ᠴᠠᠭᠠᠨ ᠰᠠᠷ᠎ᠠ ᠪᠠᠷ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠰᠤᠷᠪᠤᠯᠵᠢᠯᠠᠭ᠎ᠠ᠄ ︽ᠴᠠᠭᠠᠨ ᠢᠳᠡᠭᠡᠨ ᠤ ᠨᠤᠲᠤᠭ︾ ᠠᠴᠠ ᠪᠠᠳᠠᠷᠠᠨ ᠭᠦᠭᠵᠢᠭᠰᠡᠨ ᠴᠠᠭᠠᠨ ᠢᠳᠡᠭᠡᠨ ᠤ ᠦᠢᠯᠡᠰ
ᠨᠡᠶᠢᠲᠡᠯᠡᠭᠰᠡᠨ ᠴᠠᠭ᠄
2021/2/24
                   ᠰᠢᠯᠢ ᠶᠢᠨ ᠭᠤᠤᠯ ᠤᠨ ᠲᠧᠯᠧᠰ ᠬᠤᠷᠢᠶᠠᠨ ᠤ ᠰᠤᠷᠪᠤᠯᠵᠢᠯᠠᠭᠴᠢ                                        ᠭᠤᠤ ᠶᠠ ᠵᠢᠶᠧ  ᠪᠣᠣ ᠵᠢᠶ ᠴᠧᠨ                    ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠰᠣᠷᠪᠣᠯᠵᠢᠯᠠᠭᠴᠢ                                          ᠠᠯᠲᠠᠨᠴᠡᠴᠡᠭ ᠲᠡᠷᠭᠡᠯ              ᠣᠶᠢᠷ᠎ᠠ ᠶᠢᠨ ᠵᠢᠯ ‍ᠡ ᠨᠠᠭᠠᠰᠢ᠂ ᠬᠥᠪᠡᠭᠡᠲᠦ ᠰᠢᠷ᠎ᠠ ᠬᠤᠰᠢᠭᠤ ᠪᠥᠬᠦ ᠣᠷᠣᠨ ᠤ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠣᠳᠣᠬᠠᠨ ᠳᠤ᠂ ᠬᠥᠪᠡᠭᠡᠲᠦ ᠰᠢᠷ᠎ᠠ ᠬᠤᠰᠢᠭᠤᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠴᠢᠨᠠᠷ ᠰᠠᠶᠢᠨ ᠦᠨ᠎ᠡ ᠲᠣᠬᠢᠷᠠᠮᠵᠢᠲᠠᠢ ᠣᠨᠴᠠᠯᠢᠭ ᠲᠤ ᠲᠦᠰᠢᠭᠯᠡᠨ ᠪᠣᠷᠣᠯᠠᠭᠤᠯᠭ᠎ᠠ ᠶᠢ ᠲᠦᠷᠭᠡᠨ ᠥᠷᠭᠡᠳᠬᠡᠵᠦ᠂ ᠵᠠᠬ᠎ᠠ ᠳᠡᠯᠭᠡᠭᠦᠷ ᠤᠨ ᠨᠡᠷ᠎ᠡ ᠬᠦᠨᠳᠦ ᠶᠢ ᠡᠵᠡᠯᠡᠭᠰᠡᠨ ᠢᠶᠠᠷ ᠵᠢᠯ  ᠤᠨ ᠪᠣᠷᠣᠯᠠᠭᠤᠯᠭ᠎ᠠ ᠶᠢᠨ ᠣᠷᠣᠯᠭ᠎ᠠ ᠨᠢ 8000 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃ ᠴᠠᠭᠠᠨ ᠰᠠᠷ᠎ᠠ ᠢᠷᠡᠬᠦ ᠲᠠᠰᠢᠷᠠᠮ ᠢᠶᠠᠷ᠂ ᠰᠤᠷᠪᠤᠯᠵᠢᠯᠠᠭᠴᠢ ᠬᠥᠪᠡᠭᠡᠲᠦ ᠰᠢᠷ᠎ᠠ ᠬᠤᠰᠢᠭᠤᠨ ᠤ ᠴᠠᠭᠠᠨ ᠢᠳᠡᠭᠡᠨ ᠤ ᠳᠡᠯᠭᠡᠭᠦᠷ ᠲᠤ ᠬᠦᠷᠴᠦ᠂ ᠦᠶᠯᠡᠳᠬᠦᠨ ᠤ ᠪᠣᠷᠣᠯᠠᠭᠤᠯᠭ᠎ᠠ ᠶᠢᠨ ᠪᠠᠶᠢᠳᠠᠯ ᠢ ᠣᠶᠢᠯᠠᠭᠠᠪᠠ᠃        ᠬᠥᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠪᠠᠯᠭᠠᠰᠤᠨ ᠤ ᠵᠡᠭᠡᠯᠢ ᠭᠤᠳᠤᠮᠵᠢ ᠪᠠᠷ ᠴᠠᠭᠠᠨ ᠢᠳᠡᠭᠡᠨ ᠤ ᠳᠡᠯᠭᠡᠭᠦᠷ ᠠᠲᠡ ᠲᠡᠨᠳᠡ ᠦᠭᠡᠢ ᠬᠠᠷᠠᠭᠳᠠᠨ᠎ᠠ᠃ ᠬᠥᠪᠡᠭᠡᠲᠦ ᠰᠢᠷ᠎ᠠ ᠬᠤᠰᠢᠭᠤᠨ ᠤ ᠴᠠᠭᠠᠨ ᠢᠳᠡᠭᠡ ᠨᠢ ᠥᠨᠢ ᠤᠳᠠᠭᠠᠨ ᠤᠯᠠᠮᠵᠢᠯᠠᠯ ᠲᠠᠢ  ᠪᠠᠶᠢᠵᠦ᠂ ᠴᠠᠭᠠᠨ ᠢᠳᠡᠭᠡᠨ ᠤ ᠴᠢᠨᠠᠷ ᠠᠮᠲᠠ ᠪᠠᠷ ᠢᠶᠠᠨ ᠤᠯᠠᠨ ᠳᠤ ᠲᠠᠨᠢᠭᠳᠠᠭᠰᠠᠨ ᠪᠠᠶᠢᠳᠠᠭ᠃ 2020 ᠣᠨ ᠤ ᠪᠥᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠶᠯᠡᠰ ᠤᠨ ᠬᠥᠭᠵᠢᠯᠲᠡ ᠶᠢᠨ ᠲᠤᠬᠠᠶ ᠶᠢᠨ ᠲᠠᠯᠠᠪᠤᠷ ᠤᠨ ᠬᠤᠷᠠᠯᠳᠤᠭᠠᠨ ᠨᠢ ᠬᠥᠪᠡᠭᠡᠲᠦ ᠰᠢᠷ᠎ᠠ ᠬᠤᠰᠢᠭᠤᠨ ᠳᠤ ᠪᠣᠯᠵᠦ᠂ ᠠᠳᠡᠬᠢ ᠴᠠᠭᠠᠨ ᠢᠳᠡᠭᠡᠨ ᠨᠢ ᠨᠠᠩ ᠶᠡᠭᠡ ᠪᠠᠷ ᠵᠠᠬ᠎ᠠ ᠳᠡᠯᠭᠡᠭᠦᠷ ᠲᠤ ᠭᠠᠷᠬᠤ ᠪᠣᠯᠪᠠ᠃ ᠴᠠᠭᠠᠨ ᠰᠠᠷ᠎ᠠ ᠶᠢᠨ ᠬᠤᠭᠤᠴᠠᠭᠠᠨ ᠳᠤ ᠰᠤᠷᠪᠤᠯᠵᠢᠯᠠᠭᠴᠢ ᠴᠠᠭᠠᠨ ᠢᠳᠡᠭᠡᠨ ᠤ ᠳᠡᠯᠭᠡᠭᠦᠷ ᠢᠶᠠᠷ ᠬᠦᠷᠴᠦ ᠴᠠᠭᠠᠨ ᠢᠳᠡᠭᠡᠨ ᠤ ᠪᠤᠷᠤᠯᠠᠭᠤᠯᠭ᠎ᠠ ᠶᠢᠨ ᠪᠠᠶᠢᠳᠠᠯ ᠢ ᠤᠶᠢᠯᠠᠭᠠᠪᠠ᠃        ᠪᠢᠳᠡᠨ ᠢ ᠬᠦᠷᠬᠦ ᠳᠤ ᠬᠥᠪᠡᠭᠡᠲᠦ ᠰᠢᠷ᠎ᠠ ᠬᠤᠰᠢᠭᠤᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠶᠯᠡᠰ ᠤᠨ ᠬᠦᠷᠢᠶᠡᠯᠡᠩ ᠤᠨ ᠠᠵᠢᠯᠴᠢᠳ ᠲᠤᠩ ᠶᠠᠭᠠᠷᠠᠯᠲᠠᠶ ᠠᠵᠢᠯᠯᠠᠵᠤ ᠪᠠᠶᠢᠯ᠎ᠠ᠃ ︽ᠰᠣᠷᠭᠤᠭ︾ ᠴᠠᠭᠠᠨ ᠢᠳᠡᠭᠡᠨ ᠤ ᠳᠡᠯᠭᠡᠬᠦᠷ ᠤᠨ ᠬᠤᠷᠤᠳ ᠬᠢᠬᠦ ᠲᠠᠰᠤᠭ ᠲᠤ ᠰᠤᠳᠤᠯᠤᠭᠴᠢ ᠠᠵᠢᠯᠴᠢᠳ ᠲᠠᠢ ᠪᠠᠨ ᠬᠠᠮᠲᠤ ᠪᠡᠭᠡᠵᠢᠩ ᠪᠣᠯᠤᠨ ᠬᠥᠬᠡᠬᠤᠲᠠ ᠶᠢᠨ ᠵᠣᠴᠢᠳ ᠤᠨ ᠵᠠᠬᠢᠶᠠᠯᠠᠭᠰᠠᠨ 200 ᠭᠠᠷᠤᠢ ᠥᠷᠥᠮ᠎ᠡ ᠶᠢ ᠪᠡᠯᠡᠳᠬᠡᠵᠦ ᠪᠠᠶᠢᠯ᠎ᠠ᠃        ᠰᠤᠳᠤᠯᠤᠭᠴᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠡᠳᠡᠨ ᠤ ᠬᠢᠨ ᠥᠷᠥᠮ᠎ᠡ᠂ ᠪᠢᠰᠢᠯᠠᠭ ᠵᠡᠷᠭᠡ ᠤᠯᠠᠮᠵᠢᠯᠠᠯᠲᠤ ᠴᠠᠭᠠᠨ ᠢᠳᠡᠭᠡᠨ ᠡᠵᠡᠩᠨᠡᠬᠦ ᠪᠠᠷ ᠭᠤᠤᠯ ᠪᠣᠯᠭᠠᠵᠤ᠂ ᠡᠨᠡ ᠬᠤᠶᠠᠷ ᠵᠢᠯ ᠤᠨ ᠠᠷᠠᠯᠵᠢᠶ᠎ᠠ ᠮᠠᠶᠢᠮᠠᠶ ᠨᠢ ᠶᠠᠪᠤᠬᠤ ᠲᠤᠲᠤᠮ ᠰᠠᠶᠢᠵᠢᠷᠠᠵᠤ᠂ ᠡᠳᠦᠷ ᠪᠦᠷᠢ 200 ᠭᠠᠷᠤᠶ ᠥᠷᠥᠮ᠎ᠡ᠂ 100 ᠭᠠᠷᠤᠶ ᠬᠡᠰᠡᠭ ᠪᠢᠰᠢᠯᠠᠭ ᠪᠣᠯᠪᠠᠰᠤᠷᠠᠭᠤᠯᠵᠤ᠂ ᠦᠶᠯᠡᠳᠬᠦᠨ ᠢᠶᠠᠨ ᠠᠶᠢᠮᠠᠭ ᠤᠨ  ᠡᠯ᠎ᠡ ᠬᠤᠰᠢᠭᠤ ᠰᠢᠶᠠᠨ ᠬᠤᠲᠠ ᠴᠢᠨᠠᠭᠰᠢᠯᠠᠪᠠᠯ ᠬᠥᠬᠡᠬᠤᠲᠠ᠂ ᠤᠯᠠᠭᠠᠨᠴᠠᠪ᠂ ᠪᠡᠭᠡᠵᠢᠩ ᠵᠡᠷᠭᠡ ᠭᠠᠵᠠᠷ ᠤᠳ ᠢᠶᠠᠷ  ᠪᠣᠷᠣᠯᠠᠭᠤᠯᠵᠤ᠂ ᠤᠨᠴᠠᠭᠠᠶᠢᠯᠠᠨ ᠵᠢᠯ ᠪᠦᠷᠢ ᠶᠢᠨ ᠴᠠᠭᠠᠨ ᠰᠠᠷ᠎ᠠ ᠪᠣᠯᠪᠠᠯ ᠬᠠᠩᠭᠠᠯᠭ᠎ᠠ ᠨᠢ ᠬᠡᠷᠡᠭᠴᠡᠭᠡ ᠳᠡᠭᠡᠨ ᠬᠥᠷᠬᠦ ᠥᠬᠡᠶ ᠪᠣᠯᠵᠦ᠂ ᠵᠠᠷᠢᠮ ᠳᠠᠭᠠᠨ ᠪᠦᠷ ᠳᠡᠯᠭᠡᠭᠦᠷ ᠲᠤ ᠬᠤᠳᠠᠯᠳᠤᠬᠤ ᠪᠡᠯᠡᠨ ᠪᠠᠷᠠᠭ᠎ᠠ ᠪᠠᠶᠢᠬᠤ ᠥᠬᠡᠶ ᠪᠣᠯᠴᠢᠬᠠᠳᠠᠭ ᠭᠡᠵᠦ ᠶᠠᠷᠢᠪᠠ᠃        ᠪᠠᠶᠠᠵᠢᠨ᠎ᠠ ᠴᠠᠭᠠᠨ ᠢᠳᠡᠭᠡᠨ ᠤ ᠳᠡᠯᠭᠡᠭᠦᠷ ᠤᠨ ᠡᠳ᠋ᠰᠢᠭᠦᠯᠬᠦ ᠲᠠᠰᠤᠭ ᠲᠤ᠂ ᠡᠵᠡᠩᠨᠡᠭᠴᠢ ᠰᠤᠷᠬᠠᠨ ᠶᠠᠭ ᠭᠠᠳᠠᠷ ᠣᠷᠣᠨ ᠤ ᠵᠣᠴᠢᠳ ᠤᠨ ᠵᠠᠬᠢᠶᠠᠯᠠᠭᠰᠠᠨ ᠰᠦᠨ ᠲᠠᠯᠬ᠎ᠠ ᠶᠢᠨ ᠰᠢᠬᠢᠷ ᠢ ᠡᠳ᠋ᠰᠢᠭᠦᠯᠵᠦ ᠪᠠᠶᠢᠯ᠎ᠠ᠃ ᠣᠶᠢᠷ᠎ᠠ ᠳᠤ ᠲᠠᠳᠠ ᠡᠳᠦᠷ ᠪᠦᠷᠢ 200 ᠭᠠᠷᠤᠶ ᠵᠢᠩ ᠰᠦᠨ ᠲᠠᠯᠬ᠎ᠠ ᠶᠢᠨ ᠰᠢᠬᠢᠷ ᠪᠣᠯᠪᠠᠰᠤᠷᠠᠭᠤᠯᠵᠤ᠂ ᠰᠦᠨ ᠲᠠᠯᠬ᠎ᠠ ᠶᠢᠨ ᠰᠢᠬᠢᠷ ᠨᠢ ᠨᠢᠭᠡᠨᠲᠡ ᠬᠡᠷᠡᠭᠯᠡᠭᠴᠢᠳ ᠤᠨ ︽ᠬᠠᠯᠠᠮᠰᠢᠯ ᠲᠠᠸᠠᠷ︾ ᠪᠣᠯᠵᠦ ᠭᠡᠨ᠎ᠡ᠃ 2020 ᠣᠨ ᠳᠤ᠂ ᠪᠠᠶᠠᠵᠢᠨ᠎ᠠ ᠴᠠᠭᠠᠨ ᠢᠳᠡᠭᠡᠨ ᠤ ᠳᠡᠯᠭᠡᠭᠦᠷ  ᠤᠨ ᠰᠦᠨ ᠲᠠᠯᠬ᠎ᠠ ᠰᠢᠬᠢᠷ ᠤᠨ ᠪᠣᠷᠣᠯᠠᠭᠤᠯᠤᠯᠲᠠ ᠶᠢᠨ ᠬᠡᠮᠵᠢᠶ᠎ᠡ 12 ᠲᠣᠨ ᠳᠤ ᠬᠦᠷᠴᠦ᠂ ᠴᠡᠪᠡᠷ ᠠᠰᠢᠭ ᠬᠤᠨᠵᠢᠪᠣᠷᠢ ᠨᠢ 24 ᠲᠦᠮᠡᠨ ᠲᠥᠭᠦᠷᠢᠭ ᠲᠤ ᠬᠦᠷᠴᠡᠶ᠃ ᠵᠢᠯ ᠪᠦᠷᠢ ᠶᠢᠨ ᠴᠠᠭᠠᠨ ᠰᠠᠷ᠎ᠠ ᠪᠣᠯᠬᠤ ᠳᠤ ᠵᠠᠬᠢᠶᠠᠯᠠᠭ᠎ᠠ᠂ ᠦᠢᠯᠡᠳᠪᠦᠷᠢᠯᠡᠯ᠂ ᠭᠤᠪᠢᠭᠤᠯᠭ᠎ᠠ ᠪᠦᠷ ᠶᠡᠬᠡᠪᠡᠷ ᠨᠡᠮᠡᠭᠳᠡᠵᠦ ᠨᠡᠩ ᠢᠯᠠᠩᠭᠤᠶ᠎ᠠ ᠪᠠᠷᠠᠭ᠎ᠠ ᠵᠠᠬᠢᠶᠠᠯᠠᠬᠤ ᠬᠡᠮᠵᠢᠶ᠎ᠡ ᠲᠠᠬᠢᠨ ᠢᠶᠠᠷ ᠨᠡᠮᠡᠭᠳᠡᠳᠡᠭ ᠪᠠᠶᠢᠯ᠎ᠠ᠃ ᠬᠡᠳᠦᠶᠢᠪᠡᠷ ᠡᠳᠡᠭᠡᠷ ᠠᠵᠢᠯ ᠨᠢ ᠮᠠᠰᠢ ᠬᠦᠴᠢᠷ ᠪᠠᠶᠢᠭᠰᠠᠨ ᠴᠦ ᠲᠡᠳᠡ ᠬᠠᠷᠢᠨ ᠲᠤᠩ ᠰᠡᠳᠬᠢᠯ ᠬᠠᠨᠤᠮᠵᠢᠲᠠᠶ ᠪᠠᠶᠢᠪᠠ        ᠪᠠᠶᠠᠵᠢᠨ᠎ᠠ ᠴᠠᠭᠠᠨ ᠢᠳᠡᠭᠡᠨ ᠤ ᠳᠡᠯᠭᠡᠭᠦᠷ ᠤᠨ ᠡᠵᠡᠩᠨᠡᠭᠴᠢ ᠶᠢᠷᠡᠨᠳᠤᠶᠠᠭ᠎ᠠ ︽2016 ᠣᠨ ᠳᠤ ᠪᠢᠳᠡ ᠠᠵᠢᠯ ᠣᠯᠭᠤᠯᠲᠠ ᠶᠢᠨ ᠲᠣᠪᠴᠢᠶ᠎ᠠ ᠠᠴᠠ ᠡᠷᠬᠢᠯᠡᠭᠰᠡᠨ ᠰᠦᠨ ᠲᠠᠯᠬ᠎ᠠ ᠶᠢᠨ ᠰᠢᠬᠢᠷ ᠬᠢᠬᠦ ᠪᠣᠯᠪᠠᠰᠤᠷᠠᠯ ᠳᠤ ᠣᠷᠣᠯᠴᠠᠵᠤ᠂ ᠰᠠᠨᠠᠭᠠᠨ ᠳᠤ ᠥᠬᠡᠶ ᠣᠯᠤᠯᠲᠠ ᠲᠠᠢ ᠪᠤᠯᠪᠠ᠃ ᠥᠪᠡᠷ ᠢᠶᠠᠨ ᠰᠦᠨ ᠲᠠᠯᠬ᠎ᠠ ᠶᠢᠨ ᠰᠢᠬᠢᠷ ᠢ ᠡᠷᠬᠢᠯᠡᠨ ᠦᠶᠯᠡᠳᠬᠦ ᠶᠢᠨ ᠬᠠᠮᠲᠤ ᠪᠠᠰᠠ ᠪᠣᠷᠣᠯᠠᠭᠤᠯᠵᠤ᠂ ᠣᠳᠣ ᠪᠣᠯᠬᠤ ᠳᠤ ᠦᠶᠯᠡᠳᠬᠦᠨ ᠤ ᠬᠠᠩᠭᠠᠯᠭ᠎ᠠ ᠨᠢ ᠬᠡᠷᠡᠭᠴᠡᠭᠡ ᠳᠡᠭᠡᠨ ᠬᠥᠷᠬᠦ ᠥᠬᠡᠶ ᠪᠠᠶᠢᠵᠤ᠂ ᠬᠤᠰᠢᠭᠤᠨ ᠠᠴᠠ ᠪᠢᠳᠡᠨ ᠳᠤ ᠴᠤ ᠰᠢᠨ᠎ᠡ ᠮᠠᠰᠢᠨ ᠲᠥᠬᠦᠭᠡᠷᠦᠮᠵᠢ ᠲᠣᠬᠢᠷᠠᠭᠤᠯᠵᠤ ᠦᠭᠭᠦᠭᠰᠡᠨ ᠢᠶᠠᠷ ᠪᠦᠲᠦᠭᠡᠭᠳᠡᠬᠦᠨ ᠦᠶᠯᠡᠳᠪᠦᠷᠢᠯᠡᠬᠦ ᠳᠤ ᠴᠠᠭ ᠢ ᠠᠷᠪᠢᠯᠠᠬᠤ ᠪᠣᠯᠤᠭᠰᠠᠨ ᠮᠥᠷᠲᠡᠭᠡᠨ ᠬᠥᠮᠦᠨ ᠤ ᠬᠦᠴᠦ ᠶᠢ ᠪᠠᠰᠠ ᠠᠷᠪᠢᠯᠠᠪᠠ ︾ ᠭᠡᠵᠤ ᠪᠠᠶᠠᠷᠲᠠᠶᠢᠬᠠᠨ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号