ᠭᠦᠪᠡᠭᠡᠲᠦ ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/12/6
                        ᠠᠯᠪᠠᠨ ᠵᠠᠷᠯᠠᠯ                 ︵ᠭᠤᠴᠢᠨ  ᠵᠢᠷᠭᠤᠳᠤᠭᠠᠷ ᠲᠤᠭᠠᠳᠤ︶         ᠣᠶᠢᠷ᠎ᠠ ᠳᠤ᠂ ᠪᠦᠬᠦ ᠤᠯᠤᠰ ᠤᠨ ᠣᠯᠠᠨ ᠭᠠᠵᠠᠷ ᠲᠤ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢᠯᠡᠷᠡᠵᠦ᠂ ᠬᠠᠯᠳᠠᠪᠦᠷᠢᠯᠠᠭᠰᠠᠨ ᠬᠦᠮᠦᠨ ᠤ ᠲᠤᠭ᠎ᠠ ᠨᠡᠮᠡᠭᠳᠡᠨ᠂ ᠬᠦᠷᠢᠶ᠎ᠡ ᠬᠡᠪᠴᠢᠶ᠎ᠡ ᠦᠷᠭᠡᠳᠴᠦ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠨᠡᠯᠢᠶᠡᠳ ᠬᠦᠨᠳᠦ ᠪᠣᠳᠣᠯᠢᠶᠠᠨᠲᠠᠢ ᠪᠣᠯᠪᠠ᠃ 12 ᠰᠠᠷ᠎ᠠ ᠶᠢᠨ 5᠎ ᠤ ᠡᠳᠦᠷ ᠤᠨ 22 ᠴᠠᠭ ᠬᠦᠷᠲᠡᠯ᠎ᠡ᠂ ᠪᠦᠬᠦ ᠣᠯᠣᠰ ᠲᠤ ᠬᠢᠵᠢᠭ ᠤᠨ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ 8 ︵ᠮᠠᠨᠵᠤᠤᠷ ᠬᠤᠲᠠ ᠶᠢᠨ ᠬᠤᠶᠢᠨ᠎ᠠ ᠲᠤᠭᠤᠷᠢᠭ ᠤᠨ ᠵᠡᠭᠡᠯᠢ ᠭᠤᠳᠤᠮᠵᠢ᠂ ᠮᠠᠨᠵᠤᠤᠷ ᠬᠤᠲᠠ ᠶᠢᠨ ᠳ᠋ᠦᠩ ᠱᠠᠨ ᠵᠡᠭᠡᠯᠢ ᠭᠤᠳᠤᠮᠵᠢ᠂ ᠮᠠᠨᠵᠤᠤᠷ ᠬᠤᠲᠠ ᠶᠢᠨ ᠡᠮᠦᠨ᠎ᠡ ᠲᠤᠭᠤᠷᠢᠭ ᠤᠨ ᠵᠡᠭᠡᠯᠢ ᠭᠤᠳᠤᠮᠵᠢ᠂ ᠮᠠᠨᠵᠤᠤᠷ ᠬᠤᠲᠠ ᠶᠢᠨ ᠰᠢᠩ ᠬᠤᠸᠠ ᠵᠡᠭᠡᠯᠢ ᠭᠤᠳᠤᠮᠵᠢ᠂ ᠵᠠᠯᠠᠶᠢᠨᠠᠭᠤᠷ ᠲᠣᠭᠤᠷᠢᠭ ᠤᠨ ᠨᠢᠭᠡᠳᠦᠭᠡᠷ ᠵᠡᠭᠡᠯᠢ ᠭᠤᠳᠤᠮᠵᠢ᠂ ᠵᠠᠯᠠᠶᠢᠨᠠᠭᠤᠷ ᠲᠤᠭᠤᠷᠢᠭ ᠤᠨ ᠭᠤᠷᠪᠠᠳᠤᠭᠠᠷ ᠵᠡᠭᠡᠯᠢ ᠭᠤᠳᠤᠮᠵᠢ᠂ ᠵᠠᠯᠠᠶᠢᠨᠠᠭᠤᠷ ᠲᠤᠭᠤᠷᠢᠭ ᠤᠨ ᠳᠥᠷᠪᠡᠳᠦᠭᠡᠷ ᠵᠡᠭᠡᠯᠢ ᠭᠤᠳᠤᠮᠵᠢ᠂ ᠶᠦᠨᠨᠠᠨ ᠮᠣᠵᠢ ᠶᠢᠨ ᠳ᠋ᠧ ᠬᠤᠩ ᠵᠸᠦ ᠶᠢᠨ ᠯᠦᠩ ᠴᠤᠸᠠᠨ ᠰᠢᠶᠠᠨ ᠤ 71 ᠳ᠋ᠦ᠋ᠭᠡᠷ ᠲᠤᠭᠤᠷᠢᠭ︶ ᠪᠣᠯᠵᠤ᠂ ᠬᠢᠵᠢᠭ ᠤᠨ ᠲᠤᠮᠳᠠᠳᠤ ᠲᠡᠰ ᠤᠨ ᠲᠦᠭᠰᠢᠬᠦᠷᠢᠲᠦ ᠭᠠᠵᠠᠷ ᠣᠷᠤᠨ 33 ︵ᠬᠥᠯᠦᠨ ᠪᠤᠶᠢᠷ ᠲᠤ 4᠂ ᠲᠥᠩᠯᠢᠶᠤᠤ ᠬᠤᠲᠠ ᠳᠤ 1᠂ ᠬᠠᠷᠪᠢᠨ ᠬᠤᠲᠠ ᠳᠤ 22᠂ ᠱᠠᠩᠬᠠᠢ ᠬᠤᠲᠠ ᠳᠤ 4᠂ ᠭᠤᠸᠠᠩᠵᠸᠦ ᠬᠤᠲᠠ ᠳᠤ 1᠂ ᠶᠦᠨᠨᠠᠨ ᠤ ᠳ᠋ᠧ ᠬᠤᠩ ᠵᠸᠦ ᠳᠤ 1︶ ᠪᠣᠯᠪᠠ᠃ ᠮᠠᠨ ᠤ ᠬᠤᠰᠢᠭᠤᠨ ᠤ ︽ᠭᠠᠳᠠᠨ᠎ᠠ ᠠᠴᠠ ᠬᠠᠯᠳᠠᠪᠦᠷᠢᠯᠠᠨ ᠤᠷᠤᠵᠤ ᠢᠷᠡᠬᠦ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠰᠠᠶᠢᠲᠤᠷ ᠨᠠᠶᠢᠳᠠᠪᠦᠷᠢᠵᠢᠭᠤᠯᠵᠤ᠂ ᠬᠢᠵᠢᠭ ᠬᠠᠯᠳᠠᠪᠦᠷᠢᠯᠠᠨ ᠲᠠᠷᠬᠠᠬᠤ ᠠᠶᠤᠯ ᠲᠦᠭᠰᠢᠬᠦᠷᠢ ᠶᠢ ᠪᠦᠳᠦᠮᠵᠢᠳᠡᠢ ᠪᠠᠭᠤᠷᠠᠭᠤᠯᠬᠤ ᠎ ᠶᠢᠨ ᠲᠤᠯᠠᠳᠠ᠂ ᠬᠠᠮᠢᠶ᠎ᠠ ᠪᠦᠬᠦᠢ ᠵᠦᠢᠯᠡᠰ ᠢ ᠲᠤᠤᠷᠠᠬᠢ ᠮᠡᠳᠦ ᠵᠠᠷᠯᠠᠶ᠎ᠠ᠄        ᠨᠢᠭᠡ᠂ ᠦᠷᠭᠡᠨ ᠣᠯᠠᠨ ᠲᠥᠮᠡᠨ ᠬᠢᠵᠢᠭ ᠤᠨ ᠬᠦᠳᠡᠯᠦᠩᠬᠦᠢ ᠬᠤᠪᠢᠷᠠᠯᠲᠠ ᠶᠢ ᠰᠠᠶᠢᠲᠤᠷ ᠠᠩᠬᠠᠷᠴᠤ᠂ ᠴᠢᠬᠤᠯᠠ ᠤᠴᠢᠷ ᠶᠠᠪᠤᠳᠠᠯ ᠦᠬᠡᠢ ᠪᠣᠯ ᠬᠤᠰᠢᠭᠤᠨ ᠠᠴᠠ ᠰᠠᠯᠬᠤ ᠦᠭᠡᠢ᠂ ᠬᠢᠵᠢᠭ ᠤᠨ ᠲᠤᠮᠳᠠ ᠥᠨᠳᠦᠷ ᠲᠡᠰ ᠎ ᠤᠨ ᠲᠦᠭᠰᠢᠬᠦᠷᠢᠲᠦ ᠭᠠᠵᠠᠷ ᠣᠷᠤᠨ ᠪᠣᠶᠣ ᠤᠨᠤᠰᠢᠯᠠᠭᠳᠠᠭᠰᠠᠨ ᠡᠪᠡᠳᠴᠢᠨ ᠤ ᠵᠢᠱᠢᠶ᠎ᠡ ᠢᠯᠡᠷᠡᠭᠰᠡᠨ ᠭᠠᠵᠠᠷ ᠣᠷᠤᠨ ᠎ ᠳᠤ ᠣᠴᠢᠬᠤ ᠦᠬᠡᠢ ᠪᠠᠶᠢᠬᠤ ᠶᠢ ᠪᠠᠷᠢᠮᠲᠠᠯᠠᠵᠤ᠂ ᠬᠡᠷᠪᠡ ᠵᠠᠪᠠᠯ ᠤᠴᠢᠬᠤ ᠴᠢᠬᠤᠯᠠᠲᠠᠢ ᠪᠣᠯ᠂ ᠶᠠᠪᠤᠬᠤ ᠠᠴᠠ ᠡᠮᠦᠨ᠎ᠡ ᠡᠷᠬᠡᠪᠰᠢ ᠬᠠᠷᠢᠶ᠎ᠠ ᠰᠣᠮᠣ ᠪᠠᠯᠭᠠᠰᠤ᠂ ᠭᠠᠴᠠᠭ᠎ᠠ ᠨᠡᠶᠢᠭᠡᠮ ᠲᠣᠭᠤᠷᠢᠭ ᠲᠠᠭᠠᠨ ᠮᠡᠳᠡᠬᠦᠯᠵᠦ᠂ ᠠᠶᠠᠯᠠᠯ ᠤᠨ ᠶᠠᠪᠤᠴᠠ ᠳᠤᠮᠳᠠ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠤ᠂ ᠬᠤᠰᠢᠭᠤᠨ ᠳᠤ ᠪᠤᠴᠠᠭᠰᠠᠨ ᠤ ᠲᠠᠷᠠᠭ᠎ᠠ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠤᠰᠤᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠬᠤ ᠬᠡᠷᠡᠭᠳᠡᠢ᠃         ᠬᠤᠶᠠᠷ᠂ 11 ᠰᠠᠷ᠎ᠠ ᠶᠢᠨ 23᠎ ᠤ ᠡᠳᠦᠷ ᠠᠴᠠ ᠨᠠᠭᠠᠰᠢ ᠮᠠᠨᠵᠤᠤᠷ ᠬᠤᠲᠠ᠂ ᠭᠥᠯᠦᠨ ᠪᠤᠶᠢᠷ ᠬᠤᠲᠠ᠂ ᠲᠥᠩᠯᠢᠶᠤᠤ ᠬᠤᠲᠠ᠂ ᠬᠠᠷᠪᠢᠨ ᠬᠤᠲᠠ᠂ ᠱᠠᠩᠬᠠᠢ ᠬᠤᠲᠠ᠂ ᠭᠤᠸᠠᠩᠵᠸᠤ ᠬᠤᠲᠠ᠂ ᠶᠦᠨᠨᠠᠨ ᠤ ᠳ᠋ᠧ ᠬᠤᠩ ᠵᠸᠦ ᠳᠤ ᠠᠶᠠᠯᠠᠵᠤ ᠰᠠᠭᠤᠷᠢᠰᠢᠭᠰᠠᠨ ᠥᠩᠭᠡᠷᠡᠯᠲᠡ ᠲᠠᠢ ᠪᠤᠶᠤ ᠬᠢᠵᠢᠭ ᠤᠨ ᠲᠤᠮᠳᠠ ᠥᠨᠳᠦᠷ ᠲᠡᠰ ᠤᠨ ᠲᠠᠯᠠᠪᠤᠷ ᠎ ᠲᠤ ᠤᠷᠤᠵᠤ ᠭᠠᠷᠤᠭᠰᠠᠨ᠂ ᠤᠨᠤᠰᠢᠯᠠᠭᠳᠠᠭᠰᠠᠨ ᠡᠪᠡᠳᠴᠢᠨ ᠤ ᠵᠢᠱᠢᠶ᠎ᠡ ᠪᠤᠶᠤ ᠢᠯᠡᠷᠡᠯ ᠦᠬᠡᠢ ᠬᠠᠯᠳᠠᠪᠦᠷᠢᠯᠠᠭᠰᠠᠳ ᠎ ᠲᠠᠢ ᠨᠢᠭᠲᠠ ᠣᠶᠢᠷᠠᠳᠤᠭᠰᠠᠨ ᠬᠦᠮᠦᠰ ᠡᠷᠬᠡᠪᠰᠢ ᠲᠠᠷᠤᠶᠢᠬᠠᠨ ᠰᠠᠨᠠᠭᠠᠴᠢᠯᠠᠭ᠎ᠠ ᠠᠴᠠ ᠪᠠᠨ ᠬᠠᠷᠢᠶ᠎ᠠ ᠭᠠᠴᠠᠭ᠎ᠠ ᠨᠡᠶᠢᠭᠡᠮ ᠲᠤᠭᠤᠷᠢᠭ ᠪᠠ ᠪᠠᠶᠢᠭᠤᠯᠭ᠎ᠠ ᠨᠢᠭᠡᠴᠡ᠂ ᠠᠵᠤ ᠠᠬᠤᠶᠢᠯᠠᠯ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠦᠴᠢᠷ ᠪᠤᠶᠤ ᠬᠤᠰᠢᠭᠤ ᠵᠢᠯᠤᠭᠤᠳᠬᠤ ᠬᠡᠯᠲᠡᠰ ᠤᠨ ᠬᠠᠮᠢᠶ᠎ᠠ ᠪᠦᠬᠦᠢ ᠲᠤᠰᠬᠠᠢ ᠠᠵᠢᠯ ᠤᠨ ᠲᠤᠭᠤᠶᠢᠯᠠᠩ ︵ᠬᠤᠰᠢᠭᠤ ᠵᠢᠯᠤᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠣᠭᠤᠶᠢᠯᠠᠩ᠄ 110᠂ 6224814 ︔ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠣᠭᠤᠶᠢᠯᠠᠩ᠄ 6222994᠂ 13884790901︔ ᠬᠤᠰᠢᠭᠤ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ᠄ 6222615᠂ 18647916553︔ ᠰᠢᠨᠡᠪᠤᠯᠠᠭ ᠪᠠᠯᠭᠠᠰᠤᠨ ᠤ ᠲᠤᠮᠢᠯᠠᠭᠰᠠᠨ ᠰᠠᠯᠪᠦᠷᠢ᠄ 6222221︔ ᠪᠠᠶᠠᠨᠲᠠᠯ᠎ᠠ ᠪᠠᠯᠭᠠᠰᠤᠨ ᠤ ᠲᠤᠮᠢᠯᠠᠭᠰᠠᠨ ᠰᠠᠯᠪᠦᠷᠢ᠄ 13947910948︔ ᠤᠩᠭᠤᠨ ᠠᠭᠤᠯᠠ ᠰᠣᠮᠣᠨ ᠤ ᠲᠤᠮᠢᠯᠠᠭᠰᠠᠨ ᠰᠠᠯᠪᠦᠷᠢ᠄ 13947950284︔ ᠪᠤᠭᠲᠠ ᠶᠢᠨ ᠭᠤᠣᠯ ᠰᠣᠮᠣᠨ ᠤ ᠲᠤᠮᠢᠯᠠᠭᠰᠠᠨ ᠰᠠᠯᠪᠦᠷᠢ᠄ 13947925042︔ ᠮᠠᠨᠳᠤᠯ᠎ᠠ ᠨᠡᠶᠢᠭᠡᠮ ᠲᠣᠭᠤᠷᠢᠭ᠄ 13947998086︔ ᠡᠷᠳᠡᠨᠢ ᠨᠡᠶᠢᠭᠡᠮ ᠲᠤᠭᠤᠷᠢᠭ᠄ 15148679866︔ ᠶᠢᠷᠭᠠᠢ ᠨᠡᠶᠢᠭᠡᠮ ᠲᠣᠭᠤᠷᠢᠭ᠄ 17604790106︔  ᠪᠤᠯᠠᠭ ᠨᠡᠶᠢᠭᠡᠮ ᠲᠣᠭᠤᠷᠢᠭ᠄ 15847966858︔ ᠴᠡᠩᠭᠡᠯ ᠨᠡᠶᠢᠭᠡᠮ ᠲᠤᠭᠤᠷᠢᠭ᠄ 13848593646︔ ᠬᠠᠰᠢᠶᠠᠲᠤ ᠨᠡᠶᠢᠭᠡᠮ ᠲᠤᠭᠤᠷᠢᠭ᠄ 13664793205︶ ᠪᠤᠶᠤ ᠰᠠᠭᠤᠭᠰᠠᠨ ᠪᠠᠭᠤᠳᠠᠯ ᠳᠠᠭᠠᠨ ᠮᠡᠳᠡᠬᠦᠯᠬᠦ ᠶᠢᠨ ᠬᠠᠮᠲᠤ᠂ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ᠂ ᠪᠦᠬᠡᠮ ᠬᠦᠴᠢᠯ ᠤᠨ ᠪᠠᠶᠢᠴᠠᠭᠠᠯᠲᠠ ᠬᠢᠬᠦ᠂ ᠲᠤᠰᠠᠭᠠᠷᠯᠠᠨ ᠠᠵᠢᠭᠯᠠᠯᠲᠠ ᠬᠢᠬᠦ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠠᠮᠵᠢᠯᠴᠠᠨ ᠨᠠᠶᠢᠳᠠᠪᠦᠷᠢᠵᠢᠭᠤᠯᠬᠤ ᠬᠡᠷᠡᠭᠳᠡᠢ᠃         ᠭᠤᠷᠪᠠ᠂ ᠬᠢᠵᠢᠭ ᠤᠨ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠠᠴᠠ ᠮᠠᠨ ᠤ ᠬᠤᠰᠢᠭᠤᠨ ᠎ ᠳᠤ ᠬᠠᠷᠢᠵᠤ ᠢᠷᠡᠭᠰᠡᠳ ᠲᠤ ︽14 ᠡᠳᠦᠷ ᠲᠥᠪᠯᠡᠷᠡᠬᠦᠯᠦᠨ ᠳᠤᠰᠠᠭᠠᠷᠯᠠᠯᠲᠠ ᠬᠢᠬᠦ + 5 ᠤᠳᠠᠭ᠎ᠠ ᠪᠦᠭᠡᠮ ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠬᠦᠯᠵᠦ ︵ᠲᠤᠰᠠᠭᠠᠷᠯᠠᠬᠤ ᠴᠠᠭ ᠢ ᠬᠤᠰᠢᠭᠤᠨ ᠳᠤ ᠢᠷᠡᠭᠰᠡᠨ ᠬᠤᠶᠠᠳᠡᠬᠢ ᠡᠳᠦᠷ ᠠᠴᠠ ᠡᠬᠢᠯᠡᠵᠦ ᠪᠤᠳᠤᠨ᠎ᠠ︶᠂  ᠬᠢᠵᠢᠭ ᠤᠨ ᠲᠤᠮᠳᠠ ᠲᠡᠰ ᠎ ᠤᠨ ᠲᠦᠭᠰᠢᠬᠦᠷᠢᠲᠦ ᠭᠠᠵᠠᠷ ᠣᠷᠤᠨ ᠠᠴᠠ ᠮᠠᠨ ᠤ ᠬᠤᠰᠢᠭᠤᠨ ᠳᠤ ᠬᠠᠷᠢᠵᠤ ᠢᠷᠡᠭᠰᠡᠳ ᠲᠤ ︽14 ᠡᠳᠦᠷ ᠭᠡᠷ ᠎ ᠲᠤᠨᠢ ᠲᠤᠰᠠᠭᠠᠷᠯᠠᠯᠲᠠ ᠬᠢᠬᠦ + 5 ᠤᠳᠠᠭ᠎ᠠ ᠪᠦᠭᠡᠮ ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠬᠦᠯᠵᠦ ︵ᠭᠡᠷ ᠲᠡᠭᠡᠨ ᠲᠤᠰᠠᠭᠠᠷᠯᠠᠬᠤ ᠨᠦᠬᠦᠴᠡᠯ ᠢ ᠪᠦᠷᠢᠯᠳᠦᠬᠦᠯᠵᠦ ᠴᠢᠳᠠᠬᠤ ᠦᠬᠡᠢ ᠬᠦᠮᠦᠰ ᠢ ᠴᠥᠮ ᠲᠥᠪᠯᠡᠷᠡᠬᠦᠯᠦᠨ ᠲᠤᠰᠠᠭᠠᠷᠯᠠᠨ᠎ᠠ︶᠂ ᠠᠵᠢᠭᠯᠠᠯᠲᠠ ᠶᠢᠨ 1  ᠂ 4  ᠂ 7  ᠂ 10᠂ 14  ᠳ᠋ᠦ᠋ᠭᠡᠷ ᠡᠳᠦᠷ ᠲᠤ ᠲᠤᠰᠪᠦᠷᠢ ᠨᠢᠭᠡ ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠬᠢᠵᠢᠭ ᠤᠨ ᠲᠤᠮᠳᠠ ᠥᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠠᠴᠠ ᠬᠠᠷᠢᠵᠤ ᠢᠷᠡᠭᠰᠡᠳ ᠡᠷᠬᠡᠪᠰᠢ 48 ᠴᠠᠭ ᠤᠨ ᠲᠤᠳᠤᠷᠠᠬᠢ ᠪᠦᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠤᠨ ᠪᠢᠯᠢᠭ ᠴᠢᠨᠠᠷᠲᠠᠢ ᠬᠡᠷᠡᠴᠢ ᠶᠢ ᠬᠠᠩᠭᠠᠵᠤ᠂ ᠪᠦᠭᠡᠮ ᠬᠦᠴᠢᠯ ᠤᠨ ᠪᠠᠶᠢᠴᠠᠭᠠᠯᠲᠠ ᠬᠢᠬᠡ ᠦᠭᠡᠢ ᠬᠦᠮᠦᠰ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠳᠠᠯ ᠳᠤᠤᠷ᠎ᠠ᠂ ᠲᠠᠷᠤᠶᠢᠬᠠᠨ ᠪᠦᠭᠡᠮ ᠬᠦᠴᠢᠯ ᠤᠨ ᠪᠠᠶᠢᠴᠠᠭᠠᠯᠲᠠ ᠬᠢᠯᠭᠡᠨ᠎ᠡ᠃ ᠡᠯ᠎ᠡ ᠰᠣᠮᠣ ᠪᠠᠯᠭᠠᠰᠤ ᠬᠢᠵᠢᠭ ᠤᠨ ᠳᠤᠮᠳᠠ ᠥᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠠᠴᠠ ᠬᠠᠷᠢᠵᠤ ᠢᠷᠡᠭᠰᠡᠳ ᠢ ᠵᠢᠭᠰᠠᠭᠠᠨ ᠪᠠᠶᠢᠴᠠᠭᠠᠵᠤ ᠮᠡᠳᠡᠬᠦᠯᠬᠦ ᠠᠵᠢᠯ ᠢ ᠰᠠᠶᠢᠲᠤᠷ ᠬᠢᠬᠦ ᠶᠢᠨ ᠬᠠᠮᠲᠤ ᠬᠤᠰᠢᠭᠤ ᠵᠢᠯᠤᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠤᠭᠤᠶᠢᠯᠠᠩ ᠪᠠ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠤᠭᠤᠶᠢᠯᠠᠩ ᠲᠠᠢ ᠨᠢᠭᠲᠠ ᠬᠠᠮᠵᠢᠯᠴᠠᠨ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠳᠡᠢ᠃ ᠬᠢᠵᠢᠭ ᠤᠨ ᠲᠤᠮᠳᠠᠳᠤ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠠᠴᠠ ᠬᠠᠷᠢᠵᠤ ᠢᠷᠡᠭᠡᠳ ᠰᠠᠨᠠᠭᠠᠴᠢᠯᠠᠭ᠎ᠠ ᠠᠴᠠ ᠪᠠᠨ ᠲᠡᠭᠡᠭᠰᠢ ᠮᠡᠳᠡᠬᠦᠯᠪᠡᠯ᠂ ᠲᠥᠪᠯᠡᠷᠡᠬᠦᠯᠦᠨ ᠲᠤᠰᠠᠭᠠᠷᠯᠠᠬᠤ ᠵᠠᠷᠤᠳᠠᠯ ᠢ ᠨᠢ ᠬᠤᠰᠢᠭᠤ ᠵᠢᠯᠤᠭᠤᠳᠬᠤ ᠬᠡᠯᠲᠡᠰ ᠠᠴᠠ ᠨᠢᠭᠡᠳᠦᠯᠳᠡᠢ ᠬᠠᠷᠢᠭᠤᠴᠠᠨ᠎ᠠ︔ ᠰᠠᠨᠠᠭᠠᠴᠢᠯᠠᠭ᠎ᠠ ᠠᠴᠠ ᠪᠠᠨ ᠮᠡᠳᠡᠬᠦᠯᠦᠭᠰᠡᠨ ᠦᠭᠡᠢ ᠬᠦᠮᠦᠰ ᠤᠨ ᠲᠥᠪᠯᠡᠷᠡᠬᠦᠯᠦᠨ ᠲᠤᠰᠠᠭᠠᠷᠯᠠᠬᠤ ᠵᠠᠷᠤᠳᠠᠯ ᠢ ᠬᠤᠪᠢ ᠬᠦᠮᠦᠨ ᠦᠪᠡᠷᠲᠡᠭᠡᠨ ᠬᠠᠷᠢᠭᠤᠴᠠᠨ᠎ᠠ᠃        ᠲᠥᠷᠪᠡ᠂ ᠮᠡᠳᠡᠬᠦᠯᠬᠦ ᠦᠬᠡᠢ ᠨᠢᠭᠤᠬᠤ᠂ ᠬᠤᠲᠠᠯ ᠢᠶᠠᠷ ᠮᠡᠳᠡᠬᠦᠯᠬᠦ ᠪᠤᠶᠤ ᠲᠤᠭᠲᠠᠭᠠᠯ ᠶᠤᠰᠤᠭᠠᠷ ᠬᠢᠵᠢᠭ ᠎ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ  ᠨᠠᠶᠢᠳᠠᠪᠦᠷᠢᠵᠢᠭᠤᠯᠤᠭᠰᠠᠨ ᠦᠬᠡᠢ ᠠᠴᠠ ᠪᠣᠯᠵᠤ᠂ ᠬᠢᠵᠢᠭ ᠬᠠᠯᠳᠠᠪᠦᠷᠢᠯᠠᠨ ᠲᠠᠷᠬᠠᠬᠤ ᠪᠤᠶᠤ ᠪᠤᠰᠤᠳ ᠬᠦᠨᠳᠦ ᠨᠤᠴᠢᠲᠠᠢ ᠦᠷ᠎ᠡ ᠨᠦᠯᠦᠭᠡ ᠭᠠᠷᠭᠠᠪᠠᠯ᠂ ︽ᠪᠦᠬᠦᠳᠡ  ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠯᠳᠠᠪᠦᠷᠢᠲᠦ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠎ ᠶᠢ ᠦᠨᠳᠦᠰᠦᠯᠡᠨ ᠬᠠᠷᠢᠭᠤᠴᠠᠯᠭ᠎ᠠ ᠨᠡᠭᠡᠮᠵᠢᠯᠡᠬᠦ ᠪᠠ ᠲᠤᠷᠭᠤᠵᠤ᠂ ᠬᠦᠨᠳᠦ ᠨᠤᠴᠢᠲᠠᠢ ᠪᠤᠯ ᠬᠠᠤᠯᠢ ᠲᠥᠷᠢᠮ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ ᠨᠡᠶᠢᠭᠡᠮ ᠤᠨ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠤᠯᠠᠲᠠ᠂ ᠦᠷᠭᠡᠨ ᠣᠯᠠᠨ ᠲᠥᠮᠡᠨ ᠬᠢᠵᠢᠭ ᠤᠨ ᠲᠤᠮᠳᠠ ᠥᠨᠳᠦᠷ ᠲᠡᠰ ᠤᠨ ᠭᠠᠵᠠᠷ ᠣᠷᠤᠨ ᠠᠴᠠ ᠬᠠᠷᠢᠵᠤ ᠢᠷᠡᠭᠡᠳ ᠲᠤᠭᠲᠠᠭᠠᠯ ᠶᠤᠰᠤᠭᠠᠷ ᠳᠡᠭᠡᠭᠰᠢ ᠮᠡᠳᠡᠬᠦᠯᠦᠭᠰᠡᠨ ᠦᠭᠡᠢ ᠬᠦᠮᠦᠰ ᠢ ᠣᠯᠵᠤ ᠮᠡᠳᠡᠪᠡᠯ᠂ ᠲᠠᠷᠤᠶᠢᠬᠠᠨ ᠬᠤᠰᠢᠭᠤ ᠵᠢᠯᠤᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠤᠭᠤᠶᠢᠯᠠᠩ ᠳᠤ ᠪᠠᠶᠢᠳᠠᠯ ᠎ ᠢ ᠮᠡᠳᠡᠬᠦᠯᠦᠨ᠎ᠡ ︵ᠬᠤᠰᠢᠭᠤ ᠲᠤᠳᠤᠭᠠᠲᠤ ᠶᠢ ᠬᠠᠮᠠᠭᠠᠯᠠᠬᠤ ᠲᠤᠪᠴᠢᠶ᠎ᠠ ᠶᠢᠨ 110 ᠵᠢᠯᠤᠭᠤᠳᠬᠤ ᠲᠥᠪ ᠤᠨ ᠬᠠᠷᠢᠯᠴᠠᠬᠤ ᠤᠳᠠᠰᠤ᠄ 110᠂ 6224814︔ ᠰᠢᠨᠡᠪᠤᠯᠠᠭ ᠪᠠᠯᠭᠠᠰᠤᠨ ᠤ ᠲᠤᠮᠢᠯᠠᠭᠰᠠᠨ ᠰᠠᠯᠪᠦᠷᠢ ᠶᠢᠨ ᠬᠠᠷᠢᠯᠴᠠᠬᠤ ᠤᠳᠠᠰᠤ᠄ 6222221︔ ᠪᠠᠶᠠᠨᠲᠠᠯ᠎ᠠ ᠪᠠᠯᠭᠠᠰᠤᠨ ᠤ ᠲᠤᠮᠢᠯᠠᠭᠰᠠᠨ ᠰᠠᠯᠪᠦᠷᠢ ᠶᠢᠨ ᠬᠠᠷᠢᠯᠴᠠᠬᠤ ᠤᠳᠠᠰᠤ᠄ 13947910948︔ ᠤᠩᠭᠤᠨ ᠠᠭᠤᠯᠠ ᠰᠣᠮᠣᠨ ᠤ ᠲᠤᠮᠢᠯᠠᠭᠰᠠᠨ ᠰᠠᠯᠪᠦᠷᠢ ᠶᠢᠨ ᠬᠠᠷᠢᠯᠴᠠᠬᠤ ᠤᠳᠠᠰᠤ᠄ 13947950284︔ ᠪᠤᠭᠲᠠ ᠶᠢᠨ ᠭᠤᠣᠯ ᠰᠣᠮᠣᠨ ᠤ ᠲᠤᠮᠢᠯᠠᠭᠰᠠᠨ ᠰᠠᠯᠪᠦᠷᠢ ᠶᠢᠨ ᠬᠠᠷᠢᠯᠴᠠᠬᠤ ᠤᠳᠠᠰᠤ᠄ 13947925042᠃ ᠢᠯᠡᠴᠢᠯᠡᠨ ᠮᠡᠳᠡᠬᠦᠯᠬᠦ ᠳᠡᠭᠡᠨ ᠡᠷᠬᠡᠪᠰᠢ ᠨᠡᠷ᠎ᠡ ᠤᠪᠤᠭ᠂ ᠰᠠᠭᠤᠭ᠎ᠠ ᠭᠠᠵᠠᠷ ᠵᠡᠷᠭᠡ ᠨᠠᠷᠢᠨ ᠪᠠᠶᠢᠳᠠᠯ ᠢ ᠨᠢ ᠲᠤᠳᠤᠷᠬᠠᠢ ᠲᠤᠰᠢᠶᠠᠬᠤ ᠬᠡᠷᠡᠭᠳᠡᠢ︶᠂ ᠪᠢᠲᠡ ᠰᠦᠪᠡᠭᠴᠢ ᠬᠠᠩᠭᠠᠭᠰᠠᠨ ᠬᠦᠮᠦᠰ ᠤᠨ ᠰᠤᠷᠠᠭ ᠵᠠᠩᠬᠢ ᠶᠢᠨ ᠨᠢᠭᠤᠴᠠ ᠶᠢ ᠰᠠᠶᠢᠲᠤᠷ ᠬᠠᠮᠠᠭᠠᠯᠠᠨ᠎ᠠ᠃        ᠲᠠᠪᠤ᠂ ᠴᠤᠭᠯᠠᠷᠠᠯ ᠤᠨ ᠴᠢᠨᠠᠷᠲᠠᠢ ᠬᠦᠳᠡᠯᠭᠡᠭᠡᠨ ᠢ ᠪᠠᠭᠠᠰᠬᠠᠵᠤ᠂ ᠣᠨᠴᠠᠭᠠᠢ ᠴᠢᠬᠤᠯᠠ ᠦᠭᠡᠢ ᠪᠣᠯ ᠡᠯ᠎ᠡ ᠲᠥᠷᠦᠯ ᠤᠨ ᠲᠤᠮᠤ ᠬᠡᠯᠪᠡᠷᠢ ᠶᠢᠨ ᠬᠦᠳᠡᠯᠭᠡᠭᠡᠨ ᠢ ᠡᠷᠬᠢᠯᠡᠬᠦ ᠦᠭᠡᠢ᠂ ᠬᠡᠷᠪᠡ ᠡᠷᠬᠢᠯᠡᠬᠦ ᠴᠢᠬᠤᠯᠠ ᠲᠠᠢ ᠪᠣᠯ᠂ ︽ᠬᠡᠨ ᠭᠤᠣᠯᠯᠠᠨ ᠡᠷᠬᠢᠯᠡᠪᠡᠯ᠂ ᠬᠡᠨ ᠬᠠᠷᠢᠭᠤᠴᠠᠬᠤ︾ ︽ᠬᠡᠨ ᠵᠥᠪᠰᠢᠶᠡᠷᠡᠪᠡᠯ᠂ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠨ᠂ ᠬᠢᠵᠢᠭ ᠢ ᠰᠡᠷᠭᠡᠶᠢᠯᠡᠨ ᠡᠵᠡᠮᠳᠡᠬᠦ ᠭᠤᠣᠯ ᠴᠤᠭᠴᠠ ᠶᠢᠨ ᠬᠠᠷᠢᠭᠤᠴᠠᠯᠭ᠎ᠠ ᠪᠠ ᠡᠯ᠎ᠡ ᠲᠥᠷᠦᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠦᠷᠢᠵᠢᠭᠤᠯᠵᠤ᠂ ᠬᠦᠮᠦᠨ ᠤ ᠲᠤᠭ᠎ᠠ ᠶᠢ ᠴᠢᠩᠭ᠎ᠠ ᠡᠵᠡᠮᠳᠡᠨ᠂ ᠠᠮᠤᠷ ᠲᠥᠪᠰᠢᠨ ᠤ ᠵᠠᠢ ᠶᠢ ᠪᠠᠲᠤᠯᠠᠵᠤ᠂ ᠤᠷᠢᠳᠴᠢᠯᠠᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠪᠢᠴᠢᠭ ᠤᠨ ᠬᠡᠯᠪᠡᠷᠢ ᠪᠠᠷ ᠭᠤᠶᠤᠴᠢᠯᠠᠨ᠎ᠠ ︵ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠵᠥᠪᠰᠢᠶᠡᠷᠡᠭᠰᠡᠨ ᠤ ᠲᠠᠷᠠᠭ᠎ᠠ ᠂ ᠬᠡᠷᠪᠡ ᠵᠢᠯᠤᠭᠤᠳᠬᠤ ᠬᠡᠯᠲᠡᠰ ᠢᠶᠠᠷ ᠵᠥᠪᠰᠢᠶᠡᠷᠡᠬᠦᠯᠬᠦ ᠴᠢᠬᠤᠯᠠᠲᠠᠢ ᠪᠣᠯ᠂ ᠵᠢᠯᠤᠭᠤᠳᠬᠤ ᠬᠡᠯᠲᠡᠰ ᠲᠤ ᠪᠢᠴᠢᠭ ᠤᠨ ᠬᠡᠯᠪᠡᠷᠢ ᠪᠠᠷ ᠭᠤᠶᠤᠴᠢᠯᠠᠬᠤ ᠬᠡᠷᠡᠭᠳᠡᠢ︶᠃        ᠵᠢᠷᠭᠤᠭ᠎ᠠ᠂ ᠥᠪᠡᠷ ᠤᠨ ᠪᠡᠶ᠎ᠡ ᠪᠠ ᠭᠡᠷ ᠤᠨ ᠬᠦᠮᠦᠰ ᠤᠨ ᠢᠶᠠᠨ ᠪᠡᠶ᠎ᠡ ᠶᠢᠨ ᠡᠷᠡᠬᠦᠯ ᠮᠡᠨᠳᠦ ᠶᠢᠨ ᠪᠠᠶᠢᠳᠠᠯ ᠎ ᠢ ᠴᠠᠭ ᠢᠮᠠᠭᠲᠠ ᠠᠩᠬᠠᠷᠴᠤ᠂ ᠬᠡᠷᠪᠡ ᠬᠠᠯᠠᠭᠤᠷᠠᠬᠤ᠂ ᠬᠠᠨᠢᠶᠠᠬᠤ᠂ ᠬᠤᠭᠤᠯᠠᠢ ᠡᠪᠡᠳᠬᠦ᠂ ᠲᠠᠮᠢᠷᠲᠠᠬᠤ᠂ ᠥᠨᠦᠷᠯᠡᠬᠦ ︵ᠠᠮᠲᠠᠯᠠᠬᠤ︶ ᠰᠠᠷᠠᠯ ᠮᠠᠭᠤᠳᠠᠬᠤ᠂ ᠰᠠᠭᠤᠯᠭᠠᠬᠤ ᠵᠡᠷᠭᠡ ᠢᠯᠡᠷᠡᠯ ᠭᠠᠷᠪᠠᠯ ᠲᠠᠷᠤᠶᠢᠬᠠᠨ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠭᠰᠠᠨ ᠡᠪᠡᠳᠴᠢᠨ ᠢ ᠡᠮᠴᠢᠯᠡᠬᠦ ᠡᠬᠦᠳᠡᠨ ᠡᠮᠨᠡᠯᠭᠡ ᠳᠤ ᠬᠦᠷᠴᠦ ᠪᠠᠶᠢᠴᠠᠭᠠᠨ ᠡᠮᠴᠢᠯᠡᠬᠦᠯᠵᠦ᠂ ᠥᠪᠡᠷ ᠤᠨ ᠠᠶᠠᠯᠠᠵᠤ ᠰᠠᠭᠤᠷᠢᠰᠢᠭᠰᠠᠨ ᠪᠠᠶᠢᠳᠠᠯ᠂ ᠨᠢᠭᠲᠠ ᠣᠶᠢᠷᠠᠳᠤᠭᠰᠠᠨ ᠪᠠᠶᠢᠳᠠᠯ ᠎ ᠢᠶᠠᠨ ᠦᠨᠡᠨ ᠪᠤᠳᠠᠳᠠᠢ ᠮᠡᠳᠡᠬᠦᠯᠵᠦ᠂ ᠡᠮᠴᠢᠯᠡᠬᠦᠯᠬᠦ ᠶᠠᠪᠤᠴᠠ ᠳᠤ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢ ᠬᠡᠷᠡᠭᠯᠡᠬᠦ ᠠᠴᠠ ᠵᠠᠶᠢᠯᠠᠰᠬᠢᠨ᠎ᠡ᠃        ᠲᠣᠯᠤᠭ᠎ᠠ᠂ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠶᠢ ᠲᠠᠷᠢᠬᠤ ᠪᠣᠯ ᠬᠠᠯᠳᠠᠪᠦᠷᠢᠯᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠪᠦᠳᠦᠮᠵᠢᠳᠡᠢ ᠠᠷᠭ᠎ᠠ ᠬᠡᠮᠵᠢᠶ᠎ᠡ ᠪᠤᠯᠤᠨ᠎ᠠ᠃ ᠦᠷᠭᠡᠨ ᠣᠯᠠᠨ ᠲᠥᠮᠡᠨ ᠣᠯᠣᠰ ᠤᠨ ᠰᠢᠨ᠎ᠡ ᠲᠢᠳᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠶᠢᠨ ᠬᠠᠮᠢᠶ᠎ᠠ ᠪᠦᠬᠦᠢ ᠲᠥᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠦᠷᠵᠢᠭᠤᠯᠤᠨ᠂ ᠬᠤᠰᠢᠭᠤ ᠪᠡᠶ᠎ᠡ ᠶᠢᠨ ᠲᠠᠮᠢᠷ ᠤᠨ ᠣᠷᠳᠤᠨ ᠤ ᠸᠠᠺᠼᠢᠨ ᠤ ᠲᠠᠷᠢᠯᠭ᠎ᠠ ᠶᠢᠨ ᠴᠢᠭ ᠲᠤ ᠬᠦᠷᠴᠦ᠂ ᠸᠠᠺᠼᠢᠨ ᠤ ᠴᠢᠩᠭᠠᠳᠬᠠᠬᠤ ᠲᠠᠷᠢᠯᠭ᠎ᠠ ᠪᠠ 3 — 11 ᠨᠠᠰᠤᠨ ᠤ ᠬᠡᠦᠭᠡᠳ ᠤᠨ ᠰᠢᠨ᠎ᠡ ᠲᠢᠳᠢᠮᠯᠢᠭ ᠠᠠᠭᠤᠰᠬᠢᠨ ᠥᠷᠪᠢᠰᠦᠯ ᠎ ᠤᠨ ᠬᠢᠵᠢᠭ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠶᠢ ᠢᠳᠡᠪᠬᠢᠳᠡᠢ ᠲᠠᠷᠢᠭᠤᠯᠵᠤ᠂ ᠪᠦᠬᠦ ᠠᠷᠠᠳ ᠤᠨ ᠰᠡᠷᠭᠡᠶᠢᠯᠡᠯᠳᠡ ᠶᠢᠨ ᠬᠠᠯᠬᠠᠪᠴᠢ ᠶᠢ ᠡᠷᠳᠡᠭᠡᠨ ᠴᠤᠭᠴᠠᠯᠠᠨ ᠪᠠᠶᠢᠭᠤᠯᠤᠶ᠎ᠠ᠃ ᠸᠠᠺᠼᠢᠨ ᠤ ᠲᠠᠷᠢᠯᠭ᠎ᠠ ᠶᠢ ᠲᠠᠷᠢᠬᠤ ᠴᠢᠭ ᠡᠷᠬᠡᠪᠰᠢ ᠸᠠᠺᠼᠢᠨ ᠤ ᠲᠠᠷᠢᠯᠭ᠎ᠠ ᠲᠠᠷᠢᠬᠤ ᠬᠦᠮᠦᠰ ᠤᠨ ᠬᠠᠮᠢᠶᠠᠷᠤᠯᠲᠠ ᠶᠢ ᠴᠢᠩᠭᠠᠳᠬᠠᠵᠤ᠂ ᠬᠦᠮᠦᠨ ᠣᠯᠠᠨ ᠬᠤᠷᠠᠵᠤ ᠴᠤᠭᠯᠠᠷᠠᠬᠤ ᠠᠴᠠ ᠵᠠᠶᠢᠯᠠᠰᠬᠢᠬᠦ ᠬᠡᠷᠡᠭᠳᠡᠢ᠃           ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨ               ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠦᠭᠤᠳᠬᠤ ᠭᠡᠯᠳᠡᠰ                         2021 ᠤᠨ ᠤ 12 ᠰᠠᠷᠠᠶᠢᠨ 6᠎ ᠤ ᠡᠳᠦᠷ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号