠦᠢᠯᠡᠴᠢᠯᠡᠭᠡᠨ ᠤ ᠶᠠᠰᠤ ᠴᠢᠨᠠᠷ ᠢ ᠨᠢ ᠬᠢᠨᠠᠨ ᠬᠡᠮᠵᠢᠬᠦ ᠬᠡᠷᠡᠭᠲᠡᠶ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠭᠰᠠᠨ ᠪᠠ ᠦᠢᠯᠡᠴᠢᠯᠡᠭᠡᠨ ᠤ ᠶᠠᠰᠤ ᠴᠢᠨᠠᠷ ᠢ ᠬᠢᠨᠠᠨ ᠬᠡᠮᠵᠢᠭᠰᠡᠨ ᠦᠷ᠎ᠡ ᠳ᠋ᠦᠩ ᠢ ᠨᠡᠶᠢᠭᠡᠮ ᠨᠡᠶᠢᠲᠡ ᠳᠤ ᠢᠯᠡ ᠨᠡᠶᠢᠲᠡᠯᠡᠬᠦ ᠶᠢᠨ ᠬᠠᠮᠲᠤ ᠲᠡᠭᠦᠨ ᠤ ᠬᠤᠯᠪᠣᠭᠳᠠᠯ ᠪᠦᠬᠦᠢ ᠨᠥᠬᠦᠪᠥᠷᠢ ᠣᠯᠬᠤ ᠶᠢᠨ ᠬᠢᠨᠢ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠪᠣᠯᠭᠠᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠵᠠᠰᠠᠭ ᠤᠨ ᠣᠷᠳᠣᠨ ᠠᠴᠠ ᠪᠠᠯᠠ ᠣᠷᠣᠭᠤᠯᠤᠨ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠳ᠋ ᠤᠨ ᠶᠠᠪᠤᠳᠠᠯ ᠤᠨ ᠪᠠᠶᠢᠳᠠᠯ᠂ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶ᠎ᠡ ᠳᠠᠬᠢ ᠬᠠᠤᠯᠢ ᠪᠤᠰᠤ ᠪᠠᠷ ᠪᠠᠯᠠ ᠴᠤᠭᠯᠠᠭᠤᠯᠬᠤ᠂ ᠬᠢᠬᠠᠨ ᠮᠡᠬᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠯᠪᠣᠭᠳᠠᠯ ᠪᠥᠬᠦᠶ ᠪᠠᠶᠢᠳᠠᠯ ᠳᠤ ᠬᠢᠨᠠᠨ ᠬᠡᠮᠵᠢᠯᠲᠡ ᠪᠠ ᠵᠠᠳᠠᠯᠤᠯᠲᠠ ᠬᠢᠵᠦ᠂ ᠲᠦᠭᠰᠢᠭᠦᠷᠢ ᠶᠢᠨ ᠰᠠᠨᠠᠭᠤᠯᠤᠮᠵᠢ ᠶᠢ ᠴᠢᠩᠭᠠᠳᠬᠠᠬᠤ ᠶᠢᠨ ᠬᠠᠮᠲᠤ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠢᠭᠡᠳᠦᠯᠲᠡᠶ ᠵᠠᠭᠠᠯᠳᠤᠬᠤ᠂ ᠢᠯᠡᠴᠢᠯᠡᠨ ᠮᠡᠳᠡᠭᠦᠯᠬᠦ ᠤᠲᠠᠰᠤ ᠪᠤᠶᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠯᠦᠭᠡ ᠬᠤᠯᠪᠣᠭᠳᠠᠬᠤ ᠵᠠᠭᠠᠯᠳᠤᠯᠭ᠎ᠠ᠂ ᠢᠯᠡᠴᠢᠯᠡᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠬᠡᠷᠡᠭᠲᠡᠶ︔ ᠵᠠᠭᠠᠯᠳᠤᠯᠭ᠎ᠠ᠂ ᠢᠯᠡᠴᠢᠯᠡᠯᠲᠡ ᠶᠢ ᠣᠯᠤᠭᠰᠠᠨ ᠤ ᠳᠠᠷᠠᠭ᠎ᠠ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ ᠪᠥᠭᠡᠳ ᠰᠢᠢᠳᠪᠦᠷᠢᠯᠡᠭᠰᠡᠨ ᠦᠷ᠎ᠡ ᠳ᠋ᠦᠩ ᠢᠶᠠᠨ ᠵᠠᠭᠠᠯᠳᠤᠭᠴᠢ᠂ ᠢᠯᠡᠴᠢᠯᠡᠭᠴᠢ ᠳᠤ ᠮᠡᠳᠡᠭᠳᠡᠬᠦ ᠬᠡᠷᠡᠭᠲᠡᠶ᠃ ᠶᠢᠰᠦ ᠳᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠨ ᠳᠠᠬᠢ ᠬᠠᠤᠯᠢ ᠴᠠᠭᠠᠵᠠ ᠶᠢᠨ ᠴᠠᠭᠠᠵᠠᠯᠠᠬᠤ ᠦᠢᠯᠡ ᠠᠵᠢᠯᠯᠠᠭ᠎ᠠ ᠪᠠ ᠵᠣᠬᠢᠴᠠᠩᠭᠤᠶ ᠰᠢᠳᠬᠡᠬᠦ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠪᠠ᠃ ︽ᠳᠦᠷᠢᠮ︾ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠢᠵᠢ ᠪᠦᠷᠢᠳᠦᠭᠦᠯᠬᠦ ᠪᠡᠯᠡᠳᠬᠡᠮᠵᠢ ᠶᠢ ᠲᠣᠭᠲᠠᠭᠠᠯ ᠶᠣᠰᠣᠭᠠᠷ ᠪᠠᠶᠢᠭᠤᠯᠤᠭᠰᠠᠨ ᠦᠭᠡᠶ ᠪᠥᠭᠡᠳ ᠲᠤᠰᠢᠶᠠᠨ ᠥᠭᠴᠦ ᠬᠡᠷᠡᠭᠯᠡᠭᠦᠯᠦᠭᠰᠡᠨ ᠦᠭᠡᠶ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠬᠡᠷᠡᠭᠯᠡᠯᠲᠡ ᠶᠢᠨ ᠰᠢᠨᠵᠢ ᠴᠢᠨᠠᠷ ᠢ ᠳᠤᠷ᠎ᠠ ᠪᠠᠷ ᠢᠶᠠᠨ ᠥᠭᠡᠷᠡᠴᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠡᠵᠡᠯᠡᠭᠰᠡᠨ᠂ ᠬᠤᠬᠢᠷᠠᠭᠤᠯᠤᠭᠰᠠᠨ ᠪᠤᠶᠤ ᠳᠤᠷ᠎ᠠ ᠪᠠᠷ ᠢᠶᠠᠨ ᠨᠤᠷᠠᠭᠠᠭᠰᠠᠨ ᠵᠡᠷᠭᠡ ᠪᠠᠶᠢᠳᠠᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯᠲᠠᠨ ᠨᠠᠰᠤᠲᠠᠨ ᠢ ᠬᠠᠷᠢᠶᠠᠭᠰᠠᠨ᠂ ᠳᠣᠷᠣᠮᠵᠢᠯᠠᠭᠰᠠᠨ᠂ ᠬᠠᠯᠠ ᠦᠵᠡᠭᠦᠯᠦᠭᠰᠡᠨ᠂ ᠵᠣᠳᠣᠭᠰᠠᠨ᠂ ᠨᠠᠰᠤᠲᠠᠨ ᠤ ᠡᠳ᠋ ᠬᠤᠭᠰᠢᠯ ᠢ ᠬᠤᠯᠠᠭᠠᠶᠢᠯᠠᠭᠰᠠᠨ᠂ ᠮᠡᠬᠡᠯᠡᠨ ᠠᠪᠤᠭᠰᠠᠨ᠂ ᠠᠯᠪᠠᠳᠠᠯᠭ᠎ᠠ ᠪᠠᠷ ᠬᠢᠬᠠᠨ ᠠᠪᠤᠭᠰᠠᠨ ᠪᠤᠶᠤ ᠵᠣᠷᠢᠭᠤᠳᠠ ᠡᠪᠳᠡᠨ ᠰᠦᠢᠳᠬᠡᠭᠰᠡᠨ᠂ ᠦᠢᠯᠡᠴᠢᠯᠡᠭᠡᠨ ᠤ ᠠᠵᠢᠯᠯᠠᠭ᠎ᠠ ᠳᠤᠮᠳᠠ ᠣᠯᠵᠤ ᠮᠡᠳᠡᠭᠰᠡᠨ ᠨᠠᠰᠤᠲᠠᠶᠢᠴᠤᠳ ᠤᠨ ᠬᠤᠪᠢ ᠶᠢᠨ ᠨᠢᠭᠤᠴᠠ ᠶᠢ ᠵᠠᠳᠠᠷᠠᠭᠤᠯᠤᠭᠰᠠᠨ ᠵᠡᠷᠭᠡ ᠦᠢᠯᠡ ᠠᠵᠢᠯᠯᠠᠭ᠎ᠠ ᠵᠢᠴᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠠᠰᠠᠷᠠᠮᠵᠢ ᠶᠢᠨ ᠬᠦᠷᠢᠶᠡᠯᠡᠩ ᠳᠤ ᠰᠠᠭᠤᠬᠤ ᠳᠤ ᠲᠣᠭᠲᠠᠭᠠᠯ ᠶᠣᠰᠣᠭᠠᠷ ᠦᠨᠡᠯᠡᠨ ᠵᠢᠱᠢᠯᠲᠡ ᠬᠢᠭᠰᠡᠨ ᠦᠭᠡᠶ᠂ ᠰᠠᠭᠤᠵᠤ ᠪᠠᠶᠢᠭ᠎ᠠ ᠨᠠᠰᠤᠲᠠᠨ ᠪᠤᠶᠤ ᠲᠡᠭᠦᠨ ᠤ ᠣᠷᠣᠯᠠᠭᠴᠢ ᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠥᠪᠳᠡᠯᠴᠡᠭᠡᠷ ᠲᠣᠭᠲᠠᠭᠰᠠᠨ ᠦᠭᠡᠶ᠂ ᠲᠣᠭᠲᠠᠭᠠᠭᠰᠠᠨ ᠪᠠᠷᠢᠮᠵᠢᠶ᠎ᠠ ᠪᠤᠶᠤ ᠵᠢᠷᠤᠮᠵᠢᠯ ᠶᠣᠰᠣᠭᠠᠷ ᠦᠢᠯᠡᠴᠢᠯᠡᠭᠡ ᠬᠠᠩᠭᠠᠭᠰᠠᠨ ᠦᠭᠡᠶ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠠᠰᠢᠭᠯᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠣᠷᠢᠯᠲᠠ ᠲᠠᠢ ᠬᠤᠯᠪᠣᠭᠳᠠᠯ ᠦᠭᠡᠶ ᠠᠵᠢᠯᠯᠠᠭ᠎ᠠ ᠥᠷᠨᠢᠭᠦᠯᠦᠭᠰᠡᠨ᠂ ᠦᠢᠯᠡᠴᠢᠯᠡᠭᠡ ᠪᠠᠨ ᠲᠦᠷ ᠵᠣᠭᠰᠣᠭᠠᠬᠤ ᠪᠤᠶᠤ ᠪᠦᠷᠢᠮᠦᠰᠦᠨ ᠵᠣᠭᠰᠣᠭᠠᠬᠤ ᠳᠤ ᠪᠠᠨ ᠰᠠᠭᠤᠵᠤ ᠪᠠᠶᠢᠭ᠎ᠠ ᠨᠠᠰᠤᠲᠠᠶᠢᠴᠤᠳ ᠢ ᠲᠣᠭᠲᠠᠭᠠᠯ ᠶᠣᠰᠣᠭᠠᠷ ᠲᠣᠬᠢᠲᠠᠶ ᠲᠥᠪᠬᠢᠨᠡᠭᠦᠯᠦᠭᠰᠡᠨ ᠦᠭᠡᠶ ᠵᠡᠷᠭᠡ ᠪᠠᠶᠢᠳᠠᠯ ᠳᠤ ᠴᠥᠮ ᠵᠠᠯᠬᠠᠭᠠᠨ ᠴᠡᠭᠡᠷᠯᠡᠭᠦᠯᠬᠦ ᠪᠠ ᠰᠢᠳᠬᠡᠬᠦ ᠵᠣᠬᠢᠴᠠᠩᠭᠤᠶ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠭᠰᠠᠨ ᠪᠠᠶᠢᠨ᠎ᠠ᠃ ᠲᠦᠷᠪᠡ᠂ ︽ᠲᠦᠷᠢᠮ︾ ᠢ ᠰᠤᠷᠤᠯᠴᠠᠵᠤ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠡᠷᠬᠢᠨ ᠰᠠᠶᠢᠲᠤᠷ ᠬᠢᠬᠦ ᠪᠤᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠷᠢᠮ︾ ᠨᠢ ᠣᠷᠣᠨ ᠨᠤᠲᠤᠭ ᠤᠨ ᠨᠢᠭᠡᠨ ᠬᠠᠤᠯᠢ ᠲᠣᠭᠲᠠᠭᠠᠯᠲᠠ ᠪᠣᠯᠣᠭᠰᠠᠨ ᠤ ᠬᠤᠪᠢ ᠳᠤ᠂ ᠨᠡᠶᠢᠲᠡᠯᠡᠭᠰᠡᠨ ᠤ ᠳᠠᠷᠠᠭ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠠᠬᠢᠭᠤᠯᠤᠨ᠎ᠠ᠃ ᠨᠢᠭᠡ ᠳᠤ᠂ ︽ᠲᠦᠷᠢᠮ︾ ᠢ ᠰᠤᠷᠤᠯᠴᠠᠵᠤ ᠤᠬᠠᠭᠤᠯᠬᠤ ᠠᠵᠢᠯ ᠢ ᠥᠷᠭᠡᠨ ᠢᠶᠠᠷ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠰᠣᠨᠢᠨ᠂ ᠷᠠᠳᠢᠣ᠋᠂ ᠲᠧᠯᠸᠢᠰ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠫᠣᠷᠲ᠋ᠧᠯ ᠰᠦᠯᠵᠢᠶᠡᠨ ᠥᠷᠲᠡᠭᠡ᠂ ᠸᠢᠴᠠᠲ᠂ ᠪᠢᠴᠢᠯ ᠪᠯᠤᠭ᠂ Tik tok ᠵᠡᠷᠭᠡ ᠰᠦᠯᠵᠢᠶᠡᠨ ᠤ ᠵᠠᠭᠤᠴᠢᠯᠠᠭᠤᠷ ᠢ ᠭᠦᠢᠴᠡᠳ ᠠᠰᠢᠭᠯᠠᠨ᠂ ᠪᠥᠬᠦ ᠠᠭᠤᠯᠭ᠎ᠠ ᠪᠠᠷ ᠨᠡᠪᠲᠡᠷᠡᠭᠦᠯᠬᠦ᠂ ᠨᠢᠭᠡ ᠠᠰᠠᠭᠤᠯᠲᠠ ᠶᠢ ᠨᠢᠭᠡ ᠬᠠᠷᠢᠭᠤᠯᠬᠤ᠂ ᠠᠬᠤᠶ ᠪᠠᠶᠢᠳᠠᠯ ᠢ ᠳᠦᠷᠰᠦᠯᠡᠨ ᠦᠵᠡᠭᠦᠯᠬᠦ᠂ ᠭᠠᠷ ᠳᠡᠪᠲᠡᠷ ᠵᠣᠬᠢᠶᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ︽ᠲᠦᠷᠢᠮ︾ ᠢ ᠤᠬᠠᠭᠤᠯᠵᠤ᠂ ︽ᠲᠦᠷᠢᠮ︾ ᠤᠨ ᠠᠭᠤᠯᠭ᠎ᠠ ᠶᠢ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ︽ᠲᠦᠷᠢᠮ︾ ᠢ ᠣᠶᠢᠯᠠᠭᠠᠬᠤ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃ ᠪᠥᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠨᠢ ︽ᠲᠦᠷᠢᠮ︾ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢ ᠥᠷᠨᠢᠭᠦᠯᠵᠦ᠂ ᠠᠷᠠᠳ ᠤᠨ ᠶᠠᠪᠤᠳᠠᠯ ᠤᠨ ᠺᠠᠳ᠋ᠷ ᠠᠵᠢᠯᠲᠠᠨ ᠠᠵᠢᠯᠴᠢᠨ ᠤ ︽ᠲᠦᠷᠢᠮ︾ ᠤᠨ ᠪᠣᠳᠠᠲᠠᠶ ᠠᠭᠤᠯᠭ᠎ᠠ ᠶᠢ ᠭᠦᠢᠴᠡᠳ ᠣᠶᠢᠯᠠᠭᠠᠨ ᠡᠵᠡᠮᠰᠢᠬᠦ ᠶᠢ ᠦᠨᠡᠨ ᠬᠦ ᠪᠠᠲᠤᠯᠠᠵᠤ᠂ ᠠᠵᠢᠯ ᠤᠨ ᠦᠢᠯᠡᠳᠦᠯᠭᠡ ᠳᠤᠮᠳᠠ ᠪᠦᠲᠦᠮᠵᠢᠲᠡᠶ ᠬᠡᠷᠡᠭᠯᠡᠬᠦ ᠪᠣᠯᠭᠠᠨ᠎ᠠ᠃ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠵᠡᠷᠭᠡ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠠ ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠵᠡᠷᠭᠡ ᠲᠠᠯᠠᠪᠤᠷ ᠭᠠᠵᠠᠷ ᠲᠤ ᠬᠠᠮᠢᠶᠠᠷᠤᠯᠲᠠ ᠪᠠ ᠦᠢᠯᠡᠴᠢᠯᠡᠭᠡᠨ ᠤ ᠬᠥᠮᠦᠰ ᠵᠢᠴᠢ ᠨᠠᠰᠤᠲᠠᠶᠢᠴᠤᠳ ᠲᠤ ᠦᠢᠯᠡᠴᠢᠯᠡᠬᠦ ᠬᠦᠮᠦᠰ ᠢ ᠵᠣᠬᠢᠶᠠᠨ ᠪᠠᠶᠢᠭᠤᠯᠤᠨ ︽ᠲᠦᠷᠢᠮ︾ ᠤᠨ ᠬᠠᠮᠢᠶ᠎ᠠ ᠪᠥᠬᠦᠶ ᠠᠭᠤᠯᠭ᠎ᠠ ᠶᠢ ᠰᠤᠷᠤᠯᠴᠠᠨ ᠣᠶᠢᠯᠠᠭᠠᠭᠤᠯᠵᠤ᠂ ᠵᠠᠰᠠᠭ ᠤᠨ ᠣᠷᠳᠣᠨ᠂ ᠨᠡᠶᠢᠭᠡᠮ᠂ ᠬᠡᠷ ᠪᠦᠯᠢ ᠵᠢᠴᠢ ᠨᠠᠰᠤᠲᠠᠶᠢᠴᠤᠳ ᠤᠨ ᠬᠤᠪᠢ ᠬᠥᠮᠦᠨ ᠤ ᠢᠳᠡᠪᠬᠢ ᠦᠢᠯᠡᠳᠦᠯ ᠢ ᠨᠢ ᠪᠠᠳᠠᠷᠠᠭᠤᠯᠤᠨ᠂ ︽ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠮᠲᠤ ᠪᠠᠷ ᠠᠬᠢᠭᠤᠯᠤᠨ᠎ᠠ᠃ ᠬᠤᠶᠠᠷ ᠲᠤ᠂ ︽ᠲᠦᠷᠢᠮ︾ ᠢ ᠲᠤᠭᠤᠰᠢᠯᠠᠭᠤᠯᠬᠤ ᠪᠣᠳᠠᠲᠠᠶ ᠬᠡᠷᠡᠭᠵᠢᠭᠦᠯᠬᠦ ᠲᠥᠰᠦᠯ ᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ︽ᠲᠦᠷᠢᠮ︾ ᠳᠤ ᠲᠣᠭᠲᠠᠭᠠᠭᠰᠠᠨ ᠬᠠᠷᠠᠯᠲᠠᠲᠤ ᠡᠭᠦᠷᠭᠡ᠂ ᠠᠵᠢᠯ ᠤᠨ ᠠᠷᠭ᠎ᠠ ᠬᠡᠮᠵᠢᠶ᠎ᠡ ᠪᠠ ᠬᠠᠷᠢᠭᠤᠴᠠᠯᠭᠠᠲᠤ ᠨᠢᠭᠡᠴᠢ ᠶᠢ ᠲᠣᠳᠣᠷᠬᠠᠶᠢᠯᠠᠵᠤ᠂ ᠨᠠᠰᠤᠵᠢᠯ ᠤᠨ ︽ᠲᠦᠷᠢᠮ︾ ᠤᠨ ᠦᠢᠯᠡᠴᠢᠯᠡᠭᠡᠨ ᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠯᠦᠭᠡ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ︽ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠭᠦᠨ ᠤ ᠬᠠᠮᠲᠤ᠂ ᠡᠯ᠎ᠡ ᠠᠶᠢᠮᠠᠭ ᠬᠤᠲᠠ ᠳᠤ ︽ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠰᠠᠨᠠᠯ ᠪᠤᠶᠤ ᠬᠡᠷᠡᠭᠵᠢᠭᠦᠯᠬᠦ ᠲᠥᠰᠦᠯ ᠢ ᠲᠣᠭᠲᠠᠭᠠᠨ ᠨᠡᠶᠢᠲᠡᠯᠡᠵᠦ᠂ ᠠᠵᠢᠯ ᠤᠨ ᠬᠠᠷᠠᠯᠲᠠ ᠡᠭᠦᠷᠭᠡ ᠪᠠ ᠪᠣᠳᠠᠲᠠᠶ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠬᠡᠮᠵᠢᠶᠡᠵᠢᠭᠦᠯᠵᠦ᠂ ︽ᠲᠦᠷᠢᠮ︾ ᠢ ᠦᠨᠳᠦᠰᠦᠨ ᠱᠠᠲᠤᠨ ᠳᠤ ᠭᠦᠢᠴᠡᠳ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠨ᠎ᠠ᠃ ᠭᠤᠷᠪᠠ ᠳᠤ᠂ ᠢᠵᠢ ᠪᠦᠷᠢᠳᠦᠯ ᠤᠨ ᠲᠦᠷᠢᠮ ᠳᠤ ᠵᠠᠰᠠᠪᠤᠷᠢ ᠣᠷᠣᠭᠤᠯᠤᠨ ᠪᠦᠷᠢᠨᠰᠢᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠨ ᠳᠠᠬᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠢᠵᠢ ᠪᠦᠷᠢᠳᠦᠯ ᠤᠨ ᠲᠦᠷᠢᠮ ᠢ ᠬᠢᠨᠠᠮᠠᠭᠠᠶ ᠡᠮᠬᠢᠯᠡᠨ ᠳᠢᠭᠯᠡᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠲᠦᠷᠢᠮ ᠳᠠᠬᠢ ︽ᠲᠦᠷᠢᠮ︾ ᠲᠠᠢ ᠵᠦᠷᠢᠶᠡᠨ ᠲᠠᠢ ᠪᠠᠶᠢᠬᠤ ᠵᠦᠢᠯ ᠢ ᠴᠠᠭ ᠲᠤᠬᠠᠶ ᠳᠤ ᠨᠢ ᠢᠯᠭᠠᠷᠠᠭᠤᠯᠤᠨ ᠳᠢᠭᠯᠡᠵᠦ ᠬᠦᠴᠦᠨ ᠥᠬᠡᠶ ᠪᠣᠯᠭᠠᠬᠤ ᠪᠤᠶᠤ ᠲᠣᠬᠢᠷᠠᠭᠤᠯᠤᠯᠲᠠ ᠬᠢᠵᠦ ᠵᠠᠰᠠᠪᠤᠷᠢ ᠣᠷᠣᠭᠤᠯᠤᠨ᠎ᠠ︔ ︽ᠲᠦᠷᠢᠮ︾ ᠳᠤ ᠱᠠᠭᠠᠷᠳᠠᠭᠰᠠᠨ ᠣᠷᠳᠣ ᠬᠤᠭᠤᠴᠠᠭ᠎ᠠ ᠪᠠᠷ ᠬᠠᠷᠠᠭᠠᠯᠵᠠᠯ ᠢ ᠪᠠᠲᠤᠯᠠᠬᠤ᠂ ᠣᠨᠴᠠᠭᠠᠶ ᠬᠦᠴᠢᠷᠳᠡᠯᠲᠡᠶ ᠬᠦᠮᠦᠰ ᠢ ᠰᠤᠷᠪᠤᠯᠵᠢᠯᠠᠬᠤ᠂ ᠨᠠᠰᠤᠲᠠᠶᠢᠴᠤᠳ ᠤᠨ ᠶᠡᠷᠦᠩᠬᠡᠶᠢᠯᠡᠭᠰᠡᠨ ᠴᠢᠳᠠᠪᠤᠷᠢ ᠶᠢ ᠦᠨᠡᠯᠡᠨ ᠵᠢᠱᠢᠬᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠪᠠ ᠦᠢᠯᠡᠴᠢᠯᠡᠭᠡᠨ ᠤ ᠶᠠᠰᠤ ᠴᠢᠨᠠᠷ ᠢ ᠬᠢᠨᠠᠨ ᠬᠡᠮᠵᠢᠬᠦ ᠵᠡᠷᠭᠡ ᠢᠵᠢ ᠪᠥᠷᠢᠳᠦᠭᠦᠯᠬᠦ ᠲᠦᠷᠢᠮ ᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠱᠠᠯᠠᠪᠳᠠᠨ ᠵᠣᠬᠢᠴᠠᠭᠤᠯᠵᠤ ᠪᠠᠶᠢᠭᠠᠳ ᠰᠤᠳᠤᠯᠤᠨ ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠪᠠᠯᠠᠢ ᠣᠷᠣᠨ ᠪᠠ ᠬᠤᠭᠤᠰᠣᠨ ᠭᠠᠵᠠᠷ ᠢ ᠨᠥᠬᠦᠪᠦᠷᠢᠯᠡᠨ᠎ᠡ᠃ ᠡᠭᠦᠨ ᠤ ᠬᠠᠮᠲᠤ᠂ ᠨᠠᠰᠤᠵᠢᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠪᠠᠷᠢᠮᠵᠢᠶ᠎ᠠ ᠶᠢ ᠦᠨᠳᠦᠰᠦᠯᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ᠂ ᠬᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠠᠰᠤᠲᠠᠶᠢᠴᠤᠳ ᠤᠨ ᠦᠢᠯᠡᠳᠬᠦᠨ ᠬᠡᠷᠡᠭᠯᠡᠬᠦᠨ ᠵᠡᠷᠭᠡ ᠲᠠᠯ᠎ᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠲᠦᠷᠭᠡᠬᠡᠨ ᠲᠣᠭᠲᠠᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠠᠵᠢᠯ ᠲᠥᠷᠥᠯ ᠤᠨ ᠬᠠᠮᠢᠶᠠᠷᠤᠯᠲᠠ ᠪᠠ ᠡᠵᠡᠩᠨᠡᠯᠲᠡ ᠶᠢᠨ ᠦᠢᠯᠡᠴᠢᠯᠡᠭᠡᠨ ᠤ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠤᠨ ᠪᠠᠷᠢᠮᠵᠢᠶ᠎ᠠ ᠳᠤ ᠵᠣᠬᠢᠴᠠᠭᠤᠯᠤᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠲᠦᠷᠪᠡ ᠳᠤ᠂ ︽ᠲᠦᠷᠢᠮ︾ ᠪᠠ ᠬᠤᠯᠪᠣᠭᠳᠠᠯ ᠪᠦᠬᠦᠢ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠬᠥᠭᠵᠢᠯᠲᠡ ᠶᠢᠨ ᠲᠥᠯᠥᠪᠵᠢᠭᠦᠯᠭᠡ︾ ᠶᠢ ᠲᠣᠭᠲᠠᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠬᠥᠭᠵᠢᠯᠲᠡ ᠶᠢᠨ ᠬᠠᠷᠠᠯᠲᠠ᠂ ᠭᠤᠤᠯ ᠡᠭᠦᠷᠭᠡ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠪᠠ᠃ ᠪᠢᠳᠡ ︽ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠬᠠᠮᠢᠶ᠎ᠠ ᠪᠦᠬᠦᠢ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠦᠷᠢᠮ︾ ᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠴᠢᠬᠤᠯᠠ ᠬᠠᠤᠯᠢ ᠴᠠᠭᠠᠵᠠ ᠶᠢᠨ ᠵᠢᠷᠤᠮᠯᠠᠯ ᠪᠣᠯᠭᠠᠵᠤ᠂ ᠬᠤᠯᠪᠣᠭᠳᠠᠯ ᠪᠥᠬᠦᠶ ᠲᠥᠯᠥᠪᠵᠢᠭᠦᠯᠭᠡ ᠶᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠬᠡᠷᠡᠭᠵᠢᠭᠦᠯᠬᠦ ᠴᠢᠬᠤᠯᠠ ᠭᠠᠷᠳᠠᠴᠠ ᠪᠣᠯᠭᠠᠵᠤ᠂ ᠬᠠᠷᠠᠯᠲᠠ ᠪᠠᠨ ᠨᠢᠭᠡᠳᠬᠡᠵᠦ᠂ ᠠᠷᠭ᠎ᠠ ᠵᠠᠮ ᠢᠶᠠᠨ ᠨᠢᠭᠡᠳᠬᠡᠵᠦ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠨ᠂ ᠠᠯᠤᠰ ᠬᠡᠲᠦ ᠶᠢ ᠪᠣᠳᠣᠯᠬᠢᠯᠠᠬᠤ ᠶᠢ ᠪᠠᠷᠢᠮᠲᠠᠯᠠᠨ᠂ ᠱᠠᠲᠤ ᠦᠶ᠎ᠡ ᠶᠢᠨ ᠴᠢᠨᠠᠷᠲᠠᠶ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠪᠠᠷ ᠪᠠᠷᠠᠬᠤ ᠥᠬᠡᠶ ᠪᠠᠰᠠ ᠠᠯᠤᠰ ᠬᠡᠲᠦ ᠶᠢ ᠪᠠᠲᠤᠯᠠᠬᠤ ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠴᠢᠨᠠᠷ ᠰᠠᠶᠢᠲᠠᠶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠴᠯᠠᠭ᠎ᠠ ᠶᠢᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠤᠨ᠎ᠠ᠃ ᠲᠠᠪᠤ ᠳᠤ᠂ ︽ᠲᠦᠷᠢᠮ︾ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠪᠠᠶᠢᠴᠠᠭᠠᠯᠲᠠ ᠶᠢ ᠴᠠᠭ ᠲᠤ ᠨᠢ ᠲᠣᠬᠢᠷᠠᠭᠤᠯᠤᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠬᠢᠷᠠᠭᠤᠯᠤᠯᠲᠠ ᠶᠣᠰᠣᠭᠠᠷ ︽ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠢ ᠴᠠᠭ ᠲᠤ ᠨᠢ ᠲᠣᠬᠢᠷᠠᠭᠤᠯᠤᠨ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠲᠤ ᠪᠠᠶᠢᠳᠠᠯ ᠳᠤ ᠭᠦᠨᠵᠡᠭᠡᠶᠢᠷᠡᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ︽ᠳᠦᠷᠢᠮ︾ ᠢ ᠦᠨᠳᠦᠰᠦᠨ ᠱᠠᠲᠤᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠣᠨᠣᠪᠴᠢᠲᠠᠶ ᠡᠵᠡᠮᠰᠢᠬᠦ ᠶᠢᠨ ᠬᠠᠮᠲᠤ ᠪᠦᠬᠦ ᠲᠠᠯ᠎ᠠ ᠶᠢᠨ ᠦᠨᠡᠯᠡᠯᠲᠡ ᠬᠢᠵᠦ᠂ ︽ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠴᠠ ᠳᠤ ᠣᠯᠤᠭᠰᠠᠨ ᠠᠵᠢᠯ ᠤᠨ ᠦᠷ᠎ᠡ ᠪᠦᠲᠦᠮᠵᠢ ᠪᠠ ᠰᠠᠶᠢᠨ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠶ ᠳᠤ ᠨᠢ ᠳ᠋ᠦᠩᠨᠡᠵᠦ᠂ ︽ᠲᠦᠷᠢᠮ︾ ᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠵᠢᠴᠢ ᠰᠢᠯᠲᠠᠭᠠᠨ ᠢ ᠨᠠᠷᠢᠨ ᠬᠢᠨᠠᠮᠠᠭᠠᠶ ᠵᠠᠳᠠᠯᠤᠨ ᠰᠤᠳᠤᠯᠵᠤ ᠮᠠᠭᠠᠳᠯᠠᠭᠠᠳ᠂ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠰᠠᠨᠠᠯ ᠰᠠᠨᠠᠭᠤᠯᠭ᠎ᠠ ᠳᠤᠷᠠᠳᠴᠤ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠳᠤ ᠲᠤᠰᠢᠶᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠭᠤᠯᠤᠨ᠎ᠠ᠃
 
ᠢᠷᠡᠯᠲᠡ᠄ ᠥᠪᠦᠷ ᠮᠤᠩᠭᠤᠯ ᠤᠨ ᠠᠷᠠᠳ ᠤᠨ ᠵᠠᠰᠠᠭ ᠤᠨ ᠣᠷᠳᠣᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号