ᠬᠦᠪᠡᠭᠡᠲᠦ ᠰᠢᠷ᠎ᠠ ᠬᠤᠰᠢᠭᠤ ᠪᠦᠳᠦᠮᠵᠢᠲᠠᠢ ᠠᠷᠭ᠎ᠠ ᠠᠪᠴᠠᠯ ᠢᠶᠠᠷ ᠪᠦᠬᠦ ᠬᠤᠰᠢᠭᠤᠨ ᠤ 23 ᠲᠦᠮᠡᠨ ᠮᠠᠯ  ᠤᠨ ᠡᠪᠦᠯ ᠤᠨ ᠮᠡᠨᠳᠦ ᠤᠨᠳᠤᠷᠤᠯᠳᠠ ᠶᠢ ᠪᠠᠲᠤᠯᠠᠵᠤ ᠪᠠᠶᠢᠭ᠎ᠠ
ᠨᠡᠶᠢᠲᠡᠯᠡᠭᠰᠡᠨ ᠴᠠᠭ᠄
2021/2/3
                            ᠪᠠ᠊ ᠤᠷᠢᠬᠠᠨ   ᠰᠢᠨᠵᠢᠯᠲᠦ ᠮᠡᠳᠡᠭᠡᠯᠡᠪᠡ                     ᠡᠨᠡ ᠡᠪᠦᠯ ᠤᠨ ᠬᠠᠬᠢᠷ ᠬᠦᠢᠳᠡᠨ᠂ ᠴᠠᠰᠤ ᠶᠡᠬᠡᠲᠠᠢ ᠪᠠᠶᠢᠳᠠᠯ ᠳᠤ ᠴᠢᠭᠯᠡᠬᠦᠯᠦᠨ᠂ ᠮᠠᠨ ᠤ ᠬᠤᠰᠢᠭᠤ ᠨᠢ ᠤᠷᠢᠳᠴᠢᠯᠠᠨ ᠪᠦᠳᠦᠮᠵᠢᠲᠠᠢ ᠠᠷᠭ᠎ᠠ ᠬᠡᠮᠵᠢᠶ᠎ᠡ ᠠᠪᠴᠤ᠂ ᠪᠦᠬᠦ ᠬᠤᠰᠢᠭᠤᠨ ᠤ 23 ᠲᠦᠮᠡᠨ ᠮᠠᠯ ᠤᠨ ᠮᠡᠨᠳᠦ ᠤᠨᠳᠤᠷᠤᠯᠳᠠ ᠶᠢ ᠪᠠᠲᠤᠯᠠᠵᠤ ᠪᠠᠶᠢᠨ᠎ᠠ᠃       ᠪᠤᠭᠳᠠ ᠶᠢᠨ ᠭᠤᠤᠯ ᠰᠤᠮᠤᠨ ᠤ ᠴᠠᠭᠠᠨ ᠲᠡᠷᠡᠰᠦ ᠭᠠᠴᠠᠭᠠᠨ ᠳᠤ ᠬᠦᠷᠬᠦ ᠳᠤ᠂ ᠮᠠᠯᠴᠢᠨ ᠦᠨᠢᠷᠴᠡᠴᠡᠭ ᠤᠨ  ᠬᠢᠨ ᠶᠠᠭ  ᠦᠭᠡᠷ ᠬᠤᠨᠢ ᠪᠠᠨ ᠬᠤᠳᠠᠯᠠᠵᠤ᠂ ᠲᠡᠵᠢᠭᠡᠯ ᠪᠤᠷᠳᠤᠭ᠎ᠠ ᠦᠭᠴᠦ ᠶᠠᠭᠠᠷᠠᠨ᠎ᠠ᠃ ᠦᠨᠢᠷᠴᠡᠴᠡᠭ ᠤᠨ ᠬᠢᠨ  ᠪᠤᠯ᠂ ᠮᠠᠨ ᠤ ᠬᠤᠰᠢᠭᠤᠨ ᠤ ᠨᠠᠮ ᠤᠨ ᠬᠡᠰᠢᠬᠦᠨ ᠭᠤᠤᠯᠳᠠᠯᠭᠠᠲᠤ ᠡᠷᠦᠬᠡ ᠪᠦᠭᠡᠳ ᠭᠡᠪᠴᠢᠶᠡᠵᠢᠭᠰᠡᠨ ᠴᠠᠬᠠᠷ ᠬᠤᠨᠢ ᠲᠡᠵᠢᠬᠡᠨ ᠦᠷᠡᠵᠢᠬᠦᠯᠬᠦ ᠡᠷᠦᠬᠡ ᠪᠠᠶᠢᠵᠤ᠂ ᠤᠳᠤᠬᠠᠨ ᠳᠤ᠂ 3800 ᠭᠠᠷᠤᠢ ᠮᠤ᠋ ᠨᠤᠳᠤᠭ ᠪᠡᠯᠴᠢᠭᠡᠷ ᠲᠡᠭᠡᠷ᠎ᠡ ᠪᠠᠨ᠂ ᠬᠤᠶᠠᠷ ᠵᠠᠭᠤ ᠲᠠᠪᠢᠭᠠᠳ ᠴᠠᠬᠠᠷ ᠬᠤᠨᠢ᠂ ᠲᠦᠴᠢᠨ ᠦᠭᠡᠷ ᠮᠠᠯᠵᠢᠵᠤ  ᠪᠠᠶᠢᠨ᠎ᠠ᠃ ᠤᠶᠢᠯᠭᠠᠭᠰᠠᠨ ᠢᠶᠠᠷ᠄ ᠡᠨᠡ ᠵᠢᠯ  ᠤᠨ ᠡᠪᠦᠯ᠂ ᠤᠶᠢᠷ᠎ᠠ ᠶᠢᠨ ᠬᠡᠳᠦᠨ ᠵᠢᠯ ᠳᠤ ᠲᠤᠬᠢᠶᠠᠯᠳᠤᠭ᠎ᠠ ᠦᠭᠡᠢ ᠬᠠᠬᠢᠷ ᠬᠦᠢᠳᠡᠨ᠂ ᠴᠠᠰᠤ ᠲᠠᠢ ᠡᠪᠦᠯ ᠲᠤᠬᠢᠶᠠᠯᠳᠤᠭᠰᠠᠨ ᠠᠴᠠ᠂ ᠦᠨᠢᠷᠴᠡᠴᠡᠭ ᠤᠨ ᠬᠢᠨ ᠡᠪᠦᠯ ᠤᠨ ᠤᠯᠠᠷᠢᠯ ᠳᠤ ᠬᠡᠷᠡᠭᠰᠡᠬᠦ ᠮᠠᠯ ᠤᠨ ᠡᠪᠡᠰᠦ ᠪᠤᠷᠳᠤᠭᠠᠨ  ᠤ ᠨᠦᠬᠡᠴᠡ ᠨᠢ ᠡᠩ ᠤᠨ ᠵᠢᠯ ᠠᠴᠠ ᠲᠠᠬᠢᠨ ᠨᠡᠮᠡᠭᠳᠡᠭᠰᠡᠨ ᠪᠠᠶᠢᠨ᠎ᠠ᠃ ᠡᠳᠡᠨᠠᠶᠢᠬᠢᠨ᠂ ᠬᠤᠰᠢᠭᠤᠨ ᠤ《 ᠮᠠᠯ ᠢᠶᠠᠨ ᠡᠷᠳᠡ ᠭᠠᠷᠭᠠᠬᠤ᠂ ᠲᠦᠷᠭᠡᠨ ᠭᠠᠷᠭᠠᠬᠤ》ᠣᠷᠢᠶᠠᠯᠭ᠎ᠠ ᠶᠢ ᠳᠠᠭᠠᠵᠦ᠂ ᠨᠢᠭᠡ ᠪᠦᠯᠦᠭ ᠮᠠᠯ ᠢᠶᠠᠨ ᠡᠷᠳᠡ ᠵᠠᠷᠣᠵᠦ᠂ ᠡᠪᠦᠯᠵᠢᠭᠦ ᠮᠠᠯ ᠳᠠᠭᠠᠨ ᠲᠠᠯᠠᠭᠠᠳ ᠲᠤᠨ ᠡᠪᠡᠰᠦ ᠪᠤᠷᠳᠤᠭ᠎ᠠ ᠨᠦᠭᠡᠴᠡᠯᠡᠵᠡᠢ᠃       ᠮᠠᠯᠴᠢᠨ ᠦᠨᠢᠷᠴᠡᠴᠡᠭ᠄ ᠡᠨᠡ ᠡᠪᠦᠯ ᠭᠦᠢᠲᠡᠨ ᠲᠡᠭᠡᠷ᠎ᠡ ᠠᠴᠠ ᠪᠠᠨ ᠴᠠᠰᠤ ᠶᠡᠭᠡᠲᠠᠢ᠂ ᠬᠤᠨᠢ ᠮᠠᠯ ᠪᠡᠯᠴᠢᠭᠡᠷ  ᠲᠤ ᠭᠠᠷᠴᠤ ᠴᠢᠳᠠᠬᠤ ᠦᠭᠡᠢ ᠪᠦᠷ ᠬᠤᠷᠢᠵᠤ ᠲᠡᠵᠢᠭᠡᠭᠰᠡᠨ ᠠᠴᠠ ᠡᠪᠡᠰᠦ ᠪᠣᠷᠳᠤᠭ᠎ᠠ ᠬᠡᠷᠡᠭᠯᠡᠬᠦ ᠬᠡᠮᠵᠢᠶ᠎ᠡ ᠶᠡᠭᠡ ᠪᠤᠯᠤᠭᠰᠠᠨ ᠮᠠᠨ ᠤ ᠬᠢ ᠭᠠᠳᠠᠨ᠎ᠠ ᠠᠴᠠ 20 ᠲᠤᠨ  ᠡᠪᠡᠰᠦ ᠤᠷᠤᠭᠤᠯᠤᠨ ᠵᠠᠰᠠᠭ ᠠᠴᠠ ᠬᠠᠷᠢᠴᠠᠵᠤ ᠦᠭᠭᠦᠭᠰᠡᠨ ᠬᠦᠮᠦᠷᠭᠡᠨ ᠤ ᠡᠪᠡᠰᠦᠨ ᠠᠴᠠ 40 ᠲᠤᠨ ᠬᠤᠳᠠᠯᠳᠤᠵᠤ ᠠᠪᠤᠭᠰᠠᠨ ᠡᠨᠡ ᠨᠢ ᠵᠠᠬ᠎ᠠ ᠶᠢᠨ ᠦᠨ᠎ᠡ ᠠᠴᠠ ᠲᠤᠤᠷ᠎ᠠ  ᠤᠳᠤᠬᠠᠨ ᠳᠤ ᠬᠤᠷᠢ ᠭᠤᠴᠢᠭᠠᠳ ᠦᠨᠢᠶ᠎ᠡ ᠲᠤᠭᠤᠯᠯᠠᠭᠠᠳ ᠪᠠᠶᠢᠨ᠎ᠠ ᠴᠠᠭᠠᠨ ᠰᠠᠷ᠎ᠠ ᠶᠢᠨ ᠦᠶ᠎ᠡ ᠳᠤ  ᠬᠤᠨᠢ ᠡᠬᠢᠯᠡᠬᠡᠳ ᠲᠦᠯᠯᠡᠨ᠎ᠡ ᠤᠳᠤᠬᠠᠨ ᠳᠤ  ᠮᠠᠨ ᠤ  ᠬᠤᠨᠢ ᠦᠬᠡᠷ ᠮᠡᠨᠳᠦ ᠤᠨᠳᠤᠷᠤᠯᠳᠠ ᠪᠠᠨ ᠪᠠᠲᠤᠯᠠᠭᠠᠳ ᠪᠠᠶᠢᠨ᠎ᠠ᠃       ᠤᠶᠢᠷ᠎ᠠ ᠳᠤ᠂ ᠪᠦᠬᠦ ᠬᠤᠰᠢᠭᠤᠨ ᠤ ᠮᠠᠯᠴᠢᠳ ᠤᠨ ᠮᠠᠯ ᠤᠨ ᠡᠪᠡᠰᠦ ᠪᠤᠷᠳᠤᠭ᠎ᠠ ᠲᠤᠳᠠᠭᠳᠠᠵᠤ ᠪᠠᠶᠢᠭ᠎ᠠ ᠠᠰᠠᠭᠤᠳᠠᠯ   ᠢ ᠦᠨᠡᠨᠬᠦ ᠰᠢᠢᠳᠪᠦᠷᠢᠯᠡᠭᠦ ᠡᠭᠦᠳᠡᠨ ᠠᠴᠠ᠂ ᠮᠠᠨ ᠤ ᠬᠤᠰᠢᠭᠤ ᠨᠢ ᠡᠪᠡᠰᠦᠨ ᠬᠦᠮᠦᠷᠭᠡ ᠪᠠᠨ ᠨᠡᠭᠡᠭᠡᠵᠦ᠂ ᠤᠬᠤᠷᠬᠠᠨ ᠨᠢᠭᠡ  ᠭᠠᠷᠠᠭ ᠤᠨ ᠬᠤᠭᠤᠴᠠᠭᠠᠨ ᠳᠤ ᠮᠠᠯᠴᠢᠳ ᠲᠤ᠂ ᠵᠠᠬ᠎ᠠ  ᠳᠡᠯᠭᠡᠭᠦᠷ   ᠤᠨ ᠬᠠᠨᠭ᠍ᠰᠢ ᠠᠴᠠ ᠲᠣᠣᠷ᠎ᠠ ᠦᠨ᠎ᠡ ᠪᠠᠷ᠂ 4000 ᠭᠠᠷᠤᠢ ᠲᠦᠮᠡᠨ ᠵᠢᠩ ᠤᠨ ᠡᠪᠡᠰᠦ ᠬᠠᠨᠭ᠍ᠭᠠᠬᠰᠠᠨ ᠤ ᠬᠠᠮᠳᠣ ᠬᠠᠮᠢᠶᠠᠲᠠᠢ ᠰᠠᠯᠠᠭ᠎ᠠ ᠮᠦᠴᠢᠷ  ᠤᠨ ᠬᠢᠨ ᠨᠢᠭᠳᠠ ᠬᠠᠮᠵᠢᠯᠴᠠᠨ᠂ ᠮᠠᠯᠴᠢᠳ   ᠤᠨ ᠡᠪᠡᠰᠦ ᠲᠡᠭᠡᠭᠡᠪᠦᠷᠢᠯᠡᠬᠦ ᠵᠠᠮ ᠢ ᠰᠠᠭᠠᠳ ᠦᠭᠡᠢ ᠨᠡᠪᠳᠡᠷᠡᠭᠦᠯᠵᠦ ᠦᠭᠭᠦᠭᠰᠡᠨ ᠢᠶᠠᠷ ᠮᠠᠯᠴᠢᠳ ᠤᠨ ᠲᠠᠷᠤᠭᠠᠰᠤ ᠶᠢ ᠶᠡᠬᠡᠬᠡᠨ ᠬᠦᠩᠭᠡᠯᠡᠵᠦ᠂ ᠮᠠᠯᠴᠢᠳ ᠤᠨ ᠮᠠᠯ ᠢᠶᠠᠨ ᠮᠡᠨᠳᠦ ᠣᠨᠳᠣᠷᠣᠭᠤᠯᠬᠤ ᠳᠤ ᠪᠠᠲᠤᠯᠠᠭ᠎ᠠ ᠬᠠᠨᠭ᠍ᠭᠠᠵᠠᠢ᠃       2020 ᠤᠨ ᠳᠤ᠂ ᠮᠠᠨ ᠤ ᠬᠤᠰᠢᠭᠤ ᠨᠢ 30.04 ᠲᠦᠮᠡᠨ ᠪᠣᠳᠠ ᠪᠤᠭ ᠮᠠᠯ ᠵᠠᠷᠣᠴᠠᠭᠤᠯᠵᠦ᠂ ᠨᠡᠶᠢᠳᠡ 23.68 ᠲᠦᠮᠡᠨ ᠲᠤᠯᠤᠭᠠᠢ ᠮᠠᠯ ᠡᠪᠦᠯᠵᠢᠭᠦᠯᠵᠦ᠂ ᠪᠦᠬᠦ ᠬᠤᠰᠢᠭᠤᠨ ᠤ 60 ᠭᠠᠴᠠᠭ᠎ᠠ ᠨᠡᠶᠢᠳᠡ 5000 ᠲᠦᠮᠡᠨ ᠺᠢᠯᠤᠭ᠍ᠷᠠᠮ ᠡᠪᠡᠰᠦ  ᠪᠤᠷᠳᠤᠭ᠎ᠠ ᠨᠦᠭᠡᠴᠢᠯᠡᠨ᠂  ᠬᠤᠰᠢᠭᠤᠨ ᠤ ᠬᠤᠶᠠᠷ  ᠶᠡᠭᠡ ᠡᠪᠡᠰᠦᠨ ᠬᠦᠮᠦᠷᠭᠡᠨ ᠳᠡᠭᠡᠨ ᠨᠡᠶᠢᠳᠡ 610 ᠲᠦᠮᠡᠨ  ᠺᠢᠯᠤᠭ᠍ᠷᠠᠮ ᠡᠪᠡᠰᠦ ᠨᠦᠭᠡᠴᠡᠯᠡᠭᠰᠡᠨ‌‍ᠪᠠᠶᠢᠨ᠎ᠠ᠃       ᠬᠦᠪᠡᠭᠡᠲᠦ ᠰᠢᠷ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠤᠪᠴᠢᠶᠠᠨ ᠤ ᠬᠠᠷᠢᠭᠤᠴᠠᠯᠭᠠᠳᠠᠨ ᠬᠠᠰᠡᠷᠳᠡᠨᠢ᠄ ᠮᠠᠨ ᠤ ᠤ ᠬᠤᠰᠢᠭᠤ ᠨᠢ ᠡᠪᠦᠯ ᠤᠨ ᠮᠠᠯ ᠤᠨ ᠮᠡᠨᠳᠦ ᠤᠨᠳᠤᠷᠤᠯᠳᠠ ᠶᠢ ᠪᠠᠲᠤᠯᠠᠬᠤ ᠡᠭᠦᠳᠡᠨ ᠠᠴᠠ᠂ 2020 ᠤᠨ ᠤ ᠨᠠᠮᠤᠷ ᠠᠴᠠ ᠡᠬᠢᠯᠡᠨ ᠮᠠᠯ ᠤᠨ ᠭᠠᠷᠭᠠᠯᠳᠠ ᠶᠢᠨ ᠠᠵᠢᠯ ᠢ ᠢᠳᠡᠪᠬᠢᠲᠠᠢ ᠦᠷᠨᠢᠬᠦᠯᠵᠦ ᠨᠦᠬᠦᠬᠡ ᠲᠠᠯ᠎ᠠ ᠪᠠᠷ ᠮᠠᠯᠴᠢᠳ ᠤᠨ ᠡᠪᠡᠰᠦ ᠪᠤᠷᠳᠤᠭ᠎ᠠ ᠨᠦᠭᠡᠴᠢᠯᠡᠬᠦ ᠳᠤ ᠨᠢ ᠢᠳᠡᠪᠭᠢᠲᠠᠢ ᠦᠢᠯᠡᠴᠢᠯᠡᠭᠡ ᠬᠠᠩᠭᠠᠨ᠂ ᠮᠠᠯᠴᠢᠳ ᠤᠨ ᠡᠪᠡᠰᠦ ᠪᠤᠷᠳᠤᠭᠠᠨ ᠤ ᠨᠦᠭᠡᠴᠡ ᠶᠢᠨ ᠲᠠᠷᠤᠭᠠᠰᠤ ᠢ ᠬᠦᠩᠭᠡᠯᠡᠵᠦ᠂ ᠡᠪᠦᠯ ᠤᠨ ᠬᠠᠬᠢᠷ ᠬᠦᠢᠳᠡᠨ ᠪᠤᠯᠤᠨ ᠴᠠᠰᠤ ᠶᠡᠭᠡᠲᠠ ᠪᠠᠶᠢᠳᠠᠯ ᠳᠤ ᠴᠢᠭᠯᠡᠬᠦᠯᠦᠨ ᠬᠠᠮᠢᠶ᠎ᠠ ᠪᠦᠬᠦᠢ ᠪᠠᠶᠢᠭᠤᠯᠤᠯᠭ᠎ᠠ ᠨᠢᠭᠡᠴᠡ ᠲᠠᠢ ᠬᠠᠮᠵᠢᠯᠴᠠᠨ ᠴᠢᠨᠠᠷ ᠰᠠᠶᠢᠲᠠᠢ ᠡᠪᠡᠰᠦ ᠬᠠᠷᠢᠯᠴᠠᠨ ᠣᠷᠤᠭᠤᠯᠵᠤ᠂ ᠮᠠᠯᠴᠢᠳ ᠳᠤ ᠡᠪᠦᠯ  ᠤᠨ ᠲᠦᠯ ᠲᠤᠰᠬᠤ ᠠᠵᠢᠯ ᠳᠤ ᠮᠡᠷᠭᠡᠵᠢᠯ ᠤᠨ ᠵᠢᠯᠤᠭᠤᠳᠤᠮᠵᠢ ᠬᠢᠵᠦ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠪᠡᠯᠡᠳᠭᠡᠯ ᠢ ᠴᠠᠭ ᠢᠮᠠᠭᠳᠠ ᠬᠢᠵᠦ᠂  ᠪᠦᠬᠦ ᠬᠤᠰᠢᠭᠤᠨ ᠤ ᠮᠠᠯ ᠤᠨ ᠮᠡᠨᠳᠦ ᠤᠨᠳᠤᠷᠤᠯᠳᠠ ᠶᠢ ᠪᠠᠲᠤᠯᠠᠵᠠᠢ᠃       ᠮᠠᠨ ᠤ ᠬᠤᠰᠢᠭᠤ ᠨᠢ ᠴᠤᠯ ᠮᠠᠯᠵᠢᠬᠤ ᠬᠤᠰᠢᠭᠤ ᠪᠤᠯᠤᠭᠰᠠᠨ ᠤ ᠬᠤᠪᠢ ᠳᠤ᠂《 ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠯᠡᠭᠡᠨ》 ᠤ ᠬᠤᠭᠤᠴᠠᠭᠠᠨ ᠳᠤ᠂ ᠮᠠᠯᠵᠢᠬᠤ ᠦᠢᠯᠡᠳᠪᠦᠷᠢᠯᠡᠯ ᠤᠨ ᠰᠠᠭᠤᠷᠢ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠵᠤ᠂ ᠪᠦᠬᠦ ᠬᠤᠰᠢᠭᠤᠨ ᠤ ᠡᠪᠡᠰᠦ ᠬᠠᠳᠤᠵᠤ ᠬᠤᠷᠢᠶᠠᠬᠤ ᠴᠢᠳᠠᠮᠵᠢ 1800 ᠲᠦᠮᠡᠨ ᠺᠢᠯᠤᠭ᠍ᠷᠠᠮ ᠳᠤ ᠬᠦᠷᠴᠦ᠂ ᠦᠨᠳᠦᠷ ᠤᠨᠠᠯᠳᠠᠲᠤ ᠪᠤᠷᠳᠤᠭᠠᠨ ᠰᠠᠭᠤᠷᠢᠨ ᠤ ᠲᠠᠯᠠᠪᠠᠢ 4.1 ᠲᠦᠮᠡᠨ ᠮᠤ᠋ ᠶᠢ ᠪᠠᠲᠤᠯᠠᠵᠤ᠂ ᠡᠷᠳᠡᠨᠢ ᠰᠢᠰᠢ ᠶᠢᠨ ᠤᠨᠠᠯᠳᠠ 4000 ᠺᠢᠯᠤᠭ᠍ᠷᠠᠮ ᠳᠤ ᠬᠦᠷᠴᠦ᠂ ᠤᠷᠲᠤ ᠨᠠᠰᠤᠲᠤ ᠲᠠᠷᠢᠮᠠᠯ  ᠤᠨ ᠲᠠᠯᠠᠪᠠᠢ 0.2 ᠲᠦᠮᠡᠨ ᠮᠤ᠋ ᠶᠢ ᠲᠠᠪᠠᠵᠤ᠂ ᠨᠡᠶᠢᠳᠡ 15.1 ᠲᠦᠮᠡᠨ ᠲᠡᠭᠰᠢ ᠲᠦᠷᠪᠡᠯᠵᠢᠨ ᠮᠧᠲᠷ ᠤᠨ ᠲᠠᠯᠠᠪᠠᠢ  ᠲᠠᠢ ᠫᠧᠩ ᠬᠤᠷᠤᠭ᠎ᠠ ᠪᠤᠯᠤᠨ 3.8 ᠲᠦᠮᠡᠨ ᠲᠡᠭᠰᠢ ᠲᠦᠷᠪᠡᠯᠵᠢᠨ ᠮᠧᠲᠷ ᠤᠨ ᠲᠠᠯᠠᠪᠠᠢ ᠲᠠᠢ ᠡᠪᠡᠰᠦᠨ ᠬᠦᠮᠦᠷᠭᠡ  ᠶᠢ ᠪᠦᠳᠦᠭᠡᠨ ᠪᠠᠶᠢᠭᠤᠯᠵᠠᠢ᠃    
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠷᠠᠳᠢᠤ᠋ ᠲᠧᠯᠸᠢᠰ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号