ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠰᠣᠷᠪᠤᠯᠵᠢᠯᠠᠭ᠎ᠠ
ᠨᠡᠶᠢᠲᠡᠯᠡᠭᠰᠡᠨ ᠴᠠᠭ᠄
2021/2/22
           ᠬᠦᠪᠡᠭᠡᠲᠦ ᠰᠢᠷ᠎ᠠ ᠬᠤᠰᠢᠭᠤ ᠬᠠᠮᠲᠤ ᠶᠢᠨ ᠠᠵᠤ ᠠᠬᠤᠢ ᠶᠢ ᠮᠠᠯ ᠠᠵᠤ          ᠠᠬᠤᠢ ᠶᠢ ᠲᠤᠰᠠᠯᠠᠨ ᠣᠷᠤᠯᠭ᠎ᠠ ᠶᠢ ᠨᠡᠮᠡᠭᠳᠡᠬᠦᠯᠬᠦ ᠭᠦᠴᠦᠳᠡᠢ ᠪᠠᠳᠤᠯᠠᠭ᠎ᠠ           ᠪᠤᠯᠭᠠᠪᠠ                                       ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ  ᠵᠤᠨ᠎ᠠ  ᠲᠡᠷᠭᠡᠯ      ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠪᠣᠯ ᠬᠠᠮᠤᠭ ᠤᠨ ᠰᠢᠭᠤᠳ᠂ ᠬᠠᠮᠤᠭ ᠤᠨ ᠪᠦᠳᠦᠮᠵᠢᠳᠡᠢ ᠠᠷᠭ᠎ᠠ ᠪᠠᠶᠢᠵᠤ᠂ ᠪᠠᠰᠠ ᠴᠤ ᠠᠵᠤ ᠠᠬᠤᠢ ᠬᠤᠴᠤᠷᠤᠩᠭᠤᠢ ᠭᠠᠵᠠᠷ ᠣᠷᠤᠨ ᠤ ᠥᠪᠡᠷ ᠤᠨ ᠬᠦᠴᠦ ᠪᠠᠷ ᠢᠶᠠᠨ ᠳᠡᠭᠵᠢᠷᠡᠬᠦ ᠴᠢᠳᠠᠪᠦᠷᠢ ᠶᠢ ᠳᠡᠭᠡᠭᠰᠢᠯᠡᠬᠦᠯᠵᠦ᠂ ᠣᠯᠠᠨ ᠲᠥᠮᠡᠨ ᠢ ᠬᠠᠪᠰᠤᠷᠤᠨ ᠲᠣᠬᠠᠢ ᠶᠢᠨ ᠭᠠᠵᠠᠷ ᠲᠤ ᠨᠢ ᠠᠵᠢᠯ ᠣᠯᠭᠤᠬᠤ ᠠᠯᠤᠰ ᠬᠡᠲᠦ ᠶᠢᠨ ᠪᠣᠳᠣᠯᠭ᠎ᠠ ᠪᠤᠯᠤᠨ᠎ᠠ᠃ ᠮᠠᠯᠵᠢᠬᠤ ᠲᠠᠷᠢᠶᠠᠯᠠᠬᠤ ᠣᠷᠤᠨ ᠤ ᠬᠠᠮᠲᠤ ᠶᠢᠨ ᠠᠵᠤ ᠠᠬᠤᠢ ᠶᠢ ᠬᠦᠭᠵᠢᠬᠦᠯᠬᠦ ᠪᠣᠯ ᠮᠠᠯᠵᠢᠬᠤ ᠲᠠᠷᠢᠶᠠᠯᠠᠬᠤ ᠣᠷᠤᠨ ᠤ ᠬᠦᠭᠵᠢᠯᠲᠡ ᠶᠢᠨ ᠨᠦᠭᠦᠴᠡᠯ ᠢ ᠰᠠᠶᠢᠵᠢᠷᠠᠭᠤᠯᠬᠤ ᠶᠢᠨ ᠪᠤᠳᠠᠰ ᠤᠨ ᠰᠠᠭᠤᠷᠢ ᠪᠣᠯᠬᠤ ᠪᠦᠭᠡᠳ ᠨᠡᠩ ᠴᠤ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠪᠠᠷᠢᠯ ᠪᠣᠯᠣᠨ᠎ᠠ᠃ ᠬᠦᠪᠡᠭᠡᠲᠦ ᠰᠢᠷ᠎ᠠ ᠬᠤᠰᠢᠭᠤᠨ ᠤ ᠤᠩᠭᠤᠨ ᠠᠭᠤᠯᠠ ᠰᠣᠮᠣᠨ ᠤ ᠲᠠᠪᠤᠰᠤᠨ ᠭᠤᠣᠯ ᠭᠠᠴᠠᠭ᠎ᠠ ᠨᠢ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠬᠦᠭᠵᠢᠯᠲᠡ ᠶᠢᠨ ᠦᠷ᠎ᠡ ᠪᠦᠳᠦᠭᠡᠯ ᠢ ᠮᠠᠯᠴᠢᠨ ᠲᠥᠮᠡᠨ ᠳᠤ ᠦᠨᠡᠨ ᠬᠦ ᠬᠦᠷᠳᠡᠭᠡᠨ᠂ ᠮᠠᠯ ᠠᠵᠤ ᠠᠬᠤᠢ ᠶᠢ ᠬᠠᠪᠰᠤᠷᠤᠨ ᠤᠷᠤᠯᠭ᠎ᠠ ᠶᠢ ᠨᠢ ᠨᠡᠮᠡᠭᠳᠡᠬᠦᠯᠪᠡ᠃      ᠰᠣᠷᠪᠤᠯᠵᠢᠯᠠᠭᠴᠢ ᠬᠦᠪᠡᠭᠡᠲᠦ ᠰᠢᠷ᠎ᠠ ᠬᠤᠰᠢᠭᠤᠨ ᠤ ᠣᠩᠭᠤᠨ ᠠᠭᠤᠯᠠ ᠰᠣᠮᠣᠨ ᠤ ᠲᠠᠪᠤᠰᠤᠨ ᠭᠤᠣᠯ ᠭᠠᠴᠠᠭᠠᠨ ᠤ ᠬᠦᠪᠡᠭᠡᠲᠦ ᠰᠢᠷ᠎ᠠ ᠬᠤᠰᠢᠭᠤᠨ ᠤ ᠬᠥᠭᠵᠢᠯ ᠲᠡᠵᠢᠭᠡᠨ ᠦᠷᠡᠵᠢᠬᠦᠯᠬᠦ ᠲᠤᠰᠬᠠᠢ ᠬᠤᠷᠰᠢᠶᠠᠵᠢᠯ ᠳᠤ ᠬᠦᠷᠬᠦ ᠳᠤ᠂ ᠣᠶᠤᠨᠪᠠᠲᠤ ᠶᠠᠭ ᠦᠬᠡᠷ ᠢᠶᠠᠨ ᠲᠡᠵᠢᠭᠡᠨ ᠶᠠᠭᠠᠷᠠᠵᠤ ᠪᠠᠶᠢᠪᠠ᠃ ᠣᠶᠤᠨᠪᠠᠲᠤ ᠪᠣᠯ ᠲᠠᠪᠤᠰᠤᠨ ᠭᠤᠣᠯ ᠭᠠᠴᠠᠭᠠᠨ ᠤ ᠮᠠᠯᠴᠢᠨ᠂ ᠤᠤᠯ ᠳᠠᠭᠠᠨ ᠳᠠᠩᠰᠠ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠡᠷᠦᠬᠡ ᠪᠠᠶᠢᠪᠠ᠃ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠰᠠᠭᠤᠷᠢ ᠰᠠᠶᠢᠨ ᠪᠠᠶᠢᠭᠰᠠᠨ ᠢᠶᠠᠷ 2015 ᠣᠨ ᠳᠤ ᠭᠠᠴᠠᠭᠠᠨ ᠠᠴᠠ ᠤᠶᠤᠨᠪᠠᠲᠤ ᠶᠢᠨ ᠬᠢ ᠶᠢ ᠬᠤᠷᠰᠢᠶᠠᠵᠢᠯ ᠳᠤ ᠪᠠᠨ ᠠᠵᠢᠯᠯᠠᠭᠤᠯᠵᠤ᠂ 3500 ᠲᠥᠭᠦᠷᠢᠭ ᠤᠨ ᠴᠡᠯᠢᠩ ᠣᠯᠭᠤᠪᠠ᠂ ᠪᠠᠰᠠ ᠵᠢᠯ ᠳᠤ ᠨᠢᠭᠡ ᠲᠣᠭᠤᠯ ᠣᠨᠳᠤᠷᠤᠭᠤᠯᠪᠠᠯ ᠬᠤᠷᠰᠢᠶᠠᠵᠢᠯ ᠠᠴᠠ 300 ᠲᠥᠭᠦᠷᠢᠭ ᠤᠨ ᠱᠠᠩᠨᠠᠯ ᠣᠯᠭᠤᠳᠠᠭ ᠪᠠᠶᠢᠵᠤ᠂ ᠰᠢᠷᠭᠠᠭᠤ ᠬᠠᠳᠠᠭᠤᠵᠢᠯᠲᠠᠢ ᠠᠵᠢᠯᠯᠠᠭᠰᠠᠨ ᠠᠴᠠ ᠲᠡᠳᠡᠨ ᠤ ᠠᠶᠢᠯ ᠭᠡᠷ ᠤᠨ ᠤᠷᠤᠯᠭ᠎ᠠ ᠨᠢ ᠨᠡᠮᠡᠭᠳᠡᠵᠦ᠂ ᠠᠮᠢᠳᠤᠷᠠᠯ ᠨᠢ ᠴᠤ ᠨᠡᠯᠢᠶᠡᠳ ᠴᠢᠨᠡᠭᠡᠯᠢᠭᠵᠢᠭᠰᠡᠨ ᠪᠠᠶᠢᠨ᠎ᠠ᠃ ᠡᠬᠦᠨ ᠤ ᠬᠠᠮᠲᠤ ᠬᠤᠷᠰᠢᠶᠠᠵᠢᠯ ᠳᠤ ᠬᠤᠪᠢ ᠤᠷᠤᠭᠤᠯᠬᠤ ᠪᠠᠷ ᠳᠠᠮᠵᠢᠨ ᠨᠢᠳᠦᠨᠦᠨ ᠲᠡᠳᠡ ᠪᠠᠰᠠ 2000 ᠲᠥᠬᠦᠷᠢᠭ ᠤᠨ ᠠᠰᠢᠭ ᠬᠤᠪᠢᠶᠠᠷᠢᠯᠠᠯᠲᠠ ᠶᠢ ᠬᠦᠷᠲᠡᠵᠡᠢ᠃      ᠤᠶᠤᠨᠪᠠᠲᠤ ︽2018 ᠣᠨ ᠪᠠ 2029 ᠣᠨ ᠳᠤ ᠵᠢᠯ ᠳᠠᠷᠠᠭᠠᠯᠠᠨ ᠭᠠᠴᠠᠭᠠᠨ ᠠᠴᠠ ᠨᠠᠳᠠ ᠳᠤ ᠲᠣᠭᠤᠯ ᠎ ᠲᠠᠢ ᠦᠨᠢᠶ᠎ᠡ ᠬᠠᠩᠭᠠᠭᠰᠠᠨ ᠠᠴᠠ ᠪᠢ ᠮᠠᠰᠢ ᠶᠡᠭᠡ ᠵᠣᠷᠢᠭᠵᠢᠵᠤ ᠥᠪᠡᠷ ᠢᠶᠠᠨ ᠴᠤ ᠰᠠᠶᠢᠲᠤᠷ ᠴᠢᠷᠮᠠᠶᠢᠨ ᠠᠵᠢᠯᠯᠠᠭᠰᠠᠨ᠃ 2020 ᠣᠨ ᠤ 7 ᠰᠠᠷ᠎ᠠ ᠳᠤ᠂ ᠶᠠᠳᠠᠭᠤ ᠶᠢ ᠲᠡᠳᠬᠦᠬᠦ ᠠᠯᠪᠠᠨ ᠭᠡᠷ ᠠᠴᠠ ᠨᠠᠳᠠᠳᠤ ᠭᠠᠴᠠᠭᠠᠨ ᠤ ᠣᠷᠴᠢᠨ ᠲᠤᠭᠤᠷᠢᠨ ᠤ ᠠᠷᠢᠭᠤᠨ ᠴᠡᠪᠡᠷ ᠢ ᠪᠠᠳᠤᠯᠠᠬᠤ ᠠᠵᠢᠯ ᠤᠨ ᠪᠠᠶᠢᠷᠢ ᠲᠣᠬᠢᠷᠠᠭᠤᠯᠵᠤ ᠦᠭᠬᠦᠨ᠂ ᠰᠠᠷ᠎ᠠ ᠳᠤ 1500 ᠲᠦᠭᠦᠷᠢᠭ ᠤᠨ ᠴᠠᠯᠢᠩ ᠣᠯᠭᠤᠵᠠᠢ᠃ ᠢᠩᠭᠢᠭᠰᠡᠨ ᠢᠶᠠᠷ ᠮᠠᠨ ᠤ ᠭᠡᠷ ᠤᠨ ᠵᠢᠯ ᠤᠨ ᠴᠡᠪᠡᠷ ᠣᠷᠤᠯᠭ᠎ᠠ 6 ᠲᠥᠮᠡ ᠠᠴᠠ 7 ᠲᠥᠮᠡᠨ ᠲᠦᠭᠦᠷᠢᠭ ᠲᠤ ᠬᠦᠷᠴᠦ᠂ ᠠᠮᠢᠳᠤᠷᠠᠯ ᠤᠨ ᠬᠢᠷᠢ ᠲᠥᠪᠰᠢᠨ ᠮᠠᠰᠢ ᠶᠡᠭᠡ ᠳᠡᠭᠡᠭᠰᠢᠯᠡᠵᠡᠢ᠃      ᠬᠦᠪᠡᠭᠡᠲᠦ ᠰᠢᠷ᠎ᠠ ᠬᠤᠰᠢᠭᠤᠨ ᠤ ᠬᠦᠭᠵᠢᠯᠲᠡ ᠲᠡᠵᠢᠭᠡᠨ ᠦᠷᠡᠵᠢᠬᠦᠯᠬᠦ ᠲᠤᠰᠬᠠᠢ ᠬᠤᠷᠰᠢᠶᠠᠵᠢᠯ ᠪᠣᠯ ᠬᠦᠪᠡᠭᠡᠲᠦ ᠰᠢᠷ᠎ᠠ ᠬᠤᠰᠢᠭᠤᠨ ᠤ ᠤᠩᠭᠤᠨ ᠠᠭᠤᠯᠠ ᠰᠣᠮᠣᠨ ᠤ ᠲᠠᠪᠤᠰᠤᠨ ᠭᠤᠣᠯ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠪᠠᠶᠢᠭᠤᠯᠤᠯᠲᠠ ᠪᠤᠯᠤᠨ᠎ᠠ᠃ ᠬᠤᠷᠰᠢᠶᠠᠵᠢᠯ ᠨᠢ 2009 ᠣᠨ ᠳᠤ ᠪᠠᠶᠢᠭᠤᠯᠤᠭᠳᠠᠵᠤ᠂ ᠣᠳᠤᠬᠠᠨ ᠳᠤ 80 ᠰᠢᠮᠧᠨ᠋ᠳᠡᠷ ᠦᠬᠡᠷ ᠲᠡᠵᠢᠭᠡᠵᠦ ᠪᠠᠶᠢᠨ᠎ᠠ᠃ 2020 ᠣᠨ ᠳᠤ ᠭᠠᠴᠠᠭ᠎ᠠ ᠨᠢ ᠬᠤᠷᠰᠢᠶᠠᠵᠢᠯ ᠤᠨ ᠠᠰᠢᠭ ᠣᠷᠤᠯᠭ᠎ᠠ ᠠᠴᠠ ᠪᠠᠨ 14 ᠲᠥᠮᠡᠨ ᠲᠦᠭᠦᠷᠢᠭ ᠭᠠᠷᠭᠠᠨ᠂ ᠭᠠᠴᠠᠭᠠᠨ ᠤ 70 ᠮᠠᠯᠴᠢᠨ ᠡᠷᠦᠬᠡ ᠳᠤ ᠡᠷᠦᠬᠡ ᠪᠦᠷᠢ ᠳᠤ 2000 ᠲᠦᠭᠦᠷᠢᠭ ᠤᠨ ᠠᠰᠢᠭ ᠬᠤᠪᠢᠶᠠᠷᠢᠯᠠᠵᠤ᠂ ᠬᠠᠮᠲᠤ ᠶᠢᠨ ᠠᠵᠤ ᠠᠬᠤᠢ ᠶᠢᠨ ᠠᠰᠢᠭ ᠤᠷᠤᠯᠭ᠎ᠠ ᠶᠢ ᠭᠠᠴᠠᠭᠠᠨ ᠤ ᠪᠠᠨ ᠮᠠᠯᠴᠢᠨ ᠨᠢᠭᠡᠪᠦᠷᠢ ᠳᠤ ᠬᠦᠷᠳᠡᠭᠡᠵᠦ ᠴᠢᠳᠠᠵᠠᠢ᠃      ᠬᠦᠪᠡᠭᠡᠲᠦ ᠰᠢᠷ᠎ᠠ ᠬᠤᠰᠢᠭᠤᠨ ᠤ ᠲᠠᠪᠤᠰᠤᠨ ᠭᠤᠣᠯ ᠭᠠᠴᠠᠭᠠᠨ ᠤ ᠳᠡᠳ᠋ ᠲᠠᠷᠤᠭ᠎ᠠ ᠵᠣᠷᠢᠭᠲᠤ ︽ᠮᠠᠨ ᠤ ᠭᠠᠴᠠᠭᠠᠨ ᠤ ᠶᠠᠳᠠᠭᠤ ᠶᠢ ᠲᠡᠳᠬᠦᠬᠦ ᠠᠵᠢᠯ ᠨᠢ ᠶᠠᠳᠠᠭᠤ ᠬᠦᠴᠢᠷᠳᠡᠯᠳᠡᠢ ᠡᠷᠦᠬᠡ ᠶᠢᠨ ᠭᠡᠷ ᠪᠠᠶᠢᠰᠢᠩ᠂ ᠫᠧᠩ ᠰᠠᠷᠠᠪᠴᠢ ᠶᠢᠨ ᠪᠦᠳᠦᠭᠡᠨ ᠪᠠᠶᠢᠭᠤᠯᠤᠯᠲᠠ ᠪᠠ ᠰᠤᠷᠭᠠᠨ ᠬᠦᠮᠦᠵᠢᠯ ᠤᠨ ᠲᠠᠯ᠎ᠠ ᠶᠢ ᠭᠤᠣᠯᠯᠠᠨ ᠠᠳᠬᠤᠵᠤ᠂ ᠬᠡᠳᠦᠨ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠨᠠᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠲᠣᠬᠢᠷᠠᠭᠤᠯᠵᠤ᠂ ᠨᠢᠭᠡ ᠶᠠᠳᠠᠭᠤ ᠬᠦᠴᠢᠷᠳᠡᠯᠳᠡᠢ ᠡᠷᠦᠬᠡ ᠶᠢ ᠬᠤᠷᠰᠢᠶᠠᠵᠢᠯ ᠳᠤ ᠲᠣᠬᠢᠷᠠᠭᠤᠯᠪᠠ᠃ ᠬᠠᠮᠳᠤᠵᠤ ᠶᠢᠨ ᠠᠵᠤ ᠠᠬᠤᠢ ᠶᠢᠨ ᠠᠰᠢᠭ ᠣᠷᠤᠯᠭ᠎ᠠ ᠶᠢᠨ ᠳᠤᠳᠤᠷ᠎ᠠ ᠠᠴᠠ ᠨᠢᠭᠡ ᠭᠡᠰᠡᠭ ᠢ ᠨᠢ ᠭᠠᠷᠭᠠᠵᠤ ᠭᠠᠴᠠᠭᠠᠨ ᠤ ᠪᠦᠬᠦ ᠮᠠᠯᠴᠢᠳ ᠲᠤ ᠬᠤᠷᠰᠢᠭᠰᠠᠨ ᠡᠮᠨᠡᠯᠭᠡ ᠶᠢᠨ ᠰᠦᠢᠳᠭᠡᠯ ᠢ ᠲᠤᠰᠢᠶᠠᠪᠠ᠃ ᠲᠠᠷᠠᠭᠠᠴᠢ ᠶᠢᠨ ᠠᠯᠬᠤᠮ ᠳᠤ ᠪᠢᠳᠡ ᠭᠠᠴᠠᠭᠠᠨ ᠤ ᠬᠠᠮᠲᠤ ᠶᠢᠨ ᠠᠵᠤ ᠠᠬᠤᠢ ᠶᠢ ᠦᠷᠬᠦᠯᠵᠢᠯᠡᠨ ᠪᠤᠵᠠᠭᠠᠶᠢᠷᠠᠭᠤᠯᠵᠤ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠦᠨ᠎ᠡ︾ ᠭᠡᠵᠦ ᠶᠠᠷᠢᠪᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号