ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠰᠣᠷᠪᠤᠯᠵᠢᠯᠠᠭ᠎ᠠ | | | ᠬᠦᠪᠡᠭᠡᠲᠦ ᠰᠢᠷ᠎ᠠ ᠬᠤᠰᠢᠭᠤ ᠬᠠᠮᠲᠤ ᠶᠢᠨ ᠠᠵᠤ ᠠᠬᠤᠢ ᠶᠢ ᠮᠠᠯ ᠠᠵᠤ ᠠᠬᠤᠢ ᠶᠢ | ᠲᠤᠰᠠᠯᠠᠨ ᠣᠷᠤᠯᠭ᠎ᠠ ᠶᠢ ᠨᠡᠮᠡᠭᠳᠡᠬᠦᠯᠬᠦ ᠭᠦᠴᠦᠳᠡᠢ ᠪᠠᠳᠤᠯᠠᠭ᠎ᠠ ᠪᠤᠯᠭᠠᠪᠠ | | | ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠵᠤᠨ᠎ᠠ ᠲᠡᠷᠭᠡᠯ | | | ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠪᠣᠯ ᠬᠠᠮᠤᠭ ᠤᠨ ᠰᠢᠭᠤᠳ᠂ ᠬᠠᠮᠤᠭ ᠤᠨ ᠪᠦᠳᠦᠮᠵᠢᠳᠡᠢ ᠠᠷᠭ᠎ᠠ | ᠪᠠᠶᠢᠵᠤ᠂ ᠪᠠᠰᠠ ᠴᠤ ᠠᠵᠤ ᠠᠬᠤᠢ ᠬᠤᠴᠤᠷᠤᠩᠭᠤᠢ ᠭᠠᠵᠠᠷ ᠣᠷᠤᠨ ᠤ ᠥᠪᠡᠷ ᠤᠨ ᠬᠦᠴᠦ ᠪᠠᠷ ᠢᠶᠠᠨ ᠳᠡᠭᠵᠢᠷᠡᠬᠦ | ᠴᠢᠳᠠᠪᠦᠷᠢ ᠶᠢ ᠳᠡᠭᠡᠭᠰᠢᠯᠡᠬᠦᠯᠵᠦ᠂ ᠣᠯᠠᠨ ᠲᠥᠮᠡᠨ ᠢ ᠬᠠᠪᠰᠤᠷᠤᠨ ᠲᠣᠬᠠᠢ ᠶᠢᠨ ᠭᠠᠵᠠᠷ ᠲᠤ ᠨᠢ ᠠᠵᠢᠯ ᠣᠯᠭᠤᠬᠤ ᠠᠯᠤᠰ | ᠬᠡᠲᠦ ᠶᠢᠨ ᠪᠣᠳᠣᠯᠭ᠎ᠠ ᠪᠤᠯᠤᠨ᠎ᠠ᠃ ᠮᠠᠯᠵᠢᠬᠤ ᠲᠠᠷᠢᠶᠠᠯᠠᠬᠤ ᠣᠷᠤᠨ ᠤ ᠬᠠᠮᠲᠤ ᠶᠢᠨ ᠠᠵᠤ ᠠᠬᠤᠢ ᠶᠢ ᠬᠦᠭᠵᠢᠬᠦᠯᠬᠦ ᠪᠣᠯ | ᠮᠠᠯᠵᠢᠬᠤ ᠲᠠᠷᠢᠶᠠᠯᠠᠬᠤ ᠣᠷᠤᠨ ᠤ ᠬᠦᠭᠵᠢᠯᠲᠡ ᠶᠢᠨ ᠨᠦᠭᠦᠴᠡᠯ ᠢ ᠰᠠᠶᠢᠵᠢᠷᠠᠭᠤᠯᠬᠤ ᠶᠢᠨ ᠪᠤᠳᠠᠰ ᠤᠨ ᠰᠠᠭᠤᠷᠢ ᠪᠣᠯᠬᠤ | ᠪᠦᠭᠡᠳ ᠨᠡᠩ ᠴᠤ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠪᠠᠷᠢᠯ ᠪᠣᠯᠣᠨ᠎ᠠ᠃ | ᠬᠦᠪᠡᠭᠡᠲᠦ ᠰᠢᠷ᠎ᠠ ᠬᠤᠰᠢᠭᠤᠨ ᠤ ᠤᠩᠭᠤᠨ ᠠᠭᠤᠯᠠ ᠰᠣᠮᠣᠨ ᠤ ᠲᠠᠪᠤᠰᠤᠨ ᠭᠤᠣᠯ ᠭᠠᠴᠠᠭ᠎ᠠ ᠨᠢ ᠬᠠᠮᠲᠤ ᠶᠢᠨ ᠠᠵᠤ | ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠬᠦᠭᠵᠢᠯᠲᠡ ᠶᠢᠨ ᠦᠷ᠎ᠡ ᠪᠦᠳᠦᠭᠡᠯ ᠢ ᠮᠠᠯᠴᠢᠨ ᠲᠥᠮᠡᠨ ᠳᠤ ᠦᠨᠡᠨ | ᠬᠦ ᠬᠦᠷᠳᠡᠭᠡᠨ᠂ ᠮᠠᠯ ᠠᠵᠤ ᠠᠬᠤᠢ ᠶᠢ ᠬᠠᠪᠰᠤᠷᠤᠨ ᠤᠷᠤᠯᠭ᠎ᠠ ᠶᠢ ᠨᠢ ᠨᠡᠮᠡᠭᠳᠡᠬᠦᠯᠪᠡ᠃ | ᠰᠣᠷᠪᠤᠯᠵᠢᠯᠠᠭᠴᠢ ᠬᠦᠪᠡᠭᠡᠲᠦ ᠰᠢᠷ᠎ᠠ ᠬᠤᠰᠢᠭᠤᠨ ᠤ ᠣᠩᠭᠤᠨ ᠠᠭᠤᠯᠠ ᠰᠣᠮᠣᠨ ᠤ ᠲᠠᠪᠤᠰᠤᠨ ᠭᠤᠣᠯ ᠭᠠᠴᠠᠭᠠᠨ ᠤ | ᠬᠦᠪᠡᠭᠡᠲᠦ ᠰᠢᠷ᠎ᠠ ᠬᠤᠰᠢᠭᠤᠨ ᠤ ᠬᠥᠭᠵᠢᠯ ᠲᠡᠵᠢᠭᠡᠨ ᠦᠷᠡᠵᠢᠬᠦᠯᠬᠦ ᠲᠤᠰᠬᠠᠢ ᠬᠤᠷᠰᠢᠶᠠᠵᠢᠯ ᠳᠤ ᠬᠦᠷᠬᠦ ᠳᠤ᠂ ᠣᠶᠤᠨᠪᠠᠲᠤ | ᠶᠠᠭ ᠦᠬᠡᠷ ᠢᠶᠠᠨ ᠲᠡᠵᠢᠭᠡᠨ ᠶᠠᠭᠠᠷᠠᠵᠤ ᠪᠠᠶᠢᠪᠠ᠃ ᠣᠶᠤᠨᠪᠠᠲᠤ ᠪᠣᠯ ᠲᠠᠪᠤᠰᠤᠨ ᠭᠤᠣᠯ ᠭᠠᠴᠠᠭᠠᠨ ᠤ ᠮᠠᠯᠴᠢᠨ᠂ | ᠤᠤᠯ ᠳᠠᠭᠠᠨ ᠳᠠᠩᠰᠠ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠡᠷᠦᠬᠡ ᠪᠠᠶᠢᠪᠠ᠃ ᠭᠠᠴᠠᠭᠠᠨ ᠤ ᠬᠠᠮᠲᠤ ᠶᠢᠨ ᠠᠵᠤ | ᠠᠬᠤᠢ ᠶᠢᠨ ᠰᠠᠭᠤᠷᠢ ᠰᠠᠶᠢᠨ ᠪᠠᠶᠢᠭᠰᠠᠨ ᠢᠶᠠᠷ 2015 ᠣᠨ ᠳᠤ ᠭᠠᠴᠠᠭᠠᠨ ᠠᠴᠠ ᠤᠶᠤᠨᠪᠠᠲᠤ ᠶᠢᠨ ᠬᠢ ᠶᠢ | ᠬᠤᠷᠰᠢᠶᠠᠵᠢᠯ ᠳᠤ ᠪᠠᠨ ᠠᠵᠢᠯᠯᠠᠭᠤᠯᠵᠤ᠂ 3500 ᠲᠥᠭᠦᠷᠢᠭ ᠤᠨ ᠴᠡᠯᠢᠩ ᠣᠯᠭᠤᠪᠠ᠂ ᠪᠠᠰᠠ ᠵᠢᠯ ᠳᠤ ᠨᠢᠭᠡ ᠲᠣᠭᠤᠯ | ᠣᠨᠳᠤᠷᠤᠭᠤᠯᠪᠠᠯ ᠬᠤᠷᠰᠢᠶᠠᠵᠢᠯ ᠠᠴᠠ 300 ᠲᠥᠭᠦᠷᠢᠭ ᠤᠨ ᠱᠠᠩᠨᠠᠯ ᠣᠯᠭᠤᠳᠠᠭ ᠪᠠᠶᠢᠵᠤ᠂ ᠰᠢᠷᠭᠠᠭᠤ ᠬᠠᠳᠠᠭᠤᠵᠢᠯᠲᠠᠢ | ᠠᠵᠢᠯᠯᠠᠭᠰᠠᠨ ᠠᠴᠠ ᠲᠡᠳᠡᠨ ᠤ ᠠᠶᠢᠯ ᠭᠡᠷ ᠤᠨ ᠤᠷᠤᠯᠭ᠎ᠠ ᠨᠢ ᠨᠡᠮᠡᠭᠳᠡᠵᠦ᠂ ᠠᠮᠢᠳᠤᠷᠠᠯ ᠨᠢ ᠴᠤ ᠨᠡᠯᠢᠶᠡᠳ | ᠴᠢᠨᠡᠭᠡᠯᠢᠭᠵᠢᠭᠰᠡᠨ ᠪᠠᠶᠢᠨ᠎ᠠ᠃ ᠡᠬᠦᠨ ᠤ ᠬᠠᠮᠲᠤ ᠬᠤᠷᠰᠢᠶᠠᠵᠢᠯ ᠳᠤ ᠬᠤᠪᠢ ᠤᠷᠤᠭᠤᠯᠬᠤ ᠪᠠᠷ ᠳᠠᠮᠵᠢᠨ ᠨᠢᠳᠦᠨᠦᠨ ᠲᠡᠳᠡ | ᠪᠠᠰᠠ 2000 ᠲᠥᠬᠦᠷᠢᠭ ᠤᠨ ᠠᠰᠢᠭ ᠬᠤᠪᠢᠶᠠᠷᠢᠯᠠᠯᠲᠠ ᠶᠢ ᠬᠦᠷᠲᠡᠵᠡᠢ᠃ | ᠤᠶᠤᠨᠪᠠᠲᠤ ︽2018 ᠣᠨ ᠪᠠ 2029 ᠣᠨ ᠳᠤ ᠵᠢᠯ ᠳᠠᠷᠠᠭᠠᠯᠠᠨ ᠭᠠᠴᠠᠭᠠᠨ ᠠᠴᠠ ᠨᠠᠳᠠ ᠳᠤ ᠲᠣᠭᠤᠯ ᠲᠠᠢ | ᠦᠨᠢᠶ᠎ᠡ ᠬᠠᠩᠭᠠᠭᠰᠠᠨ ᠠᠴᠠ ᠪᠢ ᠮᠠᠰᠢ ᠶᠡᠭᠡ ᠵᠣᠷᠢᠭᠵᠢᠵᠤ ᠥᠪᠡᠷ ᠢᠶᠠᠨ ᠴᠤ ᠰᠠᠶᠢᠲᠤᠷ ᠴᠢᠷᠮᠠᠶᠢᠨ ᠠᠵᠢᠯᠯᠠᠭᠰᠠᠨ᠃ | 2020 ᠣᠨ ᠤ 7 ᠰᠠᠷ᠎ᠠ ᠳᠤ᠂ ᠶᠠᠳᠠᠭᠤ ᠶᠢ ᠲᠡᠳᠬᠦᠬᠦ ᠠᠯᠪᠠᠨ ᠭᠡᠷ ᠠᠴᠠ ᠨᠠᠳᠠᠳᠤ ᠭᠠᠴᠠᠭᠠᠨ ᠤ ᠣᠷᠴᠢᠨ ᠲᠤᠭᠤᠷᠢᠨ ᠤ | ᠠᠷᠢᠭᠤᠨ ᠴᠡᠪᠡᠷ ᠢ ᠪᠠᠳᠤᠯᠠᠬᠤ ᠠᠵᠢᠯ ᠤᠨ ᠪᠠᠶᠢᠷᠢ ᠲᠣᠬᠢᠷᠠᠭᠤᠯᠵᠤ ᠦᠭᠬᠦᠨ᠂ ᠰᠠᠷ᠎ᠠ ᠳᠤ 1500 ᠲᠦᠭᠦᠷᠢᠭ ᠤᠨ ᠴᠠᠯᠢᠩ | ᠣᠯᠭᠤᠵᠠᠢ᠃ ᠢᠩᠭᠢᠭᠰᠡᠨ ᠢᠶᠠᠷ ᠮᠠᠨ ᠤ ᠭᠡᠷ ᠤᠨ ᠵᠢᠯ ᠤᠨ ᠴᠡᠪᠡᠷ ᠣᠷᠤᠯᠭ᠎ᠠ 6 ᠲᠥᠮᠡ ᠠᠴᠠ 7 ᠲᠥᠮᠡᠨ ᠲᠦᠭᠦᠷᠢᠭ ᠲᠤ | ᠬᠦᠷᠴᠦ᠂ ᠠᠮᠢᠳᠤᠷᠠᠯ ᠤᠨ ᠬᠢᠷᠢ ᠲᠥᠪᠰᠢᠨ ᠮᠠᠰᠢ ᠶᠡᠭᠡ ᠳᠡᠭᠡᠭᠰᠢᠯᠡᠵᠡᠢ᠃ | ᠬᠦᠪᠡᠭᠡᠲᠦ ᠰᠢᠷ᠎ᠠ ᠬᠤᠰᠢᠭᠤᠨ ᠤ ᠬᠦᠭᠵᠢᠯᠲᠡ ᠲᠡᠵᠢᠭᠡᠨ ᠦᠷᠡᠵᠢᠬᠦᠯᠬᠦ ᠲᠤᠰᠬᠠᠢ ᠬᠤᠷᠰᠢᠶᠠᠵᠢᠯ ᠪᠣᠯ ᠬᠦᠪᠡᠭᠡᠲᠦ | ᠰᠢᠷ᠎ᠠ ᠬᠤᠰᠢᠭᠤᠨ ᠤ ᠤᠩᠭᠤᠨ ᠠᠭᠤᠯᠠ ᠰᠣᠮᠣᠨ ᠤ ᠲᠠᠪᠤᠰᠤᠨ ᠭᠤᠣᠯ ᠭᠠᠴᠠᠭᠠᠨ ᠤ ᠬᠠᠮᠲᠤ ᠶᠢᠨ ᠠᠵᠤ ᠠᠬᠤᠢ ᠶᠢᠨ | ᠪᠠᠶᠢᠭᠤᠯᠤᠯᠲᠠ ᠪᠤᠯᠤᠨ᠎ᠠ᠃ ᠬᠤᠷᠰᠢᠶᠠᠵᠢᠯ ᠨᠢ 2009 ᠣᠨ ᠳᠤ ᠪᠠᠶᠢᠭᠤᠯᠤᠭᠳᠠᠵᠤ᠂ ᠣᠳᠤᠬᠠᠨ ᠳᠤ 80 ᠰᠢᠮᠧᠨ᠋ᠳᠡᠷ | ᠦᠬᠡᠷ ᠲᠡᠵᠢᠭᠡᠵᠦ ᠪᠠᠶᠢᠨ᠎ᠠ᠃ 2020 ᠣᠨ ᠳᠤ ᠭᠠᠴᠠᠭ᠎ᠠ ᠨᠢ ᠬᠤᠷᠰᠢᠶᠠᠵᠢᠯ ᠤᠨ ᠠᠰᠢᠭ ᠣᠷᠤᠯᠭ᠎ᠠ ᠠᠴᠠ ᠪᠠᠨ 14 | ᠲᠥᠮᠡᠨ ᠲᠦᠭᠦᠷᠢᠭ ᠭᠠᠷᠭᠠᠨ᠂ ᠭᠠᠴᠠᠭᠠᠨ ᠤ 70 ᠮᠠᠯᠴᠢᠨ ᠡᠷᠦᠬᠡ ᠳᠤ ᠡᠷᠦᠬᠡ ᠪᠦᠷᠢ ᠳᠤ 2000 ᠲᠦᠭᠦᠷᠢᠭ ᠤᠨ | ᠠᠰᠢᠭ ᠬᠤᠪᠢᠶᠠᠷᠢᠯᠠᠵᠤ᠂ ᠬᠠᠮᠲᠤ ᠶᠢᠨ ᠠᠵᠤ ᠠᠬᠤᠢ ᠶᠢᠨ ᠠᠰᠢᠭ ᠤᠷᠤᠯᠭ᠎ᠠ ᠶᠢ ᠭᠠᠴᠠᠭᠠᠨ ᠤ ᠪᠠᠨ ᠮᠠᠯᠴᠢᠨ ᠨᠢᠭᠡᠪᠦᠷᠢ ᠳᠤ | ᠬᠦᠷᠳᠡᠭᠡᠵᠦ ᠴᠢᠳᠠᠵᠠᠢ᠃ | ᠬᠦᠪᠡᠭᠡᠲᠦ ᠰᠢᠷ᠎ᠠ ᠬᠤᠰᠢᠭᠤᠨ ᠤ ᠲᠠᠪᠤᠰᠤᠨ ᠭᠤᠣᠯ ᠭᠠᠴᠠᠭᠠᠨ ᠤ ᠳᠡᠳ᠋ ᠲᠠᠷᠤᠭ᠎ᠠ ᠵᠣᠷᠢᠭᠲᠤ ︽ᠮᠠᠨ ᠤ | ᠭᠠᠴᠠᠭᠠᠨ ᠤ ᠶᠠᠳᠠᠭᠤ ᠶᠢ ᠲᠡᠳᠬᠦᠬᠦ ᠠᠵᠢᠯ ᠨᠢ ᠶᠠᠳᠠᠭᠤ ᠬᠦᠴᠢᠷᠳᠡᠯᠳᠡᠢ ᠡᠷᠦᠬᠡ ᠶᠢᠨ ᠭᠡᠷ ᠪᠠᠶᠢᠰᠢᠩ᠂ ᠫᠧᠩ | ᠰᠠᠷᠠᠪᠴᠢ ᠶᠢᠨ ᠪᠦᠳᠦᠭᠡᠨ ᠪᠠᠶᠢᠭᠤᠯᠤᠯᠲᠠ ᠪᠠ ᠰᠤᠷᠭᠠᠨ ᠬᠦᠮᠦᠵᠢᠯ ᠤᠨ ᠲᠠᠯ᠎ᠠ ᠶᠢ ᠭᠤᠣᠯᠯᠠᠨ ᠠᠳᠬᠤᠵᠤ᠂ ᠬᠡᠳᠦᠨ | ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠨᠠᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠲᠣᠬᠢᠷᠠᠭᠤᠯᠵᠤ | ᠂ ᠨᠢᠭᠡ ᠶᠠᠳᠠᠭᠤ ᠬᠦᠴᠢᠷᠳᠡᠯᠳᠡᠢ ᠡᠷᠦᠬᠡ ᠶᠢ ᠬᠤᠷᠰᠢᠶᠠᠵᠢᠯ ᠳᠤ ᠲᠣᠬᠢᠷᠠᠭᠤᠯᠪᠠ᠃ ᠬᠠᠮᠳᠤᠵᠤ ᠶᠢᠨ ᠠᠵᠤ ᠠᠬᠤᠢ ᠶᠢᠨ | ᠠᠰᠢᠭ ᠣᠷᠤᠯᠭ᠎ᠠ ᠶᠢᠨ ᠳᠤᠳᠤᠷ᠎ᠠ ᠠᠴᠠ ᠨᠢᠭᠡ ᠭᠡᠰᠡᠭ ᠢ ᠨᠢ ᠭᠠᠷᠭᠠᠵᠤ ᠭᠠᠴᠠᠭᠠᠨ ᠤ ᠪᠦᠬᠦ ᠮᠠᠯᠴᠢᠳ ᠲᠤ ᠬᠤᠷᠰᠢᠭᠰᠠᠨ | ᠡᠮᠨᠡᠯᠭᠡ ᠶᠢᠨ ᠰᠦᠢᠳᠭᠡᠯ ᠢ ᠲᠤᠰᠢᠶᠠᠪᠠ᠃ ᠲᠠᠷᠠᠭᠠᠴᠢ ᠶᠢᠨ ᠠᠯᠬᠤᠮ ᠳᠤ ᠪᠢᠳᠡ ᠭᠠᠴᠠᠭᠠᠨ ᠤ ᠬᠠᠮᠲᠤ ᠶᠢᠨ ᠠᠵᠤ | ᠠᠬᠤᠢ ᠶᠢ ᠦᠷᠬᠦᠯᠵᠢᠯᠡᠨ ᠪᠤᠵᠠᠭᠠᠶᠢᠷᠠᠭᠤᠯᠵᠤ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠦᠨ᠎ᠡ︾ ᠭᠡᠵᠦ ᠶᠠᠷᠢᠪᠠ᠃ |