︽ᠲᠠᠶᠢᠴᠢᠳ︾ ᠺᠤᠮᠫᠠᠨᠢ ᠲᠠᠶᠢᠴᠢᠨ ᠠᠨᠲᠠ ᠳᠤ ᠪᠠᠨ ᠬᠠᠨᠲᠢᠪ ᠡᠷᠬᠦᠪᠡ
ᠨᠡᠶᠢᠲᠡᠯᠡᠭᠰᠡᠨ ᠴᠠᠭ᠄
2021/2/22
     ᠤᠢᠢᠷ᠎ᠠ ᠶᠢᠨ ᠡᠲᠥᠷ᠂ ᠬᠥᠪᠡᠭᠡᠲᠥ ᠰᠢᠷ᠎ᠠ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠲᠠᠭᠰᠠᠳ ᠤᠨ ᠬᠡᠷᠡᠭ ᠡᠷᠬᠢᠯᠡᠬᠦ ᠲᠤᠪᠴᠢᠶ᠎ᠠ ᠪᠠ ᠥᠪᠤᠷ ᠮᠤᠩᠭᠤᠯ ᠤᠨ ᠲᠠᠶᠢᠴᠢᠳ ᠬᠥᠨᠥᠭᠡᠯᠲᠥ ᠠᠮᠢᠲᠤ ᠪᠤᠲᠠᠰ ᠢ ᠰᠡᠷᠭᠡᠶᠢᠯᠡᠨ ᠵᠠᠰᠠᠬᠤ ᠥᠢᠯᠡᠴᠢᠯᠡᠭᠡᠨ ᠤ ᠬᠢᠵᠠᠭᠠᠷᠲᠤ ᠺᠤᠮᠫᠠᠨᠢ ᠨᠢ ᠴᠡᠷᠢᠭ ᠤᠨ ᠠᠯᠪᠠ ᠠᠴᠠ ᠬᠠᠯᠠᠭᠲᠠᠭᠰᠠᠨ ᠮᠠᠯᠴᠢᠳ ᠢᠶᠠᠨ ᠲᠤᠰᠠᠯᠠᠨ ᠲᠡᠮᠵᠢᠬᠦ ᠠᠵᠢᠯᠯᠠᠭ᠎ᠠ ᠥᠷᠨᠢᠬᠦᠯᠵᠡᠢ᠃      ᠥᠪᠤᠷ ᠮᠤᠩᠭᠤᠯ ᠤᠨ ᠲᠠᠶᠢᠴᠢᠳ ᠬᠥᠨᠥᠭᠡᠯᠲᠥ ᠠᠮᠢᠲᠤ ᠪᠤᠲᠠᠰ ᠢ ᠰᠡᠷᠭᠡᠶᠢᠯᠡᠨ ᠵᠠᠰᠠᠬᠤ ᠥᠢᠯᠡᠴᠢᠯᠡᠭᠡᠨ ᠤ ᠬᠢᠵᠠᠭᠠᠷᠲᠤ ᠺᠤᠮᠫᠠᠨᠢ ᠶᠢᠨ ᠲᠡᠳ᠋ ᠵᠠᠬᠢᠷᠤᠯ ᠬᠠᠲᠠ ︽ᠤᠡᠭᠭᠤᠨ ᠠᠭᠤᠯᠠ ᠰᠤᠮᠤ ᠶᠢᠨ ᠬᠡᠰᠡᠭ ᠪᠥᠯᠥᠭ ᠴᠡᠷᠢᠭ ᠠᠴᠠ ᠬᠠᠯᠠᠭᠲᠠᠭᠰᠠᠨ ᠠᠬᠠᠮᠠᠳ ᠲᠠᠶᠢᠴᠢᠨ ᠪᠠᠶᠢᠯᠲᠤᠭᠴᠢ ᠨᠠᠷ ᠤᠨ ᠢᠶᠠᠨ ᠠᠮᠢᠲᠤᠷᠠᠯ ᠳᠤ ᠨᠢ ᠲᠤᠰᠠ ᠲᠡᠮ ᠪᠤᠯᠤᠶ᠎ᠠ ᠬᠡᠰᠡᠨ ᠵᠤᠷᠢᠯᠭ᠎ᠠ ᠪᠠᠷ ᠬᠠᠨᠲᠢᠪ ᠤᠨ ᠠᠵᠢᠯᠯᠠᠭ᠎ᠠ ᠪᠠᠨ ᠥᠷᠨᠢᠬᠦᠯᠥᠭᠰᠡᠨ ᠶᠤᠮ᠃ ᠬᠠᠨᠲᠢᠪ ᠬᠥᠷᠲᠡᠭᠰᠡᠳ ᠨᠢ ᠪᠥᠷ ᠴᠡᠷᠢᠭ ᠠᠴᠠ ᠬᠠᠯᠠᠭᠲᠠᠭᠰᠠᠳ ᠪᠠᠶᠢᠵᠥ᠂ ᠠᠮᠢᠲᠤᠷᠠᠯ ᠬᠥᠴᠢᠷᠲᠡᠯᠲᠡᠢ᠂ ᠡᠪᠡᠳᠴᠢᠨ ᠡᠮᠭᠡᠭ ᠲᠠᠢ᠂ ᠲᠤᠤᠷ᠎ᠠ ᠤᠷᠤᠯᠭ᠎ᠠ ᠲᠠᠢ ᠠᠶᠢᠯ ᠪᠤᠯᠤᠨ᠎ᠠ︾ ᠭᠡᠵᠥ ᠲᠠᠨᠢᠯᠴᠠᠭᠤᠯᠤᠯ᠎ᠠ᠃      ᠲᠤᠰ ᠤᠲᠠᠭᠠᠨ ᠤ ᠲᠤᠰᠠᠯᠠᠨ ᠲᠡᠮᠵᠢᠬᠦ ᠠᠵᠢᠯᠯᠠᠭ᠎ᠠ ᠪᠠᠷ ᠴᠡᠷᠢᠭ ᠤᠨ ᠠᠯᠪᠠ ᠠᠴᠠ ᠬᠠᠯᠠᠭᠲᠠᠭᠰᠠᠳ ᠤᠨ ᠲᠠᠪᠤᠨ ᠮᠠᠯᠴᠢᠨ ᠠᠶᠢᠯ ᠳᠤ ᠨᠢᠭᠡ ᠲᠥᠮᠡ 5000 ᠲᠥᠭᠦᠷᠢᠭ ᠤᠨ ᠥᠷᠲᠡᠭ ᠪᠥᠬᠦᠢ 10 ᠲᠤᠨ ᠡᠪᠡᠰᠥ ᠬᠥᠷᠭᠡᠵᠡᠢ᠃ ︽ᠥᠨᠥᠲᠤᠷ ᠲᠠᠶᠢᠴᠢᠳ ᠬᠤᠤᠷ ᠬᠥᠨᠥᠭᠡᠯᠲᠥ ᠠᠮᠢᠲᠤ ᠪᠤᠲᠠᠰ ᠢ ᠰᠡᠷᠭᠡᠶᠢᠯᠡᠨ ᠵᠠᠰᠠᠬᠤ ᠥᠢᠯᠡᠴᠢᠯᠡᠭᠡᠨ ᠤ ᠬᠢᠵᠠᠭᠠᠷᠲᠤ ᠺᠤᠮᠫᠠᠨᠢ ᠠᠴᠠ ᠬᠠᠯᠠᠭᠤᠨ ᠭᠠᠷ ᠢᠶᠠᠨ ᠰᠤᠩᠭᠠᠵᠥ᠂ ᠡᠪᠡᠰᠥ ᠬᠥᠷᠭᠡᠵᠥ ᠢᠷᠡᠯ᠎ᠠ᠃ ᠪᠢ ᠲᠤᠩ ᠶᠡᠭᠡ ᠪᠠᠶᠠᠷᠯᠠᠨ ᠲᠠᠯᠠᠷᠬᠠᠵᠥ ᠪᠠᠶᠢᠨ᠎ᠠ᠃ ᠡᠪᠤᠯ ᠠᠴᠠ ᠨᠠᠭᠠᠰᠢ ᠴᠠᠰᠤ ᠶᠡᠭᠡ᠂ ᠮᠠᠯ ᠲᠥᠯᠯᠡᠭᠡᠳ ᠡᠪᠡᠰᠥ ᠪᠤᠷᠲᠤᠭ᠎ᠠ ᠶᠡᠭᠡ ᠲᠤᠲᠠᠭᠲᠠᠵᠥ ᠪᠠᠶᠢᠨ᠎ᠠ᠃ ᠲᠤᠰ ᠠᠵᠢᠯᠯᠠᠭ᠎ᠠ ᠨᠢ ᠲᠠᠭᠠᠷᠠᠭᠰᠠᠨ ᠬᠥᠮᠥᠨ ᠳᠤ ᠲᠠᠬᠤ ᠬᠥᠷᠭᠡᠭᠰᠡᠨ ᠰᠢᠭ ᠪᠤᠯᠤᠯ᠎ᠠ︾ ᠭᠡᠵᠥ ᠠᠯᠲᠠᠨᠮᠤᠲᠤ ᠭᠠᠴᠠᠭᠠᠨ ᠤ ᠮᠠᠯᠴᠢᠨ ᠪᠤᠶᠠᠨ᠋ᠧᠴᠢᠷ ᠶᠠᠷᠢᠯ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号