ᠬᠦᠪᠡᠬᠡᠲᠦ ᠰᠢᠷ᠎ᠠ ᠬᠤᠰᠢᠭᠤᠨ ᠤ ᠡᠪᠡᠰᠦᠨ ᠤ ᠦᠢᠯᠡᠰ ᠤᠨ ᠵᠠᠬ᠎ᠠ ᠳᠡᠯᠭᠡᠭᠦᠷ ᠤᠨ ᠦᠢᠯᠡᠴᠢᠯᠡᠬᠡᠨ ᠤ | ᠲᠦᠪ ᠨᠢ ᠤᠷᠤᠨ ᠨᠤᠲᠤᠭ ᠤᠨ ᠢᠶᠠᠨ ᠵᠠᠬ᠎ᠠ ᠳᠡᠯᠭᠡᠭᠦᠷ ᠤᠨ ᠡᠪᠡᠰᠦᠨ ᠤ ᠦᠨ᠎ᠡ ᠬᠠᠩᠰᠢ ᠶᠢ | ᠳᠣᠭᠳᠠᠪᠣᠷᠢᠵᠢᠭᠤᠯᠬᠤ ᠶᠢᠨ ᠵᠡᠷᠭᠡᠪᠡᠷ ᠮᠠᠯᠵᠢᠬᠤ ᠡᠷᠥᠭᠡ ᠶᠢᠨ ᠡᠪᠡᠰᠦ ᠲᠤᠳᠠᠭᠳᠠᠬᠤ ᠠᠰᠠᠭᠤᠳᠠᠯ ᠢ ᠢᠳᠡᠪᠬᠢᠲᠡᠢ | ᠰᠢᠢᠳᠪᠣᠷᠢᠯᠡᠵᠥ᠂ ᠮᠠᠯ ᠠᠵᠤ ᠠᠬᠤᠢ ᠶᠢᠨ ᠤᠶᠢᠯᠡᠳᠪᠤᠷᠢᠯᠡᠯ ᠤᠨ ᠴᠢᠨᠡᠷ ᠰᠠᠶᠢᠲᠠᠢ ᠬᠦᠭᠵᠢᠯᠲᠠ ᠪᠠ ᠮᠠᠯᠴᠢᠳ ᠤᠨ | ᠤᠷᠤᠯᠭ᠎ᠠ ᠶᠢᠨ ᠨᠡᠮᠡᠭᠲᠡᠯ ᠢ ᠪᠠᠲᠤᠯᠠᠵᠥ᠂ ᠮᠠᠯᠴᠢᠳ ᠤᠨ ᠬᠠᠯᠠᠭᠤᠨ ᠬᠥᠷᠢᠶᠡᠯᠡᠯ ᠢ ᠤᠯᠵᠦ ᠪᠠᠶᠢᠨ᠎ᠠ᠃ | ᠭᠠᠷᠴᠦ ᠮᠡᠳᠡᠬᠦ ᠭᠠᠮᠰᠢᠭ ᠵᠤᠳ ᠢ ᠰᠡᠷᠭᠡᠶᠢᠯᠡᠵᠦ᠂ ᠭᠠᠴᠢᠭᠳᠠᠵᠤ ᠰᠠᠨᠳᠣᠷᠬᠤ ᠦᠶ᠎ᠡ ᠳᠤ ᠭᠠᠷ ᠮᠡᠬᠦᠰᠳᠡᠬᠦ | ᠦᠭᠡᠢ ᠪᠠᠶᠢᠬᠤ ᠶᠢ ᠪᠠᠲᠤᠯᠠᠬᠤ ᠵᠣᠷᠢᠯᠭ᠎ᠠ ᠪᠠᠷ 2015 ᠣᠨ ᠳᠤ ᠳᠡᠭᠡᠲᠦ ᠱᠠᠳᠤᠨ ᠤ 1304.6 ᠲᠦᠮᠡᠨ | ᠲᠦᠭᠦᠷᠢᠭ ᠤᠨ ᠲᠤᠰᠬᠠᠢ ᠪᠡᠯᠡ ᠤᠷᠤᠭᠤᠯᠤᠯᠲᠠ ᠪᠠᠷ ᠲᠤᠰ ᠬᠤᠰᠢᠭᠤ ᠡᠪᠡᠰᠦᠨ ᠤ ᠦᠢᠯᠡᠰ ᠤᠨ ᠵᠠᠬ᠎ᠠ | ᠳᠡᠯᠭᠡᠭᠦᠷ ᠤᠨ ᠦᠢᠯᠡᠴᠢᠯᠡᠬᠡᠨ ᠤ ᠲᠦᠪ ᠪᠠᠶᠢᠭᠤᠯᠪᠠ᠃ ᠥᠢᠯᠡᠴᠢᠯᠡᠭᠡᠨ ᠤ ᠲᠥᠪ ᠲᠠᠬᠢ ᠡᠪᠡᠰᠦᠨ ᠬᠦᠮᠦᠷᠭᠡ ᠨᠢ | ᠨᠢᠭᠡᠯᠡ ᠳᠡᠭᠡᠷ᠎ᠡ 5000 ᠲᠤᠨ ᠡᠪᠡᠰᠦ ᠬᠠᠳᠠᠭᠠᠯᠠᠵᠤ ᠲᠡᠶᠢᠯᠬᠦ ᠪᠠᠭᠲᠠᠭᠠᠮᠵᠢ ᠲᠠᠢ ᠪᠥᠭᠡᠳ ᠠᠰᠢᠭᠯᠠᠯᠲᠠ ᠳᠤ | ᠤᠷᠤᠭᠰᠠᠨ ᠤ ᠲᠠᠷᠠᠭ᠎ᠠ ᠵᠢᠯ ᠨᠢ ᠡᠵᠡᠩᠨᠡᠯᠲᠡ ᠶᠢᠨ ᠴᠤᠭᠴᠠ ᠶᠢ ᠬᠤᠪᠢᠷᠠᠭᠤᠯᠤᠨ ᠲᠡᠰ ᠲᠡᠪᠰᠢᠬᠦᠯᠬᠦ ᠡᠬᠦᠲᠡᠨ ᠠᠴᠠ | ᠲᠡᠬᠢᠨᠲᠡ 460 ᠲᠦᠮᠡᠨ ᠲᠦᠬᠦᠷᠢᠭ ᠤᠨ ᠪᠠᠯᠠ ᠤᠷᠤᠭᠤᠯᠤᠨ᠂ ᠠᠶᠤᠯᠬᠦᠢ ᠤᠶᠢᠯᠡᠳᠪᠤᠷᠢᠯᠡᠯ ᠢ ᠪᠠᠲᠤᠯᠠᠬᠤ ᠪᠠᠷ | ᠭᠠᠯ ᠤᠨᠲᠠᠷᠠᠭᠠᠬᠤ ᠲᠤᠨᠤᠭ ᠲᠦᠬᠦᠭᠡᠷᠤᠮᠵᠢ ᠶᠢ ᠱᠠᠭᠠᠷᠲᠠᠯᠭ᠎ᠠ ᠶᠤᠰᠤᠭᠠᠷ ᠢᠵᠢ ᠪᠥᠷᠢᠲᠥᠬᠦᠯᠵᠡᠢ᠃ ᠡᠨᠡ ᠰᠠᠭᠤᠷᠢᠨ | ᠲᠡᠭᠡᠷ᠎ᠡ ᠡᠷᠲᠡᠨᠢ ᠰᠢᠰᠢ ᠶᠢᠨ ᠡᠰᠢ ᠰᠦᠷᠡᠯ ᠵᠡᠷᠬᠡ ᠪᠦᠲᠤᠬᠦᠯᠢᠭ ᠡᠪᠡᠰᠤ ᠶᠢ ᠮᠦᠬᠦᠯᠢᠭᠵᠢᠬᠦᠯᠤᠨ ᠪᠤᠯᠪᠠᠰᠤᠷᠠᠭᠤᠯᠬᠤ | ᠪᠠᠰᠠ ᠨᠢᠭᠡᠨ 1000 ᠲᠤᠨ ᠤ ᠬᠦᠮᠤᠷᠭᠡ ᠪᠠᠶᠢᠭᠤᠯᠵᠤ᠂ ᠵᠢᠯ ᠪᠦᠷᠢ ᠴᠠᠭᠠᠨ ᠰᠠᠷ᠎ᠠ ᠦᠩᠭᠡᠷᠡᠮᠡᠭᠴᠡ ᠲᠤᠭᠲᠠᠭᠰᠠᠨ | ᠴᠡᠭ ᠠᠴᠠ ᠪᠠᠨ 5000 — 7000 ᠲᠤᠨ ᠨᠤᠭᠤᠭᠠᠨ ᠲᠠᠷᠤᠰᠢ ᠤᠷᠤᠭᠤᠯᠤᠨ᠂ ᠪᠦᠬᠦ ᠬᠤᠰᠢᠭᠤᠨ ᠤ | ᠮᠠᠯᠵᠢᠬᠤ ᠡᠷᠥᠭᠡ ᠶᠢᠨ ᠪᠠᠴᠢᠮ ᠬᠡᠷᠡᠭᠰᠡᠬᠦ ᠡᠪᠡᠰᠤ ᠪᠤᠷᠲᠤᠭᠠᠨ ᠤ ᠬᠠᠨᠭ᠍ᠭᠠᠯᠭ᠎ᠠ ᠶᠢ ᠪᠠᠲᠤᠯᠠᠵᠦ ᠢᠷᠡᠭᠰᠡᠨ ᠪᠠᠶᠢᠨ᠎ᠠ᠃ | ᠡᠨᠡ ᠲᠣᠬᠠᠢ ᠲᠣᠰ ᠦᠢᠯᠡᠴᠢᠯᠡᠬᠡᠨ ᠤ ᠲᠥᠪ ᠤᠨ ᠡᠳᠦᠷ ᠳᠤᠳᠤᠮ ᠤᠨ ᠠᠵᠢᠯ ᠢ ᠰᠢᠭᠤᠳ ᠬᠠᠮᠢᠶᠠᠷᠴᠤ | ᠪᠠᠶᠢᠭ᠎ᠠ ᠬᠠᠷᠢᠭᠤᠴᠠᠯᠭᠠᠳᠠᠨ ᠪᠦᠳᠦᠭᠡᠭᠴᠢ ᠨᠦᠬᠦᠷ᠄ ︽ᠪᠢ ᠠᠳᠡ ᠠᠵᠢᠯᠯᠠᠭᠠᠳ 6 ᠵᠢᠯ ᠪᠤᠯᠵᠥ ᠪᠠᠶᠢᠨ᠎ᠠ᠃ ᠮᠦᠨ | ᠴᠤ ᠡᠪᠡᠰᠦ ᠣᠷᠣᠭᠤᠯᠵᠦ ᠭᠠᠷᠭᠠᠬᠤ ᠠᠵᠢᠯ ᠢ ᠰᠢᠭᠤᠳ ᠭᠠᠷᠳᠠᠨ ᠬᠦᠢᠴᠡᠳᠭᠡᠵᠦ ᠪᠠᠶᠢᠭ᠎ᠠ ᠪᠣᠯᠬᠤᠷ ᠵᠢᠯ ᠪᠦᠷᠢ ᠶᠢᠨ | 8 — 12 ᠰᠠᠷ᠎ᠠ ᠬᠦᠷᠳᠡᠯ᠎ᠡ ᠡᠪᠡᠰᠦ ᠣᠷᠣᠭᠤᠯᠬᠤ ᠠᠴᠠ ᠡᠬᠢᠯᠡᠭᠡᠳ ᠳᠠᠷᠠᠭ᠎ᠠ ᠵᠢᠯ ᠤᠨ ᠬᠢᠨᠢ 1 ᠰᠠᠷ᠎ᠠ ᠶᠢᠨ | ᠳᠤᠮᠳᠠᠴᠢ ᠠᠴᠠ ᠡᠪᠡᠰᠦ ᠭᠠᠷᠭᠠᠵᠦ ᠬᠤᠲᠠᠯᠲᠤᠬᠤ ᠪᠣᠯᠳᠠᠯ᠎ᠠ ᠪᠠᠷᠤᠭ ᠪᠦᠳᠦᠨ 6 ᠰᠠᠷ᠎ᠠ ᠶᠢᠨ ᠲᠤᠷᠰᠢ ᠮᠠᠰᠢ | ᠶᠠᠭᠠᠷᠠᠯᠲᠠᠢ ᠠᠵᠢᠯᠯᠠᠳᠠᠭ᠃ ᠤᠷᠴᠢᠮ ᠤᠨ ᠭᠤᠷᠪᠠᠨ ᠵᠢᠯ ᠠᠴᠠ ᠮᠠᠨ ᠤ ᠬᠤᠰᠢᠭᠤᠨ ᠤ ᠰᠠᠭᠠᠯᠢ ᠶᠢᠨ ᠦᠨᠢᠶᠡᠨ ᠤ | ᠲᠤᠭ᠎ᠠ ᠨᠡᠮᠡᠭᠳᠡᠬᠦ ᠶᠢ ᠳᠠᠭᠠᠯᠳᠣᠨ ᠵᠤᠨ ᠳᠤ ᠪᠠᠨ ᠴᠤ ᠬᠡᠰᠡᠨ ᠠᠵᠢᠯ ᠳᠠᠰᠤᠷᠠᠬᠤ ᠦᠭᠡᠢ ᠪᠣᠯᠵᠠᠢ᠃ ᠤᠨᠴᠠᠭᠠᠢᠢᠯᠠᠨ | ᠵᠤᠨ ᠨᠢ ᠭᠠᠩᠳᠠᠵᠦ᠂ ᠡᠪᠦᠯ ᠨᠢ ᠪᠠᠰᠠ ᠴᠠᠰᠤ ᠰᠢᠭᠤᠷᠭ᠎ᠠ ᠶᠡᠬᠡᠲᠡᠢ ᠪᠣᠯᠬᠤ ᠳᠤ ᠬᠦᠷᠪᠡᠯ᠂ ᠡᠪᠡᠰᠦᠨ ᠤ | ᠱᠠᠭᠠᠷᠳᠠᠯᠭ᠎ᠠ ᠤᠯᠠᠮ ᠪᠠᠴᠢᠮ ᠪᠣᠯᠵᠦ ᠬᠠᠩᠭᠠᠯᠭ᠎ᠠ ᠨᠢ ᠬᠡᠷᠡᠭᠴᠡᠭᠡᠨ ᠳᠤ ᠪᠠᠨ ᠬᠦᠷᠬᠦ ᠦᠭᠡᠢ ᠦᠵᠡᠭᠳᠡᠯ ᠭᠠᠷᠲᠠᠭ᠃ | ᠮᠠᠨ ᠤ ᠡᠪᠡᠰᠦᠨ ᠤ ᠥᠢᠯᠡᠰ ᠤᠨ ᠵᠠᠬ᠎ᠠ ᠲᠡᠯᠭᠡᠭᠦᠷ ᠤᠨ ᠦᠢᠯᠡᠴᠢᠯᠡᠬᠡᠨ ᠤ ᠲᠦᠪ ᠨᠢ ᠶᠡᠷᠦ ᠶᠢᠨ ᠵᠢᠯ ᠳᠤ 1 | ᠰᠠᠷ᠎ᠠ ᠶᠢᠨ ᠳᠤᠮᠳᠠᠴᠢ ᠪᠠᠷ ᠡᠪᠡᠰᠦ ᠪᠠᠨ ᠬᠤᠳᠠᠯᠳᠤᠵᠦ ᠡᠬᠢᠯᠡᠳᠡᠭ᠃ ᠡᠨᠡ ᠵᠢᠯ ᠬᠠᠷᠢᠨ ᠮᠠᠯᠴᠢᠳ ᠤᠨ ᠡᠪᠡᠰᠦ | ᠠᠪᠬᠤ ᠪᠠᠴᠢᠮ ᠱᠠᠭᠠᠷᠳᠠᠯᠭ᠎ᠠ ᠠᠴᠠ ᠪᠣᠯᠵᠦ᠂ 5 ᠡᠳᠦᠷ ᠤᠨ ᠡᠮᠦᠨ᠎ᠡ ᠨᠡᠬᠡᠬᠡᠵᠦ᠂ ᠣᠳᠣ ᠪᠠᠷᠤᠭ ᠬᠦᠮᠦᠷᠭᠡ ᠳᠠᠬᠢ | ᠡᠪᠡᠰᠦ ᠪᠠᠨ ᠭᠠᠷᠭᠠᠵᠦ ᠪᠠᠷᠠᠯ᠎ᠠ᠃ ᠢᠢᠮᠤ ᠠᠴᠠ ᠤᠲᠤᠬᠠᠨ ᠳᠤ ᠤᠢᠢᠷ᠎ᠠ ᠤᠷᠴᠢᠮ ᠤᠨ ᠭᠠᠵᠠᠷ ᠠᠴᠠ ᠪᠠᠭ᠎ᠠ | ᠬᠡᠮᠵᠢᠶ᠎ᠡ ᠪᠠᠷ ᠡᠪᠡᠰᠦ ᠣᠷᠣᠭᠤᠯᠵᠣ ᠪᠤᠢ︾ ᠭᠡᠵᠥ ᠲᠠᠨᠢᠯᠴᠠᠭᠤᠯᠤᠯ᠎ᠠ᠃ | ᠡᠶᠢᠨ ᠬᠦ ᠲᠤᠰ ᠬᠤᠰᠢᠭᠤᠨ ᠤ ᠡᠪᠡᠰᠥᠨ ᠤ ᠥᠢᠯᠡᠰ ᠤᠨ ᠵᠠᠬ᠎ᠠ ᠲᠡᠯᠭᠡᠭᠦᠷ ᠤᠨ ᠥᠢᠯᠡᠴᠢᠯᠡᠭᠡᠨ ᠤ ᠲᠥᠪ ᠨᠢ | ᠮᠠᠯᠵᠢᠬᠤ ᠡᠷᠥᠭᠡ ᠳᠤ ᠲᠤᠩ ᠶᠡᠭᠡ ᠲᠤᠰᠠ ᠲᠡᠮᠵᠢᠯᠭᠡ ᠪᠤᠯᠵᠥ᠂ ︽ᠬᠠᠵᠠᠭᠤ ᠳᠤ ᠮᠠᠨᠢ ᠠᠯᠪᠠᠨ ᠤ ᠲᠠᠯ᠎ᠠ ᠠᠴᠠ | ᠬᠠᠮᠢᠶᠠᠷᠴᠦ ᠪᠠᠶᠢᠬᠤ ᠡᠶᠢᠮᠦ ᠨᠢᠭᠡ ᠶᠠᠭᠤᠮ᠎ᠠ ᠪᠠᠶᠢᠬᠤ ᠴᠢᠨᠢ ᠶᠣᠰᠣᠲᠠᠢ ᠠᠮᠢ ᠠᠪᠣᠷᠠᠵᠦ ᠪᠠᠶᠢᠨ᠎ᠠ ᠰᠢᠦ︕︾ ᠭᠡᠵᠥ | ᠠᠰᠢᠭ ᠲᠤᠰᠠ ᠶᠢ ᠨᠢ ᠬᠥᠷᠲᠡᠭᠰᠡᠨ ᠮᠠᠯᠴᠢᠳ ᠤᠨ ᠲᠠᠯᠠᠷᠬᠠᠯ ᠤᠨ ᠶᠠᠷᠢᠶ᠎ᠠ ᠶᠢ ᠪᠠᠶᠢᠡᠭᠭᠤ ᠲᠤᠭᠤᠯᠲᠠᠲᠠᠭ᠃ | ᠤᠢᠢᠯᠠᠭᠠᠭᠰᠠᠨ ᠢᠶᠠᠷ᠂ ᠲᠤᠰ ᠬᠤᠰᠢᠭᠤᠨ ᠤ ᠡᠪᠡᠰᠥᠨ ᠤ ᠥᠢᠯᠡᠰ ᠤᠨ ᠵᠠᠬ᠎ᠠ ᠲᠡᠯᠭᠡᠭᠦᠷ ᠤᠨ ᠥᠢᠯᠡᠴᠢᠯᠡᠭᠡᠨ ᠤ | ᠲᠥᠪ ᠨᠢ ᠡᠪᠡᠰᠥ ᠬᠠᠲᠠᠭᠠᠯᠠᠵᠥ ᠬᠥᠮᠥᠷᠭᠡᠯᠡᠬᠦ ᠳᠤ ᠪᠠᠨ ᠡᠪᠡᠰᠥᠨ ᠤ ᠴᠢᠨᠠᠷ ᠢ ᠴᠢᠬᠤᠯᠠᠴᠢᠯᠠᠵᠥ᠂ ᠮᠠᠨ ᠤ | ᠠᠶᠢᠮᠠᠭ ᠤᠨ ᠤᠯᠠᠭᠠᠢ ᠬᠠᠮᠢᠶᠠᠷᠤᠯᠲᠠ ᠶᠢᠨ ᠤᠷᠤᠨ᠂ ᠵᠡᠬᠦᠨ ᠥᠵᠥᠮᠥᠴᠢᠨ ᠬᠤᠰᠢᠭᠤ᠂ ᠪᠠᠷᠠᠭᠤᠨ ᠥᠵᠥᠮᠥᠴᠢᠨ | ᠬᠤᠰᠢᠭᠤ ᠠᠴᠠ ᠡᠪᠡᠰᠥ ᠤᠷᠤᠭᠤᠯᠬᠤ ᠪᠠᠷ ᠪᠠᠷᠠᠬᠤ ᠥᠭᠡᠢ ᠬᠥᠯᠥᠨ ᠪᠥᠢᠷ ᠬᠤᠲᠠ᠂ ᠴᠢᠨᠠᠭᠰᠢᠯᠠᠪᠠᠯ ᠵᠡᠬᠦᠨ | ᠬᠤᠶᠢᠲᠦ ᠶᠢᠨ ᠮᠣᠵᠢ ᠬᠤᠲᠠ ᠠᠴᠠ ᠬᠦᠷᠳᠡᠯ᠎ᠡ ᠤᠷᠤᠭᠤᠯᠲᠠᠭ᠃ ᠡᠵᠡᠩᠨᠡᠯᠲᠡ ᠶᠢᠨ ᠲᠠᠯ᠎ᠠ ᠪᠠᠷ ᠵᠠᠬ᠎ᠠ ᠳᠡᠯᠭᠡᠭᠦᠷ ᠢᠶᠠᠷ | ᠵᠢᠯᠤᠭᠤᠳᠤᠮᠵᠢ ᠪᠣᠯᠭᠠᠵᠥ᠂ ᠦᠢᠯᠡᠴᠢᠯᠡᠬᠡᠨ ᠤ ᠲᠦᠪ ᠤᠨ ᠳᠣᠭᠳᠠᠭᠠᠭᠰᠠᠨ ᠡᠪᠡᠰᠦᠨ ᠤ ᠦᠨ᠎ᠡ ᠬᠠᠩᠰᠢ ᠨᠢ | ᠶᠡᠷᠦᠩᠭᠡᠢ ᠳᠤ ᠪᠠᠨ ᠪᠦᠬᠦ ᠬᠤᠰᠢᠭᠤᠨ ᠤ ᠬᠡᠪᠴᠢᠶᠡᠨ ᠳᠠᠬᠢ ᠡᠪᠡᠰᠦᠨ ᠤ ᠦᠨ᠎ᠡ ᠶᠢ ᠲᠤᠭᠳᠠᠪᠣᠷᠢᠵᠢᠭᠤᠯᠵᠥ᠂ ᠥᠨ᠎ᠠ | ᠬᠠᠨᠭ᠍ᠰᠢ ᠶᠢᠨ ᠲᠤᠭᠲᠠᠭᠤᠨ ᠪᠠᠶᠢᠲᠠᠯ ᠪᠠ ᠡᠮᠬᠢ ᠲᠢᠭᠯᠢᠮ ᠢ ᠪᠠᠲᠤᠯᠠᠲᠠᠭ ᠪᠤᠯᠬᠤᠷ ᠮᠠᠯᠵᠢᠬᠤ ᠡᠷᠥᠭᠡ ᠳᠤ ᠲᠤᠩ ᠶᠡᠭᠡ | ᠠᠰᠢᠭ ᠬᠥᠷᠲᠡᠭᠡᠵᠥ ᠪᠠᠶᠢᠨ᠎ᠠ᠃ | ︽ᠡᠪᠡᠰᠦ ᠲᠠᠢ ᠪᠣᠯ ᠮᠠᠯ ᠲᠠᠢ᠂ ᠮᠠᠯ ᠲᠠᠢ ᠪᠣᠯ ᠮᠦᠩᠭᠦ ᠲᠠᠢ︾ ᠬᠡᠳᠡᠭᠴᠢᠯᠡᠨ᠂ ᠲᠣᠰ ᠬᠤᠰᠢᠭᠤᠨ ᠤ | ᠡᠪᠡᠰᠦᠨ ᠤ ᠦᠢᠯᠡᠰ ᠤᠨ ᠵᠠᠬ᠎ᠠ ᠳᠡᠯᠬᠡᠭᠦᠷ ᠤᠨ ᠦᠢᠯᠡᠴᠢᠯᠡᠬᠡᠨ ᠤ ᠲᠥᠪ ᠨᠢ ᠪᠥᠬᠦ ᠬᠤᠰᠢᠭᠤᠨ ᠤ ᠭᠠᠮᠰᠢᠭ ᠢ | ᠲᠤᠭᠤᠯᠬᠤ ᠬᠡᠯᠪᠡᠷᠢ ᠶᠢᠨ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠥᠴᠥᠲᠡᠢ | ᠪᠠᠲᠤᠯᠠᠭ᠎ᠠ ᠪᠤᠯᠵᠥ ᠪᠠᠶᠢᠨ᠎ᠠ᠃ |