ᠪᠦᠬᠦ ᠬᠤᠰᠢᠭᠤᠨ ᠤ ᠬᠡᠪᠴᠢᠶᠠᠨ ᠳᠤ ᠨᠣᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠳᠥᠷᠢᠮ ᠵᠦᠷᠢᠴᠡᠭᠰᠡᠨ ᠠᠵᠢᠯᠯᠠᠭ᠎ᠠ ᠶᠢ ᠲᠤᠰᠬᠠᠢ ᠲᠥᠷᠥᠯ ᠢᠶᠠᠷ ᠵᠠᠰᠠᠨ ᠴᠡᠭᠴᠡᠯᠡᠬᠦ ᠠᠵᠢᠯ ᠢ ᠥᠷᠨᠢᠬᠦᠯᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2021/2/22
      ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠵᠦ᠂ ᠬᠦᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠨᠢ 2021 ᠣᠨ ᠳᠤ ᠨᠢᠭᠡ ᠵᠢᠯ ᠤᠨ ᠬᠤᠭᠤᠴᠠᠭ᠎ᠠ ᠲᠠᠢ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠥᠷᠢᠮ ᠵᠦᠷᠢᠴᠡᠭᠰᠡᠨ ᠠᠵᠢᠯᠯᠠᠭ᠎ᠠ ᠶᠢ ᠲᠤᠰᠬᠠᠢ ᠲᠥᠷᠦᠯ ᠢᠶᠠᠷ ᠵᠠᠰᠠᠨ ᠴᠡᠭᠴᠡᠯᠡᠬᠦ ᠠᠵᠢᠯ ᠢ ᠵᠤᠬᠢᠶᠠᠨ ᠪᠠᠶᠢᠭᠤᠯᠵᠤ᠂ 2010 ᠣᠨ ᠠᠴᠠ ᠨᠠᠭᠠᠰᠢᠬᠢ ᠪᠦᠬᠦ ᠬᠤᠰᠢᠭᠤᠨ ᠤ ᠬᠡᠪᠴᠢᠶᠡᠨ ᠳᠠᠬᠢ ᠡᠯ᠎ᠡ ᠲᠥᠷᠦᠯ ᠤᠨ ᠬᠠᠤᠯᠢ ᠲᠥᠷᠢᠮ ᠢ ᠵᠦᠷᠢᠴᠡᠭᠰᠡᠨ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠵᠠᠰᠠᠨ ᠴᠡᠭᠴᠡᠯᠡᠨ᠎ᠡ᠃ ᠣᠨᠴᠠᠭᠠᠶᠢᠯᠠᠨ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠥᠷᠨᠢᠬᠦᠯᠦᠭᠰᠡᠨ ᠠᠴᠠ ᠨᠠᠭᠠᠰᠢᠬᠢ ᠬᠠᠤᠯᠢ ᠲᠥᠷᠢᠮ ᠢ ᠵᠦᠷᠢᠴᠡᠨ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ᠂ ᠠᠮᠢ ᠠᠬᠤᠢ ᠣᠷᠴᠢᠨ ᠲᠤᠭᠤᠷᠢᠨ ᠳᠤ ᠬᠤᠬᠢᠷᠠᠯ ᠤᠴᠠᠷᠠᠭᠤᠯᠤᠭᠰᠠᠨ ᠠᠰᠠᠭᠤᠳᠠᠯ ᠵᠢᠴᠢ 2010 ᠣᠨ ᠠᠴᠠ ᠨᠠᠭᠠᠰᠢᠬᠢ ᠬᠠᠤᠯᠢ ᠲᠥᠷᠢᠮ ᠵᠦᠷᠢᠴᠡᠨ ᠨᠤᠲᠤᠭ ᠪᠡᠯᠴᠢᠭᠡᠷ ᠣᠶᠢᠲᠦ ᠭᠠᠵᠠᠷ ᠢ ᠡᠪᠳᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠭᠡᠭᠰᠡᠨ ᠨᠢ ᠵᠣᠬᠢᠰ ᠦᠭᠡᠢ᠂ ᠬᠦᠩᠭᠡᠨ ᠢᠶᠠᠷ ᠰᠢᠢᠳᠭᠡᠭᠰᠡᠨ᠂ ᠲᠤᠷᠭᠤᠬᠤ ᠪᠠᠷ ᠡᠷᠡᠬᠦᠦ ᠶᠢᠨ ᠰᠢᠢᠳᠭᠡᠯ ᠢ ᠤᠷᠤᠯᠠᠭᠤᠯᠤᠭᠰᠠᠨ ᠵᠡᠷᠭᠡ ᠠᠰᠠᠭᠤᠳᠠᠯ ᠢ ᠪᠦᠬᠦ ᠲᠠᠯ᠎ᠠ ᠪᠠᠷ ᠵᠠᠰᠠᠨ ᠴᠡᠭᠴᠡᠯᠡᠨ᠎ᠡ᠃       ᠨᠡᠶᠢᠭᠡᠮ ᠤᠨ ᠡᠯ᠎ᠡ ᠡᠳᠡᠭᠡᠳ ᠤᠨ ᠣᠯᠠᠨ ᠲᠥᠮᠡᠨ ᠨᠢ ᠮᠠᠨ ᠤ ᠬᠤᠰᠢᠭᠤᠨ ᠤ ᠬᠡᠪᠴᠢᠶᠡᠨ ᠳᠠᠬᠢ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠥᠷᠢᠮ ᠵᠦᠷᠢᠴᠡᠭᠰᠡᠨ ᠦᠢᠯᠡ ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠬᠦᠯᠬᠦ ᠪᠣᠯᠪᠠᠤ᠃ ︵ᠢᠯᠡᠴᠢᠯᠡᠨ ᠮᠡᠳᠡᠬᠦᠯᠦᠭᠴᠢ ᠨᠢ ᠥᠪᠡᠷ ᠤᠨ ᠨᠡᠷ᠎ᠡ ᠣᠪᠣᠭ ᠪᠠ ᠬᠠᠷᠢᠯᠴᠠᠬᠤ ᠤᠳᠠᠰᠤ ᠪᠠᠨ ᠲᠤᠳᠤᠷᠬᠠᠶᠢᠯᠠᠨ᠎ᠠ︶       ︵ᠨᠢᠭᠡ︶ ᠢᠯᠡᠴᠢᠯᠡᠨ ᠮᠡᠳᠡᠬᠦᠯᠦᠯᠲᠡ ᠶᠢ ᠬᠦᠯᠢᠶᠡᠨ ᠠᠪᠬᠤ ᠴᠠᠭ ᠬᠤᠭᠤᠴᠠᠭ᠎ᠠ᠄ 2021 ᠣᠨ ᠤ 2 ᠰᠠᠷ᠎ᠠ ᠶᠢᠨ 20 ᠤ ᠡᠳᠦᠷ ᠠᠴᠠ 2021 ᠣᠨ ᠤ 5 ᠰᠠᠷ᠎ᠠ ᠶᠢᠨ 10 ᠤ ᠡᠳᠦᠷ ᠬᠦᠷᠳᠡᠯᠡᠬᠢ ᠠᠵᠢᠯᠯᠠᠬᠤ ᠡᠳᠦᠷ᠃ ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ︶ ᠦᠳᠡ ᠶᠢᠨ ᠡᠮᠦᠨ᠎ᠡ ᠶᠢᠨ 8᠄ 30—12 : 00᠂ ᠦᠳᠡ ᠶᠢᠨ ᠬᠤᠶᠢᠨ᠎ᠡ ᠶᠢᠨ 14  ᠄ 30—17  ᠄ 30︶       ︵ᠬᠤᠶᠠᠷ︶ ᠢᠯᠡᠴᠢᠯᠡᠨ ᠮᠡᠳᠡᠬᠦᠯᠬᠦ ᠤᠳᠠᠰᠤ᠄ 0479—6221997       ︵ᠭᠤᠷᠪᠠ︶ ᠢᠯᠡᠴᠢᠯᠡᠨ ᠮᠡᠳᠡᠬᠦᠯᠦᠭᠰᠡᠨ ᠵᠠᠬᠢᠳᠠᠯ ᠢᠯᠡᠭᠡᠬᠦ ᠬᠠᠶ᠋ᠢᠭ᠄ ᠬᠦᠪᠡᠭᠡᠲᠦ ᠰᠢᠷ᠎ᠠ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶᠠᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠳᠥᠷᠢᠮ ᠵᠦᠷᠢᠴᠡᠭᠰᠡᠨ ᠠᠵᠢᠯᠯᠠᠭ᠎ᠠ ᠶᠢ ᠲᠤᠰᠬᠠᠢ ᠲᠥᠷᠦᠯ ᠢᠶᠠᠷ ᠵᠠᠰᠠᠨ ᠴᠡᠭᠴᠡᠯᠡᠬᠦ ᠠᠵᠢᠯᠯᠠᠭ᠎ᠠ ᠶᠢ ᠬᠢᠨᠠᠨ ᠬᠠᠷᠭᠤᠭᠤᠯᠵᠤ ᠬᠢᠨᠠᠨ ᠪᠠᠶᠢᠴᠠᠭᠠᠬᠤ ᠲᠤᠭᠤᠶᠢᠯᠠᠩ ︵ᠬᠦᠪᠡᠭᠡᠲᠦ ᠰᠢᠷ᠎ᠠ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶᠠᠨ ᠤ ᠠᠯᠪᠠᠯᠠᠬᠤ ᠠᠰᠠᠷ ᠤᠨ ᠨᠢᠭᠡᠳᠦᠭᠡᠷ ᠲᠠᠪᠬᠤᠷᠭ᠎ᠠ ᠶᠢᠨ ᠠᠯᠪᠠᠨ ᠭᠡᠷ︶᠂ ᠰᠢᠤᠳᠠᠨ ᠳ᠋ᠤᠭᠠᠷ᠄ 013250       ︵ᠲᠥᠷᠪᠡ︶ ︽ᠬᠦᠪᠡᠭᠡᠲᠦ ᠰᠢᠷ᠎ᠠ ᠬᠤᠰᠢᠭᠤᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠥᠷᠢᠮ ᠵᠦᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠢ ᠲᠥᠷᠦᠯ ᠢᠶᠠᠷ ᠵᠠᠰᠠᠨ ᠴᠡᠭᠴᠡᠯᠡᠬᠦ ᠠᠵᠢᠯ︾ ᠤᠨ ᠢᠯᠡᠴᠢᠯᠡᠨ ᠮᠡᠳᠡᠬᠦᠯᠬᠦ ᠵᠠᠬᠢᠳᠠᠯ ᠤᠨ ᠬᠠᠶᠢᠷᠴᠠᠭ ᠢ ᠬᠤᠰᠢᠭᠤ ᠣᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶᠠᠨ ᠤ ᠠᠯᠪᠠᠯᠠᠬᠤ ᠠᠰᠠᠷ ᠤᠨ ᠡᠭᠦᠳᠡᠨ ᠡᠮᠦᠨ᠎ᠡ ᠲᠣᠬᠢᠷᠠᠭᠤᠯᠪᠠ᠃ᠬᠦᠪᠡᠭᠡᠲᠦ ᠰᠢᠷ᠎ᠠ ᠬᠤᠰᠢᠭᠤᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠥᠷᠢᠮ ᠵᠦᠷᠢᠴᠡᠭᠰᠡᠨ ᠠᠵᠢᠯᠯᠠᠭ᠎ᠠ ᠶᠢ ᠵᠠᠰᠠᠨ ᠴᠡᠭᠴᠡᠯᠡᠬᠦ ᠲᠤᠰᠬᠠᠢ ᠠᠵᠢᠯ ᠤᠨ ᠤᠳᠤᠷᠢᠳᠬᠤ ᠲᠣᠭᠤᠶᠢᠯᠠᠩ             2021ᠣᠨ ᠤ 2 ᠰᠠᠷ᠎ᠠ ᠶᠢᠨ 20 ᠤ ᠡᠳᠦᠷ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号