ᠠᠷᠪᠠᠨ ᠭᠤᠷᠪᠠᠳᠤᠭᠠᠷ ᠲᠠᠪᠤᠨ ᠵᠢᠯ ᠤᠨ ᠠᠮᠵᠢᠯᠲᠠ ᠪᠦᠲᠦᠭᠡᠯ ᠤᠨ ᠡᠷᠬᠢᠴᠡᠬᠦᠯᠦᠯ ︵ᠨᠢᠭᠡ︶
ᠨᠡᠶᠢᠲᠡᠯᠡᠭᠰᠡᠨ ᠴᠠᠭ᠄
2021/8/31
          ᠵᠠᠮ ᠬᠠᠷᠢᠯᠴᠠᠭᠠᠨ ᠤ ᠦᠢᠯᠡᠰ ᠦᠷᠨᠢᠨ ᠬᠦᠭᠵᠢᠵᠤ           ᠠᠷᠠᠳ ᠤᠯᠠᠨ ᠳᠤ ᠳᠦᠬᠦᠮ ᠦᠵᠡᠬᠦᠯᠵᠤ ᠪᠠᠶᠢᠨ᠎ᠠ        ᠮᠠᠨ ᠤ ᠬᠤᠰᠢᠭᠤ ᠨᠢ ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ ᠵᠠᠮ ᠬᠠᠷᠢᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠥ᠂ ᠡᠯ᠎ᠡ ᠵᠦᠢᠯ ᠤᠨ ᠵᠠᠮ ᠬᠠᠷᠢᠯᠴᠠᠭᠠᠨ ᠤ ᠲᠦᠷᠦᠯ ᠵᠦᠢᠯ ᠢᠶᠠᠨ ᠠᠮᠵᠢᠯᠲᠠ ᠎ ᠲᠠᠢ ᠪᠡᠶᠡᠯᠡᠭᠦᠯᠵᠥ᠂ ᠠᠷᠠᠳ ᠲᠦᠮᠡᠨ ᠳᠤ ᠪᠠᠨ ᠳᠦᠭᠦᠮ ᠦᠵᠡᠭᠦᠯᠵᠥ ᠪᠠᠶᠢᠨ᠎ᠠ᠃        ᠠᠵᠤ ᠦᠢᠯᠡᠰ ᠵᠠᠮ ᠢ ᠲᠠᠭᠠᠨ ᠬᠦᠭᠵᠢᠵᠥ᠂ ᠤᠯᠠᠨ ᠲᠦᠮᠡᠨ ᠵᠠᠮ ᠢ ᠲᠠᠭᠠᠨ ᠪᠠᠶᠠᠵᠢᠵᠤ᠂ ᠬᠤᠳᠠ ᠬᠥᠳᠡᠭᠡ ᠵᠠᠮ ᠢ ᠲᠠᠭᠠᠨ ᠦᠵᠡᠰᠬᠦᠯᠡᠩᠲᠦ ᠰᠠᠶᠢᠬᠠᠨ ᠪᠣᠯᠳᠠᠭ᠃ ᠮᠤᠵᠢ ᠶᠢᠨ ᠵᠠᠮ ᠤᠨ 313 ᠱᠤᠭᠤᠮ ᠤᠨ ᠮᠢᠩᠭᠠᠲᠤ ᠠᠴᠠ ᠰᠢᠨᠡᠪᠤᠯᠠᠭ ᠬᠦᠷᠬᠦ ᠵᠠᠰᠠᠮᠠᠯ ᠵᠠᠮ ᠤᠨ ᠲᠥᠷᠥᠯ ᠵᠦᠢᠯ ᠨᠢ ᠠᠶᠢᠮᠠᠭ ᠤᠨ ᠳᠡᠰ ᠤᠨ ᠭᠤᠣᠯᠳᠠᠯᠭ᠎ᠠ ᠲᠠᠢ ᠲᠥᠷᠥᠯ ᠵᠦᠢᠯ ᠳᠤ ᠬᠠᠷᠢᠶᠠᠯᠠᠭᠳᠠᠵᠤ᠂ ᠵᠠᠮ ᠤᠨ ᠪᠦᠬᠦ ᠣᠷᠳᠣ ᠨᠢ ᠪᠠᠷᠤᠭ 110 ᠺᠢᠯᠣᠮᠧᠲᠷ ᠪᠠᠶᠢᠵᠤ᠂ ᠡᠭᠦᠨ ᠳᠤ  ᠮᠠᠨ ᠤ ᠬᠤᠰᠢᠭᠤᠨ ᠤ ᠬᠢᠯᠢ ᠳᠣᠲᠣᠷ᠎ᠠ ᠪᠠᠶᠢᠭ᠎ᠠ ᠭᠡᠰᠡᠭ ᠨᠢ 88 ᠺᠢᠯᠣᠮᠧᠲᠷ ᠪᠠᠶᠢᠵᠤ᠂ ᠶᠡᠷᠦᠩᠬᠡᠢ ᠪᠡᠯᠡ ᠣᠷᠤᠭᠤᠯᠤᠯᠲᠠ ᠨᠢ 5.55 ᠳ᠋ᠦᠩᠰᠢᠭᠤᠷ ᠲᠦᠬᠦᠷᠢᠭ ᠲᠤ ᠬᠦᠷᠴᠦ᠂  ᠬᠦᠪᠡᠭᠡᠲᠦ ᠰᠢᠷ᠎ᠠ ᠬᠤᠰᠢᠭᠤᠨ ᠤ ᠵᠡᠭᠦᠨ ᠪᠠᠷᠠᠭᠤᠨ ᠢ ᠬᠥᠨᠳᠡᠯᠡᠨ ᠢᠶᠠᠷ ᠬᠤᠯᠪᠣᠭᠰᠠᠨ ︽ᠠᠮᠢᠨ ᠰᠤᠳᠠᠰᠤ︾ ᠪᠣᠯᠬᠤ ᠪᠥᠭᠡᠳ ᠪᠠᠰᠠ ᠴᠤ ᠬᠦᠪᠡᠭᠡᠲᠦ ᠰᠢᠷ᠎ᠠ ᠬᠤᠰᠢᠭᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ︽ᠠᠮᠢᠨ ᠰᠤᠳᠠᠰᠤ︾  ᠪᠤᠯᠤᠨ᠎ᠠ᠃        ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠬᠤᠰᠢᠭᠤ ᠎ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠ ︽ᠭᠠᠳᠠᠭᠰᠢ ᠬᠤᠯᠪᠣᠭᠠᠯᠠᠨ ᠳᠣᠲᠣᠭᠠᠳᠤ ᠳᠠᠭᠠᠨ ᠰᠠᠭᠠᠳ ᠦᠭᠡᠶ ᠨᠡᠪᠲᠡᠷᠡᠬᠦ︾ ᠵᠠᠮ ᠬᠠᠷᠢᠯᠴᠠᠭᠠᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠶ ᠲᠡᠭᠦᠯᠳᠡᠷᠵᠢᠭᠦᠯᠵᠥ᠂ ᠵᠠᠰᠠᠮᠠᠯ ᠵᠠᠮ ᠤᠨ ᠲᠣᠣᠷ ᠤᠨ ᠪᠦᠲᠦᠴᠡ ᠶᠢ ᠡᠳᠦᠷ ᠢᠷᠡᠬᠦᠶ᠎ᠡ ᠰᠠᠶᠢᠵᠢᠷᠠᠭᠤᠯᠵᠤ᠂ ᠮᠤᠵᠢ ᠶᠢᠨ ᠵᠠᠮ G5516 ᠱᠣᠭᠤᠮ ᠤᠨ ᠮᠠᠨ ᠤ ᠬᠤᠰᠢᠭᠤᠨ ᠤ ᠬᠡᠰᠡᠭ᠂ ᠤᠯᠤᠰ ᠤᠨ ᠵᠠᠮ ᠤᠨ G511 ᠱᠤᠭᠤᠮ ᠤᠨ ᠮᠠᠨ ᠤ ᠬᠤᠰᠢᠭᠤᠨ ᠤ ᠬᠡᠰᠡᠭ᠂ ᠮᠤᠵᠢ ᠶᠢᠨ ᠵᠠᠮ 313 ᠱᠤᠭᠤᠮ ᠤᠨ ᠮᠠᠨ ᠤ ᠬᠤᠰᠢᠭᠤᠨ ᠤ ᠬᠡᠰᠡᠭ ᠢ ᠡᠬᠢᠯᠡᠨ ᠪᠥᠲᠥᠭᠡᠨ ᠪᠠᠶᠢᠭᠤᠯᠵᠤ᠂ ᠪᠥᠬᠦ ᠣᠷᠳᠣ ᠨᠢ 159 ᠺᠢᠯᠣᠮᠧᠲᠷ ᠪᠠᠶᠢᠵᠤ᠂ 30 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠵᠤ᠂ ᠰᠢᠶᠠᠨ ᠤ ᠵᠠᠮ X518 ᠱᠣᠭᠤᠮ᠂ ᠰᠢᠶᠠᠨ ᠤ ᠵᠠᠮ X513 ᠱᠣᠭᠤᠮ᠂ ᠲᠦᠷᠭᠡᠨ ᠬᠤᠷᠳᠣᠴᠠᠲᠤ ᠵᠠᠰᠠᠮᠠᠯ ᠵᠠᠮ ᠤᠨ ᠭᠤᠸᠠᠩᠵᠧᠦ ᠶᠢᠨ G5511 ᠱᠣᠭᠤᠮ ᠤᠨ ᠮᠠᠨ ᠬᠤᠰᠢᠭᠤᠨ ᠤ ᠬᠡᠰᠡᠭ᠂ ᠮᠤᠵᠢ ᠶᠢᠨ ᠵᠠᠮ 223 ᠱᠤᠭᠤᠮ ᠢᠶᠠᠷ ᠪᠦᠷᠢᠯᠳᠦᠭᠰᠡᠨ ︽ᠲᠤᠯᠤᠭᠠᠨ ᠵᠤᠷᠪᠤᠰ ᠭᠤᠤᠯ ᠱᠤᠭᠤᠮ︾᠎ ᠤᠨ ᠲᠣᠣᠷ ᠢ ᠪᠦᠷᠢᠯᠳᠦᠬᠦᠯᠬᠦ ᠪᠠᠷ ᠴᠢᠷᠮᠠᠶᠢᠨ ᠠᠵᠢᠯᠯᠠᠵᠤ᠂ 2020 ᠣᠨ ᠤ ᠰᠡᠭᠦᠯᠴᠢ ᠪᠣᠯᠬᠤ ᠳᠤ᠂ ᠪᠥᠬᠦ ᠬᠤᠰᠢᠭᠤᠨ ᠤ ᠵᠠᠰᠠᠮᠠᠯ ᠵᠠᠮ ᠤᠨ ᠪᠥᠬᠦ ᠣᠷᠳᠣ 1353 ᠺᠢᠯᠣᠮᠧᠲᠷ ᠲᠤ ᠬᠦᠷᠴᠡᠢ᠃        ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠎ ᠶᠢᠨ ᠶᠡᠭᠡ ᠦᠰᠦᠷᠦᠯᠲᠡ ᠶᠢ ᠪᠡᠶᠡᠯᠡᠭᠦᠯᠵᠥ᠂ ᠦᠨᠳᠦᠷ ᠬᠤᠷᠳᠣᠴᠠᠳᠣ ᠵᠠᠰᠠᠮᠠᠯ ᠵᠠᠮ ᠥᠬᠡᠶ ᠪᠠᠶᠢᠭᠰᠠᠨ ᠲᠡᠤᠬᠡ ᠶᠢ ᠡᠴᠦᠰᠯᠡᠬᠦᠯᠦᠭᠰᠡᠨ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠨᠡᠪᠲᠡᠷᠡᠯᠭᠡ ᠶᠢᠨ ᠢᠨᠵᠧᠨᠧᠷᠢᠩ ᠢ 197 ᠺᠢᠯᠣᠮᠧᠲᠷ ᠬᠡᠷᠡᠭᠵᠢᠭᠦᠯᠵᠦ᠂ 350 ᠺᠢᠯᠣᠮᠧᠲᠷ ᠵᠠᠮ ᠢ ᠵᠠᠰᠠᠨ ᠰᠠᠶᠢᠵᠢᠷᠠᠭᠤᠯᠵᠦ᠂ ᠪᠥᠬᠦ ᠬᠤᠰᠢᠭᠤᠨ ᠤ 4 ᠰᠤᠮᠤ ᠪᠠᠯᠭᠠᠰᠤ᠂ 60 ᠭᠠᠴᠠᠭ᠎ᠠ ᠲᠣᠰᠬᠤᠨ ᠤ ᠦᠨᠳᠦᠰᠦᠨ ᠵᠠᠰᠠᠮᠠᠯ ᠵᠠᠮ ᠤᠨ ᠰᠠᠭᠠᠳ ᠥᠬᠡᠶ ᠨᠡᠪᠲᠡᠷᠡᠬᠦ ᠶᠢ ᠪᠡᠶᠡᠯᠡᠭᠦᠯᠵᠡᠢ᠃ ᠣᠳᠣ ᠪᠣᠯᠬᠤ ᠳᠤ᠂ ᠰᠢᠨᠡᠪᠤᠯᠠᠭ ᠬᠤᠶᠠᠳᠤᠭᠠᠷ ᠳᠡᠰ ᠤᠨ ᠠᠶᠠᠨᠴᠢᠳ ᠤᠨ ᠮᠠᠰᠢᠨ ᠲᠡᠷᠭᠡᠨ ᠤ ᠥᠷᠲᠡᠭᠡ 1᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ 2᠂ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ 8 ᠪᠤᠯᠵᠤ᠂ ᠡᠭᠦᠨ ᠳᠤ ᠮᠤᠵᠢ ᠣᠷᠣᠨ ᠢ ᠠᠯᠤᠰᠯᠠᠭᠰᠠᠨ ᠵᠠᠮ ᠱᠤᠭᠤᠮ 2᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ 2 ᠪᠣᠶ᠃ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ 1᠂ ᠨᠡᠶᠢᠲᠡ ᠶᠢᠨ ᠮᠠᠰᠢᠨ ᠲᠡᠷᠭᠡ 25᠂ ᠲᠦᠷᠢᠶᠡᠰᠦᠨ ᠮᠠᠰᠢᠨ ᠲᠡᠷᠭᠡᠨ ᠤ ᠺᠣᠮᠫᠠᠨᠢ 1᠂ ᠲᠦᠷᠢᠶᠡᠰᠦᠨ ᠮᠠᠰᠢᠨ ᠲᠡᠷᠭᠡ 70 ᠪᠣᠶ᠃        ᠵᠠᠮ ᠬᠠᠷᠢᠯᠴᠠᠭᠠᠨ ᠤ ᠳᠣᠪᠴᠢᠶᠠᠨ ᠤ ᠳᠠᠷᠤᠭ᠎ᠠ ᠯᠢ ᠶᠦᠩ ᠬᠤᠩ᠄ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠵᠠᠮ ᠬᠠᠷᠢᠯᠴᠠᠭᠠᠨ ᠤ ᠳᠣᠪᠴᠢᠶ᠎ᠠ ᠨᠢ ᠪᠥᠬᠦ ᠬᠤᠰᠢᠭᠤᠨ ᠤ ᠬᠡᠪᠴᠢᠶᠡᠨ ᠳᠤ ᠵᠢᠭᠤᠯᠴᠢᠯᠠᠯ ᠤᠨ ᠵᠠᠮ᠂ ᠡᠬᠢ ᠪᠠᠶᠠᠯᠢᠭ ᠵᠦᠭᠡᠭᠡᠪᠦᠷᠢᠯᠡᠬᠦ ᠵᠠᠮ᠂ ᠠᠵᠤ ᠦᠢᠯᠡᠳᠪᠦᠷᠢ ᠎ ᠳᠤ ᠬᠡᠷᠡᠭᠯᠡᠬᠦ ᠵᠠᠮ ᠵᠢᠴᠢ ᠰᠦᠯᠵᠢᠶᠡᠨ ᠤ ᠵᠠᠮ ᠤᠨ ᠪᠥᠲᠥᠭᠡᠨ ᠪᠠᠶᠢᠭᠤᠯᠤᠯᠲᠠ ᠶᠢ 26 ᠺᠢᠯᠣᠮᠧᠲᠷ᠂ ᠨᠡᠯᠢᠶᠡᠳ ᠲᠣᠮᠣ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠲᠥᠷᠥᠯ ᠵᠦᠢᠯ ᠢ 281 ᠺᠢᠯᠣᠮᠧᠲᠷ᠂ ᠪᠠᠶᠢᠭᠠᠯᠢᠯᠢᠭ ᠭᠠᠴᠠᠭ᠎ᠠ ᠲᠣᠰᠬᠤᠨ ᠳᠤ ᠵᠠᠮ ᠨᠡᠪᠲᠡᠷᠡᠭᠦᠯᠬᠦ ᠲᠥᠷᠥᠯ ᠵᠦᠢᠯ ᠢ 161.1 ᠺᠢᠯᠣᠮᠧᠲᠷ᠂ ᠰᠢᠶᠠᠨ ᠤ ᠲᠡᠰ ᠤᠨ ᠵᠠᠰᠠᠮᠠᠯ ᠵᠠᠮ ᠢ ᠥᠭᠡᠷᠡᠴᠢᠯᠡᠬᠦ ᠲᠥᠷᠥᠯ ᠵᠦᠢᠯ ᠢ 38.5 ᠺᠢᠯᠣᠮᠧᠲᠷ ᠲᠥᠯᠥᠪᠵᠢᠭᠦᠯᠦᠨ ᠬᠡᠷᠡᠭᠵᠢᠭᠦᠯᠵᠦ᠂ ᠪᠥᠬᠦ ᠲᠠᠯ᠎ᠠ ᠶᠢ ᠬᠠᠮᠤᠷᠤᠭᠰᠠᠨ᠂ ᠴᠢᠳᠠᠮᠵᠢ ᠨᠢ ᠪᠦᠷᠢᠨ ᠲᠡᠭᠦᠯᠳᠡᠷ᠂ ᠰᠢᠭᠤᠳ ᠰᠢᠯᠤᠭᠤᠨ᠂ ᠠᠶᠠᠯᠠᠬᠤ ᠳᠤ ᠨᠠᠶᠢᠳᠠᠪᠤᠷᠢᠲᠠᠶ ᠵᠠᠰᠠᠮᠠᠯ ᠵᠠᠮ ᠤᠨ ᠲᠣᠣᠷ ᠱᠤᠭᠤᠮ ᠢ ᠪᠦᠷᠢᠯᠳᠦᠭᠦᠯᠦᠨ᠎ᠡ︾ ᠭᠡᠵᠤ ᠲᠠᠨᠢᠯᠴᠠᠭᠤᠯᠪᠠ᠃        ᠠᠷᠪᠠᠨ ᠳᠥᠷᠪᠡᠳᠦᠭᠡᠷ ᠲᠠᠪᠤᠨ ᠵᠢᠯ ᠤᠨ ᠬᠤᠭᠤᠴᠠᠭᠠᠨ ᠳᠤ᠂ ᠮᠠᠨ ᠤ ᠬᠤᠰᠢᠭᠤ ︽ᠵᠠᠮ ᠬᠠᠷᠢᠯᠴᠠᠭ᠎ᠠ ᠠᠷᠠᠳ ᠤᠨ ᠲᠥᠯᠥᠭᠡ ᠪᠠᠶᠢᠬᠤ︾ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠣᠯᠠᠨ ᠲᠦᠮᠡᠨ ᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠷᠠᠳ ᠣᠯᠠᠨ ᠤ ᠰᠠᠨᠠᠭᠠᠨ ᠳᠤ ᠨᠡᠶᠢᠴᠡᠭᠰᠡᠨ ᠵᠠᠮ ᠬᠠᠷᠢᠯᠴᠠᠭ᠎ᠠ ᠶᠢ ᠬᠦᠴᠦᠨ ᠢᠶᠠᠨ ᠲᠥᠪᠯᠡᠷᠡᠭᠦᠯᠦᠨ ᠪᠠᠶᠢᠭᠤᠯᠵᠤ᠂ ᠪᠥᠬᠦ ᠬᠤᠰᠢᠭᠤᠨ ᠤ ᠵᠠᠮ ᠬᠠᠷᠢᠯᠴᠠᠭᠠᠨ ᠤ ᠦᠢᠯᠡᠰ ᠤᠨ ᠲᠠᠰᠤᠷᠠᠯᠲᠠ ᠥᠬᠡᠶ ᠲᠡᠭᠦᠯᠳᠡᠷᠵᠢᠬᠦ ᠶᠢ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号