ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠤᠯᠭᠠᠳᠠᠭ ᠨᠠᠮ ᠤᠨ ᠬᠡᠰᠢᠬᠦᠨ ᠰᠡᠴᠡᠨᠳᠡᠯᠭᠡᠷ
ᠨᠡᠶᠢᠲᠡᠯᠡᠭᠰᠡᠨ ᠴᠠᠭ᠄
2021/12/6
      ᠪᠣᠭᠳᠠ ᠶᠢᠨ ᠭᠤᠣᠯ ᠰᠤᠮᠤᠨ ᠤ ᠰᠢᠪᠡᠭᠡᠲᠦ ᠭᠠᠴᠠᠭᠠᠨ ᠤ ᠮᠠᠯᠴᠢᠨ ᠨᠠᠮ ᠤᠨ ᠬᠡᠰᠢᠭᠦᠨ ᠰᠡᠴᠡᠨᠳᠡᠯᠭᠡᠷ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠵᠤ᠂ ᠨᠠᠮ ᠤᠨ ᠬᠡᠰᠢᠬᠦᠨ ᠤ ᠬᠤᠰᠢᠭᠤᠴᠢ ᠦᠢᠯᠡᠳᠦᠯ ᠢᠶᠠᠨ ᠪᠠᠳᠠᠷᠠᠭᠤᠯᠵᠤ ᠪᠠᠶᠢᠨ᠎ᠠ᠃      12 ᠰᠠᠷ᠎ᠠ ᠶᠢᠨ 4 ᠤ ᠡᠳᠦᠷ᠂ ᠰᠡᠴᠡᠨᠳᠡᠯᠭᠡᠷ ᠭᠠᠴᠠᠭᠠᠨ ᠤ ᠪᠠᠨ 4 ᠨᠠᠰᠤᠲᠠᠨ ᠤ ᠭᠡᠷ ᠢᠶᠠᠷ ᠬᠦᠷᠴᠦ 1000 ᠲᠦᠬᠦᠷᠢᠭ ᠤᠨ ᠦᠷᠲᠡᠭ ᠪᠦᠬᠦᠢ ᠭᠤᠯᠢᠷ᠂ ᠢᠳᠡᠭᠡᠨ ᠤ ᠲᠣᠰᠤ ᠵᠡᠷᠭᠡ ᠠᠮᠢᠳᠣᠷᠠᠯ ᠤᠨ ᠬᠡᠷᠡᠭᠯᠡᠭᠡᠨ ᠤ ᠵᠦᠢᠯᠡᠰ ᠬᠦᠷᠭᠡᠭᠰᠡᠨ  ᠤ ᠬᠠᠮᠲᠦ ᠨᠠᠰᠤᠲᠠᠶᠢᠴᠤᠳ ᠲᠠᠢ ᠪᠠᠨ ᠵᠤᠭᠤᠭᠳᠠᠨ᠂ ᠦᠢᠯᠡᠳᠪᠦᠷᠢᠯᠡᠯ ᠠᠮᠢᠳᠤᠷᠠᠯ ᠤᠨ ᠬᠢᠨᠢ ᠪᠠᠶᠢᠳᠠᠯ ᠢ ᠤᠶᠢᠯᠠᠭᠠᠵᠤ᠂ ᠬᠦᠴᠢᠷ ᠲᠦᠪᠡᠭ ᠳᠤᠬᠢᠶᠠᠯᠳᠤᠪᠠᠯ ᠲᠡᠬᠦᠨ ᠢ ᠡᠷᠢᠬᠦ ᠶᠢ ᠰᠠᠨᠠᠭᠤᠯᠵᠠᠢ᠃      ︽ᠦᠨᠦᠳᠦᠷ ᠭᠡᠷᠬᠡᠢ ᠲᠠᠢ ᠪᠠᠨ ᠶᠠᠷᠢᠯᠴᠠᠭᠠᠳ ᠬᠤᠰᠢᠭᠤᠨ ᠲᠦᠪ ᠲᠤ ᠪᠠᠶᠢᠭ᠎ᠠ ᠨᠠᠰᠤᠲᠠᠶᠢᠴᠤᠳ ᠢᠶᠠᠨ ᠳᠤᠬᠤᠨᠢᠭᠤᠯᠤᠯ᠎ᠠ︔ ᠪᠢ ᠨᠢᠭᠡᠨ ᠨᠠᠮ ᠤᠨ ᠬᠡᠰᠢᠬᠦᠨ ᠪᠤᠯᠤᠭᠰᠠᠨ ᠤ ᠬᠤᠪᠢ ᠳᠤ ᠵᠠᠯᠠᠭᠤ ᠨᠠᠮ ᠤᠨ ᠬᠡᠰᠢᠬᠦᠳ ᠲᠤ ᠪᠠᠨ ᠳᠠᠭᠤᠷᠢᠶᠠᠯ ᠪᠤᠯᠵᠤ ᠳᠠᠭᠠᠭᠤᠯᠬᠤ ᠦᠢᠯᠡᠳᠦᠯ ᠦᠵᠡᠬᠦᠯᠦᠶ᠎ᠡ ᠭᠡᠵᠤ ᠪᠤᠳᠤᠭᠰᠠᠨ ᠶᠤᠮ︾ ᠭᠡᠵᠤ ᠰᠡᠴᠡᠨᠳᠡᠯᠭᠡᠷ ᠶᠠᠷᠢᠯ᠎ᠠ᠃      ᠠᠯᠲᠠᠨᠴᠢᠮᠡᠭ ᠪᠤᠯ ᠰᠡᠴᠡᠨᠳᠡᠯᠭᠡᠷ ᠤᠨ ᠨᠣᠲᠤᠭ ᠤᠨ ᠡᠭᠡᠴᠢ ᠨᠢ ᠪᠤᠯᠤᠨ᠎ᠠ᠃ ᠠᠯᠲᠠᠨᠴᠢᠮᠡᠭ ᠡᠪᠦᠭᠡᠨ ᠲᠠᠢ ᠪᠠᠨ ᠬᠤᠶᠠᠭᠤᠯᠠ ᠡᠪᠡᠳᠴᠢᠨ ᠬᠠᠭᠤᠴᠢᠨ ᠲᠠᠢ ᠮᠦᠷᠲᠡᠭᠡᠨ᠂ ᠭᠤᠷᠪᠠᠨ ᠬᠡᠥᠬᠡᠨ ᠨᠢ ᠬᠠᠷᠢ ᠳᠤ ᠮᠤᠷᠳᠠᠭᠰᠠᠨ ᠠᠴᠠ ᠦᠷᠭᠦᠯᠵᠢ ᠬᠠᠵᠠᠭᠤ ᠳᠤ ᠨᠢ ᠪᠠᠶᠢᠵᠤ ᠬᠠᠪᠰᠤᠷᠤᠯᠭ᠎ᠠ ᠪᠣᠯᠵᠤ ᠴᠢᠳᠠᠬᠤ ᠦᠭᠡᠢ ᠪᠠᠶᠢᠳᠠᠭ ᠠᠴᠠ ᠰᠡᠴᠡᠨᠳᠡᠯᠭᠡᠷ ᠵᠠᠪ ᠴᠢᠯᠦᠭᠡ ᠤᠯᠳᠠᠪᠠᠯ ᠬᠤᠶᠠᠷ ᠨᠠᠰᠤᠲᠠᠨ ᠢ ᠡᠷᠬᠢᠨ ᠦᠵᠡᠵᠤ ᠬᠠᠪᠰᠤᠷᠤᠨ ᠳᠤᠰᠠᠯᠠᠳᠠᠭ ᠪᠠᠶᠢᠨ᠎ᠠ᠃ᠨᠠᠰᠤᠲᠠᠨ ᠠᠯᠲᠠᠨᠴᠢᠮᠡᠭ ︽ᠰᠡᠴᠡᠨᠳᠡᠯᠭᠡᠷ ᠲᠠᠢ ᠨᠢᠭᠡ ᠬᠤᠲᠠ ᠤᠰᠤᠨ ᠳᠤ ᠦᠰᠦᠭᠰᠡᠨ︔ ᠬᠠᠷᠠᠬᠠᠨ ᠪᠠᠭ᠎ᠠ ᠠᠴᠠ ᠪᠠᠨ ᠪᠤᠰᠤᠳ ᠢ ᠳᠤᠰᠠᠯᠠᠬᠤ ᠳᠤᠷᠠᠲᠠᠢ ᠪᠠᠶᠢᠳᠠᠭ︔ ᠡᠨᠡ ᠤᠳᠠᠭ᠎ᠠ ᠨᠢᠭᠡᠨ ᠨᠠᠮ ᠤᠨ ᠬᠡᠰᠢᠬᠦᠨ ᠤ ᠬᠤᠪᠢ ᠪᠠᠷ ᠪᠢᠳᠡᠨ ᠢ ᠳᠤᠬᠤᠨᠢᠭᠤᠯᠤᠭᠰᠠᠨ ᠳᠤ ᠮᠠᠰᠢ ᠶᠡᠭᠡ ᠪᠠᠶᠠᠷᠯᠠᠵᠤ ᠪᠠᠶᠢᠨ᠎ᠠ︾ ᠭᠡᠵᠤ ᠶᠠᠷᠢᠯ᠎ᠠ᠃ᠰᠡᠴᠡᠨᠳᠡᠯᠭᠡᠷ ᠭᠡᠷᠭᠡᠢ ᠲᠠᠢ ᠪᠠᠨ ᠬᠤᠶᠠᠭᠤᠯᠠ ᠰᠢᠪᠡᠭᠡᠲᠦ ᠭᠠᠴᠠᠭᠠᠨ ᠤ ᠬᠡᠷᠡᠮ ᠤᠨ ᠤᠰᠤ ᠬᠤᠲᠠᠨ ᠳᠤ ᠮᠠᠯᠴᠢᠨ ᠵᠠᠶᠠᠭ᠎ᠠ ᠳᠡᠭᠡᠳᠦᠯᠡᠨ ᠠᠵᠤ ᠲᠦᠷᠦᠨ ᠠᠮᠢᠳᠤᠷᠠᠵᠤ ᠪᠠᠶᠢᠳᠠᠭ᠃ ᠬᠠᠶᠢᠷᠠᠲᠠᠢ ᠬᠦᠤ ᠪᠠᠨ ᠬᠦᠮᠦᠨ ᠤ ᠵᠡᠷᠭᠡ ᠳᠤ ᠬᠦᠷᠭᠡᠵᠤ ᠨᠠᠰᠤᠲᠠᠢ ᠪᠤᠭᠤᠷᠤᠯ ᠠᠪᠤ ᠪᠠᠨ ᠠᠴᠢᠯᠠᠨ ᠬᠦᠨᠳᠦᠯᠡᠵᠤ ᠶᠠᠪᠤᠬᠤ ᠳᠤ ᠪᠠᠨ ᠲᠡᠷᠡ ᠠᠭᠤᠤ ᠨᠠᠮ ᠤᠨ ᠢᠶᠠᠨ ᠠᠴᠢ ᠡᠨᠡᠷᠢᠯ ᠢᠶᠠᠷ ᠠᠵᠠ ᠵᠢᠷᠭᠠᠯ ᠲᠠᠢ ᠠᠮᠢᠳᠤᠷᠠᠯ ᠢᠶᠠᠨ ᠴᠤᠭᠴᠠᠯᠠᠵᠤ ᠶᠠᠪᠤᠭ᠎ᠠ ᠳᠤ ᠪᠠᠨ ᠰᠡᠳᠬᠢᠯ ᠬᠠᠩᠭᠠᠯᠤᠭᠤᠨ ᠪᠠᠶᠢᠳᠠᠭ ᠪᠦᠭᠡᠳ ᠨᠢᠭᠡᠨ ᠨᠠᠮ ᠤᠨ ᠬᠡᠰᠢᠬᠦᠨ ᠪᠤᠯᠤᠭᠰᠠᠨ ᠤ ᠬᠤᠪᠢ ᠳᠤ ᠦᠪᠡᠷ ᠤᠨ ᠪᠡᠶ᠎ᠡ ᠪᠠᠨ ᠴᠢᠩᠭ᠎ᠠ ᠱᠠᠭᠠᠷᠳᠠᠨ᠂ ᠤᠯᠠᠨ ᠲᠦᠮᠡᠨ ᠤ ᠪᠠᠨ ᠬᠦᠴᠢᠷ ᠲᠦᠪᠡᠭ ᠢ ᠬᠠᠪᠰᠤᠷᠤᠨ ᠰᠢᠢᠳᠪᠦᠷᠢᠯᠡᠬᠦ ᠪᠠᠷ ᠴᠢᠷᠮᠠᠶᠢᠵᠤ᠂ ᠤᠯᠠᠨ ᠲᠦᠮᠡᠨ ᠳᠤ ᠪᠤᠳᠠᠳᠠᠢ ᠠᠵᠢᠯ ᠬᠢᠵᠤ ᠤᠭ ᠰᠠᠨᠠᠭ᠎ᠠ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠤ᠂ ᠨᠠᠮ ᠤᠨ ᠢᠷᠠᠭᠤ ᠠᠯᠳᠠᠷᠲᠦ ᠤᠯᠠᠮᠵᠢᠯᠠᠯ ᠪᠤᠯᠤᠨ ᠰᠢᠯᠢᠳᠡᠭ ᠰᠤᠷᠳᠠᠯ ᠢᠶᠠᠨ ᠪᠠᠳᠠᠷᠠᠭᠤᠯᠵᠤ ᠪᠤᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号