ᠬᠦᠪᠡᠭᠡᠲᠦ ᠰᠢᠷ᠎ᠠ ᠬᠤᠰᠢᠭᠤᠨ ᠤ ᠬᠠᠤᠯᠢ ᠪᠤᠰᠤ ᠪᠠᠷ ᠭᠠᠵᠠᠷ ᠬᠡᠷᠡᠭᠯᠡᠬᠦ ᠶᠢ ᠲᠤᠰᠬᠠᠢ ᠲᠥᠷᠦᠯ ᠢᠶᠠᠷ ᠴᠡᠪᠡᠷᠯᠡᠨ ᠴᠡᠭᠴᠡᠯᠡᠬᠦ ᠠᠵᠢᠯ ᠤᠨ ᠲᠥᠰᠦᠯ
ᠨᠡᠶᠢᠲᠡᠯᠡᠭᠰᠡᠨ ᠴᠠᠭ᠄
2021/12/24
                     ᠲᠥᠰᠦᠯ       ︽ᠰᠢᠯᠢ ᠶᠢᠨ ᠭᠤᠣᠯ ᠠᠶᠢᠮᠠᠭ ᠤᠨ ᠬᠠᠤᠯᠢ ᠪᠣᠰᠤ ᠪᠠᠷ ᠭᠠᠵᠠᠷ ᠬᠡᠷᠡᠭᠯᠡᠬᠦ ᠶᠢ ᠲᠤᠰᠬᠠᠢ ᠲᠥᠷᠦᠯ ᠢᠶᠠᠷ ᠴᠡᠪᠡᠷᠯᠡᠨ ᠴᠡᠭᠴᠡᠯᠡᠬᠦ ᠠᠵᠢᠯ ᠤᠨ ᠲᠥᠰᠦᠯ ᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ᠂ ᠮᠠᠨ ᠤ ᠬᠤᠰᠢᠭᠤᠨ ᠤ ᠬᠠᠤᠯᠢ ᠪᠤᠰᠤ ᠪᠠᠷ ᠭᠠᠵᠠᠷ ᠬᠡᠷᠡᠭᠯᠡᠬᠦ ᠶᠢ ᠲᠤᠰᠬᠠᠢ ᠲᠥᠷᠦᠯ ᠢᠶᠠᠷ ᠴᠡᠪᠡᠷᠯᠡᠨ ᠴᠡᠭᠴᠡᠯᠡᠬᠦ ᠠᠵᠢᠯ ᠤᠨ ᠡᠯ᠎ᠡ ᠲᠥᠷᠦᠯ ᠤᠨ ᠡᠬᠦᠷᠭᠡ ᠶᠢ ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠬᠦ ᠶᠢ ᠪᠠᠳᠤᠯᠠᠬᠤ ᠶᠢᠨ ᠲᠤᠯᠠᠳᠠ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠲᠤᠰ ᠲᠥᠰᠦᠯ ᠢ ᠲᠤᠭᠲᠠᠭᠠᠪᠠ᠃       ᠨᠢᠭᠡ᠂ ᠵᠢᠯᠤᠭᠤᠳᠬᠤ ᠦᠵᠡᠯ ᠰᠠᠨᠠᠭ᠎ᠠ       ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠵᠣᠷᠢᠭ ᠰᠠᠨᠠᠭ᠎ᠠ ᠪᠠᠷ ᠵᠢᠯᠤᠭᠤᠳᠤᠮᠵᠢ ᠪᠣᠯᠭᠠᠨ᠂ ᠰᠢ ᠶᠢᠨ ᠫᠢᠩ ᠶᠡᠷᠦᠩᠬᠡᠢ ᠱᠦᠵᠢ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠤᠬᠠᠢ ᠴᠢᠬᠤᠯᠠ ᠵᠢᠭᠠᠪᠤᠷᠢ ᠴᠢᠬᠤᠯᠠ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠲᠣᠣᠱᠯᠠᠭᠤᠯᠤᠨ ᠨᠠᠶᠢᠳᠠᠪᠦᠷᠢᠵᠢᠭᠤᠯᠵᠤ᠂ ︽ᠲᠥᠷᠪᠡᠨ ᠤᠬᠠᠮᠰᠠᠷ︾ ᠢ ᠪᠠᠳᠤᠳᠬᠠᠨ᠂ ︽ᠲᠥᠷᠪᠡᠨ ᠢᠳᠡᠭᠡᠯ︾ ᠢ ᠪᠠᠬᠢᠵᠢᠬᠦᠯᠦᠨ᠂ ︽ᠬᠤᠶᠠᠷ ᠢ ᠬᠠᠮᠠᠭᠠᠯᠠᠬᠤ︾ ᠶᠢ ᠰᠠᠶᠢᠲᠤᠷ ᠬᠢᠵᠤ᠂ ᠤᠯᠤᠰ ᠲᠥᠷᠦ ᠶᠢᠨ ᠵᠣᠭᠰᠤᠴᠠ ᠪᠠᠨ ᠲᠡᠭᠡᠭᠰᠢᠯᠡᠬᠦᠯᠦᠨ᠂ ᠡᠬᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠪᠤᠳᠠᠳᠤ ᠶᠢ ᠡᠷᠬᠢᠮᠯᠡᠬᠦ ᠢ ᠪᠠᠷᠢᠮᠳᠠᠯᠠᠵᠤ᠂ ᠵᠠᠰᠠᠯᠲᠠ ᠶᠢᠨ ᠴᠢᠳᠠᠪᠦᠷᠢ ᠪᠠᠨ ᠦᠨᠡᠨᠬᠦ ᠲᠡᠭᠡᠭᠰᠢᠯᠡᠬᠦᠯᠦᠨ᠂ ᠭᠠᠵᠠᠷ ᠰᠢᠷᠦᠢ ᠬᠡᠷᠡᠭᠯᠡᠬᠦ ᠡᠮᠬᠢ ᠳᠢᠭᠯᠢᠮ ᠢ ᠬᠠᠮᠠᠭᠠᠯᠠᠨ᠎ᠠ᠃ᠬᠤᠶᠠᠷ᠂ ᠶᠡᠷᠦᠩᠬᠡᠢ ᠱᠠᠭᠠᠷᠳᠠᠯᠭ᠎ᠠᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠬᠦᠯᠬᠦ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠤᠨ᠂ ︽ᠬᠠᠮᠤᠭ ᠤᠨ ᠴᠢᠩᠭ᠎ᠠ ᠲᠥᠷᠢᠮ᠂ ᠬᠠᠤᠯᠢ ᠴᠢᠩᠭ᠎ᠠ ᠬᠠᠤᠯᠢ ᠪᠠᠷ ᠠᠮᠢ ᠠᠬᠤᠢ ᠶᠢᠨ ᠣᠷᠴᠢᠨ ᠲᠤᠭᠤᠷᠢᠨ ᠢ ᠵᠠᠰᠠᠨ ᠬᠠᠮᠠᠭᠠᠯᠠᠬᠤ︾ ᠶᠢ ᠪᠠᠷᠢᠮᠲᠠᠯᠠᠵᠤ᠂ ᠴᠢᠩᠭ᠎ᠠ᠂ ᠲᠦᠷᠢᠮᠵᠢᠬᠦᠨ᠂ ᠲᠥᠪ ᠭᠤᠣᠯᠴᠢ᠂ ᠪᠤᠯᠪᠠᠰᠤᠨ ᠬᠠᠤᠯᠢ ᠬᠡᠷᠡᠭᠵᠢᠬᠦᠯᠬᠦ ᠶᠢ ᠪᠠᠷᠢᠮᠲᠠᠯᠠᠨ᠎ᠠ᠃ ᠳᠠᠭᠠᠭᠤᠯᠢ ᠣᠳᠣᠨ ᠤ ᠰᠡᠭᠦᠳᠡᠷ ᠵᠢᠷᠤᠭ ᠢᠶᠠᠷ ᠬᠢᠨᠠᠨ ᠬᠡᠮᠵᠢᠬᠦ ᠲᠤᠭ᠎ᠠ ᠪᠠᠷᠢᠮᠲᠠ ᠶᠢᠨ ᠦᠷ᠎ᠡ ᠪᠦᠳᠦᠮᠵᠢ ᠶᠢ ᠬᠦᠢᠴᠡᠳ ᠬᠡᠷᠡᠭᠯᠡᠨ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠪᠤᠰᠤ ᠰᠦᠪᠡᠭᠴᠢ ᠶᠢ ᠪᠠᠶᠢᠴᠠᠭᠠᠨ ᠭᠠᠷᠭᠠᠵᠤ᠂ ᠢᠯᠡᠷᠡᠬᠦᠯᠦᠭᠰᠡᠨ ᠠᠰᠠᠭᠤᠳᠠᠯ ᠢ ᠬᠠᠤᠯᠢ ᠲᠥᠷᠢᠮ ᠶᠤᠰᠤᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠤᠯᠢ ᠪᠤᠰᠤ ᠪᠠᠶᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ᠂ ᠲᠡᠦᠬᠡᠨ ᠳᠤ ᠦᠯᠡᠳᠡᠭᠳᠡᠭᠰᠡᠨ ᠬᠠᠤᠯᠢ ᠪᠤᠰᠣ ᠠᠰᠠᠭᠤᠳᠠᠯ ᠢ ᠪᠠᠭᠠᠰᠬᠠᠨ᠂ ᠰᠢᠨ᠎ᠡ ᠪᠠᠷ ᠨᠡᠮᠡᠭᠳᠡᠬᠦ ᠶᠢ ᠬᠤᠷᠢᠭᠯᠠᠨ᠎ᠠ᠃ ᠠᠮᠢ ᠠᠬᠤᠢ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠪᠠ ᠬᠤᠲᠠ ᠪᠠᠯᠭᠠᠰᠤᠨ ᠤ ᠨᠡᠭᠡᠭᠡᠯᠳᠡ ᠶᠢᠨ ᠬᠢᠯᠢ ᠬᠢᠵᠭᠠᠠᠷ ᠤᠨ ᠭᠤᠷᠪᠠᠨ ᠵᠤᠷᠪᠤᠰ ︽ᠤᠯᠠᠭᠠᠨ ᠱᠣᠭᠤᠮ︾ ᠢ ᠴᠢᠩᠭ᠎ᠠ ᠰᠠᠬᠢᠨ᠎ᠠ᠃ ᠡᠳᠦᠷ ᠳᠣᠲᠤᠮ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠡᠬᠢ ᠡᠬᠦᠰᠦᠯᠳᠡᠢ ᠠᠴᠠ ᠨᠢ ᠵᠠᠰᠠᠬᠤ ᠶᠢ ᠴᠢᠬᠤᠯᠠᠴᠢᠯᠠᠵᠤ᠂ ᠬᠠᠤᠯᠢ ᠬᠡᠷᠡᠭᠵᠢᠬᠦᠯᠬᠦ ᠶᠢ ᠴᠢᠩᠭ᠎ᠠ ᠲᠥᠷᠢᠮᠵᠢᠬᠦᠯᠦᠨ᠂ ᠤᠷᠳᠤ ᠬᠤᠭᠤᠴᠠᠭᠠᠲᠤ ᠴᠢᠨᠠᠷᠲᠠᠢ ᠲᠤᠭᠲᠠᠯᠴᠠᠭ᠎ᠠ ᠶᠢ ᠲᠡᠬᠦᠯᠳᠡᠷᠵᠢᠬᠦᠯᠦᠨ᠂ ᠦᠢᠯᠡᠴᠢᠯᠡᠭᠡᠨ ᠤ ᠬᠢᠨᠠᠨ ᠬᠠᠮᠢᠶᠠᠷᠤᠯᠲᠠ ᠶᠢᠨ ᠬᠢᠷᠢ ᠲᠥᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠪᠦᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠮᠬᠢ ᠲᠢᠭᠯᠢᠮ ᠢ ᠦᠨᠡᠨᠬᠦ ᠰᠠᠶᠢᠲᠤᠷ ᠬᠠᠮᠠᠭᠠᠯᠠᠨ᠎ᠠ᠃         ᠭᠤᠷᠪᠠ᠂ ᠵᠠᠰᠠᠨ ᠴᠡᠭᠴᠡᠯᠡᠬᠦ ᠬᠦᠷᠢᠶ᠎ᠡ ᠬᠡᠪᠴᠢᠶ᠎ᠡ         ︵ᠨᠢᠭᠡ︶ 2018 ᠣᠨ᠂ 2019 ᠣᠨ ᠤ ᠲᠠᠭᠠᠭᠤᠯᠢ ᠣᠳᠣ ᠪᠠᠷ ᠬᠠᠤᠯᠢ ᠬᠡᠷᠡᠭᠵᠢᠬᠦᠯᠬᠦ ᠳᠤ ᠢᠯᠡᠷᠡᠬᠦᠯᠦᠭᠰᠡᠨ ᠬᠠᠤᠯᠢ ᠪᠤᠰᠤ ᠪᠠᠷ ᠭᠠᠵᠠᠷ ᠬᠡᠷᠡᠭᠯᠡᠵᠦ ᠣᠶᠢᠨ ᠳᠤ ᠣᠳᠣ ᠪᠤᠯᠲᠠᠯ᠎ᠠ ᠵᠠᠰᠠᠨ ᠴᠡᠭᠴᠡᠯᠡᠵᠦ ᠲᠠᠭᠤᠰᠤᠭ᠎ᠠ ᠦᠭᠡᠢ ᠠᠰᠠᠭᠤᠳᠠᠯ᠃         ︵ᠬᠤᠶᠠᠷ︶ 2016 ᠣᠨ ᠠᠴᠠ ᠨᠠᠭᠠᠰᠢ ᠬᠢᠨᠠᠨ ᠪᠠᠶᠢᠴᠠᠭᠠᠯᠲᠠ ᠳᠤ ᠢᠯᠡᠷᠡᠬᠦᠯᠦᠭᠰᠡᠨ ᠬᠠᠤᠯᠢ ᠪᠣᠰᠤ ᠪᠠᠷ ᠭᠠᠵᠠᠷ ᠬᠡᠷᠡᠭᠯᠡᠵᠦ ᠬᠠᠷᠠᠬᠠᠨ ᠵᠠᠰᠠᠨ ᠴᠡᠭᠴᠡᠯᠡᠵᠦ ᠲᠠᠭᠤᠰᠤᠭ᠎ᠠ ᠦᠭᠡᠢ ᠠᠰᠠᠭᠤᠳᠠᠯ᠃         ︵ᠭᠤᠷᠪᠠ︶ ︽ᠲᠤᠮᠤ ᠬᠡᠯᠪᠡᠷᠢ ᠶᠢᠨ ᠳᠥᠬᠦᠮ ᠪᠦᠳᠦᠴᠡᠳᠦ ᠭᠡᠷ︾ ᠤᠨ ᠲᠤᠰᠬᠠᠢ ᠲᠥᠷᠦᠯ ᠤᠨ ᠵᠠᠰᠠᠨ ᠴᠡᠭᠴᠡᠯᠡᠯᠲᠡ ᠶᠢ ᠪᠤᠰᠤᠳ ᠤᠴᠢᠷ ᠶᠠᠪᠤᠳᠠᠯ ᠪᠣᠯᠭᠠᠨ ᠬᠤᠪᠢᠷᠠᠭᠤᠯᠤᠭᠠᠳ ᠤᠳᠤᠬᠠᠨ ᠪᠣᠯᠲᠠᠯ᠎ᠠ ᠵᠠᠰᠠᠨ ᠴᠡᠭᠴᠡᠯᠡᠵᠦ ᠲᠠᠭᠤᠰᠤᠭ᠎ᠠ ᠦᠭᠡᠢ ᠠᠰᠠᠭᠤᠳᠠᠯ᠃         ︵ᠳᠥᠷᠪᠡ︶ 2020 ᠣᠨ ᠤ ᠤᠯᠤᠰ ᠤᠨ ᠬᠢᠨᠠᠨ ᠪᠣᠳᠤᠯᠲᠠ ᠶᠢᠨ ᠵᠠᠬᠢᠷᠭ᠎ᠠ ᠶᠢᠨ ᠬᠠᠷᠪᠢᠨ ᠳᠤ ᠪᠠᠶᠢᠭ᠎ᠠ ᠠᠯᠪᠠᠨ ᠭᠡᠷ ᠪᠠ 2019 ᠣᠨ ᠤ ᠥᠪᠡᠷᠲᠡᠭᠡᠨ ᠵᠠᠰᠠᠬᠤ ᠣᠷᠤᠨ ᠤ ᠬᠢᠨᠠᠨ ᠪᠣᠲᠤᠯᠲᠠ ᠶᠢᠨ ᠲᠠᠩᠬᠢᠮ ᠤᠨ ᠢᠯᠡᠷᠡᠬᠦᠯᠦᠭᠰᠡᠨ ᠬᠠᠤᠯᠢ ᠪᠤᠰᠤ ᠪᠠᠷ ᠭᠠᠵᠠᠷ ᠬᠡᠷᠡᠭᠯᠡᠵᠦ ᠤᠳᠤᠬᠠᠨ ᠪᠣᠯᠲᠠᠯ᠎ᠠ ᠵᠠᠰᠠᠨ ᠴᠡᠭᠴᠡᠯᠡᠵᠦ ᠲᠠᠭᠤᠰᠤᠭ᠎ᠠ ᠦᠭᠡᠢ ᠠᠰᠠᠭᠤᠳᠠᠯ᠃         ︵ᠲᠠᠪᠤ︶ 2019 ᠣᠨ ᠠᠴᠠ ᠨᠠᠭᠠᠰᠢ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠦᠴᠢᠷ ᠤᠨ 12336᠂ ᠶᠠᠷᠢᠶ᠎ᠠ ᠬᠡᠯᠡᠯᠴᠡᠭᠡ᠂ ᠳᠡᠭᠡᠳᠦ ᠱᠠᠳᠣᠨ ᠤ ᠲᠤᠰᠢᠶᠠᠨ ᠬᠦᠢᠴᠡᠳᠭᠡᠬᠦᠯᠦᠭᠰᠡᠨ ᠵᠡᠷᠭᠡ ᠬᠦᠯᠢᠶᠡᠨ ᠠᠪᠤᠭᠰᠠᠨ ᠬᠠᠤᠯᠢ ᠪᠤᠰᠤ ᠪᠠᠷ ᠭᠠᠵᠠᠷ ᠬᠡᠷᠡᠭᠯᠡᠵᠦ ᠬᠠᠷᠠᠬᠠᠨ ᠵᠠᠰᠠᠨ ᠴᠡᠭᠴᠡᠯᠡᠵᠦ ᠲᠠᠭᠤᠰᠤᠭ᠎ᠠ ᠦᠭᠡᠢ ᠠᠰᠠᠭᠤᠳᠠᠯ᠃         ︵ᠵᠢᠷᠭᠤᠭ᠎ᠠ︶ ᠪᠤᠰᠤᠳ ᠴᠡᠪᠡᠷᠯᠡᠨ ᠴᠡᠭᠴᠡᠯᠡᠬᠦ ᠬᠦᠷᠢᠶ᠎ᠡ ᠬᠡᠪᠴᠢᠶᠠᠨ ᠳᠤ ᠪᠠᠶᠢᠭ᠎ᠠ ᠰᠢᠨ᠎ᠡ ᠪᠠᠷ ᠨᠡᠮᠡᠭᠳᠡᠭᠰᠡᠨ ᠬᠠᠤᠯᠢ ᠪᠤᠰᠤ ᠪᠠᠷ ᠭᠠᠵᠠᠷ ᠬᠡᠷᠡᠭᠯᠡᠭᠰᠡᠨ ᠠᠰᠠᠭᠤᠳᠠᠯ᠃         ᠲᠥᠷᠪᠡ᠂ ᠠᠵᠢᠯ ᠤᠨ ᠬᠠᠷᠠᠯᠲᠠ         ᠲᠤᠰ ᠤᠳᠠᠭᠠᠨ ᠤ ᠬᠠᠤᠯᠢ ᠪᠤᠰᠤ ᠪᠠᠷ ᠭᠠᠵᠠᠷ ᠬᠡᠷᠡᠭᠯᠡᠬᠦ ᠶᠢ ᠲᠤᠰᠬᠠᠢ ᠲᠥᠷᠦᠯ ᠢᠶᠠᠷ ᠴᠡᠪᠡᠷᠯᠡᠨ ᠴᠡᠭᠴᠡᠯᠡᠬᠦ ᠠᠵᠢᠯ ᠨᠢ ᠲᠡᠭᠡᠷ᠎ᠡ ᠲᠤᠷᠠᠳᠤᠭᠰᠠᠨ ᠬᠠᠤᠯᠢ ᠪᠤᠰᠤ ᠪᠠᠷ ᠭᠠᠵᠠᠷ ᠬᠡᠷᠡᠭᠯᠡᠭᠰᠡᠨ ᠠᠰᠠᠭᠤᠳᠠᠯ ᠤᠨ ᠲᠤᠭ᠎ᠠ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ ᠬᠠᠤᠯᠢ ᠪᠤᠰᠤ ᠪᠠᠷ ᠭᠠᠵᠠᠷ ᠬᠡᠷᠡᠭᠯᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠤᠯᠢ ᠪᠤᠰᠤ ᠪᠠᠷ ᠭᠠᠵᠠᠷ ᠬᠡᠷᠡᠭᠯᠡᠭᠰᠡᠨ ᠠᠰᠠᠭᠤᠳᠠᠯ ᠢ ᠲᠤᠭᠲᠠᠭᠰᠠᠨ ᠬᠤᠭᠤᠴᠠᠭᠠᠨ ᠳᠤ ᠴᠡᠪᠡᠷᠯᠡᠨ ᠠᠷᠢᠯᠭᠠᠵᠤ ᠬᠠᠷᠠᠯᠲᠠ ᠪᠠᠨ ᠪᠡᠶᠡᠯᠡᠬᠦᠯᠦᠨ᠎ᠡ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号