ᠬᠦᠪᠡᠭᠡᠲᠦ ᠰᠢᠷ᠎ᠠ ᠬᠤᠰᠢᠭᠤ ᠬᠠᠮᠲᠤ ᠶᠢᠨ ᠠᠵᠤ ᠠᠬᠤᠢ ᠶᠢ ᠮᠠᠯ ᠠᠵᠤ | ᠠᠬᠤᠢ ᠶᠢ ᠲᠤᠰᠠᠯᠠᠨ ᠣᠷᠤᠯᠭ᠎ᠠ ᠶᠢ ᠨᠡᠮᠡᠭᠳᠡᠬᠦᠯᠬᠦ ᠭᠦᠴᠦᠳᠡᠢ ᠪᠠᠳᠤᠯᠠᠭ᠎ᠠ | ᠪᠤᠯᠭᠠᠪᠠ | | ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠵᠤᠨ᠎ᠠ ᠲᠡᠷᠭᠡᠯ | | ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠪᠣᠯ ᠬᠠᠮᠤᠭ ᠤᠨ ᠰᠢᠭᠤᠳ᠂ ᠬᠠᠮᠤᠭ ᠤᠨ ᠪᠦᠳᠦᠮᠵᠢᠳᠡᠢ ᠠᠷᠭ᠎ᠠ | ᠪᠠᠶᠢᠵᠤ᠂ ᠪᠠᠰᠠ ᠴᠤ ᠠᠵᠤ ᠠᠬᠤᠢ ᠬᠤᠴᠤᠷᠤᠩᠭᠤᠢ ᠭᠠᠵᠠᠷ ᠣᠷᠤᠨ ᠤ ᠥᠪᠡᠷ ᠤᠨ ᠬᠦᠴᠦ ᠪᠠᠷ ᠢᠶᠠᠨ ᠳᠡᠭᠵᠢᠷᠡᠬᠦ | ᠴᠢᠳᠠᠪᠦᠷᠢ ᠶᠢ ᠳᠡᠭᠡᠭᠰᠢᠯᠡᠬᠦᠯᠵᠦ᠂ ᠣᠯᠠᠨ ᠲᠥᠮᠡᠨ ᠢ ᠬᠠᠪᠰᠤᠷᠤᠨ ᠲᠣᠬᠠᠢ ᠶᠢᠨ ᠭᠠᠵᠠᠷ ᠲᠤ ᠨᠢ ᠠᠵᠢᠯ ᠣᠯᠭᠤᠬᠤ | ᠠᠯᠤᠰ ᠬᠡᠲᠦ ᠶᠢᠨ ᠪᠣᠳᠣᠯᠭ᠎ᠠ ᠪᠤᠯᠤᠨ᠎ᠠ᠃ ᠮᠠᠯᠵᠢᠬᠤ ᠲᠠᠷᠢᠶᠠᠯᠠᠬᠤ ᠣᠷᠤᠨ ᠤ ᠬᠠᠮᠲᠤ ᠶᠢᠨ ᠠᠵᠤ ᠠᠬᠤᠢ ᠶᠢ | ᠬᠦᠭᠵᠢᠬᠦᠯᠬᠦ ᠪᠣᠯ ᠮᠠᠯᠵᠢᠬᠤ ᠲᠠᠷᠢᠶᠠᠯᠠᠬᠤ ᠣᠷᠤᠨ ᠤ ᠬᠦᠭᠵᠢᠯᠲᠡ ᠶᠢᠨ ᠨᠦᠭᠦᠴᠡᠯ ᠢ ᠰᠠᠶᠢᠵᠢᠷᠠᠭᠤᠯᠬᠤ ᠶᠢᠨ | ᠪᠤᠳᠠᠰ ᠤᠨ ᠰᠠᠭᠤᠷᠢ ᠪᠣᠯᠬᠤ ᠪᠦᠭᠡᠳ ᠨᠡᠩ ᠴᠤ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ | ᠴᠢᠬᠤᠯᠠ ᠠᠷᠭ᠎ᠠ ᠪᠠᠷᠢᠯ ᠪᠣᠯᠣᠨ᠎ᠠ᠃ ᠬᠦᠪᠡᠭᠡᠲᠦ ᠰᠢᠷ᠎ᠠ ᠬᠤᠰᠢᠭᠤᠨ ᠤ ᠤᠩᠭᠤᠨ ᠠᠭᠤᠯᠠ ᠰᠣᠮᠣᠨ ᠤ ᠲᠠᠪᠤᠰᠤᠨ | ᠭᠤᠣᠯ ᠭᠠᠴᠠᠭ᠎ᠠ ᠨᠢ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠬᠦᠭᠵᠢᠯᠲᠡ ᠶᠢᠨ | ᠦᠷ᠎ᠡ ᠪᠦᠳᠦᠭᠡᠯ ᠢ ᠮᠠᠯᠴᠢᠨ ᠲᠥᠮᠡᠨ ᠳᠤ ᠦᠨᠡᠨ ᠬᠦ ᠬᠦᠷᠳᠡᠭᠡᠨ᠂ ᠮᠠᠯ ᠠᠵᠤ ᠠᠬᠤᠢ ᠶᠢ ᠬᠠᠪᠰᠤᠷᠤᠨ | ᠤᠷᠤᠯᠭ᠎ᠠ ᠶᠢ ᠨᠢ ᠨᠡᠮᠡᠭᠳᠡᠬᠦᠯᠪᠡ᠃ | ᠰᠣᠷᠪᠤᠯᠵᠢᠯᠠᠭᠴᠢ ᠬᠦᠪᠡᠭᠡᠲᠦ ᠰᠢᠷ᠎ᠠ ᠬᠤᠰᠢᠭᠤᠨ ᠤ ᠣᠩᠭᠤᠨ ᠠᠭᠤᠯᠠ ᠰᠣᠮᠣᠨ ᠤ ᠲᠠᠪᠤᠰᠤᠨ ᠭᠤᠣᠯ | ᠭᠠᠴᠠᠭᠠᠨ ᠤ ᠬᠦᠪᠡᠭᠡᠲᠦ ᠰᠢᠷ᠎ᠠ ᠬᠤᠰᠢᠭᠤᠨ ᠤ ᠬᠥᠭᠵᠢᠯ ᠲᠡᠵᠢᠭᠡᠨ ᠦᠷᠡᠵᠢᠬᠦᠯᠬᠦ ᠲᠤᠰᠬᠠᠢ ᠬᠤᠷᠰᠢᠶᠠᠵᠢᠯ ᠳᠤ | ᠬᠦᠷᠬᠦ ᠳᠤ᠂ ᠣᠶᠤᠨᠪᠠᠲᠤ ᠶᠠᠭ ᠦᠬᠡᠷ ᠢᠶᠠᠨ ᠲᠡᠵᠢᠭᠡᠨ ᠶᠠᠭᠠᠷᠠᠵᠤ ᠪᠠᠶᠢᠪᠠ᠃ ᠣᠶᠤᠨᠪᠠᠲᠤ ᠪᠣᠯ ᠲᠠᠪᠤᠰᠤᠨ ᠭᠤᠣᠯ | ᠭᠠᠴᠠᠭᠠᠨ ᠤ ᠮᠠᠯᠴᠢᠨ᠂ ᠤᠤᠯ ᠳᠠᠭᠠᠨ ᠳᠠᠩᠰᠠ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠡᠷᠦᠬᠡ ᠪᠠᠶᠢᠪᠠ᠃ | ᠭᠠᠴᠠᠭᠠᠨ ᠤ ᠬᠠᠮᠲᠤ ᠶᠢᠨ ᠠᠵᠤ ᠠᠬᠤᠢ ᠶᠢᠨ ᠰᠠᠭᠤᠷᠢ ᠰᠠᠶᠢᠨ ᠪᠠᠶᠢᠭᠰᠠᠨ ᠢᠶᠠᠷ 2015 ᠣᠨ ᠳᠤ ᠭᠠᠴᠠᠭᠠᠨ ᠠᠴᠠ | ᠤᠶᠤᠨᠪᠠᠲᠤ ᠶᠢᠨ ᠬᠢ ᠶᠢ ᠬᠤᠷᠰᠢᠶᠠᠵᠢᠯ ᠳᠤ ᠪᠠᠨ ᠠᠵᠢᠯᠯᠠᠭᠤᠯᠵᠤ᠂ 3500 ᠲᠥᠭᠦᠷᠢᠭ ᠤᠨ ᠴᠡᠯᠢᠩ ᠣᠯᠭᠤᠪᠠ᠂ | ᠪᠠᠰᠠ ᠵᠢᠯ ᠳᠤ ᠨᠢᠭᠡ ᠲᠣᠭᠤᠯ ᠣᠨᠳᠤᠷᠤᠭᠤᠯᠪᠠᠯ ᠬᠤᠷᠰᠢᠶᠠᠵᠢᠯ ᠠᠴᠠ 300 ᠲᠥᠭᠦᠷᠢᠭ ᠤᠨ ᠱᠠᠩᠨᠠᠯ ᠣᠯᠭᠤᠳᠠᠭ | ᠪᠠᠶᠢᠵᠤ᠂ ᠰᠢᠷᠭᠠᠭᠤ ᠬᠠᠳᠠᠭᠤᠵᠢᠯᠲᠠᠢ ᠠᠵᠢᠯᠯᠠᠭᠰᠠᠨ ᠠᠴᠠ ᠲᠡᠳᠡᠨ ᠤ ᠠᠶᠢᠯ ᠭᠡᠷ ᠤᠨ ᠤᠷᠤᠯᠭ᠎ᠠ ᠨᠢ ᠨᠡᠮᠡᠭᠳᠡᠵᠦ᠂ | ᠠᠮᠢᠳᠤᠷᠠᠯ ᠨᠢ ᠴᠤ ᠨᠡᠯᠢᠶᠡᠳ ᠴᠢᠨᠡᠭᠡᠯᠢᠭᠵᠢᠭᠰᠡᠨ ᠪᠠᠶᠢᠨ᠎ᠠ᠃ ᠡᠬᠦᠨ ᠤ ᠬᠠᠮᠲᠤ ᠬᠤᠷᠰᠢᠶᠠᠵᠢᠯ ᠳᠤ ᠬᠤᠪᠢ | ᠤᠷᠤᠭᠤᠯᠬᠤ ᠪᠠᠷ ᠳᠠᠮᠵᠢᠨ ᠨᠢᠳᠦᠨᠦᠨ ᠲᠡᠳᠡ ᠪᠠᠰᠠ 2000 ᠲᠥᠬᠦᠷᠢᠭ ᠤᠨ ᠠᠰᠢᠭ ᠬᠤᠪᠢᠶᠠᠷᠢᠯᠠᠯᠲᠠ ᠶᠢ | ᠬᠦᠷᠲᠡᠵᠡᠢ᠃ | ᠤᠶᠤᠨᠪᠠᠲᠤ ︽2018 ᠣᠨ ᠪᠠ 2029 ᠣᠨ ᠳᠤ ᠵᠢᠯ ᠳᠠᠷᠠᠭᠠᠯᠠᠨ ᠭᠠᠴᠠᠭᠠᠨ ᠠᠴᠠ ᠨᠠᠳᠠ ᠳᠤ ᠲᠣᠭᠤᠯ | ᠲᠠᠢ ᠦᠨᠢᠶ᠎ᠡ ᠬᠠᠩᠭᠠᠭᠰᠠᠨ ᠠᠴᠠ ᠪᠢ ᠮᠠᠰᠢ ᠶᠡᠭᠡ ᠵᠣᠷᠢᠭᠵᠢᠵᠤ ᠥᠪᠡᠷ ᠢᠶᠠᠨ ᠴᠤ ᠰᠠᠶᠢᠲᠤᠷ ᠴᠢᠷᠮᠠᠶᠢᠨ | ᠠᠵᠢᠯᠯᠠᠭᠰᠠᠨ᠃ 2020 ᠣᠨ ᠤ 7 ᠰᠠᠷ᠎ᠠ ᠳᠤ᠂ ᠶᠠᠳᠠᠭᠤ ᠶᠢ ᠲᠡᠳᠬᠦᠬᠦ ᠠᠯᠪᠠᠨ ᠭᠡᠷ ᠠᠴᠠ ᠨᠠᠳᠠᠳᠤ ᠭᠠᠴᠠᠭᠠᠨ ᠤ | ᠣᠷᠴᠢᠨ ᠲᠤᠭᠤᠷᠢᠨ ᠤ ᠠᠷᠢᠭᠤᠨ ᠴᠡᠪᠡᠷ ᠢ ᠪᠠᠳᠤᠯᠠᠬᠤ ᠠᠵᠢᠯ ᠤᠨ ᠪᠠᠶᠢᠷᠢ ᠲᠣᠬᠢᠷᠠᠭᠤᠯᠵᠤ ᠦᠭᠬᠦᠨ᠂ ᠰᠠᠷ᠎ᠠ ᠳᠤ | 1500 ᠲᠦᠭᠦᠷᠢᠭ ᠤᠨ ᠴᠠᠯᠢᠩ ᠣᠯᠭᠤᠵᠠᠢ᠃ ᠢᠩᠭᠢᠭᠰᠡᠨ ᠢᠶᠠᠷ ᠮᠠᠨ ᠤ ᠭᠡᠷ ᠤᠨ ᠵᠢᠯ ᠤᠨ ᠴᠡᠪᠡᠷ ᠣᠷᠤᠯᠭ᠎ᠠ 6 | ᠲᠥᠮᠡ ᠠᠴᠠ 7 ᠲᠥᠮᠡᠨ ᠲᠦᠭᠦᠷᠢᠭ ᠲᠤ ᠬᠦᠷᠴᠦ᠂ ᠠᠮᠢᠳᠤᠷᠠᠯ ᠤᠨ ᠬᠢᠷᠢ ᠲᠥᠪᠰᠢᠨ ᠮᠠᠰᠢ ᠶᠡᠭᠡ ᠳᠡᠭᠡᠭᠰᠢᠯᠡᠵᠡᠢ᠃ | | ᠬᠦᠪᠡᠭᠡᠲᠦ ᠰᠢᠷ᠎ᠠ ᠬᠤᠰᠢᠭᠤᠨ ᠤ ᠬᠦᠭᠵᠢᠯᠲᠡ ᠲᠡᠵᠢᠭᠡᠨ ᠦᠷᠡᠵᠢᠬᠦᠯᠬᠦ ᠲᠤᠰᠬᠠᠢ ᠬᠤᠷᠰᠢᠶᠠᠵᠢᠯ ᠪᠣᠯ | ᠬᠦᠪᠡᠭᠡᠲᠦ ᠰᠢᠷ᠎ᠠ ᠬᠤᠰᠢᠭᠤᠨ ᠤ ᠤᠩᠭᠤᠨ ᠠᠭᠤᠯᠠ ᠰᠣᠮᠣᠨ ᠤ ᠲᠠᠪᠤᠰᠤᠨ ᠭᠤᠣᠯ ᠭᠠᠴᠠᠭᠠᠨ ᠤ ᠬᠠᠮᠲᠤ ᠶᠢᠨ | ᠠᠵᠤ ᠠᠬᠤᠢ ᠶᠢᠨ ᠪᠠᠶᠢᠭᠤᠯᠤᠯᠲᠠ ᠪᠤᠯᠤᠨ᠎ᠠ᠃ ᠬᠤᠷᠰᠢᠶᠠᠵᠢᠯ ᠨᠢ 2009 ᠣᠨ ᠳᠤ ᠪᠠᠶᠢᠭᠤᠯᠤᠭᠳᠠᠵᠤ᠂ | ᠣᠳᠤᠬᠠᠨ ᠳᠤ 80 ᠰᠢᠮᠧᠨ᠋ᠳᠡᠷ ᠦᠬᠡᠷ ᠲᠡᠵᠢᠭᠡᠵᠦ ᠪᠠᠶᠢᠨ᠎ᠠ᠃ 2020 ᠣᠨ ᠳᠤ ᠭᠠᠴᠠᠭ᠎ᠠ ᠨᠢ ᠬᠤᠷᠰᠢᠶᠠᠵᠢᠯ ᠤᠨ | ᠠᠰᠢᠭ ᠣᠷᠤᠯᠭ᠎ᠠ ᠠᠴᠠ ᠪᠠᠨ 14 ᠲᠥᠮᠡᠨ ᠲᠦᠭᠦᠷᠢᠭ ᠭᠠᠷᠭᠠᠨ᠂ ᠭᠠᠴᠠᠭᠠᠨ ᠤ 70 ᠮᠠᠯᠴᠢᠨ ᠡᠷᠦᠬᠡ ᠳᠤ ᠡᠷᠦᠬᠡ | ᠪᠦᠷᠢ ᠳᠤ 2000 ᠲᠦᠭᠦᠷᠢᠭ ᠤᠨ ᠠᠰᠢᠭ ᠬᠤᠪᠢᠶᠠᠷᠢᠯᠠᠵᠤ᠂ ᠬᠠᠮᠲᠤ ᠶᠢᠨ ᠠᠵᠤ ᠠᠬᠤᠢ ᠶᠢᠨ ᠠᠰᠢᠭ | ᠤᠷᠤᠯᠭ᠎ᠠ ᠶᠢ ᠭᠠᠴᠠᠭᠠᠨ ᠤ ᠪᠠᠨ ᠮᠠᠯᠴᠢᠨ ᠨᠢᠭᠡᠪᠦᠷᠢ ᠳᠤ ᠬᠦᠷᠳᠡᠭᠡᠵᠦ ᠴᠢᠳᠠᠵᠠᠢ᠃ | ᠬᠦᠪᠡᠭᠡᠲᠦ ᠰᠢᠷ᠎ᠠ ᠬᠤᠰᠢᠭᠤᠨ ᠤ ᠲᠠᠪᠤᠰᠤᠨ ᠭᠤᠣᠯ ᠭᠠᠴᠠᠭᠠᠨ ᠤ ᠳᠡᠳ᠋ ᠲᠠᠷᠤᠭ᠎ᠠ ᠵᠣᠷᠢᠭᠲᠤ ︽ᠮᠠᠨ ᠤ | ᠭᠠᠴᠠᠭᠠᠨ ᠤ ᠶᠠᠳᠠᠭᠤ ᠶᠢ ᠲᠡᠳᠬᠦᠬᠦ ᠠᠵᠢᠯ ᠨᠢ ᠶᠠᠳᠠᠭᠤ ᠬᠦᠴᠢᠷᠳᠡᠯᠳᠡᠢ ᠡᠷᠦᠬᠡ ᠶᠢᠨ ᠭᠡᠷ ᠪᠠᠶᠢᠰᠢᠩ᠂ ᠫᠧᠩ | ᠰᠠᠷᠠᠪᠴᠢ ᠶᠢᠨ ᠪᠦᠳᠦᠭᠡᠨ ᠪᠠᠶᠢᠭᠤᠯᠤᠯᠲᠠ ᠪᠠ ᠰᠤᠷᠭᠠᠨ ᠬᠦᠮᠦᠵᠢᠯ ᠤᠨ ᠲᠠᠯ᠎ᠠ ᠶᠢ ᠭᠤᠣᠯᠯᠠᠨ ᠠᠳᠬᠤᠵᠤ᠂ ᠬᠡᠳᠦᠨ | ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠨᠠᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ | ᠲᠣᠬᠢᠷᠠᠭᠤᠯᠵᠤ᠂ ᠨᠢᠭᠡ ᠶᠠᠳᠠᠭᠤ ᠬᠦᠴᠢᠷᠳᠡᠯᠳᠡᠢ ᠡᠷᠦᠬᠡ ᠶᠢ ᠬᠤᠷᠰᠢᠶᠠᠵᠢᠯ ᠳᠤ ᠲᠣᠬᠢᠷᠠᠭᠤᠯᠪᠠ᠃ ᠬᠠᠮᠳᠤᠵᠤ ᠶᠢᠨ | ᠠᠵᠤ ᠠᠬᠤᠢ ᠶᠢᠨ ᠠᠰᠢᠭ ᠣᠷᠤᠯᠭ᠎ᠠ ᠶᠢᠨ ᠳᠤᠳᠤᠷ᠎ᠠ ᠠᠴᠠ ᠨᠢᠭᠡ ᠭᠡᠰᠡᠭ ᠢ ᠨᠢ ᠭᠠᠷᠭᠠᠵᠤ ᠭᠠᠴᠠᠭᠠᠨ ᠤ ᠪᠦᠬᠦ | ᠮᠠᠯᠴᠢᠳ ᠲᠤ ᠬᠤᠷᠰᠢᠭᠰᠠᠨ ᠡᠮᠨᠡᠯᠭᠡ ᠶᠢᠨ ᠰᠦᠢᠳᠭᠡᠯ ᠢ ᠲᠤᠰᠢᠶᠠᠪᠠ᠃ ᠲᠠᠷᠠᠭᠠᠴᠢ ᠶᠢᠨ ᠠᠯᠬᠤᠮ ᠳᠤ ᠪᠢᠳᠡ | ᠭᠠᠴᠠᠭᠠᠨ ᠤ ᠬᠠᠮᠲᠤ ᠶᠢᠨ ᠠᠵᠤ ᠠᠬᠤᠢ ᠶᠢ ᠦᠷᠬᠦᠯᠵᠢᠯᠡᠨ ᠪᠤᠵᠠᠭᠠᠶᠢᠷᠠᠭᠤᠯᠵᠤ᠂ ᠮᠠᠯᠴᠢᠳ ᠤᠨ ᠤᠷᠤᠯᠭ᠎ᠠ ᠶᠢ | ᠨᠡᠮᠡᠭᠳᠡᠬᠦᠯᠦᠨ᠎ᠡ︾ ᠭᠡᠵᠦ ᠶᠠᠷᠢᠪᠠ᠃ |