ᠠᠷᠪᠠᠨ ᠭᠤᠷᠪᠠᠳᠤᠭᠠᠷ ᠲᠠᠪᠤᠨ ᠵᠢᠯ ᠤᠨ ᠠᠮᠵᠢᠯᠲᠠ ᠪᠦᠲᠦᠭᠡᠯ ᠤᠨ ᠡᠷᠬᠢᠴᠡᠬᠦᠯᠦᠯ ︵ᠬᠤᠶᠠᠷ︶
ᠨᠡᠶᠢᠲᠡᠯᠡᠭᠰᠡᠨ ᠴᠠᠭ᠄
2021/8/31
                ᠰᠤᠶᠤᠯ ᠲᠠᠮᠢᠷ ᠵᠢᠭᠤᠯᠴᠢᠯᠠᠯ ᠤᠨ ᠦᠢᠯᠡᠰ ᠦᠷᠨᠢᠨ ᠬᠦᠭᠵᠢᠪᠡ        ᠠᠷᠪᠠᠨ ᠭᠤᠷᠪᠠᠳᠤᠭᠠᠷ ᠲᠠᠪᠤᠨ ᠵᠢᠯ ᠳᠤ ᠮᠠᠨ ᠤ ᠬᠤᠰᠢᠭᠤ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠎ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠵᠦ᠂ ᠤᠯᠠᠨ ᠳᠦᠮᠡᠨᠴᠢ ᠰᠤᠶᠤᠯ ᠤᠨ ᠦᠢᠯᠡᠴᠢᠯᠡᠬᠡᠨ ᠤ ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠳᠬᠠᠵᠦ᠂ ᠰᠤᠶᠤᠯ᠂ ᠤᠷᠠᠯᠢᠭ᠂ ᠲᠠᠮᠢᠷ ᠤᠨ ᠦᠢᠯᠡᠰ ᠢ ᠤᠯᠠᠮ ᠨᠢᠬᠡ ᠠᠯᠬᠤᠮ  ᠬᠦᠭᠵᠢᠬᠦᠯᠵᠦ᠂ ᠦᠷᠬᠡᠨ ᠳᠦᠮᠡᠨ ᠤ ᠰᠤᠶᠤᠯ ᠤᠨ ᠠᠮᠢᠳᠤᠷᠠᠯ ᠢ ᠶᠡᠬᠡᠪᠡᠷ ᠪᠠᠶᠠᠯᠢᠭᠵᠢᠭᠤᠯᠤᠭᠰᠠᠨ ᠪᠠᠶᠢᠨ᠎ᠠ᠃        ᠡᠨᠡ ᠵᠢᠯ ᠤᠨ 5 ᠰᠠᠷ᠎ᠠ ᠶᠢᠨ 19᠎ ᠠᠴᠠ 23 ᠬᠦᠷᠳᠡᠯ᠎ᠡ ᠬᠤᠰᠢᠭᠤ ᠤᠯᠠᠭᠠᠨᠮᠦ᠋ᠴᠢᠷ᠂ ᠠᠰᠤᠷᠤ ᠤᠷᠠᠯᠢᠭ ᠎ ᠤᠨ ᠨᠡᠶᠢᠬᠡᠮᠯᠢᠭ᠂ ᠠᠷᠠᠳ ᠤᠨ ᠤᠷᠠᠯᠢᠭᠴᠢᠳ ᠢᠶᠠᠷ ᠪᠦᠷᠢᠯᠳᠦᠭᠰᠡᠨ ᠳᠤᠭᠯᠠᠯᠳᠠ ᠶᠢᠨ ᠪᠦᠯᠬᠦᠮ ᠨᠢ ᠰᠢᠨᠵᠢᠶᠠᠩ ᠤᠨ ᠪᠤᠷᠤᠳᠠᠯ᠎ᠠ ᠵᠧᠦ ᠶᠢᠨ ᠷᠠᠰᠢᠶᠠᠨ ᠰᠢᠶᠠᠨ ᠳᠤ ᠬᠦᠷᠴᠦ ᠠᠰᠤᠷᠤ ᠤᠷᠠᠯᠢᠭ ᠤᠨ ᠳᠤᠭᠤᠷᠢᠨ ᠳᠤᠭᠯᠠᠯᠳᠠ ᠭᠠᠷᠭᠠᠵᠦ᠂ ᠪᠦᠵᠢᠭ᠂ ᠳᠠᠭᠤᠤ᠂ ᠬᠦᠭᠵᠢᠮ ᠵᠡᠷᠬᠡ ᠤᠯᠠᠨ ᠳᠦᠷᠦᠯ ᠤᠨ ᠦᠵᠡᠬᠦᠯᠦᠯᠬᠡ ᠪᠠᠷ ᠪᠦᠷᠢᠯᠳᠦᠭᠰᠡᠨ ᠠᠰᠤᠷᠤ ᠤᠷᠠᠯᠢᠭ ᠎ ᠢᠶᠠᠨ ᠳᠤᠬᠠᠢ ᠶᠢᠨ ᠤᠷᠤᠨ ᠤ ᠠᠷᠠᠳ ᠳᠦᠮᠡᠨ ᠳᠤ ᠰᠤᠨᠢᠷᠬᠠᠭᠤᠯᠤᠭᠰᠠᠨ ᠳᠡᠳᠦᠢ ᠦᠬᠡᠢ ᠠᠰᠤᠷᠤ ᠤᠷᠠᠯᠢᠭ ᠤᠨ ᠡᠬᠦᠰᠦᠯ ᠬᠤᠪᠢᠷᠠᠯ᠂ ᠳᠡᠦᠬᠡᠨ ᠳᠠᠬᠢ ᠪᠠᠶᠢᠷᠢ ᠰᠠᠭᠤᠷᠢ ᠵᠢᠴᠢ ᠤᠳᠤ ᠴᠠᠭ ᠲᠠᠬᠢ ᠠᠰᠤᠷᠤ ᠤᠷᠠᠯᠢᠭ ᠢ ᠬᠠᠮᠠᠭᠠᠯᠠᠨ ᠬᠦᠭᠵᠢᠬᠦᠯᠬᠦ ᠳᠠᠯ᠎ᠠ ᠪᠠᠷ ᠬᠤᠶᠠᠷ ᠤᠷᠤᠨ ᠤ ᠤᠷᠠᠯᠢᠭᠴᠢᠨ᠂ ᠰᠤᠳᠤᠯᠤᠭᠠᠴᠢᠳ ᠠᠴᠠ ᠰᠤᠳᠤᠯᠤᠨ ᠶᠠᠷᠢᠯᠴᠠᠵᠦ᠂ ᠦᠵᠡᠯ ᠪᠤᠳᠤᠯ ᠢᠶᠠᠨ ᠰᠤᠯᠢᠯᠴᠠᠭᠰᠠᠨ ᠨᠢ ᠮᠠᠨ ᠤ ᠬᠤᠰᠢᠭᠤᠨ ᠤ ᠠᠰᠤᠷᠤ ᠤᠷᠠᠯᠢᠭ ᠤᠨ ᠤᠯᠠᠮ ᠴᠢᠨᠠᠭᠰᠢᠳᠠ ᠶᠢᠨ ᠬᠦᠭᠵᠢᠯ ᠳᠤ ᠨᠡᠩ ᠰᠠᠶᠢᠨ ᠨᠦᠬᠦᠴᠡᠯ ᠬᠠᠩᠭᠠᠵᠠᠢ᠃        ᠠᠰᠤᠷᠤ ᠪᠤᠯ ᠮᠤᠩᠭᠤᠯ ᠦᠨᠳᠦᠰᠦᠳᠡᠨ ᠤ ᠨᠡᠬᠦᠳᠡᠯ ᠰᠤᠶᠤᠯ ᠤᠨ ᠬᠦᠷᠦᠰᠦᠨ ᠳᠤ ᠡᠰᠡᠨᠢᠨ ᠳᠤᠭᠳᠠᠵᠦ᠂ ᠳᠠᠭᠤᠤ᠂ ᠪᠦᠵᠢᠭ᠂ ᠬᠦᠭᠵᠢᠮ ᠢ ᠬᠠᠪᠰᠤᠷᠭᠠᠭᠰᠠᠨ ᠨᠡᠶᠢᠯᠡᠯᠢᠭ ᠤᠷᠠᠯᠢᠭ ᠤᠨ ᠬᠡᠯᠪᠡᠷᠢ ᠪᠤᠯᠬᠤ ᠶᠤᠮ᠃ ᠤᠶᠢᠯᠠᠭᠠᠭᠰᠠᠨ ᠢᠶᠠᠷ᠂ ᠴᠠᠬᠠᠷ ᠨᠤᠲᠤᠭ ᠲᠤ ᠠᠰᠤᠷᠤ ᠤᠷᠠᠯᠢᠭ ᠨᠢ ᠦᠷᠬᠡᠨ ᠢᠶᠠᠷ ᠤᠯᠠᠮᠵᠢᠯᠠᠭᠳᠠᠵᠦ᠂ ᠢᠯᠠᠩᠭᠤᠶ᠎ᠠ ᠮᠠᠨ ᠤ ᠬᠤᠰᠢᠭᠤᠨ ᠳᠤ᠂ ︽ᠠᠳᠤᠭᠤᠴᠢᠨ ᠴᠠᠭᠠᠨ ᠠᠰᠤᠷᠤ︾ ︽ᠠᠳᠤᠭᠤᠴᠢᠨ ᠶᠤᠳᠪᠠᠢ ᠠᠰᠤᠷᠤ︾ ︽ᠬᠤᠨᠢᠴᠢᠨ ᠠᠰᠤᠷᠤ︾ ᠵᠡᠷᠬᠡ ᠠᠰᠤᠷᠤ ᠠᠶᠠᠯᠭᠤ ᠨᠤᠭᠤᠳ ᠦᠷᠬᠡᠨ ᠢᠶᠠᠷ ᠤᠯᠠᠮᠵᠢᠯᠠᠭᠳᠠᠵᠦ᠂ ᠴᠠᠬᠠᠷ ᠨᠤᠲᠤᠭ ᠤᠨ ᠪᠦᠬᠦ ᠠᠰᠤᠷᠤ ᠠᠶᠠᠯᠭᠤ ᠶᠢᠨ ᠬᠠᠭᠠᠰ ᠠᠴᠠ ᠳᠡᠭᠡᠭᠰᠢᠬᠢ ᠨᠢ ᠮᠠᠨ ᠤ ᠬᠤᠰᠢᠭᠤᠨ ᠳᠤ ᠳᠦᠪᠯᠡᠷᠡᠵᠦ ᠪᠠᠶᠢᠭᠰᠠᠨ ᠳᠦᠯᠦᠪ ᠲᠠᠢ᠃ ᠮᠠᠨ ᠤ ᠬᠤᠰᠢᠭᠤ ᠨᠢ ᠡᠨᠡᠬᠦ ᠰᠤᠶᠤᠯ ᠤᠨ ᠦᠨᠡᠳᠦ ᠦᠪ ᠢ ᠠᠭᠤᠳᠠᠯᠯᠠᠨ ᠳᠠᠨᠢᠵᠦ᠂ ᠤᠯᠠᠮᠵᠢᠯᠠᠨ ᠬᠦᠭᠵᠢᠬᠦᠯᠬᠦ ᠳᠠᠯ᠎ᠠ ᠪᠠᠷ ᠤᠯᠠᠨ ᠤᠳᠠᠭᠠᠨ ᠤ ᠠᠰᠤᠷᠤ ᠤᠷᠠᠯᠢᠭ ᠤᠨ ᠡᠷᠳᠡᠮ ᠰᠢᠨᠵᠢᠯᠡᠬᠡᠨ ᠤ ᠰᠤᠳᠤᠯᠤᠨ ᠶᠠᠷᠢᠯᠴᠠᠬᠤ ᠠᠵᠢᠯᠯᠠᠭ᠎ᠠ ᠦᠷᠨᠢᠬᠦᠯᠬᠦ ᠶᠢᠨ ᠵᠡᠷᠬᠡᠪᠡᠷ ᠠᠰᠤᠷᠤ ᠤᠷᠠᠯᠢᠭ ᠲᠤ ᠪᠠᠨ ᠬᠠᠶᠢᠷᠠᠳᠠᠢ ᠠᠷᠠᠳ ᠤᠨ ᠤᠷᠠᠯᠢᠭᠴᠢᠨ ᠵᠢᠴᠢ ᠤᠯᠠᠭᠠᠨᠮᠦ᠋ᠴᠢᠷ ᠤᠨ ᠳᠤᠭᠯᠠᠭᠴᠢᠳ ᠠᠴᠠ ᠤᠯᠠᠨ ᠤᠳᠠᠭᠠᠨ ᠤ ᠶᠡᠭᠡ ᠪᠠᠭ᠎ᠠ ᠬᠡᠮᠵᠢᠶᠡᠨ ᠤ ᠳᠤᠭᠤᠷᠢᠨ ᠳᠤᠭᠯᠠᠯᠳᠠ ᠭᠠᠷᠭᠠᠵᠦ᠂ ᠠᠰᠤᠷᠤ ᠤᠷᠠᠯᠢᠭ ᠤᠨ ᠢᠶᠠᠨ ᠡᠴᠢᠨ᠎ᠡ ᠭᠠᠶᠢᠬᠠᠮᠰᠢᠭ ᠢ ᠦᠷᠬᠡᠨ ᠳᠦᠮᠡᠨ ᠳᠤ ᠎ ᠪᠠᠨ ᠳᠡᠯᠬᠡᠨ ᠦᠵᠡᠬᠦᠯᠵᠦ᠂ ᠦᠨᠳᠦᠰᠦᠳᠡᠨ ᠤ ᠪᠠᠨ ᠤᠤᠭᠠᠯ ᠰᠤᠶᠤᠯ ᠢᠶᠠᠨ ᠦᠶ᠎ᠡ ᠶᠢᠨ ᠦᠶ᠎ᠡ ᠳᠤ ᠦᠪᠯᠡᠨ ᠵᠠᠯᠭᠠᠮᠵᠢᠯᠠᠭᠤᠯᠬᠤ ᠪᠠᠷ ᠵᠤᠷᠢᠯᠭ᠎ᠠ ᠪᠠᠨ ᠪᠤᠯᠭᠠᠵᠠᠢ᠃ 2008 ᠤᠨ ᠳᠤ ᠮᠠᠨ ᠤ ᠬᠤᠰᠢᠭᠤ ᠨᠢ ︽ᠲᠤᠮᠳᠠᠳᠤ ᠤᠯᠤᠰ ᠤᠨ ᠠᠰᠤᠷᠤ ᠠᠶᠠᠯᠭᠤ ᠶᠢᠨ ᠦᠯᠦᠭᠡᠢ 》᠎ ᠪᠠᠷ ᠨᠡᠷᠡᠶᠢᠳᠦᠭᠳᠡᠵᠦ᠂ 2014 ᠤᠨ ᠳᠤ ᠲᠦᠷᠦ ᠶᠢᠨ ᠶᠠᠪᠤᠳᠠᠯ ᠤᠨ ᠬᠤᠷᠢᠶᠠᠨ  ᠎ ᠤ ᠵᠦᠪᠰᠢᠶᠡᠷᠡᠯ ᠢᠶᠠᠷ ︽ᠠᠰᠤᠷᠤ︾ ᠤᠷᠠᠯᠢᠭ ᠢ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠲᠤ ᠪᠦᠷᠢᠳᠬᠡᠭᠦᠯᠦᠭᠰᠡᠨ ᠢᠶᠠᠷ ᠠᠰᠤᠷᠤ ᠤᠷᠠᠯᠢᠭ ᠨᠢ ᠮᠠᠨ ᠤ ᠬᠤᠰᠢᠭᠤᠨ ᠤ ᠰᠤᠶᠤᠯ ᠎ ᠤᠨ ᠨᠡᠷᠡᠳᠦ ᠳᠡᠮᠳᠡᠭ  ᠪᠤᠯᠤᠭᠰᠠᠨ ᠪᠠᠶᠢᠨ᠎ᠠ᠃        ᠤᠶᠢᠷ᠎ᠠ ᠶᠢᠨ ᠵᠢᠯ ᠳᠤ ᠮᠠᠨ ᠤ ᠬᠤᠰᠢᠭᠤ ᠨᠢ ᠴᠠᠬᠠᠷ ᠰᠤᠶᠤᠯ ᠤᠷᠠᠯᠢᠭ ᠢᠶᠠᠨ ᠦᠪᠯᠡᠨ ᠬᠠᠳᠠᠭᠠᠯᠠᠵᠦ᠂ ᠤᠯᠠᠮᠵᠢᠯᠠᠨ ᠬᠦᠭᠵᠢᠬᠦᠯᠬᠦ ᠳᠠᠯ᠎ᠠ ᠪᠠᠷ ᠵᠦᠢ ᠵᠤᠬᠢᠰᠳᠠᠢ ᠠᠷᠭ᠎ᠠ ᠬᠡᠮᠵᠢᠶ᠎ᠠ ᠠᠪᠴᠦ ᠬᠢᠯᠠᠯᠵᠠᠮ᠎ᠠ ᠠᠮᠵᠢᠯᠳᠠ ᠤᠯᠵᠠᠢ᠃ ᠤᠳᠤᠬᠠᠨ ᠳᠤ ᠠᠰᠤᠷᠤ ᠨᠢ ᠴᠤᠷ ᠤᠨ ᠭᠠᠭᠴᠠ ᠮᠠᠨ ᠤ ᠬᠤᠰᠢᠭᠤᠨ ᠤ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠨᠡᠷᠡᠰ ᠲᠤ ᠵᠢᠠᠰᠠᠭᠠᠭᠳᠠᠭᠰᠠᠨ ᠳᠦᠷᠦᠯ ᠵᠦᠢᠯ ᠪᠤᠯᠵᠦ᠂ ︽ᠬᠤᠪᠢᠰ︾ ᠵᠡᠷᠬᠡ 14 ᠳᠦᠷᠦᠯ ᠨᠢ ᠦᠪᠡᠷᠳᠡᠬᠡᠨ ᠵᠠᠰᠠᠬᠤ ᠤᠷᠤᠨ ᠤ ᠳᠡᠰ ᠤᠨ ᠪᠤᠳᠠᠰ ᠤᠨ ᠪᠤᠰᠤ ᠰᠤᠶᠤᠯ ᠤᠨ ᠦᠪ ᠲᠤ ᠵᠢᠭᠰᠠᠭᠠᠭᠳᠠᠵᠤ᠂ ︽ᠴᠠᠮ ᠪᠦᠵᠢᠭ︾ ᠵᠡᠷᠬᠡ 14 ᠳᠦᠦᠷᠯ ᠵᠦᠢᠯ ᠨᠢ ᠠᠶᠢᠮᠠᠭ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠲᠤ ᠵᠢᠭᠰᠠᠭᠠᠭᠳᠠᠵᠤ᠂ ︽ᠴᠠᠭᠠᠨ ᠢᠳᠡᠬᠡᠨ ᠤ ᠰᠤᠶᠤᠯ︾ ᠵᠡᠷᠬᠡ 37 ᠳᠦᠷᠦᠯ ᠨᠢ ᠬᠤᠰᠢᠭᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠲᠤ ᠪᠦᠷᠢᠳᠬᠡᠬᠦᠯᠵᠦ ᠮᠠᠰᠢ ᠤᠯᠠᠨ ᠦᠪᠯᠡᠨ ᠤᠯᠠᠮᠵᠢᠯᠠᠭᠴᠢ ᠶᠢ ᠬᠦᠮᠦᠵᠢᠬᠦᠯᠵᠦ᠂ ᠪᠦᠬᠦ ᠠᠷᠠᠳ ᠢᠶᠠᠷ ᠢᠶᠠᠨ ᠤᠷᠤᠨ ᠨᠤᠲᠤᠭ ᠤᠨ ᠢᠶᠠᠨ ᠰᠤᠶᠤᠯ ᠢᠶᠠᠨ ᠤᠶᠢᠯᠠᠭᠠᠵᠦ᠂ ᠤᠯᠠᠮᠵᠢᠯᠠᠨ ᠬᠦᠭᠵᠢᠬᠦᠯᠵᠦ᠂ ᠦᠪᠯᠡᠨ ᠵᠠᠯᠭᠠᠮᠵᠢᠯᠠᠬᠤ ᠤᠬᠠᠮᠰᠠᠷ ᠢ ᠪᠤᠢ ᠪᠤᠯᠭᠠᠬᠤ ᠶᠢᠨ ᠡᠬᠦᠳᠡᠨ ᠎ ᠠᠴᠠ ᠶᠠᠰᠤᠨ ᠰᠡᠶᠢᠯᠤᠮᠡᠯ ᠵᠡᠷᠬᠡ ᠪᠤᠳᠠᠰ ᠤᠨ ᠪᠤᠰᠤ ᠰᠤᠶᠤᠯ ᠤᠨ ᠦᠪ ᠢ ᠰᠤᠷᠭᠠᠭᠤᠯᠢ ᠶᠢᠨ ᠬᠦᠷᠢᠶ᠎ᠡ᠂ ᠨᠡᠶᠢᠬᠡᠮ ᠲᠤᠭᠤᠷᠢᠭ ᠲᠤ ᠳᠡᠯᠬᠡᠨ ᠦᠵᠡᠬᠦᠯᠬᠦ ᠠᠯᠢ ᠤᠯᠠᠨ ᠠᠵᠢᠯᠯᠠᠭ᠎ᠠ ᠦᠷᠨᠢᠬᠦᠯᠵᠠᠢ᠃ ᠠᠷᠪᠠᠨ ᠭᠤᠷᠪᠠᠳᠤᠭᠠᠷ ᠲᠠᠪᠤᠨ ᠵᠢᠯ  ᠎ ᠤᠨ ᠬᠤᠭᠤᠴᠠᠭᠠᠨ ᠳᠤ ᠪᠦᠬᠦ ᠠᠷᠠᠳ ᠤᠨ ᠪᠡᠶ᠎ᠡ ᠴᠢᠬᠢᠷᠠᠭᠵᠢᠯ ᠤᠨ ᠦᠢᠯᠡᠰ ᠴᠤ ᠬᠢᠯᠠᠯᠵᠠᠮ᠎ᠠ ᠠᠮᠵᠢᠯᠳᠠ ᠤᠯᠵᠦ᠂ ᠮᠠᠨ ᠤ ᠬᠤᠰᠢᠭᠤ ᠨᠢ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ 11 ᠳ᠋ᠤᠭᠠᠷ ᠬᠤᠭᠤᠴᠠᠭᠠᠨ ᠤ ᠴᠦᠬᠡᠨ ᠳᠤᠭᠠᠳᠤ ᠦᠨᠳᠦᠰᠦᠳᠡᠨ ᠤ ᠤᠯᠠᠮᠵᠢᠯᠠᠯᠳᠤ ᠪᠡᠶ᠎ᠡ ᠲᠠᠮᠢᠷ ᠤᠨ ᠴᠤᠭᠯᠠᠭᠠᠨ ᠳᠤ ᠤᠷᠤᠯᠴᠠᠵᠦ᠂ ᠠᠪᠤᠷᠭᠤ ᠎ ᠶᠢᠨ ᠢᠨᠳᠡᠷ ᠪᠦᠬᠡ ᠶᠢᠨ ᠴᠤᠭᠯᠠᠭᠠᠨ ᠵᠡᠷᠬᠡ  ᠶᠡᠭᠡ ᠪᠠᠭ᠎ᠠ ᠬᠡᠮᠵᠢᠶᠡᠨ ᠤ ᠨᠠᠭᠠᠳᠤᠮ ᠢ ᠠᠮᠵᠢᠯᠳᠠ ᠲᠠᠢ ᠪᠠᠷ ᠵᠤᠬᠢᠶᠠᠨ ᠪᠠᠶᠢᠭᠤᠯᠤᠭᠰᠠᠨ ᠪᠠᠶᠢᠨ᠎ᠠ᠃        ᠰᠤᠶᠤᠯ ᠲᠠᠮᠢᠷ ᠷᠠᠳᠢᠤ᠋ ᠲᠧᠯᠸᠢᠰ ᠳᠤᠪᠴᠢᠶᠠᠨ ᠤ ᠳᠠᠷᠤᠭ᠎ᠠ ᠬᠤᠤᠰᠪᠠᠶᠠᠷ ᠶᠠᠷᠢᠬᠤ ᠳᠤ ᠪᠠᠨ ︽ᠮᠠᠨ ᠤ ᠬᠤᠰᠢᠭᠤᠨ ᠤ ᠲᠠᠮᠢᠷ ᠤᠨ ᠦᠢᠯᠡᠰ ᠤᠶᠢᠷ᠎ᠠ ᠶᠢᠨ ᠵᠢᠯ ᠳᠤ ᠤᠨᠴᠠᠭᠠᠢ ᠠᠮᠵᠢᠯᠳᠠ ᠤᠯᠤᠭᠰᠠᠨ ᠪᠠᠶᠢᠨ᠎ᠠ︔ ᠴᠢᠯᠦᠬᠡᠳᠦ ᠨᠢᠳᠤᠷᠭ᠎ᠠ ᠶᠢᠨ ᠪᠤᠤᠺᠰᠴᠢᠨ ᠠᠯᠳᠠᠨᠬᠢᠯᠢ᠂ ᠳᠡᠬᠦᠯᠢᠯ ᠵᠡᠷᠬᠡ ᠵᠠᠯᠠᠭᠤ ᠳᠡᠯᠡᠬᠡᠢ ᠶᠢᠨ ᠬᠡᠮᠵᠢᠶᠡᠨ ᠤ ᠳᠡᠬᠡᠬᠦᠷ ᠵᠢᠨᠳᠠᠭᠠᠨ ᠳᠤ ᠶᠠᠪᠤᠵᠦ᠂ ᠵᠢᠤᠳᠤᠤ ᠶᠢᠨ ᠲᠠᠮᠢᠷᠴᠢᠨ ᠨᠠᠶᠢᠷᠠᠭᠴᠢ᠂ ᠴᠢᠨᠳᠠᠭ᠎ᠠ᠂ ᠨᠡᠩ ᠢᠯᠠᠩᠭᠤᠶ᠎ᠠ ᠴᠢᠨᠳᠠᠭ᠎ᠠ ᠡᠸ᠋ᠷᠦ᠋ᠫᠠ ᠤᠨ ᠳᠡᠷᠢᠬᠦᠨ᠂ ᠠᠽᠢᠶ᠎ᠠ ᠶᠢᠨ ᠭᠤᠷᠪᠠ ᠳᠤ ᠤᠷᠤᠵᠦ᠂ ᠪᠤᠤᠺᠰ ᠤᠨ ᠲᠠᠮᠢᠷᠴᠢᠨ ᠮᠧᠲ᠋ᠠᠯ ᠤᠯᠤᠰ ᠤᠨ ᠳᠡᠰ ᠤᠨ ᠤᠷᠤᠯᠳᠤᠭᠠᠨ ᠳᠤ ᠤᠷᠤᠯᠴᠠᠭᠠᠳ ᠳᠡᠬᠡᠳᠦ ᠲᠠᠪᠤ ᠳᠤ ᠤᠷᠤᠵᠠᠢ᠃ ᠮᠤᠩᠭᠤᠯ ᠪᠦᠬᠡ ᠶᠢᠨ ᠳᠠᠯ᠎ᠠ ᠪᠠᠷ ᠨᠠᠷᠬᠢᠶ᠎ᠠ ᠵᠡᠷᠬᠡ ᠰᠢᠯᠢᠳᠡᠭ ᠵᠠᠯᠠᠭᠤ ᠴᠤᠯᠭᠤᠷᠠᠨ ᠭᠠᠷᠴᠤ᠂ ᠮᠤᠩᠭᠤᠯ ᠪᠦᠬᠡ ᠶᠢᠨ ᠦᠢᠯᠡᠰ ᠲᠤ ᠪᠠᠨ ᠬᠦᠴᠦᠨ ᠨᠡᠮᠡᠷᠢᠯᠡᠪᠡ᠃ ᠨᠤᠮᠤ ᠰᠤᠮᠤ᠂ ᠤᠷᠤᠯᠳᠤᠭᠠᠨ ᠮᠤᠷᠢ᠂ ᠬᠦᠯ ᠪᠦᠮᠪᠦᠬᠡᠨ ᠵᠡᠷᠬᠡ ᠰᠠᠭᠤᠷᠢ ᠲᠠᠮᠢᠷ ᠤᠨ ᠬᠦᠳᠡᠯᠬᠡᠬᠡᠨ ᠤᠨᠴᠠᠭᠠᠢ ᠰᠠᠶᠢᠨ ᠦᠷ᠎ᠡ ᠪᠦᠳᠦᠮᠵᠢ ᠤᠯᠤᠭᠰᠠᠨ ᠪᠠᠶᠢᠨ᠎ᠠ︾ ᠬᠡᠵᠠᠢ᠃        ᠪᠦᠬᠦ ᠠᠷᠠᠳ ᠢᠶᠠᠷ ᠢᠶᠠᠨ ᠨᠤᠮ ᠤᠩᠰᠢᠬᠤ ᠶᠢ ᠲᠠᠶᠢᠴᠢᠯᠠᠵᠦ᠂ ᠢᠯᠠᠩᠭᠤᠶ᠎ᠠ ᠬᠡᠦᠬᠡᠳ ᠪᠠᠭᠠᠴᠤᠳ ᠢᠶᠠᠨ ᠨᠤᠮ ᠤᠨ ᠬᠤᠷ᠎ᠠ ᠪᠠᠷ ᠤᠮᠳᠠᠯᠠᠵᠦ᠂ ᠨᠤᠮ ᠪᠢᠴᠢᠭ ᠤᠩᠰᠢᠬᠤ ᠰᠠᠶᠢᠨ ᠰᠠᠶᠢᠬᠠᠨ ᠤᠷᠴᠢᠨ ᠢ ᠪᠤᠢ ᠪᠤᠯᠭᠠᠬᠤ ᠵᠤᠷᠢᠯᠭ᠎ᠠ ᠪᠠᠷ ᠮᠠᠨ ᠤ ᠬᠤᠰᠢᠭᠤ ᠨᠢ 2020 ᠤᠨ ᠤ 5 ᠰᠠᠷ᠎ᠠ ᠠᠴᠠ ᠡᠬᠢᠯᠡᠵᠦ 58 ᠳᠦᠮᠡᠨ ᠳᠦᠬᠦᠷᠢᠭ ᠵᠠᠷᠤᠴᠠᠭᠤᠯᠵᠦ 350 ᠬᠠᠪᠳᠠᠭᠠᠢ ᠳᠦᠷᠪᠡᠯᠵᠢᠨ ᠳᠠᠯᠠᠪᠠᠢ ᠪᠦᠬᠦᠢ ᠪᠠᠭᠠᠴᠤᠳ ᠤᠨ ᠨᠤᠮ ᠤᠨ ᠰᠠᠩ ᠢ ᠪᠠᠶᠢᠭᠤᠯᠵᠦ᠂ ᠡᠨᠡ ᠵᠢᠯ ᠤᠨ 1 ᠰᠠᠷ᠎ᠠ ᠳᠤ ᠠᠰᠢᠭᠯᠠᠯᠳᠠ ᠳᠤ ᠤᠷᠤᠭᠰᠠᠨ ᠪᠠᠶᠢᠨ᠎ᠠ᠃ ᠪᠠᠭᠠᠴᠤᠳ ᠤᠨ ᠨᠤᠮ ᠤᠨ ᠰᠠᠩ ᠨᠢ ᠪᠠᠭᠠᠴᠤᠳ ᠲᠤ ᠳᠣᠬᠢᠷᠠᠬᠤ ᠡᠯ᠎ᠡ ᠲᠥᠷᠦᠯ ᠤᠨ ᠰᠤᠩᠭᠤᠳᠠᠭ ᠨᠣᠮ ᠪᠢᠴᠢᠭ ᠢᠶᠠᠷ ᠭᠤᠤᠯᠯᠠᠵᠤ᠂ ᠬᠡᠷᠡᠮ ᠤᠨ ᠵᠢᠷᠤᠭ ᠤᠨ ᠲᠡᠭᠦᠪᠦᠷᠢ ᠳᠤ ᠮᠠᠨ ᠤ ᠬᠤᠰᠢᠭᠤ ᠪᠠᠷ ᠨᠤᠲᠤᠭ ᠲᠠᠢ ᠤᠯᠤᠰ ᠤᠨ ᠲᠣᠲᠤᠭᠠᠳᠤ ᠭᠠᠳᠠᠭᠠᠳᠤ ᠳᠤ ᠠᠵᠢᠯᠯᠠᠵᠤ ᠰᠤᠷᠤᠯᠴᠠᠵᠤ ᠪᠠᠶᠢᠭ᠎ᠠ ᠲᠥᠯᠦᠭᠡᠯᠡᠭᠴᠢ ᠬᠥᠮᠥᠰ ᠪᠠ ᠨᠡᠶᠢᠭᠡᠮ ᠤᠨ ᠡᠯ᠎ᠡ ᠠᠵᠢᠯ ᠤᠨ ᠹᠷᠣᠨᠲ ᠲᠠᠬᠢ ᠵᠢᠱᠢᠶ᠎ᠡ ᠳᠠᠭᠤᠷᠢᠶᠠᠯ ᠪᠣᠯᠬᠤ ᠨᠤᠲᠤᠭ ᠤᠨ ᠨᠡᠷᠡᠲᠦ ᠬᠥᠮᠥᠰ ᠢ ᠲᠠᠨᠢᠯᠴᠠᠭᠤᠯᠵᠤ᠂ ᠬᠤᠶᠠᠳᠤᠭᠠᠷ ᠳᠠᠪᠬᠤᠷᠭ᠎ᠠ ᠳᠤ ᠵᠠᠩ ᠦᠢᠯᠡ ᠵᠢᠴᠢ ︽ᠪᠣᠳᠠᠰ ᠤᠨ ᠪᠣᠰᠤ ᠰᠤᠶᠤᠯ ᠤᠨ ᠥᠪ︾᠎ ᠢ ᠲᠠᠨᠢᠯᠴᠠᠭᠤᠯᠬᠤ ᠪᠠᠷ ᠭᠤᠣᠯᠳᠠᠭᠤᠯᠵᠤ᠂ ᠲᠤᠬᠠᠢ ᠶᠢᠨ ᠲᠠᠯᠠᠪᠤᠷ ᠲᠤ ᠬᠢᠴᠢᠶᠡᠯ ᠲᠠᠶᠢᠯᠤᠮᠵᠢ ᠬᠢᠬᠦ ᠨᠥᠬᠦᠴᠡᠯ ᠢ ᠪᠥᠷᠢᠯᠳᠦᠭᠦᠯᠦᠭᠰᠡᠨ ᠪᠠᠶᠢᠨ᠎ᠠ᠃        ᠬᠤᠰᠢᠭᠤ ᠨᠤᠮ ᠤᠨ ᠰᠠᠩ ᠤᠨ ᠳᠠᠷᠤᠭ᠎ᠠ ᠪᠦᠷᠢᠩᠭᠤᠸ᠎ᠠ ᠰᠤᠷᠪᠤᠯᠵᠢᠯᠠᠭ᠎ᠠ ᠬᠦᠯᠢᠶᠡᠬᠦ ᠳᠤ ᠪᠠᠨ ︽ᠮᠠᠨ ᠤ ᠪᠠᠭᠠᠴᠤᠳ ᠤᠨ ᠨᠤᠮ ᠤᠨ ᠰᠠᠩ ᠨᠢ ᠠᠰᠢᠭᠯᠠᠯᠳᠠ ᠳᠤ ᠤᠷᠤᠭᠰᠠᠨ ᠠᠴᠠ ᠪᠠᠨ ᠠᠪᠤᠭᠠᠳ ᠦᠷᠬᠡᠨ ᠤᠯᠠᠨ ᠤᠩᠰᠢᠭᠴᠢᠳ ᠤᠨ ᠬᠠᠯᠠᠭᠤᠨ ᠬᠦᠷᠢᠶᠡᠯᠡᠯ ᠢ ᠤᠯᠵᠦ᠂ ᠭᠠᠷᠠᠭ ᠤᠨ ᠵᠢᠷᠭᠤᠭᠠᠨ ᠭᠠᠷᠠᠭ ᠤᠨ ᠡᠳᠦᠷ ᠪᠤᠶᠤ ᠠᠮᠠᠷᠠᠯᠳᠠ ᠶᠢᠨ ᠡᠳᠦᠷ ᠢᠶᠠᠷ ᠮᠠᠨ ᠤ ᠪᠠᠭᠠᠴᠤᠳ ᠤᠨ ᠨᠤᠮ ᠤᠨ ᠰᠠᠩ ᠳᠤ ᠢᠷᠡᠬᠡᠳ ᠨᠤᠮ ᠤᠩᠰᠢᠬᠤ ᠬᠡᠦᠬᠡᠳ ᠎ ᠤᠳ ᠮᠠᠰᠢ ᠠᠷᠪᠢᠨ ᠪᠠᠶᠢᠨ᠎ᠠ᠃ ᠤᠯᠠᠩᠬᠢ ᠰᠤᠷᠤᠭᠴᠢ᠂ ᠬᠡᠦᠬᠡᠳ ᠤᠳ ᠮᠠᠨ ᠤ ᠨᠤᠮ ᠤᠨ ᠰᠠᠩ ᠤᠨ ᠵᠢᠷᠤᠭᠳᠤ ᠳᠡᠪᠳᠡᠷ᠂ ᠤᠳᠬ᠎ᠠ ᠵᠤᠬᠢᠶᠠᠯ ᠤᠨ ᠨᠤᠮ ᠤᠳ ᠢ ᠪᠠᠭ᠋ᠠᠷᠬᠠᠨ ᠤᠩᠰᠢᠬᠤ ᠳᠤᠷᠠᠳᠠᠢ᠃ ᠮᠠᠨ ᠤ ᠨᠤᠮ ᠤᠨ ᠰᠠᠩ ᠨᠢ ᠰᠤᠷᠭᠠᠭᠤᠯᠢ ᠶᠢᠨ ᠬᠦᠷᠢᠶᠡᠨ ᠳᠤ ᠤᠴᠢᠵᠦ ᠨᠡᠬᠦᠳᠡᠯ ᠨᠤᠮ ᠤᠨ ᠪᠤᠭᠴᠤ ᠳᠠᠷᠬᠠᠭᠠᠬᠤ ᠠᠵᠢᠯᠯᠠᠭ᠎ᠠ ᠪᠠᠷ ᠳᠠᠮᠵᠢᠭᠤᠯᠵᠦ᠂ ᠮᠠᠨ ᠤ ᠨᠤᠮ ᠤᠨ ᠰᠠᠩ ᠤᠨ ᠢᠶᠠᠨ ᠵᠢᠷᠤᠭᠳᠤ ᠨᠤᠮ ᠪᠤᠶᠤ ᠪᠠᠭ᠎ᠠ ᠰᠤᠷᠭᠠᠭᠤᠯᠢ ᠶᠢᠨ ᠰᠤᠷᠤᠭᠴᠢᠳ ᠎ ᠲᠤ ᠵᠤᠷᠢᠭᠤᠯᠤᠭᠰᠠᠨ ᠤᠳᠬ᠎ᠠ ᠵᠤᠬᠢᠶᠠᠯ ᠤᠨ ᠨᠤᠮ ᠢ ᠨᠡᠬᠦᠳᠡᠯ ᠮᠠᠶ᠋ᠢᠭ ᠢᠶᠠᠷ ᠳᠠᠮᠵᠢᠭᠤᠯᠤᠨ ᠤᠩᠰᠢᠭᠤᠯᠵᠦ ᠪᠠᠶᠢᠬᠤ ᠶᠤᠮ᠃ ᠲᠠᠷᠠᠭᠠᠴᠢ ᠶᠢᠨ ᠠᠯᠬᠤᠮ ᠳᠤ ᠮᠠᠨ ᠤ ᠪᠠᠭᠠᠴᠤᠳ ᠤᠨ ᠨᠤᠮ ᠤᠨ ᠰᠠᠩ ᠨᠢ ᠨᠤᠮ ᠤᠩᠰᠢᠬᠤ ᠺᠠᠷᠲ ᠳᠠᠷᠬᠠᠭᠠᠬᠤ ᠬᠡᠯᠪᠡᠷᠢ ᠪᠠᠷ ᠳᠠᠮᠵᠢᠭᠤᠯᠵᠦ ᠦᠷᠬᠡᠨ ᠤᠯᠠᠨ ᠤᠩᠰᠢᠭᠴᠢᠳ ᠢᠶᠠᠨ ᠮᠠᠨ ᠤ ᠨᠤᠮ ᠤᠨ ᠰᠠᠩ ᠳᠤ ᠢᠯᠡᠬᠦᠬᠡᠨ ᠢᠷᠡᠵᠦ ᠨᠤᠮ ᠤᠩᠰᠢᠬᠤ ᠶᠢ ᠤᠬᠠᠭᠤᠯᠤᠨ ᠵᠤᠷᠢᠭᠵᠢᠭᠤᠯᠬᠤ ᠪᠤᠯᠤᠨ᠎ᠠ︾ ᠬᠡᠵᠡᠢ᠃         ᠠᠷᠪᠠᠨ ᠭᠤᠷᠪᠠᠳᠤᠭᠠᠷ ᠳᠠᠪᠤᠨ ᠵᠢᠯ ᠳᠤ ᠮᠠᠨ ᠤ ᠬᠤᠰᠢᠭᠤ ᠨᠢ ᠤᠯᠠᠨ ᠳᠦᠮᠡᠨ ᠤ ᠰᠤᠶᠤᠯ ᠳᠠᠮᠢᠷ ᠤᠨ ᠠᠵᠢᠯᠯᠠᠭ᠎ᠠ ᠶᠢ ᠬᠦᠨᠵᠡᠬᠡᠶᠢᠷᠡᠬᠦᠯᠵᠦ᠂ ᠠᠷᠠᠳ ᠤᠯᠠᠨ ᠤ ᠤᠶᠤᠨ ᠰᠠᠨᠠᠭᠠᠨ ᠤ ᠠᠮᠢᠳᠤᠷᠠᠯ ᠢ ᠪᠠᠶᠠᠯᠢᠭᠵᠢᠭᠤᠯᠬᠤ ᠡᠬᠦᠳᠡᠨ ᠠᠴᠠ ᠴᠠᠬᠠᠷ ᠬᠤᠨᠳᠠᠭᠠᠳᠤ ᠮᠤᠩᠭᠤᠯ ᠰᠢᠯᠤᠭ᠌ ᠳᠠᠭᠤᠤ ᠶᠢᠨ ᠤᠷᠤᠯᠳᠤᠭᠠᠨ᠂ ᠨᠠᠢᠮᠠᠨ ᠮᠤᠵᠢ ᠤᠷᠤᠨ ᠤ ᠴᠠᠬᠠᠷ ᠬᠤᠪᠴᠠᠰᠤ ᠵᠠᠰᠠᠯ ᠤᠨ ᠦᠵᠡᠬᠦᠯᠦᠯᠬᠡ ᠶᠢᠨ ᠤᠷᠤᠯᠳᠤᠭᠠᠨ᠂ ᠨᠠᠢᠮᠠᠨ ᠮᠤᠵᠢ ᠤᠷᠤᠨ ᠤ ᠰᠢᠳᠠᠷ᠎ᠠ ᠶᠢᠨ ᠤᠷᠤᠯᠳᠤᠭᠠᠨ᠂ ︽ᠳᠦᠮᠡᠨ ᠭᠠᠵᠠᠷ ᠤᠨ ᠴᠠᠢ ᠶᠢᠨ ᠵᠠᠮ᠂ ᠬᠠᠭᠠᠯᠭ᠎ᠠ ᠬᠦᠷᠢᠶ᠎ᠡ ᠶᠢᠨ ᠶᠡᠭᠡ ᠵᠠᠮ︾᠎ ᠤᠨ ᠠᠵᠢᠯᠯᠠᠭ᠎ᠠ ᠂ ︽ᠬᠠᠪᠤᠷ ᠤᠨ ᠤᠯᠠᠷᠢᠯ ᠤᠨ ᠶᠠᠪᠠᠭᠠᠨ ᠬᠦᠳᠡᠯᠬᠡᠬᠡᠨ ᠤ ᠪᠡᠶ᠎ᠡ ᠴᠢᠬᠢᠷᠠᠭᠵᠢᠯ ᠤᠨ ᠨᠠᠶᠢᠷ︾ ᠵᠡᠷᠬᠡ ᠤᠯᠠᠨ ᠤᠳᠠᠭᠠᠨ ᠎ ᠤ ᠤᠯᠠᠨ ᠳᠦᠮᠡᠨᠴᠢ ᠰᠤᠶᠤᠯ ᠤᠷᠠᠯᠢᠭ ᠤᠨ ᠤᠷᠤᠯᠳᠤᠭᠠᠨ ᠢ ᠠᠮᠵᠢᠯᠳᠠ ᠲᠠᠢ ᠪᠠᠷ ᠵᠤᠬᠢᠶᠠᠨ ᠪᠠᠶᠢᠭᠤᠯᠵᠦ ︽ᠳᠤᠷᠭᠠᠨ ᠨᠤᠲᠤᠭ ᠬᠦᠪᠡᠬᠡᠳᠦ ᠰᠢᠷ᠎ᠠ᠂ ᠳᠤᠮᠳᠠᠳᠤ ᠤᠯᠤᠰ ᠤᠨ ᠠᠰᠤᠷᠤ ᠠᠶᠠᠯᠭᠤ ᠶᠢᠨ ᠨᠤᠲᠤᠭ︾ ᠰᠤᠶᠤᠯ ᠵᠢᠭᠤᠯᠴᠢᠯᠠᠯ ᠤᠨ ᠨᠡᠷᠡᠳᠦ ᠳᠡᠮᠳᠡᠭ ᠢ  ᠡᠬᠦᠳᠬᠦ ᠪᠠᠷ ᠴᠢᠷᠮᠠᠶᠢᠨ ᠠᠵᠢᠯᠯᠠᠵᠤ᠂ ᠬᠤᠰᠢᠭᠤ ᠨᠤᠲᠤᠭ ᠤᠨ ᠢᠶᠠᠨ ᠨᠡᠷ᠎ᠡ ᠠᠯᠳᠠᠷᠰᠢᠯ ᠢ ᠨᠡᠮᠡᠭᠳᠡᠬᠦᠯᠵᠤ ᠪᠠᠶᠢᠨ᠎ᠠ᠃         ᠠᠷᠪᠠᠨ ᠳᠦᠷᠪᠡᠳᠦᠭᠡᠷ ᠳᠠᠪᠤᠨ ᠵᠢᠯ ᠳᠤ᠂ ᠮᠠᠨ ᠤ ᠬᠤᠰᠢᠭᠤ ᠨᠢ ᠵᠢᠭᠤᠯᠴᠢᠯᠠᠯ ᠤᠨ ᠦᠢᠯᠡᠰ ᠢᠶᠠᠷ ᠭᠤᠤᠯ ᠪᠤᠯᠭᠠᠵᠦ᠂ ᠨᠢᠬᠡ ᠪᠦᠰᠡ ᠨᠢᠬᠡ ᠵᠠᠮ᠂ ᠳᠦᠮᠡᠨ ᠭᠠᠵᠠᠷ ᠤᠨ ᠴᠠᠢ ᠶᠢᠨ ᠵᠠᠮ᠂ ᠬᠠᠭᠠᠯᠭ᠎ᠠ ᠬᠦᠷᠢᠶ᠎ᠡ ᠶᠢᠨ ᠵᠠᠮ᠂ ᠤᠯᠠᠭᠠᠨ ᠦᠷᠳᠡᠭᠡ᠂ ᠬᠤᠪᠢᠰᠬᠠᠯ ᠤᠨ ᠵᠠᠮ ᠳᠠᠭᠠᠣ ᠳᠠᠬᠢ ᠰᠤᠶᠤᠯ ᠳᠡᠦᠬᠡ ᠶᠢᠨ ᠡᠬᠢ ᠰᠤᠷᠪᠤᠯᠵᠢ ᠶᠢ ᠠᠭᠤᠳᠠᠯᠯᠠᠨ ᠠᠰᠢᠭᠯᠠᠵᠦ᠂ ᠡᠨᠡᠬᠦ ᠵᠠᠮ ᠱᠤᠭᠤᠮ ᠢᠶᠠᠷ ᠮᠠᠨ ᠤ ᠬᠤᠰᠢᠭᠤᠨ ᠤ ᠪᠠᠨ ᠵᠢᠭᠤᠯᠴᠢᠯᠠᠯ ᠤᠨ ᠦᠢᠯᠡᠰ ᠢ ᠠᠬᠢᠭᠤᠯᠵᠦ᠂ ᠵᠢᠭᠤᠯᠴᠢᠯᠠᠯ ᠤᠨ ᠦᠢᠯᠡᠰ ᠢᠶᠠᠷ ᠢᠶᠠᠨ ᠳᠠᠮᠵᠢᠭᠤᠯᠵᠦ ᠮᠠᠨ ᠤ ᠬᠤᠰᠢᠭᠤᠨ ᠤ ᠪᠠᠨ ᠤᠯᠠᠭᠠᠨ ᠢᠳᠡᠭᠡ ᠂ ᠴᠠᠭᠠᠨ ᠢᠳᠡᠭᠡ᠂ ᠤᠨᠴᠠᠯᠢᠭᠳᠤ ᠤᠷᠤᠨ ᠨᠤᠲᠤᠭ ᠤᠨ ᠢᠶᠠᠨ ᠰᠤᠶᠤᠯ ᠢ ᠤᠬᠠᠭᠤᠯᠵᠦ᠂ ᠬᠦᠪᠡᠬᠡᠳᠦ ᠰᠢᠷ᠎ᠠ ᠶᠢᠨ ᠎ ᠢᠶᠠᠨ ᠳᠡᠦᠬᠡ ᠰᠤᠶᠤᠯ ᠢ ᠨᠡᠩ ᠤᠯᠠᠨ ᠬᠦᠮᠦᠰ ᠲᠤ ᠤᠬᠠᠭᠤᠯᠤᠨ ᠲᠠᠨᠢᠭᠤᠯᠬᠤ ᠪᠠᠷ ᠦᠷᠬᠦᠯᠵᠢᠯᠡᠨ ᠮᠡᠷᠡᠶᠢᠨ ᠴᠢᠷᠮᠠᠶᠢᠵᠤ ᠪᠤᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号