ᠠᠵᠢᠯᠴᠢ ᠠᠶᠢᠯ ᠤᠨ ᠥᠭᠡᠲᠡᠷᠭᠡᠭ ᠠᠮᠢᠲᠤᠷᠠᠯ
ᠨᠡᠶᠢᠲᠡᠯᠡᠭᠰᠡᠨ ᠴᠠᠭ᠄
2021/2/18
     ᠮᠦᠩᠬᠦᠨ ᠡᠪᠤᠯ ᠤᠨ ᠦᠵᠡᠮᠵᠢ ᠪᠦᠷᠢᠳᠦᠭᠰᠡᠨ ᠬᠦᠳᠡᠭᠡ ᠨᠤᠳᠤᠭ ᠲᠤ ᠲᠠᠪᠤ ᠶᠢᠰᠦ ᠰᠠᠭᠠᠳᠠᠭᠰᠡᠨ ᠴᠤ ᠶᠢᠰᠦ ᠶᠢᠨ ᠬᠦᠢᠲᠡᠨ ᠤ ᠵᠢᠩ ᠴᠠᠭᠠᠨ᠎ᠠ ᠪᠠᠨ ᠨᠢᠭᠡ ᠯᠡ ᠤᠨᠳᠤᠤ᠃ ᠬᠡᠳᠦᠢ ᠡᠶᠢᠮᠦ ᠪᠠᠶᠢᠯ᠎ᠠ ᠴᠤ ᠵᠢᠯ ᠤᠨ ᠲᠦᠷᠪᠡᠨ ᠤᠯᠠᠷᠢᠯ ᠳᠤ ᠪᠤᠷᠪᠢ ᠪᠤᠬᠢᠰᠬᠢᠯ ᠦᠭᠡᠢ ᠶᠠᠭᠠᠷᠠᠵᠦ ᠪᠠᠶᠢᠳᠠᠭ ᠮᠠᠯᠴᠢᠳ ᠮᠠᠨᠢ ᠮᠠᠯ ᠰᠦᠷᠦᠭ ᠢᠶᠠᠨ ᠮᠡᠨᠳᠦ ᠤᠨᠳᠤᠷᠤᠭᠤᠯᠬᠤ ᠬᠡᠮᠡᠨ ᠡᠷᠳᠡᠯᠡᠵᠦ ᠤᠷᠦ᠋ᠢᠯᠠᠨ ᠵᠢᠳᠬᠦᠵᠦ ᠪᠠᠶᠢᠳᠠᠭ᠃ ᠮᠠᠶᠢᠯᠠᠬᠤ ᠲᠦᠯ ᠤᠨ ᠢᠷᠡᠭᠤᠬᠠᠨ ᠲᠠᠭᠤ ᠨᠢ ᠮᠠᠯᠴᠢᠨ ᠲᠦᠮᠡᠨ ᠤ ᠰᠡᠳᠬᠢᠯ ᠢ ᠰᠡᠷᠭᠦᠭᠡᠭᠰᠡᠨ ᠡᠨᠡ ᠰᠠᠶᠢᠬᠠᠨ ᠥᠶ᠎ᠠ ᠪᠠᠷ ᠪᠢᠳᠡ ᠬᠥᠪᠡᠭᠡᠲᠥ ᠰᠢᠷ᠎ᠠ ᠬᠤᠰᠢᠭᠤᠨ ᠤ ᠤᠩᠭᠤᠬᠠᠭᠤᠯᠠ ᠰᠤᠮᠤ ᠶᠢᠨ ᠲᠡᠰᠭᠡᠳᠦ ᠭᠠᠴᠠᠭᠠᠨ ᠤ ᠮᠠᠯᠴᠢᠨ ᠰᠤᠶᠤᠯᠳᠦ ᠶᠢᠨ ᠳᠤ ᠬᠦᠷᠬᠦ ᠳᠤ ᠪᠥᠰᠡᠬᠦᠢ ᠲᠠᠢ ᠬᠤᠶᠠᠭᠤᠯᠠ ᠪᠠᠨ ᠲᠦᠯ ᠮᠠᠯ ᠢᠶᠠᠨ ᠠᠷᠠᠴᠢᠯᠠᠵᠤ ᠪᠠᠶᠢᠯ᠎ᠡ᠃      ᠰᠤᠶᠤᠯᠳᠤ ᠶᠢᠨ ᠬᠢᠨ ᠠᠮᠠ ᠪᠦᠯᠢ ᠭᠤᠷᠪᠠᠭᠤᠯᠠ ᠪᠠᠶᠢᠵᠥ᠂ ᠨᠢᠭᠡ ᠦᠬᠢᠨ ᠨᠢ ᠶᠡᠭᠡ ᠰᠤᠷᠭᠠᠭᠤᠯᠢ ᠳᠤ ᠰᠤᠷᠤᠯᠴᠠᠵᠦ ᠪᠤᠢ᠃ ᠡᠳᠡᠨ ᠤ ᠬᠢᠨ ᠤᠤᠯ ᠠᠴᠠ ᠴᠠᠬᠠᠷ ᠬᠤᠨᠢ ᠮᠠᠯᠵᠢᠵᠥ ᠢᠷᠡᠭᠰᠡᠨ ᠪᠦᠭᠡᠳ 2015 ᠤᠨ ᠳᠤ ᠴᠠᠬᠠᠷ ᠬᠤᠨᠢᠨ ᠤ ᠭᠤᠤᠯᠳᠠᠯᠭᠠᠳᠤ ᠡᠷᠦᠬᠡ ᠪᠠᠷ ᠰᠤᠩᠭᠤᠭᠳᠠᠵᠦ᠂ 2019 ᠤᠨ ᠳᠤ ︽ᠰᠢᠨ᠎ᠡ ᠬᠠᠶᠠᠭ᠎ᠠ︾ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠲᠠᠩᠰᠠᠯᠠᠭᠤᠯᠤᠭᠰᠡᠨ ᠪᠠᠶᠢᠨ᠎ᠠ᠃ ᠨᠡᠶᠢᠳᠡ 200 ᠭᠠᠷᠤᠢ ᠬᠤᠨᠢ ᠲᠠᠢ᠂ 1400 ᠮᠥ ᠨᠤᠳᠤᠭ ᠪᠡᠯᠴᠢᠭᠡᠷ ᠲᠡᠭᠡᠷ᠎ᠡ ᠪᠠᠨ ᠪᠤᠰᠤᠳ ᠠᠴᠠ 2400 ᠮᠥ ᠨᠤᠳᠤᠭ ᠲᠦᠷᠢᠶᠡᠰᠤᠯᠡᠵᠦ᠂ ᠮᠠᠯᠵᠢᠬᠤ ᠠᠮᠢᠳᠤᠷᠠᠯ ᠢᠶᠠᠨ ᠡᠵᠡᠩᠨᠡᠵᠦ ᠪᠠᠶᠢᠭ᠎ᠠ ᠪᠢᠯᠡ᠃ ᠵᠤᠨ ᠨᠢ ᠭᠤᠤᠯᠳᠠᠭᠤ ᠤᠳᠤᠷ ᠶᠠᠪᠤᠵᠦ᠂ ᠨᠤᠳᠤᠭ ᠰᠡᠯᠬᠦᠵᠦ ᠮᠠᠯᠵᠢᠳᠠᠭ᠃ ︽ᠠᠵᠢᠯᠰᠠᠭ ᠠᠶᠢᠯ ᠢ ᠠᠷᠭᠠᠯ ᠠᠴᠠ ᠨᠢ︾ ᠭᠡᠳᠡᠭᠴᠢᠯᠡᠨ ᠵᠢᠭᠳᠡᠷᠡᠭᠦᠯᠦᠨ ᠬᠤᠷᠢᠶᠠᠭᠰᠡᠨ ᠭᠤᠷᠪᠠᠨ ᠲᠠᠯᠠᠩ ᠠᠷᠭᠠᠯ ᠨᠢ ᠡᠨᠡ ᠠᠶᠢᠯ ᠠᠵᠢᠯᠴᠢ ᠪᠤᠷᠤᠭᠵᠢᠭᠤᠨ᠂ ᠰᠢᠷᠭᠠᠭᠤ ᠬᠦᠳᠡᠯᠮᠤᠷᠢᠴᠢ ᠬᠡᠲᠡᠭ ᠢ ᠬᠠᠷᠠᠭᠰᠠᠨ ᠪᠤᠯᠭᠠᠨ ᠳᠤ ᠮᠡᠲᠡᠷᠡᠬᠦᠯᠥᠨ᠎ᠠ᠃ ᠮᠠᠯ ᠤᠨᠤᠭ᠎ᠠ ᠪᠠᠨ ᠨᠠᠷᠢᠨ ᠨᠢᠮᠪᠠᠢ ᠠᠷᠠᠴᠢᠯᠠᠨ ᠲᠤᠲᠤᠮᠲᠠᠵᠥ᠂ ᠡᠪᠡᠰᠤ ᠪᠤᠷᠳᠤᠭ᠎ᠠ ᠪᠠᠨ ᠬᠦᠷᠦᠯᠴᠡᠬᠦ᠋ᠢᠴᠡ ᠬᠡᠮᠵᠢᠶ᠎ᠡ ᠪᠠᠷ ᠤᠷᠤᠭᠤᠯᠵᠥ᠂ ᠪᠤᠰᠤᠳ ᠠᠴᠠ ᠢᠯᠡᠬᠦᠦ ᠬᠦᠴᠦ ᠬᠦᠳᠡᠯᠮᠤᠷᠢ ᠵᠠᠷᠤᠴᠠᠭᠤᠯᠳᠠᠭ ᠢᠶᠠᠷ ᠬᠤᠨᠢ ᠢᠬᠡᠷᠡᠯᠡᠬᠦ ᠨᠤᠷᠮ᠎ᠠ ᠨᠢ ᠮᠠᠰᠢ ᠦᠨᠳᠦᠷ ᠪᠠᠶᠢᠳᠠᠭ᠃       ︽ᠨᠢᠳᠤᠨᠤᠨ ᠮᠠᠨ ᠤ ᠬᠢ ᠵᠠᠭᠤ ᠳᠦᠴᠢᠭᠡᠳ ᠬᠤᠨᠢ ᠬᠤᠷᠠᠭᠠᠯᠠᠵᠤ᠂ ᠵᠢᠷᠠᠭᠠᠳ ᠢᠭᠡᠷᠡᠯᠡᠭᠰᠡᠨ ᠪᠤᠯᠬᠤᠷ 200 ᠭᠠᠷᠤᠢ ᠲᠦᠯ ᠳᠤᠰᠴᠠᠢ᠃ ᠳᠦᠴᠢᠭᠡᠳ ᠲᠦᠯ ᠦᠯᠡᠳᠡᠭᠡᠵᠤ᠂ ᠪᠤᠰᠤᠳ ᠢ ᠨᠢ ᠡᠷ᠎ᠡ ᠬᠤᠷᠠᠭ᠎ᠠ 1340 ᠳᠦᠬᠦᠷᠢᠭ᠂ ᠦᠬᠢᠨ ᠬᠤᠷᠠᠭ᠎ᠠ 1160 ᠲᠦᠬᠦᠷᠢᠭ ᠤᠨ ᠦᠨ᠎ᠡ ᠪᠠᠷ ᠬᠤᠳᠠᠯᠳᠤᠵᠤ᠂ ᠪᠠᠰᠠ ᠨᠢᠭᠡ ᠪᠦᠯᠦᠭ ᠪᠦᠳᠦᠬᠦᠨ ᠬᠤᠨᠢ ᠨᠡᠮᠡᠵᠤ ᠬᠤᠲᠠᠯᠲᠤᠭᠠᠳ 30 ᠭᠠᠷᠤᠢ ᠲᠦᠮᠡᠨ ᠲᠦᠬᠦᠷᠢᠭ ᠤᠨ ᠤᠷᠤᠯᠭ᠎ᠠ ᠤᠯᠤᠭᠰᠠᠨ᠃ ᠡᠨᠡ ᠵᠢᠯ ᠤᠳᠤᠬᠠᠨ ᠶᠡᠷᠡᠭᠡᠳ ᠬᠤᠨᠢ ᠬᠤᠷᠠᠭᠠᠯᠠᠵᠥ᠂ ᠳᠠᠯᠠᠭᠠᠳ ᠬᠤᠨᠢ ᠢᠬᠡᠷᠡᠯᠡᠵᠡᠢ᠂ ᠢᠭᠡᠷᠡᠯᠡᠬᠦ ᠨᠤᠷᠮ᠎ᠠ ᠶᠡᠷᠦ ᠶᠢᠨ ᠵᠢᠯ ᠠᠴᠠ ᠪᠠᠨ ᠦᠨᠳᠦᠷ ᠪᠠᠶᠢᠨ᠎ᠠ︾ ᠭᠡᠵᠤ ᠬᠠᠰᠢᠷ ᠮᠠᠯᠴᠢᠨ ᠰᠤᠶᠤᠯᠳᠦ ᠶᠠᠷᠢᠨ᠎ᠠ᠃ ᠦᠨᠤ ᠵᠢᠯ ᠡᠳᠡᠨ ᠤ ᠬᠢᠨ 30 ᠲᠤᠨ ᠡᠪᠡᠰᠤ᠂ ᠠᠷᠪᠠᠭᠠᠳ ᠲᠤᠨ ᠪᠤᠷᠳᠤᠭ᠎ᠠ ᠤᠷᠤᠭᠤᠯᠵᠥ᠂ ᠮᠠᠯ ᠢᠶᠠᠨ ᠮᠡᠨᠳᠦ ᠤᠨᠳᠤᠷᠤᠭᠤᠯᠬᠤ ᠳᠤ ᠪᠦᠷᠢᠨ ᠪᠡᠯᠡᠳᠬᠡᠯ ᠬᠢᠭᠰᠡᠨ ᠪᠠᠶᠢᠵᠠᠢ᠃       ︽ᠦᠭᠡᠳᠡᠯᠡᠬᠦ ᠠᠶᠢᠯ ᠤᠨ ᠦᠬᠡ ᠨᠢ ᠨᠢᠬᠡ᠂ ᠦᠰᠭᠦ ᠮᠠᠯ ᠤᠨ ᠵᠢᠰᠦ ᠨᠢ ᠨᠢᠭᠡ︾ ᠭᠡᠳᠡᠭᠴᠢᠯᠡᠨ ᠰᠤᠶᠤᠯᠲᠤ ᠶᠢᠨ ᠭᠡᠷ ᠪᠦᠯᠢ ᠪᠠᠷ ᠢᠶᠠᠨ ᠡᠶ᠎ᠡ ᠨᠠᠶᠢᠷ ᠲᠠᠢ᠂ ᠠᠵᠢᠯᠴᠢ ᠬᠦᠳᠡᠯᠮᠤᠷᠢᠴᠢ᠂ ᠤᠯᠠᠨ ᠤ ᠪᠠᠨ ᠲᠤᠮᠳᠠ ᠦᠯᠢᠭᠡᠷ ᠲᠠᠭᠤᠷᠢᠶᠠᠯ ᠪᠤᠯᠵᠦ ᠶᠠᠪᠤᠳᠠᠭ ᠠᠴᠠ 2017 ᠤᠨ ᠳᠤ ᠪᠦᠬᠦ ᠬᠤᠰᠢᠭᠤᠨ ᠤ ︽ᠬᠠᠮᠤᠭ ᠭᠤᠶᠤ︾ ᠭᠡᠷ ᠪᠦᠯᠢ ᠪᠠᠷ ᠰᠤᠩᠭᠤᠭᠳᠠᠵᠦ᠂ ᠠᠮᠤᠭᠤᠯᠠᠩ ᠬᠦᠳᠡᠭᠡ ᠨᠤᠳᠤᠭ ᠲᠤ ᠪᠠᠨ ᠠᠮᠢᠨ ᠡᠷᠳᠡᠨᠢ ᠪᠤᠯᠤᠭᠰᠡᠨ ᠮᠠᠯ ᠰᠦᠷᠦᠭ ᠢᠶᠠᠨ ᠦᠨᠢᠷ ᠦᠰᠭᠡᠵᠦ᠂ ᠦᠭᠡᠳᠡ ᠲᠠᠢ ᠠᠮᠢᠳᠤᠷᠠᠯ ᠢᠶᠠᠨ ᠴᠤᠭᠴᠠᠯᠠᠵᠦ ᠶᠠᠪᠤᠭ᠎ᠠ ᠨᠢ ᠪᠠᠭ᠋ᠠᠳᠤᠯᠲᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号