︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ ᠪᠦᠭᠦ ᠬᠤᠰᠢᠭᠤᠨ | ᠤ ᠤᠰᠤᠨ ᠠᠰᠢᠭᠯᠠᠯᠲᠠ ᠶᠢᠨ ᠬᠠᠮᠢᠶᠠᠷᠤᠯᠲᠠ᠂ ᠬᠥᠭᠵᠢᠯᠲᠡ ᠬᠢᠭᠡᠳ ᠥᠭᠡᠷᠡᠴᠢᠯᠡᠯᠲᠡ ᠶᠢᠨ ᠲᠠᠯ᠎ᠠ ᠪᠠᠷ ᠰᠢᠨ᠎ᠡ | ᠠᠬᠢᠴᠠ ᠲᠠᠢ ᠪᠣᠯᠵᠤ᠂ ᠡᠯ᠎ᠡ ᠲᠥᠷᠥᠯ ᠤᠨ ᠪᠦᠲᠦᠭᠡᠨ ᠪᠠᠶᠢᠭᠤᠯᠣᠯᠳᠠ ᠳᠤ ᠨᠡᠶᠢᠳᠡ 9159.21 ᠲᠦᠮᠡᠨ | ᠲᠦᠭᠦᠷᠢᠭ ᠤᠨ ᠪᠡᠯᠡ ᠣᠷᠣᠭᠤᠯᠵᠦ᠂ ᠲᠣᠬᠳᠠᠬᠰᠠᠨ ᠡᠭᠦᠷᠭᠡ ᠬᠠᠷᠠᠯᠲᠠ ᠪᠠᠨ ᠠᠮᠵᠢᠯᠳᠠ ᠲᠠᠢ ᠪᠡᠶᠡᠯᠡᠭᠦᠯᠵᠥ᠂ | ᠠᠷᠠᠳ ᠲᠦᠮᠡᠨ ᠳᠤ ᠪᠣᠳᠠᠳᠣ ᠠᠰᠢᠭ ᠭᠦᠷᠳᠡᠭᠡᠭᠰᠡᠨ ᠪᠠᠶᠢᠨ᠎ᠠ᠃ | ᠪᠣᠭᠳᠠ ᠶᠢᠨ ᠭᠤᠣᠯ ᠰᠤᠮᠤᠨ ᠤ ᠪᠣᠷᠣ ᠳᠠᠪᠤᠰᠤ ᠭᠠᠴᠠᠭᠠᠨ ᠤ ︽ᠡᠬᠡ ᠶᠢᠨ ᠬᠠᠶᠢᠷ᠎ᠠ︾ ᠲᠦᠪᠯᠡᠷᠡᠭᠦᠯᠥᠨ | ᠤᠰᠤ ᠬᠠᠩᠭᠠᠬᠤ ᠢᠨᠵᠧᠨᠧᠷᠢᠩ ᠢ 2020 ᠣᠨ ᠤ 7 ᠰᠠᠷ᠎ᠠ ᠳᠤ ᠡᠭᠢᠯᠡᠨ ᠪᠦᠲᠦᠭᠡᠨ ᠪᠠᠢᠭᠤᠯᠵᠤ᠂ 8 ᠰᠠᠷ᠎ᠠ ᠳᠤ | ᠪᠠᠶᠢᠭᠤᠯᠵᠤ ᠳᠠᠭᠤᠰᠬᠠᠪᠠ᠃ ᠲᠣᠰ ᠢᠨᠵᠧᠨᠧᠷᠢᠩ ᠤᠨ ᠤᠰᠤ ᠳᠠᠮᠵᠢᠭᠤᠯᠬᠤ ᠬᠤᠭᠤᠯᠠᠢ ᠶᠢᠨ ᠤᠷᠲᠤ ᠨᠢ | 1854m᠂ ᠴᠠᠬᠢᠯᠭᠠᠨ ᠣᠳᠠᠰᠣᠨ ᠤ ᠣᠷᠳᠣ ᠨᠢ 0.952km ᠪᠠᠶᠢᠵᠦ᠂ ᠤᠰᠤ ᠭᠠᠳᠠᠬᠰᠢᠯᠠᠭᠤᠯᠬᠤ ᠬᠤᠳᠳᠤᠭ | 1 ᠰᠠᠭᠤᠷᠢ᠂ ᠨᠡᠭᠡᠯᠡᠭᠡᠶᠢᠳᠦ ᠬᠤᠳᠳᠤᠭ 1 ᠰᠠᠭᠤᠷᠢ᠂ ᠠᠷᠢᠭᠤᠳᠬᠠᠬᠤ ᠲᠥᠬᠦᠭᠡᠷᠦᠮᠵᠢ 1 ᠢᠵᠢ᠂ ᠹᠯᠣᠷ | ᠴᠡᠪᠡᠷᠰᠢᠭᠦᠯᠬᠦ ᠲᠥᠬᠦᠭᠡᠷᠦᠮᠵᠢ 11 ᠢᠵᠢ ᠣᠬᠰᠠᠷᠠᠵᠦ᠂ ᠨᠡᠶᠢᠲᠡ 35.23 ᠲᠦᠮᠡᠨ ᠲᠦᠭᠦᠷᠢᠭ ᠤᠨ ᠪᠡᠯᠡ | ᠮᠦᠡᠭᠭᠦ ᠵᠠᠷᠣᠴᠠᠭᠤᠯᠣᠨ᠂ 11 ᠡᠷᠦᠬᠡ ᠶᠢᠨ 47 ᠬᠦᠮᠦᠨ ᠪᠠ 3003 ᠮᠠᠯ ᠤᠨ ᠤᠤᠭᠤᠬᠤ ᠤᠰᠤᠨ ᠤ | ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠬᠤᠰᠢᠭᠤᠨ ᠤ | ᠤᠰᠤᠨ ᠠᠰᠢᠭᠯᠠᠯᠲᠠ ᠶᠢᠨ ᠲᠣᠪᠴᠢᠶ᠎ᠠ ᠨᠢ ᠦᠶᠡᠷ ᠢ ᠰᠡᠷᠭᠡᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠲᠥᠷᠥᠯ | ᠵᠦᠢᠯ ᠳᠤ 300 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠭᠢᠵᠦ᠂ ᠭᠤᠷᠪᠠᠨ ᠰᠤᠮᠤ ᠪᠠᠯᠭᠠᠰᠤᠨ ᠳᠤ ᠭᠠᠩ | ᠬᠠᠭᠰᠠᠷᠭᠠᠨ ᠲᠠᠢ ᠲᠡᠮᠡᠴᠡᠬᠦ ᠭᠦᠨ ᠲᠠᠪᠬᠤᠷᠭ᠎ᠠ ᠶᠢᠨ ᠮᠠᠰᠢᠨ ᠬᠤᠳᠳᠤᠭ 18᠂ ᠵᠢᠵᠢᠭ ᠮᠠᠰᠢᠨ ᠬᠤᠳᠳᠤᠭ 58 ᠶᠢ | ᠮᠠᠯᠳᠠᠵᠦ᠂ ᠦᠶᠡᠷ ᠤᠨ ᠭᠠᠮᠰᠢᠭ ᠢ ᠰᠡᠷᠭᠡᠢᠯᠡᠨ ᠵᠠᠰᠠᠬᠤ ᠲᠥᠷᠥᠯ ᠵᠦᠢᠯ ᠳᠤ163.36 ᠲᠦᠮᠡᠨ ᠲᠥᠭᠦᠷᠢᠭ ᠤᠨ | ᠪᠡᠯᠡ ᠣᠷᠣᠭᠤᠯᠵᠠᠢ᠃ | ᠬᠤᠰᠢᠭᠤ ᠣᠰᠣᠨ ᠤ ᠶᠠᠪᠣᠳᠠᠯ ᠤᠨ ᠲᠣᠪᠴᠢᠶᠠᠨ ᠤ ᠤᠰᠤᠨ ᠤ ᠶᠠᠪᠤᠳᠠᠯ ᠣᠰᠣᠨ ᠤ ᠡᠬᠢ ᠪᠠᠶᠠᠯᠢᠭ ᠭᠤᠣᠯ | ᠨᠠᠭᠤᠷ ᠤᠨ ᠬᠠᠮᠢᠶᠠᠷᠤᠯᠲᠠ ᠶᠢᠨ ᠲᠠᠰᠤᠭ ᠤᠨ ᠳᠠᠷᠤᠭ᠎ᠠ ᠶᠠᠩ ᠶᠦᠩ ᠫᠢᠩ᠄ ︽ᠠᠷᠪᠠᠨ ᠭᠤᠷᠪᠠᠳᠤᠭᠠᠷ ᠲᠠᠪᠤᠨ ᠵᠢᠯ | ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ ᠮᠠᠨ ᠤ ᠬᠤᠰᠢᠭᠤᠨ ᠤ ᠣᠣᠭᠤᠬᠤ ᠤᠰᠤᠨ ᠤ ᠠᠮᠤᠷ | ᠲᠦᠪᠰᠢᠨ ᠢᠨᠵᠧᠨᠧᠷᠢᠩ ᠳᠤ ᠨᠡᠶᠢᠳᠡ 4300 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ 439 | ᠣᠰᠣᠨ ᠰᠣᠷᠪᠣᠯᠵᠢ ᠶᠢᠨ ᠬᠤᠳᠳᠤᠭ ᠮᠠᠯᠳᠠᠵᠦ᠂ 19 ᠭᠠᠵᠠᠷ ᠲᠦᠭᠡᠭᠡᠯ ᠣᠰᠣ ᠨᠡᠪᠳᠡᠷᠡᠭᠦᠯᠦᠨ᠂ 2700 ᠭᠠᠷᠤᠢ | ᠢᠵᠢ ᠵᠢᠵᠢᠭ ᠬᠡᠯᠪᠡᠷᠢ ᠶᠢᠨ ᠭᠡᠷ ᠤᠨ ᠤᠰᠤ ᠴᠡᠪᠡᠷᠰᠢᠭᠦᠯᠬᠦ ᠲᠥᠬᠦᠭᠡᠷᠦᠮᠵᠢ ᠶᠢ ᠣᠬᠰᠠᠷᠠᠨ᠂ ᠮᠠᠯᠵᠢᠬᠤ ᠣᠷᠣᠨ ᠤ | ᠲᠠᠪᠤᠨ ᠮᠢᠩᠭ᠎ᠠ ᠭᠠᠷᠤᠢ ᠬᠥᠮᠦᠨ᠂ 10 ᠲᠦᠮᠡᠨ ᠮᠠᠯ ᠤᠨ ᠣᠣᠭᠤᠬᠤ ᠣᠰᠣᠨ ᠤ ᠠᠰᠠᠭᠤᠳᠠᠯ ᠢ ᠰᠢᠢᠳᠪᠦᠷᠢᠯᠡᠵᠡᠢ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠮᠠᠨ ᠤ | ᠬᠤᠰᠢᠭᠤ ᠤᠰᠤᠨ ᠠᠰᠢᠭᠯᠠᠯᠲᠠ ᠪᠠᠷ ᠶᠠᠳᠠᠭᠤ ᠶᠢ ᠲᠡᠳᠬᠦᠬᠦ ᠣᠣᠭᠤᠬᠤ ᠤᠰᠤᠨ ᠤ ᠲᠥᠷᠥᠯ ᠵᠦᠢᠯ ᠳᠤ 117 | ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ | ᠢᠨᠵᠧᠨᠧᠷᠢᠩ ᠤᠨ ᠤᠰᠤᠨ ᠠᠰᠢᠭᠯᠠᠯᠲᠠ ᠶᠢᠨ ᠲᠥᠷᠥᠯ ᠵᠦᠢᠯ ᠨᠡᠢᠲᠡ 2061 ᠲᠦᠮᠡᠨ ᠲᠥᠭᠦᠷᠢᠭ ᠤᠨ ᠪᠡᠯᠡ | ᠣᠷᠣᠭᠤᠯᠵᠤ᠂ 33 ᠬᠠᠪᠳᠠᠭᠠᠢ ᠳᠥᠷᠪᠡᠯᠵᠢᠨ ᠺᠢᠯᠣᠮᠧᠲᠷ ᠤᠨ ᠵᠢᠵᠢᠭ ᠤᠷᠤᠰᠬᠠᠯ ᠤᠨ ᠣᠷᠣᠨ ᠢ ᠵᠠᠰᠠᠵᠤ᠂ 320 | ᠭᠠᠵᠠᠷ ᠲᠤ ᠤᠰᠤᠨ ᠰᠤᠷᠪᠤᠯᠵᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠣᠯᠳᠠ ᠭᠢᠵᠦ᠂ 15 ᠭᠠᠵᠠᠷ ᠲᠤ | ᠤᠰᠤ ᠠᠷᠪᠢᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠣᠯᠳᠠ ᠬᠢᠪᠡ᠃ | ᠬᠤᠰᠢᠭᠤ ᠤᠰᠤᠨ ᠠᠰᠢᠭᠯᠠᠯᠲᠠ ᠶᠢᠨ ᠲᠣᠪᠴᠢᠶᠠᠨ ᠤ ᠲᠥᠷᠥᠯ ᠵᠦᠢᠯ ᠤᠨ ᠠᠯᠪᠠᠨ ᠭᠡᠷ ᠤᠨ ᠡᠷᠬᠢᠯᠡᠭᠴᠢ | ᠵᠧᠦ ᠰᠢᠦᠸᠠᠢ ᠹᠧᠩ᠄ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ | ᠪᠡᠭᠡᠵᠢᠩ ᠲᠢᠶᠠᠨᠵᠢᠨ ᠤᠨ ᠰᠠᠯᠬᠢ ᠡᠯᠡᠰᠦᠨ ᠤ ᠡᠬᠢ ᠶᠢᠨ ᠤᠰᠤᠨ ᠠᠰᠢᠭᠯᠠᠯᠲᠠ ᠶᠢᠨ ᠪᠦᠲᠦᠭᠡᠨ ᠪᠠᠢᠭᠤᠯᠤᠯᠲᠠ ᠶᠢᠨ | ᠲᠥᠷᠥᠯ ᠵᠦᠢᠯ᠂ ᠭᠤᠣᠯᠳᠠᠯᠭ᠎ᠠ ᠲᠠᠢ ᠵᠢᠵᠢᠭ ᠰᠠᠪᠠ ᠭᠠᠵᠠᠷ ᠤᠨ ᠬᠥᠷᠥᠰᠥ ᠰᠢᠷᠣᠢ ᠶᠢᠨ ᠬᠠᠮᠠᠭᠠᠯᠠᠯᠲᠠ ᠶᠢ | ᠶᠡᠷᠦᠩᠬᠡᠢᠯᠡᠨ ᠵᠠᠰᠠᠬᠤ ᠢᠨᠵᠧᠨᠧᠷᠢᠩ᠂ ᠲᠠᠷᠢᠶᠠᠯᠠᠩ ᠤᠨ ᠨᠡᠭᠡᠭᠡᠯᠲᠡ ᠶᠢᠨ ᠪᠡᠯᠡ ᠮᠥᠩᠭᠦ ᠶᠢ ᠨᠡᠶᠢᠯᠡᠬᠦᠯᠬᠦ ᠲᠥᠷᠥᠯ | ᠵᠦᠢᠯ ᠢᠶᠠᠷ ᠳᠠᠮᠵᠢᠵᠤ᠂ ᠬᠥᠷᠥᠰᠥ ᠰᠢᠷᠣᠢ ᠶᠢᠨ ᠢᠳᠡᠭᠳᠡᠯ ᠢ 25.8 ᠬᠠᠪᠳᠠᠭᠠᠢ ᠲᠦᠷᠪᠡᠯᠵᠢᠨ ᠺᠢᠯᠣᠮᠧᠲᠷ ᠵᠠᠰᠠᠵᠦ᠂ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠤᠰᠤᠨ ᠤ ᠠᠮᠢ ᠠᠬᠤᠢ ᠶᠢᠨ | ᠣᠷᠴᠢᠨ ᠲᠣᠭᠤᠷᠢᠨ ᠤ ᠪᠠᠲᠤᠯᠠᠭ᠎ᠠ ᠶᠢᠨ ᠴᠢᠳᠠᠪᠤᠷᠢ ᠶᠢᠨ ᠪᠦᠲᠦᠭᠡᠨ ᠪᠠᠢᠭᠤᠯᠤᠯᠲᠠ ᠶᠢ ᠴᠢᠩᠭᠠᠳᠬᠠᠬᠤ ᠶᠢᠨ | ᠲᠥᠯᠥᠭᠡ᠂ ᠵᠢᠯ ᠪᠦᠷᠢ ᠵᠢᠵᠢᠭ ᠰᠠᠪᠠ ᠭᠠᠵᠠᠷ ᠤᠨ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠲᠠᠯᠠᠪᠠᠢ ᠶᠢ 20 | ᠬᠠᠪᠳᠠᠭᠠᠢ ᠲᠦᠷᠪᠡᠯᠵᠢᠨ ᠺᠢᠯᠣᠮᠧᠲᠷ ᠨᠡᠮᠡᠭᠳᠡᠭᠦᠯᠵᠦ᠂ ᠪᠡᠭᠡᠵᠢᠩ ᠲᠢᠶᠠᠨᠵᠢᠨ ᠤᠨ ᠰᠠᠯᠬᠢ ᠡᠯᠡᠰᠦᠨ ᠤ ᠡᠬᠢ ᠶᠢ ᠵᠠᠰᠠᠬᠤ | ᠵᠢᠵᠢᠭ ᠰᠠᠪᠠ ᠭᠠᠵᠠᠷ ᠤᠨ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠲᠠᠯᠠᠪᠠᠢ ᠶᠢ ᠵᠢᠯ ᠪᠦᠷᠢ15 ᠬᠠᠪᠳᠠᠭᠠᠢ | ᠲᠦᠷᠪᠡᠯᠵᠢᠨ ᠺᠢᠯᠣᠮᠧᠲᠷ ᠨᠡᠮᠡᠭᠳᠡᠭᠦᠯᠵᠦ᠂ 120 ᠬᠤᠳᠳᠤᠭ ᠢ ᠰᠢᠨ᠎ᠡ ᠪᠠᠷ ᠪᠠᠶᠢᠭᠤᠯᠬᠤ ᠪᠠᠷ ᠲᠦᠯᠦᠪᠯᠡᠵᠦ ᠪᠠᠶᠢᠨ᠎ᠠ | ᠃ | |