ᠬᠦᠪᠡᠭᠡᠳᠦ ᠰᠢᠷ᠎ᠠ ᠬᠤᠰᠢᠭᠤ ᠰᠡᠳᠬᠢᠯ ᠨᠢᠭᠡᠳᠭᠡᠨ ᠬᠦᠴᠦ ᠪᠠᠨ ᠬᠠᠮᠳᠤᠳᠬᠠᠨ ᠬᠦᠭᠵᠢᠯᠲᠡ ᠶᠢ ᠡᠷᠢᠯᠬᠢᠯᠡᠵᠦ ᠂ ᠬᠤᠲᠠ ᠬᠦᠳᠡᠭᠡ ᠶᠢᠨ ᠬᠦᠭᠵᠢᠯᠲᠡ ᠳᠤ ᠯᠤᠲᠤ ᠶᠡᠭᠡ ᠬᠤᠪᠢᠷᠠᠯᠲᠠ ᠶᠢ ᠪᠣᠢ ᠪᠤᠯᠭᠠᠭᠰᠠᠨ
ᠨᠡᠶᠢᠲᠡᠯᠡᠭᠰᠡᠨ ᠴᠠᠭ᠄
2021/7/5
      ᠬᠦᠪᠡᠭᠡᠲᠦ ᠰᠢᠷ᠎ᠠ ᠬᠤᠰᠢᠭᠤ ᠠᠷᠠᠳ ᠲᠥᠮᠡᠨ ᠢᠶᠠᠷ ᠭᠤᠣᠯ ᠪᠤᠯᠭᠠᠬᠤ ᠬᠦᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ︽ᠠᠮᠢ ᠠᠬᠤᠢ ᠶᠢ ᠤᠷᠢᠳ ᠢᠶᠠᠷ ᠪᠤᠳᠤᠯᠬᠢᠯᠠᠭᠰᠠᠨ᠂ ᠪᠣᠬᠢᠷᠳᠤᠯ ᠦᠬᠡᠢ ᠬᠦᠭᠵᠢᠯᠲᠡ︾᠎ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠵᠤ᠂ ᠪᠠᠶᠠᠨ ᠴᠢᠨᠡᠭᠡᠯᠢᠭ ᠪᠤᠯᠪᠠᠰᠤᠨ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠠᠯᠤᠰ ᠤᠨ ᠬᠠᠷᠠᠯᠲᠠ ᠢ ᠵᠣᠷᠢᠵᠣ ᠡᠷᠡᠮᠡᠬᠡᠶᠢᠯᠡᠨ ᠤᠷᠤᠭᠰᠢᠯᠠᠵᠤ ᠪᠤᠢ᠃       ᠣᠶᠢᠷ᠎ᠠ ᠶᠢᠨ ᠵᠢᠯ ᠤᠨ ᠲᠤᠷᠰᠢ᠂ ᠬᠦᠪᠡᠭᠡᠲᠦ ᠰᠢᠷ᠎ᠠ ᠬᠤᠰᠢᠭᠤ ᠴᠢᠨᠠᠷ ᠰᠠᠶᠢᠲᠠᠢ ᠬᠦᠭᠵᠢᠯᠲᠡ ᠶᠢᠨ ᠱᠠᠭᠠᠷᠳᠠᠯᠭ᠎ᠠ ᠶᠤᠰᠤᠭᠠᠷ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠠᠭᠤᠴᠢᠨ ᠲᠤᠭᠤᠷᠢᠭ ᠤᠨ ᠠᠮᠢᠳᠤᠷᠠᠯ ᠤᠨ ᠨᠦᠬᠦᠴᠡᠯ ᠢ ᠶᠡᠬᠡᠪᠡᠷ ᠦᠭᠡᠷᠡᠴᠢᠯᠡᠨ ᠰᠠᠶᠢᠵᠢᠷᠠᠭᠤᠯᠵᠤ᠂ 2020 ᠣᠨ ᠳᠤ᠂ 2700 ᠭᠠᠷᠤᠢ ᠲᠥᠮᠡᠨ ᠲᠦᠬᠦᠷᠢᠭ ᠪᠡᠯᠡ ᠤᠷᠤᠭᠤᠯᠤᠨ᠂ ᠵᠢᠶᠠ ᠯᠢᠶᠠᠨ ᠰᠠᠭᠤᠭᠠᠯᠢ ᠠᠷᠠᠳ ᠤᠨ ᠲᠤᠭᠤᠷᠢᠭ ᠤᠨ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ ᠬᠤᠭᠤᠯᠠᠢ ᠶᠢᠨ ᠲᠣᠣᠷ ᠢ ᠦᠭᠡᠷᠡᠴᠢᠯᠡᠨ ᠵᠠᠰᠠᠵᠤ᠂ ᠵᠠᠮ ᠢ ᠰᠢᠨᠡᠳᠬᠡᠨ ᠪᠠᠶᠢᠭᠤᠯᠵᠤ᠂ ᠢᠵᠢ ᠪᠦᠷᠢᠯᠳᠦᠬᠦᠯᠬᠦ ᠲᠤᠨᠤᠭ ᠲᠦᠬᠦᠭᠡᠷᠦᠮᠵᠢ ᠶᠢ ᠰᠡᠯᠪᠢᠨ ᠵᠠᠰᠠᠵᠠᠢ᠃ᠶᠡᠷᠦᠩᠬᠡᠢ ᠪᠡᠯᠡ ᠤᠷᠤᠭᠤᠯᠤᠯᠲᠠ ᠨᠢ 9600 ᠭᠠᠷᠤᠢ ᠲᠦᠮᠡᠨ ᠲᠦᠬᠦᠷᠢᠭ᠂ 17 ᠬᠠᠪᠳᠠᠭᠠᠢ ᠲᠦᠷᠪᠡᠯᠵᠢᠨ ᠮᠧᠲᠷ ᠲᠠᠯᠠᠪᠠᠢ ᠠᠰᠤᠷᠤ ᠲᠠᠭᠤᠤ ᠬᠥᠭᠵᠢᠮ ᠤᠨ ᠠᠮᠢ ᠠᠬᠤᠢ ᠶᠢᠨ ᠵᠠᠩ ᠦᠢᠯᠡ ᠶᠢᠨ ᠬᠦᠷᠢᠶᠡᠯᠡᠩ ᠨᠢ ᠦᠨᠳᠦᠰᠦᠳᠡᠨ ᠤ ᠠᠰᠤᠷᠤ ᠬᠦᠭᠵᠢᠮᠴᠢᠳ ᠢᠶᠠᠷ ᠦᠨᠳᠦᠰᠦᠨ ᠬᠦᠷᠭᠡ ᠠᠶᠠᠰ ᠪᠣᠯᠭᠠᠵᠤ᠂ ᠰᠤᠶᠤᠯ ᠵᠢᠭᠤᠯᠴᠢᠯᠠᠯ᠂ ᠠᠮᠢ ᠠᠬᠤᠢ᠂ ᠰᠡᠯᠡᠬᠦᠴᠡᠯ ᠵᠡᠷᠭᠡ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠪᠦᠬᠦ ᠬᠤᠰᠢᠭᠤᠨ ᠤ ᠰᠤᠶᠤᠯ ᠵᠢᠭᠤᠯᠴᠢᠯᠡᠯ ᠤᠨ ᠠᠵᠤ ᠦᠢᠯᠡᠰ ᠤᠨ ᠬᠦᠭᠵᠢᠯᠲᠡ ᠶᠢ ᠠᠬᠢᠭᠤᠯᠵᠤ ᠪᠠᠶᠢᠨ᠎ᠠ᠃       ᠬᠦᠪᠡᠭᠡᠲᠦ ᠰᠢᠷ᠎ᠠ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠲᠥᠪ᠂ ᠥᠪᠡᠷᠲᠡᠭᠡᠨ ᠵᠠᠰᠠᠬᠤ ᠤᠷᠤᠨ ᠵᠢᠴᠢ ᠠᠶᠢᠮᠠᠭ ᠤᠨ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠠᠵᠤ ᠠᠬᠤᠢ ᠲᠤᠭᠲᠠᠭᠤᠨ ᠢᠶᠠᠷ ᠰᠠᠶᠢᠵᠢᠷᠠᠵᠤ᠂ ᠨᠡᠶᠢᠭᠡᠮ ᠤᠨ ᠡᠯ᠎ᠡ ᠲᠠᠯ᠎ᠠ ᠲᠤᠭᠲᠠᠭᠤᠨ ᠪᠤᠯᠵᠤ ᠬᠦᠭᠵᠢᠭᠰᠡᠨ ᠪᠠᠶᠢᠨ᠎ᠠ᠃ 2020 ᠣᠨ ᠪᠣᠯᠬᠤ ᠳᠤ᠃ ᠪᠦᠬᠦ ᠬᠤᠰᠢᠭᠤᠨ ᠤ ᠭᠠᠵᠠᠷ ᠣᠷᠤᠨ ᠤ ᠦᠢᠯᠡᠳᠪᠦᠷᠢᠡᠯᠯ᠎ᠡ ᠶᠢᠨ ᠶᠡᠷᠦᠩᠬᠡᠢ ᠥᠷᠲᠡᠭ 21 ᠳ᠋ᠦᠩᠰᠢᠭᠤᠷ 3000 ᠲᠥᠮᠡᠨ ᠲᠦᠬᠦᠷᠢᠭ ᠲᠤ ᠬᠦᠷᠴᠦ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠵᠢᠯ ᠪᠦᠷᠢ ᠲᠤᠮᠳᠠᠴᠢ ᠪᠠᠷ 2.4%᠎ ᠪᠠᠷ ᠨᠡᠮᠡᠭᠳᠡᠵᠡᠢ᠃ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠤᠭᠤᠷᠢᠨ ᠵᠢᠯ ᠲᠠᠷᠠᠭᠠᠯᠠᠨ ᠰᠠᠶᠢᠵᠢᠷᠠᠵᠤ ᠂ 56.95 ᠲᠥᠮᠡᠨ ᠮᠦ ᠡᠯᠡᠰᠦᠨ ᠤ ᠡᠬᠢ ᠶᠢ ᠵᠠᠰᠠᠬᠤ᠂17000 ᠲᠥᠮᠡᠨ ᠤ ᠲᠠᠯ᠎ᠠ ᠨᠤᠲᠤᠭ ᠤᠨ ᠠᠮᠢ ᠠᠬᠤᠢ ᠶᠢᠨ ᠤᠷᠭᠤᠮᠠᠯ ᠤᠨ ᠪᠦᠷᠬᠦᠴᠡ ᠶᠢᠨ ᠪᠠᠶᠢᠭᠤᠯᠤᠯᠲᠠ᠂ 1400 ᠮᠦ ᠶᠢᠨ ᠭᠤᠣᠯᠳᠠᠯᠭ᠎ᠠ ᠲᠠᠢ ᠤᠷᠤᠨ ᠪᠦᠰᠡ ᠶᠢ ᠣᠶᠢᠵᠢᠭᠤᠯᠤᠨ ᠨᠤᠭᠤᠭᠠᠷᠠᠭᠤᠯᠤᠭᠰᠠᠨ ᠪᠠᠶᠢᠨ᠎ᠠ᠃ ᠨᠠᠶᠢᠲᠡ1 ᠳ᠋ᠦᠩᠰᠢᠭᠤᠷ 6900 ᠲᠦᠮᠡᠨ ᠲᠦᠬᠦᠷᠢᠭ ᠤᠨ ᠪᠡᠯᠡ ᠤᠷᠤᠭᠤᠯᠵᠤ ᠪᠠᠶᠢᠭᠠᠳ ᠤᠨᠤᠪᠴᠢᠲᠠᠢ ᠪᠠᠷ ᠶᠠᠳᠠᠭᠤ ᠶᠢ ᠲᠡᠳᠬᠦᠬᠦ᠂ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠵᠤ᠂ 11 ᠶᠠᠳᠠᠭᠤ ᠬᠦᠴᠢᠷᠳᠡᠯᠳᠡᠢ ᠭᠠᠴᠠᠭ᠎ᠠ᠂ ᠳᠠᠩᠰᠠᠨ ᠳᠤ ᠪᠦᠷᠢᠳᠭᠡᠬᠦᠯᠦᠭᠰᠡᠨ 1524 ᠶᠠᠳᠠᠭᠤ ᠬᠦᠴᠢᠷᠳᠡᠯᠳᠡᠢ ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠦᠭᠳᠡᠯ᠂ ᠵᠣᠯ ᠵᠢᠷᠭᠠᠯᠲᠤ ᠲᠥᠷᠦᠭᠳᠡᠯ᠂ ᠠᠮᠤᠷ ᠲᠥᠪᠰᠢᠨ ᠤ ᠲᠥᠷᠦᠭᠳᠡᠯ ᠢᠯᠡᠷᠬᠡᠢ ᠲᠡᠭᠡᠭᠰᠢᠯᠡᠵᠡᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号