2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2021/4/6
        — — ᠬᠦᠪᠡᠭᠡᠲᠦ ᠰᠢᠷ᠎ᠠ ᠬᠤᠰᠢᠭᠤᠨ ᠤ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ         ᠲᠦᠯᠦᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠣᠭᠠᠨ ᠳᠡᠭᠡᠷ᠎ᠡ         ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ   ᠬᠤᠪᠢᠰᠬᠠᠯᠲᠤ                       ( 2021 ᠤᠨ ᠤ 3 ᠰᠠᠷ᠎ᠠ ᠶᠢᠨ 30᠎ ᠤ ᠡᠳᠤᠷ)ᠲᠦᠯᠦᠭᠡᠯᠡᠭᠴᠢᠳ ᠡ᠄        ᠣᠳᠣ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ︽ᠬᠦᠪᠡᠭᠡᠲᠦ ᠰᠢᠷ᠎ᠠ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠠᠷᠪᠠᠨ ᠲᠥᠷᠪᠡᠳᠦᠭᠡᠷ ᠲᠠᠪᠤᠨ ᠵᠢᠯ ᠤᠨ ᠲᠥᠯᠦᠪᠵᠢᠬᠦᠯᠭᠡ ᠵᠢᠴᠢ ᠬᠤᠶᠠᠷ ᠮᠢᠩᠭ᠎ᠠ ᠪᠦᠭᠡᠳ ᠭᠤᠴᠢᠨ ᠲᠠᠪᠤᠨ ᠣᠨ ᠤ ᠠᠯᠤᠰ ᠬᠡᠲᠦ ᠶᠢᠨ ᠬᠠᠷᠠᠯᠲᠠ ᠶᠢᠨ ᠬᠦᠳᠦᠯᠪᠦᠷᠢ ︵ᠳᠥᠰᠦᠯ︶︾᠎ ᠲᠠᠢ ᠬᠠᠮᠲᠤ ᠬᠢᠨᠠᠨ ᠵᠦᠪᠯᠡᠬᠦ ᠪᠣᠯᠪᠠᠣ︕ ᠤᠯᠣᠰ ᠲᠦᠷᠥ ᠶᠢᠨ ᠵᠦᠪᠯᠡᠯᠭᠡᠨ ᠤ ᠬᠡᠰᠢᠭᠦᠳ ᠪᠤᠯᠤᠨ ᠬᠤᠷᠠᠯ ᠳᠤ ᠰᠣᠯᠠ ᠣᠷᠣᠯᠴᠠᠭᠰᠠᠨ ᠨᠦᠭᠦᠳ ᠠᠴᠠ ᠰᠠᠨᠠᠯ ᠢᠶᠠᠨ ᠳᠣᠷᠠᠳᠬᠤ ᠶᠢ ᠬᠦᠰᠡᠶ᠎ᠠ︕       ᠨᠢᠭᠡ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭ᠎ᠠ ᠪᠠ 2020 ᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠲᠤᠬᠠᠢ ᠡᠷᠬᠢᠴᠡᠬᠦᠯᠦᠯ        ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠬᠠᠲᠠᠭᠤ ᠪᠡᠷᠭᠡᠰᠢᠶᠡᠯᠲᠡᠢ ᠪᠤᠳᠤᠯᠢᠶᠠᠨᠲᠠᠢ ᠪᠠᠶᠢᠳᠠᠯ᠂ ᠢᠯᠠᠩᠭᠤᠶ᠎ᠠ 2019 ᠣᠨ ᠠᠴᠠ ᠨᠠᠰᠢ ᠬᠤᠯᠤᠭᠠᠨ᠎ᠠ ᠬᠢᠵᠢᠭ ᠪᠠ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠡᠴᠡᠬᠦᠦ ᠲᠠᠭᠠᠷᠢᠯᠲᠠ ᠶᠢ ᠥᠩᠭᠡᠷᠡᠭᠡᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠣᠯᠣᠨ ᠬᠤᠰᠢᠭᠤ ᠨᠠᠮ ᠤᠨ ᠬᠤᠷᠢᠶᠠᠨ ᠤ ᠪᠠᠲᠦ ᠴᠢᠩᠭ᠎ᠠ ᠤᠳᠤᠷᠢᠳᠤᠯᠭ᠎ᠠ ᠳᠤᠤᠷ᠎ᠠ᠂ ᠬᠤᠰᠢᠭᠤ ᠠᠷᠠᠳ ᠤᠨ ᠵᠠᠰᠠᠭ ᠤᠨ ᠣᠷᠳᠤᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠦ ᠣᠯᠣᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠣᠭᠤᠳᠣᠮᠵᠢ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠬᠤᠶᠠᠷ ᠂ ᠭᠤᠷᠪᠠ᠂ ᠲᠦᠷᠪᠠ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠤᠬᠤᠯᠠᠪᠦᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠨᠠᠶᠢᠳᠠᠪᠦᠷᠢᠵᠢᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠤᠨ ᠤ ᠲᠥᠷᠦ ᠶᠢᠨ ᠪᠣᠳᠣᠯᠭ᠎ᠠ ᠴᠢᠭᠯᠡᠯᠲᠡ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠦᠬᠦ ᠬᠤᠰᠢᠭᠤᠨ ᠤ ᠡᠯ᠎ᠡ ᠦᠨᠲᠤᠰᠤᠲᠠᠨ ᠤ ᠺᠠᠳ᠋ᠷ ᠤᠯᠠᠨ ᠲᠦᠮᠠᠨ ᠢ ᠪᠦᠯᠬᠦᠮᠲᠡᠬᠦᠯᠤᠨ ᠳᠠᠭᠠᠭᠤᠯᠵᠤ᠂ ᠯᠠᠪᠳᠠᠭᠤᠨ ᠤ ᠳᠣᠮᠳᠠ ᠤᠷᠤᠭᠰᠢᠯᠠᠬᠤ ᠠᠵᠢᠯ ᠤᠨ ᠶᠡᠷᠦᠩᠬᠡᠢ ᠵᠠᠷᠴᠢᠮ ᠪᠠ ᠣᠯᠠᠨ ᠲᠥᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾ ᠠᠵᠢᠯ ᠢ ᠯᠠᠪᠳᠠᠭᠤᠨ ᠬᠢᠵᠦ᠂ ︽ᠵᠢᠷᠭᠤᠭ᠎ᠠ ᠶᠢ ᠪᠠᠳᠤᠯᠠᠬᠤ︾ ᠡᠬᠦᠷᠭᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠡᠯ᠎ᠡ ᠲᠥᠷᠦᠯ ᠤᠨ ᠠᠶᠤᠯ ᠲᠥᠭᠰᠢᠬᠦᠷᠢ ᠦᠷᠢᠰᠦᠯᠳᠦᠭᠡᠨ ᠢ ᠪᠦᠳᠦᠮᠵᠢᠲᠠᠢ ᠠᠷᠭᠠᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢ ᠨᠢᠭᠡᠳᠦᠯᠲᠡᠢ ᠲᠥᠯᠦᠪᠵᠢᠬᠦᠯᠦᠨ ᠠᠬᠢᠭᠤᠯᠵᠤ᠂ ᠠᠵᠤ ᠠᠬᠤᠢ ᠶᠢᠨ ᠬᠦᠭᠵᠢᠯᠲᠡ ᠲᠣᠭᠲᠠᠭᠤᠨ᠂ ᠨᠡᠶᠢᠭᠡᠮ ᠤᠨ ᠪᠠᠶᠢᠳᠠᠯ ᠡᠶ᠎ᠡ ᠵᠣᠬᠢᠴᠠᠯ ᠲᠠᠢ᠂ ᠠᠮᠤᠷ ᠲᠣᠭᠲᠠᠭᠤᠨ ᠪᠠᠶᠢᠵᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠦᠪᠵᠢᠬᠦᠯᠭᠡ ᠶᠢᠨ ᠵᠢᠭᠠᠯᠲᠠ ᠲᠤᠭ᠎ᠠ ᠶᠢ ᠪᠡᠶᠡᠯᠡᠬᠦᠯᠦᠭᠰᠡᠨ ᠨᠣᠷᠮ᠎ᠠ 94%᠎ ᠳᠤ ᠬᠦᠷᠴᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠦᠷᠢᠳᠭᠡᠯ ᠬᠢᠨᠠᠨ ᠬᠡᠮᠵᠢᠯᠲᠡ ᠶᠢᠨ ᠠᠬᠢᠴᠠ 99.1%᠎ ᠳᠤ ᠬᠦᠷᠪᠡ᠃        ︵ᠨᠢᠬᠡ︶ ᠠᠵᠤ ᠠᠬᠤᠢ ᠶᠢᠨ ᠪᠠᠶᠢᠳᠠᠯ ᠲᠣᠭᠲᠠᠭᠤᠨ ᠢᠶᠠᠷ ᠬᠥᠭᠵᠢᠬᠦ ᠶᠢ ᠪᠠᠳᠤᠯᠠᠪᠠ᠃ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠬᠦᠨᠵᠡᠭᠡᠢ ᠲᠦᠯᠬᠢᠨ ᠠᠬᠢᠭᠤᠯᠵᠤ᠂ ︽ᠰᠠᠭᠤᠷᠢ ᠶᠢ ᠲᠠᠯᠪᠢᠬᠤ᠂ ᠬᠤᠯᠠ ᠶᠢ ᠪᠠᠷᠠᠯᠠᠬᠤ᠂ ᠴᠢᠨᠠᠷ ᠰᠠᠶᠢᠲᠠᠢ᠂ ᠠᠰᠢᠭ ᠬᠦᠷᠳᠡᠭᠡᠬᠦ ᠪᠠᠷ ᠭᠤᠣᠯᠳᠠᠯᠭ᠎ᠠ ᠪᠤᠯᠭᠠᠬᠤ︾ ᠬᠦᠭᠵᠢᠯᠲᠡ ᠶᠢᠨ ᠰᠡᠳᠬᠢᠴᠡ ᠪᠠᠷ  ᠡᠯ᠎ᠡ ᠲᠥᠷᠦᠯ ᠤᠨ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠯᠢᠭ ᠣᠨᠣᠪᠴᠢᠲᠠᠢ ᠨᠠᠶᠢᠳᠠᠪᠤᠷᠢᠵᠢᠭᠤᠯᠤᠨ᠂ ᠠᠵᠤ ᠠᠬᠤᠢ ᠳᠤ ᠲᠣᠯᠭᠠᠷᠠᠬᠤ ᠲᠠᠷᠤᠭᠠᠰᠤ ᠶᠢ ᠪᠦᠳᠦᠮᠵᠢᠲᠡᠢ ᠠᠷᠭᠠᠴᠠᠵᠤ᠂ ᠠᠵᠤ ᠠᠬᠤᠢ ᠶᠢᠨ ᠦᠷᠬᠦᠯᠵᠢᠯᠡᠬᠦᠶᠢᠴᠡ ᠡᠷᠡᠬᠦᠯ ᠬᠦᠭᠵᠢᠯᠲᠡ ᠶᠢ ᠠᠬᠢᠭᠤᠯᠪᠠ᠃ 2020 ᠣᠨ ᠳᠤ᠂ ᠪᠦᠬᠦ ᠬᠤᠰᠢᠭᠤᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 21.3 ᠳ᠋ᠦᠩᠰᠢᠭᠤᠷ ᠲᠦᠭᠦᠷᠢᠭ ᠢ ᠪᠡᠶᠡᠯᠡᠬᠦᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠵᠢᠯ ᠪᠦᠷᠢ ᠲᠤᠮᠳᠠᠴᠢ ᠪᠠᠷ 2.4%᠎ ᠪᠠᠷ ᠨᠡᠮᠡᠭᠳᠡᠵᠦ᠂ ᠭᠤᠷᠪᠠᠨ ᠠᠵᠤ ᠦᠢᠯᠡᠰ ᠤᠨ ᠪᠦᠲᠦᠴᠨ ᠶᠢᠨ ᠬᠠᠷᠢᠴᠠᠯ 20.9᠄ 38.7᠄ 40.4᠎ ᠳᠤ ᠬᠦᠷᠪᠡ᠃ 2020 ᠣᠨ ᠳᠤ᠂ ᠡᠩ ᠤᠨ ᠣᠯᠠᠨ ᠨᠡᠶᠢᠳᠡ ᠶᠢᠨ ᠡᠳ᠋ ᠤᠨ ᠵᠠᠰᠠᠭ ᠤᠨ ᠳᠥᠰᠦᠪ ᠤᠨ ᠤᠷᠤᠯᠭ᠎ᠠ 1.93 ᠳ᠋ᠦᠩᠰᠢᠭᠤᠷ ᠲᠦᠬᠦᠷᠢᠭ ᠢ ᠪᠡᠶᠡᠯᠡᠬᠦᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠵᠢᠯ ᠪᠦᠷᠢ ᠲᠤᠮᠳᠠᠴᠢ ᠪᠠᠷ 4.3%᠎ ᠪᠠᠷ ᠨᠡᠮᠡᠭᠳᠡᠪᠡ᠃ 2020 ᠣᠨ ᠳᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ 41661 ᠲᠥᠬᠦᠷᠢᠭ ᠢ ᠪᠡᠶᠡᠯᠡᠬᠦᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠵᠢᠯ ᠪᠦᠷᠢ ᠲᠤᠮᠳᠠᠴᠢ ᠪᠠᠷ 6.3%᠎ ᠪᠠᠷ ᠨᠡᠮᠡᠭᠳᠡᠪᠡ᠃ 2020 ᠣᠨ ᠳᠤ᠂ ᠮᠠᠯᠵᠢᠬᠤ ᠣᠷᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ 17441 ᠲᠥᠬᠦᠷᠢᠭ ᠢ ᠪᠡᠶᠡᠯᠡᠬᠦᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠵᠢᠯ ᠪᠦᠷᠢ ᠲᠤᠮᠳᠠᠴᠢ ᠪᠠᠷ 9.2%᠎ ᠪᠠᠷ ᠨᠡᠮᠡᠭᠳᠡᠪᠡ᠃ ᠪᠦᠬᠦ ᠨᠡᠶᠢᠭᠡᠮ ᠤᠨ ᠬᠡᠷᠡᠭᠯᠡᠭᠡᠨ ᠤ ᠪᠤᠳᠠᠰ ᠎ ᠢ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠵᠢᠯ ᠪᠦᠷᠢ ᠲᠤᠮᠳᠠᠴᠢ ᠪᠠᠷ 1.3%᠎ ᠪᠠᠷ ᠨᠡᠮᠡᠭᠳᠡᠪᠡ᠃ 2020 ᠤᠨ ᠳᠤ᠂ ᠵᠢᠯ ᠶᠢᠨ ᠡᠬᠢᠨ ᠳᠤ ᠳᠣᠭᠲᠠᠭᠰᠠᠨ 38 ᠭᠤᠤᠯᠳᠠᠯᠭ᠎ᠠ ᠲᠠᠢ ᠲᠦᠷᠦᠯ ᠵᠦᠢᠯ ᠢ ᠪᠦᠬᠦᠨ ᠢ ᠠᠵᠢᠯ ᠰᠡᠷᠭᠦᠭᠡᠨ ᠡᠬᠢᠯᠡᠭᠦᠯᠵᠤ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ17.1 ᠳ᠋ᠦᠩᠰᠢᠭᠤᠷ ᠲᠥᠬᠦᠷᠢᠭ ᠪᠡᠶᠡᠯᠡᠭᠦᠯᠪᠡ᠃ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠨᠡᠶᠢᠲᠡ 130 ᠭᠤᠣᠯᠳᠠᠯᠭ᠎ᠠ ᠲᠠᠢ ᠲᠥᠷᠦᠯ ᠵᠦᠢᠯ ᠢ ᠬᠡᠷᠡᠭᠵᠢᠭᠦᠯᠦᠨ᠂ 80 ᠳ᠋ᠦᠩᠰᠢᠭᠤᠷ ᠲᠥᠬᠦᠷᠢᠭ ᠤᠨ ᠲᠣᠭᠳᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ ᠪᠡᠶᠡᠯᠡᠬᠦᠯᠵᠦ᠂ ᠵᠢᠯ ᠪᠦᠷᠢ ᠲᠤᠮᠳᠠᠴᠢ ᠪᠠᠷ 18%᠎ ᠪᠠᠷ ᠨᠡᠮᠡᠭᠳᠡᠪᠡ᠃       ︵ᠬᠤᠶᠠᠷ︶ ᠴᠢᠨᠠᠷ ᠰᠠᠶᠢᠲᠠᠢ ᠬᠦᠭᠵᠢᠯᠲᠡ ᠶᠢᠨ ᠵᠠᠮ ᠤᠯᠠᠮ ᠰᠠᠷᠠᠭᠤᠯ ᠲᠠᠷᠳᠠᠩ ᠪᠣᠯᠪᠠ᠃ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠤᠨ ᠰᠢᠨ᠎ᠡ ᠶᠢ ᠡᠬᠦᠳᠬᠦ ᠬᠦᠭᠵᠢᠯᠲᠡ ᠶᠢ ᠨᠢᠭᠡᠳᠦᠯᠲᠡᠢ ᠲᠦᠯᠦᠪᠵᠢᠬᠦᠯᠦᠨ ᠠᠬᠢᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾᠎ ᠶᠢ ᠪᠠᠷᠢᠮᠲᠠᠯᠠᠵᠤ᠂ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠤᠨ ᠬᠦᠷᠢᠶᠡᠯᠡᠩ ᠢ ᠠᠰᠢᠭᠯᠠᠯᠲᠠ ᠳᠤ ᠣᠷᠤᠭᠤᠯᠵᠤ᠂ ᠭᠠᠷ ᠦᠢᠯᠡᠳᠭᠡᠯ ᠤᠨ ᠲᠡᠯᠭᠡᠬᠦᠷ ᠤᠨ ᠬᠤᠯᠪᠤᠭᠠᠯᠠᠨ ᠡᠵᠡᠩᠨᠡᠬᠦ ᠵᠠᠭᠪᠤᠷ ᠢ ᠴᠢᠩᠭᠠᠳᠬᠠᠵᠤ᠂ ︽ᠲᠥᠷᠪᠡ ᠨᠢᠭᠡᠳᠦᠯᠳᠡᠢ ᠪᠠᠶᠢᠬᠤ︾᠎ ᠶᠢ ᠪᠡᠶᠡᠯᠡᠭᠦᠯᠦᠨ᠂ ᠪᠦᠬᠦ ᠣᠷᠤᠨ ᠤ ᠴᠠᠭᠠᠨ ᠢᠳᠡᠭᠡᠨ ᠤ ᠦᠢᠯᠡᠰ ᠢ ᠬᠦᠭᠵᠢᠬᠦᠯᠦᠨ ᠮᠠᠨᠳᠤᠭᠤᠯᠬᠤ ᠵᠢᠴᠢ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠤᠨ ᠬᠦᠭᠵᠢᠯᠲᠡ ᠶᠢ ᠲᠥᠯᠬᠢᠨ ᠠᠬᠢᠭᠤᠯᠬᠤ ᠠᠬᠤᠢ ᠶᠢᠨ ᠲᠠᠯᠠᠪᠤᠷ ᠤᠨ ᠬᠤᠷᠠᠯ ᠢ ᠰᠠᠶᠢᠲᠤᠷ ᠡᠷᠬᠢᠯᠡᠵᠦ᠂ ︽ᠥᠪᠦᠷ ᠮᠣᠩᠭᠤᠯ ᠤᠨ ᠤᠯᠠᠮᠵᠢᠯᠠᠯᠲᠤ ᠴᠠᠭᠠᠨ ᠢᠳᠡᠭᠡᠨ ᠤ ᠰᠣᠶᠣᠯ ᠤᠨ ᠥᠯᠦᠭᠡᠢ︾᠎ ᠶᠢᠨ ᠢᠷᠠᠭᠤ ᠠᠯᠳᠠᠷ ᠢ ᠬᠦᠷᠲᠡᠵᠦ᠂ ︽ᠴᠠᠭᠠᠨ ᠢᠳᠡᠭᠡᠨ ᠤ ᠨᠣᠲᠤᠭ︾᠎ ᠢ ᠬᠤᠯᠠ ᠣᠶᠢᠷ᠎ᠠ ᠳᠤ ᠠᠯᠳᠠᠷᠰᠢᠭᠤᠯᠪᠠ᠃ ︽ᠬᠤᠨᠢ ᠶᠢ ᠴᠦᠭᠡᠴᠢᠯᠡᠨ ᠦᠬᠡᠷ ᠢ ᠨᠡᠮᠡᠭᠳᠡᠬᠦᠯᠬᠦ᠂ ᠴᠢᠨᠠᠷ ᠢ ᠲᠡᠭᠡᠭᠰᠢᠯᠡᠬᠦᠯᠵᠦ ᠣᠷᠤᠯᠭ᠎ᠠ ᠶᠢ ᠨᠡᠮᠡᠭᠳᠡᠬᠦᠯᠬᠦ︾ ᠰᠡᠳᠬᠢᠴᠡ ᠶᠢ ᠪᠠᠷᠢᠮᠲᠠᠯᠠᠵᠤ᠂ 3659 ᠰᠢᠯᠢᠳᠡᠭ ᠡᠬᠦᠯᠳᠡᠷ ᠤᠨ ᠮᠢᠬᠠᠨ ᠤ ᠦᠬᠡᠷ ᠢ ᠣᠷᠤᠭᠤᠯᠵᠤ᠂ 9.76 ᠲᠥᠮᠡᠨ ᠦᠬᠡᠷ ᠢ ᠡᠬᠦᠯᠳᠡᠷ ᠰᠠᠶᠢᠵᠢᠷᠠᠭᠤᠯᠵᠤ ᠂ ᠰᠢᠮᠧᠨ᠋ᠲᠷ ᠦᠬᠡᠷ ᠤᠨ ᠭᠤᠣᠯᠳᠠᠯᠭᠠᠳᠤ ᠰᠦᠷᠦᠭ 16 ᠪᠣᠯᠵᠤ᠂ ᠡᠪᠤᠯᠵᠢᠬᠦ ᠮᠠᠯ ᠶᠢᠨ ᠲᠤᠭ᠎ᠠ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠰᠡᠬᠦᠯᠴᠢ ᠠᠴᠠ 43.2%᠎ ᠢᠶᠠᠷ ᠨᠡᠮᠡᠭᠳᠡᠪᠡ᠃ ᠣᠷᠤᠨ ᠤ ᠲᠡᠰ ᠤᠨ ᠦᠷ᠎ᠡ ᠶᠢᠨ ᠮᠠᠯ ᠤᠨ ᠲᠠᠯᠠᠪᠠᠢ ᠪᠠᠶᠢᠭᠤᠯᠵᠤ᠂ ︽ᠴᠠᠬᠠᠷ ᠬᠤᠨᠢᠨ︾᠎ ᠤ ᠰᠢᠯᠢᠳᠡᠭ ᠡᠬᠦᠯᠳᠡᠷ ᠢ ᠪᠣᠶᠢᠵᠢᠭᠤᠯᠬᠤ ᠲᠤᠭᠲᠠᠯᠴᠠᠭᠠᠨ ᠤ ᠪᠠᠶᠢᠭᠤᠯᠤᠯᠲᠠ ᠶᠢ ᠦᠷᠬᠦᠯᠵᠢᠯᠡᠨ ᠠᠬᠢᠭᠤᠯᠵᠤ᠂ ᠲᠡᠵᠢᠭᠡᠨ ᠦᠷᠡᠵᠢᠬᠦᠯᠬᠦ ᠦᠷ᠎ᠡ ᠠᠰᠢᠭ ᠲᠠᠰᠤᠷᠠᠯᠲᠠ ᠦᠭᠡᠢ ᠳᠡᠭᠡᠭᠰᠢᠯᠡᠵᠦ᠂ ᠴᠠᠬᠠᠷ ᠬᠤᠨᠢᠨ ᠤ ᠡᠪᠤᠯᠵᠢᠬᠦ ᠲᠤᠭ᠎ᠠ 19.5 ᠲᠥᠮᠨ ᠳᠤ ᠬᠦᠷᠴᠤ᠂ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠰᠡᠬᠦᠯᠴᠢ ᠠᠴᠠ 50.0%᠎ ᠪᠠᠷ ᠨᠡᠮᠡᠭᠳᠡᠨ᠂ ᠬᠤᠨᠢᠨ ᠤ ᠡᠪᠤᠯᠵᠢᠬᠦ ᠲᠤᠭ᠎ᠠ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠰᠡᠬᠦᠯᠴᠢ ᠠᠴᠠ 46.1%᠎ ᠪᠠᠷ ᠪᠠᠭᠤᠷᠠᠪᠠ᠃ ︽ᠭᠤᠷᠪᠠᠨ ᠳᠤᠳᠤᠭᠠᠳᠤ ᠳᠤ ᠬᠠᠩᠭᠠᠬᠤ᠂ ᠭᠤᠷᠪᠠᠨ ᠭᠠᠳᠠᠭᠰᠢ ᠪᠤᠷᠤᠯᠠᠭᠤᠯᠬᠤ︾ ᠲᠤᠭᠲᠠᠯᠴᠠᠭ᠎ᠠ ᠶᠢ ᠰᠠᠶᠢᠵᠢᠷᠠᠭᠤᠯᠵᠤ᠂ ᠡᠪᠡᠰᠦᠨ ᠤ ᠵᠠᠬ᠎ᠠ ᠳᠡᠯᠭᠡᠬᠦᠷ᠂ ᠲᠠᠷᠢᠶᠠᠯᠠᠩ ᠤᠨ ᠪᠦᠳᠦᠭᠡᠭᠳᠡᠬᠦᠨ ᠤ ᠵᠠᠬ᠎ᠠ ᠳᠡᠯᠭᠡᠬᠦᠷ ᠵᠢᠴᠢ ᠮᠠᠯ ᠤᠨ ᠠᠰᠢᠭ ᠰᠢᠮ᠎ᠡ ᠪᠠ ᠲᠡᠵᠢᠭᠡᠯ ᠪᠣᠷᠳᠤᠭ᠎ᠠ ᠪᠤᠯᠪᠠᠰᠤᠷᠠᠭᠤᠯᠬᠤ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠤᠭᠤᠯᠵᠤ᠂ ᠥᠨᠳᠦᠷ ᠦᠷ᠎ᠡ ᠠᠰᠢᠭᠲᠤ ᠠᠮᠢ ᠠᠬᠤᠢ ᠶᠢᠨ ᠭᠠᠮᠰᠢᠭ ᠠᠴᠠ ᠰᠡᠷᠭᠡᠶᠢᠯᠡᠬᠦ ᠮᠠᠶ᠋ᠢᠭ ᠤᠨ ᠤᠳᠤᠬᠢᠴᠢᠯᠠᠭᠰᠠᠨ ᠮᠠᠯ ᠠᠵᠤ ᠠᠬᠤᠢ ᠶᠢᠨ ᠰᠠᠭᠤᠷᠢ ᠤᠯᠠᠮ ᠪᠠᠬᠢᠵᠢᠪᠡ᠃ ᠲᠦᠷᠢᠮᠵᠢᠭᠰᠡᠨ ᠬᠤᠷᠰᠢᠶᠠᠵᠢᠯ 58 ᠡᠷᠦᠬᠡ᠂ ᠭᠡᠷ ᠪᠦᠯᠢ ᠶᠢᠨ ᠮᠠᠯᠵᠢᠯ ᠤᠨ ᠲᠠᠯᠠᠪᠠᠢ 149 ᠪᠣᠯᠵᠤ᠂ 1 ᠭᠡᠷ ᠪᠦᠯᠢ ᠶᠢᠨ ᠮᠠᠯᠵᠢᠯ ᠤᠨ ᠲᠠᠯᠠᠪᠠᠢ ᠨᠢ ᠪᠦᠬᠦ ᠤᠯᠤᠰ ᠤᠨ ᠵᠢᠱᠢᠶᠡᠴᠢ ᠪᠠᠷ ᠨᠡᠷᠡᠶᠢᠳᠦᠭᠳᠡᠪᠡ᠃ ᠵᠠᠭᠤᠨ ᠲᠥᠮᠡᠨ ᠺᠢᠯᠦᠸᠠᠲ ᠶᠢᠨ ᠴᠡᠪᠡᠷ ᠡᠨᠧᠷᠬᠢ ᠶᠢᠨ ᠰᠠᠭᠤᠷᠢᠨ ᠭᠠᠵᠠᠷ ᠤᠨ ᠪᠠᠶᠢᠭᠤᠯᠤᠯᠲᠠ ᠨᠢ ᠴᠢᠬᠤᠯᠠ ᠶᠡᠭᠡ ᠰᠢᠪᠳᠤᠯᠤᠯᠲᠠ ᠲᠠᠢ ᠪᠣᠯᠵᠤ᠂ ᠱᠧᠩ ᠱᠢ ᠰᠢᠨ ᠶᠤᠸᠠᠨ᠂ ᠳ᠋ᠠ ᠲᠠᠩ᠂ ᠱᠧᠨ ᠨᠧᠩ ᠵᠡᠷᠭᠡ ᠭᠤᠷᠪᠠᠨ ᠣᠨᠴᠠ ᠦᠨᠳᠦᠷ ᠬᠦᠴᠦᠳᠡᠯᠲᠦ ᠢᠵᠢ ᠪᠦᠷᠢᠳᠦᠭᠰᠡᠨ ᠰᠠᠯᠬᠢ ᠴᠠᠬᠢᠯᠭᠠᠨ ᠤ ᠲᠥᠷᠦᠯ ᠵᠦᠢᠯ ᠨᠢ ᠲᠤᠤᠷ ᠲᠤ ᠨᠡᠶᠢᠯᠡᠬᠦᠯᠦᠨ ᠴᠠᠬᠢᠯᠭᠠᠨ ᠭᠠᠷᠭᠠᠪᠠ᠃ ᠰᠢᠨ᠎ᠡ ᠡᠨᠧᠷᠭᠢ ᠶᠢᠨ ᠠᠰᠢᠭᠯᠠᠯᠲᠠ ᠳᠤ ᠣᠷᠤᠭᠰᠠᠨ ᠠᠵᠤ ᠠᠬᠤᠶᠢᠯᠠᠯ ᠨᠡᠶᠢᠲᠡ 10.2 ᠳ᠋ᠦᠩᠰᠢᠭᠤᠷ ᠺᠢᠯᠦᠸᠠᠲ ᠴᠠᠭ ᠴᠠᠬᠢᠯᠭᠠᠨ ᠭᠠᠷᠭᠠᠪᠠ᠃ ᠨᠢᠤᠪᠢ ᠲᠠᠨᠲ᠋ᠠᠯ ᠤᠨ ᠠᠭᠤᠷᠬᠠᠢ ᠶᠢᠨ ᠮᠠᠯᠳᠠᠵᠤ ᠰᠤᠩᠭᠤᠬᠤ ᠲᠥᠷᠦᠯ ᠵᠦᠢᠯ ᠣᠷᠤᠭᠰᠢᠲᠠᠢ ᠶᠠᠪᠤᠭᠳᠠᠪᠠ᠃ ᠳ᠋ᠦᠩ ᠯᠢᠨ ᠨᠡᠭᠦᠷᠡᠰᠦᠨ ᠠᠭᠤᠷᠬᠠᠢ ᠨᠡᠶᠢᠲᠡ 293 ᠲᠥᠮᠡᠨ ᠲᠣᠨ ᠤᠳᠤᠭ᠎ᠠ ᠦᠭᠡᠢ ᠨᠡᠭᠦᠷᠡᠰᠦ ᠦᠢᠯᠡᠳᠪᠦᠷᠢᠯᠡᠪᠡ᠃ ᠤᠯᠤᠰ ᠤᠨ ᠥᠮᠴᠢᠯᠡᠯᠲᠦ ᠬᠤᠪᠢ ᠤᠷᠤᠭᠤᠯᠤᠯᠲᠠ ᠪᠠᠷ ᠡᠵᠡᠮᠳᠡᠭᠰᠡᠨ ᠮᠧᠩ ᠱᠢ ᠺᠤᠮᠫᠠᠨᠢ ᠶᠢ ᠳᠠᠩᠰᠠᠯᠠᠨ ᠪᠠᠶᠢᠭᠤᠯᠵᠤ᠂ ᠰᠢᠶᠦ᠋ᠩ ᠠᠨ ᠤ ᠰᠢᠨ᠎ᠡ ᠲᠤᠭᠤᠷᠢᠭ ᠪᠣᠯᠣᠨ ᠪᠡᠭᠡᠵᠢᠩ ᠬᠤᠲᠠ ᠶᠢᠨ ᠳᠠᠭᠠᠯᠲᠠ ᠲᠥᠪ ᠤᠨ ᠪᠦᠳᠦᠭᠡᠨ ᠪᠠᠶᠢᠭᠤᠯᠤᠯᠲᠠ ᠶᠢᠨ ᠪᠦᠯᠦᠭᠯᠡᠯ ᠲᠠᠢ ᠠᠵᠢᠯ ᠤᠨ ᠬᠠᠮᠵᠢᠯᠴᠠᠭ᠎ᠠ ᠪᠠᠶᠢᠭᠤᠯᠵᠤ᠂ ᠴᠢᠯᠠᠭᠤᠨ ᠮᠠᠲ᠋ᠧᠷᠢᠶᠠᠯ ᠤᠨ ᠪᠦᠳᠦᠭᠡᠭᠳᠡᠬᠦᠨ ᠤ ᠪᠤᠷᠤᠯᠠᠭᠤᠯᠭ᠎ᠠ ᠶᠢᠨ ᠵᠠᠬ᠎ᠠ ᠲᠡᠯᠭᠡᠬᠦᠷ ᠤᠯᠠᠮ ᠦᠷᠭᠡᠵᠢᠪᠡ᠃ ᠴᠠᠬᠢᠯᠭᠠᠨ ᠵᠠᠳᠠᠷᠠᠭᠤᠯᠬᠤ ᠬᠠᠪᠳᠠᠰᠤ᠂ ᠨᠡᠶᠢᠯᠡᠮᠡᠯ ᠲᠤᠯᠠᠭᠠᠨ ᠬᠠᠳᠠᠭᠠᠯᠠᠬᠤ ᠬᠠᠪᠳᠠᠰᠤ᠂ ᠣᠨᠳᠤᠤ ᠬᠡᠯᠪᠡᠷᠢ ᠶᠢᠨ ᠮᠠᠲ᠋ᠧᠷᠢᠶᠠᠯ ᠦᠢᠯᠡᠳᠪᠦᠷᠢᠯᠡᠬᠦ ᠮᠡᠷᠭᠡᠵᠢᠯ ᠢ ᠣᠷᠤᠭᠤᠯᠵᠤ᠂ ᠨᠡᠶᠢᠲᠡ 835 ᠲᠥᠮᠡᠨ ᠲᠡᠭᠰᠢ ᠲᠥᠷᠪᠡᠯᠵᠢᠨ ᠮᠧᠲᠷ ᠬᠠᠪᠳᠠᠰᠤᠨ ᠮᠠᠲ᠋ᠧᠷᠢᠶᠠᠯ ᠦᠢᠯᠡᠳᠪᠦᠷᠢᠯᠡᠪᠡ᠃ ᠴᠢᠯᠠᠭᠤᠨ ᠲᠤᠰᠣᠨ ᠤ ᠲᠣᠭᠤᠷᠢᠭ ᠤᠨ ᠠᠮᠤᠷ ᠲᠥᠪᠰᠢᠨ ᠤ ᠦᠢᠯᠡᠳᠪᠦᠷᠢᠯᠡᠯ ᠤᠨ ᠭᠤᠷᠪᠠ ᠶᠢ ᠵᠡᠷᠭᠡ ᠳᠤᠨᠢ ᠪᠠᠶᠢᠯᠭᠠᠬᠤ᠂ ᠭᠠᠯ ᠰᠡᠷᠭᠡᠶᠢᠯᠡᠬᠦ ᠪᠠ ᠣᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠳᠡᠭᠡᠲᠦ ᠱᠠᠳᠣᠨ ᠤ ᠬᠢᠨᠡᠨ ᠰᠢᠯᠭᠠᠯᠲᠠ ᠶᠢ ᠥᠩᠭᠡᠷᠡᠭᠡᠵᠦ᠂ ᠨᠡᠶᠢᠲᠡ 14.3 ᠲᠥᠮᠡᠨ ᠲᠣᠨ ᠲᠦᠬᠦᠭᠡᠢ ᠲᠤᠰᠤ ᠪᠣᠷᠣᠯᠠᠭᠤᠯᠪᠠ᠃ ᠭᠤᠸᠠᠩ ᠯᠦᠩ ᠮᠠᠯ ᠤᠨ ᠠᠰᠢᠭ ᠰᠢᠮ᠎ᠡ ᠶᠢ ᠪᠤᠯᠪᠠᠰᠤᠷᠠᠭᠤᠯᠬᠤ ᠪᠠ ᠵᠢᠦ ᠵᠧᠦ ᠳ᠋ᠠ ᠳ᠋ᠢ ᠮᠡᠷᠭᠡᠵᠢᠯ ᠤᠨ ᠦᠭᠡᠷᠡᠴᠢᠯᠡᠯᠲᠡ ᠶᠢᠨ ᠲᠥᠷᠦᠯ ᠵᠦᠢᠯ ᠠᠰᠢᠭᠯᠠᠯᠲᠠ ᠳᠤ ᠣᠷᠤᠪᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ︽ᠳᠣᠮᠳᠠᠳᠤ ᠤᠯᠤᠰ ᠤᠨ ᠨᠡᠭᠡᠭᠡᠯᠲᠡ ᠶᠢᠨ ᠣᠷᠤᠨ ᠤ ᠬᠢᠨᠡᠨ ᠪᠠᠶᠢᠴᠠᠭᠠᠬᠤ ᠠᠯᠪᠠᠨ ᠵᠠᠷᠯᠠᠯ ᠤᠨ ᠭᠠᠷᠴᠠᠭ︾᠎ ᠲᠤ ᠠᠮᠵᠢᠯᠲᠠᠲᠠᠢ ᠲᠡᠮᠳᠡᠭᠯᠡᠭᠳᠡᠪᠡ᠃ ᠦᠨᠳᠦᠰᠦᠳᠡᠨ ᠤ ᠣᠨᠴᠠᠯᠢᠭᠲᠤ ᠰᠤᠶᠤᠯ ᠪᠠ ᠵᠢᠭᠤᠯᠴᠢᠯᠠᠯ ᠤᠨ ᠭᠦᠨ ᠠᠭᠤᠰᠤᠯᠴᠠᠭ᠎ᠠ ᠶᠢ ᠠᠬᠢᠭᠤᠯᠵᠤ᠂ ︽ᠵᠢᠷᠭᠤᠭ᠎ᠠ ᠨᠢᠭᠡ︾ ᠢᠨᠵᠧᠨᠧᠷᠢᠩ ᠢ ᠬᠦᠨᠵᠡᠭᠡᠢ ᠲᠦᠯᠬᠢᠨ ᠠᠬᠢᠭᠤᠯᠵᠤ᠂ ︽ᠲᠥᠷᠪᠡᠨ ᠤᠯᠠᠷᠢᠯ ᠤᠨ ᠨᠠᠶᠢᠷ︾᠎ ᠤᠨ ᠠᠵᠢᠯᠯᠠᠭ᠎ᠠ ᠶᠢ ᠠᠮᠵᠢᠯᠲᠠᠲᠠᠢ ᠶᠠᠪᠤᠭᠳᠠᠭᠤᠯᠵᠤ᠂ ᠠᠰᠣᠷᠣ ᠠᠶᠠᠯᠭᠤ ᠶᠢᠨ ᠵᠠᠩ ᠦᠢᠯᠡ ᠶᠢᠨ ᠬᠦᠷᠢᠶᠡᠯᠡᠩ᠂ ᠰᠤᠷᠤᠨ᠎ᠠ ᠵᠤᠰᠠᠯᠠᠩ᠂ ᠦᠨᠳᠦᠰᠦᠳᠡᠨ ᠤ ᠣᠨᠴᠠᠯᠢᠭᠲᠤ ᠰᠤᠶᠤᠯ ᠤᠨ ᠵᠡᠭᠡᠯᠢ ᠵᠡᠷᠭᠡ ᠨᠢᠭᠡ ᠪᠦᠯᠦᠭ ᠵᠢᠭᠤᠯᠴᠢᠯᠠᠯ ᠤᠨ ᠦᠵᠡᠮᠵᠢ ᠶᠢᠨ ᠭᠠᠵᠠᠷ ᠢ ᠪᠠᠶᠢᠭᠤᠯᠵᠤ᠂ ᠮᠠᠯᠴᠢᠨ ᠠᠶᠢᠯ ᠤᠨ ᠵᠤᠭᠠᠴᠠᠯ ᠤᠨ ᠴᠢᠭ ᠪᠣᠯᠣᠨ  ᠦᠵᠡᠮᠵᠢ ᠶᠢᠨ ᠭᠠᠵᠠᠷ ᠤᠨ ᠢᠵᠢ ᠪᠦᠷᠢᠳᠦᠭᠰᠡᠨ ᠰᠠᠭᠤᠷᠢ ᠲᠦᠬᠦᠭᠡᠷᠦᠮᠵᠢ ᠶᠢ ᠪᠦᠷᠢᠨᠰᠢᠭᠦᠯᠦᠨ᠂ ︽ᠲᠤᠷᠭᠠᠨ ᠨᠤᠲᠤᠭ ᠬᠦᠪᠡᠭᠡᠲᠦ ᠰᠢᠷ᠎ᠠ᠂ ᠠᠰᠤᠷᠤ ᠠᠶᠠᠯᠭᠤ ᠶᠢᠨ ᠦᠯᠦᠭᠡᠢ︾ ᠰᠤᠶᠤᠯ ᠵᠢᠭᠤᠯᠴᠢᠯᠠᠯ ᠤᠨ ᠨᠡᠷ᠎ᠡ ᠲᠡᠮᠳᠡᠭ ᠢ ᠦᠷᠬᠦᠯᠵᠢᠯᠡᠨ ᠪᠠᠲᠤᠳᠬᠠᠵᠤ᠂ ᠤᠯᠤᠰ ᠠᠴᠠ ︽2018—2020 ᠣᠨ ᠤ ᠲᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ︾᠎ ᠢᠶᠠᠷ ᠨᠡᠷᠡᠶᠢᠳᠴᠦ᠂ ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠤᠨ ᠤ ᠪᠡᠶ᠎ᠡ ᠲᠠᠮᠢᠷ ᠤᠨ ᠲᠣᠪᠴᠢᠶ᠎ᠠ ᠠᠴᠠ ︽ᠰᠢᠲᠠᠷ᠎ᠠ ᠶᠢᠨ ᠥᠯᠦᠭᠡᠢ︾ ᠭᠡᠵᠦ ᠨᠡᠷᠡᠶᠢᠳᠪᠡ᠃ ᠪᠤᠳᠠᠰ ᠤᠨ ᠪᠣᠰᠤ ᠰᠣᠶᠣᠯ ᠤᠨ ᠥᠪ ᠪᠣᠯᠬᠤ ︽ᠠᠰᠤᠷᠤ︾ ᠤᠷᠠᠯᠢᠭ ᠢ ᠪᠡᠭᠡᠵᠢᠩ ᠬᠤᠲᠠ ᠶᠢᠨ ᠤᠯᠤᠰ ᠤᠨ ᠶᠡᠭᠡ ᠵᠦᠴᠦᠭᠡ ᠶᠢᠨ ᠬᠦᠷᠢᠶᠡᠯᠡᠩ ᠤᠨ ᠲᠠᠭᠤᠤ ᠬᠥᠭᠵᠢᠮ ᠤᠨ ᠲᠢᠩᠭᠢᠮ᠂ ᠠᠽᠢᠶ᠎ᠠ ᠶᠢᠨ ᠪᠣᠯᠪᠠᠰᠤᠨ ᠤ ᠲᠣᠭᠤᠷᠢᠨ ᠠᠶᠠᠯᠠᠯ ᠵᠢᠴᠢ ᠠᠽᠢᠶ᠎ᠠ ᠶᠢᠨ ᠠᠮᠳᠠᠳᠤ ᠢᠳᠡᠭᠡᠨ ᠤ ᠪᠠᠶᠠᠷ ᠵᠡᠷᠭᠡ ᠲᠡᠭᠡᠷ᠎ᠡ ᠲᠣᠭᠯᠠᠨ ᠦᠵᠡᠬᠦᠯᠪᠡ᠃ ︽ᠠᠰᠤᠷᠤ︾᠂ ︽ᠠᠯᠳᠠᠨ ᠣᠷᠳᠤᠨ ᠤ ᠨᠠᠶᠢᠷ ᠤᠨ ᠲᠠᠭᠤᠤ︾᠂ ︽ᠲᠤᠷᠭᠠᠨ ᠨᠤᠲᠤᠭ︾᠂ ︽ᠴᠠᠬᠠᠷ ᠮᠦᠽᠸᠢ︾ ᠵᠡᠷᠭᠡ ᠲᠠᠸᠠᠷ ᠤᠨ ᠲᠡᠮᠳᠡᠭ ᠢ ᠠᠮᠵᠢᠯᠲᠠᠲᠢ ᠲᠠᠩᠰᠠᠯᠠᠭᠤᠯᠪᠠ᠃ ᠰᠢᠨ᠎ᠡ ᠪᠠᠷ ᠨᠡᠮᠡᠭᠳᠡᠭᠰᠡᠨ ᠵᠠᠬ᠎ᠠ ᠲᠡᠯᠭᠡᠬᠦᠷ ᠤᠨ ᠭᠤᠣᠯ ᠴᠤᠭᠴᠠ 552 ᠡᠷᠦᠬᠡ ᠪᠣᠯᠵᠤ᠂ ᠠᠷᠠᠯᠵᠢᠶ᠎ᠠ ᠬᠤᠳᠠᠯᠳᠤᠭ᠎ᠠ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠰᠢᠤᠳᠠᠨ ᠭᠤᠪᠢᠭᠤᠯᠭ᠎ᠠ᠂ ᠡᠯᠧᠺᠲᠷᠤᠨ ᠠᠷᠠᠯᠵᠢᠶ᠎ᠠ ᠬᠤᠳᠠᠯᠳᠤᠭ᠎ᠠ ᠵᠡᠷᠭᠡ ᠠᠵᠢᠯ ᠲᠥᠷᠦᠯ ᠦᠷᠬᠦᠯᠵᠢᠯᠡᠨ ᠡᠷᠡᠬᠦᠯ ᠢᠶᠠᠷ ᠬᠦᠭᠵᠢᠪᠡ᠃        ︵ᠭᠤᠷᠪᠠ︶ ᠲᠠᠯ᠎ᠠ ᠨᠣᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠤᠯᠠᠮ ᠰᠠᠶᠢᠵᠢᠷᠠᠪᠠ᠃ ᠣᠯᠣᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠲᠥᠯᠦᠪᠵᠢᠬᠦᠯᠭᠡ ᠶᠢ ᠨᠠᠶᠢᠷᠠᠭᠤᠯᠬᠤ ᠠᠵᠢᠯ ᠢ ᠯᠠᠪᠳᠠᠭᠤᠨ ᠢᠶᠠᠷ ᠥᠷᠨᠢᠭᠦᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠎ ᠤ ᠴᠢᠨᠠᠷ ᠴᠢᠨᠰᠠᠭ᠎ᠠ ᠶᠢᠨ ᠪᠠᠷᠢᠮᠵᠢᠶ᠎ᠠ᠂ ᠡᠬᠢ ᠪᠠᠶᠠᠯᠢᠭ ᠢ ᠠᠰᠢᠭᠯᠠᠬᠤ ᠪᠠᠷᠢᠮᠵᠢᠶ᠎ᠠ ᠪᠠ ᠠᠮᠢ ᠠᠬᠤᠢ ᠣᠷᠴᠢᠨ ᠲᠣᠭᠤᠷᠢᠨ ᠤ ᠵᠦᠪᠰᠢᠶᠡᠷᠡᠯ ᠤᠨ ᠵᠢᠭᠰᠠᠭᠠᠯᠲᠠ ᠶᠢ ᠨᠠᠶᠢᠷᠠᠭᠤᠯᠣᠨ ᠵᠣᠬᠢᠶᠠᠬᠤ ᠠᠵᠢᠯ ᠢ ᠭᠦᠢᠴᠡᠳᠬᠡᠵᠤ᠂ ᠪᠦᠬᠦ ᠬᠤᠰᠢᠭᠤᠨ ᠤ 53 %᠎ ᠶᠢᠨ ᠨᠣᠲᠤᠭ ᠲᠡᠪᠢᠰᠭᠡᠷ ᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠣᠲᠣᠷ᠎ᠠ ᠪᠠᠶᠢᠯᠭᠠᠬᠤ ᠪᠠᠷ ᠲᠣᠭᠲᠠᠭᠠᠪᠠ᠃ ᠣᠯᠣᠰ ᠤᠨ ᠨᠣᠲᠤᠭ ᠪᠡᠯᠴᠢᠭᠡᠷ ᠠᠮᠢ ᠠᠬᠤᠢ ᠶᠢᠨ ᠱᠠᠩᠨᠠᠵᠤ ᠨᠦᠬᠦᠪᠦᠷᠢᠯᠡᠬᠦ ᠲᠥᠷᠥ ᠶᠢᠨ ᠪᠣᠳᠣᠯᠭ᠎ᠠ ᠶᠢ ᠭᠦᠨᠵᠡᠭᠡᠢ ᠲᠤᠤᠱᠯᠠᠭᠤᠯᠵᠤ᠂ ᠠᠶᠢᠮᠠᠭ ᠤᠨ ᠵᠠᠬᠢᠷᠭ᠎ᠠ ᠠᠴᠠ ᠲᠣᠭᠳᠠᠭᠠᠭᠰᠠᠨ ︽985︾ ᠠᠷᠭ᠎ᠠ ᠠᠪᠴᠠᠯ ᠢ ᠴᠢᠩᠭ᠎ᠠ ᠨᠢᠮᠪᠠᠢ ᠨᠠᠶᠢᠳᠠᠪᠤᠷᠢᠵᠢᠭᠤᠯᠤᠨ᠂ ᠬᠠᠪᠣᠷ ᠤᠨ ᠣᠯᠠᠷᠢᠯ ᠎ ᠤᠨ ᠡᠪᠡᠰᠦᠨ ᠤ ᠣᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠭᠦ ᠠᠵᠢᠯ ᠢ ᠨᠢᠭᠡᠳᠦᠯᠲᠠᠢ ᠲᠦᠯᠬᠢᠨ ᠠᠬᠢᠭᠤᠯᠵᠤ᠂ ᠤᠷᠭᠤᠮᠠᠯ ᠤᠨ ᠲᠤᠮᠳᠠᠴᠢ ᠪᠦᠷᠬᠦᠴᠡ ᠶᠢᠨ ᠬᠡᠮᠵᠢᠶ᠎ᠡ 35%᠎ ᠳᠤ ᠬᠦᠷᠴᠦ᠂ ᠨᠣᠲᠤᠭ ᠪᠡᠯᠴᠢᠭᠡᠷ ᠠᠮᠢ ᠠᠬᠤᠢ ᠶᠢᠨ ᠴᠢᠳᠠᠮᠵᠢ ᠲᠠᠰᠦᠷᠠᠯᠲᠠ ᠦᠭᠡᠢ ᠰᠠᠶᠢᠵᠢᠷᠠᠨ ᠲᠡᠭᠡᠭᠰᠢᠯᠡᠪᠡ᠃ ᠬᠤᠲᠠ ᠪᠠᠯᠭᠠᠰᠤᠨ ᠤ ᠪᠤᠬᠢᠷᠳᠤᠯ ᠤᠰᠤ ᠶᠢ ᠰᠢᠢᠳᠪᠦᠷᠢᠯᠡᠬᠦ ᠲᠠᠯᠠᠪᠤᠷ ᠤᠨ ᠰᠢᠪᠲᠣᠷ ᠹᠤᠰᠹᠤᠷ ᠢ ᠭᠠᠳᠠᠭᠰᠢᠯᠠᠭᠤᠯᠬᠤ ᠢᠨᠵᠧᠨᠧᠷᠢᠩ ᠤᠨ ᠮᠡᠷᠭᠡᠵᠢᠯ ᠤᠨ ᠦᠭᠡᠷᠡᠴᠢᠯᠡᠯᠲᠡ ᠶᠢ ᠪᠡᠶᠡᠯᠡᠬᠦᠯᠵᠦ᠂ ᠪᠤᠬᠢᠷ ᠤᠰᠤ ᠶᠢ ᠰᠢᠢᠳᠪᠦᠷᠢᠯᠡᠭᠰᠡᠨ ᠨᠤᠷᠮ᠎ᠠ 99.1%᠎ ᠳᠤ ᠬᠦᠷᠴᠦ᠂ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠤᠪᠰᠢ ᠶᠢ ᠪᠤᠬᠢᠷᠳᠤᠯ ᠦᠭᠡᠢ ᠪᠠᠷ ᠰᠢᠢᠳᠪᠦᠷᠢᠯᠡᠭᠰᠡᠨ ᠨᠤᠷᠮ᠎ᠠ 90%᠎ ᠳᠤ ᠬᠦᠷᠪᠡ᠃ ᠠᠭᠠᠷ ᠮᠠᠨᠳᠠᠯ᠂ ᠣᠰᠣ᠂ ᠬᠦᠷᠦᠰᠦ ᠰᠢᠷᠣᠢ ᠶᠢ ᠬᠠᠮᠠᠭᠠᠯᠠᠬᠤ ᠭᠤᠷᠪᠠᠨ ᠶᠡᠭᠡ ᠰᠢᠪᠲᠣᠯᠣᠯᠲᠠ ᠶᠢᠨ ᠲᠠᠶᠢᠯᠠᠯᠳᠣᠭᠠᠨ ᠢ ᠰᠠᠶᠢᠲᠤᠷ ᠬᠢᠵᠤ᠂ ᠭᠤᠣᠯ ᠪᠣᠯᠬᠤ ᠪᠣᠬᠢᠷᠳᠣᠯ ᠢ ᠭᠠᠳᠠᠭᠰᠢᠯᠠᠭᠤᠯᠬᠤ ᠬᠡᠮᠵᠢᠶ᠎ᠡ ᠶᠢ ᠡᠵᠡᠮᠳᠡᠬᠦ ᠡᠭᠦᠷᠭᠡ ᠪᠠᠨ ᠳᠠᠪᠠᠭᠤᠯᠤᠨ ᠪᠡᠶᠡᠯᠡᠭᠦᠯᠵᠤ᠂ ᠲᠡᠭᠡᠳᠦ ᠱᠠᠲᠤᠨ ᠤ ᠣᠷᠴᠢᠨ ᠲᠣᠭᠤᠷᠢᠨ ᠤ ᠬᠢᠨᠠᠨ ᠪᠠᠶᠢᠴᠠᠭᠠᠯᠲᠠ ᠳᠤ ᠬᠠᠷᠢᠭᠤ ᠲᠣᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠵᠠᠰᠠᠵᠤ᠂ ᠠᠭᠠᠷ ᠮᠠᠨᠳᠠᠯ ᠎ ᠤᠨ ᠴᠡᠪᠡᠷᠰᠢᠯ ᠤᠨ ᠨᠣᠷᠮ᠎ᠠ 92.6%᠎ ᠳᠤ ᠬᠦᠷᠴᠦ᠂ ᠪᠦᠬᠦ ᠣᠷᠣᠨ ᠤ ᠵᠢᠭᠰᠠᠭᠠᠯᠲᠠ ᠳᠤ ᠠᠷᠪᠠᠨ ᠬᠤᠶᠠᠳᠣᠭᠠᠷ ᠎ ᠲᠤ ᠪᠠᠶᠢᠷᠢᠯᠠᠪᠠ᠃ ᠡᠯᠡᠰᠦᠨ ᠤ ᠡᠬᠢ ᠰᠣᠷᠪᠣᠯᠵᠢ ᠶᠢᠨ ᠵᠠᠰᠠᠯᠲᠠ ᠶᠢ 56.95 ᠲᠦᠮᠡᠨ ᠮᠤ᠋᠂ ᠨᠣᠲᠤᠭ ᠪᠡᠯᠴᠢᠭᠡᠷ ᠠᠮᠢ ᠠᠬᠤᠢ ᠶᠢᠨ ᠤᠷᠭᠤᠮᠠᠯ ᠤᠨ ᠪᠦᠷᠬᠦᠴᠡ ᠶᠢ 1.7 ᠲᠦᠮᠡᠨ ᠮᠣ᠋᠂ ᠭᠤᠣᠯᠳᠠᠯᠭᠠᠲᠤ ᠣᠷᠣᠨ ᠤ ᠣᠶᠢᠵᠢᠭᠤᠯᠣᠯᠲᠠ ᠶᠢ 1400 ᠮᠣ᠋ ᠪᠡᠶᠡᠯᠡᠭᠦᠯᠦᠨ᠂ ᠣᠢ ᠮᠣᠳᠣᠨ ᠳᠤ ᠬᠦᠨᠦᠭᠡᠯᠲᠠᠢ ᠠᠮᠢᠳᠦ ᠪᠣᠳᠠᠰ ᠪᠠ ᠲᠠᠯ᠎ᠠ ᠨᠣᠲᠤᠭ ᠤᠨ ᠬᠤᠯᠣᠭᠠᠨ᠎ᠠ ᠰᠢᠪᠠᠵᠢ ᠶᠢᠨ ᠬᠦᠨᠦᠭᠡᠯ ᠢ 720 ᠲᠦᠮᠡᠨ ᠮᠣ᠋ ᠰᠡᠷᠭᠡᠶᠢᠯᠡᠨ ᠵᠠᠰᠠᠵᠤ᠂ ᠲᠠᠷᠢᠮᠠᠯ ᠪᠡᠯᠴᠢᠭᠡᠷ ᠢ 1.7 ᠲᠥᠮᠡᠨ ᠮᠦ ᠪᠠᠶᠢᠭᠤᠯᠤᠨ᠂ 45 ᠲᠥᠮᠡᠨ ᠮᠦ ᠪᠢᠳᠡᠬᠦᠮᠵᠢᠯᠡᠨ ᠣᠶᠢᠵᠢᠭᠤᠯᠵᠤ᠂ ᠨᠣᠲᠤᠭ ᠪᠡᠯᠴᠢᠭᠡᠷ ᠠᠮᠢ ᠠᠬᠤᠢ ᠶᠢᠨ ᠣᠷᠴᠢᠨ ᠲᠣᠭᠤᠷᠢᠨ ᠢ 1 ᠲᠦᠮᠡᠨ ᠮᠣ᠋ ᠭᠠᠵᠠᠷ ᠰᠡᠷᠭᠦᠭᠡᠵᠤ᠂ ᠵᠢᠵᠢᠭ ᠰᠠᠪᠠ ᠤᠷᠤᠰᠬᠠᠯ ᠢ 65.8 ᠲᠡᠭᠰᠢ ᠳᠦᠷᠪᠡᠯᠵᠢᠨ ᠺᠢᠯᠦᠮᠧᠲᠷ ᠶᠡᠷᠦᠩᠬᠡᠶᠢᠯᠡᠨ ᠵᠠᠰᠠᠵᠤ᠂ ︽ᠭᠤᠷᠪᠠᠨ ᠣᠷᠣᠨ ᠬᠤᠶᠠᠷ ᠱᠣᠭᠤᠮ︾᠎ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ 1919.97 ᠮᠦ ᠵᠠᠰᠠᠵᠤ᠂ 375.5 ᠲᠦᠮᠡᠨ ᠮᠣ᠋ ᠭᠠᠵᠠᠷ ᠲᠤ ᠬᠠᠪᠣᠷ ᠤᠨ ᠣᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠶᠠᠪᠣᠭᠳᠠᠭᠤᠯᠪᠠ᠃ ᠭᠤᠣᠯ ᠤᠨ ᠲᠠᠷᠤᠭ᠎ᠠ ᠎ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠪᠡ᠃ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠎ ᠤ ᠶᠠᠷᠥᠩᠬᠡᠢ ᠵᠠᠰᠠᠨ ᠴᠡᠭᠴᠡᠯᠡᠯᠲᠡ ᠶᠢ ᠭᠦᠨᠵᠡᠭᠡᠢ ᠶᠠᠪᠣᠭᠳᠠᠭᠤᠯᠵᠤ᠂ ᠳ᠋ᠦᠩ ᠯᠢᠨ ᠨᠡᠭᠦᠷᠡᠰᠦᠨ ᠠᠭᠤᠷᠬᠠᠢ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠳᠣᠯ ᠦᠭᠡᠢ ᠠᠭᠤᠷᠬᠠᠢ ᠶᠢᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠦ᠂ ᠵᠠᠳᠠᠭᠠᠢ ᠠᠭᠤᠷᠬᠠᠢ ᠶᠢᠨ ᠣᠷᠴᠢᠨ ᠲᠣᠭᠤᠷᠢᠨ ᠤ ᠶᠠᠷᠥᠩᠬᠡᠢ ᠴᠡᠭᠴᠡᠯᠡᠯᠲᠡ ᠪᠠ ᠪᠣᠬᠢᠷᠳᠥᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ 5690 ᠲᠦᠮᠡᠨ ᠲᠦᠭᠦᠷᠢᠭ ᠤᠨ ᠪᠡᠯᠡ ᠣᠷᠣᠭᠤᠯᠪᠠ᠃       ︵ᠲᠦᠷᠪᠡ︶ ᠶᠠᠳᠠᠭᠤ ᠠᠴᠠ ᠠᠩᠭᠢᠵᠢᠷᠠᠭᠤᠯᠬᠤ ᠪᠠ ᠵᠠᠰᠠᠭ ᠤᠨ ᠥᠷᠢ ᠰᠢᠷᠢ ᠶᠢ ᠰᠢᠢᠳᠪᠦᠷᠢᠯᠡᠬᠦ ᠬᠦᠨᠳᠦ ᠴᠢᠬᠤᠯᠠ ᠡᠭᠦᠷᠭᠡ ᠶᠢ ᠠᠮᠵᠢᠯᠲᠠ ᠲᠠᠢ ᠪᠡᠶᠡᠯᠡᠬᠦᠯᠪᠡ᠃ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠥᠯᠠᠬᠤ ᠎ ᠶᠢ ᠬᠦᠨᠳᠦ ᠴᠢᠬᠤᠯᠠ ᠣᠯᠣᠰ ᠲᠥᠷᠥ ᠶᠢᠨ ᠡᠭᠦᠷᠭᠡ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠲᠡᠷᠢᠬᠦᠨ ᠠᠵᠢᠯ ᠪᠤᠯᠭᠠᠵᠤ᠂ ︽ᠭᠤᠷᠪᠠᠨ ᠣᠨᠣᠪᠴᠢᠲᠠᠢ︾᠂ ︽ᠭᠤᠷᠪᠠᠨ ᠨᠠᠶᠢᠳᠠᠪᠤᠷᠢᠵᠢᠭᠤᠯᠤᠯᠲᠠ︾ ᠪᠠ ︽ᠭᠤᠷᠪᠠ ᠶᠢ ᠪᠠᠲᠣᠯᠠᠬᠤ︾ ᠠᠵᠢᠯ ᠢᠶᠠᠷ ᠭᠤᠣᠯᠳᠠᠯᠭ᠎ᠠ ᠪᠤᠯᠭᠠᠵᠤ᠂ ︽ᠴᠠᠬᠠᠷ ᠬᠤᠨᠢ᠂ ᠴᠠᠭᠠᠨ ᠢᠳᠡᠭᠡ︾᠎ ᠪᠠᠷ ᠶᠠᠳᠠᠭᠤ ᠶᠢ ᠳᠡᠳᠬᠦᠬᠦ ᠠᠵᠤ ᠦᠢᠯᠡᠰ ᠢ ᠬᠦᠴᠦᠲᠠᠢ ᠲᠦᠯᠬᠢᠨ ᠠᠬᠢᠭᠤᠯᠵᠤ᠂ 1.69 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠨᠠᠷᠢᠯᠢᠭ ᠣᠨᠣᠪᠴᠢᠲᠠᠢ ᠶᠠᠳᠠᠭᠤ ᠶᠢ ᠳᠡᠳᠬᠦᠬᠦ᠂ ᠨᠠᠷᠢᠯᠢᠭ ᠣᠨᠣᠪᠴᠢᠲᠠᠢ ᠶᠠᠳᠠᠭᠤ ᠠᠴᠠ ᠠᠩᠬᠢᠵᠢᠷᠠᠭᠤᠯᠬᠤ ᠠᠵᠢᠯ ᠢ ᠲᠦᠯᠬᠢᠨ ᠠᠬᠢᠭᠤᠯᠵᠤ᠂ 11 ᠶᠠᠳᠠᠭᠤ ᠭᠠᠴᠠᠭ᠎ᠠ᠂ 1524 ᠨᠡᠷᠡᠰ ᠲᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠬᠦᠮᠦᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤᠷᠠᠯ ᠤᠨ ᠨᠣᠷᠮ᠎ᠠ ᠠᠩᠬ᠎ᠠ ᠤᠳᠠᠭ᠎ᠠ ᠲᠡᠭ ᠪᠣᠯᠪᠠ᠃ ᠣᠷᠴᠢᠮ ᠤᠨ ᠵᠢᠯ ᠠᠴᠠ ᠨᠠᠰᠢ᠂ ᠡᠯ᠎ᠡ ᠱᠠᠲᠣᠨ ᠤ ᠡᠯ᠎ᠡ ᠲᠦᠷᠥᠯ ᠤᠨ ᠰᠢᠯᠭᠠᠨ ᠪᠠᠶᠢᠴᠠᠭᠠᠯᠲᠠ᠂ ︽ᠡᠷᠭᠢᠵᠣ ᠬᠠᠷᠠᠬᠤ︾ ᠪᠠᠶᠢᠴᠠᠭᠠᠯᠲᠠ ᠵᠡᠷᠭᠡ ᠠᠵᠢᠯ ᠤᠨ ᠳᠤᠮᠳᠠ ᠢᠯᠡᠷᠡᠭᠦᠯᠦᠭᠰᠡᠨ 197 ᠵᠣᠷᠪᠣᠰ ᠠᠰᠠᠭᠤᠳᠠᠯ ᠢ ᠪᠦᠬᠦᠨ ᠢ ᠵᠠᠰᠠᠨ ᠴᠡᠭᠴᠡᠯᠡᠪᠡ᠃ ᠵᠠᠰᠠᠭ ᠤᠨ  ᠴᠢᠨᠠᠷᠲᠠᠢ ᠥᠷᠢ ᠰᠢᠷᠢ ᠶᠢ 13.27 ᠳ᠋ᠦᠩᠰᠢᠭᠤᠷ ᠲᠦᠭᠦᠷᠢᠭ ᠴᠡᠪᠡᠷᠯᠡᠵᠦ᠂ ᠥᠷᠢ ᠥᠭᠴᠡᠭᠡᠨ ᠤ ᠲᠦᠭᠰᠢᠭᠦᠷᠢᠲᠦ ᠣᠷᠣᠨ ᠤ ᠬᠡᠪᠴᠢᠶ᠎ᠡ ᠠᠴᠠ ᠭᠠᠷᠪᠠ᠃ ᠬᠤᠪᠢ ᠶᠢᠨ ᠠᠵᠤ ᠠᠬᠤᠶᠢᠯᠠᠯ ᠪᠠ ᠲᠣᠮᠳᠠ ᠪᠠᠭ᠎ᠠ ᠠᠵᠣ ᠠᠬᠤᠶᠢᠯᠠᠯ ᠳᠠᠬᠢ ᠥᠷᠢ ᠥᠭᠴᠡᠭᠡ ᠪᠠᠨ ᠪᠦᠬᠦᠨ ᠢ ᠪᠣᠴᠠᠭᠠᠪᠠ᠃ ᠡᠳ᠋ ᠤᠨ ᠵᠠᠰᠠᠭ ᠤᠨ ᠴᠢᠨᠠᠷᠲᠠᠢ ᠲᠥᠷᠥᠯ ᠵᠦᠢᠯ ᠤᠨ ᠦᠷ᠎ᠡ ᠪᠦᠲᠦᠮᠵᠢ ᠶᠢᠨ ᠬᠢᠨᠠᠨ ᠪᠠᠶᠢᠴᠠᠭᠠᠯᠲᠠ ᠶᠢ ᠪᠦᠬᠦ ᠲᠠᠯ᠎ᠠ ᠪᠠᠷ ᠰᠠᠶᠢᠳᠣᠷ ᠬᠢᠵᠤ᠂ 500 ᠲᠦᠮᠡᠨ ᠲᠥᠬᠦᠷᠢᠭ ᠠᠴᠠ ᠲᠡᠭᠡᠭᠰᠢ ᠪᠡᠯᠡ ᠣᠷᠣᠭᠤᠯᠣᠭᠰᠠᠨ 63 ᠲᠦᠷᠥᠯ ᠵᠦᠢᠯ ᠤᠨ ᠢᠨᠵᠧᠨᠧᠷᠢᠩ ᠳᠤ ᠤᠷᠢᠳᠴᠢᠯᠠᠨ ᠲᠥᠰᠥᠪᠯᠡᠨ ᠪᠣᠳᠣᠯᠲᠠ ᠪᠠ ᠬᠢᠨᠠᠯᠲᠠ ᠦᠨᠡᠯᠡᠯᠲᠡ ᠶᠢ ᠪᠡᠶᠡᠯᠡᠭᠦᠯᠵᠤ᠂ ᠬᠢᠨᠠᠯᠲᠠ ᠦᠨᠡᠯᠡᠯᠲᠡ ᠪᠠᠷ ᠳᠠᠮᠵᠢᠨ ᠨᠡᠶᠢᠲᠡ 1.24 ᠳ᠋ᠦᠩᠰᠢᠭᠤᠷ ᠲᠦᠭᠦᠷᠢᠭ ᠪᠠᠭᠤᠷᠠᠭᠤᠯᠤᠨ᠂ ᠪᠠᠭᠤᠷᠠᠭᠤᠯᠤᠭᠰᠠᠨ ᠨᠣᠷᠮ᠎ᠠ 10.66%᠎ ᠳᠤ ᠭᠦᠷᠪᠡ᠃ ᠵᠠᠰᠠᠭ ᠤᠨ ᠣᠷᠳᠤᠨ ᠤ ᠬᠤᠳᠠᠯᠳᠤᠨ ᠠᠪᠬᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠦᠩᠭᠦᠨ ᠤ ᠦᠷ᠎ᠡ ᠠᠰᠢᠭ ᠢ ᠲᠡᠭᠡᠭᠰᠢᠯᠡᠬᠦᠯᠵᠦ᠂ ᠵᠠᠰᠠᠭ ᠤᠨ ᠣᠷᠳᠤᠨ ᠤ ᠬᠤᠲᠠᠯᠳᠤᠨ ᠠᠪᠬᠤ ᠳᠥᠰᠦᠪ ᠮᠦᠩᠭᠦ ᠶᠢ 0.6 ᠳ᠋ᠦᠩᠰᠢᠭᠤᠷ ᠲᠦᠭᠦᠷᠢᠭ ᠠᠷᠪᠢᠯᠠᠵᠤ᠂ ᠠᠷᠪᠢᠯᠠᠭᠰᠠᠨ ᠨᠤᠷᠮ᠎ᠠ ᠨᠢ 11.26 %᠎ ᠳᠤ ᠬᠦᠷᠪᠡ᠃ ᠮᠦᠩᠬᠦᠨ ᠭᠦᠢᠯᠭᠡᠭᠡᠨ ᠤ ᠪᠠᠶᠢᠭᠤᠯᠤᠮᠵᠢ ᠶᠢᠨ ᠡᠷᠡᠬᠦᠯ ᠪᠤᠰᠤ ᠵᠢᠭᠡᠯᠡᠯᠭᠡ ᠶᠢᠨ ᠦᠯᠡᠳᠡᠪᠦᠷᠢ ᠪᠠ ᠨᠤᠷᠮ᠎ᠠ ᠲᠤᠷᠤᠭᠰᠢᠯᠠᠵᠦ᠂ ᠮᠠᠯᠵᠢᠬᠤ ᠤᠷᠤᠨ ᠎ ᠤ ᠠᠷᠠᠳ ᠤᠨ ᠬᠤᠭᠤᠷᠤᠨᠳᠤᠬᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ᠂ ᠲᠤᠤᠷ ᠰᠦᠯᠵᠢᠶᠠᠨ ᠤ ᠮᠦᠩᠬᠦᠨ ᠭᠦᠢᠯᠭᠡᠭᠡᠨ ᠤ ᠲᠦᠭᠰᠢᠭᠦᠷᠢ ᠶᠢ ᠲᠤᠰᠬᠠᠢ ᠴᠡᠭᠴᠡᠯᠡᠬᠦ ᠠᠵᠢᠯ ᠢ ᠡᠷᠴᠢᠮᠲᠠᠢ ᠶᠠᠪᠤᠭᠳᠠᠭᠤᠯᠪᠠ᠃        ︵ᠲᠠᠪᠤ︶ ᠬᠤᠳᠠ ᠬᠦᠳᠡᠭᠡ ᠶᠢ ᠨᠢᠭᠡᠳᠦᠯᠲᠡᠢ ᠲᠥᠯᠦᠪᠵᠢᠬᠦᠯᠦᠨ ᠬᠦᠭᠵᠢᠬᠦᠯᠬᠦ ᠠᠯᠬᠤᠴᠠ ᠶᠢ ᠲᠦᠷᠭᠡᠳᠬᠡᠪᠡ᠃ ᠬᠤᠶᠠᠷ ᠲᠦᠷᠦᠯ ᠤᠨ PPP ᠲᠦᠷᠦᠯ ᠵᠤᠶᠢᠯ ᠢ ᠰᠠᠶᠢᠲᠤᠷ ᠬᠡᠷᠡᠭᠵᠢᠬᠦᠯᠦᠨ᠂ ᠬᠤᠳᠠ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠳᠤ 5.6 ᠳ᠋ᠦᠩᠰᠢᠭᠤᠷ ᠲᠦᠭᠦᠷᠢᠭ ᠵᠠᠷᠤᠴᠠᠭᠤᠯᠵᠦ᠂ ︽ᠨᠢᠭᠡ ᠬᠦᠷᠢᠶᠡᠯᠡᠩ᠂ ᠬᠤᠶᠠᠷ ᠪᠦᠰᠡ᠂ ᠲᠠᠪᠤᠨ ᠭᠤᠤᠯᠲᠦ ᠱᠤᠭᠤᠮ᠂ ᠲᠤᠯᠤᠭᠠᠨ ᠬᠦᠨᠳᠡᠯᠡᠨ ᠱᠤᠭᠤᠮ︾ ᠪᠠ ᠰᠤᠶᠤᠯ᠂ ᠰᠤᠷᠭᠠᠨ ᠬᠦᠮᠥᠵᠢᠯ᠂ ᠢᠳᠡᠭᠡᠨ ᠤᠮᠳᠠᠭᠠᠨ᠂ ᠠᠵᠦ ᠤᠶᠢᠯᠡᠳᠪᠦᠷᠢ ᠶᠢᠨ ︽ᠲᠦᠷᠪᠡᠨ ᠬᠦᠷᠢᠶᠡᠯᠡᠩ︾ ᠎ ᠤᠨ ᠠᠵᠦ ᠤᠶᠢᠯᠡᠰ ᠪᠠ ᠬᠤᠳᠠ ᠪᠠᠯᠭᠠᠰᠤᠨ ᠤ ᠠᠭᠤᠰᠤᠯᠴᠠᠯ ᠬᠦᠭᠵᠢᠯᠳᠡ ᠶᠢᠨ ᠪᠠᠶᠢᠷᠢᠰᠢᠭᠤᠯᠤᠯᠲᠠ ᠠᠩᠬ᠎ᠠ ᠠᠯᠬᠤᠮ ᠪᠦᠷᠢᠯᠳᠦᠪᠡ᠃ ᠰᠢᠨᠡᠪᠤᠯᠠᠭ ᠪᠠᠯᠭᠠᠰᠤᠨ ᠤ ᠪᠦᠲᠦᠭᠡᠨ ᠪᠠᠶᠢᠭᠤᠯᠤᠯᠳᠠ ᠶᠢᠨ ᠲᠤᠭᠤᠷᠢᠭ ᠤᠨ ᠲᠠᠯᠠᠪᠠᠢ ︽ᠠᠷᠪᠠᠨ ᠬᠤᠶᠠᠳᠤᠭᠠᠷ ᠲᠠᠪᠤᠨ ᠵᠢᠯ︾᠎ ᠤᠨ ᠰᠡᠬᠦᠯᠴᠢ ᠶᠢᠨ ᠬᠤᠭᠤᠴᠠᠭ᠎ᠠ ᠠᠴᠠ 10%᠎ ᠪᠠᠷ ᠨᠡᠮᠡᠭᠳᠡᠵᠦ᠂ ᠨᠤᠭᠤᠭᠠᠷᠠᠭᠤᠯᠤᠯᠳᠠ ᠶᠢᠨ ᠲᠠᠯᠠᠪᠠᠢ ︽ᠠᠷᠪᠠᠨ ᠬᠤᠶᠠᠳᠤᠭᠠᠷ ᠲᠠᠪᠤᠨ ᠵᠢᠯ︾᠎ ᠤᠨ ᠰᠡᠭᠦᠯᠴᠢ ᠶᠢᠨ ᠬᠤᠭᠤᠴᠠᠭ᠎ᠠ ᠎ ᠠᠴᠠ 9.6%᠎ ᠪᠠᠷ ᠨᠡᠮᠡᠭᠳᠡᠪᠡ᠃ ᠲᠤᠯᠠᠭᠠᠯᠠᠭ᠎ᠠ ᠶᠢᠨ ᠲᠤᠤᠷ ᠬᠤᠭᠤᠯᠠᠢ ᠶᠢ 46.7 ᠺᠢᠯᠤᠮᠧᠲᠷ ᠦᠭᠡᠷᠡᠴᠢᠯᠡᠨ ᠵᠠᠰᠠᠵᠤ᠂ ᠲᠤᠯᠠᠭᠠᠯᠠᠭ᠎ᠠ ᠶᠢᠨ ᠲᠤᠤᠷ ᠱᠤᠭᠤᠮ ᠢ 81.3 ᠲᠦᠮᠡᠨ ᠲᠡᠭᠰᠢ ᠲᠦᠷᠪᠡᠯᠵᠢᠨ ᠮᠧᠲᠷ ᠲᠡᠩᠴᠡᠭᠦᠷᠢᠰᠢᠬᠦᠯᠵᠦ᠂ ᠭᠤᠷᠪᠠᠳᠠᠬᠢ ᠤᠰᠤᠨ ᠤ ᠰᠣᠷᠪᠣᠯᠵᠢ ᠶᠢ ᠪᠡᠯᠡᠳᠭᠡᠯ ᠤᠰᠤᠨ ᠤ ᠰᠤᠷᠪᠤᠯᠵᠢ ᠪᠣᠯᠭᠠᠵᠤ᠂ ᠪᠤᠯᠤᠩ ᠤᠰᠤᠨ ᠤ ᠰᠤᠷᠪᠤᠯᠵᠢ ᠶᠢᠨ ᠦᠢᠯᠡᠳᠪᠦᠷᠢᠯᠡᠯ ᠤᠨ ᠴᠢᠳᠠᠮᠵᠢ ᠶᠢ ᠲᠡᠭᠡᠭᠰᠢᠯᠡᠬᠦᠯᠬᠦ᠂ ᠤᠰᠤ ᠴᠡᠪᠡᠷᠰᠢᠬᠦᠯᠬᠦ ᠤᠶᠢᠯᠡᠳᠪᠦᠷᠢ ᠶᠢᠨ ᠤᠰᠤᠨ ᠤ ᠶᠠᠰᠦ ᠴᠢᠨᠠᠷ ᠢ ᠳᠡᠭᠡᠭᠰᠢᠯᠡᠬᠦᠯᠬᠦ ᠢᠨᠵᠧᠨᠧᠷᠢᠩ ᠪᠠ 220 ᠺᠢᠯᠤᠸᠠᠲ ᠤᠨ ᠴᠠᠬᠢᠯᠭᠠᠨ ᠬᠤᠪᠢᠰᠬᠠᠭᠤᠷ ᠤᠨ ᠥᠷᠲᠡᠭᠡ ᠨᠢ ᠠᠰᠢᠭᠯᠠᠯᠲᠠ ᠳᠤ ᠣᠷᠤᠵᠤ᠂ ᠲᠤᠯᠠᠭᠠᠯᠠᠭ᠎ᠠ ᠶᠢᠨ ᠶᠠᠰᠦ ᠴᠢᠨᠠᠷ᠂ ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠥᠪᠰᠢᠨ᠂ ᠴᠠᠬᠢᠯᠭᠠᠨ ᠬᠠᠩᠭᠠᠯᠭ᠎ᠠ ᠶᠢᠨ ᠶᠠᠰᠦ ᠴᠢᠨᠠᠷ᠂ ᠴᠠᠬᠢᠯᠭᠠᠨ ᠲᠤᠤᠷ ᠤᠨ ᠲᠠᠮᠵᠢᠭᠤᠯᠤᠨ ᠬᠦᠷᠭᠡᠬᠦ ᠴᠢᠳᠠᠪᠬᠢ ᠶᠢ ᠶᠡᠬᠡᠪᠡᠷ ᠳᠡᠭᠡᠭᠰᠢᠯᠡᠬᠦᠯᠪᠡ᠃ ᠬᠤᠳᠠ ᠶᠢᠨ ᠬᠠᠤᠯᠢ ᠬᠡᠷᠡᠭᠵᠢᠬᠦᠯᠦᠯᠳᠡ ᠶᠢᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠵᠦ᠂ ᠤᠷᠴᠢᠨ ᠲᠤᠭᠤᠷᠢᠨ ᠤ ᠠᠷᠢᠭᠤᠨ ᠴᠡᠪᠡᠷ ᠎ ᠢ ᠬᠠᠮᠠᠭᠠᠯᠠᠬᠤ ᠲᠤᠰᠬᠠᠢ ᠺᠤᠮᠫᠠᠨᠢ ᠲᠠᠢ ᠪᠣᠯᠪᠠ᠃ ᠠᠵᠦ ᠤᠶᠢᠯᠡᠳᠪᠦᠷᠢ ᠶᠢᠨ ᠲᠤᠭᠤᠷᠢᠭ ᠤᠨ ᠲᠤᠯᠠᠭᠠᠯᠠᠭ᠎ᠠ ᠶᠢᠨ ᠲᠤᠤᠷ ᠬᠤᠭᠤᠯᠠᠢ ᠶᠢᠨ ᠲᠦᠷᠦᠯ ᠵᠤᠶᠢᠯ ᠢ ᠠᠰᠢᠭᠯᠠᠯᠳᠠ ᠳᠤ ᠤᠷᠤᠭᠤᠯᠵᠦ᠂ ᠠᠵᠦ ᠠᠬᠤᠶᠢᠯᠠᠯ ᠤᠨ ᠤᠶᠢᠯᠡᠳᠪᠦᠷᠢᠯᠡᠯ ᠳᠤ ᠰᠠᠭᠤᠷᠢ ᠲᠠᠯᠪᠢᠪᠠ᠃ 54.1 ᠲᠦᠮᠡᠨ ᠲᠡᠭᠰᠢ ᠲᠦᠷᠪᠡᠯᠵᠢᠨ ᠮᠧᠲᠷ ᠫᠧᠩ ᠬᠤᠷᠤᠭ᠎ᠠ᠂ 5.6 ᠲᠦᠮᠡᠨ ᠲᠡᠭᠰᠢ ᠲᠦᠷᠪᠡᠯᠵᠢᠨ ᠮᠧᠲᠷ ᠡᠪᠡᠰᠦ ᠨᠦᠭᠡᠴᠡᠯᠡᠬᠦ ᠫᠧᠩ᠂ 1.2 ᠲᠦᠮᠡᠨ ᠪᠤᠰᠤᠭ᠎ᠠ ᠲᠦᠷᠪᠡᠯᠵᠢᠨ ᠮᠧᠲᠷ ᠨᠤᠭᠤᠭᠠᠨ ᠲᠠᠷᠤᠰᠢ ᠶᠢᠨ ᠵᠤᠭᠤᠷᠢ ᠶᠢ ᠰᠢᠨ᠎ᠡ ᠪᠠᠷ ᠪᠠᠶᠢᠭᠤᠯᠵᠦ᠂ ᠪᠠᠶᠠᠨᠳᠠᠯ᠎ᠠ ᠪᠠᠯᠭᠠᠰᠤ ᠪᠤᠯᠤᠨ ᠣᠩᠭᠤᠨ ᠠᠭᠤᠯᠠ ᠰᠤᠮᠤᠨ ᠳᠤ ᠲᠤᠰᠪᠤᠷᠢ 9000 ᠲᠡᠭᠰᠢ ᠲᠦᠷᠪᠡᠯᠵᠢᠨ ᠮᠧᠲᠷ ᠡᠪᠡᠰᠦ ᠨᠦᠭᠡᠴᠡᠯᠡᠬᠦ ᠫᠧᠩ ᠪᠠᠶᠢᠭᠤᠯᠪᠠ᠃ 319 ᠰᠠᠤᠷᠢ ᠬᠤᠳᠳᠤᠭ ᠮᠠᠯᠳᠠᠨ᠂ 8 ᠭᠠᠵᠠᠷ ᠣᠷᠤᠨ ᠳᠤ ᠲᠦᠬᠡᠭᠡᠯ ᠤᠰᠤ ᠳᠠᠳᠠᠵᠦ᠂ 2694 ᠢᠵᠢ ᠤᠰᠤ ᠴᠡᠪᠡᠷᠰᠢᠬᠦᠯᠬᠦ ᠲᠦᠬᠦᠭᠡᠷᠦᠮᠵᠢ ᠤᠭᠰᠠᠷᠠᠪᠠ᠃ 570 ᠺᠢᠯᠤᠮᠧᠲᠷ ᠤᠨ ᠬᠦᠳᠡᠭᠡ ᠲᠤᠰᠬᠤᠨ ᠤ ᠴᠠᠬᠢᠯᠭᠠᠨ ᠲᠤᠤᠷ ᠢ ᠵᠠᠰᠠᠵᠦ᠂ 44 ᠮᠠᠯᠵᠢᠬᠤ ᠡᠷᠦᠬᠡ ᠳᠤ ᠴᠠᠬᠢᠯᠭᠠᠨ ᠤᠷᠤᠭᠤᠯᠤᠨ᠂ ᠰᠠᠯᠬᠢᠨ ᠨᠠᠷᠠᠨ ᠤ ᠰᠢᠨ᠎ᠡ ᠡᠨᠧᠷᠬᠢ ᠶᠢᠨ ᠴᠠᠬᠢᠯᠭᠠᠨ ᠭᠠᠷᠭᠠᠬᠤ ᠲᠦᠬᠦᠭᠡᠷᠦᠮᠵᠢ 150᠎ ᠶᠢ ᠵᠠᠰᠠᠪᠠ᠃ ᠮᠠᠯᠵᠢᠬᠤ ᠤᠷᠤᠨ ᠳᠤ ᠨᠡᠪᠳᠡᠷᠡᠬᠦ ᠵᠠᠰᠠᠮᠠᠯ ᠵᠠᠮ 306 ᠺᠢᠯᠤᠮᠧᠲᠷ ᠵᠠᠰᠠᠪᠠ᠃ ︽ᠲᠤᠤᠷ ᠰᠦᠯᠵᠢᠶ᠎ᠡ ᠭᠠᠴᠠᠭᠠᠨ ᠳᠤ ᠨᠡᠪᠳᠡᠷᠡᠬᠦ ᠪᠠ ᠤᠳᠠᠰᠤᠳᠦ ᠲᠧᠯᠸᠢᠰ ᠡᠷᠦᠬᠡ ᠪᠤᠯᠭᠠᠨ ᠎ ᠳᠤ ᠨᠡᠪᠳᠡᠷᠡᠬᠦ︾ ᠠᠵᠢᠯ ᠢ ᠪᠦᠬᠦ ᠲᠠᠯ᠎ᠠ ᠪᠠᠷ ᠠᠬᠢᠭᠤᠯᠤᠨ᠂ ᠭᠡᠷᠡᠯᠯᠢᠭ ᠤᠳᠠᠰᠤ ᠶᠢ 830 ᠺᠢᠯᠤᠮᠧᠲᠷ ᠳᠡᠪᠢᠰᠴᠦ᠂ ᠴᠠᠬᠢᠯᠭᠠᠨ ᠬᠤᠯᠪᠤᠭᠠᠨ ᠤ ᠲᠦᠭᠡᠮᠡᠯᠵᠢᠭᠰᠡᠨ ᠤᠶᠢᠯᠡᠴᠢᠯᠡᠭᠡᠨ ᠤ ᠨᠥᠬᠦᠪᠦᠷᠢ ᠣᠯᠭᠤᠬᠤ ᠲᠤᠷᠰᠢᠯᠳᠠ ᠶᠢᠨ ᠴᠡᠭ ᠤᠨ ᠲᠦᠷᠦᠯ ᠵᠤᠶᠢᠯ ᠢ ᠪᠡᠶᠡᠯᠡᠬᠦᠯᠪᠡ᠃ ᠲᠦᠴᠢᠨ ᠲᠤᠯᠤᠭᠠᠨ 4G ᠴᠢᠮᠡᠭᠡ ᠬᠤᠯᠪᠤᠭᠠᠨ ᠤ ᠰᠠᠭᠤᠷᠢ ᠦᠷᠳᠡᠭᠡ᠂ ᠵᠢᠷᠭᠤᠭᠠᠨ 5G ᠴᠢᠮᠡᠭᠡ ᠬᠤᠯᠪᠤᠭᠠᠨ ᠤ ᠰᠠᠭᠤᠷᠢ ᠦᠷᠳᠡᠭᠡ ᠶᠢ ᠰᠢᠨ᠎ᠡ ᠪᠠᠷ ᠪᠠᠶᠢᠭᠤᠯᠵᠦ᠂ 4G ᠲᠤᠬᠢᠶ᠎ᠠ ᠬᠤᠯᠪᠤᠭ᠎ᠠ ᠶᠢ ᠪᠦᠬᠦᠶᠢᠯᠡ ᠭᠠᠴᠠᠭᠠᠨ ᠲᠥᠪ ᠲᠤ ᠨᠡᠪᠳᠡᠷᠡᠬᠦᠯᠪᠡ᠃ 2483 ᠮᠠᠯᠵᠢᠬᠤ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠡᠯᠪᠢᠨ ᠵᠠᠰᠠᠵᠦ᠂ 4886 ᠡᠷᠦᠬᠡ ᠶᠢᠨ ᠭᠡᠷ ᠪᠠᠶᠢᠰᠢᠩ ᠢ ᠰᠢᠨᠡᠳᠬᠡᠬᠦ ᠢᠨᠵᠧᠨᠧᠷᠢᠩ ᠎ ᠢ ᠬᠡᠷᠡᠭᠵᠢᠬᠦᠯᠪᠡ᠃ ᠮᠠᠯᠵᠢᠬᠤ ᠤᠷᠤᠨ ᠤ ᠣᠷᠤᠰᠢᠨ ᠰᠠᠭᠤᠬᠤ ᠣᠷᠴᠢᠨ ᠲᠤᠭᠤᠷᠢᠨ ᠢ ᠰᠠᠶᠢᠵᠢᠷᠠᠭᠤᠯᠬᠤ ᠠᠵᠢᠯ ᠢ ᠪᠦᠲᠦᠮᠵᠢᠲᠠᠢ ᠠᠬᠢᠭᠤᠯᠤᠨ᠂ 1029 ᠡᠷᠦᠬᠡ ᠳᠤ ᠵᠤᠷᠯᠤᠩ ᠪᠠᠷᠢᠬᠤ ᠠᠵᠢᠯ ᠢ ᠪᠡᠶᠡᠯᠡᠬᠦᠯᠵᠦ᠂ ᠲᠦᠭᠡᠮᠡᠯᠵᠢᠬᠦᠯᠦᠯᠳᠡ ᠶᠢᠨ ᠨᠤᠷᠮ᠎ᠠ ᠨᠢ 44%᠎ ᠳᠤ ᠬᠦᠷᠴᠦ᠂ ᠪᠦᠬᠦ ᠠᠶᠢᠮᠠᠭ ᠤᠨ ᠳᠡᠭᠰᠢᠳᠭᠡᠭᠰᠡᠨ ᠨᠤᠷᠮ᠎ᠠ ᠠᠴᠠ 2.5 ᠬᠤᠪᠢ ᠪᠠᠷ ᠳᠠᠪᠠᠪᠠ᠃ 60 ᠭᠠᠴᠠᠭᠠᠨ ᠤ ᠬᠠᠮᠲᠦ ᠶᠢᠨ ᠦᠮᠴᠢᠯᠠᠯ ᠤᠨ ᠡᠷᠬᠡ ᠶᠢᠨ ᠲᠦᠷᠢᠮ ᠤᠨ ᠦᠬᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠬᠦᠯᠪᠡ᠃ ᠨᠢᠰᠬᠡᠯ ᠤᠨ ᠪᠠᠭᠤᠳᠠᠯ ᠢ ᠠᠰᠢᠭᠯᠠᠯᠳᠠ ᠳᠤ ᠤᠷᠤᠭᠤᠯᠵᠦ᠂ ︽ᠠᠭᠠᠷ ᠠᠶᠠᠯᠠᠯ︾ ᠲᠣᠭᠲᠠᠭᠰᠠᠨ ᠬᠤᠭᠤᠴᠠᠭᠠᠨ ᠳᠤ ᠨᠡᠪᠳᠡᠷᠡᠵᠦ᠂ ᠠᠶᠢᠮᠠᠭ ᠤᠨ ᠵᠠᠬᠢᠷᠭ᠎ᠠ᠂ ᠣᠷᠤᠨ ᠤ ᠲᠥᠪ᠂ ᠨᠡᠶᠢᠰᠯᠡᠯ ᠬᠦᠷᠬᠦ ᠭᠤᠷᠪᠠᠨ ᠱᠣᠭᠤᠮ ᠤᠨ ᠠᠶᠠᠯᠠᠯ ᠢ ᠪᠡᠶᠡᠯᠡᠬᠦᠯᠪᠡ᠃ ᠰᠦᠨᠢᠳ ᠪᠠᠷᠠᠭᠤᠨ ᠬᠤᠰᠢᠭᠤᠨ ᠠᠴᠠ ᠬᠤᠸᠠᠳᠧ ᠰᠢᠶᠠᠨ ᠬᠦᠷᠬᠦ ᠰᠢᠯᠢ ᠶᠢᠨ ᠭᠤᠣᠯ ᠠᠶᠢᠮᠠᠭ ᠤᠨ ᠬᠡᠰᠡᠭ ᠳᠠᠬᠢ ᠥᠨᠳᠦᠷ ᠬᠤᠷᠳᠤᠴᠠᠳᠤ ᠵᠠᠰᠠᠮᠠᠯ ᠵᠠᠮ ᠪᠠᠷᠢᠯᠭ᠎ᠠ ᠲᠠᠭᠤᠰᠴᠤ ᠰᠢᠯᠭᠠᠨ ᠪᠠᠶᠢᠴᠠᠭᠠᠯᠲᠠ ᠶᠢ ᠦᠩᠭᠡᠷᠡᠭᠦᠯᠦᠨ᠂ ︽ᠡᠮᠦᠨ᠎ᠡ ᠤᠮᠠᠷᠠᠰᠢ ᠶᠢᠨ ᠶᠡᠭᠡ ᠵᠠᠮ ᠱᠣᠭᠤᠮ ︾ ᠤᠳᠠᠯ ᠦᠭᠡᠢ ᠨᠡᠪᠲᠡᠷᠡᠬᠦ ᠪᠤᠯᠤᠨ᠎ᠠ᠃ 313 ᠮᠣᠵᠢ ᠶᠢᠨ ᠲᠡᠰ ᠤᠨ ᠮᠢᠩᠭᠠᠲᠤ ᠪᠠᠯᠭᠠᠰᠤ ᠠᠴᠠ ᠰᠢᠨᠡᠪᠤᠯᠠᠭ ᠪᠠᠯᠭᠠᠰᠤ ᠬᠦᠷᠬᠦ ᠵᠠᠰᠠᠮᠠᠯ ᠵᠠᠮ ᠤᠨ ᠭᠡᠰᠡᠭ ᠤᠨ ᠶᠠᠷᠥᠩᠭᠡᠢ ᠪᠠᠷᠢᠯᠭ᠎ᠠ ᠶᠢᠨ 80%᠎ ᠶᠢ ᠪᠡᠶᠡᠯᠡᠭᠦᠯᠵᠤ᠂ ᠴᠠᠬᠠᠷ ᠪᠠᠷᠠᠭᠤᠨ ᠭᠠᠷᠣᠨ ᠬᠤᠶᠢᠲᠣ ᠬᠤᠰᠢᠭᠤᠨ ᠤ ᠪᠠᠶᠠᠨᠴᠠᠭᠠᠨ ᠪᠠᠯᠭᠠᠰᠤᠨ ᠠᠴᠠ ᠰᠢᠯᠣᠭᠤᠨ ᠬᠦᠪᠡᠭᠡᠲᠦ ᠴᠠᠭᠠᠨ ᠬᠤᠰᠢᠭᠤᠨ ᠤ ᠠᠨ ᠶᠧ ᠬᠦᠷᠬᠦ ᠬᠡᠰᠡᠭ ᠤᠨ ᠦᠨᠳᠦᠷ ᠬᠤᠷᠳᠦᠴᠠᠲᠣ ᠵᠠᠰᠠᠮᠠᠯ ᠵᠠᠮ ᠤᠨ ᠪᠠᠷᠢᠯᠭ᠎ᠠ ᠶᠢᠨ ᠠᠬᠢᠴᠠ ᠣᠷᠣᠭᠰᠢᠲᠠᠢ ᠶᠠᠪᠤᠭᠳᠠᠪᠠ᠃        ︵ᠵᠢᠷᠭᠤᠭ᠎ᠠ ) ᠠᠷᠠᠯᠵᠢᠶᠠᠨ ᠤ ᠣᠷᠴᠢᠨ ᠲᠤᠭᠤᠷᠢᠨ ᠦᠷᠭᠦᠯᠵᠢᠯᠡᠨ ᠰᠢᠯᠢᠳᠡᠭᠵᠢᠪᠡ᠃ ︽ᠡᠷᠬᠡ ᠶᠢ ᠲᠣᠷᠣᠭᠰᠢ ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ ︽ᠭᠤᠷᠪᠠ ᠎ ᠶᠢ ᠲᠥᠪᠯᠡᠷᠡᠬᠦᠯᠦᠨ᠂ ᠭᠤᠷᠪᠠ ᠶᠢ ᠪᠡᠶᠡᠯᠡᠬᠦᠯᠬᠦ︾᠎ ᠶᠢ ᠤᠯᠠᠮ ᠴᠢᠩᠭᠠᠳᠬᠠᠵᠤ᠂ ᠥᠪᠡᠷᠲᠡᠭᠡᠨ ᠵᠠᠰᠠᠬᠤ ᠣᠷᠤᠨ ᠤ ᠨᠢᠭᠡ ᠴᠣᠭᠴᠠᠵᠢᠭᠤᠯᠤᠭᠰᠠᠨ ᠲᠠᠪᠴᠠᠩ ᠲᠡᠭᠡᠷ᠎ᠡ 879 ᠵᠤᠷᠪᠣᠰ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠴᠢᠷ ᠶᠠᠪᠤᠳᠠᠯ ᠢ ᠬᠦᠯᠢᠶᠡᠨ ᠠᠪᠴᠤ᠂ 474 ᠵᠤᠷᠪᠤᠰ ᠰᠦᠯᠵᠢᠶᠡᠨ ᠲᠡᠭᠡᠷ᠎ᠡ ᠪᠡᠶᠡᠯᠡᠬᠦᠯᠵᠦ ᠪᠤᠯᠠᠬᠤ ᠤᠴᠢᠷ ᠶᠠᠪᠤᠳᠠᠯ ᠢ ᠬᠦᠯᠢᠶᠡᠨ ᠠᠪᠴᠤ᠂ ᠰᠦᠯᠵᠢᠶᠡᠨ ᠲᠡᠭᠡᠷ᠎ᠡ ᠪᠡᠶᠡᠯᠡᠬᠦᠯᠵᠦ ᠪᠣᠯᠬᠤ ᠨᠤᠷᠮ᠎ᠠ 100%᠎ ᠳᠤ ᠬᠦᠷᠪᠡ᠃ ︽ᠲᠣᠣᠷ ᠰᠦᠯᠵᠢᠶ᠎ᠡ + ᠬᠢᠨᠠᠨ ᠬᠠᠮᠢᠶᠠᠷᠬᠤ︾ ᠲᠠᠪᠴᠠᠩ ᠲᠡᠭᠡᠷ᠎ᠡ 701 ᠵᠤᠷᠪᠤᠰ ᠬᠢᠨᠠᠨ ᠬᠠᠮᠢᠶᠠᠷᠬᠤ ᠤᠴᠢᠷ ᠶᠠᠪᠤᠳᠠᠯ ᠢ ᠬᠦᠯᠢᠶᠡᠨ ᠠᠪᠴᠤ᠂ 686 ᠵᠤᠷᠪᠤᠰ ᠬᠢᠨᠠᠨ ᠬᠡᠷᠡᠭᠵᠢᠬᠦᠯᠬᠦ ᠲᠥᠷᠦᠯ ᠵᠦᠢᠯ ᠢ ᠡᠮᠬᠢᠳᠭᠡᠪᠡ᠃ 512 ᠵᠣᠷᠪᠤᠰ ᠬᠢᠨᠠᠨ ᠬᠦᠢᠴᠡᠳᠭᠡᠬᠦ ᠦᠢᠯᠡᠴᠢᠯᠡᠭᠡᠨ ᠤ ᠲᠥᠷᠦᠯ ᠵᠦᠢᠯ ᠢ ᠡᠮᠬᠢᠳᠭᠡᠨ ᠬᠦᠢᠴᠡᠳᠭᠡᠵᠦ᠂ 5655 ᠲᠦᠷᠦᠯ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠡᠮᠬᠢᠳᠭᠡᠪᠡ᠃ ᠰᠣᠮᠣ ᠪᠠᠯᠭᠠᠰᠣᠨ ᠳᠤ 74 ᠲᠥᠷᠦᠯ ᠵᠦᠢᠯ ᠤᠨ ᠡᠷᠬᠡ ᠶᠢ ᠪᠠᠭᠤᠯᠭᠠᠪᠠ᠃ ︽ᠦᠨᠡᠮᠯᠡᠯ ᠣᠯᠭᠤᠭᠰᠠᠨ ᠤ ᠳᠠᠷᠠᠭ᠎ᠠ ᠪᠠᠷᠢᠮᠲᠠ ᠶᠢ ᠴᠤᠮᠬᠠᠳᠬᠠᠬᠤ︾᠎ ᠶᠢ ᠲᠦᠯᠬᠢᠨ ᠠᠬᠢᠭᠤᠯᠵᠤ᠂ ᠭᠡᠷᠡᠴᠢ ᠦᠨᠡᠮᠯᠡᠯ ᠬᠦᠢᠴᠡᠳᠭᠡᠬᠦ ᠴᠠᠭ ᠢ 3 ᠠᠵᠢᠯ ᠤᠨ ᠡᠳᠣᠷ ᠪᠣᠯᠭᠠᠨ ᠪᠣᠭᠤᠨᠢᠰᠬᠠᠵᠤ᠂ ᠠᠵᠣ ᠠᠬᠤᠶᠢᠯᠠᠯ ᠤᠨ ᠨᠡᠷᠡᠶᠢᠳᠣᠯ ᠪᠠ ᠠᠵᠤ ᠠᠬᠤᠶᠢᠯᠠᠯ ᠢ ᠲᠠᠩᠰᠠᠯᠠᠬᠤ ᠪᠦᠬᠦ ᠶᠠᠪᠣᠴᠠ ᠶᠢᠨ ᠡᠯᠧᠺᠲᠷᠣᠨᠴᠢᠯᠡᠯᠲᠠ ᠶᠢ ᠪᠡᠶᠡᠯᠡᠬᠦᠯᠪᠡ᠃ ᠶᠠᠷᠦ ᠶᠢᠨ ᠲᠠᠩᠰᠠᠯᠠᠬᠤ ᠪᠠ ᠲᠤᠭᠳᠠᠮᠠᠯ ᠬᠦᠷᠦᠩᠭᠡ ᠶᠢ ᠪᠠᠷᠢᠴᠠᠭᠠᠯᠠᠨ ᠲᠠᠩᠰᠠᠯᠠᠬᠤ ᠴᠠᠭ ᠢ 30 ᠠᠵᠢᠯ ᠤᠨ ᠡᠳᠣᠷ ᠠᠴᠠ ᠪᠣᠭᠤᠨᠢᠰᠬᠠᠭᠠᠳ᠂ 5 ᠠᠵᠢᠯ ᠤᠨ ᠡᠳᠣᠷ ᠪᠤᠯᠭᠠᠪᠠ᠃ ᠢᠳᠡᠬᠡᠮᠵᠢ ᠶᠢᠨ ᠴᠣᠭᠴᠠ ᠶᠢᠨ ᠪᠠᠶᠢᠭᠤᠯᠤᠯᠲᠠ ᠶᠢ ᠡᠮᠬᠢ ᠲᠠᠷᠠᠭ᠎ᠠ ᠲᠠᠢ ᠲᠦᠯᠬᠢᠨ ᠠᠬᠢᠭᠤᠯᠪᠠ᠃ ᠰᠢᠨ᠎ᠡ ᠪᠠᠷ ᠪᠠᠶᠢᠭᠤᠯᠣᠭᠰᠠᠨ ᠵᠠᠰᠠᠭ ᠤᠨ ᠦᠢᠯᠡᠴᠢᠯᠡᠭᠡᠨ ᠤ ᠲᠢᠩᠬᠢᠮ ᠤᠨ ᠲᠥᠷᠥᠯ ᠵᠦᠢᠯ ᠤᠨ ᠭᠤᠣᠯ ᠴᠣᠭᠴᠠ ᠶᠢᠨ ᠪᠠᠷᠢᠯᠭ᠎ᠠ ᠶᠢᠨ ᠠᠵᠢᠯ ᠢ ᠬᠢᠵᠤ ᠲᠠᠭᠤᠰᠬᠠᠪᠠ᠃       ︵ᠳᠤᠯᠤᠭ᠎ᠠ︶ ᠰᠠᠭᠤᠭᠠᠯᠢ ᠠᠷᠠᠳ ᠤᠨ ᠠᠰᠢᠭ ᠬᠦᠷᠲᠡᠮᠵᠢ ᠂ ᠠᠵᠠ ᠵᠢᠷᠭᠠᠯ᠂ ᠠᠮᠤᠷ ᠲᠥᠪᠰᠢᠨ ᠤ ᠲᠥᠷᠦᠭᠳᠡᠯ ᠳᠤᠪᠤᠶᠢᠮ᠎ᠠ ᠨᠡᠮᠡᠭᠳᠡᠪᠡ᠃ ᠠᠷᠠᠳ ᠣᠯᠠᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠳᠤᠵᠢᠭᠤᠯᠵᠤ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠤ 3.33 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠤ᠂ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠶᠢᠨ 69.9%᠎ ᠶᠢ ᠡᠵᠡᠯᠡᠵᠦ᠂ ᠵᠢᠯ ᠤᠨ ᠳᠤᠮᠳᠠᠴᠢ ᠨᠡᠮᠡᠭᠲᠡᠯ ᠤᠨ ᠨᠤᠷᠮ᠎ᠠ ᠨᠢ 4.7%᠎ ᠳᠤ ᠬᠦᠷᠪᠡ᠃ ᠦᠢᠯᠡᠰ ᠪᠤᠰᠬᠠᠬᠤ ᠬᠦᠷᠢᠶᠡᠯᠡᠩ ᠢ ᠪᠠᠶᠢᠭᠤᠯᠵᠤ᠂ ᠰᠤᠷᠭᠠᠭᠤᠯᠢ ᠶᠢᠨ ᠠᠵᠢᠯ ᠠᠴᠠ ᠪᠠᠨ ᠠᠮᠠᠷᠠᠭᠰᠠᠳ᠂ ᠴᠡᠷᠢᠭ ᠠᠴᠠ ᠬᠠᠯᠠᠭᠳᠠᠭᠰᠠᠳ ᠪᠠ ᠠᠵᠢᠯ ᠦᠢᠯᠡᠰ ᠤᠨ ᠨᠢᠭᠡᠴᠡ ᠶᠢᠨ ᠦᠩᠭᠡᠷᠡᠭᠰᠡᠨ ᠵᠢᠯ ᠤᠨ ᠡᠯᠰᠡᠨ ᠬᠡᠷᠡᠭᠯᠡᠭᠰᠡᠨ ᠬᠦᠮᠦᠰ ᠤᠨ ᠤᠷᠤᠨ ᠲᠣᠭᠠᠨ ᠤ ᠠᠰᠠᠭᠤᠳᠠᠯ ᠢ ᠰᠢᠢᠳᠪᠦᠷᠢᠯᠡᠵᠦ᠂ ᠠᠵᠢᠯ ᠣᠯᠭᠤᠵᠤ ᠦᠢᠯᠡᠰ ᠪᠦᠳᠦᠭᠡᠬᠦ ᠦᠢᠯᠡᠴᠢᠯᠡᠭᠡᠨ ᠤ ᠬᠢᠷᠢ ᠲᠥᠪᠰᠢᠨ ᠦᠷᠭᠦᠯᠵᠢᠯᠡᠨ ᠳᠡᠭᠡᠭᠰᠢᠯᠡᠵᠦ᠂ ᠬᠤᠲᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ 3.2%᠎ ᠶᠢᠨ ᠳᠤᠲᠤᠷ᠎ᠠ ᠬᠢᠵᠠᠭᠠᠷᠯᠠᠪᠠ᠃ ᠣᠯᠠᠨ ᠲᠥᠮᠡᠨ ᠤ ᠰᠡᠳᠬᠢᠯ ᠬᠠᠨᠤᠮᠵᠢᠲᠤ ᠰᠤᠷᠭᠠᠨ ᠬᠦᠮᠦᠵᠢᠯ ᠢ ᠰᠠᠶᠢᠲᠤᠷ ᠬᠢᠵᠦ᠂ ᠰᠤᠷᠭᠠᠨ ᠬᠦᠮᠦᠵᠢᠯ ᠤᠨ ᠬᠦᠷᠢᠶᠡᠯᠡᠩ ᠲᠣᠭᠤᠷᠢᠭ ᠢ ᠪᠠᠶᠢᠭᠤᠯᠤᠨ᠂ ᠮᠣᠩᠭᠤᠯ ᠪᠠᠭ᠎ᠠ ᠰᠤᠷᠭᠠᠭᠤᠯᠢ᠂ ᠨᠠᠬᠢᠶ᠎ᠠ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠵᠡᠷᠭᠡ ᠰᠠᠭᠤᠷᠢ ᠪᠦᠳᠦᠭᠡᠨ ᠪᠠᠶᠢᠭᠤᠯᠤᠯᠲᠠ ᠶᠢᠨ ᠠᠵᠢᠯ ᠲᠠᠭᠤᠰᠴᠤ ᠠᠰᠢᠭᠯᠠᠯᠲᠠ ᠳᠤ ᠤᠷᠤᠵᠤ᠂ ᠰᠤᠷᠭᠠᠭᠤᠯᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠨᠤᠷᠮ᠎ᠠ 100 %᠎ ᠳᠤ ᠬᠦᠷᠴᠦ᠂ ᠰᠤᠷᠭᠠᠭᠤᠯᠢ ᠡᠷᠬᠢᠯᠡᠬᠦ ᠨᠦᠬᠦᠴᠡᠯ ᠪᠠ ᠵᠢᠭᠠᠨ ᠰᠤᠷᠭᠠᠯᠲᠠ ᠶᠢᠨ ᠶᠠᠰᠤ ᠴᠢᠨᠠᠷ ᠪᠦᠬᠦ ᠠᠶᠢᠮᠠᠭ ᠤᠨ ᠲᠡᠷᠢᠬᠦᠨ ᠡᠩᠨᠡᠭᠡᠨ ᠳᠤ ᠵᠢᠭᠰᠠᠭᠠᠭᠳᠠᠵᠤ᠂ ᠤᠯᠤᠰ ᠤᠨ ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠬᠦᠷᠢᠲᠡᠢ ᠬᠦᠭᠵᠢᠯᠲᠡ ᠶᠢᠨ ᠦᠨᠡᠯᠡᠨ ᠰᠢᠯᠭᠠᠯᠲᠠ ᠶᠢ ᠦᠩᠭᠡᠷᠡᠭᠡᠵᠦ᠂ ᠠᠯᠪᠠᠨ ᠠᠴᠠ ᠡᠷᠬᠢᠯᠡᠭᠰᠡᠨ ᠴᠡᠴᠡᠷᠯᠢᠭ ᠤᠨ ᠬᠡᠤᠬᠡᠳ ᠤᠨ ᠡᠵᠡᠯᠡᠬᠦ ᠬᠠᠷᠢᠴᠠᠯ ᠤᠨ ᠨᠣᠷᠮ᠎ᠠ ᠨᠢ ᠪᠦᠬᠦ ᠠᠶᠢᠮᠠᠭ ᠠᠴᠠ 23 ᠴᠡᠭ ᠦᠨᠳᠦᠷ ᠪᠠᠶᠢᠵᠤ᠂ ᠶᠡᠭᠡ ᠰᠤᠷᠭᠠᠭᠤᠯᠢ ᠶᠢᠨ ᠦᠨᠳᠦᠰᠦᠨ ᠠᠩᠭᠢ ᠳᠤ ᠰᠢᠯᠭᠠᠨ ᠤᠷᠤᠭᠰᠠᠨ ᠨᠤᠷᠮ᠎ᠠ ᠨᠢ ︽ᠠᠷᠪᠠᠨ ᠬᠤᠶᠠᠳᠤᠭᠠᠷ ᠲᠠᠪᠤᠨ ᠵᠢᠯ︾᠎ ᠤᠨ ᠰᠡᠬᠦᠯᠴᠢ ᠶᠢᠨ ᠬᠤᠭᠤᠴᠠᠭᠠᠨ ᠠᠴᠠ 28 ᠴᠡᠭ ᠥᠨᠳᠦᠷ ᠪᠠᠶᠢᠵᠤ᠂ ︽ᠳ᠋ᠤᠺᠲ᠋ᠤᠷ ᠤᠨ ᠥᠯᠦᠭᠡᠢ︾᠎ ᠶᠢᠨ ᠠᠯᠳᠠᠷ ᠢ ᠤᠯᠠᠮ ᠠᠯᠳᠠᠷᠰᠢᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠮᠤᠩᠭᠤᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠠᠰᠠᠷ᠂ ᠡᠬᠡ ᠨᠢᠯᠬᠠᠰ ᠲᠥᠯᠦᠪᠯᠡᠭᠡᠲᠦ ᠦᠷᠡᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠰᠠᠷ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠤᠯᠠᠮ ᠲᠡᠭᠦᠯᠳᠡᠷᠵᠢᠬᠦᠯᠦᠨ᠂ ︽ᠤᠯᠤᠰ ᠤᠨ ᠲᠡᠰ ᠤᠨ ᠡᠷᠡᠬᠦᠯ ᠮᠡᠨᠳᠦ ᠶᠢᠨ ᠲᠠᠪᠰᠢᠭᠰᠠᠨ ᠬᠤᠰᠢᠭᠤ︾᠂ ᠦᠪᠡᠷᠲᠡᠭᠡᠨ ᠵᠠᠰᠠᠬᠤ ᠤᠷᠤᠨ ᠤ ᠡᠷᠡᠬᠦᠯ ᠮᠡᠨᠳᠦ ᠶᠢᠨ ᠪᠠᠴᠢᠮ ᠪᠠᠶᠢᠳᠠᠯ ᠢ ᠠᠷᠭᠠᠴᠠᠬᠤ ᠲᠥᠷᠢᠮᠵᠢᠭᠰᠡᠨ ᠬᠤᠰᠢᠭᠤ᠂ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠬᠦᠯᠦᠭᠰᠡᠨ ᠬᠤᠰᠢᠭᠤ᠂ ᠡᠷᠡᠭᠦᠯ ᠴᠢᠬᠢᠷᠠᠭ ᠢ ᠠᠬᠢᠭᠤᠯᠤᠭᠰᠠᠨ ᠬᠤᠰᠢᠭᠤ ᠵᠡᠷᠭᠡ ᠢᠷᠠᠭᠤ ᠠᠯᠳᠠᠷ ᠢ ᠬᠦᠷᠲᠡᠪᠡ᠃ ᠬᠦᠮᠦᠨ ᠤ ᠬᠤᠭᠤᠷᠤᠨᠳᠤᠬᠢ ᠬᠤᠯᠤᠭᠠᠨ᠎ᠠ ᠬᠢᠵᠢᠭ ᠢ ᠰᠡᠷᠭᠡᠶᠢᠯᠡᠬᠦ ᠲᠠᠶᠢᠯᠠᠯᠲᠤᠭᠠᠨ ᠢ ᠢᠯᠠᠨ ᠳᠠᠪᠠᠵᠤ᠂ ᠬᠤᠯᠤᠭᠠᠨ᠎ᠠ ᠶᠢᠨ ᠬᠤᠭᠤᠷᠤᠨᠳᠤᠬᠢ ᠬᠢᠵᠢᠭ ᠳᠡᠯᠭᠡᠷᠡᠬᠦ ᠬᠠᠨᠳᠤᠰᠢ ᠶᠢ ᠪᠦᠳᠦᠮᠵᠢᠲᠠᠢ ᠬᠤᠷᠢᠭᠯᠠᠨ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠶᠢᠨ ᠬᠢᠵᠢᠭ ᠢ ᠬᠤᠰᠢᠭᠤᠨ ᠤ ᠭᠠᠳᠠᠨ᠎ᠠ ᠪᠦᠳᠦᠮᠵᠢᠲᠠᠢ ᠬᠤᠷᠢᠭᠯᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠥᠪᠰᠢᠨ ᠪᠠ ᠡᠷᠡᠭᠦᠯ ᠮᠡᠨᠳᠦ ᠶᠢ ᠪᠦᠬᠦ ᠲᠠᠯ᠎ᠠ ᠪᠠᠷ ᠬᠠᠮᠠᠭᠠᠯᠠᠪᠠ᠃ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠦᠪ ᠪᠠ ᠠᠷᠠᠳ ᠤᠨ ᠡᠮᠨᠡᠯᠭᠡ ᠶᠢᠨ ᠬᠤᠷᠢᠶᠠᠨ ᠤ PCR ᠲᠤᠷᠰᠢᠯᠲᠠ ᠶᠢᠨ ᠲᠠᠰᠤᠭ ᠠᠰᠢᠭᠯᠠᠯᠲᠠ ᠳᠤ ᠤᠷᠤᠵᠤ᠂ ᠬᠡᠭᠡᠷ᠎ᠡ ᠶᠢᠨ ᠬᠤᠯᠤᠭᠠᠨ᠎ᠠ ᠬᠢᠵᠢᠭ ᠢ ᠬᠢᠨᠠᠨ ᠪᠠᠶᠢᠴᠠᠭᠠᠬᠤ ᠦᠷᠲᠡᠭᠡ ᠶᠢᠨ ᠲᠦᠷᠦᠯ ᠵᠦᠢᠯ ᠢ ᠠᠮᠵᠢᠯᠲᠠᠲᠠᠢ ᠲᠥᠯᠬᠢᠨ ᠠᠬᠢᠭᠤᠯᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠦᠷᠢ ᠮᠡᠳᠡᠭᠳᠡᠮ᠎ᠡ ᠲᠡᠭᠡᠭᠰᠢᠯᠡᠪᠡ᠃ ᠬᠤᠲᠠ ᠬᠦᠳᠡᠭᠡ ᠶᠢᠨ ᠲᠤᠤᠷ᠎ᠠ ᠪᠠᠲᠤᠯᠠᠭ᠎ᠠ᠂ ᠣᠨᠴᠠ ᠶᠠᠳᠠᠭᠤ ᠬᠦᠴᠢᠷᠳᠡᠯᠳᠡᠢ ᠬᠦᠮᠦᠰ ᠢ ᠠᠰᠠᠷᠠᠨ ᠲᠡᠵᠢᠭᠡᠬᠦ᠂ ᠲᠦᠷ ᠴᠠᠭ ᠤᠨ ᠠᠪᠤᠷᠠᠨ ᠲᠤᠰᠠᠯᠠᠬᠤ ᠵᠡᠷᠭᠡ ᠨᠠᠶᠢᠭᠡᠮ ᠤᠨ ᠪᠠᠲᠤᠯᠠᠭ᠎ᠠ ᠶᠢ ᠨᠡᠶᠢᠳᠡᠮ ᠪᠦᠷᠬᠦᠭᠦᠯᠦᠨ᠂ ᠳᠤᠯᠠᠭᠠᠨ ᠮᠠᠯᠵᠢᠬᠤ ᠤᠷᠤᠨ ᠤ ᠨᠠᠰᠤᠲᠠᠨ ᠢ ᠠᠰᠠᠷᠠᠬᠤ ᠲᠦᠪ᠂ ᠨᠡᠶᠢᠭᠡᠮ ᠲᠤᠭᠤᠷᠢᠭ ᠤᠨ ᠠᠵᠢᠯ ᠤᠨ ᠴᠠᠭ ᠤᠨ ᠠᠷᠠᠴᠢᠯᠠᠵᠤ ᠬᠠᠷᠠᠭᠠᠯᠵᠠᠬᠤ ᠲᠦᠪ ᠪᠠ ᠨᠠᠰᠤᠲᠠᠨ ᠢ ᠠᠰᠠᠷᠠᠬᠤ ᠭᠠᠵᠠᠷ ᠢᠶᠠᠷ ᠭᠤᠤᠯ ᠴᠤᠭᠴᠠ ᠪᠤᠯᠭᠠᠭᠰᠠᠨ ᠰᠢᠨ᠎ᠡ ᠬᠡᠯᠪᠡᠷᠢ ᠶᠢᠨ ᠨᠠᠰᠤᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠢ ᠤᠯᠠᠮ ᠲᠡᠭᠦᠯᠳᠡᠷᠵᠢᠵᠦ᠂ ᠵᠡᠮᠳᠡᠭᠴᠦᠳ ᠢ ᠨᠠᠶᠢᠳᠠᠨ ᠠᠰᠠᠷᠠᠬᠤ ᠲᠦᠪ ᠠᠰᠢᠭᠯᠠᠯᠲᠠ ᠳᠤ ᠤᠷᠤᠪᠠ᠃ ᠬᠤᠲᠠ ᠪᠠᠯᠭᠠᠰᠤᠨ ᠤ ᠬᠠᠭᠤᠴᠢᠨ ᠣᠷᠤᠨ ᠰᠠᠭᠤᠴᠠ ᠶᠢᠨ ᠲᠤᠭᠤᠷᠢᠭ ᠤᠨ ᠦᠭᠡᠷᠡᠴᠢᠯᠡᠯᠲᠡ ᠶᠢ 3300 ᠡᠷᠦᠬᠡ᠂ ᠳᠦᠭᠦᠮ ᠪᠦᠳᠦᠴᠡᠳᠦ ᠤᠷᠤᠨ ᠰᠠᠭᠤᠴᠠ ᠶᠢᠨ ᠦᠭᠡᠷᠡᠴᠢᠯᠡᠯᠲᠡ ᠶᠢ 1540 ᠡᠷᠦᠬᠡ ᠳᠤ ᠬᠢᠵᠤ᠂ ᠭᠡᠷ ᠬᠦᠷᠦᠩᠭᠡ ᠶᠢᠨ ᠥᠮᠴᠢᠯᠡᠯ ᠤᠨ ᠡᠷᠬᠡ ᠶᠢᠨ ᠦᠨᠡᠮᠯᠡᠯ ᠤᠨ ᠦᠯᠡᠳᠡᠭᠳᠡᠯ ᠠᠰᠠᠭᠤᠳᠠᠯ ᠢ ᠪᠦᠬᠦᠯᠢ ᠴᠣᠭᠴᠠ ᠪᠠᠷ ᠰᠢᠢᠳᠪᠦᠷᠢᠯᠡᠭᠰᠡᠨ ᠨᠤᠷᠮ᠎ᠠ 92.8%᠎ ᠳᠤ ᠬᠦᠷᠴᠦ᠂ ᠪᠦᠬᠦ ᠠᠶᠢᠮᠠᠭ ᠤᠨ ᠨᠣᠷᠮ᠎ᠠ ᠠᠴᠠ 6.8 ᠴᠡᠭ ᠦᠨᠳᠦᠷ᠃ ︽ᠨᠣᠮ ᠤᠩᠰᠢᠬᠤ ᠡᠳᠦᠷ᠂ ᠪᠡᠶ᠎ᠡ ᠴᠢᠬᠢᠷᠠᠭᠵᠢᠭᠤᠯᠬᠤ ᠡᠳᠦᠷ ᠂ ᠠᠷᠢᠭᠤᠨ ᠴᠡᠪᠡᠷᠯᠡᠭᠡ ᠶᠢᠨ ᠡᠳᠦᠷ︾ ᠵᠡᠷᠭᠡ ᠠᠵᠢᠯᠯᠠᠭ᠎ᠠ ᠶᠢ ᠢᠳᠡᠪᠬᠢᠲᠠᠢ ᠦᠷᠨᠢᠭᠦᠯᠪᠡ᠃ ᠤᠯᠠᠭᠠᠨᠮᠦ᠋ᠴᠢᠷ ᠤᠨ ᠲᠣᠬᠠᠢ ᠰᠠᠭᠤᠳᠠᠯ ᠤᠨ ᠬᠤᠷᠠᠯ ᠢ ᠬᠤᠷᠠᠯᠳᠤᠭᠤᠯᠵᠤ᠂ ᠤᠯᠠᠭᠠᠨᠮᠦ᠋ᠴᠢᠷ ᠤᠨ ᠪᠤᠯᠪᠠᠰᠤᠷᠠᠯ ᠤᠨ ᠲᠢᠩᠬᠢᠮ ᠢ ᠪᠠᠶᠢᠭᠤᠯᠪᠠ ᠃ ᠬᠤᠰᠢᠭᠤ ᠤᠯᠠᠭᠠᠨᠮᠦ᠋ᠴᠢᠷ ᠨᠢ ᠪᠦᠬᠦ ᠤᠷᠤᠨ ᠤ ᠠᠷᠪᠠᠨ ᠰᠢᠯᠢᠳᠡᠭ ᠤᠯᠠᠭᠠᠨᠮᠦ᠋ᠴᠢᠷ ᠢᠶᠠᠷ ᠦᠨᠡᠯᠡᠭᠳᠡᠪᠡ᠃ ᠬᠤᠰᠢᠭᠤ ᠰᠤᠶᠤᠯ ᠤᠨ ᠤᠷᠳᠤᠨ ᠨᠢ ᠪᠦᠬᠦ ᠤᠷᠤᠨ ᠤ ᠠᠷᠪᠠᠨ ᠰᠢᠯᠢᠳᠡᠭ ᠰᠤᠶᠤᠯ ᠤᠨ ᠤᠷᠳᠤᠨ ᠢᠶᠠᠷ ᠦᠨᠡᠯᠡᠭᠳᠡᠪᠡ ᠃ ᠲᠦᠷᠪᠠᠨ ᠬᠤᠭᠤᠴᠠᠭ᠎ᠠ ᠳᠠᠷᠠᠭᠠᠯᠠᠨ ︽ᠪᠦᠬᠦ ᠣᠷᠤᠨ ᠤ ᠬᠤᠶᠠᠷ ᠢ ᠬᠦᠷᠢᠶᠡᠯᠡᠬᠦ ᠵᠢᠱᠢᠶ᠎ᠡ ᠦᠵᠡᠬᠦᠯᠬᠦ ᠬᠤᠰᠢᠭᠤ︾᠎ ᠪᠠᠷ ᠨᠡᠷᠡᠶᠢᠳᠦᠭᠳᠡᠪᠡ᠃ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠠᠮᠵᠢᠯᠲᠠᠲᠠᠢ ᠳᠠᠭᠤᠰᠬᠠᠵᠤ᠂ ᠠᠶᠤᠯᠬᠦᠢ ᠦᠢᠯᠡᠳᠪᠦᠷᠢᠯᠡᠯ᠂ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ ᠲᠥᠪᠰᠢᠨ ᠵᠡᠷᠭᠡ ᠰᠢᠷᠢᠰ ᠲᠤᠰᠬᠠᠢ ᠲᠡᠮᠡᠴᠡᠯ ᠢ ᠦᠷᠨᠢᠭᠦᠯᠦᠨ᠂ ᠨᠡᠶᠢᠭᠡᠮ ᠤᠨ ᠵᠠᠰᠠᠯᠲᠠ ᠶᠢᠨ ᠴᠢᠳᠠᠪᠦᠷᠢ ᠪᠠ ᠵᠠᠰᠠᠯᠲᠠ ᠶᠢᠨ ᠲᠣᠭᠲᠠᠯᠴᠠᠭᠠᠨ ᠤ ᠤᠳᠤᠬᠢᠴᠢᠯᠠᠯᠲᠠ ᠶᠢᠨ ᠬᠢᠷᠢ ᠲᠥᠪᠰᠢᠨ ᠲᠠᠰᠤᠷᠠᠯᠲᠠ ᠦᠭᠡᠢ ᠲᠡᠭᠡᠭᠰᠢᠯᠡᠪᠡ᠃ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠦᠭᠦᠯᠡᠯᠲᠡ ᠶᠢ ᠭᠦᠨᠵᠡᠭᠡᠢ ᠤᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠳᠤᠵᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠢᠮᠠ ᠶᠢ ᠠᠬᠢᠭᠤᠯᠬᠤ︾ ᠠᠵᠢᠯᠯᠠᠭ᠎ᠠ ᠶᠢ ᠭᠦᠨᠵᠡᠭᠡᠢ ᠥᠷᠨᠢᠬᠦᠯᠵᠦ᠂ ︽ᠭᠤᠷᠪᠠᠨ ᠰᠠᠯᠵᠤ ᠪᠤᠯᠤᠰᠢ ᠦᠭᠡᠢ︾᠂ ︽ᠲᠠᠪᠤᠨ ᠵᠥᠪᠰᠢᠶᠡᠷᠡᠬᠦ︾ ᠦᠵᠡᠯ ᠰᠠᠨᠠᠭᠠᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠵᠤ᠂ ᠮᠤᠩᠭᠤᠯ ᠢᠶᠠᠷ ᠬᠢᠴᠢᠶᠡᠯᠯᠡᠬᠦ ᠲᠤᠮᠳᠠᠳᠤ ᠪᠠᠭ᠎ᠠ ᠰᠤᠷᠭᠠᠭᠤᠯᠢ ᠳᠤ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠡᠬᠦᠷᠭᠡ ᠶᠢ ᠪᠡᠶᠡᠯᠡᠭᠦᠯᠦᠨ᠂ ︽ᠪᠦᠬᠦ ᠤᠷᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠬᠦᠯᠦᠭᠰᠡᠨ ᠬᠤᠰᠢᠭᠤ︾᠎ ᠶᠢᠨ ᠢᠷᠠᠭᠤ ᠠᠯᠳᠠᠷ ᠢ ᠬᠦᠷᠲᠡᠪᠡ᠃ ᠨᠠᠮ ᠤᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠲᠠ᠂ ᠬᠤᠶᠠᠷ ᠢ ᠬᠦᠷᠢᠶᠡᠯᠡᠨ ᠬᠠᠮᠲᠤᠪᠡᠷ ᠪᠠᠶᠢᠭᠤᠯᠬᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠲᠤᠭ᠎ᠠ ᠪᠦᠷᠢᠳᠭᠡᠯ᠂ ᠭᠠᠵᠠᠷ ᠬᠦᠳᠡᠯᠦᠯᠲᠡ᠂ ᠴᠠᠭ ᠠᠭᠤᠷ᠂ ᠨᠡᠶᠢᠭᠡᠮ ᠤᠨ ᠰᠢᠨᠵᠢᠯᠡᠬᠦ ᠤᠬᠠᠭᠠᠨ᠂ ᠳᠠᠩᠰᠠ ᠡᠪᠬᠡᠮᠡᠯ ᠲᠡᠤᠬᠡ ᠤᠶᠢᠯᠠᠯᠭ᠎ᠠ᠂ ᠭᠠᠳᠠᠭᠠᠲᠤ ᠶᠠᠪᠤᠳᠠᠯ ᠬᠠᠷᠢᠶᠠᠲᠤ ᠶᠢᠨ ᠶᠠᠪᠤᠳᠠᠯ ᠵᠡᠷᠭᠡ ᠠᠵᠢᠯ ᠢ ᠤᠯᠠᠮ ᠴᠢᠩᠭᠠᠳᠬᠠᠪᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ᠂ ᠰᠢᠨᠵᠢᠯᠡᠭᠡ ᠮᠡᠷᠭᠡᠵᠢᠯ᠂ ᠵᠡᠮᠳᠡᠭᠴᠦᠳ ᠪᠠ ᠤᠯᠠᠭᠠᠨ ᠵᠠᠭᠠᠯᠮᠠᠶᠢᠲᠠᠨ ᠤ ᠦᠢᠯᠡᠰ ᠰᠢᠨ᠎ᠡ ᠠᠬᠢᠴᠠ ᠎ ᠲᠠᠢ ᠪᠣᠯᠪᠠ᠃ ᠳᠦᠷᠪᠡᠲᠦᠭᠡᠷ ᠤᠳᠠᠭᠠᠨ ᠤ ᠠᠵᠤ ᠠᠬᠤᠢ ᠶᠢᠨ ᠨᠠᠶᠢᠲᠠᠮ ᠤᠨ ᠪᠠᠶᠢᠴᠠᠭᠠᠯᠲᠠ ᠶᠢ ᠪᠡᠶᠡᠯᠡᠭᠦᠯᠵᠦ᠂ ᠲᠤᠯᠤᠲᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠦᠷᠨᠢᠭᠦᠯᠪᠡ᠃       ︵ᠨᠠᠢᠮᠠ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠤᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠭᠡᠨ᠂ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠲᠥᠷᠢᠮ ᠢ ᠲᠡᠬᠦᠯᠳᠡᠷᠵᠢᠬᠦᠯᠵᠦ᠂ ︽ᠳᠤᠯᠤᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠡᠬᠦᠷᠭᠡ ᠶᠢ ᠪᠡᠶᠡᠯᠡᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠲᠥᠷᠦᠯ ᠤᠨ ᠲᠥᠷᠢᠮ ︾᠎ ᠤᠨ ᠦᠭᠡᠷᠡᠴᠢᠯᠡᠯᠲᠡ ᠶᠢ ᠴᠢᠨᠠᠷᠯᠢᠭ ᠲᠦᠯᠬᠢᠨ ᠠᠬᠢᠭᠤᠯᠵᠤ᠂ ︽ᠳᠥᠷᠪᠡ ᠶᠢ ᠨᠢᠭᠡ ᠴᠣᠭᠴᠠᠵᠢᠭᠤᠯᠬᠤ︾ ᠦᠨᠳᠦᠰᠦᠨ ᠱᠠᠳᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢᠨ ᠰᠢᠰᠲ᠋ᠧᠮ ᠪᠠ ᠵᠥᠷᠢᠴᠡᠯ ᠮᠥᠷᠬᠦᠯᠳᠦᠭᠡᠨ ᠢ ᠡᠶᠡᠳᠡᠬᠦᠯᠬᠦ ᠤᠯᠠᠨ ᠡᠰᠢᠴᠢᠯᠡᠭᠰᠡᠨ ᠲᠤᠭᠲᠠᠯᠴᠠᠭ᠎ᠠ ᠶᠢ ᠤᠯᠠᠮ ᠲᠡᠭᠦᠯᠳᠡᠷᠵᠢᠪᠡ᠃ ᠨᠠᠮ ᠤᠨ ᠤᠯᠤᠰ ᠲᠥᠷᠦ ᠶᠢᠨ ᠰᠠᠬᠢᠯᠭ᠎ᠠ ᠪᠠᠲᠤ ᠪᠠ ᠳᠥᠷᠢᠮ ᠲᠤᠭᠲᠠᠭᠠᠯ ᠢ ᠴᠢᠩᠭ᠎ᠠ ᠵᠢᠷᠤᠮᠯᠠᠵᠤ᠂ ᠨᠠᠮ ᠤᠨ ᠰᠤᠷᠳᠠᠯ᠂ ᠴᠢᠭᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠵᠠᠬᠢᠷᠭᠠᠨ ᠤ ᠱᠠᠭᠠᠷᠳᠠᠨ ᠪᠠᠶᠢᠴᠠᠭᠠᠬᠤ᠂ ᠬᠢᠨᠠᠨ ᠪᠣᠳᠣᠵᠣ ᠬᠢᠨᠠᠨ ᠪᠠᠶᠢᠴᠠᠭᠠᠬᠤ ᠬᠦᠴᠦᠯᠡᠴᠡ ᠶᠢ ᠴᠢᠩᠭᠠᠷᠠᠭᠤᠯᠵᠤ᠂ ᠵᠠᠰᠠᠭ ᠤᠨ ᠣᠷᠳᠤᠨ ᠤ ᠰᠢᠰᠲ᠋ᠧᠮ ᠤᠨ ᠴᠢᠭᠡᠴᠢ ᠵᠠᠰᠠᠭ ᠤᠨ ᠪᠠᠶᠢᠭᠤᠯᠤᠯᠲᠠ ᠶᠢ ᠯᠠᠪᠳᠠᠭᠤᠨ ᠲᠦᠯᠬᠢᠨ ᠠᠬᠢᠭᠤᠯᠪᠠ᠃ ᠦᠵᠡᠯ ᠤᠬᠠᠮᠰᠠᠷ ᠤᠨ ᠬᠡᠯᠪᠡᠷᠢ ᠶᠢ ᠨᠢᠭᠡᠳᠦᠯᠳᠡᠢ ᠲᠥᠯᠦᠪᠵᠢᠬᠦᠯᠦᠨ ᠠᠬᠢᠭᠤᠯᠵᠤ᠂ ᠲᠦᠪ ᠬᠤᠷᠢᠶᠠᠨ ᠤ ︽ᠨᠠᠢᠮᠠᠨ ᠵᠣᠷᠪᠤᠰ ᠲᠤᠭᠲᠠᠭᠠᠯ︾᠎ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠪᠠ᠃ ︽ᠤᠭ ᠰᠠᠨᠠᠭ᠎ᠠ ᠪᠠᠨ ᠦᠯᠦ ᠮᠡᠷᠲᠡᠨ᠂ ᠡᠭᠦᠷᠭᠡ ᠬᠠᠷᠢᠭᠤᠴᠠᠯᠭ᠎ᠠ ᠎ ᠪᠠᠨ ᠪᠠᠲᠦ ᠴᠡᠭᠡᠵᠢᠯᠡᠬᠦ︾ ᠲᠤᠰᠬᠠᠢ ᠰᠡᠳᠦᠪᠲᠦ ᠬᠦᠮᠦᠵᠢᠯ ᠢ ᠭᠦᠨᠵᠡᠭᠡᠢ ᠥᠷᠨᠢᠬᠦᠯᠵᠦ᠂ ᠬᠡᠯᠪᠡᠷᠢᠴᠢ ᠦᠵᠡᠯ᠂ ᠨᠤᠶᠠᠨᠴᠢ ᠦᠵᠡᠯ ᠢ ᠦᠷᠭᠦᠯᠵᠢᠯᠡᠨ ᠵᠠᠰᠠᠨ ᠴᠡᠭᠴᠡᠯᠡᠵᠦ᠂ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠠᠯᠪᠠᠨ ᠪᠠᠶᠢᠭᠤᠯᠭ᠎ᠠ ᠶᠢᠨ ᠺᠠᠳ᠋ᠷ ᠤᠨ ᠬᠡᠪ ᠰᠤᠷᠲᠠᠯ ᠮᠡᠲᠡᠭᠳᠡᠮ᠎ᠡ ᠰᠠᠶᠢᠵᠢᠷᠠᠵᠤ᠂ ᠵᠠᠰᠠᠭ ᠵᠠᠬᠢᠷᠭᠠᠨ ᠤ ᠴᠢᠳᠠᠪᠤᠷᠢ ᠪᠠ ᠵᠠᠰᠠᠭ ᠤᠨ ᠤᠷᠳᠤᠨ ᠤ  ᠬᠡᠷᠡᠭᠵᠢᠬᠦᠯᠦᠯᠲᠡ ᠶᠢᠨ ᠬᠦᠴᠦᠨ ᠪᠦᠬᠦ ᠲᠠᠯ᠎ᠠ ᠪᠠᠷ ᠳᠡᠭᠡᠭᠰᠢᠯᠡᠪᠡ᠃ ᠵᠠᠰᠠᠭ ᠤᠨ ᠣᠷᠳᠤᠨ ᠤ ᠬᠠᠣᠯᠢ ᠴᠠᠭᠠᠵᠠ ᠶᠢᠨ ᠵᠥᠪᠯᠡᠭᠴᠢ ᠶᠢᠨ ᠳᠥᠷᠢᠮ ᠢ ᠲᠡᠬᠦᠯᠳᠡᠷᠵᠢᠬᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠣᠯᠭ᠎ᠠ ᠶᠢᠨ ᠶᠠᠪᠤᠴᠠ ᠲᠥᠷᠢᠮ ᠲᠣᠭᠲᠠᠭᠠᠯ ᠳᠤ ᠵᠠᠰᠠᠪᠦᠷᠢ ᠤᠷᠤᠭᠤᠯᠤᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠬᠦᠯᠬᠦ ᠬᠠᠷᠢᠭᠤᠴᠠᠯᠭ᠎ᠠ ᠶᠢᠨ ᠲᠥᠷᠢᠮ ᠢ ᠪᠠᠶᠢᠭᠤᠯᠵᠤ ᠂ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠪᠠ ᠬᠢᠨᠠᠯᠲᠠ ᠲᠠᠯᠪᠢᠬᠤ ᠶᠢ ᠴᠢᠩᠭᠠᠳᠬᠠᠪᠠ᠃ ᠵᠠᠰᠠᠭ ᠤᠨ ᠣᠷᠳᠤᠨ ᠤ ᠬᠤᠳᠠᠯᠳᠤᠨ ᠠᠪᠬᠤ ᠪᠠ  ᠳᠠᠭᠠᠭᠠᠴᠢᠯᠠᠯᠲᠠ ᠵᠠᠷᠯᠠᠬᠤ ᠶᠠᠪᠤᠴᠠ ᠶᠢ ᠲᠥᠷᠢᠮᠵᠢᠬᠦᠯᠪᠡ᠃ ᠬᠤᠰᠢᠭᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠦᠭᠡᠯᠡᠭᠴᠢᠳ ᠤᠨ ᠰᠠᠨᠠᠯ ᠲᠤᠷᠠᠳᠤᠯᠭ᠎ᠠ᠂ ᠤᠯᠤᠰ ᠲᠥᠷᠦ ᠶᠢᠨ ᠵᠥᠪᠯᠡᠯᠭᠡᠨ ᠤ ᠭᠡᠰᠢᠬᠦᠳ ᠤᠨ ᠰᠠᠨᠠᠯ ᠵᠥᠪᠯᠡᠯᠭᠡ ᠶᠢ ᠪᠦᠬᠦᠨ ᠢ ᠰᠢᠢᠳᠪᠦᠷᠢᠯᠡᠪᠡ᠃        ᠲᠥᠯᠦᠭᠡᠯᠡᠭᠴᠢᠳ ᠡ︕ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠪᠳᠤᠯᠤᠯᠲᠠ ᠶᠢᠨ ᠵᠢᠯ ᠪᠤᠯᠤᠨ᠎ᠠ᠂ ᠮᠦᠨᠴᠦ ᠮᠠᠨ ᠤ ᠬᠤᠰᠢᠭᠤᠨ ᠤ ᠬᠦᠭᠵᠢᠯᠲᠡ ᠶᠢᠨ ᠠᠬᠢᠴᠠ ᠲᠤᠮᠳᠠᠬᠢ ᠴᠢᠬᠤᠯᠠ ᠲᠡᠦᠭᠡᠲᠦ ᠤᠳᠬ᠎ᠠ ᠠᠭᠤᠯᠭ᠎ᠠ ᠲᠠᠢ ᠲᠠᠪᠤᠨ ᠵᠢᠯ ᠪᠤᠯᠤᠨ᠎ᠠ᠃ ᠦᠩᠭᠡᠷᠡᠭᠰᠡᠨ ᠲᠠᠪᠤᠨ ᠵᠢᠯ ᠳᠤ᠂ ᠪᠢᠳᠡ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ᠂ ᠰᠢᠨ᠎ᠡ ᠲᠢᠳᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠨ ᠡᠵᠡᠮᠳᠡᠬᠦ ᠵᠡᠷᠭᠡ ᠴᠢᠩᠭ᠎ᠠ ᠬᠠᠲᠠᠭᠤ ᠪᠡᠷᠭᠡᠰᠢᠶᠡᠯ ᠪᠠ ᠠᠶᠤᠯ ᠲᠦᠭᠰᠢᠬᠦᠷᠢᠲᠦ ᠦᠷᠢᠰᠦᠯᠳᠦᠭᠡᠨ ᠢ ᠦᠩᠭᠡᠷᠡᠭᠡᠵᠦ᠂ ᠰᠢᠨ᠎ᠡ ᠬᠦᠭᠵᠢᠯᠲᠡ ᠶᠢᠨ ᠣᠶᠢᠯᠠᠭᠠᠭᠳᠠᠬᠤᠨ ᠢ ᠬᠢᠨᠠᠮᠠᠭᠠᠢ ᠲᠤᠤᠱᠯᠠᠭᠤᠯᠵᠤ᠂ ᠬᠦᠭᠵᠢᠯᠲᠡ ᠶᠢᠨ ᠠᠷᠭ᠎ᠠ ᠬᠡᠯᠪᠡᠷᠢ ᠪᠠᠨ ᠬᠦᠨᠵᠡᠭᠡᠢ ᠬᠤᠪᠢᠷᠠᠭᠤᠯᠵᠤ᠂ ᠠᠮᠢ ᠠᠬᠤᠢ ᠪᠠᠷ ᠤᠷᠢᠳᠠᠯ ᠪᠤᠯᠭᠠᠵᠤ᠂ ᠪᠤᠬᠢᠷᠳᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠢ ᠢᠳᠡᠪᠬᠢᠳᠡᠢ ᠬᠠᠶᠢᠨ ᠰᠦᠪᠡᠭᠴᠢᠯᠡᠨ᠂ ᠬᠦᠪᠡᠭᠡᠲᠦ ᠰᠢᠷ᠎ᠠ ᠬᠤᠰᠢᠭᠤᠨ ᠤ ᠬᠦᠭᠵᠢᠯᠲᠡ ᠶᠢᠨ ᠲᠡᠦᠬᠡᠨ ᠳᠠᠬᠢ ᠰᠢᠨ᠎ᠡ ᠬᠠᠭᠤᠳᠠᠰᠤ ᠶᠢ ᠪᠢᠴᠢᠭᠯᠡᠪᠡ᠃ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠠᠬᠢ ᠬᠦᠭᠵᠢᠯᠲᠡ ᠶᠢ ᠡᠷᠬᠢᠴᠡᠭᠦᠯᠪᠠᠯ᠄ ᠦᠩᠭᠡᠷᠡᠭᠰᠡᠨ ᠲᠠᠪᠤᠨ ᠵᠢᠯ ᠪᠣᠯ ᠮᠠᠨ ᠤ ᠬᠤᠰᠢᠭᠤᠨ ᠤ ᠤᠯᠤᠰ ᠲᠥᠷᠦ᠂ ᠠᠵᠤ ᠠᠬᠤᠢ᠂ ᠨᠡᠶᠢᠭᠡᠮ ᠪᠤᠯᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠭᠰᠠᠨ ᠲᠠᠪᠤᠨ ᠵᠢᠯ᠂ ᠬᠦᠭᠵᠢᠯᠲᠡ ᠶᠢᠨ ᠠᠷᠭ᠎ᠠ ᠬᠡᠯᠪᠡᠷᠢ ᠲᠦᠷᠭᠡᠰᠦᠨ ᠬᠤᠪᠢᠷᠠᠵᠤ᠂ ᠬᠦᠭᠵᠢᠯᠲᠡ ᠶᠢᠨ ᠰᠠᠭᠤᠷᠢ ᠦᠷᠬᠦᠯᠵᠢᠯᠡᠨ ᠪᠠᠳᠤᠵᠢᠵᠤ᠂ ᠬᠦᠭᠵᠢᠯᠲᠡ ᠶᠢᠨ ᠪᠦᠬᠦ ᠲᠠᠯᠠᠲᠤ᠂ ᠵᠤᠬᠢᠴᠠᠩᠭᠤᠢ᠂ ᠦᠷᠬᠦᠯᠵᠢᠯᠡᠬᠦᠶᠢᠴᠡ ᠴᠢᠨᠠᠷ ᠲᠠᠰᠤᠷᠠᠯᠲᠠ ᠦᠭᠡᠢ ᠲᠡᠭᠡᠭᠰᠢᠯᠡᠭᠰᠡᠨ ᠲᠠᠪᠤᠨ ᠵᠢᠯ᠂ ᠮᠦᠨᠴᠦ ᠦᠭᠡᠷᠡᠴᠢᠯᠡᠯᠲᠡ ᠶᠢᠨ ᠪᠤᠭᠤᠮᠳᠠ ᠰᠢᠪᠳᠤᠯᠤᠯᠲᠠ ᠠᠤᠭ᠎ᠠ ᠶᠡᠭᠡ ᠬᠦᠴᠦᠯᠡᠴᠡ ᠲᠠᠢ᠂ ᠮᠠᠯᠵᠢᠬᠤ ᠣᠷᠤᠨ ᠤ ᠦᠩᠭᠡ ᠦᠵᠡᠮᠵᠢ ᠠᠰᠤᠷᠤ ᠶᠡᠭᠡ ᠬᠤᠪᠢᠷᠠᠯᠲᠠ ᠲᠠᠢ᠂ ᠠᠷᠠᠳ ᠣᠯᠠᠨ ᠠᠰᠢᠭ ᠬᠦᠷᠲᠡᠮᠵᠢ ᠬᠠᠮᠤᠭ ᠰᠠᠶᠢᠨ ᠲᠠᠪᠤᠨ ᠵᠢᠯ ᠪᠤᠯᠤᠨ᠎ᠠ᠃ ᠡᠳᠡᠭᠡᠷ ᠠᠮᠵᠢᠯᠲᠠ ᠶᠢ ᠣᠯᠣᠭᠰᠠᠨ ᠶᠠᠪᠤᠳᠠᠯ ᠪᠣᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠵᠥᠪ ᠤᠨᠤᠪᠴᠢᠲᠠᠢ ᠤᠳᠤᠷᠢᠳᠤᠯᠭ᠎ᠠ ᠵᠢᠴᠢ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠣᠯᠠᠨ ᠲᠥᠮᠡᠨ ᠤ ᠬᠠᠮᠳᠤᠪᠡᠷ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠤᠯᠬᠤ ᠶᠤᠮ᠃ ᠠᠳᠡ ᠪᠢ ᠬᠤᠰᠢᠭᠤ ᠵᠠᠰᠠᠭ ᠤᠨ ᠣᠷᠳᠤᠨ ᠢ ᠲᠥᠯᠦᠭᠡᠯᠡᠵᠦ᠂ ᠬᠦᠪᠡᠭᠡᠲᠦ ᠰᠢᠷ᠎ᠠ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠠᠷᠭ᠎ᠠ ᠪᠣᠳᠣᠯᠭ᠎ᠠ ᠰᠦᠪᠡᠭᠴᠢᠯᠡᠨ᠂ ᠬᠦᠴᠦᠨ ᠴᠢᠳᠠᠯ ᠢᠶᠠᠨ ᠡᠷᠬᠦᠭᠰᠡᠨ ᠡᠯ᠎ᠡ ᠲᠦᠯᠦᠭᠡᠯᠡᠭᠴᠢᠳ᠂ ᠭᠡᠰᠢᠬᠦᠳ᠂ ᠪᠦᠬᠦ ᠬᠤᠰᠢᠭᠤᠨ ᠤ ᠡᠯ᠎ᠡ ᠠᠵᠢᠯ ᠤᠨ ᠹᠷᠦᠨᠲ ᠳᠤ ᠭᠠᠪᠰᠢᠭᠠᠶᠢᠯᠠᠨ ᠲᠡᠮᠡᠴᠠᠵᠤ ᠪᠠᠶᠢᠭ᠎ᠠ ᠦᠷᠭᠡᠨ ᠣᠯᠠᠨ ᠺᠠᠳ᠋ᠷ ᠠᠵᠢᠯᠲᠠᠳ ᠵᠢᠴᠢ ᠡᠯ᠎ᠡ ᠦᠨᠳᠦᠰᠦᠳᠡᠨ ᠤ ᠠᠷᠠᠳ ᠲᠥᠮᠡᠨ᠂ ᠬᠦᠪᠡᠭᠡᠲᠦ ᠰᠢᠷ᠎ᠠ ᠬᠤᠰᠢᠭᠤᠨ ᠤ ᠬᠦᠭᠵᠢᠯᠲᠡ ᠪᠠ ᠪᠦᠳᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠳᠡᠭᠡᠳ ᠤᠨ ᠬᠢᠨ ᠳᠤ ᠬᠠᠮᠤᠭ ᠤᠨ ᠲᠡᠭᠡᠳᠦ ᠬᠦᠨᠳᠦᠳᠭᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠦᠶ᠎ᠡ︕        ᠪᠢᠳᠡ ᠠᠮᠵᠢᠯᠲᠠ ᠪᠠᠨ ᠣᠯᠵᠤ ᠬᠠᠷᠠᠬᠤ ᠶᠢᠨ ᠳᠠᠭᠠᠤ᠂ ᠤᠳᠤᠬᠠᠨ ᠤ ᠬᠢᠵᠢᠭ ᠤᠨ ᠪᠠᠶᠢᠳᠠᠯ ᠪᠤᠯᠤᠨ ᠭᠠᠳᠠᠭᠠᠲᠤ ᠣᠷᠴᠢᠨ ᠳᠤ ᠤᠷᠤᠰᠢᠵᠤ ᠪᠠᠶᠢᠭ᠎ᠠ ᠮᠠᠰᠢ ᠠᠷᠪᠢᠨ ᠲᠤᠳᠤᠷᠬᠠᠢ ᠪᠤᠰᠤ ᠪᠠᠶᠢᠳᠠᠯ ᠢ ᠰᠡᠷᠭᠡᠭ ᠢᠶᠠᠷ ᠲᠠᠨᠢᠬᠤ ᠬᠡᠷᠡᠭᠳᠡᠢ᠃ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠪᠦᠳᠦᠴᠡ ᠰᠢᠯᠢᠳᠡᠭᠵᠢᠭᠡ ᠦᠭᠡᠢ᠂ ᠲᠡᠰ ᠲᠠᠪᠬᠤᠷᠭ᠎ᠠ ᠥᠨᠳᠦᠷ ᠪᠠᠶᠢᠷᠢᠨ ᠳᠤ ᠬᠦᠷᠦᠭᠡ ᠦᠭᠡᠢ᠂ ᠠᠶᠤᠯ ᠲᠥᠭᠰᠢᠬᠦᠷᠢ ᠶᠢ ᠰᠡᠷᠭᠡᠶᠢᠯᠡᠬᠦ ᠴᠢᠳᠠᠪᠦᠷᠢ ᠲᠤᠳᠠᠮᠠᠭ ᠵᠡᠷᠭᠡ ᠪᠠᠶᠢᠳᠠᠯ ᠨᠢ ᠪᠢᠳᠡᠨ ᠤ ᠭᠤᠣᠯ ᠪᠣᠯᠬᠤ ᠪᠠᠭᠤᠷᠠᠢ ᠲᠠᠯ᠎ᠠ ᠪᠠᠶᠢᠵᠤ᠂ ᠠᠵᠤ ᠠᠬᠤᠢ ᠶᠢᠨ ᠨᠡᠮᠡᠭᠳᠡᠯ ᠨᠢ ᠭᠤᠣᠯᠳᠠᠭᠤ ᠡᠬᠢ ᠪᠠᠶᠠᠯᠢᠭ ᠤᠨ ᠠᠵᠤ ᠦᠢᠯᠡᠰ ᠲᠤ ᠲᠥᠰᠢᠭᠯᠡᠵᠦ᠂ ᠬᠦᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠡᠬᠦᠷᠭᠡ ᠬᠦᠨᠳᠦ ᠪᠠᠶᠢᠨ᠎ᠠ᠃ ᠡᠳ᠋ ᠤᠨ ᠵᠠᠰᠠᠭ ᠤᠨ ᠣᠷᠤᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ᠂ ᠥᠷᠢ ᠥᠭᠴᠡᠭᠡ ᠶᠢ ᠰᠢᠢᠳᠪᠦᠷᠢᠯᠡᠬᠦ ᠪᠠ ︽ᠭᠤᠷᠪᠠᠨ ᠪᠠᠳᠤᠯᠠᠭ᠎ᠠ︾᠎ ᠶᠢᠨ ᠲᠠᠷᠤᠭᠠᠰᠤ ᠮᠠᠰᠢ ᠬᠦᠨᠳᠦ ᠪᠠᠶᠢᠨ᠎ᠠ᠃ ᠠᠶᠤᠯᠬᠦᠢ ᠦᠢᠯᠡᠳᠪᠦᠷᠢᠯᠡᠯ ᠪᠤᠯᠤᠨ ᠣᠯᠠᠨ ᠨᠡᠶᠢᠲᠡ ᠶᠢᠨ ᠡᠷᠡᠬᠦᠯ ᠬᠠᠮᠠᠭᠠᠯᠠᠯ᠂ ᠠᠮᠤᠷ ᠲᠥᠪᠰᠢᠨ ᠤ ᠲᠠᠷᠤᠭᠠᠰᠤ ᠲᠤᠩ ᠬᠦᠨᠳᠦ ᠪᠠᠶᠢᠨ᠎ᠠ᠃ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠶᠢᠨ ᠬᠦᠭᠵᠢᠯᠲᠡ ᠶᠢᠨ ᠬᠢᠷᠢ ᠲᠥᠪᠰᠢᠨ ᠨᠢ ᠬᠦᠭᠵᠢᠭᠰᠡᠨ ᠭᠠᠵᠠᠷ ᠣᠷᠤᠨ ᠲᠠᠢ ᠠᠳᠠᠯᠢᠳᠬᠠᠪᠠᠯ᠂ ᠮᠡᠳᠡᠭᠳᠡᠮ᠎ᠡ ᠵᠥᠷᠢᠶ᠎ᠡ ᠎ ᠲᠠᠢ ᠪᠠᠶᠢᠵᠤ᠂ ᠴᠢᠳᠠᠪᠦᠷᠢᠲᠠᠨ ᠳᠤᠳᠠᠭᠳᠠᠵᠤ ᠪᠠᠶᠢᠭ᠎ᠠ ᠠᠰᠠᠭᠤᠳᠠᠯ ᠲᠤᠪᠤᠶᠢᠮ᠎ᠠ ᠪᠠᠶᠢᠨ᠎ᠠ᠃ ᠵᠠᠰᠠᠭ ᠤᠨ ᠠᠵᠢᠯ ᠳᠤ ᠪᠠᠰᠠ ᠮᠠᠰᠢ ᠣᠯᠠᠨ ᠬᠦᠷᠦᠯᠴᠡᠬᠦ ᠦᠭᠡᠢ ᠲᠠᠯ᠎ᠠ ᠤᠷᠤᠰᠢᠵᠤ᠂ ᠵᠠᠰᠠᠭ ᠵᠠᠬᠢᠷᠭᠠᠨ ᠤ ᠦᠷ᠎ᠡ ᠪᠦᠳᠦᠮᠵᠢ ᠶᠢ ᠦᠷᠬᠦᠯᠵᠢᠯᠡᠨ ᠲᠡᠭᠡᠭᠰᠢᠯᠡᠬᠦᠯᠬᠦ ᠴᠢᠬᠤᠯᠠᠲᠠᠢ᠃ ᠵᠠᠷᠢᠮ ᠺᠠᠳ᠋ᠷ ᠤᠨ ᠦᠢᠯᠡᠴᠢᠯᠡᠬᠦ ᠤᠬᠠᠮᠰᠠᠷ᠂ ᠬᠠᠤᠯᠢ ᠢᠶᠠᠷ ᠵᠠᠰᠠᠬᠤ ᠪᠠ ᠣᠷᠴᠢᠨ ᠲᠤᠭᠤᠷᠢᠨ ᠢ ᠬᠠᠮᠠᠭᠠᠠᠯᠬᠤ ᠤᠬᠠᠮᠰᠠᠷ ᠰᠤᠯᠠ ᠳᠤᠷᠤᠢ᠂ ᠰᠢᠨ᠎ᠡ ᠬᠦᠭᠵᠢᠯᠲᠡ ᠶᠢᠨ ᠣᠶᠢᠯᠠᠭᠠᠭᠳᠠᠬᠤᠨ ᠪᠦᠷᠢᠮᠦᠰᠦᠨ ᠲᠡᠬᠦᠯᠳᠡᠷᠵᠢᠭᠡ ᠦᠭᠡᠢ᠂ ᠠᠷᠠᠯᠵᠢᠶ᠎ᠠ ᠬᠤᠲᠠᠯᠳᠤᠭ᠎ᠠ ᠡᠷᠬᠢᠯᠡᠬᠦ ᠣᠷᠴᠢᠨ ᠲᠤᠭᠤᠷᠢᠨ ᠢ ᠤᠯᠠᠮ ᠰᠢᠯᠢᠳᠡᠭᠵᠢᠬᠦᠯᠬᠦ ᠴᠢᠬᠤᠯᠠᠲᠠᠢ ᠪᠠᠶᠢᠨ᠎ᠠ᠃ ᠪᠢᠳᠡ ᠵᠠᠪᠠᠯ ᠠᠰᠠᠭᠤᠳᠠᠯ ᠪᠠ ᠦᠷᠢᠰᠦᠯᠳᠦᠭᠡᠨ ᠳᠤ ᠵᠥᠪ ᠬᠠᠨᠳᠤᠵᠤ᠂ ᠬᠠᠷᠢᠭᠤᠴᠠᠯᠭ᠎ᠠ ᠪᠠᠨ ᠵᠤᠷᠢᠭᠲᠠᠢ ᠡᠭᠦᠷᠭᠡᠯᠡᠨ᠂ ᠡᠬᠦᠷᠭᠡ ᠲᠣᠰᠢᠶᠠᠯ ᠢᠶᠠᠨ ᠬᠢᠴᠢᠶᠡᠩᠭᠦᠶᠢᠯᠡᠨ ᠪᠡᠶᠡᠯᠡᠬᠦᠯᠵᠦ᠂ ᠪᠦᠬᠦ ᠰᠡᠳᠬᠢᠯ ᠪᠦᠬᠦ ᠵᠣᠷᠢᠭ ᠢᠶᠠᠷ ᠡᠯ᠎ᠡ ᠲᠥᠷᠦᠯ ᠤᠨ ᠠᠵᠢᠯ ᠳᠠᠭᠠᠨ ᠰᠢᠮᠲᠠᠵᠤ᠂ ᠠᠷᠠᠳ ᠲᠥᠮᠡᠨ ᠤ ᠬᠦᠰᠡᠯ ᠱᠠᠭᠠᠷᠳᠠᠯᠭ᠎ᠠ ᠶᠢ ᠬᠦᠰᠡᠷᠳᠡᠬᠦᠯᠬᠦ ᠦᠭᠡᠢ ᠪᠠᠷ ᠴᠢᠷᠮᠠᠶᠢᠵᠠᠭᠠᠶ᠎ᠠ︕       ᠬᠤᠶᠠᠷ᠂ ︽ᠠᠷᠪᠠᠨ ᠲᠦᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠠᠬᠢ ᠠᠵᠤ ᠠᠬᠤᠢ ᠨᠡᠶᠢᠬᠡᠮ ᠎ ᠤᠨ ᠬᠦᠭᠵᠢᠯᠳᠡ ᠶᠢᠨ ᠭᠤᠤᠯ ᠬᠠᠷᠠᠯᠳᠠ ᠡᠭᠦᠷᠭᠡ        ᠬᠤᠰᠢᠭᠤ ᠨᠠᠮ ᠤᠨ ᠬᠤᠷᠢᠶᠠᠨ ᠤ ︽ᠤᠯᠣᠰ ᠠᠷᠠᠳ ᠤᠨ ᠠᠵᠤ ᠠᠬᠤᠢ ᠪᠠ ᠨᠠᠶᠢᠬᠡᠮ ᠤᠨ ᠬᠦᠭᠵᠢᠯᠳᠠ ᠎ ᠶᠢᠨ ᠠᠷᠪᠠᠨ ᠲᠦᠷᠪᠡᠳᠦᠬᠡᠷ ᠲᠠᠪᠤᠨ ᠵᠢᠯ ᠤᠨ ᠲᠦᠯᠦᠪᠵᠢᠬᠦᠯᠬᠡ ᠵᠢᠴᠢ ᠬᠤᠶᠠᠷ ᠮᠢᠩᠭ᠎ᠠ ᠪᠦᠭᠡᠳ ᠭᠤᠴᠢᠨ ᠲᠠᠪᠤᠨ ᠣᠨ ᠤ ᠠᠯᠤᠰ ᠭᠡᠳᠣ ᠶᠢᠨ ᠬᠠᠷᠠᠯᠳᠠ ᠶᠢ ᠲᠤᠭᠳᠠᠭᠠᠬᠤ ᠲᠤᠬᠠᠢ ᠰᠠᠨᠠᠯ︾᠎ ᠢ ᠦᠨᠳᠦᠰᠦᠯᠡᠵᠤ᠂ ᠪᠢᠳᠠ ︽ᠬᠦᠪᠡᠭᠡᠳᠣ ᠰᠢᠷ᠎ᠠ ᠬᠤᠰᠢᠭᠤᠨ ᠤ ᠤᠯᠣᠰ ᠠᠷᠠᠳ ᠤᠨ ᠠᠵᠤ ᠠᠬᠤᠢ ᠪᠠ ᠨᠠᠶᠢᠬᠡᠮ ᠤᠨ ᠬᠦᠭᠵᠢᠯᠳᠠ ᠶᠢᠨ ᠠᠷᠪᠠᠨ ᠲᠦᠷᠪᠡᠳᠦᠬᠡᠷ ᠲᠠᠪᠤᠨ ᠵᠢᠯ ᠤᠨ ᠲᠦᠯᠦᠪᠵᠢᠬᠦᠯᠬᠡ ᠵᠢᠴᠢ ᠬᠤᠶᠠᠷ ᠮᠢᠩᠭ᠎ᠠ ᠪᠦᠭᠡᠳ ᠭᠤᠴᠢᠨ ᠲᠠᠪᠤᠨ ᠣᠨ ᠤ ᠠᠯᠤᠰ ᠭᠡᠳᠣ ᠶᠢᠨ ᠬᠠᠷᠠᠯᠳᠠ ᠶᠢᠨ ᠬᠦᠳᠦᠯᠪᠦᠷᠢ ︵ᠳᠥᠰᠦᠯ︶︾᠎ ᠢ ᠨᠠᠶᠢᠷᠠᠭᠤᠯᠵᠤ᠂ ︽ᠠᠷᠪᠠᠨ ᠲᠦᠷᠪᠡᠳᠦᠬᠡᠷ ᠲᠠᠪᠤᠨ ᠵᠢᠯ︾᠎ ᠤᠨ ᠬᠤᠭᠤᠴᠠᠭᠠᠨ ᠳᠠᠬᠢ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠭᠤᠤᠯ ᠬᠠᠷᠠᠯᠳᠠ ᠶᠢ ᠲᠤᠭᠳᠠᠭᠠᠵᠤ᠂ ᠬᠦᠭᠵᠢᠯᠳᠠ ᠶᠢ ᠲᠤᠯᠭᠠᠭᠤᠷᠢᠯᠠᠬᠤ ᠬᠠᠮᠢᠶ᠎ᠠ ᠪᠦᠬᠦᠢ ᠴᠢᠬᠤᠯᠠ ᠡᠭᠦᠷᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠷᠠᠳᠴᠣ᠂ ᠲᠣᠰ ᠤᠳᠠᠭᠠᠨ ᠤ ᠶᠡᠭᠡ ᠬᠤᠷᠠᠯ ᠢᠶᠠᠷ ᠬᠢᠨᠠᠨ ᠵᠦᠪᠯᠡᠭᠦᠯᠦᠨ᠎ᠡ᠃        ︽ᠠᠷᠪᠠᠨ ᠲᠦᠷᠪᠡᠳᠦᠬᠡᠷ ᠲᠠᠪᠤᠨ ᠵᠢᠯ︾᠎ ᠤᠨ ᠬᠤᠭᠤᠴᠠᠭ᠎ᠠ ᠪᠤᠯ ᠨᠡᠶᠢᠬᠡᠮ ᠵᠢᠷᠤᠮᠳᠤ ᠣᠳᠣᠬᠢᠴᠢᠯᠠᠭᠰᠠᠨ ᠣᠯᠣᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠰᠢᠨ᠎ᠠ ᠠᠶᠠᠨ ᠢ ᠡᠬᠢᠯᠡᠬᠦᠯᠬᠦ ᠠᠩᠬᠠᠨ ᠤ ᠲᠠᠪᠤᠨ ᠵᠢᠯ ᠪᠤᠯᠤᠨ᠎ᠠ ᠃ ᠪᠢᠳᠡ ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠤᠩᠭᠤᠯ ᠤᠨ ᠠᠵᠢᠯ ᠤᠨ ᠲᠣᠬᠠᠢ ᠴᠢᠬᠤᠯᠠ ᠶᠠᠷᠢᠶ᠎ᠠ  ᠵᠢᠭᠠᠪᠣᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠠ ᠬᠦᠭᠵᠢᠯᠳᠠ ᠶᠢᠨ ᠱᠠᠳᠣ ᠦᠶ᠎ᠡ ᠶᠢ ᠣᠨᠣᠪᠴᠢᠳᠠᠢ ᠠᠳᠬᠤᠵᠤ᠂ ᠰᠢᠨ᠎ᠠ ᠬᠦᠭᠵᠢᠯᠳᠠ ᠶᠢᠨ ᠣᠶᠢᠯᠠᠭᠠᠭᠳᠠᠬᠤᠨ ᠢ ᠬᠦᠨᠵᠡᠬᠡᠢ ᠲᠤᠤᠱᠯᠠᠭᠤᠯᠵᠤ᠂ ᠰᠢᠨ᠎ᠠ ᠬᠦᠭᠵᠢᠯᠳᠠ ᠶᠢᠨ ᠪᠦᠳᠦᠴᠠ ᠲᠠᠢ ᠠᠭᠤᠰᠣᠯᠴᠠᠨ᠂ ︽ᠠᠮᠢ ᠠᠬᠤᠢ᠂ ᠬᠦᠭᠵᠢᠯᠳᠠ᠂ ᠠᠮᠣᠷ ᠲᠦᠪᠰᠢᠨ᠂ ᠠᠷᠠᠳ ᠎ ᠤᠨ ᠠᠮᠢᠳᠣᠷᠠᠯ︾᠎ ᠤᠨ ︽ᠲᠦᠷᠪᠡᠨ ᠬᠢᠵᠠᠭᠠᠷ ᠱᠣᠭᠤᠮ︾᠎ ᠢ ᠪᠠᠳᠣ ᠰᠠᠬᠢᠵᠤ᠂ ︽ᠨᠢᠬᠡ ᠪᠠᠯᠭᠠᠰᠤ︾᠂ ︽ᠲᠦᠷᠪᠡᠨ ᠰᠠᠭᠤᠷᠢᠨ ᠭᠠᠵᠠᠷ︾ ︽ᠨᠢᠬᠡ ᠴᠡᠭ︾ ︵ ᠨᠢᠭᠡ ᠪᠠᠯᠭᠠᠰᠤ — ᠴᠠᠭᠠᠨ ᠢᠳᠡᠭᠡᠨ ᠤ ᠪᠠᠯᠭᠠᠰᠣ︔ ᠳᠥᠷᠪᠡᠨ ᠰᠠᠭᠤᠷᠢᠨ ᠭᠠᠵᠠᠷ— ᠪᠤᠭᠢᠷᠳᠣᠯ ᠦᠬᠡᠢ ᠮᠠᠯ ᠠᠵᠤ ᠠᠬᠤᠢ ᠶᠢᠨ ᠪᠦᠳᠦᠬᠡᠭᠳᠡᠭᠦᠨ ᠪᠤᠯᠪᠠᠰᠣᠷᠠᠭᠤᠯᠬᠤ ᠰᠠᠭᠤᠷᠢᠨ ᠭᠠᠵᠠᠷ᠂ ᠴᠡᠪᠡᠷ ᠡᠨᠧᠷᠭᠢ ᠶᠢᠨ ᠭᠠᠳᠠᠭᠰᠢᠭᠤᠯᠤᠯᠳᠠ ᠶᠢᠨ ᠰᠠᠭᠤᠷᠢᠨ ᠭᠠᠵᠠᠷ᠂ ᠲᠠᠯ᠎ᠠ ᠨᠣᠳᠤᠭ ᠤᠨ ᠰᠣᠶᠣᠯ ᠵᠢᠭᠤᠯᠴᠢᠯᠠᠯ ᠤᠨ ᠰᠠᠭᠤᠷᠢᠨ ᠭᠠᠵᠠᠷ᠂ ᠲᠠᠯ᠎ᠠ ᠨᠣᠳᠤᠭ ᠤᠨ ᠠᠮᠢ ᠠᠬᠤᠢ ᠶᠢᠨ ᠵᠢᠱᠢᠶ᠎ᠡ ᠦᠵᠡᠬᠦᠯᠬᠦ ᠰᠠᠭᠤᠷᠢᠨ ᠭᠠᠵᠠᠷ︔ ᠨᠢᠭᠡ ᠴᠡᠭ—ᠣᠳᠣᠬᠢᠴᠢᠯᠠᠭᠰᠠᠨ ᠪᠤᠳᠠᠰ ᠤᠨ ᠬᠦᠢᠯᠬᠡᠬᠡᠨ ᠤ ᠴᠢᠬᠤᠯᠠ ᠴᠡᠭ︶᠎ ᠤᠨ ᠪᠠᠶᠢᠯᠳᠤᠬᠤ ᠪᠤᠳᠤᠯᠭ᠎ᠠ ᠶᠢᠨ ᠪᠦᠳᠦᠬᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠣ᠂ ᠪᠠᠶᠢᠯᠳᠣᠬᠤ ᠪᠤᠳᠤᠯᠭ᠎ᠠ ᠶᠢᠨ ᠵᠤᠭᠰᠣᠴᠠ ᠳᠤ ᠨᠡᠶᠢᠴᠡᠭᠰᠡᠨ᠂ ᠬᠦᠪᠡᠭᠡᠳᠣ ᠰᠢᠷ᠎ᠠ ᠬᠤᠰᠢᠭᠤᠨ ᠤ ᠤᠨᠴᠠᠯᠢᠭ ᠢ ᠬᠠᠷᠠᠭᠤᠯᠤᠭᠰᠠᠨ᠂ ︽ᠠᠮᠢ ᠠᠬᠤᠢ ᠪᠠᠷ ᠣᠷᠢᠳᠠᠯ ᠪᠤᠯᠭᠠᠬᠤ᠂ ᠪᠤᠭᠢᠷᠳᠣᠯ ᠦᠬᠡᠢ ᠬᠦᠭᠵᠢᠯᠳᠡ︾᠎ ᠪᠠᠷ ᠤᠲᠤᠷᠢᠳᠣᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢᠶᠠᠷ ᠵᠠᠮᠨᠠᠨ᠎ᠠ᠃       ︵ᠨᠢᠬᠡ︶ ᠠᠮᠢ ᠠᠬᠤᠢ ᠶᠢᠨ ᠬᠤᠷᠢᠭ᠎ᠠ ᠱᠤᠭᠤᠮ ᠢ ᠪᠠᠳᠣ ᠰᠠᠬᠢᠵᠤ᠂ ᠪᠤᠭᠢᠷᠳᠣᠯ ᠦᠬᠡᠢ ᠬᠦᠭᠵᠢᠯᠳᠠ ᠶᠢ ᠪᠠᠷᠢᠮᠳᠠᠯᠠᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠣᠨ ᠤ ᠦᠵᠡᠯ ᠰᠠᠨᠠᠭ᠎ᠠ ᠶᠢ ᠬᠦᠨᠵᠡᠬᠡᠢ ᠲᠣᠣᠱᠯᠠᠭᠤᠯᠵᠣ᠂ ᠬᠦᠭᠡᠮᠳᠦᠭ ᠨᠣᠭᠤᠭᠠᠨ ᠠᠭᠤᠯᠠ ᠣᠰᠣ ᠪᠣᠯ ᠠᠯᠳᠠ ᠮᠦᠩᠭᠦᠨ ᠠᠭᠤᠯᠠ ᠣᠰᠣ ᠪᠤᠯᠬᠤ ᠣᠶᠢᠯᠠᠭᠠᠭᠳᠠᠬᠤᠨ ᠢ ᠪᠠᠳᠤᠳᠬᠠᠨ᠂ ᠠᠮᠢ ᠠᠬᠤᠢ ᠶᠢᠨ ᠪᠤᠯᠪᠠᠰᠣᠨ ᠤ ᠣᠶᠢᠯᠠᠭᠠᠭᠳᠠᠬᠤᠨ ᠢ ᠪᠦᠬᠦᠶᠢᠯᠠ ᠠᠵᠤ ᠠᠬᠤᠢ ᠨᠡᠶᠢᠬᠡᠮ ᠤᠨ ᠬᠦᠭᠵᠢᠯᠳᠡ ᠳᠤ ᠠᠭᠤᠰᠣᠯᠴᠠᠭᠤᠯᠤᠨ᠎ᠠ᠃ ᠣᠯᠣᠰ ᠤᠨ ᠭᠠᠵᠠᠷ ᠰᠢᠷᠤᠢ ᠣᠷᠤᠨ ᠵᠠᠢ ᠶᠢᠨ ᠪᠠᠶᠢᠷᠢᠰᠢᠯᠠᠭᠤᠯᠤᠯᠳᠠ᠂ ᠠᠵᠤ ᠦᠢᠯᠡᠰ ᠤᠨ ᠬᠦᠭᠵᠢᠯᠳᠡ ᠶᠢᠨ ᠪᠠᠶᠢᠷᠢᠰᠢᠯᠠᠭᠤᠯᠤᠯᠳᠠ᠂ ᠬᠤᠳᠠ ᠪᠠᠯᠭᠠᠰᠣᠨ ᠤ ᠪᠦᠳᠦᠬᠡᠨ ᠪᠠᠶᠢᠭᠤᠯᠣᠯᠳᠠ ᠶᠢᠨ ᠪᠠᠶᠢᠷᠢᠰᠢᠯᠠᠭᠤᠯᠤᠯᠳᠠ ᠶᠢ ᠤᠯᠠᠮ ᠰᠢᠯᠢᠳᠡᠭᠵᠢᠬᠦᠯᠵᠤ᠂ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠣᠭᠤᠮ᠂ ᠣᠷᠴᠢᠨ ᠲᠤᠭᠤᠷᠢᠨ ᠤ ᠶᠠᠰᠣ ᠴᠢᠨᠠᠷ ᠤᠨ ᠬᠤᠷᠢᠭ᠎ᠠ ᠱᠣᠭᠤᠮ᠂ ᠡᠬᠢ ᠪᠠᠶᠠᠯᠢᠭ ᠤᠨ ᠠᠰᠢᠭᠯᠠᠯᠳᠠ ᠶᠢᠨ ᠬᠢᠵᠠᠭᠠᠷ ᠱᠣᠭᠤᠮ ᠢ ᠪᠠᠳᠣ ᠰᠠᠬᠢᠬᠤ ᠭᠡᠷᠡᠭᠳᠡᠢ᠃ ᠠᠵᠤ ᠦᠢᠯᠡᠰ ᠤᠨ ᠠᠮᠢ ᠠᠬᠤᠶᠢᠵᠢᠯᠳᠠ᠂ ᠠᠮᠢ ᠠᠬᠤᠢ ᠶᠢᠨ ᠠᠵᠣ ᠦᠢᠯᠡᠰᠵᠢᠯᠳᠡ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠤᠭᠢᠷᠳᠤᠯ ᠢ ᠰᠡᠷᠭᠡᠶᠢᠯᠠᠨ ᠵᠠᠰᠠᠬᠤ ᠪᠤᠭᠤᠮᠳᠠ ᠰᠢᠪᠳᠣᠯᠬᠤ ᠲᠠᠶᠢᠯᠠᠯᠳᠣᠭᠠᠨ ᠢ ᠰᠠᠶᠢᠳᠣᠷ ᠦᠷᠨᠢᠬᠦᠯᠦᠨ᠂ ᠮᠠᠯᠵᠢᠬᠤ ᠎ ᠶᠢ ᠵᠤᠭᠰᠣᠭᠠᠨ ᠪᠡᠯᠴᠢᠬᠡᠷ ᠰᠡᠷᠭᠦᠭᠡᠬᠦ ᠪᠠ ᠮᠠᠯ ᠪᠡᠯᠴᠢᠭᠡᠷ ᠤᠨ ᠲᠡᠩᠴᠡᠭᠦᠷᠢ ᠶᠢᠨ ᠲᠦᠷᠢᠮ ᠢ ᠴᠢᠩᠭ᠎ᠠ ᠭᠡᠷᠡᠭᠵᠢᠬᠦᠯᠦᠨ᠂ ᠪᠡᠬᠡᠵᠢᠩ ᠲᠢᠶᠠᠨᠵᠢᠨ ᠤ ᠰᠠᠯᠬᠢ ᠡᠯᠡᠰᠣᠨ ᠤ ᠰᠣᠷᠪᠣᠯᠵᠢ ᠶᠢ ᠵᠠᠰᠠᠬᠤ ᠪᠤᠯᠤᠨ ᠪᠤᠭᠢᠷᠳᠣᠯ ᠦᠬᠡᠢ ᠠᠭᠤᠷᠬᠠᠢ ᠵᠡᠷᠭᠡ ᠠᠮᠢ ᠠᠬᠤᠢ ᠶᠢᠨ ᠢᠨᠵᠧᠨᠧᠷᠢᠩ ᠢ ᠭᠡᠷᠡᠭᠵᠢᠬᠦᠯᠵᠤ᠂ ᠡᠨᠧᠷᠭᠢ ᠶᠢᠨ ᠬᠤᠷᠤᠭᠳᠠᠯ ᠤᠨ ᠬᠤᠤᠰ ᠡᠵᠡᠮᠰᠢᠯᠳᠡ ᠶᠢᠨ ᠠᠵᠢᠯ ᠢ ᠪᠦᠬᠦ ᠲᠠᠯ᠎ᠠ ᠪᠠᠷ ᠠᠳᠬᠤᠵᠤ᠂ ᠪᠤᠭᠢᠷᠳᠣᠯ ᠦᠬᠡᠢ ᠲᠤᠤᠷ᠎ᠠ ᠨᠡᠭᠦᠷᠡᠰᠦᠳᠦᠷᠦᠭᠴᠢᠳᠣ ᠠᠮᠢᠳᠣᠷᠠᠯ ᠤᠨ ᠠᠷᠭ᠎ᠠ ᠮᠠᠶ᠋ᠢᠭ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠂ ᠪᠣᠬᠢᠷᠳᠣᠯ ᠦᠬᠡᠢ ᠬᠦᠭᠵᠢᠯᠳᠠ ᠶᠢᠨ ᠰᠠᠭᠤᠷᠢ ᠶᠢ ᠲᠠᠰᠣᠷᠠᠯᠳᠠ ᠦᠬᠡᠢ ᠪᠠᠬᠢᠵᠢᠬᠦᠯᠦᠨ᠎ᠡ᠃        ︵ᠬᠤᠶᠠᠷ︶ ᠬᠦᠭᠵᠢᠯᠳᠠ ᠶᠢᠨ ᠬᠤᠷᠢᠭ᠎ᠠ ᠱᠣᠭᠤᠮ ᠢ ᠪᠠᠳᠤ ᠰᠠᠬᠢᠵᠤ᠂ ᠶᠠᠰᠦ ᠴᠢᠨᠠᠷ ᠦᠷ᠎ᠡ ᠠᠰᠢᠭ ᠢ ᠲᠡᠭᠡᠭᠰᠢᠯᠡᠬᠦᠯᠦᠨ᠎ᠠ᠃ ᠦᠬᠡᠷᠡᠴᠢᠯᠡᠯᠳᠡ ᠬᠢᠵᠦ ᠰᠢᠨ᠎ᠠ ᠶᠢ ᠡᠬᠦᠳᠬᠦ ᠶᠢ ᠪᠠᠷᠢᠮᠳᠠᠯᠠᠵᠤ᠂ ᠬᠦᠭᠵᠢᠯᠳᠠ ᠶᠢᠨ ᠬᠥᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠲᠠᠰᠣᠷᠠᠯᠳᠠ ᠦᠬᠡᠢ ᠨᠡᠮᠡᠭᠳᠡᠬᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠲᠠᠰᠣᠷᠠᠯᠳᠠ ᠦᠬᠡᠢ ᠲᠦᠯᠬᠢᠨ ᠠᠬᠢᠭᠤᠯᠵᠣ᠂ ᠤᠯᠠᠨ ᠡᠰᠢᠳᠣ ᠬᠦᠭᠵᠢᠯᠳᠠ ᠲᠠᠢ᠂ ᠤᠯᠠᠨ ᠲᠤᠶᠢᠯᠳᠣ ᠲᠤᠯᠭᠠᠭᠤᠷᠢᠯᠠᠬᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠎ ᠤᠨ ᠪᠠᠶᠢᠭᠤᠯᠤᠯᠳᠠ ᠶᠢ ᠲᠦᠷᠭᠡᠳᠬᠡᠨ ᠠᠵᠤ ᠠᠬᠤᠢ ᠶᠢᠨ ᠬᠦᠭᠵᠢᠯᠳᠠ ᠶᠢᠨ ᠶᠠᠰᠦ ᠴᠢᠨᠠᠷ ᠦᠷ᠎ᠡ ᠠᠰᠢᠭ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠠ᠃ ︽ᠴᠠᠬᠠᠷ ᠬᠤᠨᠢ᠂ ᠴᠠᠭᠠᠨ ᠢᠳᠡᠭᠡ︾᠂ ᠴᠡᠪᠡᠷ ᠡᠨᠧᠷᠬᠢ᠂ ᠰᠣᠶᠣᠯ ᠵᠢᠭᠤᠯᠴᠢᠯᠠᠯ ᠵᠡᠷᠬᠡ ᠲᠠᠪᠠᠭᠤᠯᠢᠭ ᠤᠨᠴᠠᠯᠢᠭ ᠲᠠᠢ ᠠᠵᠤ ᠦᠢᠯᠡᠰ ᠢ ᠬᠦᠴᠦᠷᠭᠡᠭᠵᠢᠬᠦᠯᠦᠨ ᠬᠦᠭᠵᠢᠬᠦᠯᠦᠨ᠎ᠠ᠃ ᠨᠢᠦᠪᠢ ᠲᠠᠨᠲ᠋ᠠᠯ᠂ ᠬᠠᠶᠢᠯᠤᠭᠤᠷ ᠵᠤᠩᠰᠢ ᠶᠢ ᠮᠠᠯᠲᠠᠨ ᠰᠣᠩᠭᠤᠬᠤ ᠲᠥᠷᠦᠯ ᠵᠦᠢᠯ᠂ ᠨᠡᠬᠦᠷᠡᠰᠥ ᠭᠦᠴᠢᠯ ᠤᠨ ᠯᠢᠲ ᠢ ᠨᠠᠷᠢᠯᠢᠭ ᠡᠳ᠋ᠰᠢᠭᠦᠯᠭᠦ ᠲᠦᠷᠥᠯ ᠵᠥᠢᠯ᠂ ᠨᠡᠶᠢᠲᠡ ᠶᠢᠨ ᠬᠡᠷᠡᠭᠯᠡᠬᠡᠨ ᠤ ᠠᠭᠠᠷ ᠠᠶᠠᠯᠠᠯ ᠤᠨ ᠦᠢᠯᠡᠴᠢᠯᠡᠭᠡ ᠵᠡᠷᠬᠡ ᠪᠠᠶᠢᠯᠳᠣᠬᠤ ᠪᠣᠳᠣᠯᠭ᠎ᠠ ᠶᠢᠨ ᠰᠢᠨ᠎ᠠ ᠪᠠᠷ ᠮᠠᠨᠳᠣᠭᠰᠠᠨ ᠠᠵᠤ ᠦᠢᠯᠡᠰ ᠢ ᠬᠦᠭᠵᠢᠬᠦᠯᠦᠨ᠎ᠡ᠃ ᠵᠢᠷᠦᠬᠡ ᠪᠠᠯᠭᠠᠰᠣᠨ ᠠᠴᠠ ᠬᠦᠪᠡᠬᠡᠳᠣ ᠰᠢᠷ᠎ᠠ ᠬᠤᠰᠢᠭᠤ ᠪᠠᠷ ᠲᠠᠮᠵᠢᠨ ᠴᠢᠭᠤᠯᠣᠯᠳᠣ ᠬᠠᠭᠠᠯᠭ᠎ᠠ ᠬᠦᠷᠬᠦ ᠬᠦᠷᠬᠦ ᠲᠠᠮᠦᠷ ᠵᠠᠮ᠂ 313 ᠱᠣᠭᠤᠮ ᠎ ᠤᠨ ᠬᠤᠶᠠᠳᠤᠭᠠᠷ ᠬᠤᠭᠤᠴᠠᠭᠠᠨ ᠤ ᠵᠠᠰᠠᠮᠠᠯ ᠵᠠᠮ ᠵᠠᠰᠠᠬᠤ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠣ᠂ ᠡᠮᠦᠨ᠎ᠡ ᠤᠮᠠᠷᠠᠰᠢ ᠵᠠᠬᠦᠨ ᠪᠠᠷᠠᠭᠤᠨᠰᠢ ᠶᠡᠭᠡ ᠵᠠᠮ ᠱᠣᠭᠤᠮ ᠤᠨ ᠡᠷᠳᠡ ᠡᠳᠦᠷ ᠬᠠᠷᠢᠯᠴᠠᠨ ᠨᠡᠪᠳᠡᠷᠡᠬᠦ ᠶᠢ ᠪᠠᠳᠤᠯᠠᠨ᠂ ︽ᠲᠠᠮᠦᠷ ᠵᠠᠮ᠂ ᠵᠠᠰᠠᠮᠠᠯ ᠵᠠᠮ᠂ ᠨᠢᠰᠬᠡᠯ ᠤᠨ ᠪᠠᠭᠤᠳᠠᠯ︾᠎ ᠢ ᠬᠤᠯᠪᠤᠭᠠᠯᠠᠨ ᠬᠦᠭᠵᠢᠬᠦᠯᠦᠨ᠎ᠠ᠃ ᠡᠷᠢᠶᠡᠨ ᠬᠤᠳᠠ ᠶᠢᠨ ᠭᠤᠤᠯᠳᠠᠯᠭ᠎ᠠ ᠲᠠᠢ ᠨᠡᠭᠡᠭᠡᠨ ᠬᠦᠭᠵᠢᠬᠦᠯᠬᠦ ᠨᠡᠭᠡᠭᠡᠯᠳᠡ ᠶᠢᠨ ᠲᠤᠷᠰᠢᠯᠳᠡ ᠶᠢᠨ ᠣᠷᠣᠨ ᠲᠠᠢ ᠢᠳᠡᠪᠬᠢᠳᠠᠢ ᠠᠭᠤᠰᠤᠯᠴᠠᠨ᠎ᠠ᠃ ᠰᠢᠨ᠎ᠠ ᠭᠡᠯᠪᠡᠷᠢ ᠶᠢᠨ ᠬᠤᠳᠠ ᠪᠠᠯᠭᠠᠰᠣᠵᠢᠯᠳᠠ ᠶᠢᠨ ᠪᠦᠳᠦᠬᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠣ᠂ ᠬᠦᠳᠡᠭᠡ ᠲᠤᠰᠬᠤᠨ ᠮᠠᠯᠵᠢᠬᠤ ᠤᠷᠤᠨ ᠢ ᠴᠡᠴᠡᠭᠯᠡᠨ ᠬᠦᠭᠵᠢᠬᠦᠯᠬᠦ ᠪᠠᠶᠢᠯᠳᠤᠬᠤ ᠪᠤᠳᠣᠯᠭ᠎ᠠ ᠶᠢ ᠰᠠᠶᠢᠳᠣᠷ ᠭᠡᠷᠡᠭᠵᠢᠬᠦᠯᠦᠨ᠂ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠡ ᠶᠢ ᠨᠢᠬᠡᠳᠦᠯᠳᠡᠢ ᠲᠦᠯᠦᠪᠵᠢᠬᠦᠯᠦᠨ᠎ᠠ᠃       ︵ᠭᠤᠷᠪᠠ︶ ᠠᠮᠤᠷ ᠲᠦᠪᠰᠢᠨ ᠤ ᠬᠤᠷᠢᠭ᠎ᠠ ᠱᠣᠭᠤᠮ ᠢ ᠪᠠᠳᠤ ᠰᠠᠬᠢᠵᠤ᠂ ᠠᠮᠤᠭᠤᠯᠠᠩ ᠪᠦᠳᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠬᠦᠭᠵᠢᠯᠳᠠ ᠪᠠ ᠠᠮᠤᠷ ᠲᠦᠪᠰᠢᠨ ᠢ ᠨᠢᠬᠡᠳᠦᠯᠳᠡᠢ ᠲᠦᠯᠦᠪᠵᠢᠭᠦᠯᠦᠨ᠂ ᠬᠤᠷᠢᠭ᠎ᠠ ᠱᠣᠭᠤᠮ ᠤᠨ ᠰᠡᠳᠭᠢᠬᠦᠢ ᠶᠢ ᠴᠢᠩᠭᠠᠳᠬᠠᠵᠤ᠂ ᠡᠯ᠎ᠡ ᠵᠦᠢᠯ ᠤᠨ ᠠᠶᠣᠯ ᠲᠦᠭᠰᠢᠬᠦᠷᠢ ᠶᠢ ᠪᠦᠳᠦᠮᠵᠢᠳᠠᠢ ᠰᠡᠷᠭᠡᠶᠢᠯᠡᠬᠦ ᠪᠠ ᠰᠢᠢᠳᠪᠦᠷᠢᠯᠡᠨ᠎ᠡ᠃ ︽ᠠᠮᠤᠭᠤᠯᠠᠩ ᠬᠦᠪᠡᠭᠡᠳᠣ ᠰᠢᠷ᠎ᠠ ᠬᠤᠰᠢᠭᠤ︾ ︽ᠬᠠᠤᠯᠢ ᠪᠠᠷ ᠵᠠᠰᠠᠬᠤ ᠬᠦᠪᠡᠭᠡᠳᠣ ᠰᠢᠷ᠎ᠠ ᠬᠤᠰᠢᠭᠤ︾᠎ ᠶᠢᠨ ᠪᠦᠳᠦᠬᠡᠨ ᠪᠠᠶᠢᠭᠤᠯᠤᠯᠳᠠ ᠶᠢ ᠯᠠᠪᠳᠠᠭᠤᠨ ᠪᠠᠳᠣᠳᠠᠢ ᠠᠬᠢᠭᠤᠯᠵᠤ᠂ ᠲᠠᠶᠢᠰᠤᠩᠨᠠᠭᠴᠢ ᠡᠳᠡᠭᠡᠳ ᠤᠨ ᠡᠪᠳᠡᠯᠭᠡ᠂ ᠨᠡᠶᠢᠬᠡᠮ ᠤᠨ ᠠᠮᠣᠷ ᠲᠦᠪᠰᠢᠨ ᠤ ᠶᠡᠷᠦᠩᠬᠡᠶᠢᠯᠡᠭᠰᠡᠨ ᠵᠠᠰᠠᠯᠳᠠ᠂ ᠮᠦᠩᠭᠦᠨ ᠬᠦᠢᠯᠬᠡᠬᠡᠨ ᠤ ᠠᠶᠤᠯ ᠲᠦᠭᠰᠢᠬᠦᠷᠢ ᠵᠡᠷᠭᠡ ᠶᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠳᠠᠢ ᠠᠳᠬᠤᠵᠤ᠂ ᠦᠨᠳᠦᠰᠦᠨ ᠱᠠᠳᠣᠨ ᠤ ᠵᠠᠰᠠᠯᠳᠠ ᠶᠢᠨ ᠬᠢᠷᠢ ᠲᠦᠪᠰᠢᠨ ᠢ ᠤᠯᠠᠮ ᠲᠡᠭᠡᠭᠰᠢᠯᠡᠬᠦᠯᠵᠤ᠂ ᠰᠢᠰᠲ᠋ᠧᠮᠳᠣ ᠴᠢᠨᠠᠷᠳᠡᠢ ᠠᠶᠤᠯ ᠲᠦᠭᠰᠢᠬᠦᠷᠢ ᠡᠭᠦᠰᠬᠦ ᠦᠬᠡᠢ ᠪᠠᠶᠢᠬᠤ ᠶᠢ ᠪᠠᠲᠤᠯᠠᠨ᠎ᠠ᠃ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠶᠢᠩᠭᠤᠵᠢᠭᠰᠠᠨ ᠲᠤᠭᠳᠠᠴᠠ ᠶᠢ ᠲᠡᠭᠦᠯᠳᠡᠷᠵᠢᠬᠦᠯᠵᠤ᠂ ᠬᠤᠯᠤᠭᠠᠨ᠎ᠠ ᠬᠢᠵᠢᠭ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠢ ᠰᠡᠷᠬᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠨ᠂ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠪᠠ ᠴᠢᠳᠠᠪᠣᠷᠢ ᠶᠢᠨ ᠪᠦᠳᠦᠬᠡᠨ ᠪᠠᠶᠢᠭᠤᠯᠣᠯᠳᠠ ᠶᠢ ᠴᠢᠩᠭᠠᠳᠬᠠᠨ᠂ ᠭᠠᠵᠠᠷ ᠣᠷᠣᠨᠴᠢ ᠴᠢᠨᠠᠷᠲᠠᠢ᠂ ᠰᠢᠰᠲ᠋ᠧᠮᠳᠣ ᠴᠢᠨᠠᠷᠳᠡᠢ ᠢᠳᠡᠭᠡᠨ ᠣᠮᠳᠠᠭᠠᠨ ᠡᠮ ᠤᠨ ᠵᠦᠢᠯᠡᠰ ᠤᠨ ᠠᠮᠦᠷ ᠲᠦᠪᠰᠢᠨ ᠤ ᠬᠡᠷᠡᠭ ᠶᠡᠪᠤᠳᠠᠯ ᠡᠬᠦᠰᠬᠦ ᠦᠬᠡᠢ ᠪᠠᠶᠢᠬᠤ ᠶᠢ ᠪᠠᠳᠣᠯᠠᠵᠤ᠂ ᠠᠷᠠᠳ ᠤᠯᠠᠨ ᠤ ᠠᠮᠢ ᠨᠠᠰᠣ ᠡᠷᠡᠬᠦᠯ ᠴᠢᠬᠢᠷᠠᠭ ᠤᠨ ᠠᠮᠣᠷ ᠲᠦᠪᠰᠢᠨ ᠢ ᠬᠠᠮᠠᠭᠠᠯᠠᠨ᠎ᠠ᠃ ᠠᠶᠦᠯᠬᠦᠢ ᠦᠢᠯᠡᠳᠪᠦᠷᠢᠯᠡᠯ ᠤᠨ ᠲᠤᠰᠬᠠᠢ ᠵᠠᠰᠠᠨ ᠴᠡᠭᠴᠡᠯᠡᠯᠳᠡ ᠎ ᠶᠢᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠬᠦᠨᠵᠡᠭᠡᠶᠢᠷᠡᠬᠦᠯᠵᠤ᠂ ᠡᠯ᠎ᠡ ᠠᠵᠢᠯ ᠲᠦᠷᠦᠯ ᠤᠨ ᠠᠶᠦᠯᠬᠦᠢ ᠦᠢᠯᠡᠳᠪᠦᠷᠢᠯᠡᠯ ᠤᠨ ᠬᠠᠤᠯᠢ ᠲᠦᠷᠢᠮᠵᠢᠯ ᠪᠠ ᠪᠠᠷᠢᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠠᠵᠢᠯ ᠲᠦᠷᠦᠯ ᠤᠨ ᠠᠶᠤᠯ ᠲᠦᠭᠰᠢᠬᠦᠷᠢ ᠶᠢᠨ ᠭᠡᠮ ᠰᠣᠭᠤᠭ ᠢ ᠡᠷᠢᠵᠦ ᠭᠠᠷᠭᠠᠨ᠂ ᠵᠠᠰᠠᠨ ᠴᠡᠭᠴᠡᠯᠡᠬᠦ ᠠᠵᠢᠯ ᠢ ᠴᠢᠩᠭ᠎ᠠ ᠠᠳᠬᠤᠵᠤ᠂ ᠠᠵᠤ ᠠᠬᠤᠶᠢᠯᠠᠯ ᠢ ᠱᠠᠭᠠᠷᠳᠠᠨ ᠠᠮᠤᠷ ᠲᠦᠪᠰᠢᠨ ᠤ ᠰᠠᠭᠤᠷᠢ ᠲᠦᠬᠦᠭᠡᠷᠦᠮᠵᠢ ᠪᠠ ᠪᠠᠷᠢᠮᠵᠢᠶᠠᠵᠢᠭᠰᠠᠨ ᠪᠦᠳᠦᠬᠡᠨ ᠪᠠᠶᠢᠭᠤᠯᠤᠯᠳᠠ ᠳᠠᠬᠢ ᠪᠡᠯᠡ ᠣᠷᠣᠭᠤᠯᠣᠯᠳᠠ ᠪᠠᠨ ᠨᠡᠮᠡᠭᠳᠡᠭᠦᠯᠵᠤ ᠂ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠢᠴᠢ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠠᠪᠴᠠᠩ᠂ ᠤᠶᠤᠨᠴᠢᠯᠠᠭᠰᠠᠨ ᠠᠮᠤᠷ ᠲᠥᠪᠰᠢᠨ ᠢ ᠬᠢᠨᠡᠨ ᠪᠠᠶᠢᠴᠠᠭᠠᠬᠤ ᠲᠠᠪᠴᠠᠩ ᠤᠨ ᠲᠥᠷᠦᠯ ᠵᠦᠢᠯ ᠢ ᠲᠦᠯᠬᠢᠨ ᠠᠬᠢᠭᠤᠯᠵᠤ᠂ ᠬᠦᠨᠳᠣ ᠶᠡᠭᠡ ᠣᠰᠣᠯ ᠠᠳᠡᠯ ᠭᠠᠷᠬᠤ ᠶᠢ ᠴᠢᠩᠭ᠎ᠠ ᠬᠢᠵᠠᠭᠠᠷᠯᠠᠨ᠎ᠠ᠃        ︵ᠲᠦᠷᠪᠠ︶ ᠠᠷᠠᠳ ᠤᠨ ᠠᠮᠢᠳᠣᠷᠠᠯ ᠤᠨ ᠬᠤᠷᠢᠭ᠎ᠠ ᠱᠣᠭᠤᠮ ᠢ ᠪᠠᠳᠣ ᠰᠠᠬᠢᠵᠤ᠂ ᠪᠠᠲᠤᠯᠠᠭ᠎ᠠ ᠶᠢᠨ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠠ᠃ ᠠᠷᠠᠳ ᠣᠯᠠᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠬᠦᠭᠵᠢᠯᠳᠡ ᠶᠢᠨ ᠡᠬᠦᠰᠦᠴᠡ ᠪᠠ ᠵᠤᠭᠰᠤᠴᠠ ᠶᠢ ᠠᠷᠠᠳ ᠲᠦᠮᠡᠨ ᠤ ᠵᠤᠯ ᠵᠢᠷᠭᠠᠯ ᠪᠠ ᠬᠠᠮᠳᠣ ᠪᠠᠷ ᠪᠠᠶᠠᠵᠢᠬᠤ ᠳᠤ  ᠰᠠᠭᠤᠷᠢᠯᠠᠭᠤᠯᠵᠤ᠂ ᠤᠯᠠᠨ ᠨᠡᠶᠢᠳᠡ ᠶᠢᠨ ᠦᠢᠯᠡᠴᠢᠯᠡᠬᠡᠨ ᠤ ᠶᠠᠰᠣ ᠴᠢᠨᠠᠷ ᠶᠢ ᠨᠡᠮᠡᠭᠳᠡᠭᠦᠯᠦᠨ᠂ ᠠᠷᠠᠳ ᠲᠦᠮᠡᠨ ᠤ ᠠᠮᠢᠳᠣᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠤᠯᠠᠨ ᠲᠦᠷᠦᠯ ᠤᠨ ᠠᠷᠭ᠎ᠠ ᠠᠪᠴᠠᠯ ᠢᠶᠠᠷ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠬᠦᠯᠦᠨ᠂ ᠰᠣᠷᠭᠠᠨ ᠬᠦᠮᠦᠵᠢᠯ᠂ ᠡᠮ ᠡᠮᠨᠡᠯᠭᠡ᠂ ᠰᠣᠶᠣᠯ ᠵᠡᠷᠭᠡ ᠨᠡᠶᠢᠬᠡᠮ ᠤᠨ ᠠᠵᠢᠯ ᠦᠢᠯᠡᠰ ᠢ ᠪᠦᠬᠦ ᠬᠦᠴᠦᠨ ᠢᠶᠠᠷ ᠢᠶᠠᠨ ᠬᠦᠭᠵᠢᠬᠦᠯᠵᠤ᠂ ᠦᠢᠯᠡᠰ ᠪᠦᠳᠦᠬᠡᠵᠤ ᠠᠵᠢᠯ ᠣᠯᠭᠤᠬᠤ᠂ ᠨᠠᠶᠢᠭᠡᠮ ᠤᠨ ᠪᠠᠳᠣᠯᠠᠭ᠎ᠠ ᠵᠡᠷᠭᠡ ᠠᠵᠢᠯ ᠢ ᠯᠠᠪᠳᠠᠭᠤᠨ ᠠᠳᠬᠤᠨ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡ ᠶᠢ ᠲᠡᠩᠴᠡᠬᠦᠷᠢᠳᠠᠢ ᠠᠬᠢᠭᠤᠯᠵᠤ᠂ ᠡᠯ᠎ᠡ ᠦᠨᠳᠦᠰᠦᠳᠠᠨ ᠤ ᠠᠷᠠᠳ ᠲᠦᠮᠡᠨ ᠤ ᠠᠰᠢᠭ ᠬᠦᠷᠳᠡᠭᠡᠮᠵᠢ᠂ ᠠᠵᠠ ᠵᠢᠷᠭᠠᠯ᠂ ᠠᠮᠣᠷ ᠲᠦᠪᠰᠢᠨ ᠤ ᠲᠦᠷᠦᠭᠳᠡᠯ ᠢ ᠲᠠᠰᠣᠷᠠᠯᠳᠠ ᠦᠭᠡᠢ ᠴᠢᠩᠭᠠᠳᠬᠠᠨ᠎ᠠ᠃        ᠲᠦᠯᠦᠬᠡᠯᠡᠭᠴᠢᠳ ᠡ︕ ᠬᠤᠶᠢᠰᠢᠳᠠ ᠶᠢᠨ ᠲᠠᠪᠤᠨ ᠵᠢᠯ ᠳᠤ ᠠᠵᠠ ᠲᠤᠭᠢᠶᠠᠯ ᠪᠠ ᠦᠷᠢᠰᠦᠯᠳᠦᠬᠡᠨ ᠵᠡᠷᠭᠡ ᠪᠠᠷ ᠤᠷᠤᠰᠢᠬᠤ ᠪᠤᠯᠤᠨ᠎ᠠ᠃ ᠪᠦᠬᠦ ᠬᠤᠰᠢᠭᠤᠨ ᠤ ᠡᠯ᠎ᠡ ᠦᠨᠳᠦᠰᠦᠳᠠᠨ ᠤ ᠠᠷᠠᠳ ᠲᠦᠮᠡᠨ ᠤ ᠬᠠᠮᠳᠣ ᠶᠢᠨ ᠴᠢᠷᠮᠠᠶᠢᠯᠭ᠎ᠠ ᠳᠤ ᠳᠦᠰᠢᠭᠯᠡᠨ᠂ 2035 ᠤᠨ ᠳᠤ ᠨᠡᠶᠢᠭᠡᠮ ᠵᠢᠷᠤᠮᠳᠤ ᠤᠳᠤᠬᠢᠴᠢᠯᠠᠭᠰᠠᠨ ᠠᠤᠭ᠎ᠠ ᠬᠠᠷᠠᠯᠲᠠ ᠪᠠᠨ ᠪᠡᠶᠡᠯᠡᠭᠦᠯᠪᠠᠯ᠂ ᠬᠦᠪᠡᠬᠡᠳᠣ ᠰᠢᠷ᠎ᠠ ᠬᠤᠰᠢᠭᠤᠨ ᠤ ᠢᠷᠡᠭᠡᠳᠤᠢ ᠨᠠᠩ ᠰᠠᠶᠢᠨ ᠰᠠᠶᠢᠬᠠᠨ ᠪᠤᠯᠬᠤ ᠨᠢ ᠯᠠᠪᠳᠠᠢ ᠶᠤᠮ︕       ᠭᠤᠷᠪᠠ᠂ 2021 ᠤᠨ ᠤ ᠭᠤᠣᠯ ᠠᠵᠢᠯ ᠤᠨ ᠡᠬᠦᠷᠭᠡ        ᠡᠨᠡ ᠵᠢᠯ ᠪᠣᠯ ᠲᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠢ᠂ ᠮᠦᠨᠴᠦ ︽ᠠᠷᠪᠠᠨ ᠲᠥᠷᠪᠡᠳᠦᠭᠡᠷ ᠲᠠᠪᠤᠨ ᠵᠢᠯ︾᠎ ᠤᠨ ᠲᠥᠯᠦᠪᠵᠢᠬᠦᠯᠭᠡ ᠶᠢᠨ ᠡᠬᠢᠯᠡᠯᠲᠡ ᠶᠢᠨ ᠵᠢᠯ ᠪᠣᠯᠣᠨ᠎ᠠ᠃ ᠵᠠᠰᠠᠭ ᠤᠨ ᠣᠷᠳᠤᠨ ᠤ ᠠᠵᠢᠯ ᠢ ᠰᠠᠶᠢᠲᠤᠷ ᠬᠢᠵᠤ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ  ᠪᠠᠲᠤ ᠴᠢᠩᠭ᠎ᠠ ᠤᠳᠤᠷᠢᠳᠤᠯᠭ᠎ᠠ ᠲᠤᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠦ ᠣᠯᠣᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠣᠭᠤᠳᠣᠮᠵᠢ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠬᠤᠶᠠᠷ᠂ ᠭᠤᠷᠪᠠ ᠂ ᠲᠦᠷᠪᠠ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ︽ᠲᠠᠪᠤ ᠶᠢ ᠨᠢᠭᠡ ᠴᠣᠭᠴᠠᠵᠢᠭᠤᠯᠬᠤ︾ ᠪᠦᠬᠦ ᠲᠠᠯ᠎ᠠ ᠶᠢᠨ ᠪᠠᠶᠢᠷᠢᠯᠠᠭᠤᠯᠤᠯᠲᠠ ᠶᠢ ᠨᠢᠭᠡᠳᠦᠯᠳᠡᠢ ᠲᠦᠯᠬᠢᠨ ᠠᠬᠢᠭᠤᠯᠵᠤ᠂ ︽ᠲᠥᠷᠪᠡ ᠶᠢ ᠨᠢᠭᠡᠳᠦᠯᠲᠡᠢ ᠪᠠᠶᠢᠯᠭᠠᠬᠤ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠣᠯᠲᠠ ᠶᠢ ᠵᠤᠬᠢᠴᠠᠭᠤᠯᠤᠨ ᠠᠬᠢᠭᠤᠯᠵᠤ᠂ ᠯᠠᠪᠳᠠᠭᠤᠨ ᠤ ᠳᠣᠮᠳᠠ ᠤᠷᠤᠭᠰᠢᠯᠠᠬᠤ ᠠᠵᠢᠯ ᠤᠨ ᠶᠡᠷᠦᠩᠬᠡᠢ ᠵᠠᠷᠴᠢᠮ ᠢ ᠪᠠᠷᠢᠮᠲᠠᠯᠠᠵᠤ᠂ ᠴᠢᠨᠠᠷ ᠰᠠᠶᠢᠲᠠᠢ ᠬᠦᠭᠵᠢᠯᠲᠡ ᠶᠢ ᠲᠦᠯᠬᠢᠨ ᠠᠬᠢᠭᠤᠯᠬᠤ ᠪᠠᠷ ᠭᠤᠣᠯ ᠰᠡᠳᠦᠪ ᠪᠤᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠦᠬᠡᠷᠡᠴᠢᠯᠡᠯᠲᠡ ᠶᠢ ᠬᠦᠨᠵᠡᠭᠡᠶᠢᠷᠡᠬᠦᠯᠬᠦ ᠪᠠᠷ ᠭᠤᠣᠯ ᠰᠢᠵᠢᠮ ᠪᠣᠯᠭᠠᠵᠤ᠂ ᠦᠭᠡᠷᠡᠴᠢᠯᠡᠯᠲᠡ ᠪᠠ ᠰᠢᠨ᠎ᠡ ᠶᠢ ᠡᠬᠦᠳᠬᠦ ᠪᠠᠷ ᠦᠨᠳᠦᠰᠦᠨ ᠬᠦᠳᠡᠯᠭᠡᠭᠴᠢ ᠬᠦᠴᠦᠨ ᠪᠣᠯᠭᠠᠨ᠂ ᠠᠷᠠᠳ ᠲᠥᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠦᠨᠳᠦᠰᠦᠨ ᠵᠣᠷᠢᠯᠲᠠ ᠪᠣᠯᠭᠠᠵᠤ᠂ ᠰᠢᠰᠲ᠋ᠧᠮᠵᠢᠭᠰᠡᠨ ᠦᠵᠡᠯ ᠤᠬᠠᠮᠰᠠᠷ ᠢ ᠪᠠᠷᠢᠮᠲᠠᠯᠠᠵᠤ᠂ ᠬᠦᠭᠵᠢᠯᠲᠡ ᠪᠠ ᠠᠮᠤᠷ ᠲᠥᠪᠰᠢᠨ ᠢ ᠨᠢᠭᠡᠳᠦᠯᠲᠡᠢ ᠲᠦᠯᠦᠪᠵᠢᠭᠦᠯᠦᠨ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠬᠢᠵᠤ᠂ ︽ᠵᠢᠷᠭᠤᠭ᠎ᠠ ᠶᠢ ᠪᠠᠳᠤᠯᠠᠬᠤ︾ ᠡᠬᠦᠷᠭᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠠᠵᠤ ᠠᠬᠤᠢ ᠨᠡᠶᠢᠭᠡᠮ ᠤᠨ ᠲᠣᠭᠲᠠᠭᠤᠨ ᠬᠦᠭᠵᠢᠯᠲᠡ ᠶᠢ ᠲᠦᠯᠬᠢᠨ ᠠᠬᠢᠭᠤᠯᠤᠨ᠎ᠠ᠃       ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠭᠠᠠᠨ ᠤ ᠠᠷᠪᠠᠨ ᠲᠥᠷᠪᠡᠳᠦᠭᠡᠷ ᠤᠳᠠᠭᠠᠨ ᠤ ᠪᠥᠭᠦᠳᠡ ︵ᠦᠷᠭᠡᠳᠭᠡᠭᠰᠡᠨ ᠬᠤᠷᠠᠯ︶ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠣᠯ ᠲᠡᠮᠡᠴᠡᠬᠦ ᠬᠠᠷᠠᠯᠲᠠ ᠪᠣᠯ᠄ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 5%᠎ ᠠᠴᠠ ᠲᠡᠭᠡᠭᠰᠢ ᠨᠡᠮᠡᠭᠳᠡᠬᠦᠯᠦᠨ᠎ᠡ᠂ ᠲᠡᠭᠡᠷ᠎ᠡ ᠨᠢᠭᠡ ᠵᠢᠯ ᠤᠨ ᠨᠢᠭᠡ ᠯᠡ ᠤᠳᠠᠭᠠᠨ ᠤ ᠴᠢᠨᠠᠷᠲᠠᠢ ᠭᠠᠶᠢᠯᠢ ᠤᠷᠤᠯᠭ᠎ᠠ ᠶᠢᠨ ᠡᠯᠧᠮᠧᠨ᠋ᠲ ᠠᠴᠠ ᠭᠠᠳᠠᠨᠠᠬᠢ ᠡᠩ ᠤᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 8%᠎ ᠠᠴᠠ ᠲᠡᠭᠡᠭᠰᠢ ᠨᠡᠮᠡᠭᠳᠡᠬᠦᠯᠦᠨ᠎ᠡ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 8%᠎ ᠠᠴᠠ ᠲᠡᠭᠡᠭᠰᠢ ᠨᠡᠮᠡᠭᠳᠡᠬᠦᠯᠦᠨ᠎ᠡ᠂ ᠪᠦᠬᠦ ᠨᠡᠶᠢᠭᠡᠮ ᠤᠨ ᠭᠡᠷᠡᠭᠯᠡᠭᠡᠨ ᠤ ᠪᠤᠳᠠᠰ ᠤᠨ ᠵᠢᠵᠢᠭᠯᠡᠨ ᠪᠣᠷᠤᠯᠠᠭᠤᠯᠬᠤ ᠶᠡᠷᠦᠩᠬᠡᠢ ᠬᠡᠮᠵᠢᠶ᠎ᠡ ᠶᠢ 1%᠎ ᠠᠴᠠ ᠲᠡᠭᠡᠭᠰᠢ ᠨᠡᠮᠡᠭᠳᠡᠬᠦᠯᠦᠨ᠎ᠡ ᠂ ᠬᠤᠲᠠ ᠪᠠᠯᠭᠠᠰᠤ ᠪᠠ ᠮᠠᠯᠵᠢᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠲᠣᠬᠢᠷᠠᠭᠤᠯᠵᠤ ᠪᠤᠯᠬᠤᠶᠢᠴᠠ ᠣᠷᠤᠯᠭ᠎ᠠ ᠶᠢ ᠲᠣᠭᠲᠠᠭᠤᠨ ᠢᠶᠠᠷ ᠨᠡᠮᠡᠭᠳᠡᠬᠦᠯᠦᠨ᠎ᠡ᠃        ᠵᠢᠱᠢᠭᠰᠡᠨ ᠬᠠᠷᠠᠯᠲᠠ ᠪᠠ ᠡᠬᠦᠷᠭᠡ ᠶᠢᠨ ᠲᠣᠭᠤᠷᠢᠨ ᠳᠤ᠂ ᠲᠤᠤᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠨ᠎ᠠ᠃        ︵ᠨᠢᠬᠡ︶ ︽ᠵᠢᠷᠭᠤᠭ᠎ᠠ ᠶᠢ ᠲᠤᠭᠲᠠᠭᠤᠨ ᠪᠠᠶᠢᠯᠭᠠᠬᠤ︾᠂ ︽ᠵᠢᠷᠭᠤᠭ᠎ᠠ ᠶᠢ ᠪᠠᠳᠤᠯᠠᠬᠤ︾᠎ ᠶᠢ ᠬᠦᠨᠵᠡᠭᠡᠢ ᠨᠠᠶᠢᠳᠠᠪᠦᠷᠢᠵᠢᠭᠤᠯᠵᠤ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃        ᠠᠷᠠᠯᠵᠢᠶ᠎ᠠ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠦᠷᠬᠦᠯᠵᠢᠯᠡᠨ ᠰᠢᠯᠢᠳᠡᠭᠵᠢᠬᠦᠯᠦᠨ᠎ᠡ᠃ ᠵᠠᠰᠠᠭ ᠎ ᠤᠨ ᠶᠠᠪᠤᠳᠠᠯ ᠤᠨ ᠦᠢᠯᠡᠴᠢᠯᠡᠬᠡᠨ ᠤ ᠲᠦᠪ ᠤᠨ ᠠᠷᠠᠳ ᠲᠤ ᠲᠦᠭᠦᠮ ᠦᠵᠡᠬᠦᠯᠬᠦ ᠲᠢᠩᠭᠢᠮ ᠢ ᠠᠰᠢᠭᠯᠠᠯᠲᠠ ᠳᠤ ᠣᠷᠤᠭᠤᠯᠬᠤ ᠶᠢ ᠪᠠᠳᠤᠯᠠᠵᠤ᠂ ︽ᠭᠤᠷᠪᠠ ᠶᠢ ᠲᠥᠪᠯᠡᠷᠡᠬᠦᠯᠵᠦ᠂ ᠭᠤᠷᠪᠠ ᠶᠢ ᠨᠠᠶᠢᠳᠠᠪᠦᠷᠢᠵᠢᠭᠤᠯᠬᠤ︾᠎ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠣᠷᠤᠭᠤᠯᠬᠤ ᠵᠤᠬᠢᠰᠲᠠᠢ ᠶᠢ ᠨᠢ ᠡᠷᠬᠡᠪᠰᠢ ᠣᠷᠤᠭᠤᠯᠵᠤ᠂ ᠨᠢᠭᠡᠯᠡ ᠦᠢᠯᠡᠴᠢᠯᠡᠭᠡᠨ ᠤ ᠴᠣᠩᠬᠤ᠂ ᠨᠢᠭᠡᠯᠡ ᠦᠷᠲᠡᠭᠡ ᠳᠤ ᠬᠦᠢᠴᠡᠳᠭᠡᠬᠦ ᠶᠢ ᠲᠦᠯᠬᠢᠨ ᠠᠬᠢᠭᠤᠯᠤᠨ᠎ᠠ᠃ ᠨᠢᠭᠡ ᠴᠤᠭᠴᠠᠵᠢᠭᠤᠯᠤᠭᠰᠠᠨ ᠰᠦᠯᠵᠢᠶᠡᠨ ᠲᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠪᠴᠠᠩ ᠤᠨ ᠪᠦᠳᠦᠮᠵᠢᠲᠡᠢ ᠠᠪᠴᠠᠯᠳᠤᠯ ᠪᠠ ᠬᠡᠷᠡᠭᠯᠡᠯᠲᠡ ᠶᠢ ᠬᠦᠨᠵᠡᠭᠡᠢ ᠠᠬᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠠᠪᠴᠠᠩ ᠤᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠨ᠎ᠡ᠃ ᠢᠨᠵᠧᠨᠧᠷᠢᠩ ᠤᠨ ᠪᠠᠶᠢᠭᠤᠯᠤᠯᠲᠠ ᠶᠢᠨ ᠲᠥᠷᠦᠯ ᠵᠦᠢᠯ ᠤᠨ ᠬᠢᠨᠡᠨ ᠵᠥᠪᠰᠢᠶᠡᠷᠡᠬᠦ ᠦᠷ᠎ᠡ ᠪᠦᠳᠦᠮᠵᠢ ᠶᠢ ᠤᠯᠠᠮ ᠴᠢᠨᠠᠭᠰᠢᠲᠠ ᠲᠡᠭᠡᠭᠰᠢᠯᠡᠬᠦᠯᠦᠨ᠎ᠡ᠃ ᠬᠤᠳᠠᠯᠳᠤᠭᠠᠨ ᠤ ᠶᠠᠪᠤᠳᠠᠯ ᠤᠨ ᠲᠥᠷᠢᠮ ᠤᠨ ᠦᠭᠡᠷᠡᠴᠢᠯᠡᠯᠲᠡ ᠶᠢ ᠬᠦᠨᠵᠡᠭᠡᠢ ᠲᠦᠯᠬᠢᠨ ᠠᠬᠢᠭᠤᠯᠵᠤ᠂ ᠡᠯ᠎ᠡ ᠲᠥᠷᠦᠯ ᠤᠨ ᠲᠠᠩᠰᠠᠯᠠᠯᠲᠠ ᠶᠢ ᠲᠦᠬᠦᠮᠴᠢᠯᠡᠬᠦ ᠠᠷᠭ᠎ᠠ ᠠᠪᠴᠠᠯ ᠢ ᠨᠠᠶᠢᠳᠠᠪᠦᠷᠢᠵᠢᠭᠤᠯᠤᠨ᠎ᠠ᠃ ᠡᠯᠧᠺᠲᠷᠦᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠲᠦᠭᠡᠮᠡᠯᠵᠢᠬᠦᠯᠦᠨ᠎ᠡ᠃ ︽ᠬᠤᠣᠰ ᠲᠤᠬᠢᠶᠠᠯᠳᠤᠯ ᠢᠶᠠᠷ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠪᠠ ᠠᠵᠤ ᠠᠬᠤᠶᠢᠯᠠᠯ ᠤᠨ ᠣᠨ ᠤ ᠮᠡᠳᠡᠬᠦᠯᠦᠯᠲᠡ ᠶᠢᠨ ᠠᠵᠢᠯ ᠢ ᠰᠠᠶᠢᠲᠤᠷ ᠬᠢᠨ᠎ᠡ᠃ ᠬᠠᠤᠯᠢᠵᠢᠭᠰᠠᠨ ᠵᠠᠰᠠᠭ ᠤᠨ ᠣᠷᠳᠤᠨ ᠤ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠂ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠬᠦᠯᠬᠦ ᠠᠵᠢᠯ ᠢ ᠨᠢᠭᠡᠳᠦᠯᠲᠡᠢ ᠲᠥᠯᠦᠪᠵᠢᠬᠦᠯᠦᠨ ᠥᠷᠨᠢᠬᠦᠯᠵᠦ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠦᠢᠯᠡᠴᠢᠯᠡᠭᠡᠨ ᠤ ᠴᠢᠳᠠᠪᠦᠷᠢ ᠪᠠᠨ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠠᠷᠭ᠎ᠠ ᠠᠪᠴᠠᠯ ᠢ ᠬᠡᠷᠡᠭᠯᠡᠨ ᠠᠰᠠᠭᠤᠳᠠᠯ ᠰᠢᠢᠳᠪᠦᠷᠢᠯᠡᠬᠦ ᠴᠢᠳᠠᠪᠦᠷᠢ ᠪᠠᠨ ᠲᠡᠭᠡᠭᠰᠢᠯᠡᠬᠦᠯᠦᠨ᠎ᠡ᠃ ᠥᠪᠡᠷᠲᠡᠭᠡᠨ ᠵᠠᠰᠠᠬᠤ ᠣᠷᠤᠨ ᠤ ᠠᠷᠠᠳ ᠠᠴᠠ ᠡᠷᠬᠢᠯᠡᠭᠰᠡᠨ ᠠᠵᠤ ᠠᠬᠤᠶᠢᠯᠡᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ 26 ᠵᠣᠷᠪᠤᠰ ᠪᠤᠳᠠᠳᠠᠢ ᠠᠷᠭ᠎ᠠ ᠬᠡᠮᠵᠢᠶ᠎ᠡ ᠶᠢ ᠬᠦᠨᠵᠡᠭᠡᠢ ᠨᠠᠶᠢᠳᠠᠪᠦᠷᠢᠵᠢᠭᠤᠯᠵᠤ᠂ ᠠᠷᠠᠳ ᠠᠴᠠ ᠡᠵᠡᠩᠨᠡᠭᠰᠡᠨ ᠳᠣᠮᠳᠠ ᠵᠢᠵᠢᠭ ᠠᠵᠤ ᠠᠬᠤᠶᠢᠯᠠᠯ ᠤᠨ ᠡᠷᠡᠬᠦᠯ ᠬᠦᠭᠵᠢᠯᠲᠡ ᠶᠢ ᠠᠬᠢᠭᠤᠯᠤᠨ᠎ᠠ᠃ ᠮᠦᠩᠭᠦᠨ ᠬᠦᠢᠯᠭᠡᠭᠡᠨ ᠤ ᠦᠢᠯᠡᠴᠢᠯᠡᠭᠡ ᠶᠢᠨ ᠵᠠᠭᠪᠤᠷ ᠤᠨ ᠰᠢᠨ᠎ᠡ ᠶᠢ ᠡᠬᠦᠳᠴᠦ᠂ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠨᠡᠶᠢᠯᠡᠬᠦᠯᠬᠦ ᠶᠢ ᠨᠡᠩ ᠲᠥᠬᠦᠮ ᠲᠥᠳᠡ ᠪᠣᠯᠭᠠᠵᠤ᠂ ᠥᠪᠡᠷ ᠤᠨ ᠥᠷᠳᠡᠭ ᠢ ᠨᠡᠩ ᠪᠠᠭ᠎ᠠ ᠪᠣᠯᠭᠠᠨ᠎ᠠ᠃ ᠨᠡᠶᠢᠭᠡᠮ ᠤᠨ ᠢᠳᠡᠭᠡᠮᠵᠢ ᠶᠢᠨ ᠲᠤᠭᠳᠠᠯᠴᠠᠭ᠎ᠠ ᠶᠢ ᠲᠡᠬᠦᠯᠳᠡᠷᠵᠢᠬᠦᠯᠵᠦ᠂ ᠢᠳᠡᠭᠡᠮᠵᠢ ᠠᠯᠳᠠᠭᠰᠠᠳ ᠢ ᠰᠢᠳᠭᠡᠨ ᠲᠣᠷᠭᠠᠬᠤ ᠬᠦᠴᠦᠯᠡᠴᠡ ᠪᠠᠨ ᠨᠡᠮᠡᠭᠳᠡᠬᠦᠯᠦᠨ᠂ ᠡᠷᠬᠡ ᠲᠡᠭᠰᠢ ᠦᠷᠢᠰᠦᠯᠳᠦᠬᠦ ᠵᠠᠬ᠎ᠠ ᠳᠡᠯᠭᠡᠬᠦᠷ ᠤᠨ ᠣᠷᠴᠢᠨ ᠲᠤᠭᠤᠷᠢᠨ ᠢ ᠬᠠᠮᠠᠭᠠᠯᠠᠨ᠎ᠠ᠃ ᠴᠢᠨᠠᠷ ᠢ ᠲᠡᠭᠡᠭᠰᠢᠯᠡᠬᠦᠯᠬᠦ ᠠᠵᠢᠯᠯᠠᠭ᠎ᠠ ᠶᠢ ᠥᠷᠨᠢᠬᠦᠯᠦᠨ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠤᠯᠠᠮᠵᠢᠯᠠᠨ᠎ᠠ᠃ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠠᠵᠢᠯ ᠢ ᠴᠢᠩᠭᠠᠳᠬᠠᠵᠤ᠂ ᠲᠠᠸᠠᠷ ᠤᠨ ᠨᠡᠷ᠎ᠡ ᠳᠡᠮᠳᠡᠭ ᠢ ᠪᠤᠶᠢᠵᠢᠭᠤᠯᠤᠨ᠎ᠠ᠃        ᠲᠥᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠨᠢᠭᠡᠳᠦᠯᠳᠡᠢ ᠲᠥᠯᠦᠪᠵᠢᠬᠦᠯᠦᠨ ᠰᠠᠶᠢᠲᠤᠷ ᠠᠳᠬᠤᠨ᠎ᠠ᠃ ᠭᠠᠵᠠᠷ ᠤᠨ ᠲᠡᠰ ᠤᠨ ᠤᠳᠤᠷᠢᠳᠤᠯᠭ᠎ᠠ ᠲᠥᠷᠦᠯ ᠵᠦᠢᠯ ᠢ ᠲᠦᠯᠬᠢᠨ ᠠᠬᠢᠭᠤᠯᠬᠤ ᠬᠠᠷᠢᠭᠤᠴᠠᠯᠭ᠎ᠠ ᠶᠢᠨ ᠲᠥᠷᠢᠮ ᠪᠠ ᠪᠠᠶᠢᠩᠭᠤᠵᠢᠭᠰᠠᠨ ᠵᠤᠬᠢᠴᠠᠭᠤᠯᠬᠤ ᠲᠣᠭᠲᠠᠯᠴᠠᠭ᠎ᠠ ᠶᠢ ᠴᠢᠩᠭ᠎ᠠ ᠨᠠᠶᠢᠳᠠᠪᠦᠷᠢᠵᠢᠭᠤᠯᠵᠤ᠂ ︽ᠭᠤᠣᠯᠳᠠᠯᠭ᠎ᠠ ᠲᠠᠢ ᠲᠥᠷᠦᠯ ᠵᠦᠢᠯ ᠢ ᠲᠥᠪᠯᠡᠷᠡᠬᠦᠯᠦᠨ ᠬᠢᠨᠡᠨ ᠬᠦᠢᠴᠡᠳᠭᠡᠬᠦ ᠰᠠᠷ᠎ᠠ︾᠎ ᠶᠢᠨ ᠠᠵᠢᠯᠯᠠᠭ᠎ᠠ ᠶᠢ ᠦᠷᠨᠢᠭᠦᠯᠦᠨ᠂ ᠠᠵᠢᠯ ᠡᠬᠢᠯᠡᠬᠦᠯᠬᠦ ᠨᠦᠬᠦᠴᠡᠯ ᠪᠠ ᠪᠠᠲᠤᠯᠠᠭᠠᠨ ᠤ ᠡᠯᠧᠮᠧᠨ᠋ᠲ ᠢ ᠨᠠᠶᠢᠳᠠᠪᠦᠷᠢᠵᠢᠭᠤᠯᠵᠤ᠂ 41 ᠭᠤᠣᠯᠳᠠᠯᠭ᠎ᠠ ᠲᠠᠢ ᠲᠥᠷᠦᠯ ᠵᠦᠢᠯ ᠤᠨ ᠠᠵᠢᠯ ᠡᠬᠢᠯᠡᠬᠦᠯᠬᠦ᠂ ᠠᠰᠢᠭᠯᠠᠯᠲᠠ ᠳᠤ ᠣᠷᠤᠭᠤᠯᠬᠤ᠂ ᠵᠢᠱᠢᠭᠰᠡᠨ ᠬᠠᠷᠠᠯᠲᠠ ᠳᠤ ᠬᠦᠷᠬᠦ ᠵᠡᠷᠭᠡ ᠡᠯ᠎ᠡ ᠲᠥᠷᠦᠯ ᠤᠨ ᠠᠵᠢᠯ ᠢ ᠰᠠᠶᠢᠲᠤᠷ ᠬᠢᠨ᠎ᠡ᠃ ᠤᠯᠤᠰ ᠠᠴᠠ ᠬᠢᠵᠢᠭ ᠤᠨ ᠨᠦᠯᠦᠭᠡᠯᠡᠯ ᠳᠤ ᠬᠠᠨᠳᠤᠭᠤᠯᠤᠨ ᠲᠥᠷᠦᠯ ᠵᠦᠢᠯ ᠤᠨ ᠪᠡᠯᠡ ᠣᠷᠤᠭᠤᠯᠤᠯᠲᠠ ᠶᠢᠨ ᠬᠦᠴᠦᠯᠡᠴᠡ ᠪᠠᠨ ᠨᠡᠮᠡᠭᠳᠡᠬᠦᠯᠵᠦ ᠪᠠᠶᠢᠭ᠎ᠠ ᠠᠵᠠ ᠲᠣᠬᠢᠶᠠᠯ ᠢ ᠰᠠᠶᠢᠳᠤᠷ ᠠᠳᠬᠤᠨ᠂ ᠲᠡᠭᠡᠷ᠎ᠡ ᠱᠠᠳᠤᠨ ᠠᠴᠠ  ᠲᠥᠷᠦᠯ ᠵᠦᠢᠯ ᠪᠠ ᠪᠡᠯᠡ ᠮᠦᠩᠭᠦ ᠭᠤᠶᠣᠴᠢᠯᠠᠬᠤ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠠᠲᠤᠯᠠᠭᠠᠨ ᠤ ᠲᠥᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠨ᠂ ᠣᠷᠤᠨ ᠨᠤᠲᠤᠭ ᠤᠨ ᠵᠠᠰᠠᠭ ᠤᠨ ᠣᠷᠳᠤᠨ ᠤ ᠡᠩ ᠤᠨ ᠵᠢᠭᠡᠯᠡᠯᠭᠡ ᠶᠢᠨ ᠲᠡᠮᠳᠡᠭ ᠢ ᠵᠤᠬᠢᠰᠲᠠᠢ ᠲᠠᠷᠬᠠᠭᠠᠵᠤ᠂ ᠪᠦᠬᠦ ᠵᠢᠯ ᠤᠨ ᠡᠳ᠋ ᠤᠨ ᠵᠠᠰᠠᠭ ᠤᠨ ᠲᠦᠰᠦᠪᠯᠡᠭᠰᠡᠨ ᠵᠠᠷᠤᠯᠭ᠎ᠠ ᠶᠢ 10 ᠳ᠋ᠦᠩᠰᠢᠭᠤᠷ ᠲᠦᠬᠦᠷᠢᠭ ᠳᠠᠪᠠᠭᠤᠯᠬᠤ ᠶᠢ ᠪᠡᠶᠡᠯᠡᠬᠦᠯᠦᠨ᠎ᠡ᠃ ᠲᠥᠪ ᠤᠨ ᠡᠳ᠋ ᠤᠨ ᠵᠠᠰᠠᠭ ᠤᠨ ᠲᠠᠷᠬᠠᠭᠠᠭᠰᠠᠨ ᠣᠨᠴᠠᠭᠠᠢ ᠤᠯᠤᠰ ᠤᠨ ᠥᠷᠢ ᠰᠢᠷᠢ ᠵᠡᠷᠭᠡ ᠰᠢᠭᠤᠳ ᠪᠡᠯᠡ ᠮᠦᠩᠭᠦ ᠶᠢ ᠪᠠᠭᠤᠯᠭᠠᠬᠤ ᠪᠠ ᠪᠠᠶᠢᠩᠭᠤᠵᠢᠭᠰᠠᠨ ᠬᠢᠨᠠᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠤ᠂ ᠦᠨᠳᠦᠰᠦᠨ ᠱᠠᠳᠤᠨ ᠳᠤ ᠰᠢᠭᠤᠳ ᠬᠦᠷᠬᠦ᠂ ᠠᠵᠤ ᠠᠬᠤᠶᠢᠯᠠᠯ ᠠᠷᠠᠳ ᠲᠤ ᠰᠢᠭᠤᠳ ᠠᠰᠢᠭ ᠬᠦᠷᠳᠡᠭᠡᠬᠦ ᠶᠢ ᠪᠠᠳᠤᠯᠠᠵᠤ᠂ ᠵᠢᠱᠢᠭᠰᠡᠨ ᠬᠠᠷᠠᠯᠲᠠ ᠪᠠᠨ ᠪᠠᠶᠡᠯᠡᠭᠦᠯᠬᠦ ᠶᠢ ᠪᠠᠳᠤᠯᠠᠨ᠂ ᠢᠲᠡᠭᠡᠯ ᠵᠣᠷᠢᠭ ᠢ ᠬᠦᠪᠴᠢᠯᠡᠨ᠎ᠡ᠃         ᠵᠤᠬᠢᠴᠠᠩᠭᠤᠢ ᠬᠦᠭᠵᠢᠯᠲᠡ ᠪᠠ ᠤᠮᠠᠷᠠᠰᠢ ᠨᠡᠭᠡᠭᠡᠨ ᠬᠦᠭᠵᠢᠬᠦᠯᠬᠦ ᠶᠢ ᠴᠢᠩᠭᠠᠳᠬᠠᠨ᠎ᠠ᠃ ᠪᠡᠭᠡᠵᠢᠩ᠂ ᠲᠢᠶᠠᠨᠵᠢᠨ᠂ ᠡᠾᠧᠪᠸᠢ᠂ ᠪᠥᠸᠧᠬᠠᠢ ᠲᠠᠩᠭᠢᠰ ᠢ ᠲᠤᠭᠤᠷᠢᠭᠰᠠᠨ ᠠᠵᠤ ᠠᠬᠤᠢ ᠶᠢᠨ ᠲᠣᠭᠤᠷᠢᠭ ᠯᠤᠭ᠎ᠠ ᠶᠢᠨ ᠠᠭᠤᠰᠤᠯᠴᠠᠭ᠎ᠠ ᠶᠢ ᠲᠥᠷᠭᠡᠳᠬᠡᠵᠦ᠂ ᠨᠡᠶᠢᠰᠯᠡᠯ ᠤᠨ ᠪᠤᠰᠤ ᠴᠢᠳᠠᠪᠬᠢ ᠶᠢ ᠲᠠᠷᠬᠠᠭᠠᠨ ᠵᠤᠬᠢᠴᠠᠭᠤᠯᠬᠤ᠂ ᠰᠢᠶᠦ᠋ᠩ ᠠᠨ ᠰᠢᠨ᠎ᠡ ᠲᠤᠭᠤᠷᠢᠭ ᠤᠨ ᠪᠦᠳᠦᠭᠡᠨ ᠪᠠᠶᠢᠭᠤᠯᠤᠯᠲᠠ ᠵᠡᠷᠭᠡ ᠠᠵᠠ ᠲᠤᠬᠢᠶᠠᠯ ᠢ ᠰᠠᠶᠢᠲᠤᠷ ᠠᠳᠬᠤᠨ᠂ ᠴᠢᠨᠠᠷ ᠰᠠᠶᠢᠲᠠᠢ ᠬᠦᠭᠵᠢᠯᠲᠡ ᠶᠢᠨ ᠱᠠᠭᠠᠷᠳᠠᠯᠭ᠎ᠠ ᠲᠠᠢ ᠨᠡᠶᠢᠴᠡᠭᠰᠡᠨ ᠴᠢᠯᠠᠭᠤᠨ ᠮᠠᠲ᠋ᠧᠷᠢᠶᠠᠯ᠂ ᠴᠢᠯᠠᠭᠤᠨ ᠲᠣᠰᠣ᠂ ᠨᠢᠤᠪᠢ ᠲᠠᠨᠲ᠋ᠠᠯ᠂ ᠮᠠᠯ ᠤᠨ ᠠᠰᠢᠭ ᠰᠢᠮ᠎ᠡ ᠶᠢ ᠨᠠᠷᠢᠯᠢᠭ ᠪᠣᠯᠪᠠᠰᠤᠷᠠᠭᠤᠯᠬᠤ ᠪᠠ ᠰᠤᠶᠤᠯ ᠵᠢᠭᠤᠯᠴᠢᠯᠠᠯ᠂ ᠬᠠᠶᠠᠭᠳᠠᠮᠠᠯ ᠪᠤᠳᠠᠰ ᠢ ᠶᠡᠷᠦᠩᠬᠡᠶᠢᠯᠡᠨ ᠠᠰᠢᠭᠯᠠᠬᠤ ᠵᠡᠷᠭᠡ ᠠᠵᠤ ᠦᠢᠯᠡᠰ ᠤᠨ ᠲᠥᠷᠦᠯ ᠵᠦᠢᠯ ᠢ ᠳᠠᠳᠠᠨ ᠣᠷᠤᠭᠤᠯᠤᠨ᠎ᠠ᠃ ᠡᠷᠢᠶᠡᠨ ᠬᠤᠲᠠ ᠶᠢᠨ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠦᠭᠵᠢᠬᠦᠯᠬᠦ ᠨᠡᠭᠡᠭᠡᠯᠲᠡ ᠶᠢᠨ ᠲᠤᠷᠰᠢᠯᠲᠠ ᠶᠢᠨ ᠲᠤᠭᠤᠷᠢᠭ ᠲᠠᠢ ᠢᠳᠡᠪᠬᠢᠳᠡᠢ ᠠᠭᠤᠰᠤᠯᠴᠠᠵᠤ᠂ ᠠᠮᠢ ᠠᠬᠤᠢ ᠶᠢᠨ ᠬᠠᠮᠠᠭᠠᠯᠠᠯᠲᠠ᠂ ᠰᠢᠨ᠎ᠡ ᠡᠨᠧᠷᠭᠢ ᠵᠡᠷᠭᠡ ᠲᠠᠯ᠎ᠠ ᠪᠠᠷ ᠲᠤᠷᠰᠢᠯᠲᠠ ᠶᠢᠨ ᠲᠤᠭᠤᠷᠢᠭ ᠲᠠᠬᠢ ᠬᠦᠷᠰᠢ ᠵᠡᠷᠭᠡᠯᠳᠡᠭᠡ ᠬᠤᠰᠢᠭᠤ ᠰᠢᠶᠠᠨ ᠯᠤᠭ᠎ᠠ ᠨᠢᠭᠡ ᠴᠣᠭᠴᠠᠵᠢᠭᠰᠠᠨ ᠬᠦᠭᠵᠢᠯᠲᠡ ᠶᠢ ᠴᠢᠩᠭᠠᠳᠬᠠᠵᠤ᠂ ᠮᠤᠩᠭᠤᠯ᠂ ᠣᠷᠣᠰ ᠵᠡᠷᠭᠡ ᠬᠠᠮᠢᠶ᠎ᠠ ᠪᠦᠬᠦᠢ ᠤᠯᠤᠰ ᠣᠷᠤᠨ ᠤ ᠠᠵᠤ ᠠᠬᠤᠢ ᠠᠷᠠᠯᠵᠢᠶ᠎ᠠ ᠬᠤᠳᠠᠯᠳᠤᠭᠠᠨ ᠤ ᠬᠠᠮᠳᠤᠷᠠᠯᠴᠠᠭ᠎ᠠ ᠪᠠᠨ ᠦᠷᠬᠦᠯᠵᠢᠯᠡᠨ ᠥᠷᠭᠡᠳᠬᠡᠵᠦ᠂ ᠤᠳᠤᠬᠢᠴᠢᠯᠠᠭᠰᠠᠨ ᠪᠤᠳᠠᠰ ᠤᠨ ᠬᠦᠢᠯᠭᠡᠭᠡᠨ ᠤ ᠭᠤᠣᠯᠳᠠᠯᠭᠠᠲᠤ ᠴᠢᠭ ᠢ ᠡᠬᠢᠯᠡᠨ ᠪᠦᠳᠦᠭᠡᠨ ᠪᠠᠶᠢᠭᠤᠯᠬᠤ ᠶᠢ ᠢᠳᠡᠪᠬᠢᠳᠡᠢ ᠲᠦᠯᠬᠢᠨ ᠠᠬᠢᠭᠤᠯᠤᠨ᠎ᠠ᠃        ︵ᠬᠤᠶᠠᠷ︶ ᠠᠵᠤ ᠦᠢᠯᠡᠰ ᠤᠨ ᠪᠦᠳᠦᠴᠡ ᠶᠢ ᠲᠠᠰᠤᠷᠠᠯᠳᠠ ᠦᠭᠡᠢ ᠰᠢᠯᠢᠳᠡᠭᠵᠢᠬᠦᠯᠵᠦ᠂ ᠠᠵᠤ ᠦᠢᠯᠡᠰ ᠤᠨ ᠬᠡᠯᠬᠢᠶᠡᠵᠢᠯ᠂ ᠥᠷᠲᠡᠭ ᠤᠨ ᠬᠡᠯᠬᠢᠶᠡᠵᠢᠯ ᠤᠨ ᠬᠢᠷᠢ ᠲᠥᠪᠰᠢᠨ ᠢ ᠦᠨᠡᠨᠬᠦ ᠲᠡᠭᠡᠭᠰᠢᠯᠡᠬᠦᠯᠦᠨ᠎ᠡ᠃        ᠤᠳᠤᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠲᠡ ᠶᠢ ᠲᠦᠯᠬᠢᠨ ᠠᠬᠢᠭᠤᠯᠤᠨ᠎ᠠ᠃ ︽ᠲᠠᠪᠤ ᠶᠢ ᠨᠢᠭᠡ ᠴᠣᠭᠴᠠᠵᠢᠭᠤᠯᠬᠤ︾ ᠨᠢᠭᠡᠳᠦᠯᠳᠡᠢ ᠲᠥᠯᠦᠪᠵᠢᠬᠦᠯᠬᠦ ᠬᠦᠭᠵᠢᠯᠲᠡ ᠶᠢ ᠪᠠᠷᠢᠮᠲᠠᠯᠠᠵᠤ᠂ ︽ᠲᠥᠷᠪᠡ ᠶᠢ ᠨᠢᠭᠡᠳᠦᠯᠳᠡᠢ ᠪᠠᠶᠢᠯᠭᠠᠬᠤ︾᠎ ᠶᠢ ᠲᠦᠯᠬᠢᠨ ᠠᠬᠢᠭᠤᠯᠵᠤ᠂ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠤᠨ ᠭᠠᠷ ᠦᠢᠯᠡᠳᠭᠡᠯ ᠤᠨ ᠳᠡᠯᠭᠡᠬᠦᠷ ᠤᠨ ᠬᠤᠯᠪᠤᠭᠠᠯᠠᠨ ᠡᠵᠡᠩᠨᠡᠬᠦ ᠵᠠᠭᠪᠤᠷ ᠢ ᠴᠢᠩᠭᠠᠳᠬᠠᠵᠤ᠂ ᠰᠠᠭᠠᠯᠢ ᠶᠢᠨ ᠦᠨᠢᠶᠡᠨ ᠤ ᠳᠤᠮᠳᠠ ᠪᠠᠭ᠎ᠠ ᠬᠡᠪᠴᠢᠶᠡᠵᠢᠭᠰᠡᠨ ᠲᠡᠵᠢᠭᠡᠨ ᠦᠷᠡᠵᠢᠬᠦᠯᠬᠦ ᠰᠠᠭᠤᠷᠢᠨ ᠭᠠᠵᠠᠷ ᠢ ᠪᠦᠳᠦᠭᠡᠨ ᠪᠠᠶᠢᠭᠤᠯᠬᠤ ᠬᠦᠴᠦᠯᠡᠴᠡ ᠪᠠᠨ ᠨᠡᠮᠡᠭᠳᠡᠬᠦᠯᠦᠨ᠂ ᠡᠯᠧᠺᠲᠷᠣᠨ ᠠᠷᠠᠯᠵᠢᠶ᠎ᠠ ᠬᠤᠳᠠᠯᠳᠤᠭ᠎ᠠ᠂ ᠬᠦᠯᠳᠡᠭᠡᠭᠰᠡᠨ ᠢᠳᠡᠭᠡᠨ ᠤ ᠪᠤᠳᠠᠰ ᠤᠨ ᠬᠦᠢᠯᠭᠡᠭᠡ ᠶᠢ ᠬᠦᠭᠵᠢᠬᠦᠯᠵᠦ᠂ SC ᠬᠡᠷᠡᠴᠢᠯᠡᠯ ᠲᠠᠢ ᠦᠢᠯᠡᠳᠪᠦᠷᠢᠯᠡᠯ ᠤᠨ ᠲᠠᠰᠤᠭ ᠪᠠ ᠬᠦᠢᠳᠡᠨ ᠬᠦᠮᠦᠷᠭᠡ ᠶᠢᠨ ᠪᠠᠶᠢᠭᠤᠯᠤᠯᠲᠠ ᠶᠢᠨ ᠲᠥᠷᠦᠯ ᠵᠦᠢᠯ ᠢ ᠬᠡᠷᠡᠭᠵᠢᠬᠦᠯᠦᠨ᠂ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠤᠨ ᠬᠦᠷᠢᠶᠡᠯᠡᠩ ᠳᠤ ᠣᠷᠤᠭᠰᠠᠨ ᠦᠭᠡᠢ ᠭᠠᠷ ᠦᠢᠯᠡᠳᠭᠡᠯ ᠤᠨ ᠲᠡᠯᠭᠡᠬᠦᠷ ᠤᠨ ᠲᠡᠰ ᠲᠡᠪᠰᠢᠬᠦ ᠶᠢ ᠲᠡᠳᠬᠦᠨ ᠳᠡᠮᠵᠢᠵᠦ᠂ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠴᠢᠳᠠᠪᠦᠷᠢ ᠶᠢ ᠲᠡᠭᠡᠭᠰᠢᠯᠡᠬᠦᠯᠦᠨ᠂ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰᠵᠢᠭᠰᠡᠨ᠂ ᠲᠠᠸᠠᠷᠴᠢᠯᠠᠭᠰᠠᠨ ᠬᠦᠭᠵᠢᠯᠲᠡ ᠶᠢ ᠳᠡᠮᠵᠢᠵᠤ᠂ ︽ᠰᠢᠯᠢ ᠶᠢᠨ ᠭᠤᠣᠯ ᠤᠨ ᠴᠠᠭᠠᠨ ᠢᠳᠡᠭᠡᠨ︾᠎ ᠤ ᠨᠡᠷ᠎ᠡ ᠲᠡᠮᠳᠡᠭ ᠢ ᠦᠷᠬᠦᠯᠵᠢᠯᠡᠨ ᠡᠬᠦᠳᠴᠦ᠂ ︽ᠴᠠᠭᠠᠨ ᠢᠳᠡᠭᠡᠨ ᠤ ᠨᠤᠲᠤᠭ︾᠎ ᠤᠨ ᠨᠡᠷ᠎ᠡ ᠠᠯᠳᠠᠷ ᠢ ᠤᠯᠠᠮ ᠠᠯᠳᠠᠷᠰᠢᠭᠤᠯᠤᠨ᠎ᠠ᠃ ︽ᠬᠤᠨᠢ ᠶᠢ ᠴᠦᠭᠡᠴᠢᠯᠡᠨ ᠦᠬᠡᠷ ᠢ ᠨᠡᠮᠡᠭᠳᠡᠬᠦᠯᠬᠦ᠂ ᠴᠢᠨᠠᠷ ᠢ ᠲᠡᠭᠡᠭᠰᠢᠯᠡᠬᠦᠯᠵᠦ ᠤᠷᠤᠯᠭ᠎ᠠ ᠶᠢ ᠨᠡᠮᠡᠭᠳᠡᠬᠦᠯᠬᠦ︾ ᠪᠠ ︽ᠴᠠᠬᠠᠷ ᠬᠤᠨᠢ᠂ ᠴᠠᠭᠠᠨ ᠢᠳᠡᠭᠡ︾᠎ ᠶᠢᠨ ᠨᠡᠷ᠎ᠡ ᠲᠡᠮᠳᠡᠭ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠮᠠᠯ ᠲᠡᠵᠢᠭᠡᠪᠦᠷᠢ ᠶᠢᠨ ᠪᠦᠳᠦᠴᠡ ᠶᠢ ᠰᠢᠯᠢᠳᠡᠭᠵᠢᠬᠦᠯᠵᠦ᠂ ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ ᠮᠧᠬᠠᠨᠢᠭᠵᠢᠭᠰᠠᠨ᠂ ᠤᠶᠤᠨᠴᠢᠯᠠᠭᠰᠠᠨ ᠮᠠᠯ ᠠᠵᠤ ᠠᠬᠤᠢ ᠶᠢᠨ ᠬᠦᠭᠵᠢᠯᠲᠡ ᠶᠢᠨ ᠬᠡᠪ ᠵᠠᠭᠪᠤᠷ ᠢ ᠲᠦᠭᠡᠮᠡᠯᠵᠢᠬᠦᠯᠦᠨ᠎ᠡ ᠃ ᠠᠶᠢᠮᠠᠭ ᠤᠨ ᠳᠤᠳᠤᠷ᠎ᠠ ᠪᠠᠨ ᠰᠢᠯᠢᠳᠡᠭ ᠡᠭᠦᠯᠳᠡᠷ ᠢ ᠵᠣᠬᠢᠴᠠᠭᠤᠯᠬᠤ᠂ ᠪᠠᠭᠤᠷᠠᠢ ᠶᠢ ᠲᠠᠶᠠᠭᠳᠠᠬᠤ ᠪᠠ ᠡᠬᠦᠯᠳᠡᠷ ᠰᠠᠶᠢᠵᠢᠷᠠᠭᠤᠯᠬᠤ ᠶᠢ ᠪᠠᠷᠢᠮᠳᠠᠯᠠᠵᠤ᠂ ᠪᠠᠷᠢᠮᠵᠢᠶᠠᠨ ᠳᠤ ᠨᠡᠶᠢᠴᠡᠭᠰᠡᠨ ᠬᠡᠪᠴᠢᠶᠡᠵᠢᠭᠰᠡᠨ ᠲᠡᠵᠢᠭᠡᠨ ᠦᠷᠡᠵᠢᠬᠦᠯᠬᠦ ᠲᠠᠯᠠᠪᠠᠢ᠂ ᠭᠡᠷ ᠪᠦᠯᠢ ᠶᠢᠨ ᠮᠠᠯᠵᠢᠯ ᠤᠨ ᠲᠠᠯᠠᠪᠠᠢ ᠪᠠ ᠰᠢᠯᠢᠳᠡᠭ ᠡᠬᠦᠯᠳᠡᠷ ᠢ ᠪᠣᠶᠢᠵᠢᠭᠤᠯᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠬᠢᠵᠤ᠂ ᠮᠢᠬᠠᠨ ᠤ ᠦᠬᠡᠷ ᠤᠨ ᠪᠠᠷᠢᠮᠵᠢᠶᠠᠵᠢᠭᠰᠠᠨ ᠲᠡᠵᠢᠭᠡᠨ ᠦᠷᠡᠵᠢᠬᠦᠯᠬᠦ ᠬᠠᠮᠢᠶᠠᠷᠤᠯᠲᠠ ᠶᠢᠨ ᠮᠡᠷᠭᠡᠵᠢᠯ ᠢ ᠲᠦᠬᠡᠮᠡᠯᠵᠢᠬᠦᠯᠵᠦ᠂ ᠭᠤᠤᠯᠳᠠᠯᠭᠠᠲᠤ ᠰᠦᠷᠦᠭ ᠤᠨ ᠪᠠᠶᠢᠭᠤᠯᠤᠯᠲᠠ ᠶᠢ ᠨᠡᠮᠡᠭᠳᠡᠬᠦᠯᠦᠨ᠂ ᠮᠢᠬᠠᠨ ᠤ ᠦᠬᠡᠷ ᠤᠨ ᠲᠤᠭ᠎ᠠ ᠶᠢ 5 ᠲᠥᠮᠨ ᠣᠷᠴᠢᠮ ᠳᠤ ᠪᠠᠳᠤᠯᠠᠵᠤ᠂ ᠲᠥᠪᠯᠡᠷᠡᠬᠦᠯᠦᠨ ᠪᠣᠷᠳᠤᠨ ᠲᠠᠷᠭᠤᠯᠠᠭᠤᠯᠬᠤ ᠶᠢ ᠵᠣᠷᠢᠭᠵᠢᠭᠤᠯᠤᠨ᠎ᠠ᠃ ︽ᠴᠠᠬᠠᠷ ᠬᠤᠨᠢ︾᠎ ᠶᠢᠨ ᠤᠯᠤᠰ ᠤᠨ ᠭᠠᠵᠠᠷ ᠵᠦᠢ ᠶᠢᠨ ᠢᠯᠡᠳᠭᠡᠮᠵᠢᠲᠦ ᠬᠠᠮᠠᠭᠠᠯᠠᠯᠲᠠ ᠶᠢᠨ ᠪᠦᠳᠦᠭᠡᠭᠳᠡᠬᠦᠨ ᠤ ᠦᠢᠯᠡᠳᠤᠯ ᠢ ᠬᠦᠢᠴᠡᠳ ᠪᠠᠳᠠᠷᠠᠭᠤᠯᠵᠤ᠂ ᠴᠠᠬᠠᠷ ᠬᠤᠨᠢᠨ ᠤ ᠡᠬᠢ ᠪᠠᠶᠠᠯᠢᠭ ᠤᠨ ᠬᠠᠮᠠᠭᠠᠯᠠᠨ ᠠᠰᠢᠭᠯᠠᠬᠤ ᠲᠥᠷᠦᠯ ᠵᠦᠢᠯ ᠢ ᠬᠡᠷᠡᠭᠵᠢᠭᠦᠯᠦᠨ᠂ ᠴᠠᠬᠠᠷ ᠬᠤᠨᠢᠨ ᠤ ᠤᠯᠤᠰ ᠤᠨ ᠭᠤᠤᠯᠳᠠᠯᠭᠠᠲᠤ ᠲᠡᠵᠢᠭᠡᠨ ᠦᠷᠡᠵᠢᠬᠦᠯᠬᠦ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠴᠡᠪᠡᠷ ᠴᠢᠰᠦᠨ ᠤ ᠴᠠᠬᠠᠷ ᠬᠤᠨᠢ ᠶᠢ ᠪᠣᠶᠢᠵᠢᠭᠤᠯᠬᠤ ᠪᠠ ᠰᠢᠯᠢᠳᠡᠭᠵᠢᠬᠦᠯᠬᠦ ᠠᠵᠢᠯ ᠢ ᠰᠠᠶᠢᠲᠤᠷ ᠬᠢᠵᠤ᠂ ᠴᠠᠬᠠᠷ ᠬᠤᠨᠢᠨ ᠤ ᠴᠢᠨᠠᠷ ᠪᠠ ᠭᠠᠷᠭᠠᠯᠲᠠ ᠶᠢᠨ ᠬᠡᠮᠵᠢᠶ᠎ᠡ ᠶᠢ ᠨᠡᠮᠡᠭᠳᠡᠬᠦᠯᠦᠨ᠎ᠡ᠃ ᠰᠢᠯᠢᠳᠡᠭ ᠦᠷ᠎ᠡ ᠶᠢᠨ ᠮᠠᠯ ᠤᠨ ᠰᠣᠯᠢᠯᠴᠠᠭ᠎ᠠ ᠶᠢ ᠴᠢᠩᠭᠠᠳᠬᠠᠨ᠎ᠠ᠃ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ ᠠᠵᠤ ᠠᠬᠤᠶᠢᠯᠠᠯ ᠤᠨ ᠲᠤᠭᠲᠠᠭᠤᠨ ᠦᠢᠯᠡᠳᠪᠦᠷᠢᠯᠡᠯ ᠢ ᠲᠡᠮᠵᠢᠵᠤ᠂ ᠮᠠᠯ ᠤᠨ ᠠᠰᠢᠭ ᠰᠢᠮ᠎ᠡ ᠶᠢ ᠨᠠᠷᠢᠯᠢᠭ ᠪᠣᠯᠪᠠᠰᠤᠷᠠᠭᠤᠯᠬᠤ ᠲᠥᠷᠦᠯ ᠵᠦᠢᠯ ᠢ ᠣᠷᠤᠭᠤᠯᠤᠨ᠂ ᠮᠠᠯ ᠤᠨ ᠠᠰᠢᠭ ᠰᠢᠮ᠎ᠡ ᠶᠢᠨ ᠲᠣᠬᠠᠢ ᠶᠢᠨ ᠭᠠᠵᠠᠷ ᠲᠤᠨᠢ ᠡᠳ᠋ᠰᠢᠬᠦᠯᠬᠦ ᠨᠣᠷᠮ᠎ᠠ ᠶᠢ ᠲᠡᠭᠡᠭᠰᠢᠯᠡᠬᠦᠯᠦᠨ᠎ᠡ᠃ ︽ᠪᠡᠯᠴᠢᠭᠡᠷᠯᠡᠬᠦᠯᠬᠦ + ᠲᠡᠵᠢᠭᠡᠯ ᠨᠦᠬᠦᠪᠦᠷᠢᠯᠡᠬᠦ︾᠎ ᠪᠠᠷ ᠳᠠᠮᠵᠢᠨ᠂ ᠤᠷᠢᠳᠴᠢᠯᠠᠨ ᠵᠠᠷᠤᠴᠠᠭᠤᠯᠬᠤ ᠠᠵᠢᠯ ᠢ ᠤᠯᠠᠮ ᠴᠢᠨᠠᠭᠰᠢᠲᠠ ᠠᠬᠢᠭᠤᠯᠵᠤ᠂ ᠮᠠᠯᠴᠢᠨ ᠡᠷᠦᠬᠡ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭᠠᠯᠠᠯ ᠤᠨ ᠲᠣᠭᠲᠠᠴᠠ ᠶᠢ ᠪᠠᠳᠤᠳᠬᠠᠨ᠂ ᠡᠳ᠋ᠰᠢᠬᠦᠯᠬᠦ ᠠᠵᠤ ᠠᠬᠤᠶᠢᠯᠠᠯ ᠪᠠ ᠵᠠᠬ᠎ᠠ ᠳᠡᠯᠭᠡᠬᠦᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃       ᠠᠵᠤ ᠦᠢᠯᠡᠳᠪᠦᠷᠢ ᠶᠢᠨ ᠲᠡᠰ ᠲᠡᠪᠰᠢᠭᠦ ᠶᠢ ᠠᠬᠢᠭᠤᠯᠥᠨ᠎ᠠ᠃ ᠤᠨᠴᠠ ᠥᠨᠳᠦᠷ ᠬᠦᠴᠦᠳᠡᠯᠲᠦ ᠢᠵᠢ ᠪᠦᠷᠢᠳᠦᠭᠰᠡᠨ ᠰᠠᠯᠬᠢ ᠴᠠᠬᠢᠯᠭᠠᠨ ᠤ ᠲᠥᠷᠥᠯ ᠵᠥᠢᠯ ᠢ ᠪᠦᠬᠦᠨ ᠢ ᠲᠤᠤᠷ ᠲᠤ ᠨᠠᠶᠢᠯᠠᠬᠦᠯᠥᠨ ᠴᠠᠬᠢᠯᠭᠠᠨ ᠭᠠᠷᠭᠠᠬᠤ ᠶᠢ ᠪᠠᠳᠤᠯᠠᠨ᠎ᠠ᠃ ᠵᠠᠭᠤᠨ ᠲᠥᠮᠡᠨ ᠺᠢᠯᠥᠸᠠᠲ ᠤᠨ ᠴᠡᠪᠡᠷ ᠡᠨᠧᠷᠬᠢ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠥᠯᠳᠠ ᠶᠢᠨ ᠦᠷ᠎ᠡ ᠪᠦᠳᠦᠭᠡᠯ ᠢ ᠦᠷᠭᠦᠯᠵᠢᠯᠡᠨ ᠪᠠᠬᠢᠵᠢᠭᠦᠯᠵᠦ᠂ ᠰᠢᠨ᠎ᠡ ᠡᠨᠧᠷᠭᠢ ᠶᠢᠨ ᠲᠥᠷᠥᠯ ᠵᠥᠢᠯ ᠤᠨ ᠲᠤᠭᠳᠠᠭᠤᠨ ᠢᠶᠠᠷ ᠦᠢᠯᠡᠳᠪᠦᠷᠢᠯᠡᠬᠦ ᠶᠢ ᠪᠠᠳᠥᠯᠠᠵᠥ᠂ 14.3 ᠳ᠋ᠥᠩᠰᠢᠭᠤᠷ ᠺᠢᠯᠥᠸᠠᠲ ᠴᠠᠭ ᠴᠠᠬᠢᠯᠭᠠᠨ ᠭᠠᠷᠭᠠᠨ᠎ᠠ᠃ ᠰᠢᠯᠢ ᠶᠢᠨ ᠭᠤᠤᠯ ᠠᠶᠢᠮᠠᠭ ᠤᠨ ᠪᠠᠷᠠᠭᠤᠨ ᠭᠡᠰᠡᠭ ᠤᠨ ᠡᠯᠡᠰᠤᠷᠭᠡᠭᠵᠢᠭᠰᠡᠨ ᠭᠠᠵᠠᠷ ᠤᠷᠥᠨ ᠤ ᠮᠢᠩᠭᠠᠨ ᠲᠥᠮᠡᠨ ᠺᠢᠯᠥᠸᠠᠲ ᠤᠨ ᠰᠢᠨ᠎ᠡ ᠡᠨᠧᠷᠭᠢ ᠶᠢᠨ ᠨᠡᠭᠡᠭᠡᠨ ᠭᠦᠭᠵᠢᠬᠦᠯᠥᠯᠳᠡ ᠬᠢᠭᠡᠳ ᠠᠮᠢ ᠠᠬᠤᠢ ᠶᠢᠨ ᠰᠡᠷᠭᠦᠭᠡᠯᠳᠡ ᠶᠢ ᠠᠭᠤᠰᠥᠯᠴᠠᠭᠤᠯᠥᠨ ᠭᠦᠭᠵᠢᠭᠦᠯᠭᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠷᠦᠯ ᠵᠦᠢᠯ ᠢ ᠢᠳᠡᠪᠬᠢᠳᠡᠢ ᠡᠷᠡᠮᠡᠯᠵᠡᠯᠡᠨ ᠣᠯᠵᠤ᠂ ᠭᠡᠷᠡᠯ ᠴᠡᠨᠡᠭ ᠤᠨ ᠦᠨ᠎ᠡ ᠦᠷᠢᠰᠦᠯᠳᠦᠬᠦ᠂ ᠰᠦᠯᠵᠢᠶᠡᠨ ᠴᠢᠭ ᠤᠨ ᠬᠢᠮᠳ᠋ᠨ ᠦᠨ᠎ᠡ ᠪᠠᠷ ᠰᠦᠯᠵᠢᠶᠡᠨ ᠳᠤ ᠭᠠᠷᠬᠤ ᠶᠢ ᠲᠦᠯᠬᠢᠨ ᠠᠬᠢᠭᠤᠯᠤᠨ᠎ᠠ᠃ ᠨᠡᠭᠦᠷᠡᠰᠥᠨ ᠠᠭᠤᠷᠬᠠᠢ ᠶᠢᠨ ᠦᠢᠯᠡᠳᠪᠦᠷᠢᠯᠡᠯ ᠤᠨ ᠲᠤᠭᠳᠠᠭᠤᠨ ᠢ ᠪᠠᠳᠦᠯᠠᠵᠦ᠂ 60 ᠲᠥᠮᠡᠨ ᠲᠤᠨ ᠨᠡᠭᠦᠷᠡᠰᠦ ᠤᠶᠢᠯᠡᠳᠪᠦᠷᠢᠯᠡᠨ᠎ᠡ᠃ ᠴᠢᠯᠠᠭᠤᠨ ᠮᠠᠲ᠋ᠧᠷᠢᠶᠠᠯ ᠤᠨ ᠠᠭᠤᠷᠬᠠᠢ ᠶᠢᠨ ᠡᠬᠢ ᠪᠠᠶᠠᠯᠢᠭ ᠢ ᠴᠣᠮᠠᠳᠬᠠᠨ ᠨᠢᠭᠡᠳᠭᠡᠬᠦ ᠶᠢ ᠠᠬᠢᠭᠤᠯᠵᠤ᠂ ᠬᠠᠮᠳᠤᠷᠠᠭᠰᠠᠨ ᠠᠭᠤᠷᠬᠠᠢ ᠮᠠᠯᠳᠠᠬᠤ ᠴᠢᠭ ᠢ ᠳᠤᠭᠲᠠᠭᠠᠨ᠂ ᠠᠵᠦ ᠠᠬᠤᠶᠢᠯᠠᠯ ᠤᠨ ᠭᠦᠭᠵᠢᠯᠳᠡ ᠶᠢᠨ ᠬᠤᠯᠪᠦᠭᠠᠳᠦ ᠴᠤᠬᠴᠠ ᠶᠢ ᠪᠠᠶᠢᠭᠤᠯᠤᠨ᠂ ᠴᠢᠯᠠᠭᠤᠨ ᠮᠠᠲ᠋ᠧᠷᠢᠶᠠᠯ ᠤᠨ ᠦᠯᠡᠳᠡᠭᠳᠡᠯ ᠪᠠ ᠴᠢᠯᠠᠭᠤᠨ ᠨᠤᠨᠳᠠᠭ ᠢ ᠠᠰᠢᠭᠯᠠᠬᠤ ᠲᠥᠷᠥᠯ ᠵᠥᠢᠯ ᠢ ᠲᠥᠷᠭᠡᠳᠭᠡᠨ ᠠᠬᠢᠭᠤᠯᠵᠦ᠂ ︽ᠲᠤᠮᠳᠠᠳᠤ ᠤᠯᠣᠰ ᠤᠨ ᠤᠮᠠᠷᠠᠲᠤ ᠶᠢᠨ ᠴᠢᠯᠠᠭᠤᠨ ᠮᠠᠲ᠋ᠧᠷᠢᠶᠠᠯ ᠤᠨ ᠨᠤᠳᠤᠭ︾᠎ ᠤᠨ ᠨᠠᠷ᠎ᠡ ᠲᠡᠮᠳᠡᠭ ᠢ ᠲᠠᠰᠥᠷᠠᠯᠳᠠ ᠦᠭᠡᠢ ᠭᠥᠴᠥᠷᠭᠡᠭᠵᠢᠭᠦᠯᠥᠨ ᠰᠢᠯᠢᠳᠡᠭᠵᠢᠭᠦᠯᠵᠥ᠂ 300 ᠲᠥᠮᠡᠨ ᠲᠡᠭᠰᠢ ᠲᠦᠷᠪᠡᠯᠵᠢᠨ ᠮᠧᠲᠷ ᠬᠠᠪᠳᠠᠰᠤᠨ ᠮᠠᠲ᠋ᠧᠷᠢᠶᠠᠯ ᠦᠢᠯᠡᠳᠪᠦᠷᠢᠯᠡᠨ᠎ᠡ᠃ ᠲᠦᠭᠦᠬᠡᠢ ᠴᠢᠯᠠᠭᠤᠨ ᠲᠤᠰᠤ ᠶᠢ ᠨᠡᠭᠡᠭᠡᠨ ᠮᠠᠯᠳᠠᠬᠤ ᠶᠢ ᠤᠯᠠᠮ ᠳᠥᠷᠢᠮᠵᠢᠬᠦᠯᠵᠦ᠂ ᠠᠵᠥ ᠠᠬᠤᠶᠢᠯᠠᠯ ᠢ ᠵᠢᠯᠤᠭᠤᠳᠴᠤ᠂ ᠨᠡᠶᠢᠯᠡᠭᠦᠯᠦᠨ ᠲᠠᠬᠢᠨ ᠪᠠᠶᠢᠭᠤᠯᠬᠤ ᠪᠠ ᠨᠠᠶᠢᠳᠠᠨ ᠬᠠᠮᠢᠶᠠᠷᠤᠭᠤᠯᠬᠤ ᠠᠷᠭ᠎ᠠ ᠮᠠᠶ᠋ᠢᠭ ᠢᠶᠠᠷ ᠲᠠᠮᠵᠢᠭᠤᠯᠤᠨ ᠡᠬᠢ ᠪᠠᠶᠠᠯᠢᠭ ᠢ ᠨᠢᠭᠡᠳᠭᠡᠵᠦ᠂ ᠬᠠᠶᠢᠨ ᠰᠢᠨᠵᠢᠬᠦ ᠪᠠ ᠤᠶᠢᠯᠡᠳᠪᠥᠷᠢᠯᠡᠯ ᠤᠨ ᠪᠡᠯᠡ ᠤᠷᠤᠭᠤᠯᠤᠯᠳᠠ ᠶᠢ ᠨᠡᠮᠡᠭᠳᠡᠭᠦᠯᠦᠨ᠂ 4 ᠲᠦᠮᠡᠨ ᠲᠤᠨ ᠴᠢᠯᠠᠭᠤᠨ ᠲᠤᠰᠤ ᠪᠤᠷᠤᠯᠠᠭᠤᠯᠤᠨ᠎ᠠ᠃ ᠨᠢᠤᠪᠢ ᠲᠠᠨᠲ᠋ᠠᠯ ᠤᠨ ᠠᠭᠤᠷᠬᠠᠢ ᠶᠢᠨ ᠮᠠᠯᠳᠠᠵᠥ ᠰᠣᠩᠭᠤᠬᠤ ᠲᠥᠷᠥᠯ ᠵᠥᠢᠯ ᠢ ᠪᠠᠶᠢᠭᠤᠯᠤᠨ ᠠᠰᠢᠭᠯᠠᠯᠳᠠ ᠳᠤ ᠤᠷᠤᠭᠤᠯᠬᠤ ᠶᠢ ᠦᠨᠡᠨᠬᠦ ᠪᠠᠳᠤᠯᠠᠨ᠂ ᠬᠠᠶᠢᠯᠤᠭᠤᠷ ᠵᠤᠩᠰᠢ ᠶᠢ ᠮᠠᠯᠲᠠᠨ ᠰᠣᠩᠭᠤᠬᠤ ᠲᠦᠷᠥᠯ ᠵᠥᠢᠯ ᠢ ᠲᠦᠯᠬᠢᠨ ᠠᠬᠢᠭᠤᠯᠵᠤ᠂ ᠵᠢᠯ ᠤᠨ ᠲᠤᠳᠤᠷ᠎ᠠ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠵᠥ᠂ ᠨᠡᠬᠦᠷᠡᠰᠥ ᠭᠦᠴᠢᠯ ᠤᠨ ᠯᠢᠲ ᠢ ᠨᠠᠷᠢᠯᠢᠭ ᠡᠳ᠋ᠰᠢᠭᠦᠯᠭᠦ ᠲᠦᠷᠥᠯ ᠵᠥᠢᠯ ᠤᠨ ᠡᠮᠤᠨᠡᠬᠢ ᠬᠤᠭᠤᠴᠠᠭᠠᠨ ᠤ ᠠᠵᠢᠯ ᠢ ᠠᠬᠢᠭᠤᠯᠤᠨ᠎ᠠ᠃ ᠲᠡᠮᠦᠷᠯᠢᠭ ᠬᠠᠶᠢᠯᠤᠭᠤᠯᠬᠤ ᠠᠵᠥ ᠠᠬᠤᠶᠢᠯᠠᠯ ᠤᠨ ᠮᠡᠷᠭᠡᠵᠢᠯ ᠤᠨ ᠦᠭᠡᠷᠡᠴᠢᠯᠡᠯᠳᠡ ᠬᠢᠵᠥ ᠲᠡᠰ ᠲᠡᠪᠰᠢᠬᠦᠯᠬᠦ ᠠᠵᠢᠯ ᠢ ᠰᠠᠶᠢᠲᠤᠷ ᠬᠢᠨ᠎ᠡ᠃        ᠤᠶᠢᠯᠡᠴᠢᠯᠡᠭᠡᠨ ᠤ ᠤᠶᠢᠯᠡᠰ ᠤᠨ ᠴᠢᠨᠠᠷᠯᠢᠭ ᠬᠦᠭᠵᠢᠯᠲᠡ ᠶᠢ ᠲᠦᠯᠬᠢᠨ ᠠᠬᠢᠭᠤᠯᠤᠨ᠎ᠠ᠃  ︽ᠲᠦᠮᠡᠨ ᠭᠠᠵᠠᠷ ᠤᠨ ᠴᠠᠢ ᠶᠢᠨ ᠵᠠᠮ︾᠂ ︽ᠴᠢᠭᠤᠯᠤᠯᠲᠤ ᠬᠠᠭᠠᠯᠭ᠎ᠠ ᠠᠴᠠ ᠶᠡᠭᠡ ᠬᠦᠷᠢᠶ᠎ᠡ ᠬᠦᠷᠬᠦ ᠵᠠᠮ︾ ᠪᠠ ᠦᠷᠳᠡᠭᠡᠨ ᠰᠤᠶᠥᠯ ᠢ ᠭᠦᠨᠵᠡᠭᠡᠢ ᠠᠰᠢᠭᠯᠠᠵᠤ᠂ ᠬᠠᠶᠠᠩᠬᠢᠷᠸ᠎ᠠ ᠶᠢᠨ ᠦᠵᠡᠮᠵᠢ ᠶᠢᠨ ᠤᠷᠤᠨ᠂ ᠠᠰᠤᠷᠤ ᠠᠶᠠᠯᠭᠤ ᠶᠢᠨ ᠵᠠᠩ ᠤᠶᠢᠯᠡ ᠶᠢᠨ ᠬᠥᠷᠢᠶᠡᠯᠡᠩ᠂ ᠰᠤᠷᠤᠨ᠎ᠠ ᠵᠤᠰᠠᠯᠠᠩ ᠢ ᠲᠡᠰ ᠲᠡᠪᠰᠢᠬᠦᠯᠵᠥ᠂ ᠵᠢᠭᠤᠯᠴᠢᠯᠠᠯ ᠤᠨ ᠵᠠᠮ᠂ ᠦᠵᠡᠮᠵᠢ ᠶᠢᠨ ᠤᠷᠤᠨ ᠤ ᠰᠠᠭᠤᠷᠢ ᠲᠦᠬᠦᠭᠡᠷᠦᠮᠵᠢ ᠶᠢᠨ ᠪᠦᠳᠥᠭᠡᠨ ᠪᠠᠶᠢᠭᠤᠯᠥᠯᠳᠠ ᠶᠢ ᠴᠢᠩᠭᠠᠳᠬᠠᠵᠤ᠂ ᠴᠠᠬᠠᠷ ᠮᠦᠽᠧᠢ ᠶᠢᠨ  ᠪᠦᠳᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠲᠦᠯᠬᠢᠨ ᠠᠬᠢᠭᠤᠯᠵᠥ᠂ ︽ᠳ᠋ᠣᠺᠲ᠋ᠣᠷ ᠤᠨ ᠦᠯᠥᠭᠡᠢ︾᠎ ᠶᠢᠨ ᠲᠠᠪᠠᠭᠤᠯᠢᠭ ᠨᠦᠬᠦᠴᠡᠯ ᠢ ᠪᠠᠳᠠᠷᠠᠭᠤᠯᠤᠨ᠂ ᠰᠤᠶᠤᠯ ᠰᠤᠷᠭᠠᠨ ᠬᠦᠮᠥᠵᠢᠯ ᠵᠢᠭᠤᠯᠴᠢᠯᠠᠯ ᠨᠢᠭᠲᠠ ᠠᠭᠤᠰᠤᠯᠴᠠᠭᠰᠠᠨ ᠬᠦᠭᠵᠢᠯᠲᠡ ᠶᠢ ᠠᠬᠢᠭᠤᠯᠤᠨ᠂ ︽ᠲᠤᠷᠭᠠᠨ ᠨᠤᠲᠤᠭ ᠭᠦᠪᠡᠭᠡᠳᠥ ᠰᠢᠷ᠎ᠠ᠂ ᠠᠰᠤᠷᠤ ᠠᠶᠠᠯᠭᠤ ᠶᠢᠨ ᠥᠯᠦᠭᠡᠢ︾᠎ ᠶᠢᠨ ᠰᠤᠶᠤᠯ ᠤᠨ ᠵᠢᠭᠤᠯᠴᠢᠯᠠᠯ ᠤᠨ ᠨᠡᠷ᠎ᠡ ᠲᠡᠮᠳᠡᠭ ᠢ ᠦᠷᠭᠦᠯᠵᠢᠯᠡᠨ ᠡᠬᠦᠳᠦᠨ᠎ᠡ᠃ ︽ᠨᠢᠭᠡ ᠭᠤᠳᠤᠮᠵᠢ ᠬᠤᠶᠠᠷ ᠵᠠᠮ︾᠎ ᠤᠨ ᠤᠶᠢᠯᠠᠳᠥᠯ ᠢ ᠭᠥᠢᠴᠡᠳ ᠪᠠᠳᠠᠷᠠᠭᠤᠯᠵᠥ᠂ ᠪᠤᠳᠠᠰ ᠤᠨ ᠭᠥᠢᠯᠭᠡᠭᠡᠨ ᠤ ᠠᠵᠥ ᠤᠶᠢᠯᠡᠰ ᠤᠨ ᠲᠡᠰ ᠲᠡᠪᠰᠢᠭᠦᠯᠬᠦ ᠶᠢ ᠠᠬᠢᠭᠤᠯᠤᠨ᠎ᠠ᠃ 5G᠎ ᠶᠢᠨ ᠮᠡᠷᠭᠡᠵᠢᠯ ᠢ ᠲᠦᠭᠡᠮᠡᠯᠵᠢᠬᠦᠯᠦᠨ ᠬᠡᠷᠡᠭᠯᠡᠬᠦ ᠶᠢ ᠲᠦᠷᠭᠡᠳᠬᠡᠨ᠎ᠡ᠃ ᠦᠪᠡᠷᠳᠡᠭᠡᠨ ᠵᠠᠰᠠᠬᠤ ᠤᠷᠤᠨ ᠤ ᠡᠯᠧᠺᠲᠷᠣᠨ ᠬᠤᠳᠠᠯᠳᠤᠭᠠᠨ ᠤ ᠲᠠᠪᠴᠠᠩ ᠤᠨ ᠤᠶᠢᠯᠡᠴᠢᠯᠡᠭᠡᠨ ᠤ ᠲᠦᠷᠥᠯ ᠵᠣᠶᠢᠯ ᠢ ᠢᠳᠡᠪᠬᠢᠳᠠᠢ ᠡᠷᠡᠮᠡᠯᠵᠡᠯᠡᠨ ᠣᠯᠵᠥ᠂ ᠲᠡᠭᠡᠳᠥ ᠲᠡᠰ ᠤᠨ ᠴᠠᠭᠠᠨ ᠢᠳᠡᠭᠡ᠂ ᠴᠠᠬᠠᠷ ᠬᠤᠨᠢᠨ ᠮᠢᠬ᠎ᠠ ᠵᠡᠷᠭᠡ ᠣᠨᠴᠠ ᠭᠠᠷᠤᠯᠲᠠ ᠶᠢᠨ ᠡᠯᠧᠺᠲᠷᠣᠨ ᠬᠤᠲᠠᠯᠳᠤᠭ᠎ᠠ ᠶᠢ ᠡᠭᠦᠳᠥᠨ ᠬᠥᠭᠵᠢᠭᠦᠯᠥᠨ᠎ᠡ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠲᠡᠯᠭᠡᠭᠦᠷ ᠤᠨ ᠡᠵᠡᠩᠨᠡᠯᠳᠡ ᠶᠢᠨ ᠶᠠᠰᠥ ᠴᠢᠨᠠᠷ ᠢ ᠳᠡᠭᠡᠭᠰᠢᠯᠡᠭᠦᠯᠵᠦ᠂ ᠬᠤᠳᠠᠯᠳᠤᠭᠠᠨ ᠤ ᠵᠡᠭᠡᠯᠢ ᠶᠢᠨ ᠬᠥᠭᠵᠢᠯᠳᠡ ᠶᠢ ᠲᠡᠳᠬᠦᠵᠥ᠂ ᠰᠦᠯᠵᠢᠶᠡᠨ ᠲᠡᠭᠡᠷᠡᠬᠢ ᠪᠠ ᠪᠤᠳᠠᠳᠤ ᠲᠠᠸᠠᠷ ᠤᠨ ᠬᠡᠷᠡᠭᠯᠡᠭᠡ ᠶᠢᠨ ᠠᠭᠤᠰᠤᠯᠴᠠᠯ ᠢ ᠲᠦᠷᠭᠡᠳᠬᠡᠨ᠂ ᠦᠳᠡᠰᠢ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠦᠭᠵᠢᠬᠦᠯᠵᠦ᠂ ᠪᠤᠳᠠᠳᠤ ᠲᠠᠸᠠᠷ ᠤᠨ ᠪᠤᠷᠤᠯᠠᠭᠤᠯᠭ᠎ᠠ ᠶᠢ ᠦᠷᠭᠡᠳᠬᠡᠨ᠎ᠡ᠃ ᠨᠠᠰᠤᠳᠠᠶᠢᠴᠤᠳ ᠤᠨ ᠠᠰᠠᠷᠠᠮᠵᠢ ᠶᠢᠨ ᠤᠶᠢᠯᠡᠴᠢᠯᠡᠭᠡ᠂ ᠡᠷᠡᠬᠦᠯᠵᠢᠯ ᠪᠡᠶ᠎ᠡ ᠰᠤᠪᠢᠯᠠᠯᠳᠠ ᠶᠢᠨ ᠠᠵᠥ ᠤᠶᠢᠯᠡᠰ ᠢ ᠬᠦᠭᠵᠢᠬᠦᠯᠵᠦ᠂ ᠨᠢᠰᠭᠡᠭᠴᠢ ᠶᠢᠨ ᠪᠤᠯᠪᠠᠰᠤᠷᠠᠯ᠂ ᠴᠢᠨᠠᠷ ᠴᠢᠨᠰᠠᠭᠠᠨ ᠤ ᠬᠢᠨᠠᠨ ᠪᠠᠶᠢᠴᠠᠭᠠᠯᠳᠠ ᠵᠡᠷᠭᠡ ᠲᠡᠭᠡᠳᠦ ᠲᠡᠰ ᠤᠨ ᠤᠶᠢᠯᠡᠴᠢᠯᠡᠭᠡᠨ ᠤ ᠤᠶᠢᠯᠡᠰ ᠢ ᠢᠳᠡᠪᠬᠢᠳᠠᠢ ᠬᠦᠭᠵᠢᠬᠦᠯᠵᠦ᠂ ᠠᠳᠠᠯ ᠠᠬᠤᠢ ᠶᠢᠨ ᠬᠠᠮᠢᠶᠠᠷᠣᠯᠳᠠ ᠪᠠ ᠭᠡᠷ ᠪᠦᠯᠢ ᠶᠢᠨ ᠣᠶᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠵᠤᠴᠢᠳ ᠤᠨ ᠪᠠᠭᠤᠳᠠᠯ᠂ ᠬᠤᠳᠠᠯᠳᠤᠭ᠎ᠠ ᠴᠢᠯᠦᠭᠡᠲᠦ ᠲᠡᠯᠭᠡᠭᠦᠷ᠂ ᠪᠦᠭᠡᠮ ᠢᠶᠠᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠬᠤ᠂ ᠬᠤᠭᠤᠯᠠ ᠤᠮᠳᠠ᠂ ᠬᠤᠨᠤᠭ ᠪᠠᠭᠤᠳᠠᠯ᠂ ᠮᠦᠩᠭᠦᠨ ᠬᠦᠢᠯᠭᠡᠭᠡ ᠳᠠᠭᠠᠳᠬᠠᠯ ᠵᠡᠷᠭᠡ ᠤᠯᠠᠮᠵᠢᠯᠠᠯᠲᠤ ᠣᠶᠢᠯᠡᠴᠢᠯᠡᠭᠡᠨ ᠤ ᠤᠶᠢᠯᠡᠰ ᠤᠨ ᠲᠡᠰ  ᠲᠠᠪᠰᠢᠯᠲᠡ ᠶᠢ ᠠᠬᠢᠭᠤᠯᠥᠨ᠎ᠠ᠃       ︵ᠭᠤᠷᠪᠠ︶ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠵᠤ᠂ ᠠᠮᠢ ᠠᠬᠤᠢ ᠶᠢᠨ ᠪᠤᠯᠪᠠᠰᠤᠨ ᠤ ᠵᠢᠱᠢᠶ᠎ᠡ ᠦᠵᠡᠭᠦᠯᠬᠦ ᠬᠤᠰᠢᠭᠤ ᠶᠢ  ᠪᠠᠶᠢᠭᠤᠯᠤᠨ᠎ᠠ᠃        ᠲᠥᠷᠢᠮ ᠤᠨ ᠬᠢᠵᠠᠭᠠᠷᠯᠠᠯ ᠢ ᠴᠢᠩᠭᠠᠳᠬᠠᠨ᠎ᠠ᠃ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠶᠠᠷᠥᠩᠬᠡᠢ ᠲᠦᠯᠥᠪᠵᠢᠭᠦᠯᠭᠡ ᠶᠢ ᠨᠠᠶᠢᠷᠠᠭᠤᠯᠥᠨ ᠳᠠᠭᠤᠰᠬᠠᠵᠤ᠂ ᠭᠤᠣᠯ ᠴᠤᠭᠴᠠ ᠶᠢᠨ ᠴᠢᠳᠠᠮᠵᠢ ᠶᠢᠨ ᠪᠠᠶᠢᠷᠢ ᠲᠤᠭᠳᠠᠭᠠᠯᠳᠠ ᠳᠤ ᠦᠯᠤ ᠨᠡᠶᠢᠴᠡᠬᠦ ᠠᠵᠥ ᠤᠶᠢᠯᠡᠰ ᠤᠨ ᠪᠠᠶᠢᠷᠢᠰᠢᠯ᠂ ᠬᠡᠪᠴᠢᠶᠡᠵᠢᠯ ᠪᠠ ᠪᠦᠳᠥᠴᠡ ᠶᠢ ᠰᠢᠯᠢᠳᠡᠭᠵᠢᠬᠦᠯᠥᠨ ᠲᠤᠬᠢᠷᠠᠭᠤᠯᠵᠤ᠂ ᠵᠦᠷᠢᠶᠡᠳᠥ ᠬᠠᠮᠢᠶᠠᠷᠥᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠭᠤᠣᠯ ᠴᠤᠭᠴᠠ ᠶᠢᠨ ᠴᠢᠳᠠᠮᠵᠢ ᠶᠢᠨ ᠪᠠᠶᠢᠷᠢ ᠲᠤᠭᠳᠠᠭᠠᠯᠳᠠ ᠳᠤ ᠦᠯᠥ ᠨᠠᠶᠢᠴᠡᠬᠦ ᠨᠡᠭᠡᠭᠡᠨ ᠬᠦᠭᠵᠢᠬᠦᠯᠬᠦ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠤᠯᠤᠰ ᠤᠨ ᠨᠤᠳᠤᠭ ᠲᠡᠪᠢᠰᠭᠡᠷ ᠤᠨ ᠤᠷᠤᠨ ᠵᠠᠢ ᠶᠢᠨ ᠠᠮᠢ ᠠᠬᠤᠢ ᠶᠢ ᠰᠡᠷᠭᠦᠭᠡᠬᠦ ᠲᠦᠯᠥᠪᠵᠢᠭᠦᠯᠭᠡ ᠶᠢ ᠨᠠᠶᠢᠷᠠᠭᠤᠯᠤᠨ ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠳᠠᠢ ᠡᠷᠬᠡ ᠶᠢ ᠨᠤᠳᠠᠯᠠᠨ ᠲᠠᠩᠰᠠᠯᠠᠬᠤ ᠪᠠ ᠠᠭᠤᠷᠬᠠᠢ ᠶᠢᠨ ᠭᠠᠷᠥᠯᠳᠠ ᠶᠢᠨ ᠡᠬᠢ ᠪᠠᠶᠠᠯᠢᠭ ᠢ ᠶᠡᠭᠡ ᠎ ᠪᠠᠷ ᠪᠠᠶᠢᠴᠠᠭᠠᠬᠤ ᠠᠵᠢᠯ ᠢ ᠡᠬᠢᠯᠡᠬᠦᠯᠦᠨ᠎ᠡ᠃ ᠪᠦᠳᠥᠭᠡᠨ ᠪᠠᠶᠢᠭᠤᠯᠤᠯᠳᠠ ᠶᠢᠨ ᠲᠥᠷᠦᠯ ᠵᠦᠢᠯ ᠤᠨ ᠠᠮᠢ ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠳᠠ ᠶᠢᠨ ︽ᠭᠤᠷᠪᠠ ᠶᠢ ᠬᠠᠮᠳᠥ ᠳᠤᠨᠢ ᠬᠢᠨᠠᠨ ᠬᠠᠮᠢᠶᠠᠷᠬᠤ︾᠎ ᠶᠢ ᠴᠢᠩᠭᠠᠳᠬᠠᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠵᠤ ᠨᠦᠬᠦᠪᠦᠷᠢᠯᠡᠬᠦ ᠲᠦᠷᠥ ᠶᠢᠨ ᠪᠤᠳᠤᠯᠭ᠎ᠠ ᠪᠠ ᠬᠤᠭᠤᠴᠠᠭᠠᠲᠤ ᠴᠢᠨᠠᠷᠳᠠᠢ ᠪᠡᠯᠴᠢᠭᠡᠷᠯᠡᠭᠦᠯᠬᠦ ᠶᠢ ᠵᠤᠭᠰᠤᠭᠠᠬᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠰᠢᠨ᠎ᠡ ᠨᠢᠭᠡᠨ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠵᠤ ᠨᠦᠬᠦᠪᠦᠷᠢᠯᠡᠬᠦ ᠲᠥᠷᠦ ᠶᠢᠨ ᠪᠤᠳᠤᠯᠭ᠎ᠠ ᠶᠢᠨ ᠬᠡᠷᠡᠭᠵᠢᠭᠦᠯᠬᠦ ᠲᠦᠰᠦᠯ ᠢ ᠰᠤᠳᠤᠯᠤᠨ᠂ ︽985︾᠎ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦᠨ ᠢ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠨ᠎ᠠ ᠃ ᠤᠢ ᠰᠢᠭᠤᠢ᠂ ᠲᠠᠯ᠎ᠠ ᠨᠤᠲᠤᠭ ᠤᠨ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠲᠦᠯᠬᠢᠨ ᠠᠬᠢᠭᠤᠯᠵᠥ᠂ ᠲᠠᠭᠠᠭᠤᠯᠢ ᠤᠳᠥᠨ ᠵᠢᠷᠤᠭ ᠢᠶᠠᠷ ᠬᠠᠤᠯᠢ ᠬᠡᠷᠡᠭᠵᠢᠬᠦᠯᠵᠦ ᠪᠠᠶᠢᠴᠠᠭᠠᠬᠤ ᠡᠷᠴᠢᠮ ᠢ ᠴᠢᠩᠭᠠᠷᠠᠭᠤᠯᠵᠥ᠂ ᠲᠠᠯ᠎ᠠ ᠨᠤᠲᠤᠭ ᠣᠢ ᠰᠢᠭᠤᠢ ᠶᠢ ᠡᠪᠳᠡᠭᠰᠡᠨ ᠬᠠᠤᠯᠢ ᠵᠦᠷᠢᠴᠡᠭᠰᠡᠨ ᠠᠵᠢᠯᠯᠠᠭ᠎ᠠ ᠶᠢ ᠲᠤᠰᠬᠠᠢ ᠲᠥᠷᠦᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠰᠠᠶᠢᠳᠤᠷ ᠪᠡᠶᠡᠯᠡᠭᠦᠯᠦᠨ᠂ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠥ ᠬᠤᠬᠢᠷᠠᠭᠤᠯᠤᠭᠰᠠᠨ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠱᠠᠩᠨᠠᠯ ᠤᠨ ᠲᠦᠷᠢᠮ ᠤᠨ ᠠᠵᠢᠯ ᠢ ᠲᠡᠭᠦᠯᠳᠡᠷᠵᠢᠭᠦᠯᠦᠨ᠂ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠭᠰᠡᠨ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃        ᠰᠡᠷᠭᠦᠭᠡᠨ ᠵᠠᠰᠠᠬᠤ ᠶᠢ ᠠᠬᠢᠭᠤᠯᠤᠨ᠎ᠠ᠃ ᠪᠡᠭᠡᠵᠢᠩ ᠲᠢᠶᠠᠨᠵᠢᠨ ᠤ ᠡᠯᠡᠰᠦᠨ ᠰᠢᠭᠤᠷᠭ᠎ᠠ ᠶᠢᠨ ᠡᠬᠢ ᠶᠢ ᠵᠠᠰᠠᠬᠤ ᠢᠨᠵᠧᠨᠧᠷᠢᠩ ᠤᠨ ᠣᠶᠢᠲᠤ ᠭᠠᠵᠠᠷ ᠢ 2.6 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦ ᠶᠢ 1.1 ᠲᠦᠮᠡᠨ ᠮᠦ ᠵᠠᠰᠠᠵᠦ᠂ ᠭᠤᠤᠯᠳᠠᠯᠭ᠎ᠠ ᠲᠠᠢ ᠤᠷᠤᠨ ᠪᠦᠰᠡ ᠶᠢ 200 ᠮᠦ ᠨᠤᠭᠤᠭᠠᠷᠠᠭᠤᠯᠵᠤ᠂ 1 ᠲᠦᠮᠡᠨ ᠮᠦ ᠲᠠᠴᠢᠷᠳᠠᠭᠰᠠᠨ ᠨᠤᠳᠤᠭ ᠪᠡᠯᠴᠢᠭᠡᠷ ᠢ ᠠᠮᠢ ᠠᠬᠤᠢ ᠶᠢᠨ ᠰᠡᠷᠭᠦᠭᠡᠯᠳᠡ ᠳᠤ ᠤᠷᠤᠭᠤᠯᠵᠤ᠂ ᠨᠤᠳᠤᠭ ᠪᠡᠯᠴᠢᠭᠡᠷ ᠤᠨ ᠬᠤᠷᠤᠬᠠᠢ ᠶᠢᠨ ᠬᠦᠨᠦᠭᠡᠯ ᠢ 80 ᠲᠦᠮᠡᠨ ᠮᠦ ᠰᠡᠷᠬᠡᠶᠢᠯᠡᠨ ᠵᠠᠰᠠᠨ᠎ᠠ᠃ ᠬᠠᠪᠤᠷ ᠤᠨ ᠤᠯᠠᠷᠢᠯ ᠤᠨ ᠨᠤᠳᠤᠭ ᠪᠡᠯᠴᠢᠭᠡᠷ ᠤᠨ ᠪᠡᠯᠴᠢᠭᠡᠷ ᠰᠡᠷᠭᠦᠭᠡᠬᠦ ᠠᠵᠢᠯ ᠢ ᠰᠠᠶᠢᠲᠤᠷ ᠪᠠᠶᠠᠯᠡᠭᠦᠯᠥᠨ᠎ᠡ᠃ ᠬᠦᠷᠥᠰᠥ ᠰᠢᠷᠤᠢ ᠶᠢᠨ ᠢᠳᠡᠭᠳᠡᠯ ᠢ 4.6 ᠲᠦᠮᠡᠨ ᠮᠦ ᠵᠠᠰᠠᠵᠥ᠂ ᠲᠤᠮᠳᠠ ᠵᠢᠵᠢᠭ  ᠰᠠᠪᠠ ᠤᠷᠤᠰᠬᠠᠯ ᠢ ᠶᠠᠷᠥᠩᠬᠡᠶᠢᠯᠡᠨ ᠵᠠᠰᠠᠬᠤ ᠪᠠ ᠭᠤᠤ ᠭᠠᠩᠭ᠎ᠠ ᠶᠢ ᠵᠠᠰᠠᠬᠤ ᠠᠵᠢᠯ ᠢ ᠲᠦᠯᠬᠢᠨ ᠠᠬᠢᠭᠤᠯᠤᠨ᠎ᠠ᠃ 5 ᠲᠦᠮᠡᠨ ᠮᠦ ᠨᠤᠳᠤᠭ ᠪᠡᠯᠴᠢᠭᠡᠷ ᠢ ᠬᠠᠰᠢᠶᠠᠯᠠᠨ ᠪᠢᠳᠡᠬᠦᠮᠵᠢᠯᠡᠵᠦ ᠰᠡᠷᠬᠦᠭᠡᠨ᠎ᠡ᠃ ᠬᠠᠤᠯᠢ ᠪᠤᠰᠤ ᠪᠠᠷ ᠨᠤᠳᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠰᠡᠵᠢᠭᠯᠡᠯᠲᠡᠢ ᠴᠢᠭ ᠢ ᠪᠦᠳᠦᠮᠵᠢᠲᠡᠢ ᠰᠢᠢᠳᠪᠦᠷᠢᠯᠡᠨ᠎ᠡ᠃ ᠠᠭᠤᠷᠬᠠᠢ ᠶᠢᠨ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠭᠰᠠᠨ ᠦᠷ᠎ᠡ ᠪᠦᠳᠥᠭᠡᠯ ᠢ ᠪᠠᠬᠢᠵᠢᠭᠦᠯᠥᠨ᠂ ᠪᠤᠬᠢᠷᠳᠦᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠥᠯᠳᠠ ᠶᠢᠨ ᠡᠭᠦᠷᠭᠡ ᠶᠢ ᠪᠡᠶᠡᠯᠡᠭᠦᠯᠥᠨ᠎ᠡ᠃ ᠠᠭᠤᠷᠬᠠᠢ ᠶᠢᠨ ᠭᠠᠷᠤᠯᠳᠠ ᠶᠢᠨ ᠡᠬᠢ ᠪᠠᠶᠠᠯᠢᠭ ᠤᠨ ᠬᠦᠷᠢᠶᠡᠨ ᠎ ᠳᠠᠬᠢ ᠲᠤᠭᠳᠠᠭᠠᠯ ᠢ ᠵᠦᠷᠢᠴᠡᠵᠥ᠂ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠲᠤᠰᠬᠠᠢ ᠴᠡᠭᠴᠡᠯᠡᠨ᠂ ᠲᠡᠦᠬᠡ ᠶᠢᠨ ᠦᠯᠡᠳᠡᠭᠳᠡᠯ ᠬᠠᠶᠠᠭᠳᠠᠮᠠᠯ ᠨᠦᠬᠡ ᠶᠢᠨ ᠤᠷᠴᠢᠨ ᠲᠤᠭᠤᠷᠢᠨ ᠢ 1755 ᠮᠦ ᠵᠠᠰᠠᠨ᠎ᠠ᠃       ᠪᠤᠬᠢᠷᠳᠦᠯ ᠢ ᠰᠡᠷᠭᠡᠶᠢᠯᠡᠨ ᠵᠠᠰᠠᠭᠰᠠᠨ ᠦᠷ᠎ᠡ ᠪᠦᠳᠥᠭᠡᠯ ᠢ ᠪᠠᠲᠤᠳᠬᠠᠨ᠎ᠠ᠃ ᠠᠮᠢ ᠠᠬᠤᠢ ᠶᠢᠨ ᠣᠷᠴᠢᠨ ᠲᠤᠭᠤᠷᠢᠨ ᠢ ᠰᠢᠰᠲ᠋ᠧᠮ ᠲᠠᠢ᠂ ᠡᠬᠢ ᠡᠭᠦᠰᠤᠯ ᠠᠴᠠ ᠨᠢ ᠶᠡᠷᠦᠩᠬᠡᠶᠢᠯᠡᠨ  ᠵᠠᠰᠠᠵᠤ᠂ ᠪᠤᠬᠢᠷᠳᠦᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠡ᠃ ᠪᠠᠷᠢᠮᠵᠢᠶ᠎ᠠ ᠳᠤ ᠨᠡᠶᠢᠴᠡᠬᠦ ᠦᠭᠡᠢ ᠴᠠᠶᠢᠶ᠋ᠢᠦ ᠲᠡᠷᠭᠡᠨ ᠤ ᠤᠳᠤᠭ᠎ᠠ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠬᠦᠯᠵᠤ᠂ ᠳᠡᠭᠳᠡᠮᠡᠭᠡᠢ ᠴᠢᠨᠠᠷ ᠲᠠᠢ ᠤᠷᠭᠠᠨᠢᠭ ᠪᠤᠳᠠᠰ ᠤᠨ ᠪᠣᠬᠢᠷᠳᠤᠯ ᠢ ᠵᠠᠰᠠᠬᠤ ᠶᠢ ᠴᠢᠩᠭᠠᠳᠬᠠᠨ᠎ᠠ᠃ ᠤᠰᠤᠨ ᠤ ᠡᠬᠢ ᠰᠤᠷᠪᠤᠯᠵᠢ ᠶᠢᠨ ᠤᠷᠤᠨ ᠢ ᠲᠥᠷᠢᠮᠵᠢᠬᠦᠯᠦᠨ ᠪᠠᠶᠢᠭᠤᠯᠬᠤ ᠶᠢ ᠴᠢᠩᠭᠠᠳᠬᠠᠵᠤ᠂ ᠪᠤᠬᠢᠷ ᠤᠰᠤ ᠶᠢ ᠰᠢᠢᠳᠪᠤᠷᠢᠯᠡᠬᠦ ᠪᠠ ᠴᠡᠪᠡᠷᠰᠢᠬᠦᠯᠦᠭᠰᠡᠨ ᠤᠰᠤ ᠶᠢ ᠠᠰᠢᠭᠯᠠᠬᠤ ᠨᠤᠷᠮ᠎ᠠ ᠶᠢ ᠲᠡᠭᠡᠭᠰᠢᠯᠡᠬᠦᠯᠥᠨ᠎ᠡ᠃ ᠡᠮᠴᠢᠯᠡᠭᠡᠨ ᠤ ᠪᠤᠬᠢᠷ ᠤᠰᠤ᠂ ᠡᠮᠴᠢᠯᠡᠭᠡᠨ ᠤ ᠬᠤᠭ ᠨᠤᠪᠰᠢ ᠶᠢ ᠰᠢᠢᠳᠪᠤᠷᠢᠯᠡᠬᠦ ᠠᠵᠢᠯ ᠢ ᠰᠠᠶᠢᠳᠥᠷ ᠬᠢᠨ᠎ᠡ᠃ ᠬᠠᠲᠠᠭᠤ ᠪᠡᠶᠡᠳᠦ ᠬᠠᠶᠠᠭᠳᠠᠮᠠᠯ ᠪᠤᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠲᠡᠭᠡᠭᠰᠢᠯᠡᠬᠦᠯᠦᠨ᠎ᠡ᠃ ᠤᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠤᠤᠯᠳᠠᠯᠭ᠎ᠠ ᠲᠠᠢ ᠲᠦᠷᠦᠯ ᠵᠤᠶᠢᠯ ᠪᠠ ᠢᠨᠵᠧᠨᠧᠷᠢᠩ ᠠᠴᠠ ᠡᠭᠦᠰᠥᠭᠰᠡᠨ ᠱᠤᠤᠬᠢᠶ᠎ᠠ ᠲᠠᠭᠤᠨ᠂ ᠲᠤᠭᠤᠰᠤ ᠵᠡᠷᠭᠡ ᠶᠢᠨ ᠪᠤᠬᠢᠷᠳᠦᠯ ᠢ ᠬᠠᠮᠤᠭ ᠤᠨ ᠪᠠᠭ᠎ᠠ ᠬᠡᠮᠵᠢᠶᠡᠨ ᠳᠤ ᠬᠦᠷᠳᠡᠯ᠎ᠡ ᠪᠠᠭᠤᠷᠠᠭᠤᠯᠤᠨ᠎ᠠ᠃ ᠭᠤᠷᠪᠠᠨ ᠰᠣᠮᠣ ᠪᠠᠯᠭᠠᠰᠤᠨ ᠤ ᠠᠮᠢᠳᠤᠷᠠᠯ ᠤᠨ ᠬᠤᠭ ᠨᠤᠪᠰᠢ ᠪᠤᠯᠤᠨ ᠪᠤᠵᠠᠷ ᠤᠰᠤ ᠢ ᠰᠢᠢᠳᠪᠦᠷᠢᠯᠡᠬᠦ ᠳᠦᠬᠦᠭᠡᠷᠦᠮᠵᠢ ᠶᠢ ᠠᠰᠢᠭᠯᠠᠯᠲᠠ ᠳᠤ ᠤᠷᠤᠭᠤᠯᠤᠨ᠎ᠠ᠃ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠭᠰᠡᠨ ᠠᠰᠠᠭᠤᠳᠠᠯ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠥᠷ ᠬᠢᠵᠥ᠂ ᠰᠢᠨ᠎ᠡ ᠨᠢᠭᠡ ᠡᠭᠡᠯᠵᠢ ᠶᠢᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠠᠶᠢᠴᠠᠭᠠᠯᠲᠠ ᠶᠢ ᠤᠭᠳᠤᠬᠤ ᠪᠡᠯᠡᠳᠭᠡᠯ ᠢ ᠨᠢᠭᠡᠳᠥᠯᠳᠠᠢ ᠲᠦᠯᠥᠪᠵᠢᠭᠦᠯᠦᠨ ᠰᠠᠶᠢᠳᠥᠷ ᠬᠢᠨ᠎ᠡ᠃       ᠡᠨᠧᠷᠭᠢ ᠶᠢᠨ ᠬᠤᠷᠤᠭᠳᠠᠯ ᠤᠨ ᠬᠤᠣᠰ ᠡᠵᠡᠮᠳᠡᠯ ᠤᠨ ᠬᠠᠷᠠᠯᠲᠠ ᠶᠢ ᠪᠡᠶᠡᠯᠡᠭᠦᠯᠬᠦ ᠶᠢ ᠪᠠᠳᠦᠯᠠᠨ᠎ᠠ᠃ ᠤᠳᠤ ᠶᠢᠨ ᠬᠠᠳᠠᠭᠠᠯᠠᠭᠲᠠᠴᠠ ᠲᠤᠮᠳᠠ ᠠᠴᠠ ᠤᠷᠤᠨ ᠵᠠᠢ ᠭᠠᠷᠭᠠᠵᠤ᠂  ᠭᠤᠤᠯᠳᠠᠯᠭ᠎ᠠ ᠲᠠᠢ ᠠᠵᠢᠯ ᠲᠦᠷᠦᠯ ᠤᠨ ᠪᠤᠬᠢᠷᠳᠦᠯ ᠦᠭᠡᠢ ᠪᠤᠯᠭᠠᠬᠤ ᠦᠭᠡᠷᠡᠴᠢᠯᠡᠯᠳᠡ ᠶᠢᠨ ᠠᠬᠢᠴᠠ ᠶᠢ ᠲᠦᠷᠭᠡᠳᠬᠡᠵᠦ᠂ ᠰᠢᠨ᠎ᠡ ᠪᠠᠷ ᠪᠠᠶᠢᠭᠤᠯᠬᠤ ᠲᠦᠷᠦᠯ ᠵᠤᠶᠢᠯ ᠤᠨ ᠪᠤᠬᠢᠷᠳᠦᠯ ᠦᠭᠡᠢ ᠵᠥᠪᠰᠢᠶᠡᠷᠡᠬᠦ ᠪᠠᠷᠢᠮᠵᠢᠶ᠎ᠠ ᠶᠢ ᠲᠡᠭᠡᠭᠰᠢᠯᠡᠭᠦᠯᠥᠨ᠂ ᠡᠨᠧᠷᠭᠢ ᠬᠡᠷᠡᠭᠯᠡᠬᠦ ᠲᠦᠰᠥᠪ ᠤᠨ ᠬᠠᠮᠢᠶᠠᠷᠥᠯᠳᠠ ᠪᠠ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠤᠷᠤᠭᠳᠠᠯ ᠢ ᠰᠦᠯᠵᠢᠶᠡᠨ ᠲᠡᠭᠡᠷ᠎ᠡ ᠬᠢᠨᠠᠨ ᠬᠡᠮᠵᠢᠬᠦ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠡᠨᠧᠷᠭᠢ ᠶᠢᠨ ᠬᠤᠷᠤᠭᠳᠠᠯ ᠤᠨ ᠬᠤᠤᠰ ᠡᠵᠡᠮᠳᠠᠯ ᠤᠨ ᠠᠵᠢᠯ ᠢ ᠨᠢᠭᠡᠳᠥᠯᠳᠠᠢ ᠲᠦᠯᠦᠪᠯᠡᠨ ᠰᠠᠶᠢᠳᠦᠷ ᠬᠢᠵᠦ᠂ ᠭᠠᠵᠠᠷ ᠤᠷᠤᠨ ᠤ ᠤᠶᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠡᠨᠧᠷᠭᠢ ᠶᠢᠨ ᠬᠤᠷᠤᠭᠳᠠᠯ ᠢ 2.75%᠎ ᠪᠠᠷ ᠪᠠᠭᠤᠷᠠᠭᠤᠯᠬᠤ ᠶᠢ ᠦᠨᠡᠨᠬᠦ ᠪᠠᠳᠦᠯᠠᠨ᠎ᠠ᠃       ︵ᠳᠥᠷᠪᠡ︶ ᠮᠠᠯᠵᠢᠬᠤ ᠤᠷᠤᠨ ᠬᠦᠳᠡᠭᠡ ᠲᠣᠰᠬᠤᠨ ᠢ ᠭᠦᠭᠵᠢᠭᠦᠯᠦᠨ ᠮᠠᠨᠳᠦᠭᠤᠯᠬᠤ ᠪᠠᠶᠢᠯᠳᠦᠬᠤ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠬᠤᠳᠠ ᠬᠦᠳᠡᠭᠡ ᠶᠢ ᠨᠢᠭᠡᠳᠦᠯᠲᠡᠢ ᠲᠦᠯᠦᠪᠵᠢᠭᠦᠯᠦᠨ ᠨᠢᠭᠡ ᠴᠤᠭᠴᠠᠵᠢᠭᠤᠯᠤᠨ ᠭᠦᠭᠵᠢᠭᠦᠯᠭᠦ ᠶᠢ ᠠᠬᠢᠭᠤᠯᠤᠨ᠎ᠠ᠃       ᠬᠤᠳᠠ ᠪᠠᠯᠭᠠᠰᠤ ᠶᠢᠨ ᠪᠦᠳᠦᠭᠡᠨ ᠪᠠᠶᠢᠭᠤᠯᠥᠯᠳᠠ ᠶᠢᠨ ᠬᠠᠮᠢᠶᠠᠷᠤᠯᠳᠠ ᠶᠢ ᠴᠢᠩᠭᠠᠳᠬᠠᠨ᠎ᠠ᠃ ᠬᠦᠮᠦᠨ ᠢᠶᠠᠷ ᠦᠨᠳᠦᠰᠦ ᠪᠣᠯᠭᠠᠬᠤ ᠶᠢ ᠪᠠᠷᠢᠮᠳᠠᠯᠠᠵᠤ᠂ ︽ᠭᠤᠷᠪᠠ ᠶᠢ ᠨᠢᠭᠡ ᠴᠤᠭᠴᠠᠵᠢᠭᠤᠯᠬᠤ︾ ᠪᠦᠳᠦᠭᠡᠨ ᠪᠠᠶᠢᠭᠤᠯᠤᠯᠳᠠ ᠶᠢᠨ ᠰᠡᠳᠬᠢᠴᠡ ᠶᠢ ᠲᠤᠪᠤᠶᠢᠯᠭᠠᠨ᠂ ᠬᠤᠳᠠ ᠪᠠᠯᠭᠠᠰᠤᠨ ᠤ ᠴᠢᠳᠠᠪᠬᠢ ᠶᠢ ᠲᠡᠭᠦᠯᠳᠡᠷᠵᠢᠭᠦᠯᠵᠦ᠂ PPP ᠪᠦᠳᠦᠭᠡᠨ ᠪᠠᠶᠢᠭᠤᠯᠥᠯᠳᠠ ᠶᠢᠨ ᠲᠦᠷᠦᠯ ᠵᠤᠶᠢᠯ ᠤᠨ ᠡᠵᠡᠩᠨᠡᠯᠳᠡ ᠬᠠᠮᠢᠶᠠᠷᠤᠯᠳᠠ ᠶᠢ ᠴᠢᠩᠭᠠᠳᠬᠠᠵᠤ᠂ ᠬᠤᠳᠠ ᠪᠠᠯᠭᠠᠰᠤ ᠶᠢᠨ ᠨᠠᠷᠢᠯᠢᠭᠵᠢᠭᠤᠯᠤᠭᠰᠠᠨ ᠬᠠᠮᠢᠶᠠᠷᠥᠯᠳᠠ ᠶᠢ ᠪᠦᠬᠦ ᠲᠠᠯ᠎ᠠ ᠪᠠᠷ ᠭᠡᠷᠡᠭᠵᠢᠭᠦᠯᠦᠨ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠭᠰᠠᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠ ᠪᠠᠯᠭᠠᠰᠤᠨ ᠤ ᠠᠵᠥ ᠤᠶᠢᠯᠡᠰ ᠲᠤ ᠦᠢᠯᠡᠴᠢᠯᠡᠬᠦ᠂ ᠮᠠᠯᠵᠢᠬᠤ ᠤᠷᠤᠨ ᠳᠤ ᠤᠶᠢᠯᠡᠴᠢᠯᠡᠬᠦ ᠴᠢᠳᠠᠪᠦᠷᠢ ᠶᠢ ᠲᠡᠭᠡᠭᠰᠢᠯᠡᠬᠦᠯᠥᠨ᠎ᠡ᠃ ᠰᠢᠨᠡᠪᠤᠯᠠᠭ ᠪᠠᠯᠭᠠᠰᠤᠨ ᠤ ᠤᠰᠤ ᠭᠠᠳᠠᠭᠰᠢᠯᠠᠭᠤᠯᠬᠤ ᠦᠶᠡᠷ ᠤᠰᠤᠳᠤᠯ ᠢ ᠰᠡᠷᠭᠡᠶᠢᠯᠡᠬᠦ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ᠂ ᠤᠰᠤ ᠬᠠᠩᠭᠠᠬᠤ ᠬᠤᠭᠤᠯᠠᠢ ᠶᠢᠨ ᠲᠤᠤᠷ ᠵᠢᠴᠢ ᠬᠠᠭᠤᠴᠢᠨ ᠰᠠᠭᠤᠭᠠᠯᠢ ᠲᠤᠭᠤᠷᠢᠭ ᠢ ᠵᠠᠰᠠᠵᠤ ᠥᠭᠡᠷᠡᠴᠢᠯᠡᠬᠦ ᠲᠥᠷᠦᠯ ᠵᠦᠢᠯ᠂ ᠬᠤᠲᠠ ᠲᠤᠭᠤᠷᠢᠭᠰᠠᠨ ᠪᠠᠷᠠᠭᠤᠨ ᠵᠠᠮ ᠢ ᠪᠦᠳᠥᠭᠡᠨ ᠪᠠᠶᠢᠭᠤᠯᠤᠨ᠎ᠠ᠃ ᠤᠷᠤᠨ ᠰᠠᠭᠤᠴᠠ ᠶᠢᠨ ᠦᠭᠡᠷᠡᠴᠢᠯᠡᠯᠳᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠦ᠂ ᠭᠡᠷ ᠬᠥᠷᠦᠩᠭᠡ ᠶᠢᠨ ᠠᠵᠤ ᠦᠢᠯᠡᠰ ᠤᠨ ᠲᠦᠷᠥᠯ ᠵᠤᠶᠢᠯ ᠤᠨ ᠦᠯᠡᠳᠡᠭᠳᠡᠯ ᠠᠰᠠᠭᠤᠳᠠᠯ ᠢ ᠡᠷᠦᠬᠡ ᠬᠤᠪᠢᠶᠠᠨ ᠲᠤᠭᠳᠠᠮᠠᠯ  ᠬᠦᠷᠥᠩᠭᠡ ᠶᠢᠨ ᠦᠨᠡᠮᠯᠡᠯ ᠭᠠᠷ ᠬᠦᠢᠴᠡᠳᠭᠡᠯ ᠤᠨ ᠠᠵᠢᠯ ᠢ ᠠᠬᠢᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠡᠮᠤᠨᠡᠬᠢ ᠬᠤᠭᠤᠴᠠᠭᠠᠨ ᠤ ᠠᠵᠢᠯ ᠢ ᠡᠬᠢᠯᠡᠬᠦᠯᠦᠨ᠎ᠡ᠃ ᠤᠤᠭᠤᠬᠤ ᠤᠰᠤᠨ ᠤ ᠤᠰᠤ ᠬᠠᠩᠭᠠᠬᠤ ᠶᠠᠰᠦ ᠴᠢᠨᠠᠷ ᠢ ᠲᠡᠭᠡᠭᠰᠢᠯᠡᠬᠦᠯᠥᠨ᠎ᠡ᠃ ᠪᠤᠬᠢᠷ ᠤᠰᠤ ᠶᠢ ᠰᠢᠢᠳᠪᠦᠷᠢᠯᠡᠬᠦ ᠡᠯ᠎ᠡ ᠲᠥᠷᠦᠯ ᠤᠨ ᠪᠠᠷᠢᠮᠵᠢᠶ᠎ᠠ ᠳᠤ ᠬᠦᠷᠭᠡᠬᠦ ᠶᠢ ᠦᠨᠡᠨᠬᠦ ᠪᠠᠳᠤᠯᠠᠨ᠎ᠠ᠃ ᠠᠵᠤ ᠦᠢᠯᠡᠳᠪᠦᠷᠢ ᠶᠢᠨ ᠲᠤᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠲᠡᠬᠦᠯᠳᠡᠷᠵᠢᠬᠦᠯᠦᠨ᠂ ᠮᠡᠳᠡᠭᠡ ᠵᠠᠩᠬᠢᠵᠢᠯᠠᠯᠲᠠ ᠪᠠ ᠤᠯᠠᠨ ᠨᠡᠶᠢᠳᠠ ᠶᠢᠨ ᠤᠶᠢᠯᠡᠴᠢᠯᠡᠭᠡᠨ ᠤ ᠴᠢᠳᠠᠪᠤᠷᠢ ᠶᠢᠨ ᠲᠠᠪᠴᠠᠩ ᠤᠨ ᠪᠦᠳᠥᠭᠡᠨ ᠪᠠᠶᠢᠭᠤᠯᠣᠯᠳᠠ ᠶᠢᠨ ᠲᠦᠷᠥᠯ ᠵᠤᠶᠢᠯ ᠢ ᠬᠡᠷᠡᠭᠵᠢᠭᠦᠯᠵᠦ᠂ ᠬᠠᠳᠠᠭᠤ ᠪᠡᠶᠡᠳᠦ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠲᠠᠯᠠᠪᠠᠢ ᠶᠢᠨ ᠪᠦᠳᠦᠭᠡᠨ ᠪᠠᠶᠢᠭᠤᠯᠤᠯᠳᠠ ᠶᠢᠨ ᠠᠬᠢᠴᠠ ᠶᠢ ᠠᠬᠢᠭᠤᠯᠤᠨ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠤᠷᠤᠨ ᠪᠦᠰᠡ ᠶᠢᠨ ᠦᠨᠡᠯᠡᠯᠲᠡ ᠶᠢ ᠬᠡᠷᠡᠭᠵᠢᠭᠦᠯᠵᠥ᠂ ᠲᠤᠭᠤᠷᠢᠭ ᠤᠨ ᠳᠠᠭᠠᠭᠠᠴᠠ ᠶᠢᠨ ᠴᠢᠳᠠᠪᠦᠷᠢ ᠪᠠ ᠲᠦᠪᠯᠡᠷᠡᠭᠦᠯᠬᠦ ᠴᠢᠳᠠᠪᠦᠷᠢ ᠶᠢ ᠳᠡᠭᠡᠭᠰᠢᠯᠡᠬᠦᠯᠦᠨ᠎ᠡ᠃ ᠬᠤᠳᠠ ᠪᠠᠯᠭᠠᠰᠤᠨ ᠤ ᠶᠡᠷᠥᠩᠬᠡᠶᠢᠯᠡᠭᠰᠡᠨ ᠬᠠᠤᠯᠢ ᠬᠡᠷᠡᠭᠵᠢᠭᠦᠯᠥᠯᠳᠡ ᠶᠢ ᠴᠢᠩᠭᠠᠳᠬᠠᠵᠥ᠂ ᠤᠷᠴᠢᠨ ᠲᠤᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠳᠠ ᠶᠢ ᠰᠠᠶᠢᠳᠤᠷ ᠬᠢᠵᠤ᠂ ᠮᠠᠰᠢᠨ ᠢᠶᠠᠷ ᠴᠡᠪᠡᠷᠯᠡᠬᠦ ᠨᠤᠷᠮ᠎ᠠ ᠶᠢ ᠳᠡᠭᠡᠭᠰᠢᠯᠡᠭᠦᠯᠦᠨ᠂ ᠬᠤᠭ ᠨᠤᠪᠰᠢ ᠶᠢ ᠲᠥᠷᠦᠯ ᠠᠩᠬᠢᠯᠠᠨ᠂ ᠬᠤᠭ ᠨᠤᠪᠰᠢ ᠶᠢ ᠪᠣᠬᠢᠷᠳᠤᠯ ᠦᠬᠡᠢ ᠰᠢᠢᠳᠪᠦᠷᠢᠯᠡᠬᠦ ᠪᠠ ᠶᠡᠷᠦᠩᠬᠡᠶᠢᠯᠡᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠰᠢᠯᠢ ᠶᠢᠨ ᠭᠤᠤᠯ ᠠᠶᠢᠮᠠᠭ ᠤᠨ ᠣᠶᠤᠨᠴᠢᠯᠠᠭᠰᠠᠨ ᠠᠳᠠᠯ ᠠᠬᠤᠢ ᠶᠢᠨ ᠬᠢᠨᠠᠯᠳᠠ ᠬᠠᠮᠢᠶᠠᠷᠥᠯᠳᠠ ᠶᠢᠨ ᠲᠠᠪᠴᠠᠩ ᠤᠨ ᠬᠡᠷᠡᠭᠯᠡᠯᠳᠡ ᠶᠢ ᠲᠦᠭᠡᠮᠡᠯᠵᠢᠬᠦᠯᠦᠨ᠎ᠡ᠃       ᠮᠠᠯᠵᠢᠬᠤ ᠤᠷᠤᠨ ᠤ ᠰᠠᠭᠤᠷᠢ ᠪᠥᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠳᠡᠭᠡᠷ᠎ᠡ ᠱᠠᠳᠤᠨ ᠤ ᠲᠥᠷᠦᠯ ᠵᠦᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ ᠬᠤᠰᠢᠭᠤᠨ ᠤ ᠪᠠᠶᠢᠳᠠᠯ ᠲᠠᠢ ᠤᠶᠠᠯᠳᠤᠭᠤᠯᠵᠤ᠂ ᠪᠠᠷᠢᠮᠵᠢᠶᠠᠵᠢᠭᠰᠠᠨ ᠲᠤᠯᠠᠭᠠᠨ ᠫᠧᠩ᠂ ᠨᠤᠭᠤᠭᠠᠨ ᠲᠠᠷᠤᠰᠢ ᠶᠢᠨ ᠬᠦᠮᠦᠷᠭᠡ᠂ ᠨᠡᠬᠦᠳᠡᠯ ᠬᠤᠷᠤᠭᠠᠨ ᠤ ᠪᠠᠶᠢᠭᠤᠯᠤᠯᠲᠠ ᠶᠢ ᠴᠢᠩᠭᠠᠳᠬᠠᠵᠤ᠂ 1500 ᠮᠦ ᠦᠨᠲᠤᠷ ᠤᠨᠠᠯᠲᠠᠲᠤ ᠪᠤᠷᠲᠤᠭᠠᠨ ᠭᠠᠵᠠᠷ ᠢ ᠪᠠᠶᠢᠭᠤᠯᠵᠤ᠂ ᠦᠷᠬᠦᠯᠵᠢᠯᠠᠨ ᠪᠠᠶᠢᠭᠠᠯᠢᠯᠢᠭ ᠬᠠᠳᠤᠯᠠᠩ ᠤᠨ ᠲᠠᠯᠠᠪᠠᠢ ᠶᠢᠨ ᠪᠦᠲᠤᠬᠡᠨ ᠪᠠᠶᠢᠭᠤᠯᠤᠯᠲᠠ ᠶᠢᠨ ᠦᠷ᠎ᠡ ᠪᠦᠲᠤᠮᠵᠢ ᠶᠢ ᠪᠠᠲᠤᠳᠬᠠᠨ᠎ᠠ᠃ ᠲᠦᠬᠡᠭᠡᠯ ᠤᠰᠤᠨ ᠤ ᠢᠨᠵᠧᠨᠧᠷᠢᠩ ᠢ 3᠎ ᠶᠢ ᠰᠢᠨ᠎ᠡ ᠪᠠᠷ ᠪᠠᠶᠢᠭᠤᠯᠵᠤ᠂ ᠲᠦᠬᠡᠭᠡᠯ ᠤᠰᠤᠨ ᠤ ᠢᠨᠵᠧᠨᠧᠷᠢᠩ 2᠎ ᠢ ᠵᠠᠰᠠᠨ ᠰᠡᠯᠪᠢᠵᠤ᠂ 40 ᠰᠠᠭᠤᠷᠢ ᠬᠤᠳᠲᠤᠭ᠂ 30 ᠰᠠᠭᠤᠷᠢ ᠤᠰᠤ ᠬᠠᠲᠠᠭᠠᠯᠠᠬᠤ ᠵᠤᠭᠤᠷᠢ ᠎ ᠶᠢ ᠰᠢᠨ᠎ᠡ ᠪᠠᠷ ᠮᠠᠯᠲᠠᠵᠤ᠂ 1000 ᠬᠦᠮᠦᠨ ᠤ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠨ᠎ᠡ᠃ 40 ᠺᠢᠯᠤᠮᠧᠲᠷ ᠬᠤᠲᠠ ᠬᠦᠳᠡᠭᠡ ᠶᠢᠨ ᠴᠠᠬᠢᠯᠭᠠᠨ ᠬᠦᠴᠦᠨ ᠤ ᠲᠤᠤᠷ ᠢ ᠦᠭᠡᠷᠡᠴᠢᠯᠡᠨ ᠵᠠᠰᠠᠵᠤ᠂ 52 ᠰᠠᠭᠤᠷᠢ ᠪᠠᠭ᠎ᠠ ᠲᠠᠷᠤᠯᠲᠠᠲᠤ ᠴᠠᠬᠢᠯᠭᠠᠨ ᠬᠦᠴᠦᠳᠡᠯ ᠬᠤᠪᠢᠰᠬᠠᠭᠴᠢ ᠶᠢ ᠰᠣᠯᠢᠵᠤ᠂ 10 ᠡᠷᠤᠬᠡ ᠳᠤ ᠰᠢᠨ᠎ᠡ ᠡᠨᠧᠷᠭᠢ ᠶᠢᠨ ᠲᠤᠤᠷᠴᠢᠯᠠᠭᠰᠠᠨ ᠴᠠᠬᠢᠯᠭᠠᠨ ᠨᠡᠪᠲᠡᠷᠡᠬᠦᠯᠵᠤ᠂ ᠰᠢᠨᠡᠪᠤᠯᠠᠭ ᠪᠠᠯᠭᠠᠰᠤᠨ ᠤ ᠪᠠᠷᠠᠭᠤᠨ ᠵᠠᠬ᠎ᠠ ᠶᠢᠨ 110 ᠺᠢᠯᠤᠸᠠᠲ ᠴᠠᠬᠢᠯᠭᠠᠨ ᠬᠦᠴᠤᠲᠠᠯ ᠬᠤᠪᠢᠰᠬᠠᠬᠤ ᠢᠨᠵᠧᠨᠧᠷᠢᠩ ᠢ ᠲᠦᠯᠬᠢᠨ ᠠᠬᠢᠭᠤᠯᠤᠨ᠎ᠠ᠃ ᠮᠠᠯᠵᠢᠬᠤ ᠤᠷᠤᠨ ᠳᠤ 42 ᠺᠢᠯᠤᠮᠧᠲᠷ ᠱᠦᠢᠨᠢ ᠵᠠᠮ᠂ 4 ᠺᠢᠯᠤᠮᠧᠲᠷ ᠬᠠᠶᠢᠷ ᠴᠢᠯᠠᠭᠤᠨ ᠵᠠᠮ ᠵᠠᠰᠠᠵᠤ᠂ 90 ᠺᠢᠯᠤᠮᠧᠲᠷ ᠡᠪᠲᠡᠷᠬᠡᠢ ᠵᠠᠮ ᠢ ᠰᠠᠯᠪᠢᠨ ᠵᠠᠰᠠᠨ᠎ᠠ᠃ ︽ᠣᠶᠤᠨᠲᠤ ᠷᠠᠳᠢᠤ᠋ ᠲᠧᠯᠸᠢᠰ︾᠎ ᠤᠨ ᠪᠦᠷᠬᠦᠴᠡ ᠶᠢ ᠠᠬᠢᠭᠤᠯᠤᠨ᠎ᠠ᠃       ᠮᠠᠯᠵᠢᠬᠤ ᠤᠷᠤᠨ ᠤ ᠣᠳᠤᠬᠢᠴᠢᠯᠠᠯᠲᠠ ᠶᠢ ᠲᠦᠯᠬᠢᠨ ᠠᠬᠢᠭᠤᠯᠤᠨ᠎ᠠ᠃ ᠨᠤᠲᠤᠭ ᠪᠡᠯᠴᠢᠭᠡᠷ ᠢ ᠥᠮᠴᠢᠯᠡᠬᠦ ᠡᠷᠬᠡ᠂ ᠭᠡᠷᠡᠭᠯᠡᠬᠦ ᠡᠷᠬᠡ᠂ ᠲᠠᠭᠠᠭᠠᠴᠢᠯᠠᠨ ᠡᠵᠡᠩᠨᠡᠬᠦ ᠡᠷᠬᠡ ︽ᠭᠤᠷᠪᠠᠨ ᠡᠷᠬᠡ ᠶᠢ ᠬᠤᠪᠢᠶᠠᠷᠢᠯᠠᠬᠤ︾᠎ ᠶᠢ ᠲᠦᠯᠬᠢᠨ ᠠᠬᠢᠭᠤᠯᠵᠤ᠂ ᠨᠤᠳᠤᠭ ᠪᠡᠯᠴᠢᠭᠡᠷ ᠢ ᠲᠠᠭᠠᠭᠠᠴᠢᠯᠠᠨ ᠡᠵᠡᠩᠨᠡᠬᠦ ᠡᠷᠬᠡ ᠶᠢᠨ ᠪᠠᠷᠢᠴᠠᠭᠠᠲᠤ ᠵᠢᠭᠡᠯᠡᠯᠭᠡ᠂ ᠨᠤᠲᠤᠭ ᠪᠠᠯᠴᠢᠬᠡᠷ ᠢ ᠲᠦᠷᠢᠶᠡᠰᠤᠯᠡᠬᠦᠯᠬᠦ ᠶᠢ ᠰᠠᠶᠢᠲᠤᠷ ᠠᠳᠬᠤᠵᠤ᠂ ᠬᠡᠪᠴᠢᠶᠡᠵᠢᠭᠰᠡᠨ ᠡᠵᠡᠩᠨᠡᠬᠦ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ᠤᠯᠤᠰ ᠤᠨ ᠲᠡᠰ ᠤᠨ ᠵᠢᠱᠢᠶᠡᠴᠢ ᠬᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠠᠷᠭ᠎ᠠ ᠲᠤᠷᠰᠢᠯᠭ᠎ᠠ ᠶᠢ ᠲᠥᠭᠡᠮᠡᠯᠵᠢᠬᠦᠯᠦᠨ᠎ᠡ᠃ ᠭᠠᠴᠠᠭᠠᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠦᠬᠡᠷᠡᠴᠢᠯᠡᠯᠲᠠ ᠶᠢᠨ ᠦᠷ᠎ᠡ ᠪᠦᠲᠤᠮᠵᠢ ᠶᠢ ᠪᠠᠲᠤᠳᠬᠠᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠦᠭᠵᠢᠬᠦᠯᠤᠨ᠎ᠠ᠃ ᠮᠠᠯᠵᠢᠬᠤ ᠤᠷᠤᠨ ᠤ ᠤᠷᠴᠢᠨ ᠲᠤᠭᠤᠷᠢᠨ ᠢ ᠶᠡᠷᠤᠩᠬᠡᠶᠢᠯᠠᠨ ᠵᠠᠰᠠᠬᠤ ᠲᠦᠷᠤᠯ ᠵᠤᠶᠢᠯ ᠢ ᠬᠡᠷᠡᠭᠵᠢᠬᠦᠯᠤᠨ᠎ᠠ᠃ ᠮᠠᠯᠵᠢᠬᠤ ᠤᠷᠤᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠤᠭᠤᠭ ᠢ ᠪᠠᠶᠢᠴᠠᠭᠠᠨ ᠴᠡᠭᠴᠡᠯᠡᠬᠦ ᠶᠢ ᠰᠠᠶᠢᠲᠤᠷ ᠠᠳᠬᠤᠨ᠎ᠠ᠃ ᠬᠢᠵᠢᠭ ᠬᠡᠮ ᠢ ᠰᠡᠷᠬᠡᠶᠢᠯᠠᠨ ᠵᠠᠰᠠᠬᠤ᠂ ᠭᠠᠮᠰᠢᠭ ᠠᠴᠠ ᠰᠡᠷᠬᠡᠶᠢᠯᠡᠬᠦ᠂ ᠮᠦᠩᠬᠦᠨ ᠬᠦᠢᠯᠬᠡᠬᠡᠨ ᠤ ᠤᠶᠢᠯᠡᠴᠢᠯᠡᠭᠡ ᠵᠡᠷᠬᠡ ᠪᠠᠷ ᠭᠤᠤᠯᠲᠠᠯᠭ᠎ᠠ ᠪᠤᠯᠭᠠᠵᠤ᠂ ᠪᠦᠬᠦ ᠲᠠᠯ᠎ᠠ ᠶᠢᠨ᠂ ᠨᠡᠶᠢᠬᠡᠮᠴᠢᠯᠡᠭᠰᠡᠨ᠂ ᠦᠨᠲᠤᠷ ᠦᠷ᠎ᠡ ᠠᠰᠢᠭᠲᠤ ᠮᠠᠯ ᠠᠵᠤ ᠠᠬᠤᠢ ᠶᠢᠨ ᠤᠶᠢᠯᠡᠴᠢᠯᠡᠬᠡᠨ ᠤ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠲᠠ ᠦᠬᠡᠢ ᠪᠦᠲᠤᠬᠡᠨ ᠪᠠᠶᠢᠭᠤᠯᠤᠨ᠎ᠠ᠃ ᠮᠠᠯᠵᠢᠬᠤ ᠤᠷᠤᠨ ᠤ ᠡᠷᠡᠬᠦᠯ ᠬᠠᠮᠠᠭᠠᠯᠠᠯ᠂ ᠰᠤᠶᠤᠯ᠂ ᠲᠠᠮᠢᠷ᠂ ᠨᠠᠶᠢᠬᠡᠮ ᠤᠨ ᠠᠰᠠᠷᠠᠮᠵᠢ ᠶᠢᠨ ᠤᠶᠢᠯᠡᠰ ᠢ ᠲᠦᠯᠬᠢᠨ ᠠᠬᠢᠭᠤᠯᠤᠨ᠎ᠠ᠃ ᠬᠤᠲᠠ ᠬᠦᠲᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠪᠠ ᠡᠮᠴᠢᠯᠡᠬᠡᠨ ᠤ ᠲᠠᠭᠠᠳᠬᠠᠯ ᠤᠨ ᠪᠦᠷᠬᠦᠴᠠ ᠶᠢ ᠦᠷᠬᠦᠯᠵᠢᠯᠡᠨ ᠲᠡᠬᠡᠭᠰᠢᠯᠡᠬᠦᠯᠤᠨ᠎ᠠ᠃        ︵ᠲᠠᠪᠤ︶ ᠠᠶᠤᠯ ᠲᠦᠭᠰᠢᠬᠦᠷᠢ ᠶᠢᠨ ᠰᠡᠷᠡᠮᠵᠢ ᠪᠠᠨ ᠲᠡᠬᠡᠭᠰᠢᠯᠡᠬᠦᠯᠵᠤ᠂ ᠠᠮᠤᠷ ᠲᠦᠪᠰᠢᠨ ᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠨ᠎ᠡ᠃       ᠠᠷᠠᠳ ᠤᠯᠠᠨ ᠤ ᠠᠮᠢ ᠨᠠᠰᠤ ᠡᠷᠡᠬᠦᠯ ᠮᠡᠡᠳᠦ ᠶᠢᠨ ᠠᠮᠤᠷ ᠲᠦᠪᠰᠢᠨ ᠤ ᠰᠡᠷᠭᠡᠶᠢᠯᠡᠯᠳᠡ ᠶᠢᠨ ᠱᠤᠭᠤᠮ ᠢ ᠴᠢᠩᠭᠠᠳᠬᠠᠨ᠎ᠠ᠃ ᠨᠠᠷᠢᠯᠢᠭ ᠤᠨᠤᠪᠴᠢᠲᠠᠢ ᠰᠡᠷᠬᠡᠶᠢᠯᠠᠨ ᠬᠤᠷᠢᠭᠯᠠᠬᠤ ᠪᠤᠲᠤᠯᠭ᠎ᠠ ᠶᠢᠨ ᠱᠠᠭᠠᠷᠲᠠᠯᠭ᠎ᠠ ᠶᠤᠰᠤᠭᠠᠷ᠂ ᠬᠢᠵᠢᠭ ᠢ ᠰᠡᠷᠬᠡᠶᠢᠯᠠᠨ ᠬᠤᠷᠢᠭᠯᠠᠬᠤ ᠲᠦᠷᠢᠮ ᠲᠤᠭᠲᠠᠭᠠᠯ᠂ ᠮᠡᠷᠬᠡᠵᠢᠯ ᠤᠨ ᠵᠢᠯᠤᠭᠤᠲᠤᠯᠭ᠎ᠠ ᠪᠠ ᠡᠯ᠎ᠠ ᠲᠦᠷᠤᠯ ᠤᠨ ᠪᠤᠲᠠᠲᠠᠢ ᠠᠷᠭ᠎ᠠ ᠪᠠᠷᠢᠯ ᠢ ᠬᠢᠨᠠᠮᠠᠭᠠᠢ ᠨᠠᠶᠢᠲᠠᠪᠤᠷᠢᠵᠢᠭᠤᠯᠵᠤ᠂ ᠪᠠᠶᠢᠩᠭᠤ ᠶᠢᠨ ᠴᠢᠨᠠᠷᠲᠠᠢ ᠬᠢᠵᠢᠭ ᠢ ᠰᠡᠷᠬᠡᠶᠢᠯᠡᠨ ᠬᠤᠷᠢᠭᠯᠠᠬᠤ ᠲᠦᠷᠢᠮᠵᠢᠯᠡᠯ ᠢ ᠤᠯᠠᠮ ᠳᠡᠭᠦᠯᠳᠡᠷᠵᠢᠭᠦᠯᠦᠨ᠂ ᠬᠤᠯᠤᠭᠠᠨ᠎ᠠ ᠶᠢᠨ ᠬᠢᠵᠢᠭ᠂ ᠰᠢᠨ᠎ᠡ ᠬᠡᠯᠪᠡᠷᠢ ᠶᠢᠨ ᠲᠢᠲᠢᠮᠯᠢᠭ ᠠᠭᠤᠰᠬᠢᠨ ᠦᠷᠪᠢᠰᠤᠯ ᠢ ᠰᠡᠷᠬᠡᠶᠢᠯᠡᠨ ᠬᠤᠷᠢᠭᠯᠠᠬᠤ ᠠᠵᠢᠯ ᠢ ᠦᠷᠬᠦᠯᠵᠢᠯᠡᠨ ᠰᠠᠶᠢᠲᠤᠷ ᠬᠢᠨ᠎ᠡ᠃ ᠤᠬᠠᠭᠤᠯᠤᠨ ᠲᠠᠭᠠᠭᠤᠯᠬᠤ ᠪᠠ ᠵᠤᠬᠢᠶᠠᠨ ᠪᠠᠶᠢᠭᠤᠯᠤᠨ ᠬᠡᠷᠡᠭᠵᠢᠬᠦᠯᠬᠦ ᠶᠢ ᠴᠢᠩᠭᠠᠳᠬᠠᠵᠤ᠂ 6 ᠳ᠋ᠤᠭᠠᠷ ᠰᠠᠷ᠎ᠠ ᠶᠢᠨ ᠰᠡᠬᠦᠯᠴᠢ ᠠᠴᠠ ᠡᠮᠦᠨ᠎ᠡ ᠪᠦᠬᠦ ᠬᠦᠮᠦᠨ ᠠᠮᠠ ᠶᠢᠨ 40%᠎ ᠶᠢᠨ ᠬᠦᠮᠦᠰ ᠲᠤ ᠬᠢᠵᠢᠭ ᠢ ᠰᠡᠷᠭᠡᠶᠢᠯᠡᠬᠦ ᠲᠠᠷᠢᠯᠭ᠎ᠠ ᠲᠠᠷᠢᠬᠤ ᠪᠠ ᠵᠢᠯ ᠤᠨ ᠡᠴᠤᠰ ᠠᠴᠠ ᠡᠮᠤᠨ᠎ᠡ᠂ ᠪᠦᠬᠦ ᠬᠦᠮᠦᠨ ᠠᠮᠨ ᠶᠢᠨ 78%᠎ ᠶᠢᠨ ᠬᠦᠮᠦᠰ ᠲᠤ ᠬᠢᠵᠢᠭ ᠢ ᠰᠡᠷᠭᠡᠶᠢᠯᠡᠬᠦ ᠲᠠᠷᠢᠯᠭ᠎ᠠ ᠲᠠᠷᠢᠬᠤ ᠡᠬᠦᠷᠭᠡ ᠶᠢ ᠪᠡᠶᠡᠯᠡᠬᠦᠯᠬᠦ ᠶᠢ ᠪᠠᠳᠤᠯᠠᠨ᠎ᠠ᠃ ᠤᠯᠠᠨ ᠨᠠᠶᠢᠲᠠ ᠶᠢᠨ ᠡᠷᠡᠬᠦᠯ ᠬᠠᠮᠠᠭᠠᠯᠠᠯ ᠎ ᠤᠨ ᠪᠠᠴᠢᠮ ᠠᠷᠭᠠᠴᠠᠬᠤ ᠰᠢᠰᠲ᠋ᠧᠮ ᠢ ᠲᠡᠬᠦᠯᠲᠠᠷᠵᠢᠬᠦᠯᠵᠤ᠂ ᠤᠯᠠᠨ ᠨᠠᠶᠢᠲᠠ ᠶᠢᠨ ᠡᠷᠡᠬᠦᠯ ᠬᠠᠮᠠᠭᠠᠯᠠᠯ ᠤᠨ ᠬᠡᠨᠡᠳᠲᠡ ᠶᠢᠨ ᠤᠴᠢᠷ ᠶᠠᠪᠤᠳᠠᠯ ᠢ ᠠᠷᠭᠠᠴᠠᠬᠤ ᠴᠢᠳᠠᠪᠤᠷᠢ ᠶᠢ ᠲᠡᠬᠡᠭᠰᠢᠯᠡᠬᠦᠯᠤᠨ᠎ᠠ᠃ ᠮᠤᠩᠭᠤᠯ ᠡᠮᠨᠡᠯᠬᠡ ᠶᠢᠨ ᠬᠤᠷᠢᠶ᠎ᠠ ᠶᠢᠨ ᠡᠮᠴᠢᠯᠡᠭᠡᠨ ᠤ ᠮᠡᠷᠭᠡᠵᠢᠯ ᠤᠨ ᠠᠰᠠᠷ ᠢ ᠰᠢᠨ᠎ᠡ ᠪᠠᠷ ᠪᠠᠷᠢᠬᠤ᠂ ᠠᠷᠠᠳ ᠤᠨ ᠡᠮᠨᠡᠯᠬᠡ ᠶᠢᠨ ᠬᠤᠷᠢᠶᠠᠨ ᠎ ᠤ ᠬᠠᠯᠲᠠᠪᠤᠷᠢᠲᠤ ᠡᠪᠡᠳᠴᠢᠨ ᠤ ᠲᠤᠭᠤᠷᠢᠭ ᠢ ᠦᠬᠡᠷᠡᠴᠢᠯᠠᠨ ᠵᠠᠰᠠᠬᠤ᠂ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠤᠶᠢᠯᠡᠴᠢᠯᠡᠬᠡᠨ ᠤ ᠲᠦᠪ ᠤᠨ ᠶᠡᠷᠤᠩᠬᠡᠶᠢᠯᠡᠭᠰᠡᠨ ᠠᠰᠠᠷ ᠤᠨ ᠦᠬᠡᠷᠡᠴᠢᠯᠡᠯᠲᠠ ᠵᠡᠷᠬᠡ ᠲᠦᠷᠤᠯ ᠵᠤᠶᠢᠯ ᠤᠨ ᠪᠦᠲᠤᠬᠡᠨ ᠪᠠᠶᠢᠭᠤᠯᠤᠯᠲᠠ ᠶᠢ ᠠᠰᠢᠭᠯᠠᠯᠲᠠ ᠳᠤ ᠤᠷᠤᠭᠤᠯᠬᠤ ᠶᠢ ᠪᠠᠲᠤᠯᠠᠨ᠎ᠠ᠃ ᠠᠶᠢᠮᠠᠭ ᠤᠨ ᠭᠤᠤᠯᠲᠠᠯᠭᠠᠲᠤ ᠡᠮᠨᠡᠯᠬᠡ ᠶᠢᠨ ᠬᠤᠷᠢᠶᠠᠨ ᠤ ᠬᠤᠰᠢᠭᠤ ᠠᠷᠠᠳ ᠤᠨ ᠡᠮᠨᠡᠯᠬᠡ ᠶᠢᠨ ᠬᠤᠷᠢᠶ᠎ᠡ ᠶᠢ ᠨᠠᠶᠢᠲᠠᠨ ᠬᠠᠮᠢᠶᠠᠷᠬᠤ ᠠᠵᠢᠯ ᠢ ᠰᠠᠶᠢᠲᠤᠷ ᠬᠢᠨ᠎ᠡ᠃ 20 ᠲᠥᠮᠡᠨ ᠮᠦ ᠨᠤᠲᠤᠭ ᠪᠠᠯᠴᠢᠬᠡᠷ ᠲᠤ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠵᠤ᠂ ᠬᠤᠯᠤᠭᠠᠨ᠎ᠠ ᠬᠢᠵᠢᠭ ᠤᠨ ᠬᠡᠭᠡᠷ᠎ᠡ ᠶᠢᠨ ᠬᠢᠨᠠᠨ ᠪᠠᠶᠢᠴᠠᠭᠠᠬᠤ ᠴᠢᠭ ᠢ ᠪᠠᠶᠢᠭᠤᠯᠤᠨ᠎ᠠ᠃ ︽ᠤᠯᠤᠰ ᠤᠨ ᠲᠡᠰ ᠤᠨ ᠡᠷᠡᠭᠦᠯ ᠬᠠᠮᠠᠭᠠᠯᠠᠯ ᠤᠨ ᠬᠤᠰᠢᠭᠤ︾᠎ ᠶᠢ ᠪᠦᠳᠦᠭᠡᠨ ᠪᠠᠶᠢᠭᠤᠯᠬᠤ ᠵᠢᠴᠢ ᠮᠤᠩᠭᠤᠯ ᠡᠮᠨᠡᠯᠭᠡ ᠎ ᠶᠢᠨ ᠬᠤᠷᠢᠶᠠᠨ ᠤ ︽ᠪᠦᠬᠦ ᠤᠯᠤᠰ ᠤᠨ ᠮᠤᠩᠭᠤᠯ ᠬᠢᠳᠠᠳ ᠡᠮ ᠡᠮᠨᠡᠯᠭᠡ ᠶᠢᠨ ᠲᠡᠷᠢᠭᠦᠨ ᠤ ᠨᠢᠭᠡᠴᠢ︾᠎ ᠶᠢ ᠪᠦᠳᠦᠭᠡᠨ ᠪᠠᠶᠢᠭᠤᠯᠬᠤ ᠠᠵᠢᠯ ᠢ ᠨᠢᠭᠡᠳᠦᠯᠲᠠᠢ ᠲᠦᠯᠬᠢᠨ ᠠᠬᠢᠭᠤᠯᠤᠨ᠎ᠠ᠃ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠪᠤᠯᠤᠨ ᠪᠦᠬᠦ ᠠᠷᠠᠳ ᠢᠶᠠᠷ ᠢᠶᠠᠨ ᠡᠷᠡᠭᠦᠯ ᠴᠢᠭᠢᠷᠠᠭ ᠪᠠᠶᠢᠬᠤ ᠶᠢ ᠲᠦᠯᠬᠢᠨ ᠠᠬᠢᠭᠤᠯᠤᠨ᠎ᠠ᠃ ᠬᠡᠮᠵᠢᠶ᠎ᠠ ᠲᠠᠢ ᠬᠤᠳᠠᠯᠳᠤᠨ ᠤᠷᠤᠭᠤᠯᠬᠤ ᠠᠵᠢᠯ ᠢ ᠡᠷᠴᠢᠮᠲᠠᠢ ᠠᠬᠢᠭᠤᠯᠵᠤ᠂ ᠡᠮ ᠤᠨ ᠵᠦᠢᠯᠡᠰ ᠪᠤᠯᠤᠨ ᠬᠤᠷᠤᠭᠳᠠᠯ ᠶᠡᠬᠡᠲᠠᠢ ᠮᠠᠲ᠋ᠧᠷᠢᠶᠠᠯ ᠤᠨ ᠦᠨ᠎ᠡ ᠬᠠᠩᠰᠢ ᠶᠢ ᠦᠷᠭᠦᠯᠵᠢᠯᠡᠨ ᠪᠠᠭᠤᠷᠠᠭᠤᠯᠤᠨ᠎ᠠ᠃ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢ ᠴᠢᠩᠭᠠᠳᠬᠠᠨ᠂ ︽ᠴᠢᠩᠭ᠎ᠠ ᠪᠠᠷᠢᠮᠵᠢᠶ᠎ᠠ᠂ ᠴᠢᠩᠭ᠎ᠠ ᠬᠢᠨᠠᠨ ᠬᠠᠮᠢᠶᠠᠷᠤᠯᠲᠠ᠂ ᠴᠢᠩᠭ᠎ᠠ ᠰᠢᠳᠭᠡᠬᠦ᠂ ᠴᠢᠩᠭ᠎ᠠ ᠬᠠᠷᠢᠭᠤᠴᠠᠯᠭ᠎ᠠ ᠶᠢᠨ ᠲᠦᠷᠢᠮ︾ ᠵᠡᠷᠭᠡ ᠲᠦᠷᠪᠡᠨ ᠱᠠᠭᠠᠷᠳᠠᠯᠭ᠎ᠠ ᠶᠢ ᠬᠡᠷᠡᠭᠵᠢᠬᠦᠯᠵᠦ᠂ ᠬᠦᠢᠳᠡᠨ ᠬᠦᠮᠦᠷᠭᠡ᠂ ᠬᠦᠯᠳᠡᠬᠦᠤ ᠢᠳᠡᠭᠡᠨ᠂ ᠬᠤᠭᠤᠯᠠ ᠤᠮᠳᠠ᠂ ᠡᠮ ᠤᠨ ᠲᠡᠯᠭᠡᠭᠦᠷ ᠵᠡᠷᠭᠡ ᠭᠤᠤᠯᠳᠠᠯᠭ᠎ᠠ ᠲᠠᠢ ᠭᠠᠵᠠᠷ ᠤᠷᠤᠨ ᠤ ᠬᠠᠮᠢᠶᠠᠷᠤᠯᠳᠠ ᠶᠢ ᠴᠢᠩᠭᠠᠳᠬᠠᠨ᠂ ᠭᠠᠵᠠᠷ ᠤᠷᠤᠨ ᠤ ᠴᠢᠨᠠᠷᠲᠠᠢ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ ᠤ ᠠᠰᠠᠭᠤᠳᠠᠯ ᠡᠭᠦᠰᠬᠦ ᠦᠭᠡᠢ ᠪᠠᠶᠢᠬᠤ ᠶᠢ ᠪᠠᠲᠤᠯᠠᠨ᠎ᠠ᠃        ᠠᠶᠤᠯᠭᠦᠢ ᠦᠢᠯᠡᠳᠪᠦᠷᠢᠯᠡᠯ ᠤᠨ ᠲᠤᠭᠳᠠᠭᠤᠨ ᠢ ᠦᠷᠭᠦᠯᠵᠢᠯᠡᠨ ᠪᠠᠲᠤᠳᠬᠠᠨ᠎ᠠ᠃ ᠠᠶᠤᠯᠭᠦᠢ ᠦᠢᠯᠡᠳᠪᠦᠷᠢᠯᠡᠯ ᠤᠨ ᠠᠵᠢᠯ ᠤᠨ ᠭᠤᠷᠪᠠᠨ ᠵᠢᠯ ᠤᠨ ᠲᠤᠰᠬᠠᠢ ᠴᠡᠭᠴᠡᠯᠡᠯᠳᠡ ᠶᠢ  ᠭᠦᠨᠵᠡᠭᠡᠶᠢᠷᠡᠬᠦᠯᠵᠦ᠂ ︽ᠬᠦᠪᠡᠭᠡᠲᠦ ᠰᠢᠷ᠎ᠠ ᠬᠤᠰᠢᠭᠤᠨ ᠤ ᠰᠠᠯᠠᠭ᠎ᠠ ᠮᠦᠴᠢᠷ ᠪᠤᠯᠤᠨ ᠪᠠᠶᠢᠭᠤᠯᠤᠯᠭ᠎ᠠ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ︾᠎ ᠳᠤ ᠵᠠᠰᠠᠪᠤᠷᠢ ᠤᠷᠤᠭᠤᠯᠵᠤ᠂ ᠬᠢᠨᠠᠨ ᠬᠠᠮᠢᠶᠠᠷᠤᠯᠳᠠ ᠪᠤᠯᠤᠨ ᠬᠠᠤᠯᠢ ᠬᠡᠷᠡᠭᠵᠢᠬᠦᠯᠬᠦ ᠬᠦᠴᠦᠯᠡᠴᠡ ᠪᠠᠨ ᠨᠡᠮᠡᠭᠳᠡᠬᠦᠯᠦᠨ᠂ ᠠᠭᠤᠷᠬᠠᠢ ᠶᠢᠨ ᠲᠤᠰᠬᠠᠢ ᠮᠡᠷᠭᠡᠵᠢᠯᠲᠠᠨ ᠪᠤᠯᠤᠨ ᠤᠷᠢᠨ ᠵᠠᠯᠠᠭᠰᠠᠨ ᠮᠡᠷᠭᠡᠵᠢᠯᠳᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠎ ᠲᠠᠢ ᠠᠵᠢᠯ ᠦᠢᠯᠡᠰ ᠪᠤᠯᠤᠨ ᠭᠠᠵᠠᠷ ᠤᠷᠤᠨ ᠤ ᠠᠶᠤᠯᠭᠦᠢ ᠦᠢᠯᠡᠳᠪᠦᠷᠢᠯᠡᠯ ᠤᠨ ᠭᠡᠮ ᠰᠤᠭᠤᠭ ᠢ ᠪᠠᠶᠢᠴᠠᠭᠠᠨ ᠴᠡᠭᠴᠡᠯᠡᠬᠦ ᠠᠵᠢᠯ ᠢ ᠲᠤᠪᠤᠶᠢᠮ᠎ᠠ ᠠᠳᠬᠤᠨ᠂ ᠤᠨᠴᠠᠭᠠᠢ ᠲᠤᠮᠤ ᠭᠡᠷᠡᠭ ᠤᠴᠢᠷ ᠡᠭᠦᠰᠬᠦ ᠶᠢ ᠡᠷᠡᠰ ᠬᠤᠷᠢᠭᠯᠠᠨ᠎ᠠ᠃ ᠡᠯ᠎ᠡ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠠᠤᠯᠢ ᠲᠦᠷᠢᠮ ᠪᠤᠯᠤᠨ ᠪᠠᠷᠢᠮᠵᠢᠶ᠎ᠠ ᠶᠢ ᠬᠢᠨᠠᠮᠠᠭᠠᠢ ᠬᠡᠷᠡᠭᠵᠢᠬᠦᠯᠵᠦ᠂ ᠠᠵᠤ ᠠᠬᠤᠶᠢᠯᠠᠯ ᠤᠨ ᠠᠮᠤᠷ ᠲᠦᠪᠰᠢᠨ ᠤ ᠰᠠᠭᠤᠷᠢ ᠲᠦᠭᠦᠭᠡᠷᠦᠮᠵᠢ ᠪᠤᠯᠤᠨ ᠪᠠᠷᠢᠮᠵᠢᠶᠠᠵᠢᠭᠰᠠᠨ ᠪᠦᠳᠦᠭᠡᠨ ᠪᠠᠶᠢᠭᠤᠯᠤᠯᠳᠠ ᠤᠨ ᠲᠠᠯ᠎ᠠ ᠳᠠᠬᠢ ᠪᠡᠯᠡ ᠤᠷᠤᠭᠤᠯᠤᠯᠳᠠ ᠶᠢ ᠱᠠᠯᠠᠪᠳᠠᠭᠤᠯᠤᠨ᠂ ᠠᠵᠤ ᠠᠬᠤᠶᠢᠯᠠᠯ ᠤᠨ ᠠᠮᠤᠷ ᠲᠦᠪᠰᠢᠨ ᠤ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠲᠠᠯ᠎ᠠ ᠨᠤᠳᠤᠭ ᠤᠨ ᠭᠠᠯ ᠲᠦᠢᠮᠡᠷ ᠎ ᠢ ᠰᠡᠷᠭᠡᠶᠢᠯᠡᠬᠦ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠦᠶᠡᠷ ᠠᠴᠠ ᠰᠡᠷᠭᠡᠶᠢᠯᠡᠵᠦ᠂ ᠭᠠᠩ ᠢ ᠡᠰᠡᠷᠭᠦᠴᠡᠬᠦ ᠪᠤᠯᠤᠨ ᠲᠠᠯ᠎ᠠ ᠨᠤᠳᠤᠭ ᠤᠨ ᠭᠠᠯ ᠢ ᠰᠡᠷᠭᠡᠶᠢᠯᠡᠵᠦ ᠭᠠᠯ ᠤᠨᠳᠠᠷᠠᠭᠠᠬᠤ ᠠᠵᠢᠯ ᠎ ᠤᠨ ᠠᠷᠭ᠎ᠠ ᠠᠪᠴᠠᠯ ᠢ ᠪᠦᠳᠦᠮᠵᠢᠲᠠᠢ ᠭᠡᠷᠡᠭᠵᠢᠬᠦᠯᠵᠦ᠂ ᠤᠷᠢᠳᠴᠢᠯᠠᠨ ᠰᠡᠷᠭᠡᠶᠢᠯᠡᠵᠦ ᠤᠷᠢᠳᠴᠢᠯᠠᠨ ᠮᠡᠳᠡᠭᠡᠯᠡᠬᠦ᠂ ᠪᠠᠴᠢᠮ ᠠᠪᠤᠷᠠᠯᠳᠠ ᠬᠢᠬᠦ᠂ ᠭᠠᠮᠰᠢᠭ ᠢ ᠪᠠᠭᠠᠰᠬᠠᠵᠤ᠂ ᠭᠠᠮᠰᠢᠭ ᠠᠴᠠ ᠠᠪᠤᠷᠠᠬᠤ ᠵᠡᠷᠭᠡ ᠠᠵᠢᠯ ᠢ ᠰᠠᠶᠢᠲᠤᠷ ᠬᠢᠵᠦ᠂ ᠭᠠᠵᠠᠷ ᠤᠷᠤᠨ ᠤ ᠪᠠᠴᠢᠮ ᠪᠠᠶᠢᠳᠠᠯ ᠠᠴᠠ ᠠᠪᠤᠷᠠᠬᠤ ᠬᠦᠴᠦᠨ ᠤ ᠲᠦᠷᠢᠮᠵᠢᠭᠰᠡᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠳ᠋ᠦᠩ ᠯᠢᠨ ᠨᠡᠭᠦᠷᠡᠰᠦᠨ ᠠᠭᠤᠷᠬᠠᠢ ᠶᠢᠨ ᠠᠪᠤᠷᠠᠯᠳᠠ ᠶᠢᠨ ᠠᠩᠭᠢ ᠶᠢᠨ ᠪᠠᠴᠢᠮ ᠪᠠᠶᠢᠳᠠᠯ ᠎ ᠳᠤ ᠠᠪᠤᠷᠠᠯᠳᠠ ᠬᠢᠬᠦ ᠲᠤᠰᠬᠠᠶᠢᠵᠢᠭᠰᠠᠨ ᠬᠢᠷᠢ ᠲᠦᠪᠰᠢᠨ ᠢ ᠦᠷᠭᠦᠯᠵᠢᠯᠡᠨ ᠲᠡᠭᠡᠭᠰᠢᠯᠡᠬᠦᠯᠦᠨ᠎ᠡ  ᠃       ᠦᠷᠢ ᠦᠭᠴᠡᠭᠡ᠂ ᠮᠦᠩᠭᠦᠨ ᠭᠦᠢᠯᠭᠡᠭᠡ᠂ ᠭᠡᠷ ᠭᠦᠷᠦᠩᠭᠡ ᠶᠢᠨ ᠠᠵᠤ ᠦᠢᠯᠡᠰ ᠤᠨ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ ᠰᠡᠷᠭᠡᠶᠢᠯᠡᠨ ᠡᠵᠡᠮᠳᠡᠨ᠎ᠡ᠃ ᠤᠯᠠᠨ ᠲᠠᠯ᠎ᠠ ᠪᠠᠷ ᠪᠡᠯᠡ ᠮᠦᠩᠭᠦ ᠨᠦᠬᠦᠪᠦᠷᠢᠯᠡᠨ᠂ ᠦᠪᠡᠷᠳᠡᠭᠡᠨ ᠵᠠᠰᠠᠬᠤ ᠤᠷᠤᠨ ᠤ ᠲᠤᠷᠰᠢᠯᠳᠠ ᠶᠢᠨ ᠴᠢᠭ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠭᠡᠷᠡᠭᠵᠢᠬᠦᠯᠵᠦ ᠂ ᠪᠦᠬᠦ ᠵᠢᠯ ᠤᠨ ᠦᠷᠢ ᠦᠭᠴᠡᠭᠡ ᠶᠢ ᠴᠠᠶᠢᠷᠠᠭᠤᠯᠬᠤ ᠡᠭᠦᠷᠭᠡ ᠪᠠᠨ ᠪᠠᠶᠡᠯᠡᠭᠦᠯᠦᠨ᠂ ᠦᠷᠢ ᠦᠭᠴᠡᠭᠡᠨ ᠤ ᠬᠡᠮᠵᠢᠶ᠎ᠡ ᠪᠤᠯᠤᠨ ᠠᠶᠤᠯ ᠲᠦᠭᠰᠢᠭᠦᠷᠢ ᠤᠨ ︽ᠬᠤᠤᠰ ᠪᠠᠭᠤᠷᠠᠯᠳᠠ︾᠎ ᠶᠢ ᠪᠡᠶᠡᠯᠡᠬᠦᠯᠵᠦ᠂ ᠠᠷᠪᠢᠯᠠᠵᠤ ᠭᠠᠮᠨᠠᠬᠤ ᠦᠵᠡᠯ ᠤᠬᠠᠮᠰᠠᠷ ᠢ ᠪᠤᠢ ᠪᠤᠯᠭᠠᠨ᠂ ᠰᠢᠨᠵᠢᠯᠡᠬᠦ ᠤᠬᠠᠭᠠᠨᠴᠢ ᠪᠠᠷ ᠵᠠᠷᠤᠴᠠᠭᠤᠯᠵᠤ᠂ ᠱᠠᠭᠠᠷᠳᠠᠯᠭ᠎ᠠ ᠠᠴᠠ ᠭᠠᠳᠠᠨᠠᠬᠢ ᠵᠠᠷᠤᠳᠠᠯ ᠎ ᠢ ᠪᠠᠭᠠᠰᠬᠠᠨ᠂ ᠰᠢᠨ᠎ᠡ ᠪᠠᠷ ᠨᠡᠮᠡᠭᠳᠡᠬᠦ ᠵᠠᠷᠤᠳᠠᠯ ᠢ ᠴᠢᠩᠭ᠎ᠠ ᠬᠢᠵᠠᠭᠠᠷᠯᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠵᠢᠴᠢ ︽ᠭᠤᠷᠪᠠ ᠶᠢ ᠪᠠᠲᠤᠯᠠᠬᠤ︾ ᠭᠤᠤᠯᠳᠠᠯᠭ᠎ᠠ ᠲᠠᠢ ᠵᠠᠷᠤᠳᠠᠯ ᠢ ᠪᠠᠲᠤᠯᠠᠨ᠎ᠠ᠃ ᠲᠠᠳᠠᠪᠤᠷᠢᠯᠠᠬᠤ᠂ ᠬᠢᠨᠠᠨ ᠬᠠᠮᠢᠶᠠᠷᠬᠤ᠂ ᠪᠠᠶᠢᠴᠠᠭᠠᠯᠳᠠ ᠬᠢᠬᠦ ᠵᠡᠷᠭᠡ ᠭᠤᠭᠴᠤᠭ᠎ᠠ ᠶᠢ ᠴᠢᠩᠭ᠎ᠠ ᠰᠠᠬᠢᠵᠤ᠂ ᠭᠠᠶᠢᠯᠢ ᠶᠢᠨ ᠪᠤᠰᠤ ᠤᠷᠤᠯᠭ᠎ᠠ ᠶᠢ ᠲᠠᠳᠠᠪᠤᠷᠢᠯᠠᠬᠤ ᠠᠵᠢᠯ ᠢ ᠰᠠᠶᠢᠲᠤᠷ ᠬᠢᠵᠦ᠂ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠲᠦᠷᠦᠯ ᠵᠦᠢᠯ ᠤᠨ ᠵᠢᠭᠡᠯᠡᠯᠭᠡ ᠎ ᠶᠢᠨ ︵ᠠᠪᠴᠠᠭᠠᠨ ᠤ︶ ᠠᠶᠤᠯ ᠲᠦᠭᠰᠢᠭᠦᠷᠢ ᠳᠤ ᠦᠨᠡᠯᠡᠯᠳᠡ ᠬᠢᠬᠦ ᠠᠵᠢᠯ ᠢ ᠴᠢᠩᠭᠠᠳᠬᠠᠨ᠂ ᠭᠠᠵᠠᠷ ᠤᠷᠤᠨ ᠤ ᠵᠠᠰᠠᠭ ᠤᠨ ᠤᠷᠳᠤᠨ ᠤ ᠲᠤᠰᠬᠠᠢ ᠲᠦᠷᠦᠯ ᠤᠨ ᠠᠪᠴᠠᠭᠠᠨ ᠤ ᠪᠡᠯᠡ ᠮᠦᠩᠭᠦ ᠶᠢ ᠲᠦᠷᠢᠮᠵᠢᠬᠦᠯᠦᠨ ᠬᠡᠷᠡᠭᠯᠡᠵᠦ᠂ ᠦᠷᠢ ᠦᠭᠴᠡᠭᠡᠨ ᠤ ᠲᠦᠭᠰᠢᠭᠦᠷᠢᠲᠤ ᠭᠠᠵᠠᠷ ᠤᠷᠤᠨ ᠤ ᠬᠡᠪᠴᠢᠶᠡᠨ ᠳᠤ ᠤᠷᠤᠬᠤ ᠠᠴᠠ ᠰᠡᠷᠭᠡᠶᠢᠯᠡᠨ᠎ᠡ᠃ ᠬᠠᠤᠯᠢ ᠪᠤᠰᠤ ᠪᠠᠷ ᠪᠡᠯᠡ ᠬᠤᠷᠠᠮᠳᠤᠭᠤᠯᠬᠤ᠂ ᠠᠷᠠᠳ ᠤᠨ ᠲᠤᠮᠳᠠ ᠪᠡᠯᠡ ᠴᠤᠭᠯᠠᠭᠤᠯᠬᠤ᠂ ᠲᠤᠤᠷ ᠰᠦᠯᠵᠢᠶᠡᠨ ᠤ ᠵᠢᠬᠡᠯᠡᠯᠭᠡ ᠵᠡᠷᠭᠡ ᠠᠵᠢᠯᠯᠠᠭ᠎ᠠ ᠠᠴᠠ ᠰᠡᠷᠭᠡᠶᠢᠯᠡᠬᠦ ᠪᠠ ᠴᠤᠬᠢᠯᠳᠠ ᠦᠭᠭᠦ ᠬᠦᠴᠦᠯᠡᠴᠡ ᠪᠠᠨ ᠴᠢᠩᠭᠠᠳᠬᠠᠨ᠂ ᠮᠠᠯᠴᠢᠳ ᠎ ᠤᠨ ᠲᠤᠮᠳᠠᠬᠢ ᠠᠷᠠᠳ ᠤᠨ ᠵᠢᠭᠡᠯᠡᠯᠭᠡᠨ ᠳᠤ ᠴᠡᠭᠴᠡᠯᠡᠯᠳᠡ ᠬᠢᠬᠦ ᠠᠵᠢᠯ ᠤᠨ ᠤᠷᠳᠤ ᠬᠤᠭᠤᠴᠠᠭᠠᠨ ᠤ ᠲᠦᠷᠢᠮᠵᠢᠯ ᠢ ᠲᠡᠭᠦᠯᠳᠡᠷᠵᠢᠬᠦᠯᠵᠦ᠂ ᠮᠦᠩᠭᠦᠨ ᠬᠦᠢᠯᠭᠡᠭᠡᠨ ᠤ ᠢᠳᠡᠭᠡᠮᠵᠢ ᠶᠢᠨ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠬᠠᠤᠯᠢ ᠪᠤᠰᠤ ᠮᠦᠩᠭᠦᠨ ᠭᠦᠢᠯᠭᠡᠭᠡᠨ ᠤ ᠠᠵᠢᠯᠯᠠᠭᠠᠨ ᠳᠤ ᠴᠢᠩᠭ᠎ᠠ ᠴᠤᠬᠢᠯᠳᠠ ᠦᠭᠭᠦᠨ᠎ᠡ᠃ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠦᠩᠭᠦᠨ ᠤ ᠬᠢᠨᠠᠨ ᠬᠠᠮᠢᠶᠠᠷᠤᠯᠳᠠ ᠶᠢᠨ ᠰᠢᠰᠲ᠋ᠧᠮ ᠢ ᠲᠡᠭᠦᠯᠳᠡᠷᠵᠢᠬᠦᠯᠵᠦ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ᠂ ᠬᠠᠳᠠᠭᠠᠯᠠᠭᠳᠠᠵᠤ ᠪᠠᠶᠢᠭ᠎ᠠ ᠭᠡᠷ ᠪᠠᠶᠢᠰᠢᠩ ᠤᠨ ᠰᠦᠯᠵᠢᠶᠡᠨ ᠲᠡᠭᠡᠷ᠎ᠡ ᠲᠠᠩᠰᠠᠯᠠᠬᠤ ᠠᠵᠢᠯ ᠤᠨ ᠪᠦᠷᠭᠦᠴᠡ ᠶᠢ ᠪᠡᠶᠡᠯᠡᠬᠦᠯᠦᠨ᠂ ᠰᠤᠳᠤᠨ ᠲᠤᠭᠤᠷᠢᠭ᠂ ᠰᠢᠯᠢᠨ ᠲᠤᠭᠤᠷᠢᠭ ᠵᠡᠷᠭᠡ ᠪᠠᠶᠢᠰᠢᠩ ᠭᠡᠷ ᠢ ᠥᠭᠡᠷᠡᠴᠢᠯᠡᠨ ᠵᠠᠰᠠᠬᠤ ᠲᠦᠷᠦᠯ ᠵᠦᠢᠯ ᠳᠤ ᠤᠷᠤᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃       ᠨᠡᠶᠢᠭᠡᠮ ᠤᠨ ᠵᠠᠰᠠᠨ ᠴᠡᠭᠴᠡᠯᠡᠬᠦ ᠠᠵᠢᠯ ᠤᠨ ᠰᠢᠰᠲ᠋ᠧᠮ ᠢ ᠦᠷᠬᠦᠯᠵᠢᠯᠡᠨ ᠲᠡᠭᠦᠯᠳᠡᠷᠵᠢᠬᠦᠯᠦᠨ᠎ᠡ᠃ ᠪᠦᠯᠬᠦᠮ ᠨᠢᠭᠡᠴᠢ ᠶᠢᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠬᠤᠶᠠᠷ ᠵᠦᠪᠯᠡᠯ︾᠎ ᠳᠤ ᠰᠢᠯᠢᠳᠡᠭ ᠠᠵᠢᠯᠳᠠᠨ ᠲᠤᠮᠢᠯᠠᠵᠤ᠂ ᠰᠠᠶᠢᠨ ᠲᠤᠷᠠᠴᠤᠳ ᠤᠨ ᠦᠢᠯᠡᠴᠢᠯᠡᠭᠡ ᠪᠠ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃ ᠵᠦᠷᠢᠴᠡᠯ ᠵᠢᠭᠤᠷᠭᠠᠨ ᠢ ᠪᠠᠶᠢᠴᠠᠭᠠᠬᠤ ᠠᠵᠢᠯ ᠢ ᠴᠢᠩᠭᠠᠳᠬᠠᠨ᠂ ᠲᠤᠤᠷ ᠰᠦᠯᠵᠢᠶ᠎ᠡ ᠪᠠᠷ ᠲᠠᠮᠵᠢᠭᠤᠯᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠢᠢᠳᠪᠦᠷᠢᠯᠡᠬᠦ ᠬᠦᠴᠦᠯᠡᠴᠡ ᠪᠠᠨ ᠨᠡᠮᠡᠭᠳᠡᠬᠦᠯᠦᠨ᠂ ᠬᠠᠤᠯᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ᠤᠷᠤᠯᠴᠠᠬᠤ ᠠᠵᠢᠯ ᠤᠨ ᠲᠦᠷᠢᠮᠵᠢᠯ ᠢ ᠲᠡᠭᠦᠯᠳᠡᠷᠵᠢᠬᠦᠯᠦᠨ᠂ ᠤᠯᠠᠨ ᠲᠦᠮᠡᠨ ᠤ ᠵᠦᠢ ᠶᠤᠰᠤᠨ ᠳᠤ ᠨᠡᠶᠢᠴᠡᠭᠰᠡᠨ ᠲᠤᠷᠠᠳᠤᠯᠭ᠎ᠠ ᠶᠢ ᠴᠠᠭ ᠲᠤᠬᠠᠢ ᠲᠤᠨᠢ ᠰᠢᠢᠳᠪᠦᠷᠢᠯᠡᠨ᠎ᠡ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠢ ᠴᠢᠩᠭᠠᠳᠬᠠᠨ᠂ ᠵᠦᠪ ᠤᠬᠠᠭᠤᠯᠭ᠎ᠠ ᠰᠤᠷᠳᠠᠯᠴᠢᠯᠠᠭ᠎ᠠ ᠶᠢ ᠪᠠᠷᠢᠮᠳᠠᠯᠠᠨ᠂ ᠵᠦᠪ ᠡᠨᠧᠷᠬᠢ ᠢ ᠤᠯᠠᠮᠵᠢᠯᠠᠨ᠎ᠠ᠃ ᠬᠠᠩᠭᠠᠨ ᠪᠤᠷᠤᠯᠠᠭᠤᠯᠬᠤ ᠰᠢᠰᠲ᠋ᠧᠮ ᠤᠨ ᠳᠤᠰᠬᠠᠢ ᠲᠥᠷᠦᠯ ᠤᠨ ᠴᠡᠭᠴᠡᠯᠡᠯᠲᠡ ᠶᠢ ᠰᠠᠶᠢᠲᠤᠷ ᠠᠳᠬᠤᠨ᠎ᠠ᠃ ᠤᠯᠤᠰ ᠲᠥᠷᠦ ᠬᠠᠤᠯᠢ ᠴᠠᠭᠠᠵᠠ ᠶᠢᠨ ᠰᠢᠰᠲ᠋ᠧᠮ ᠤᠨ ᠲᠤᠰᠬᠠᠢ ᠲᠥᠷᠦᠯ ᠤᠨ ᠴᠡᠭᠴᠡᠯᠡᠯᠲᠡ ᠶᠢ ᠥᠷᠨᠢᠬᠦᠯᠬᠦ ᠪᠠ ᠲᠡᠮᠵᠢᠨ᠎ᠡ᠃ ᠲᠤᠤᠷ ᠰᠦᠯᠵᠢᠶᠡᠨ ᠤ ᠠᠮᠤᠷ ᠲᠦᠪᠰᠢᠨ ᠤ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠨᠠᠵᠠᠭᠠᠢ ᠲᠠᠯ᠎ᠠ ᠶᠢᠨ ᠤᠬᠠᠭᠤᠯᠭ᠎ᠠ ᠰᠤᠷᠳᠠᠯᠴᠢᠯᠠᠭ᠎ᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠵᠦᠪ ᠢᠶᠠᠷ ᠰᠢᠢᠳᠪᠦᠷᠢᠯᠡᠨ᠂ ᠲᠣᠣᠷ ᠰᠦᠯᠵᠢᠶᠡᠨ ᠤ ᠡᠷᠡᠬᠦᠯ ᠰᠠᠶᠢᠬᠠᠨ ᠣᠷᠴᠢᠨ ᠠᠬᠤᠢ ᠶᠢ ᠪᠣᠢ ᠪᠤᠯᠭᠠᠨ᠎ᠠ᠃ ᠲᠤᠳᠤᠭᠠᠲᠤ ᠶᠢ ᠬᠠᠮᠠᠭᠠᠯᠠᠬᠤ ᠠᠵᠢᠯ ᠤᠨ ᠦᠨᠳᠦᠰᠦᠨ ᠱᠠᠳᠤᠨ ᠳᠠᠬᠢ ᠰᠠᠭᠤᠷᠢ ᠠᠵᠢᠯ ᠢ ᠴᠢᠩᠭᠠᠳᠬᠠᠨ᠂ ᠰᠤᠷᠠᠭ ᠵᠠᠩᠭᠢᠵᠢᠭᠰᠠᠨ ᠨᠡᠶᠢᠭᠡᠮ ᠤᠨ ᠠᠮᠤᠷ ᠲᠦᠪᠰᠢᠨ ᠤ ᠬᠠᠮᠠᠭᠠᠯᠠᠯᠳᠠ ᠶᠢᠨ ᠰᠢᠰᠲ᠋ᠧᠮ ᠢ ᠲᠡᠭᠦᠯᠳᠡᠷᠵᠢᠬᠦᠯᠵᠦ᠂ ︽ᠬᠠᠷ᠎ᠠ ᠪᠦᠯᠦᠭᠲᠡᠨ ᠬᠠᠷᠭᠢᠰ ᠬᠦᠴᠦᠨ︾᠎ ᠢ ᠠᠷᠢᠯᠭᠠᠬᠤ ᠠᠵᠢᠯ ᠢ ᠪᠠᠶᠢᠩᠭᠤ ᠦᠷᠨᠢᠭᠦᠯᠦᠨ᠂ ︽ᠤᠶᠤᠨᠲᠤ ᠲᠤᠳᠤᠭᠠᠳᠤ ᠶᠢ ᠬᠠᠮᠠᠭᠠᠯᠠᠬᠤ  ︾᠂ ︽ᠠᠮᠤᠭᠤᠯᠠᠩ ᠬᠦᠪᠡᠭᠡᠲᠦ ᠰᠢᠷ᠎ᠠ ᠬᠤᠰᠢᠭᠤ︾᠎ ᠶᠢ ᠪᠦᠳᠦᠭᠡᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠵᠤ᠂ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠬᠦᠨᠲᠦ ᠴᠤᠬᠢᠯᠳᠠ ᠦᠭᠴᠦ᠂ ︽ᠤᠶᠤᠨᠲᠤ ᠠᠮᠤᠷ ᠢ ᠬᠠᠮᠠᠭᠠᠯᠠᠬᠤ ᠨᠡᠶᠢᠭᠡᠮ ᠲᠤᠭᠤᠷᠢᠭ︾᠎ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠨᠡᠶᠢᠭᠡᠮ ᠤᠨ ᠦᠨᠳᠦᠰᠦᠨ ᠲᠤᠤᠷᠴᠢᠯᠠᠭᠰᠠᠨ ᠬᠠᠮᠢᠶᠠᠷᠤᠯᠳᠠ ᠪᠤᠯᠤᠨ ᠤᠶᠤᠨᠳᠤ ᠬᠠᠮᠢᠶᠠᠷᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃        ︵ᠵᠢᠷᠭᠤᠭ᠎ᠠ︶ ᠤᠯᠠᠨ ᠲᠥᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠠᠲᠤᠯᠠᠭᠠᠨ ᠤ ᠳᠥᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃        ᠶᠠᠳᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠠᠤ ᠠᠵᠢᠯ ᠤᠨ ᠦᠷ᠎ᠡ ᠪᠥᠲᠥᠮᠵᠢ ᠶᠢ ᠪᠠᠲᠤᠳᠬᠠᠨ᠎ᠠ᠃ ᠳᠠᠬᠢᠨ ᠶᠠᠳᠠᠭᠤᠷᠠᠬᠤ ᠶᠢ ᠬᠢᠨᠠᠨ ᠰᠢᠯᠭᠠᠬᠤ ᠪᠠ ᠬᠠᠪᠰᠤᠷᠤᠨ ᠲᠡᠳᠬᠦᠬᠦ ᠳᠤᠭᠲᠠᠴᠠ ᠶᠢ ᠴᠢᠩᠭᠠᠳᠬᠠᠨ᠂ ᠶᠠᠳᠠᠭᠤ ᠶᠢ ᠳᠡᠳᠬᠦᠬᠦ ᠠᠵᠤ ᠦᠢᠯᠡᠰ ᠪᠠ ᠬᠠᠮᠲᠤ ᠶᠢᠨ ᠠᠵᠤ ᠠᠬᠤᠢ ᠶᠢ ᠵᠤᠬᠢᠴᠠᠩᠭᠤᠢ ᠬᠥᠭᠵᠢᠭᠦᠯᠬᠦ ᠳᠤᠭᠲᠠᠴᠠ᠂ ᠶᠠᠳᠠᠭᠤ ᠶᠢ ᠳᠡᠳᠬᠦᠬᠦ ᠲᠥᠷᠥᠯ ᠵᠦᠢᠯ ᠪᠠ ᠶᠠᠳᠠᠭᠤ ᠬᠦᠴᠢᠷᠳᠡᠯᠲᠠᠢ ᠡᠷᠦᠬᠡ ᠶᠢᠨ ᠠᠰᠢᠭ ᠳᠤᠰᠠ ᠶᠢ ᠬᠤᠯᠪᠤᠯᠳᠠᠭᠤᠯᠬᠤ ᠳᠤᠭᠲᠠᠴᠠ ᠶᠢ ᠲᠡᠭᠦᠯᠳᠡᠷᠵᠢᠭᠦᠯᠦᠨ᠂ ᠭᠠᠴᠠᠭ᠎ᠠ ᠮᠠᠯᠵᠢᠬᠤ ᠤᠷᠤᠨ ᠢ ᠬᠥᠭᠵᠢᠭᠦᠯᠦᠨ ᠮᠠᠨᠳᠤᠭᠤᠯᠬᠤ ᠪᠠ ᠶᠠᠳᠠᠭᠤ ᠶᠢ ᠳᠡᠳᠬᠦᠵᠦ ᠪᠤᠭᠤᠮᠲᠠ ᠰᠢᠪᠲᠤᠯᠬᠤ ᠠᠵᠢᠯ ᠢ ᠨᠢᠭᠡᠳᠦᠯᠲᠠᠢ ᠲᠥᠯᠥᠪᠵᠢᠭᠦᠯᠦᠨ ᠠᠬᠢᠭᠤᠯᠵᠤ᠂ ᠤᠳᠤᠬᠠᠨ ᠤ ᠬᠡᠷᠡᠭᠵᠢᠭᠦᠯᠵᠦ ᠪᠠᠶᠢᠭ᠎ᠠ ᠬᠠᠪᠰᠤᠷᠤᠨ ᠳᠡᠳᠬᠦᠬᠦ ᠲᠥᠷᠦ ᠶᠢᠨ ᠪᠤᠳᠤᠯᠭ᠎ᠠ ᠶᠢ  ᠬᠡᠷᠡᠭᠵᠢᠭᠦᠯᠦᠨ᠂ ᠳᠠᠬᠢᠨ ᠶᠠᠳᠠᠭᠤᠷᠠᠬᠤ ᠶᠢ ᠪᠦᠲᠦᠮᠵᠢᠲᠠᠢ ᠰᠡᠷᠭᠡᠶᠢᠯᠡᠨ᠎ᠡ᠃ ᠶᠠᠳᠠᠭᠤ ᠶᠢ ᠳᠡᠳᠬᠦᠬᠦ ᠡᠳ᠋ ᠬᠥᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠢᠨᠵᠧᠨᠧᠷᠢᠩ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠬᠡᠷᠡᠭᠯᠡᠭᠡᠨ ᠤ ᠦᠷ᠎ᠡ ᠠᠰᠢᠭ ᠢ ᠳᠡᠭᠡᠭᠰᠢᠯᠡᠭᠦᠯᠦᠨ᠎ᠡ᠃ᠰᠤᠷᠭᠠᠨ ᠬᠦᠮᠦᠵᠢᠯ ᠤᠨ ᠰᠢᠯᠢᠳᠡᠭ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠨ᠎ᠡ᠃ ᠰᠤᠷᠭᠠᠨ ᠬᠦᠮᠦᠵᠢᠯ ᠤᠨ ᠰᠤᠷᠠᠭ ᠵᠠᠩᠭᠢᠵᠢᠭᠤᠯᠤᠯᠲᠠ ᠶᠢᠨ 2.0 ᠠᠵᠢᠯᠯᠠᠭᠠᠨ ᠤ ᠲᠦᠯᠦᠪᠯᠡᠭᠡ ᠶᠢ ᠬᠡᠷᠡᠭᠵᠢᠭᠦᠯᠦᠨ᠂ ᠰᠤᠷᠭᠠᠭᠤᠯᠢ ᠶᠢᠨ ᠬᠦᠷᠢᠶᠡᠨ ᠤ ᠲᠤᠭᠠᠴᠢᠯᠠᠭᠰᠠᠨ ᠪᠠᠶᠢᠭᠤᠯᠤᠯᠲᠠ ᠶᠢ ᠠᠬᠢᠭᠤᠯᠤᠨ᠎ᠠ᠃ ᠮᠤᠩᠭᠤᠯ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠤᠨ ᠪᠠᠷᠢᠯᠭ᠎ᠠ ᠶᠢᠨ ᠠᠵᠢᠯ ᠢ ᠦᠷᠭᠦᠯᠵᠢᠯᠡᠨ ᠶᠠᠪᠤᠭᠳᠠᠭᠤᠯᠵᠤ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠢ ᠶᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ  ᠪᠡᠶᠡᠯᠡᠭᠦᠯᠦᠨ᠎ᠡ᠃ ᠪᠠᠭᠰᠢ ᠶᠢᠨ ᠶᠤᠰᠤ ᠮᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢᠨ ᠤᠯᠤᠰ ᠤᠨ ᠬᠢᠨᠠᠨ ᠲᠤᠭᠲᠠᠭᠠᠯᠲᠠ ᠶᠢ ᠠᠮᠵᠢᠯᠲᠠ ᠲᠠᠢ ᠦᠩᠭᠡᠷᠡᠬᠡᠬᠦ ᠶᠢ ᠪᠠᠲᠤᠯᠠᠨ᠎ᠠ᠃ ᠢᠳᠡᠭᠡᠯ ᠪᠢᠰᠢᠷᠡᠯ ᠤᠨ ᠬᠦᠮᠦᠵᠢᠯ ᠢ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠬᠢᠵᠢᠭᠦᠯᠦᠨ᠂ ᠰᠤᠷᠤᠭᠴᠢᠳ ᠤᠨ ᠪᠥᠬᠦ ᠲᠠᠯ᠎ᠠ ᠪᠠᠷ ᠬᠦᠮᠦᠵᠢᠬᠦ ᠶᠢ ᠠᠬᠢᠭᠤᠯᠤᠨ᠎ᠠ᠃ 2021 ᠤᠨ ᠎ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠮᠣᠩᠭᠤᠯ ᠢᠶᠠᠷ ᠬᠢᠴᠢᠶᠡᠯᠯᠡᠵᠦ ᠪᠠᠭ᠎ᠠ ᠰᠤᠷᠭᠠᠭᠤᠯᠢ ᠶᠢᠨ ᠨᠢᠭᠡᠳᠦᠭᠡᠷ ᠬᠤᠶᠠᠳᠤᠭᠠᠷ ᠤᠨ ᠳᠤ ᠤᠯᠤᠰ ᠠᠴᠠ ᠨᠢᠭᠡᠳᠦᠯᠲᠠᠢ ᠨᠠᠶᠢᠷᠠᠭᠤᠯᠤᠭᠰᠠᠨ ︽ᠶᠤᠰᠤ ᠰᠤᠷᠲᠠᠬᠤᠨ ᠪᠠ ᠬᠠᠤᠯᠢ ᠪᠠᠷ ᠵᠠᠰᠠᠬᠤᠢ︾ ︽ᠬᠡᠯᠡ ᠪᠢᠴᠢᠭ︾᠎ ᠤᠨ ᠵᠢᠭᠠᠬᠤ ᠮᠠᠲ᠋ᠧᠷᠢᠶᠠᠯ ᠢ ᠬᠡᠷᠡᠭᠯᠡᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠬᠤᠶᠠᠳᠤᠭᠠᠷ ᠤᠨ ᠳᠤ ᠤᠯᠤᠰ ᠠᠴᠠ ᠨᠢᠭᠡᠳᠦᠯᠲᠠᠢ ᠨᠠᠶᠢᠷᠠᠭᠤᠯᠤᠭᠰᠠᠨ ︽ᠶᠤᠰᠤ ᠰᠤᠷᠲᠠᠬᠤᠨ ᠪᠠ ᠬᠠᠤᠯᠢ ᠪᠠᠷ ᠵᠠᠰᠠᠬᠤᠢ︾ ︽ᠬᠡᠯᠡ ᠪᠢᠴᠢᠭ︾ ︽ᠲᠡᠤᠬᠡ︾᠎ ᠶᠢᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠤᠯᠤᠰ ᠤᠨ ᠨᠡᠶᠢᠲᠡ ᠶᠢᠨ ᠬᠡᠷᠡᠭᠯᠡᠭᠡᠨ ᠤ ᠬᠡᠯᠡᠨ ᠤ ᠵᠢᠭᠠᠨ ᠰᠤᠷᠭᠠᠯᠲᠠ ᠶᠢ ᠪᠠᠲᠤᠯᠠᠨ᠎ᠠ᠃        ᠠᠵᠢᠯ ᠤᠯᠭᠤᠯᠲᠠ ᠶᠢ ᠪᠥᠬᠦ ᠬᠦᠴᠦᠨ ᠢᠶᠠᠷ ᠢᠶᠠᠨ ᠳᠤᠭᠲᠠᠪᠤᠷᠢᠵᠢᠭᠤᠯᠤᠨ ᠥᠷᠭᠡᠳᠬᠡᠨ᠎ᠡ᠃ ᠶᠡᠭᠡ ᠳᠡᠭᠡᠳᠦ ᠰᠤᠷᠭᠠᠭᠠᠤᠯᠢ ᠶᠢᠨ ᠤᠶᠤᠲᠠᠳ ᠤᠨ ᠠᠵᠢᠯ ᠣᠯᠵᠤ ᠦᠢᠯᠡᠰ ᠪᠤᠰᠬᠠᠬᠤ ᠶᠢ ᠠᠬᠢᠭᠤᠯᠬᠤ᠂ ᠮᠠᠯᠴᠢᠳ ᠢ ᠰᠢᠯᠵᠢᠭᠦᠯᠦᠨ ᠠᠵᠢᠯ ᠤᠯᠭᠤᠬᠤ ᠳᠤ ᠦᠢᠯᠡᠴᠢᠯᠡᠬᠦ᠂ ᠴᠡᠷᠢᠭ ᠠᠴᠠ ᠬᠠᠯᠠᠭᠳᠠᠭᠰᠠᠳ ᠲᠤ ᠠᠵᠢᠯ ᠤᠯᠭᠤᠬᠤ ᠪᠠ ᠬᠠᠪᠰᠤᠷᠤᠨ ᠳᠡᠳᠬᠦᠬᠦ᠂ ᠬᠤᠪᠢ ᠶᠢᠨ ᠡᠵᠡᠩᠨᠡᠭᠴᠢᠳ ᠢ ᠳᠡᠳᠬᠦᠬᠦ ᠦᠢᠯᠡᠴᠢᠯᠡᠭᠡ ᠵᠡᠷᠭᠡ ᠳᠤᠰᠬᠠᠢ ᠲᠥᠷᠥᠯ ᠤᠨ ᠠᠵᠢᠯ ᠢ ᠰᠠᠶᠢᠲᠤᠷ ᠡᠷᠬᠢᠯᠡᠨ ᠶᠠᠪᠤᠭᠳᠠᠭᠤᠯᠵᠤ᠂ ᠤᠯᠡᠨ ᠨᠡᠶᠢᠲᠡ ᠪᠠᠷ ᠢᠶᠠᠨ ᠦᠢᠯᠡᠰ ᠪᠤᠰᠬᠠᠵᠤ᠂ ᠬᠠᠮᠲᠤ ᠪᠠᠷ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠦᠢᠯᠡᠰ ᠪᠤᠰᠬᠠᠬᠤ ᠪᠠᠲᠤᠯᠠᠭᠠᠲᠤ ᠵᠢᠭᠡᠯᠡᠯᠭᠡ ᠶᠢ 1500 ᠲᠥᠮᠡᠨ ᠲᠥᠭᠦᠷᠢᠭ ᠲᠠᠷᠬᠠᠭᠠᠨ᠂ 700 ᠭᠠᠷᠤᠢ ᠬᠦᠮᠦᠨ ᠤᠳᠠᠭ᠎ᠠ ᠮᠡᠷᠭᠡᠵᠢᠯ ᠤᠨ ᠪᠤᠯᠪᠠᠰᠤᠷᠠᠯ ᠬᠦᠷᠲᠡᠭᠡᠨ᠂ ᠠᠵᠢᠯ ᠤᠯᠭᠤᠬᠤ ᠠᠵᠢᠯᠯᠠᠭ᠎ᠠ ᠶᠢ ᠰᠠᠶᠢᠳᠤᠷ ᠵᠤᠬᠢᠶᠠᠨ ᠪᠠᠶᠢᠭᠤᠯᠵᠤ᠂ ᠦᠢᠯᠡᠰ ᠪᠤᠰᠬᠠᠬᠤ ᠬᠦᠷᠢᠶᠡᠯᠡᠩ ᠤᠨ ᠳᠡᠰ ᠳᠠᠪᠰᠢᠯᠲᠠ ᠶᠢ ᠠᠬᠢᠭᠤᠯᠤᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ 3.2%᠎ ᠶᠢᠨ ᠳᠤᠲᠤᠷ᠎ᠠ ᠪᠠᠶᠢᠯᠭᠠᠨ᠎ᠠ᠃ ᠴᠢᠳᠠᠪᠤᠷᠢᠲᠠᠨ ᠢ ᠳᠠᠲᠠᠨ ᠤᠷᠤᠭᠤᠯᠬᠤ ᠠᠵᠢᠯ ᠤᠨ ᠬᠦᠴᠦᠯᠡᠴᠡ ᠶᠢ ᠴᠢᠩᠭᠠᠳᠬᠠᠨ᠂ ᠮᠠᠯᠴᠢᠨ ᠲᠠᠷᠢᠶᠠᠴᠢᠨ ᠬᠥᠯᠥᠰᠦᠨ ᠠᠵᠢᠯᠴᠢᠨ ᠤ ᠴᠠᠯᠢᠩ ᠤᠨ ᠪᠠᠲᠤᠯᠠᠭᠠᠨ ᠤ ᠠᠵᠢᠯ ᠢ ᠰᠠᠶᠢᠲᠤᠷ ᠪᠡᠶᠡᠯᠡᠭᠦᠯᠦᠨ᠎ᠡ᠃       ᠨᠡᠶᠢᠭᠡᠮ ᠤᠨ ᠪᠠᠲᠤᠯᠠᠭᠠᠨ ᠤ ᠴᠢᠳᠠᠪᠬᠢ ᠶᠢ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ︽ᠪᠦᠬᠦᠨ ᠢ ᠬᠠᠮᠤᠷᠤᠨ᠂ ᠪᠥᠭᠦᠳᠡ ᠳᠤ ᠤᠯᠭᠤᠵᠤ᠂ ᠨᠡᠩ ᠰᠠᠶᠢᠨ ᠪᠠᠲᠤᠯᠠᠭ᠎ᠠ ᠬᠠᠩᠭᠠᠬᠤ︾ ᠎ ᠶᠢ ᠪᠡᠶᠡᠯᠡᠭᠦᠯᠦᠨ᠎ᠡ᠃ ᠨᠡᠶᠢᠭᠡᠮ ᠤᠨ ᠠᠪᠤᠷᠠᠨ ᠳᠤᠰᠠᠯᠠᠬᠤ ᠡᠳ᠋ ᠪᠠᠶᠠᠯᠢᠭ ᠢ ᠨᠢᠭᠡᠳᠬᠡᠬᠦ ᠳᠥᠯᠥᠪᠵᠢᠭᠦᠯᠭᠡ ᠶᠢ ᠴᠢᠩᠭᠠᠳᠬᠠᠵᠤ᠂ ᠬᠦᠴᠢᠷᠳᠡᠯᠲᠠᠢ ᠤᠯᠠᠨ ᠲᠥᠮᠡᠨ ᠤ ᠬᠠᠮᠤᠭ ᠨᠠᠭᠠᠲᠤ ᠵᠠᠬ᠎ᠠ ᠶᠢᠨ ᠠᠮᠢᠳᠤᠷᠠᠯ ᠢ ᠪᠠᠲᠤᠯᠠᠨ᠎ᠠ᠃ ᠳᠤᠤᠷᠠᠳᠤ ᠪᠠᠲᠤᠯᠠᠭᠠᠨ ᠤ ᠨᠠᠷᠢᠯᠢᠭᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠪᠥᠲᠥᠮᠵᠢᠲᠠᠢ ᠠᠷᠭ᠎ᠠ ᠬᠡᠮᠵᠢᠶ᠎ᠡ ᠎ ᠶᠢ ᠬᠡᠷᠡᠭᠵᠢᠭᠦᠯᠦᠨ᠂ ᠡᠯ᠎ᠡ ᠲᠠᠯ᠎ᠠ ᠶᠢᠨ ᠬᠠᠩᠭᠠᠯᠭ᠎ᠠ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠣᠩᠭᠤᠨ ᠪᠠ ᠤᠷᠤᠰᠢᠭᠤᠯᠭ᠎ᠠ ᠶᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠤᠨ᠎ᠠ᠃        ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤᠨ ᠤ ᠪᠠᠶᠢᠭᠤᠯᠤᠯᠲᠠ ᠶᠢᠨ ᠦᠷ᠎ᠡ ᠠᠰᠢᠭ ᠢ ᠪᠠᠳᠤᠳᠬᠠᠨ᠎ᠠ᠃ ᠦᠨᠳᠦᠰᠦᠨ ᠱᠠᠲᠤᠨ ᠤ ᠴᠡᠷᠢᠭ ᠠᠴᠠ ᠬᠠᠯᠠᠭᠳᠠᠭᠰᠠᠳ ᠲᠤ  ᠦᠢᠯᠡᠴᠢᠯᠡᠬᠦ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ ᠃ ᠬᠠᠯᠠᠭᠳᠠᠭᠰᠠᠨ ᠴᠡᠷᠢᠭ ᠤᠨ ᠦᠵᠡᠯ ᠰᠠᠨᠠᠭ᠎ᠠ ᠤᠯᠤᠰ ᠲᠥᠷᠦ᠂ ᠠᠵᠢᠯ ᠤᠯᠭᠤᠬᠤ᠂ ᠳᠡᠳᠭᠦᠨ ᠳᠡᠮᠵᠢᠬᠦ᠂ ᠰᠠᠶᠢᠰᠢᠶᠠᠨ ᠤᠬᠠᠭᠤᠯᠬᠤ ᠵᠡᠷᠭᠡ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠢ ᠭᠦᠨᠵᠡᠭᠡᠢ ᠥᠷᠨᠢᠭᠦᠯᠦᠨ᠂ ᠴᠡᠷᠢᠭ ᠠᠩᠭᠢ ᠭᠠᠵᠠᠷ ᠤᠷᠤᠨ᠂ ᠴᠡᠷᠢᠭ ᠠᠩᠭᠢ ᠠᠷᠠᠳ ᠤᠯᠠᠨ ᠤ ᠬᠠᠮᠲᠤ ᠪᠠᠷ ᠴᠤᠭᠴᠠᠯᠠᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠤᠷᠤᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾᠎ ᠶᠢᠨ ᠪᠠᠶᠢᠭᠤᠯᠤᠯᠲᠠ ᠶᠢᠨ ᠦᠷ᠎ᠡ ᠠᠰᠢᠭ ᠢ  ᠪᠠᠲᠤᠳᠬᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠤᠳᠤᠬᠢᠴᠢᠯᠠᠭᠰᠠᠨ ᠪᠠᠶᠢᠭᠤᠯᠤᠯᠲᠠ ᠶᠢ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠦᠮᠦᠵᠢᠯ ᠪᠠ ᠬᠤᠶᠠᠷ ᠢ ᠬᠦᠷᠢᠶᠡᠯᠡᠵᠦ ᠬᠠᠮᠲᠤ ᠪᠠᠷ ᠴᠤᠭᠴᠠᠯᠠᠬᠤ ᠠᠵᠢᠯ ᠢ ᠴᠢᠩᠭᠠᠳᠬᠠᠨ᠎ᠠ᠃ᠪᠤᠯᠪᠠᠰᠤᠨ ᠤ ᠪᠠᠶᠢᠭᠤᠯᠤᠯᠲᠠ ᠶᠢ ᠨᠢᠭᠡᠳᠦᠯᠲᠠᠢ ᠲᠥᠯᠥᠪᠵᠢᠭᠦᠯᠦᠨ ᠠᠬᠢᠭᠤᠯᠤᠨ᠎ᠠ᠃ ᠨᠡᠶᠢᠭᠡᠮ ᠵᠢᠷᠤᠮᠲᠤ ᠭᠤᠤᠯᠯᠠᠭᠴᠢ ᠥᠷᠲᠡᠭ ᠤᠨ ᠦᠵᠡᠯᠲᠡ ᠪᠠᠷ ᠵᠢᠯᠤᠭᠤᠳᠤᠯᠭ᠎ᠠ ᠪᠤᠯᠭᠠᠨ᠂ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠪᠠ ᠡᠷᠬᠡᠲᠦ ᠠᠷᠠᠳ ᠤᠨ ᠶᠤᠰᠤ ᠮᠤᠷᠠᠯ ᠤᠨ ᠪᠤᠯᠪᠠᠰᠤᠨ ᠤ ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ᠂ ᠪᠥᠬᠦ ᠨᠡᠶᠢᠭᠡᠮ ᠤᠨ ᠰᠤᠶᠤᠯ ᠪᠤᠯᠪᠠᠰᠤᠨ ᠤ ᠬᠢᠷᠢ ᠳᠥᠪᠰᠢᠨ ᠢ ᠳᠡᠭᠡᠭᠰᠢᠯᠡᠭᠦᠯᠦᠨ᠎ᠡ᠃ ᠲᠤᠤᠷ ᠰᠦᠯᠵᠢᠶᠡᠨ ᠤ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠪᠥᠬᠦ ᠠᠷᠠᠳ ᠢᠶᠠᠷ ᠢᠶᠠᠨ ᠨᠤᠮ ᠤᠩᠰᠢᠬᠤ ᠶᠢ ᠠᠬᠢᠭᠤᠯᠵᠤ᠂ ᠰᠤᠷᠤᠯᠴᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠤᠨ᠎ᠠ᠃ ᠬᠤᠭᠤᠯᠠ ᠤᠮᠳᠠ ᠶᠢ ᠪᠥᠷᠢᠯᠭᠡᠨ ᠰᠦᠢᠳᠬᠡᠬᠦ ᠶᠢ ᠵᠤᠭᠰᠤᠭᠠᠵᠤ᠂ ᠰᠢᠨ᠎ᠡ ᠬᠡᠪ ᠰᠤᠷᠲᠠᠯ ᠢ ᠤᠷᠢᠶᠠᠯᠠᠨ᠂ ᠪᠥᠬᠦ ᠨᠡᠶᠢᠭᠡᠮ ᠤᠨ ᠪᠤᠯᠪᠠᠰᠤᠨ ᠤ ᠳᠥᠪᠰᠢᠨ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠵᠤᠬᠢᠶᠠᠨ ᠪᠠᠶᠢᠭᠤᠯᠤᠯᠲᠠ᠂ ᠬᠦᠮᠦᠡᠯᠢᠭ ᠦᠵᠡᠯ ᠤᠨ ᠠᠪᠤᠷᠠᠨ ᠳᠤᠰᠠᠯᠠᠬᠤ᠂ ᠰᠠᠶᠢᠨ ᠳᠤᠷᠠᠴᠤᠳ ᠤᠨ ᠦᠢᠯᠡᠴᠢᠯᠡᠭᠡ᠂ ᠨᠢᠭᠦᠯᠡᠰᠦᠩᠭᠦᠢ ᠦᠢᠯᠡᠰ ᠤᠨ ᠬᠥᠭᠵᠢᠯᠲᠡ ᠶᠢ ᠳᠡᠮᠵᠢᠨ᠂ ᠡᠮᠡᠭᠲᠠᠶᠢᠴᠤᠳ ᠪᠠᠭᠠᠴᠤᠳ᠂ ᠨᠠᠰᠤᠲᠠᠶᠢᠴᠤᠳ᠂ ᠵᠡᠮᠲᠡᠭᠴᠤᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃        ᠤᠯᠠᠨ ᠲᠥᠮᠡᠨ ᠤ ᠤᠶᠤᠨ ᠤ ᠪᠤᠯᠪᠠᠰᠤᠨ ᠤ ᠠᠮᠢᠳᠤᠷᠠᠯ ᠢ ᠪᠠᠶᠠᠯᠢᠭᠵᠢᠭᠤᠯᠤᠨ᠎ᠠ᠃ ᠪᠠᠭᠠᠴᠤᠳ ᠤᠨ ᠤᠩᠰᠢᠯᠭ᠎ᠠ ᠶᠢᠨ ᠲᠠᠰᠤᠭ ᠤᠨ ᠳᠡᠰ ᠳᠠᠪᠰᠢᠯᠲᠠ ᠶᠢ ᠠᠬᠢᠭᠤᠯᠵᠤ᠂ ᠰᠤᠶᠤᠯ ᠤᠨ ᠤᠷᠳᠤᠨ ᠤ ᠤᠯᠤᠰ ᠤᠨ ᠬᠢᠨᠠᠨ ᠰᠢᠯᠭᠠᠯᠲᠠ ᠶᠢᠨ ᠪᠠᠷᠢᠮᠵᠢᠶᠠᠨ ᠳᠤ ᠬᠦᠷᠬᠦ ᠶᠢ ᠪᠠᠲᠤᠯᠠᠨ᠎ᠠ᠃ ᠰᠤᠶᠤᠯ ᠢᠶᠠᠷ ᠤᠯᠠᠨ ᠲᠥᠮᠡᠨ ᠳᠤ ᠠᠰᠢᠭ ᠬᠦᠷᠲᠡᠭᠡᠬᠦ ᠢᠨᠵᠧᠨᠧᠷᠢᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠰᠢᠨᠡᠪᠤᠯᠠᠭ ᠪᠠᠯᠭᠠᠰᠤᠨ ᠤ ᠨᠡᠶᠢᠲᠡ ᠶᠢᠨ ᠰᠤᠶᠤᠯ ᠲᠠᠮᠢᠷ ᠤᠨ ᠬᠥᠳᠡᠯᠪᠦᠷᠢ ᠶᠢᠨ ᠲᠥᠪ ᠢ ᠪᠠᠶᠢᠭᠤᠯᠵᠤ᠂ ᠨᠡᠶᠢᠲᠡ ᠶᠢᠨ ᠲᠠᠮᠢᠷ ᠤᠨ ᠤᠷᠳᠤᠨ᠂ ᠪᠠᠷᠢᠮᠵᠢᠶᠠᠵᠢᠭᠰᠠᠨ ᠬᠥᠯ ᠪᠥᠮᠪᠦᠭᠡ ᠶᠢᠨ ᠲᠠᠯᠠᠪᠤᠷ ᠤᠨ ᠲᠤᠨᠤᠭ ᠲᠥᠬᠦᠭᠡᠷᠦᠮᠵᠢ ᠶᠢ ᠪᠥᠷᠢᠨᠰᠢᠭᠦᠯᠵᠦ᠂ ᠪᠥᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠲᠠᠮᠢᠷ ᠤᠨ ᠤᠷᠤᠯᠳᠤᠭᠠᠨ᠂ ︽ᠴᠢᠭᠤᠯᠤᠯᠲᠤ ᠬᠠᠭᠠᠯᠭ᠎ᠠ ᠠᠴᠠ ᠶᠡᠭᠡ ᠬᠦᠷᠢᠶ᠎ᠡ ᠬᠦᠷᠬᠦ ᠵᠠᠮ︾᠂ ᠬᠦᠶᠦᠬᠦ ᠣᠷᠤᠯᠳᠤᠭᠠᠨ᠂ ᠨᠠᠢᠮᠠᠨ ᠮᠤᠵᠢ ᠤᠷᠤᠨ ᠤ ᠬᠤᠶᠠᠳᠤᠭᠠᠷ ᠤᠳᠠᠭᠠᠨ ᠤ ︽ᠠᠰᠤᠷᠤ ᠬᠤᠨᠳᠠᠭᠠᠲᠤ︾ ᠴᠠᠬᠠᠷ ᠠᠷᠠᠳ ᠤᠨ ᠳᠠᠭᠤᠨ ᠤ ᠤᠷᠤᠯᠳᠤᠭᠠᠨ ᠵᠡᠷᠭᠡ ᠤᠯᠠᠨ ᠲᠥᠮᠡᠨᠴᠢ ᠰᠤᠶᠤᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ᠎ᠠ᠃ ᠪᠤᠳᠠᠰ ᠤᠨ ᠪᠤᠰᠤ ᠰᠤᠶᠤᠯ ᠤᠨ ᠥᠪ ᠢ ᠵᠠᠯᠭᠠᠮᠵᠢᠯᠠᠬᠤ ᠪᠠ ᠲᠡᠦᠬᠡᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠵᠤ᠂ ᠨᠠᠰᠤᠳᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠦᠢᠯᠡᠰ ᠤᠨ ᠬᠦᠭᠵᠢᠯᠲᠡ ᠶᠢ ᠳᠡᠮᠵᠢᠨ᠎ᠡ᠃        ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠲᠠᠨᠢᠯᠲᠠ ᠶᠢᠨ ᠬᠦᠮᠦᠵᠢᠯ ᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠎ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ︽ᠨᠠᠢᠮᠠ ᠶᠢ ᠠᠬᠢᠭᠤᠯᠬᠤ︾᠎ ᠶᠢ ᠰᠠᠶᠢᠳᠤᠷ ᠬᠢᠵᠤ᠂ ᠦᠨᠳᠦᠰᠦᠲᠡᠨ ᠤ  ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠦᠨ᠂ ︽ᠭᠤᠷᠪᠠᠨ ᠰᠠᠯᠵᠤ ᠪᠤᠯᠤᠰᠢ ᠦᠭᠡᠢ︾᠂ ︽ᠲᠠᠪᠤᠨ ᠵᠥᠪᠰᠢᠶᠡᠷᠡᠬᠦ︾ ᠦᠵᠡᠯ ᠰᠠᠨᠠᠭᠠᠨ ᠤ ᠰᠠᠭᠤᠷᠢ ᠶᠢ ᠤᠯᠠᠮ ᠪᠠᠲᠤᠳᠬᠠᠵᠤ᠂ ᠡᠷᠬᠡ ᠳᠡᠭᠰᠢ᠂ ᠪᠥᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠤᠬᠢᠴᠠᠯᠲᠤ ᠨᠡᠶᠢᠭᠡᠮ ᠵᠢᠷᠤᠮᠲᠤ ᠦᠨᠳᠦᠰᠦᠲᠡᠨ ᠤ ᠬᠠᠷᠢᠴᠠᠭ᠎ᠠ ᠶᠢ ᠪᠠᠲᠤᠳᠬᠠᠨ᠎ᠠ᠃ ︽ᠪᠦᠬᠦ ᠤᠯᠤᠰ ᠤᠨ ᠦᠨᠳᠤᠰᠤᠲᠠᠨ ᠤ ᠪᠦᠯᠭᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠦᠭᠰᠡᠨ ᠬᠤᠰᠢᠭᠤ︾᠎ ᠶᠢ ᠡᠭᠦᠳᠤᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠤᠨ᠎ᠠ᠃ ᠬᠠᠤᠯᠢ ᠴᠠᠭᠠᠵᠠ ᠶᠢᠨ ᠬᠦᠷᠢᠶ᠎ᠡ ᠴᠠᠷᠠᠭᠠᠨ ᠳᠤ᠂ ᠬᠠᠤᠯᠢ ᠪᠠᠷ ᠵᠠᠰᠠᠬᠤ ᠵᠠᠷᠴᠢᠮ ᠶᠤᠰᠤᠭᠠᠷ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠡᠯ᠎ᠡ ᠦᠨᠳᠦᠰᠦᠲᠡᠨ ᠤ ᠡᠷᠬᠡ ᠠᠰᠢᠭ ᠢ ᠬᠠᠤᠯᠢ ᠶᠤᠰᠭᠠᠷ ᠪᠠᠲᠤᠯᠠᠨ᠂ ᠡᠯ᠎ᠡ ᠦᠨᠳᠦᠰᠦᠲᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠤᠯᠤᠰ ᠣᠷᠤᠨ ᠢᠶᠠᠨ ᠬᠠᠮᠳᠤᠪᠡᠷ ᠴᠤᠭᠴᠠᠯᠠᠬᠤ ᠎ ᠶᠢ ᠠᠬᠢᠭᠤᠯᠤᠨ᠎ᠠ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠵᠠᠷᠴᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠪᠠ ᠨᠡᠶᠢᠭᠡᠮ ᠵᠢᠷᠤᠮᠲᠤ ᠨᠡᠶᠢᠭᠡᠮ ᠤᠨ ᠬᠠᠷᠢᠯᠴᠠᠨ ᠵᠤᠬᠢᠴᠠᠯᠳᠤᠬᠤ ᠶᠢ ᠢᠳᠡᠪᠬᠢᠲᠠᠢ ᠵᠢᠯᠤᠭᠤᠳᠤᠨ᠎ᠠ᠃        ᠳᠥᠷᠪᠡ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ       ᠵᠠᠰᠠᠭ ᠢ ᠴᠢᠩᠭ᠎ᠠ ᠴᠡᠭᠴᠡᠯᠡᠬᠦ ᠶᠢ ᠴᠢᠩᠭᠠᠳᠬᠠᠨ᠎ᠠ᠃ ᠨᠠᠮ ᠤᠨ ᠤᠯᠤᠰ ᠲᠥᠷᠦ ᠶᠢᠨ ᠪᠠᠶᠢᠭᠤᠯᠤᠯᠲᠠ ᠶᠢ ᠵᠠᠰᠠᠭ ᠤᠨ ᠤᠷᠳᠤᠨ ᠤ ᠠᠵᠢᠯ ᠤᠨ ᠪᠥᠬᠦ ᠶᠠᠪᠤᠴᠠ ᠳᠤ ᠲᠤᠤᠱᠯᠠᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠢ ᠨᠢᠭᠡᠳᠦᠯᠲᠠᠢ ᠦᠷᠨᠢᠭᠦᠯᠦᠨ᠂ ᠤᠯᠤᠰ ᠲᠥᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠦ ᠶᠢᠨ ᠪᠣᠳᠤᠯᠭ᠎ᠠ ᠶᠢ ᠬᠡᠷᠡᠭᠵᠢᠬᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠤᠯᠤᠰ ᠲᠥᠷᠦ ᠶᠢᠨ ᠰᠠᠬᠢᠯᠭ᠎ᠠ ᠪᠠᠲᠤ ᠪᠠ ᠳᠦᠷᠢᠮ ᠢ ᠴᠢᠩᠭ᠎ᠠ ᠵᠢᠷᠤᠮᠯᠠᠵᠤ᠂ ︽ᠳᠥᠷᠪᠡᠨ ᠤᠬᠠᠮᠰᠠᠷ︾᠎ ᠢ ᠦᠨᠡᠨᠬᠦ ᠴᠢᠩᠭᠠᠳᠬᠠᠨ᠂ ︽ᠳᠥᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠦᠷᠢᠶᠡᠯᠡᠬᠦ︾ ᠎ ᠶᠢ ᠡᠷᠡᠰ ᠪᠡᠶᠡᠯᠡᠭᠦᠯᠦᠨ ᠂ ᠦᠵᠡᠯ ᠰᠠᠨᠠᠭ᠎ᠠ᠂ ᠤᠯᠤᠰ ᠲᠥᠷᠦ᠂ ᠦᠢᠯᠡ ᠠᠵᠢᠯᠯᠠᠭᠠᠨ ᠤ ᠲᠠᠯ᠎ᠠ ᠪᠠᠷ ᠤᠬᠠᠮᠰᠠᠷ ᠠᠴᠠ ᠪᠠᠨ ᠰᠢ ᠶᠢᠨ ᠫᠢᠩ ᠎ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠳᠡᠢ  ᠪᠠᠶᠢᠵᠤ᠂ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢ ᠪᠠᠶᠢᠷᠢᠯᠠᠭᠤᠯᠤᠯᠲᠠ ᠶᠢᠨ ᠪᠤᠳᠠᠳᠠᠢ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ᠃ ᠨᠠᠮ ᠤᠨ ᠴᠢᠭᠡᠴᠢ ᠵᠠᠰᠠᠭ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠳᠤᠷ ᠠᠳᠬᠤᠨ᠎ᠠ᠃        ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠤᠯᠭ᠎ᠠ ᠲᠤᠭᠲᠠᠭᠠᠬᠤ ᠶᠢ ᠴᠢᠩᠭᠠᠳᠬᠠᠨ᠎ᠠ᠃ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠬᠦᠨᠳᠦ ᠴᠢᠬᠤᠯᠠ ᠰᠢᠢᠳᠪᠦᠷᠢᠲᠦ ᠪᠣᠳᠣᠯᠭ᠎ᠠ ᠲᠤᠭᠲᠠᠭᠠᠬᠤ ᠳᠥᠷᠢᠮ ᠳᠣᠭᠲᠠᠭᠠᠯ︾᠎ ᠢ ᠭᠦᠨᠵᠡᠭᠡᠢ ᠨᠠᠶᠢᠳᠠᠪᠤᠷᠢᠵᠢᠭᠤᠯᠵᠤ᠂ ᠬᠦᠨᠳᠦ ᠴᠢᠬᠤᠯᠠ ᠠᠰᠠᠭᠤᠳᠠᠯ ᠢ ᠬᠠᠮᠲᠤ ᠪᠠᠷ ᠶᠠᠷᠢᠯᠴᠠᠵᠤ᠂ ᠬᠠᠮᠲᠤ ᠪᠠᠷ ᠰᠢᠢᠳᠪᠦᠷᠢ ᠭᠠᠷᠭᠠᠬᠤ ᠶᠢ ᠪᠠᠷᠢᠮᠲᠠᠯᠠᠨ᠂ ᠨᠠᠮ ᠤᠨ ᠬᠤᠷᠢᠶᠠᠨ ᠳᠤ ᠮᠡᠳᠡᠭᠦᠯᠬᠦ ᠲᠤᠭᠲᠠᠴᠠ ᠶᠢ ᠬᠡᠷᠡᠭᠵᠢᠭᠦᠯᠵᠦ᠂ ᠠᠷᠠᠳ ᠤᠨ ᠲᠥᠯᠦᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠬᠡᠰᠢᠭᠦᠨ᠂ ᠨᠠᠮ ᠤᠨ ᠪᠥᠯᠦᠭ ᠤᠨ ᠪᠤᠰᠤ ᠬᠦᠮᠦᠰ᠂ ᠠᠷᠠᠳ ᠤᠨ ᠪᠥᠯᠬᠦᠮ ᠪᠠ ᠨᠡᠶᠢᠭᠡᠮ ᠤᠨ ᠡᠯ᠎ᠡ ᠡᠲᠡᠭᠡᠳ ᠤᠨ ᠎ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠳᠡᠯᠭᠡᠷᠡᠩᠬᠦᠢ ᠰᠣᠨᠣᠰᠴᠤ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠳᠤᠭᠳᠠᠭᠠᠬᠤ ᠶᠢ ᠪᠡᠶᠡᠯᠡᠭᠦᠯᠦᠨ᠎ᠡ᠃        ᠡᠭᠦᠷᠭᠡ ᠳᠤᠰᠢᠶᠠᠯ ᠢᠶᠠᠨ ᠬᠦᠢᠴᠡᠳᠭᠡᠬᠦ ᠶᠢ ᠴᠢᠩᠭᠠᠳᠬᠠᠨ᠎ᠠ᠃ ᠵᠠᠰᠠᠭ ᠤᠨ ᠤᠷᠳᠤᠨ ᠤ ᠠᠵᠢᠯᠲᠠᠳ ᠤᠨ ᠬᠠᠤᠯᠢ ᠶᠤᠰᠤᠭᠠᠷ ᠵᠠᠰᠠᠭ ᠶᠠᠪᠤᠭᠳᠠᠭᠤᠯᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠠ ᠠᠵᠢᠯ ᠤᠨ ᠬᠢᠨᠠᠯᠲᠠ ᠶᠢ ᠬᠠᠤᠯᠢ ᠶᠤᠰᠤᠭᠠᠷ ᠬᠦᠯᠢᠶᠡᠨ ᠠᠪᠴᠤ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯᠲᠤ ᠬᠢᠨᠠᠯᠲᠠ ᠪᠠ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂  ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠭᠦᠨᠵᠡᠭᠡᠶᠢᠷᠡᠭᠦᠯᠦᠨ᠎ᠡ᠃        ᠬᠡᠷᠡᠭᠵᠢᠬᠦᠯᠦᠯᠲᠡ ᠨᠠᠶᠢᠳᠠᠪᠦᠷᠢᠵᠢᠭᠤᠯᠤᠯᠲᠠ ᠶᠢ ᠴᠢᠩᠭᠠᠳᠬᠠᠨ᠎ᠠ᠃ ᠬᠡᠯᠪᠡᠷᠢᠴᠢ ᠦᠵᠡᠯ᠂ ᠨᠤᠶᠠᠨᠴᠢ ᠰᠤᠷᠲᠠᠯ ᠢ ᠡᠷᠡᠰ ᠴᠡᠭᠡᠷᠯᠡᠨ᠂ ᠦᠨᠡᠨ ᠢ ᠪᠠᠷᠢᠮᠲᠠᠯᠠᠨ ᠪᠤᠳᠠᠲᠠᠢ ᠶᠢ ᠡᠷᠬᠢᠮᠯᠡᠵᠤ᠂ ︽ᠳᠠᠷᠤᠢ ᠲᠦᠷᠬᠡᠨ ᠰᠢᠢᠳᠪᠦᠷᠢᠯᠡᠬᠦ︾᠎ ᠶᠢ ᠰᠤᠷᠲᠠᠯᠴᠢᠯᠠᠨ᠂ ᠤᠬᠢ ᠰᠢᠯᠢᠳᠡᠭ ᠵᠤᠷᠢᠭ ᠰᠠᠨᠠᠭ᠎ᠠ ᠳᠦᠷᠢ ᠳᠥᠷᠬᠦ ᠪᠠᠷ ᠡᠯ᠎ᠡ ᠲᠠᠯ᠎ᠠ ᠶᠢᠨ ᠠᠵᠢᠯ ᠢ ᠯᠠᠪᠳᠠᠭᠤᠨ ᠪᠠᠳᠤᠳᠠᠢ ᠨᠠᠶᠢᠳᠠᠪᠦᠷᠢᠵᠢᠭᠤᠯᠤᠨ᠎ᠠ᠃ ᠰᠠᠨᠠᠭᠠᠴᠢᠯᠠᠭ᠎ᠠ ᠲᠠᠢ ᠪᠠᠷ ᠬᠦᠯᠢᠶᠡᠨ ᠠᠪᠴᠤ᠂ ᠠᠷᠭ᠎ᠠ ᠪᠤᠳᠤᠯᠭ᠎ᠠ ᠪᠠᠨ ᠰᠢᠯᠢᠳᠡᠭᠵᠢᠭᠦᠯᠦᠨ᠂ ᠨᠢᠭᠡᠳᠦᠯᠲᠠᠢ ᠲᠥᠯᠦᠪᠵᠢᠭᠦᠯᠦᠨ ᠪᠠᠶᠢᠷᠢᠯᠠᠭᠤᠯᠵᠤ᠂ ᠳᠡᠭᠡᠳᠦ ᠱᠠᠲᠤᠨ ᠤ ᠡᠯ᠎ᠡ ᠲᠥᠷᠥᠯ ᠤᠨ ᠪᠠᠶᠢᠴᠠᠭᠠᠯᠲᠠ᠂ ᠲᠤᠭᠤᠷᠢᠨ ᠪᠠᠶᠢᠴᠠᠭᠠᠯᠲᠠ ᠶᠢᠨ ᠬᠠᠷᠢᠭᠤ ᠳᠤᠰᠬᠠᠭᠰᠠᠨ ᠠᠰᠠᠭᠤᠳᠠᠯ ᠢ ᠲᠤᠭᠲᠠᠭᠰᠠᠨ ᠬᠤᠭᠤᠴᠠᠭᠠᠨ ᠳᠤ ᠰᠠᠶᠢᠲᠤᠷ ᠵᠠᠰᠠᠨ ᠴᠡᠭᠴᠡᠯᠡᠨ᠎ᠡ᠃        ᠲᠥᠯᠦᠭᠡᠯᠡᠭᠴᠢᠳ ᠡ︕ ᠰᠢᠨ᠎ᠡ ᠴᠠᠭ ᠦᠶ᠎ᠡ ᠳᠠᠬᠢ ᠰᠢᠨ᠎ᠡ ᠠᠶᠠᠨ ᠡᠬᠢᠯᠡᠯ᠎ᠡ᠃ ᠪᠢᠳᠡ ᠬᠦᠴᠢᠷ ᠪᠡᠷᠬᠡ ᠶᠢ ᠢᠯᠠᠨ ᠳᠠᠪᠠᠵᠤ᠂ ᠡᠷᠡᠯᠭᠡᠭᠯᠡᠨ ᠤᠷᠤᠭᠰᠢᠯᠠᠵᠤ᠂  ᠳᠡᠰᠪᠦᠷᠢ ᠬᠠᠳᠠᠭᠤᠵᠢᠯᠲᠠᠢ ᠲᠡᠮᠡᠴᠡᠳᠡᠭ ᠯᠡ ᠶᠤᠮ ᠪᠣᠯ ᠠᠮᠵᠢᠯᠲᠠ ᠳᠤ ᠬᠦᠷᠴᠦ ᠴᠢᠳᠠᠬᠤ ᠨᠢ ᠳᠠᠮᠵᠢᠭ ᠦᠭᠡᠢ ᠶᠤᠮ᠃ ᠪᠢᠳᠡ ᠰᠢ ᠶᠢᠨ ᠫᠢᠩ ᠨᠥᠬᠦᠷ ᠢᠶᠠᠷ ᠲᠥᠪ ᠪᠤᠯᠭᠠᠭᠰᠠᠨ ᠨᠠᠮ ᠤᠨ ᠲᠥᠪ ᠬᠤᠷᠢᠶᠠᠨ ᠤ ᠲᠤᠭᠤᠷᠢᠨ ᠳᠤ ᠨᠡᠩ ᠢᠯᠡᠭᠦᠦ ᠨᠢᠭᠲᠠᠷᠠᠨ ᠪᠥᠯᠬᠦᠮᠳᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠤᠩᠭᠤᠯ ᠤᠨ ᠠᠵᠢᠯ ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠎ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠤᠭ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠨᠲᠠᠷᠠᠰᠢ ᠦᠭᠡᠢ ᠴᠢᠷᠮᠠᠶᠢᠨ ᠠᠵᠢᠯᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠬᠦᠯᠭᠡ ᠶᠢᠨ ᠤᠬᠢ ᠰᠠᠶᠢᠨ ᠡᠬᠢᠯᠡᠯᠲᠡ ᠶᠢ ᠡᠭᠦᠳᠦᠨ᠂ ᠰᠢᠯᠢᠳᠡᠭ ᠪᠥᠲᠥᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠶ᠎ᠠ᠃        ᠨᠡᠷᠡᠰ ᠤᠨ ᠲᠠᠶᠢᠯᠪᠦᠷᠢ᠄       ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠂ ︽ᠵᠢᠷᠭᠤᠭ᠎ᠠ ᠶᠢ ᠪᠠᠲᠤᠯᠠᠬᠤ︾᠄ ᠠᠵᠢᠯ ᠣᠯᠭᠤᠯᠲᠠ ᠶᠢ ᠲᠤᠭᠳᠠᠭᠤᠨ ᠪᠠᠶᠢᠯᠭᠠᠬᠤ᠂ ᠮᠥᠩᠭᠦᠨ ᠬᠦᠢᠯᠬᠡᠭᠡ ᠶᠢ ᠲᠤᠭᠳᠠᠭᠤᠨ ᠪᠠᠶᠢᠯᠭᠠᠬᠤ᠂ ᠭᠠᠳᠠᠭᠠᠳᠤ ᠠᠷᠠᠯᠵᠢᠶ᠎ᠠ ᠶᠢ ᠲᠤᠭᠳᠠᠭᠤᠨ ᠪᠠᠶᠢᠯᠭᠠᠬᠤ᠂ ᠭᠠᠳᠠᠭᠠᠳᠤ ᠪᠠᠯᠠ ᠶᠢ ᠲᠤᠭᠳᠠᠭᠤᠨ ᠪᠠᠶᠢᠯᠭᠠᠬᠤ᠂ ᠪᠠᠯᠠ ᠣᠷᠣᠭᠤᠯᠤᠯᠲᠠ ᠶᠢ ᠲᠤᠭᠳᠠᠭᠤᠨ ᠪᠠᠶᠢᠯᠭᠠᠬᠤ᠂ ᠵᠢᠱᠢᠯᠲᠡ ᠶᠢ ᠲᠤᠭᠳᠠᠭᠤᠨ ᠪᠠᠶᠢᠯᠭᠠᠬᠤ᠃ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶᠡᠰᠦ ᠪᠠ ᠬᠠᠩᠭᠠᠯᠭ᠎ᠠ ᠶᠢᠨ ᠬᠡᠯᠬᠢᠶᠡᠰᠦ ᠶᠢᠨ ᠲᠣᠭᠲᠠᠭᠤᠨ ᠪᠠᠶᠢᠬᠤ ᠶᠢ ᠪᠠᠲᠤᠯᠠᠬᠤ᠂ ᠦᠨᠳᠦᠰᠦᠨ ᠱᠠᠲᠤᠨ ᠤ ᠠᠵᠢᠯᠯᠠᠭ᠎ᠠ ᠶᠢ ᠪᠠᠲᠤᠯᠠᠨ᠎ᠠ᠃ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠬᠥᠭᠵᠢᠯᠲᠡ ᠶᠢᠨ ︽ᠲᠠᠪᠤ ᠶᠢ ᠨᠢᠭᠡ ᠴᠤᠭᠴᠠᠵᠢᠭᠤᠯᠬᠤ︾᠄ ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠵᠠᠬ᠎ᠠ ᠳᠡᠯᠭᠡᠭᠦᠷ ᠵᠢᠴᠢ ᠨᠡᠷ᠎ᠡ ᠲᠡᠮᠳᠡᠭ᠂ ᠡᠵᠡᠩᠨᠡᠨ ᠪᠣᠷᠣᠯᠠᠭᠤᠯᠬᠤ᠂ ᠰᠣᠶᠣᠯ ᠵᠢᠭᠤᠯᠴᠢᠯᠠᠯ᠃       ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠬᠥᠭᠵᠢᠯᠲᠡ ᠶᠢᠨ ︽ᠳᠥᠷᠪᠡ ᠶᠢ ᠨᠢᠭᠡᠳᠬᠡᠬᠦ︾᠄ ᠲᠠᠸᠠᠷ ᠤᠨ ᠲᠡᠮᠳᠡᠭᠲᠦ ᠶᠢ ᠨᠢᠭᠡᠳᠦᠯᠲᠡᠶ ᠪᠠᠶᠢᠯᠭᠠᠬᠤ᠂ ᠪᠠᠷᠢᠮᠵᠢᠶ᠎ᠠ ᠶᠢ ᠨᠢᠭᠡᠳᠦᠯᠲᠡᠶ ᠪᠠᠶᠢᠯᠭᠠᠬᠤ᠂ ᠴᠢᠮᠡᠭᠯᠡᠨ ᠪᠤᠭᠤᠳᠠᠯᠯᠠᠬᠤ᠂ ᠨᠢᠭᠡᠳᠦᠯᠲᠡᠶ ᠡᠵᠡᠩᠨᠡᠨ ᠪᠤᠷᠤᠯᠠᠭᠤᠯᠬᠤ᠃       ᠦᠨᠳᠦᠰᠦᠳᠡᠨ ᠤ ᠣᠯᠠᠮᠵᠢᠯᠠᠯᠳᠣ ᠴᠠᠭᠠᠨ ᠢᠳᠡᠬᠡᠨ ᠤ ᠬᠦᠭᠵᠢᠯᠳᠡ ᠶᠢᠨ ︽ᠬᠤᠶᠠᠷ ᠵᠠᠭᠪᠤᠷ︾᠄ ᠲᠤᠯᠤᠭᠠᠶᠢᠯᠠᠭᠴᠢ ᠠᠵᠤ ᠠᠬᠤᠶᠢᠯᠠᠯ ᠲᠠᠭᠠᠭᠤᠯᠬᠤ᠂ ᠭᠠᠷ ᠦᠢᠯᠡᠳᠭᠡᠯ ᠤᠨ ᠭᠠᠵᠠᠷ ᠬᠤᠯᠪᠣᠭᠠᠯᠠᠨ ᠡᠵᠡᠩᠨᠡᠬᠦ᠃       ︽ᠭᠤᠷᠪᠠᠨ ᠳᠤᠳᠤᠭᠠᠳᠤ ᠳᠤ ᠬᠠᠩᠭᠠᠬᠤ︾ ᠰᠢᠰᠲ᠋ᠧᠮ ᠪᠤᠯᠤᠨ ︽ᠭᠤᠷᠪᠠᠨ ᠭᠠᠳᠠᠭᠰᠢ ᠪᠤᠷᠤᠯᠠᠭᠤᠯᠬᠤ︾ ᠰᠢᠰᠲ᠋ᠧᠮ᠄ ᠡᠪᠡᠰᠦᠨ ᠤ ᠦᠢᠯᠡᠰ ᠤᠨ ᠵᠠᠬ᠎ᠠ ᠲᠡᠯᠭᠡᠭᠦᠷ ᠢ ᠡᠮᠬᠢ ᠵᠢᠷᠤᠮ ᠲᠠᠢ ᠨᠢᠭᠡᠳᠦᠯᠲᠠᠢ ᠨᠡᠭᠡᠭᠡᠬᠦ᠂ ᠡᠪᠡᠰᠦ ᠪᠤᠷᠳᠣᠭᠠᠨ ᠤ ᠦᠢᠯᠡᠳᠪᠦᠷᠢ ᠶᠢ ᠲᠡᠰ ᠲᠡᠪᠰᠢᠬᠦᠯᠦᠨ ᠦᠭᠡᠷᠡᠴᠢᠯᠡᠬᠦ᠂ 100 ᠲᠦᠮᠡᠨ ᠮᠤ᠋ ᠠᠴᠠ ᠲᠡᠬᠡᠭᠰᠢ ᠪᠠᠶᠢᠭᠠᠯᠢᠯᠢᠭ ᠬᠠᠳᠣᠯᠠᠩ ᠤᠨ ᠲᠠᠯᠠᠪᠠᠢ ᠶᠢ ᠪᠣᠶᠢᠵᠢᠭᠤᠯᠬᠤ᠃ ᠣᠯᠣᠰ ᠤᠨ ᠲᠡᠰ ᠤᠨ ᠴᠠᠬᠠᠷ ᠬᠤᠨᠢᠨ ᠤ ᠦᠷ᠎ᠡ ᠶᠢᠨ ᠮᠠᠯ ᠤᠨ ᠲᠠᠯᠠᠪᠠᠢ ᠶᠢ ᠪᠠᠶᠢᠭᠤᠯᠬᠤ᠂ ᠲᠤᠮᠤ ᠬᠡᠯᠪᠡᠷᠢ ᠶᠢᠨ ᠴᠠᠬᠠᠷ ᠬᠤᠨᠢᠨ ᠤ ᠮᠢᠬ᠎ᠠ ᠪᠤᠯᠪᠠᠰᠣᠷᠠᠭᠤᠯᠬᠤ ᠦᠢᠯᠡᠳᠪᠦᠷᠢ ᠪᠠᠶᠢᠭᠤᠯᠬᠤ᠂ ᠭᠤᠤᠯᠳᠠᠯᠭᠠᠳᠤ ᠰᠦᠷᠦᠭ ᠪᠠ ᠪᠠᠷᠢᠮᠵᠢᠶᠠᠳᠣ ᠰᠦᠷᠦᠭ ᠢ ᠪᠦᠳᠦᠬᠡᠨ ᠪᠠᠶᠢᠭᠤᠯᠬᠤ᠃      ︽ᠵᠢᠷᠭᠤᠭᠠᠨ ᠨᠢᠭᠡ︾᠎ ᠶᠢᠨ ᠢᠨᠵᠧᠨᠧᠷᠢᠩ᠄ ᠨᠢᠭᠡ ᠨᠠᠶᠢᠷ — ᠲᠠᠯ᠎ᠠ ᠨᠤᠳᠤᠭ ᠤᠨ ᠠᠰᠣᠷᠣ ᠳᠠᠭᠤᠣ ᠬᠦᠭᠵᠢᠮ ᠤᠨ ᠨᠠᠶᠢᠷ᠃ ᠨᠢᠭᠡ ᠬᠦᠷᠢᠶᠡᠯᠡᠩ — ᠠᠰᠣᠷᠣ ᠠᠮᠢ ᠠᠬᠤᠢ ᠵᠠᠩ ᠦᠢᠯᠡ ᠶᠢᠨ ᠬᠦᠷᠢᠶᠡᠯᠡᠩ᠃ ᠨᠢᠭᠡ ᠵᠡᠭᠡᠯᠢ — ᠦᠨᠳᠦᠰᠦᠳᠡᠨ ᠤ ᠵᠠᠩ ᠦᠢᠯᠡ ᠵᠢᠭᠤᠯᠴᠢᠯᠠᠯ ᠤᠨ ᠲᠠᠸᠠᠷ ᠤᠨ ᠵᠠᠭᠡᠯᠢ᠃ ᠨᠢᠭᠡ ᠤᠷᠤᠯᠳᠣᠭᠠᠨ — ᠠᠰᠣᠷᠣ ᠬᠤᠨᠳᠠᠭᠠᠳᠣ ᠳᠠᠭᠤᠣ ᠬᠦᠭᠵᠢᠮ ᠤᠨ ᠤᠷᠤᠯᠳᠤᠭᠠᠨ᠃ ᠨᠢᠭᠡ ᠮᠥᠽᠸᠢ — ᠴᠠᠬᠠᠷ ᠰᠤᠶᠤᠯ ᠤᠨ ᠮᠦᠽᠸᠢ᠃ ᠨᠢᠭᠡ ᠳᠡᠮᠳᠡᠭ — ᠳᠣᠮᠣ ᠬᠡᠯᠪᠡᠷᠢ ᠶᠢᠨ ᠣᠷᠳᠣᠨ ᠤ ᠨᠠᠶᠢᠷᠠᠯ ᠳᠠᠭᠤᠯᠠᠯᠳᠤ ᠪᠦᠵᠢᠭ ᠤᠨ ᠬᠦᠭᠵᠢᠮ ᠤᠨ ᠠᠰᠣᠷᠣ ᠰᠣᠶᠣᠯ ᠤᠨ ᠨᠡᠷᠡᠲᠤ ᠳᠡᠮᠳᠡᠭ᠃       ᠲᠦᠷᠪᠡᠨ ᠣᠯᠠᠷᠢᠯ ᠤᠨ ᠨᠠᠶᠢᠷ᠄ ᠬᠠᠪᠤᠷ ᠤᠨ ᠤᠯᠠᠷᠢᠯ ᠤᠨ ᠪᠡᠶ᠎ᠡ ᠴᠢᠬᠢᠷᠠᠭᠵᠢᠭᠤᠯᠬᠤ ᠨᠠᠶᠢᠷ᠂ ᠵᠤᠨ ᠤ ᠣᠯᠠᠷᠢᠯ ᠤᠨ ᠣᠷᠠᠯᠢᠭ ᠤᠨ ᠨᠠᠶᠢᠷ᠂ ᠠᠯᠲᠠᠨ ᠨᠠᠮᠣᠷ ᠲᠠᠯ᠎ᠠ ᠨᠤᠲᠤᠭ ᠤᠨ ᠡᠯᠪᠡᠭ ᠬᠤᠷᠢᠶᠠᠯᠲᠠ ᠶᠢᠨ ᠨᠠᠶᠢᠷ᠂ ᠡᠪᠦᠯ ᠎ ᠤᠨ ᠣᠯᠠᠷᠢᠯ ᠤᠨ ᠴᠠᠭᠠᠨ ᠰᠦᠯᠲᠡ ᠶᠢᠨ ᠨᠠᠶᠢᠷ᠃       ᠭᠤᠷᠪᠠᠨ ᠣᠷᠣᠨ ᠬᠤᠶᠠᠷ ᠱᠤᠭᠤᠮ᠄ ᠬᠤᠳᠠ ᠪᠠᠯᠭᠠᠰᠤᠨ ᠤ ᠣᠶᠢᠷ᠎ᠠ ᠬᠠᠪᠢ ᠶᠢᠨ ᠣᠷᠣᠨ᠂ ᠲᠡᠦᠬᠡ ᠶᠢᠨ ᠲᠣᠷᠠᠰᠬᠠᠯᠳᠣ ᠦᠵᠡᠮᠵᠢ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠠ ᠵᠠᠰᠠᠮᠠᠯ ᠵᠠᠮ ᠳᠠᠭᠠᠤ ᠱᠤᠭᠤᠮ᠂ ᠲᠡᠮᠦᠷ ᠵᠠᠮ ᠲᠠᠭᠠᠤ ᠱᠣᠭᠤᠮ᠃       ︽985︾ ᠠᠷᠭ᠎ᠠ ᠬᠡᠮᠵᠢᠶ᠎ᠡ᠄ ᠠᠶᠢᠮᠠᠭ ᠤᠨ ᠨᠠᠮ ᠤᠨ ᠬᠤᠷᠢᠶ᠎ᠠ᠂ ᠵᠠᠰᠠᠭ ᠵᠠᠬᠢᠷᠭᠠᠨ ᠠᠴᠠ ᠨᠠᠶᠢᠳᠡᠯᠡᠭᠰᠡᠨ ︽ᠰᠢ ᠶᠢᠨ ᠫᠢᠩ ᠶᠠᠷᠥᠩᠬᠡᠢ ᠱᠦᠵᠢ ᠶᠢᠨ ᠠᠷᠪᠠᠨ ᠭᠤᠷᠪᠠᠳᠦᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠲᠡᠭᠡᠷ᠎ᠡ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠤ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠪᠤᠯᠥᠨ ᠪᠦᠳᠥᠭᠡᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠲᠤᠭᠳᠠᠭᠠᠯ︾᠎ ᠳᠤ ᠳᠤᠷᠠᠳᠤᠭᠰᠠᠨ ᠨᠢ᠄ ᠨᠤᠳᠤᠭ ᠪᠡᠯᠴᠢᠭᠡᠷ ᠢ ᠲᠤᠷ᠎ᠠ ᠪᠠᠷ ᠢᠶᠠᠨ ᠮᠠᠯᠳᠠᠬᠤ᠂ ᠡᠮᠬᠢ ᠵᠢᠷᠤᠮ ᠦᠭᠡᠢ ᠪᠠᠷ ᠬᠡᠳᠦ ᠨᠡᠭᠡᠭᠡᠨ ᠠᠰᠢᠭᠯᠠᠬᠤ ᠶᠢ ᠬᠤᠷᠢᠭᠯᠠᠬᠤ ᠲᠠᠯ᠎ᠠ ᠳᠤ 9 ᠵᠤᠶᠢᠯ ᠤᠨ ᠴᠢᠩᠭ᠎ᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ᠃ ᠠᠮᠢ ᠠᠬᠤᠢ ᠶᠢᠨ ᠦᠷ᠎ᠡ ᠠᠰᠢᠭ᠂ ᠠᠵᠦ ᠠᠬᠤᠢ ᠶᠢᠨ ᠦᠷ᠎ᠡ ᠠᠰᠢᠭ ᠤᠨ ᠲᠠᠯ᠎ᠠ ᠪᠠᠷ ᠬᠤᠤᠰ ᠠᠮᠵᠢᠯᠲᠠ ᠤᠯᠬᠤ ᠶᠢ ᠶᠠᠭᠠᠬᠢᠵᠤ ᠠᠬᠢᠭᠤᠯᠬᠤ᠂ ᠨᠤᠳᠤᠭ ᠪᠡᠯᠴᠢᠭᠡᠷ ᠤᠨ ᠡᠬᠢ ᠪᠠᠶᠠᠯᠢᠭ ᠢ ᠦᠨᠢᠳᠡ ᠦᠷᠬᠦᠯᠵᠢᠯᠡᠨ ᠠᠰᠢᠭᠯᠠᠬᠤ ᠶᠢ ᠪᠡᠶᠡᠯᠡᠬᠦᠯᠬᠦ ᠲᠠᠯ᠎ᠠ ᠪᠠᠷ 8 ᠵᠤᠶᠢᠯ ᠤᠨ ᠠᠷᠭ᠎ᠠ ᠬᠡᠮᠵᠢᠶ᠎ᠡ ᠠᠪᠬᠤ᠃ ᠨᠤᠳᠤᠭ ᠪᠡᠯᠴᠢᠭᠡᠷ ᠤᠨ ᠠᠮᠢ ᠠᠬᠤᠢ ᠶᠢᠨ ᠴᠢᠳᠠᠮᠵᠢ ᠶᠢ ᠰᠡᠷᠭᠦᠭᠡᠨ ᠲᠡᠭᠡᠭᠰᠢᠯᠡᠭᠦᠯᠬᠦ ᠶᠢ ᠦᠷᠬᠦᠯᠵᠢᠯᠡᠨ ᠠᠬᠢᠭᠤᠯᠬᠤ ᠲᠠᠯ᠎ᠠ ᠳᠤ5 ᠲᠠᠯ᠎ᠠ ᠶᠢᠨ ᠠᠵᠢᠯ ᠤᠨ ᠡᠭᠦᠷᠭᠡ ᠶᠢ ᠭᠤᠤᠯᠳᠠᠯᠭ᠎ᠠ ᠲᠠᠢ ᠰᠠᠶᠢᠳᠦᠷ ᠠᠳᠬᠤᠨ᠎ᠠ᠃        ᠭᠤᠷᠪᠠ ᠶᠢ ᠨᠠᠶᠢᠳᠠᠪᠤᠷᠢᠵᠢᠭᠤᠯᠬᠤ᠂ ᠭᠤᠷᠪᠠᠨ ᠨᠠᠷᠢᠯᠢᠭ ᠤᠨᠤᠪᠴᠢᠳᠠᠢ᠂ ᠭᠤᠷᠪᠠᠨ ᠪᠠᠳᠤᠯᠠᠭ᠎ᠠ᠄  ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ᠃ ᠨᠠᠷᠢᠯᠢᠭ ᠤᠨᠤᠪᠴᠢᠳᠠᠢ ᠪᠠᠷ ᠢᠯᠭᠠᠨ ᠲᠠᠨᠢᠬᠤ᠂ ᠨᠠᠷᠢᠯᠢᠭ ᠤᠨᠤᠪᠴᠢᠳᠠᠢ ᠪᠠᠷ ᠬᠠᠪᠰᠤᠷᠤᠨ ᠲᠡᠳᠬᠦᠬᠦ᠂ ᠨᠠᠷᠢᠯᠢᠭ ᠤᠨᠤᠪᠴᠢᠲᠠᠢ ᠪᠠᠷ ᠤᠬᠤᠷᠢᠨ ᠭᠠᠷᠬᠤ᠃ ᠠᠯᠪᠠᠨ ᠵᠢᠷᠤᠮ ᠤᠨ ᠰᠤᠷᠭᠠᠨ ᠬᠥᠮᠦᠵᠢᠯ ᠶᠢᠨ ᠪᠠᠳᠤᠯᠠᠭ᠎ᠠ᠂ ᠦᠨᠳᠦᠰᠦᠨ ᠡᠮᠴᠢᠯᠡᠭᠡᠨ ᠤ ᠪᠠᠳᠤᠯᠠᠭ᠎ᠠ᠂ ᠠᠶᠤᠯᠬᠦᠢ ᠣᠷᠣᠨ ᠰᠠᠭᠤᠴᠠ ᠶᠢᠨ ᠪᠠᠳᠤᠯᠠᠭ᠎ᠠ ᠶᠢ ᠰᠢᠢᠳᠪᠦᠷᠢᠯᠡᠨ᠎ᠡ᠃       ︽ᠬᠤᠣᠰ ᠴᠠᠬᠠᠷ︾ ᠠᠵᠤ ᠦᠢᠯᠡᠰ᠄  ᠴᠠᠬᠠᠷ ᠬᠤᠨᠢ᠂ ᠴᠠᠬᠠᠷ ᠴᠠᠭᠠᠨ ᠢᠳᠡᠭᠡ᠃       ︽ᠡᠷᠬᠡ ᠶᠢ ᠳᠤᠷᠤᠭᠰᠢ ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾᠄ ᠵᠠᠰᠠᠭ ᠢ ᠴᠣᠮᠠᠳᠬᠠᠵᠤ ᠡᠷᠬᠡ ᠶᠢ ᠳᠤᠷᠤᠭᠰᠢ ᠪᠠᠭᠤᠯᠭᠠᠬᠤ᠂ ᠡᠷᠬᠡ ᠶᠢ ᠳᠤᠷᠤᠭᠰᠢ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠤᠶᠢᠯᠠᠴᠢᠯᠡᠭᠡ ᠶᠢ ᠰᠢᠯᠢᠳᠡᠭᠵᠢᠭᠦᠯᠬᠦ᠃       ᠭᠤᠷᠪᠠ ᠶᠢ ᠲᠦᠪᠯᠡᠷᠡᠬᠦᠯᠵᠦ᠂ ᠭᠤᠷᠪᠠ ᠶᠢ ᠪᠤᠳᠠᠳᠠᠶᠢᠵᠢᠭᠤᠯᠬᠤ᠄ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠡᠭᠦᠷᠭᠡ ᠴᠢᠳᠠᠪᠤᠷᠢ ᠶᠢ ᠨᠢᠭᠡ ᠰᠠᠯᠠᠭ᠎ᠠ ᠲᠠᠰᠤᠭ ᠲᠤ ᠲᠦᠪᠯᠡᠷᠡᠭᠦᠯᠵᠦ᠂  ᠬᠢᠨᠠᠨ ᠵᠦᠪᠰᠢᠶᠡᠷᠡᠬᠦ ᠡᠭᠦᠷᠭᠡ ᠴᠢᠳᠠᠪᠤᠷᠢ ᠶᠢ ᠡᠭᠦᠷᠭᠡᠯᠡᠵᠦ ᠪᠠᠶᠢᠭ᠎ᠠ ᠰᠠᠯᠠᠭ᠎ᠠ ᠲᠠᠰᠤᠭ ᠢ ᠵᠠᠰᠠᠭ ᠵᠠᠬᠢᠷᠭᠠᠨ ᠤ ᠤᠶᠢᠯᠡᠴᠢᠯᠡᠭᠡᠨ ᠤ ᠲᠦᠪ ᠲᠤ ᠲᠦᠪᠯᠡᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠤᠶᠢᠯᠡᠰ ᠢ ᠡᠯᠧᠺᠲᠷᠣᠨ ᠵᠠᠰᠠᠭ ᠶᠠᠪᠤᠭᠤᠯᠬᠤ ᠲᠠᠪᠴᠠᠩ ᠳᠤ ᠲᠦᠪᠯᠡᠷᠡᠭᠦᠯᠥᠨ᠎ᠡ᠃ ᠤᠴᠢᠷ ᠶᠠᠪᠤᠳᠠᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠨᠠᠶᠢᠳᠠᠪᠤᠷᠢᠵᠢᠭᠤᠯᠬᠤ᠂ ᠬᠢᠨᠠᠨ ᠵᠦᠪᠰᠢᠶᠡᠷᠡᠬᠦ ᠡᠷᠬᠡ ᠤᠯᠭᠤᠬᠤ ᠶᠢ ᠵᠠᠰᠠᠭ ᠶᠢᠨ ᠶᠠᠪᠤᠳᠠᠯ ᠤᠨ ᠦᠢᠯᠡᠴᠢᠯᠡᠭᠡᠨ ᠤ ᠴᠤᠩᠬᠤᠨ ᠳᠤ ᠨᠠᠶᠢᠳᠠᠪᠤᠷᠢᠵᠢᠭᠤᠯᠬᠤ᠂ ᠡᠯᠧᠺᠲᠷᠣᠨᠴᠢᠯᠠᠠᠭᠰᠠ ᠬᠢᠨᠠᠨ ᠪᠠᠶᠢᠴᠠᠭᠠᠯᠲᠠ ᠶᠢ ᠨᠠᠶᠢᠳᠠᠪᠤᠷᠢᠵᠢᠭᠤᠯᠤᠨ᠎ᠠ᠃       ᠪᠦᠬᠦ ᠠᠷᠠᠳ ᠤᠨ ᠭᠤᠷᠪᠠᠨ ᠡᠳᠥᠷ ᠤᠨ ᠠᠵᠢᠯᠯᠠᠭ᠎ᠠ᠄ ᠰᠠᠷ᠎ᠠ ᠪᠦᠷᠢ ᠶᠢᠨ 14᠎ ᠤ ᠡᠳᠥᠷ ᠪᠣᠯ ᠪᠦᠬᠦ ᠠᠷᠠᠳ ᠤᠨ ᠠᠷᠢᠭᠤᠨ ᠴᠡᠪᠡᠷ ᠤᠨ ᠡᠳᠤᠷ᠂ 4 ᠰᠠᠷ᠎ᠠ ᠶᠢᠨ 28 ᠡᠳᠤᠷ ᠪᠣᠯ ᠪᠦᠬᠦ ᠠᠷᠠᠳ ᠤᠨ ᠪᠡᠶ᠎ᠡ ᠪᠣᠯᠪᠠᠰᠣᠷᠠᠭᠤᠯᠬᠤ ᠡᠳᠣᠷ᠂ 4 ᠰᠠᠷ᠎ᠠ ᠶᠢᠨ 23᠎ ᠤ ᠡᠳᠤᠷ ᠪᠣᠯ ᠪᠦᠬᠦ ᠠᠷᠠᠳ ᠤᠨ ᠨᠣᠮ ᠤᠩᠰᠢᠬᠤ ᠡᠳᠣᠷ᠃       ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠪᠦᠲᠦᠭᠡᠨ ᠪᠠᠶᠢᠭᠤᠯᠣᠯᠲᠠ ᠶᠢᠨ ᠠᠵᠢᠯᠯᠠᠭᠠᠨ ᠤ ︽ᠨᠠᠢᠮᠠ ᠎ ᠳᠤ ᠤᠷᠤᠭᠤᠯᠬᠤ︾᠄ ᠰᠣᠷᠭᠠᠭᠤᠯᠢ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ᠂ ᠠᠯᠪᠠᠨ ᠪᠠᠶᠢᠭᠤᠯᠭ᠎ᠠ᠂ ᠠᠵᠣ ᠠᠬᠤᠶᠢᠯᠠᠯ᠂ ᠴᠡᠷᠢᠭ ᠤᠨ ᠲᠣᠭᠤᠷᠢᠭ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠪᠠ ᠱᠠᠰᠢᠨ ᠰᠣᠷᠲᠠᠬᠤᠨ ᠤ ᠠᠵᠢᠯᠯᠠᠭᠠᠨ ᠤ ᠲᠠᠯᠠᠪᠣᠷ ᠲᠤ ᠤᠷᠤᠭᠤᠯᠬᠤ᠃       ᠭᠤᠷᠪᠠᠨ ᠰᠠᠯᠵᠣ ᠪᠤᠯᠤᠰᠢ ᠦᠭᠡᠢ᠄ ᠬᠢᠲᠠᠳ ᠦᠨᠲᠦᠰᠦᠲᠡᠨ ᠴᠥᠬᠡᠨ ᠲᠣᠭᠠᠲᠣ ᠦᠨᠳᠦᠰᠦᠲᠡᠨ ᠠᠴᠠ ᠰᠠᠯᠵᠣ ᠪᠣᠯᠣᠰᠢ ᠦᠭᠡᠢ᠂ ᠴᠥᠬᠡᠨ ᠲᠣᠭᠠᠲᠣ ᠦᠨᠳᠦᠰᠦᠲᠡᠨ ᠬᠢᠲᠠᠳ ᠦᠨᠲᠦᠰᠦᠲᠡᠨ ᠠᠴᠠ ᠰᠠᠯᠵᠣ ᠪᠣᠯᠣᠰᠢ ᠦᠭᠡᠢ᠂ ᠡᠯ᠎ᠡ ᠴᠥᠬᠡᠨ ᠲᠣᠭᠠᠲᠣ ᠦᠨᠳᠦᠰᠦᠲᠡᠨ ᠬᠠᠷᠢᠯᠴᠠᠨ ᠰᠠᠯᠵᠤ ᠪᠣᠯᠣᠰᠢ ᠦᠭᠡᠢ᠃ᠲᠠᠪᠣᠨ ᠵᠥᠪᠰᠢᠶᠡᠷᠡᠬᠦ᠄ ᠠᠭᠤᠣ ᠶᠡᠭᠡ ᠡᠬᠡ ᠣᠯᠣᠰ᠂ ᠲᠣᠮᠳᠠᠲᠣ ᠶᠢᠨ ᠦᠨᠳᠦᠰᠦᠲᠡᠨ᠂ ᠲᠣᠮᠳᠠᠲᠣ ᠶᠢᠨ ᠰᠣᠶᠣᠯ᠂ ᠡᠪ ᠬᠠᠮᠲᠦ ᠨᠠᠮ᠂ ᠲᠣᠮᠲᠠᠳᠣ ᠶᠢᠨ ᠣᠨᠴᠠᠯᠢᠭ ᠪᠦᠬᠦᠢ ᠨᠡᠶᠢᠭᠡᠮ ᠵᠢᠷᠤᠮ ᠢᠶᠠᠨ ᠬᠦᠯᠢᠶᠡᠨ ᠵᠦᠪᠰᠢᠶᠡᠷᠡᠨ᠎ᠡ᠃       ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠲᠦᠷᠢᠮ︾᠎ ᠤᠨ ᠥᠭᠡᠷᠡᠴᠢᠯᠡᠯᠲᠡ᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠢᠯᠡ ᠨᠡᠶᠢᠲᠡᠯᠡᠬᠦ ᠲᠦᠷᠢᠮ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠦᠷᠢᠮ᠃       ᠬᠤᠤᠰ ᠲᠤᠬᠢᠶᠠᠯᠳᠤᠯ ᠢᠶᠠᠷ ᠰᠤᠩᠭᠤᠨ ᠪᠠᠶᠢᠴᠠᠭᠠᠵᠤ ᠨᠢᠭᠡ ᠶᠢ ᠢᠯᠡ ᠨᠡᠶᠢᠲᠡᠯᠡᠬᠦ᠄ ᠬᠢᠨᠠᠨ ᠬᠠᠮᠢᠶᠠᠷᠬᠤ ᠶᠠᠪᠣᠴᠠ ᠲᠣᠮᠳᠠ ᠪᠠᠶᠢᠴᠠᠭᠠᠬᠤ ᠡᠳᠡᠭᠡᠳ ᠢᠶᠠᠨ ᠲᠤᠬᠢᠶᠠᠯᠳᠤᠯ ᠢᠶᠠᠷ ᠰᠤᠩᠭᠤᠨ ᠪᠠᠶᠢᠴᠠᠭᠠᠵᠤ᠂ ᠬᠠᠤᠯᠢ ᠬᠡᠷᠡᠭᠵᠢᠭᠦᠯᠬᠦ ᠪᠠᠶᠢᠴᠠᠭᠠᠭᠴᠢ ᠶᠢ ᠲᠤᠬᠢᠶᠠᠯᠳᠤᠯ ᠢᠶᠠᠷ ᠰᠤᠩᠭᠤᠨ ᠲᠤᠮᠢᠯᠠᠵᠤ᠂ ᠪᠠᠶᠢᠴᠠᠭᠠᠭᠰᠠᠨ ᠪᠠᠶᠢᠳᠠᠯ ᠪᠠ ᠦᠷ᠎ᠡ ᠳ᠋ᠦᠩ ᠢᠶᠠᠨ ᠴᠠᠭ ᠲᠤᠬᠠᠢ ᠳᠤᠨᠢ ᠢᠯᠨ ᠨᠡᠶᠢᠲᠡᠯᠡᠨ᠎ᠡ᠃       ᠡᠨᠧᠷᠬᠢ ᠶᠢᠨ ᠬᠤᠷᠣᠭᠳᠠᠯ ᠤᠨ ᠬᠤᠣᠰ ᠡᠵᠡᠮᠰᠢᠯ᠄ ᠡᠨᠧᠷᠬᠢ ᠶᠢᠨ ᠶᠡᠷᠥᠩᠬᠡᠢ ᠬᠡᠮᠵᠢᠶ᠎ᠡ ᠪᠠ ᠡᠨᠧᠷᠬᠢ ᠶᠢᠨ ᠬᠦᠴᠦᠯᠡᠴᠡ ᠶᠢ ᠵᠡᠷᠭᠡ ᠪᠠᠷ ᠡᠵᠡᠮᠳᠡᠬᠦ᠃       ᠭᠤᠷᠪᠠᠨ ᠬᠠᠮᠲᠣ᠄ ᠲᠥᠷᠥᠯ ᠵᠦᠢᠯ ᠢ ᠪᠦᠲᠦᠭᠡᠨ ᠪᠠᠶᠢᠭᠤᠯᠬᠤ ᠶᠠᠪᠣᠴᠠ ᠳᠤᠮᠳᠠ ᠣᠷᠴᠢᠨ ᠲᠣᠭᠤᠷᠢᠨ ᠢ ᠬᠠᠮᠠᠭᠠᠯᠠᠬᠤ ᠲᠦᠬᠦᠭᠡᠷᠦᠮᠵᠢ ᠶᠢ ᠵᠠᠪᠠᠯ ᠭᠤᠣᠯ ᠴᠣᠭᠴᠠᠲᠦ ᠢᠨᠵᠧᠨᠧᠷᠢᠩ ᠯᠤᠭ᠎ᠠ ᠬᠠᠮᠲᠣ ᠪᠠᠷ ᠲᠦᠰᠦᠭᠡᠯᠡᠵᠤ᠂ ᠬᠠᠮᠲᠦ ᠪᠠᠷ ᠪᠠᠷᠢᠵᠣ᠂ ᠬᠠᠮᠲᠤ ᠪᠠᠷ ᠠᠰᠢᠭᠯᠠᠯᠲᠠ ᠳᠤ ᠣᠷᠣᠭᠤᠯᠣᠨ᠎ᠠ᠃       ᠬᠡᠮᠵᠢᠶᠡᠯᠡᠨ ᠬᠤᠳᠠᠯᠳᠣᠨ ᠠᠪᠬᠤ᠄  ᠬᠠᠮᠳᠤᠷᠴᠤ ᠬᠤᠳᠠᠯᠳᠣᠨ ᠠᠪᠬᠤ ᠶᠢ ᠬᠡᠯᠡᠨ᠎ᠡ᠃ ᠬᠤᠳᠠᠯᠳᠣᠨ ᠠᠪᠬᠤ ᠬᠡᠮᠵᠢᠶ᠎ᠡ ᠪᠠᠨ ᠲᠤᠳᠤᠷᠬᠠᠢ ᠪᠠᠶᠢᠯᠭᠠᠵᠤ᠂ ᠲᠣᠣᠷ᠎ᠠ ᠦᠨ᠎ᠡ ᠲᠠᠢ ᠨᠢ ᠳᠠᠭᠠᠭᠠᠴᠢᠯᠠᠯᠲᠠ ᠵᠠᠷᠯᠠᠬᠤ ᠳᠤ ᠢᠯᠠᠵᠤ᠂ ᠬᠡᠮᠵᠢᠶ᠎ᠡ ᠲᠠᠢ ᠬᠤᠳᠠᠯᠳᠣᠨ ᠠᠪᠬᠤ ᠪᠠᠷ ᠲᠠᠮᠵᠢᠨ ᠠᠵᠤ ᠠᠬᠤᠶᠢᠯᠠᠯ ᠤᠨ ᠬᠤᠭᠤᠷᠣᠨᠳᠣᠬᠢ ᠵᠠᠬ᠎ᠠ ᠲᠡᠯᠭᠡᠭᠦᠷ ᠤᠨ ᠴᠢᠨᠠᠷᠲᠠᠢ ᠦᠷᠳᠡᠭ ᠤᠨ ᠦᠷᠢᠰᠦᠯᠳᠦᠭᠡᠨ ᠢ ᠶᠠᠪᠤᠭᠳᠠᠭᠤᠯᠬᠤ ᠪᠠᠷ ᠳᠠᠮᠵᠢᠨ᠂ ᠬᠡᠮᠵᠢᠶ᠎ᠡ ᠪᠠᠷ ᠥᠷᠲᠡᠭ ᠢ ᠰᠣᠯᠢᠬᠤ ᠦᠢᠯᠡᠳᠤᠯ ᠦᠵᠡᠭᠦᠯᠵᠤ᠂ ᠬᠤᠳᠠᠯᠳᠣᠨ ᠠᠪᠬᠤ ᠡᠮ ᠤᠨ ᠵᠦᠢᠯᠡᠰ ᠤᠨ ᠥᠷᠳᠡᠭ ᠢ ᠪᠠᠭᠤᠷᠠᠭᠤᠯᠣᠨ᠎ᠠ᠃       ︽ᠭᠤᠷᠪᠠ ᠶᠢ ᠨᠢᠭᠡ ᠴᠤᠭᠴᠠᠵᠢᠭᠤᠯᠤᠭᠰᠠᠨ︾ ᠪᠦᠲᠦᠭᠡᠨ ᠪᠠᠶᠢᠭᠤᠯᠤᠯᠲᠠ ᠶᠢᠨ ᠤᠶᠢᠯᠠᠭᠠᠭᠳᠠᠬᠤᠨ᠄ ᠰᠤᠶᠤᠯ᠂ ᠵᠢᠭᠤᠯᠴᠢᠯᠠᠯ᠂ ᠠᠷᠠᠳ ᠤᠨ ᠠᠮᠢᠳᠤᠷᠠᠯ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号