ᠮᠠᠨ ᠤ ᠮᠤᠩᠭᠤᠯ ᠭᠡᠷ ᠵᠦᠬᠠᠢ ᠳᠤ ᠁
ᠨᠡᠶᠢᠲᠡᠯᠡᠭᠰᠡᠨ ᠴᠠᠭ᠄
2021/5/20
                                            ᠰᠤᠷᠪᠤᠯᠵᠢᠯᠠᠭᠴᠢ ᠰᠢᠨᠡᠬᠦᠦ       15᠎ ᠤ ᠡᠳᠦᠷ ᠡᠬᠢᠯᠡᠭᠰᠡᠨ ᠪᠤᠳᠠᠰ ᠤᠨ ᠪᠤᠰᠤ ᠰᠤᠶᠤᠯ ᠤᠨ ᠦᠪ ᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ ᠠᠵᠢᠯᠯᠠᠭ᠎ᠠ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠦᠬᠠᠢ ᠳᠠᠬᠢ ᠬᠤᠪᠢᠶᠠᠷᠢ ᠰᠤᠷᠭᠠᠭᠤᠯᠢ ᠳᠤ ᠡᠬᠢᠯᠡᠭᠰᠡᠨ ᠠᠴᠠ ᠨᠠᠰᠢ᠂ ᠡᠷᠳᠡᠮᠲᠡᠨ ᠮᠡᠷᠭᠡᠳ᠂ ᠪᠠᠭᠰᠢ ᠰᠤᠷᠤᠭᠴᠢ᠂ ᠨᠡᠶᠢᠭᠡᠮ ᠤᠨ ᠡᠯ᠎ᠡ ᠡᠲᠡᠭᠡᠳ ᠎ ᠤᠨ ᠬᠢᠨ ᠬᠦᠷᠦᠯᠴᠡᠨ ᠢᠷᠡᠵᠤ ᠰᠢᠯᠢ ᠶᠢᠨ ᠭᠤᠤᠯ ᠠᠶᠢᠮᠠᠭ ᠤᠨ ᠪᠤᠳᠠᠰ ᠤᠨ ᠪᠤᠰᠤ ᠰᠤᠶᠤᠯ ᠤᠨ ᠦᠪ ᠤᠨ ᠦᠵᠡᠬᠦᠯᠭᠡ ᠶᠢ ᠲᠤᠭᠤᠷᠢᠨ ᠦᠵᠡᠵᠤ᠂ ᠰᠤᠳᠤᠯᠤᠨ ᠶᠠᠷᠢᠯᠴᠠᠭᠰᠠᠨ ᠪᠠᠶᠢᠨ᠎ᠠ᠃       ᠰᠤᠷᠭᠠᠭᠤᠯᠢ ᠶᠢᠨ ᠠᠭᠤᠳᠠᠮ ᠲᠠᠯᠠᠪᠠᠢ ᠳᠤ ᠪᠤᠰᠬᠠᠭᠰᠠᠨ ᠬᠦᠪᠡᠭᠡᠲᠦ ᠰᠢᠷ᠎ᠠ ᠬᠤᠰᠢᠭᠤ᠂ ᠵᠡᠬᠦᠨ ᠰᠦᠨᠢᠳ ᠬᠤᠰᠢᠭᠤ᠂ ᠪᠠᠷᠠᠭᠤᠨ ᠰᠦᠨᠢᠳ ᠬᠤᠰᠢᠭᠤᠨ ᠤ ᠭᠤᠷᠪᠠᠨ ᠮᠤᠩᠭᠤᠯ ᠭᠡᠷ ᠲᠤ ᠲᠤᠭᠤᠷᠢᠨ ᠦᠵᠡᠬᠦ ᠵᠤᠴᠢᠳ ᠳᠠᠰᠤᠷᠠᠯ ᠦᠭᠡᠢ ᠮᠤᠷᠢᠯᠠᠨ ᠰᠠᠭᠠᠳᠠᠵᠤ᠂ ᠴᠠᠭᠠᠨ ᠢᠳᠡᠭᠡᠨ ᠰᠤᠶᠤᠯ᠂ ᠶᠠᠰᠤᠨ ᠰᠡᠶᠢᠯᠦᠮᠡᠯ᠂ ᠤᠷᠲᠦ ᠶᠢᠨ ᠳᠠᠭᠤᠤ᠂ ᠬᠦᠭᠡᠮᠡᠢ ᠵᠡᠷᠭᠡ ᠪᠠᠶᠠᠯᠢᠭ ᠠᠭᠤᠯᠭ᠎ᠠ ᠲᠠᠢ ᠲᠠᠯ᠎ᠠ ᠨᠤᠲᠤᠭ ᠤᠨ ᠰᠤᠶᠤᠯ ᠤᠷᠠᠯᠢᠭ᠂ ᠵᠠᠩ ᠵᠠᠩᠰᠢᠯ ᠲᠠᠢ ᠲᠠᠨᠢᠯᠴᠠᠭᠰᠠᠨ ᠎ ᠢᠶᠠᠷ ᠪᠠᠷᠠᠬᠤ ᠦᠭᠡᠢ᠂ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠶᠢ ᠪᠠᠭᠰᠢ ᠪᠠᠷᠢᠭᠰᠠᠨ ᠤᠶᠤᠲᠠᠳ ᠴᠠᠭ ᠪᠤᠯᠵᠤᠨ ᠳᠤᠰᠬᠠᠢ ᠬᠢᠴᠢᠶᠡᠯ ᠢᠶᠠᠷ ᠰᠤᠷᠤᠯᠴᠠᠵᠤ ᠡᠬᠢᠯᠡᠭᠰᠡᠨ ᠠᠴᠠ ᠰᠤᠷᠭᠠᠭᠤᠯᠢ ᠶᠢᠨ ᠠᠭᠤᠳᠠᠮ ᠲᠠᠯᠠᠪᠠᠢ ᠶᠢ ᠬᠦᠷ ᠬᠦᠭᠵᠢᠶᠡᠨ ᠲᠠᠢ ᠪᠤᠯᠭᠠᠵᠠᠢ᠃ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠤᠳ ᠴᠤ ᠡᠨᠡᠬᠦ ᠠᠵᠢᠯᠯᠠᠭ᠎ᠠ ᠪᠠᠷ ᠦᠪᠡᠷ ᠤᠨ ᠨᠠᠨᠳᠢᠩᠨᠠᠵᠤ ᠳᠡᠭᠡᠳᠦᠯᠡᠵᠤ ᠶᠠᠪᠤᠳᠠᠭ ᠤᠷᠠᠯᠢᠭ ᠰᠤᠶᠤᠯ ᠢᠶᠠᠨ ᠨᠡᠩ ᠤᠯᠠᠨ ᠬᠦᠮᠦᠰ ᠎ ᠲᠤ ᠲᠠᠨᠢᠯᠴᠠᠭᠤᠯᠵᠤ ᠤᠯᠠᠮᠵᠢᠯᠠᠭᠰᠠᠨ ᠳᠤ ᠪᠠᠨ ᠰᠡᠳᠬᠢᠯ ᠬᠠᠨᠤᠮᠵᠢᠲᠠᠢ ᠪᠠᠶᠢᠪᠠ᠃        ᠵᠦᠬᠠᠢ ᠳᠠᠬᠢ ᠮᠤᠩᠭᠤᠯ ᠭᠡᠷ ᠤᠨ ᠳᠤᠬᠠᠢ ᠮᠡᠳᠡᠭᠡᠯᠡᠯ ᠲᠡᠨᠳᠡᠬᠢ ᠵᠠᠭᠤᠴᠢᠯᠠᠭᠤᠷ ᠤᠨ ᠬᠢᠨ ᠪᠠ ᠲᠤᠭᠤᠷᠢᠨ ᠦᠵᠡᠭᠴᠢᠳ ᠢᠶᠠᠷ ᠳᠠᠮᠵᠢᠨ ᠤᠯᠠᠮᠵᠢᠯᠠᠭᠳᠠᠵᠤ᠂ ᠲᠠᠯ᠎ᠠ ᠨᠤᠲᠤᠭ ᠤᠨ ᠰᠤᠶᠤᠯ ᠤᠷᠠᠯᠢᠭ᠂ ᠲᠠᠸᠠᠷ ᠪᠦᠲᠦᠭᠡᠭᠳᠡᠬᠦᠨ ᠤ ᠨᠡᠷ᠎ᠡ ᠶᠢᠨ ᠬᠠᠭᠤᠳᠠᠰᠤ ᠪᠤᠯᠤᠨ ᠦᠷᠭᠡᠨ ᠵᠠᠢ ᠳᠤ ᠳᠠᠷᠬᠠᠭᠠᠭᠳᠠᠵᠠᠢ᠃        ᠬᠦᠪᠡᠭᠡᠲᠦ ᠰᠢᠷ᠎ᠠ ᠬᠤᠰᠢᠭᠤᠨ ᠤ ᠤᠳᠤᠷᠢᠳᠤᠯᠭ᠎ᠠ ᠨᠢ ᠲᠡᠨᠳᠡ ᠠᠵᠢᠯ ᠦᠢᠯᠡᠰ ᠪᠤᠰᠬᠠᠵᠤ ᠶᠠᠪᠤᠭ᠎ᠠ ᠨᠤᠲᠤᠭ ᠤᠨ ᠠᠵᠤ ᠠᠬᠤᠶᠢᠯᠠᠯᠲᠠᠨ ᠲᠠᠢ ᠠᠭᠤᠯᠵᠠᠵᠤ᠂ ᠰᠠᠭᠤᠳᠠᠯ ᠤᠨ ᠬᠤᠷᠠᠯ ᠬᠤᠷᠠᠯᠳᠤᠭᠤᠯᠤᠨ᠂ ᠲᠠᠯ᠎ᠠ ᠨᠤᠲᠤᠭ ᠎ ᠤᠨ ᠢᠶᠠᠨ ᠤᠯᠠᠭᠠᠨ ᠴᠠᠭᠠᠨ ᠢᠳᠡᠭᠡᠨ ᠵᠡᠷᠭᠡ ᠲᠠᠸᠠᠷ ᠪᠦᠲᠦᠭᠡᠭᠳᠡᠬᠦᠨ ᠢ ᠶᠠᠭᠠᠬᠢᠵᠤ ᠠᠵᠤ ᠠᠬᠤᠢ ᠬᠦᠭᠵᠢᠭᠰᠡᠨ ᠤᠷᠤᠨ ᠵᠦᠭ ᠤᠬᠠᠭᠤᠯᠤᠨ ᠪᠤᠷᠤᠯᠠᠭᠤᠯᠬᠤ ᠳᠤᠬᠠᠢ ᠰᠠᠨᠠᠯ ᠪᠤᠳᠤᠯ ᠢᠶᠠᠨ ᠰᠤᠯᠢᠯᠴᠠᠭᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号