ᠠᠷᠪᠠᠨ ᠭᠤᠷᠪᠠᠳᠤᠭᠠᠷ ᠲᠠᠪᠤᠨ ᠵᠢᠯ ᠤᠨ ᠠᠮᠵᠢᠯᠲᠠ ᠪᠦᠲᠦᠭᠡᠯ ᠤᠨ ᠡᠷᠬᠢᠴᠡᠬᠦᠯᠦᠯ ︵ᠭᠤᠷᠪᠠ︶
ᠨᠡᠶᠢᠲᠡᠯᠡᠭᠰᠡᠨ ᠴᠠᠭ᠄
2021/8/31
   ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠲᠤᠭᠳᠠᠭᠤᠨ ᠢᠶᠠᠷ ᠬᠦᠭᠵᠢᠪᠡ         ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠬᠤᠰᠢᠭᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶ ᠠᠬᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠳᠠ ᠦᠭᠡᠶ ᠳᠡᠭᠦᠯᠳᠡᠷᠵᠢᠭᠦᠯᠦᠭᠰᠡᠨ ᠢᠶᠠᠷ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠲᠤᠭᠳᠠᠭᠤᠨ ᠢᠶᠠᠷ ᠳᠡᠭᠡᠭᠰᠢᠯᠡᠵᠦ᠂ ᠦᠷᠭᠡᠨ ᠣᠯᠠᠨ ᠲᠦᠮᠡᠨ ᠳᠤ ᠦᠭᠡᠷᠡᠴᠢᠯᠡᠯᠳᠡ ᠭᠦᠭᠵᠢᠯᠳᠡ ᠶᠢᠨ ᠦᠷ᠎ᠡ ᠪᠦᠳᠦᠭᠡᠯ ᠢ ᠡᠳ᠋ᠯᠡᠭᠦᠯᠵᠡᠢ᠃         ᠮᠠᠨ ᠤ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠠ ᠨᠢ ᠣᠷᠣᠨ ᠨᠣᠳᠤᠭ ᠤᠨ ᠢᠶᠠᠨ ᠴᠡᠭᠡᠨ ᠤ ᠭᠠᠷᠣᠯᠳᠠ ᠶᠢ ᠠᠰᠢᠬᠯᠠᠨ᠂ ︽ᠴᠡᠭᠡᠨ ᠵᠠᠰᠠᠯ︾᠎ ᠤᠨ ᠡᠮᠴᠢᠯᠡᠭᠡ ᠪᠠᠷ ᠡᠯ᠎ᠡ ᠲᠦᠷᠦᠯ ᠤᠨ ᠡᠪᠡᠳᠴᠢᠨ ᠡᠮᠭᠡᠭ ᠢ ᠡᠮᠨᠡᠨ ᠵᠠᠰᠠᠵᠦ᠂ ᠠᠷᠠᠳ ᠤᠯᠠᠨ ᠳᠤ ᠦᠪᠡᠷᠮᠢᠴᠡ ᠤᠨᠴᠠᠯᠢᠭᠲᠦ ᠵᠠᠰᠠᠯ ᠢᠶᠠᠷ ᠦᠢᠯᠡᠴᠢᠯᠡᠵᠦ ᠮᠠᠰᠢ ᠰᠠᠶᠢᠨ ᠦᠷ᠎ᠡ ᠠᠰᠢᠭ ᠤᠯᠤᠭᠰᠠᠨ ᠪᠠᠶᠢᠨ᠎ᠠ᠃ ︽ᠪᠢ ᠴᠡᠭᠡ ᠤᠤᠭᠤᠭᠠᠳ ᠵᠢᠷᠭᠤᠭᠠᠨ ᠡᠳᠦᠷ ᠪᠤᠯᠵᠦ ᠪᠤᠢ︔ ᠡᠨᠡ ᠵᠢᠯ ᠠᠴᠠ ᠡᠬᠢᠯᠡᠨ ᠤᠤᠭᠤᠵᠦ ᠪᠠᠶᠢᠨ᠎ᠠ︔ ᠭᠤᠤᠯᠳᠠᠭᠤ ᠴᠢᠰᠦᠨ ᠲᠠᠷᠤᠯᠳᠠ ᠶᠢᠨ ᠡᠪᠡᠳᠴᠢᠨ ᠢᠶᠠᠨ ᠵᠠᠰᠠᠬᠤ ᠪᠷ ᠤᠤᠭᠤᠵᠦ ᠪᠤᠢ︾ ᠭᠡᠵᠤ ᠮᠠᠯᠴᠢᠨ ᠪᠤᠯᠤᠳ ᠶᠠᠷᠢᠯ᠎ᠠ᠃        ᠣᠶᠢᠯᠠᠭᠠᠬᠰᠠᠨ ᠢᠶᠠᠷ᠂ ᠤᠶᠢᠷ᠎ᠠ ᠶᠢᠨ ᠲᠠᠪᠤᠨ ᠵᠢᠯ ᠤᠨ ᠴᠡᠭᠡᠨ ᠵᠠᠰᠠᠯ ᠤᠨ ᠡᠮᠴᠢᠯᠡᠭᠡᠨ ᠤ ᠪᠠᠶᠢᠳᠠᠯ ᠠᠴᠠ ᠦᠵᠡᠪᠡᠯ᠂ ᠮᠠᠨ ᠤ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶᠠᠨ ᠤ ᠡᠬᠦᠳᠡᠨ ᠡᠮᠨᠡᠯᠭᠡ ᠳᠤ 200᠎ ᠠᠴᠠ 300 ᠰᠢᠬᠠᠮ ᠬᠦᠮᠦᠨ ᠢᠷᠡᠵᠦ ᠦᠵᠡᠬᠦᠯᠦᠨ ᠴᠡᠭᠡ ᠲᠠᠢ ᠡᠮ ᠤᠤᠭᠤᠳᠠᠭ᠂ ᠡᠮᠴᠢᠯᠡᠭᠡᠨ ᠤ ᠦᠢᠯᠡᠳᠦᠯ ᠶᠡᠭᠡ ᠰᠠᠶᠢᠨ ᠪᠠᠶᠢᠵᠦ᠂ ᠢᠯᠠᠩᠭᠤᠶ᠎ᠠ ᠴᠢᠰᠦᠨ ᠲᠠᠷᠤᠯᠳᠠ ᠦᠨᠳᠦᠷ᠂ ᠵᠢᠷᠦᠭᠡᠨ ᠡᠪᠡᠳᠴᠢᠨ᠂ ᠡᠯᠢᠭᠡᠨ ᠤ ᠦᠭᠡᠬᠦᠵᠢᠯ᠂ ᠴᠢᠰᠦᠨ ᠤ ᠦᠬᠡᠬᠦ ᠦᠨᠳᠦᠷ᠂ ᠬᠤᠳᠤᠭᠤᠳᠤᠨ ᠤ ᠤᠳᠠᠭᠠᠨ ᠴᠢᠨᠠᠷᠳᠠᠢ ᠡᠪᠡᠳᠴᠢᠨ ᠳᠤ ᠲᠤᠩ ᠰᠠᠶᠢᠨ ᠦᠢᠯᠡᠳᠦᠯ ᠎ ᠲᠠᠢ ᠪᠠᠶᠢᠳᠠᠭ ᠢᠶᠠᠷ ︽ᠴᠡᠭᠡᠨ ᠵᠠᠰᠠᠯ︾᠎ ᠨᠢ ᠭᠦᠮᠦᠰ ᠤᠨ ᠪᠡᠶ᠎ᠡ ᠴᠢᠭᠢᠷᠠᠬᠵᠢᠭᠤᠯᠬᠤ ᠵᠠᠰᠠᠯ ᠪᠣᠯᠣᠬᠰᠠᠨ ᠪᠠᠶᠢᠨ᠎ᠠ᠃        ᠬᠤᠰᠢᠭᠤ ᠮᠤᠩᠭᠤᠯ ᠡᠮᠨᠡᠯᠭᠡ ᠶᠢᠨ ᠬᠤᠷᠢᠶᠠᠨ ᠤ ᠲᠡᠳ᠋ ᠡᠷᠬᠢᠯᠡᠭᠴᠢ ᠡᠮᠴᠢ ᠠᠯᠮᠠᠰ ︽ᠮᠠᠨ ᠤ ᠮᠤᠩᠭᠤᠯ ᠡᠮᠨᠡᠯᠭᠡ ᠶᠢᠨ ᠬᠤᠷᠢᠶᠠᠨ ᠤ ᠴᠡᠭᠡᠨ ᠵᠠᠰᠠᠯ ᠪᠤᠯ ᠤᠳᠠᠭᠠᠨ ᠬᠤᠭᠤᠴᠠᠭ᠎ᠠ ᠪᠠᠷ ᠬᠢᠵᠤ ᠪᠠᠶᠢᠭ᠎ᠠ  ᠭᠤᠤᠯᠳᠠᠭᠤ ᠵᠢᠷᠦᠭᠡ ᠴᠢᠰᠦᠨ ᠰᠤᠳᠠᠯ ᠤᠨ ᠡᠪᠡᠳᠴᠢᠨ᠂ ᠡᠯᠢᠭᠡᠨ ᠤ ᠡᠪᠡᠳᠴᠢᠨ᠂ ᠬᠤᠳᠤᠭᠤᠳᠤᠨ ᠤ ᠬᠠᠭᠤᠴᠢᠷᠠᠭᠰᠡᠨ ᠡᠪᠡᠳᠴᠢᠨ᠂ ᠢᠯᠠᠩᠭᠤᠶ᠎ᠠ ᠠᠭᠤᠰᠬᠢᠨ ᠰᠦᠷᠢᠶ᠎ᠡ᠂ ᠰᠦᠷᠢᠶᠠᠨ ᠤ ᠴᠢᠨᠠᠷᠳᠠᠢ ᠡᠪᠡᠳᠴᠢᠨ ᠳᠤ ᠡᠮᠴᠢᠯᠡᠭᠡᠨ ᠤ ᠦᠢᠯᠡᠳᠦᠯ ᠶᠡᠭᠡ ᠰᠠᠶᠢᠨ ᠪᠠᠶᠢᠳᠠᠭ︔ ᠪᠢᠳᠡ ᠵᠢᠯ ᠪᠤᠯᠭᠠᠨ ᠵᠢᠷᠭᠤᠭᠠᠨ ᠰᠠᠷ᠎ᠠ ᠶᠢᠨ ᠬᠤᠷᠢᠳ ᠠᠴᠠ ᠲᠤᠯᠤᠭᠠᠨ ᠰᠠᠷ᠎ᠠ ᠶᠢᠨ ᠬᠤᠷᠢᠳ ᠬᠦᠷᠳᠡᠯ᠎ᠡ ᠨᠢᠭᠡ ᠰᠠᠷ᠎ᠠ ᠶᠢᠨ ᠬᠤᠭᠤᠴᠠᠭ᠎ᠠ ᠲᠠᠢ ᠴᠡᠭᠡᠨ ᠵᠠᠰᠠᠯ ᠬᠢᠳᠡᠭ︔ ᠴᠡᠭᠡᠨ ᠵᠠᠰᠠᠯ ᠨᠢ ᠤᠯᠠᠮᠵᠢᠯᠠᠯᠳᠦ ᠵᠠᠰᠠᠯ ᠤᠴᠢᠷ ᠠᠴᠠ ᠪᠢᠳᠡ ᠮᠠᠨ ᠤ ᠮᠤᠩᠭᠤᠯ ᠡᠮ ᠲᠠᠢ ᠪᠠᠨ ᠬᠠᠪᠰᠤᠷᠭᠠᠭᠠᠳ ᠡᠮᠴᠢᠯᠡᠵᠤ ᠪᠠᠶᠢᠨ᠎ᠠ︔ ᠴᠡᠭᠡ ᠨᠢ ᠠᠮᠳᠠᠯᠢᠭ᠂ ᠢᠰᠬᠦᠯᠡᠩ᠂ ᠡᠭᠡᠬᠦᠨ ᠭᠡᠰᠡᠨ ᠭᠤᠷᠪᠠᠨ ᠵᠦᠢᠯ ᠤᠨ ᠠᠮᠲᠠ ᠪᠠᠷ ᠪᠡᠶ᠎ᠡ ᠴᠢᠬᠢᠷᠠᠭᠵᠢᠭᠤᠯᠵᠦ᠂ ᠢᠰᠬᠦᠯᠡᠩ ᠠᠮᠳᠠ ᠪᠠᠷ ᠬᠤᠳᠤᠭᠤᠳᠦ ᠭᠡᠳᠡᠰᠦᠨ ᠤ ᠡᠪᠡᠳᠴᠢᠨ ᠢ ᠵᠠᠰᠠᠵᠦ᠂ ᠡᠭᠡᠬᠦᠨ ᠴᠢᠨᠠᠷ ᠢᠶᠠᠷ ᠴᠢᠰᠦᠨ ᠤ ᠬᠠᠯᠠᠭᠤᠨ ᠢ ᠠᠷᠢᠯᠭᠠᠨ  ᠮᠦᠨᠴᠦ ᠵᠢᠰᠦ ᠭᠤᠸᠠᠯᠢᠭᠵᠢᠭᠤᠯᠬᠤ ᠳᠤ ᠲᠤᠰᠠᠳᠠᠢ ᠪᠠᠶᠢᠳᠠᠭ︾ ᠭᠡᠵᠤ ᠲᠠᠨᠢᠯᠴᠠᠭᠤᠯᠪᠠ᠃         ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ᠂ ᠮᠠᠨ ᠤ ᠬᠤᠰᠢᠭᠤ ᠮᠣᠩᠭᠤᠯ ᠡᠮ ᠡᠮᠨᠡᠯᠭᠡ ᠶᠢᠨ ᠦᠢᠯᠡᠰ ᠢ ᠦᠷᠭᠦᠯᠵᠢᠯᠡᠨ ᠭᠦᠭᠵᠢᠬᠦᠯᠵᠦ᠂ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠪᠦᠬᠦ ᠠᠶᠢᠮᠠᠭ ᠤᠨ ᠮᠣᠩᠭᠤᠯ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠬᠤᠰᠢᠭᠤ ᠰᠢᠶᠠᠨ ᠤ ᠦᠷ᠎ᠡ ᠪᠦᠳᠦᠭᠡᠯ ᠢ ᠪᠠᠬᠢᠵᠢᠭᠦᠯᠵᠦ᠂ ︽ᠬᠤᠶᠠᠳᠤᠭᠠᠷ ᠳᠡᠰ ᠤᠨ ᠬᠥᠬᠡ ᠳᠡᠰ ᠤᠨ ᠦᠨᠳᠦᠰᠦᠲᠡᠨ ᠤ ᠡᠮᠨᠡᠯᠭᠡ ᠶᠢᠨ ᠬᠤᠷᠢᠶ᠎ᠠ︾᠎ ᠶᠢᠨ ᠪᠦᠲᠦᠭᠡᠨ ᠪᠠᠶᠢᠭᠤᠯᠤᠯᠲᠠ ᠪᠠᠷ ᠪᠠᠷᠢᠮᠵᠢᠶ᠎ᠠ ᠪᠣᠯᠭᠠᠨ᠂ ᠮᠣᠩᠭᠤᠯ ᠡᠮ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠢ ᠳᠣᠪᠤᠶᠢᠯᠭᠠᠵᠤ᠂ ︽ᠵᠢᠷᠦᠬᠡᠨ ᠤ ᠡᠪᠡᠳᠴᠢᠨ ᠤ ᠰᠠᠯᠠᠭ᠎ᠠ︾᠂ ︽ᠲᠠᠪᠤᠨ ᠵᠠᠰᠠᠯ ᠤᠨ ᠡᠮᠴᠢᠯᠡᠭᠡᠨ ᠤ ᠰᠠᠯᠠᠭ᠎ᠠ︾ ᠵᠡᠷᠭᠡ ᠠᠶᠢᠮᠠᠭ ᠤᠨ ᠲᠠᠰ ᠤᠨ ᠭᠤᠤᠯᠳᠠᠯᠭᠠᠳᠦ ᠲᠤᠰᠬᠠᠶ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠠᠭᠠᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠶᠡᠬᠡᠪᠡᠷ ᠳᠥᠯᠭᠢᠨ ᠠᠭᠢᠭᠤᠯᠵᠦ᠂ 3534 ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠮᠠᠯᠵᠢᠬᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠳᠠᠭᠠᠳᠬᠠᠯ ᠤᠨ ᠥᠪᠡᠰᠦᠪᠡᠨ ᠲᠣᠰᠢᠶᠠᠬᠤ ᠭᠡᠰᠡᠭ ᠢ ᠣᠷᠣᠯᠠᠨ ᠲᠣᠰᠢᠶᠠᠵᠦ᠂ ᠨᠡᠶᠢᠳᠡ 65.6 ᠲᠦᠮᠡᠨ ᠲᠥᠭᠦᠷᠢᠭ ᠲᠤᠰᠢᠶᠠᠵᠦ᠂ 3514 ᠬᠥᠮᠦᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠷᠡᠭᠦᠯ ᠮᠡᠨᠳᠦ ᠶᠢᠨ ᠬᠤᠳᠠᠯᠳᠤᠭᠠᠨ ᠤ ᠳᠠᠭᠠᠳᠬᠠᠯ ᠢ ᠨᠡᠶᠢᠲᠡ 42.7 ᠲᠦᠮᠡᠨ ᠲᠥᠭᠦᠷᠢᠭ ᠣᠷᠣᠯᠠᠨ ᠲᠣᠰᠢᠶᠠᠵᠦ ᠦᠭᠪᠡ᠃ ᠶᠠᠳᠠᠭᠤ ᠬᠦᠴᠢᠷᠳᠡᠯᠲᠡᠶ ᠤᠳᠠᠭᠠᠨ ᠴᠢᠨᠠᠷ ᠎ ᠤᠨ ᠡᠪᠡᠳᠴᠢᠨ ᠳᠤ ᠨᠡᠷᠪᠡᠭᠳᠡᠭᠰᠡᠳ ᠲᠤ ᠡᠮᠴᠢᠯᠡᠭᠡᠨ ᠤ ᠦᠢᠯᠡᠴᠢᠯᠡᠭᠡ ᠬᠠᠨᠭ᠍ᠭᠠᠬᠠᠣ ᠠᠵᠢᠯᠯᠠᠭ᠎ᠠ ᠦᠷᠨᠢᠭᠦᠯᠵᠦ᠂ ᠨᠡᠶᠢᠲᠡ 2231 ᠬᠥᠮᠦᠨ ᠳᠤ ᠡᠮ ᠬᠦᠷᠭᠡᠵᠦ᠂ ᠡᠮ ᠤᠨ ᠵᠦᠢᠯ ᠤᠨ ᠪᠥᠬᠦ ᠵᠠᠷᠤᠳᠠᠯ 12.2 ᠲᠦᠮᠡᠨ ᠲᠥᠭᠦᠷᠢᠭ ᠲᠤ ᠬᠦᠷᠴᠡᠶ᠃ ᠭᠤᠤᠯᠳᠠᠯᠭ᠎ᠠ ᠲᠠᠢ ᠶᠠᠳᠠᠭᠤ ᠬᠦᠴᠢᠷᠳᠡᠯᠲᠡᠶ ᠬᠥᠮᠦᠰ ᠲᠤ ᠰᠦᠢᠳᠭᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠵᠦ᠂ ᠨᠡᠶᠢᠲᠡ 814 ᠬᠥᠮᠦᠨ ᠳᠤ 29.6 ᠲᠦᠮᠡᠨ ᠲᠥᠭᠦᠷᠢᠭ ᠤᠨ ᠪᠡᠶ᠎ᠡ ᠶᠢᠨ ᠪᠠᠶᠢᠴᠠᠭᠠᠯᠲᠠ ᠬᠢᠵᠠᠢ᠃         ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ᠂ ᠮᠠᠨ ᠤ ᠬᠤᠰᠢᠭᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠥᠬᠦ ᠲᠠᠯ᠎ᠠ ᠎ ᠪᠠᠷ ᠬᠦᠨᠵᠡᠭᠡᠶᠢᠷᠡᠬᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠴᠢᠩᠭᠠᠳᠬᠠᠭᠰᠡᠨ ᠪᠠᠶᠢᠨ᠎ᠠ᠃ ᠮᠤᠩᠭᠤᠯ ᠡᠮᠨᠡᠯᠭᠡ ᠶᠢᠨ ᠬᠤᠷᠢᠶᠠᠨ ᠤ ᠦᠭᠡᠷᠡᠴᠢᠯᠡᠨ ᠪᠠᠶᠢᠭᠤᠯᠬᠤ ᠲᠦᠷᠦᠯ ᠵᠦᠢᠯ᠂ ᠮᠤᠩᠭᠤᠯ ᠡᠮ ᠦᠢᠯᠡᠳᠬᠦ ᠲᠠᠰᠤᠭ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ᠂ ᠣᠩᠭᠤᠨ ᠠᠭᠤᠯᠠ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠰᠢᠨ᠎ᠡ ᠪᠠᠷ ᠪᠠᠶᠢᠭᠤᠯᠬᠤ ᠲᠥᠷᠥᠯ ᠵᠦᠢᠯ᠂ ᠪᠠᠷᠢᠮᠵᠢᠶᠠᠵᠢᠭᠰᠠᠨ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠢᠨ᠎ᠡ ᠪᠠᠷ ᠪᠠᠶᠢᠭᠤᠯᠤᠭᠰᠠᠨ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠲᠦᠯᠦᠪᠯᠡᠭᠡᠳᠦ ᠦᠷᠡᠵᠢᠯ ᠤᠨ ᠦᠢᠯᠡᠴᠢᠯᠡᠭᠡᠨ ᠤ ᠲᠦᠪ ᠤᠨ ᠠᠰᠠᠷ ᠢ ᠠᠰᠢᠭᠯᠠᠯᠲᠠ ᠳᠤ ᠤᠷᠤᠭᠤᠯᠵᠤ᠂ ᠰᠢᠨ᠎ᠡ ᠪᠠᠷ ᠪᠠᠶᠢᠭᠤᠯᠵᠤ ᠪᠠᠶᠢᠭ᠎ᠠ 3500 ᠲᠦᠮᠡᠨ ᠲᠥᠭᠦᠷᠢᠭ ᠤᠨ ᠪᠡᠯᠡ ᠣᠷᠣᠭᠤᠯᠣᠯᠳᠠ ᠲᠠᠢ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠮᠡᠷᠭᠡᠵᠢᠯ ᠤᠨ ᠠᠰᠠᠷ ᠤᠨ ᠭᠤᠤᠯ ᠴᠣᠭᠴᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠨᠢᠭᠡᠨᠳᠡ ᠳᠠᠭᠤᠰᠬᠠᠵᠠᠢ᠃ ᠪᠥᠬᠦ ᠬᠤᠰᠢᠭᠤᠨ ᠳᠤ ᠣᠲᠣ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ 3᠂ ᠰᠤᠮᠤ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ 3᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 1᠂ ᠭᠠᠴᠠᠭᠠᠨ ᠤ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ 42᠂ ᠬᠤᠪᠢ ᠶᠢᠨ ᠡᠮᠴᠢᠯᠡᠭᠡᠨ ᠤ ᠭᠠᠵᠠᠷ 8᠂ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ 300 ᠬᠥᠮᠦᠨ ᠪᠤᠢ᠃ ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ᠂ ᠶᠡᠭᠡ ᠰᠤᠷᠭᠠᠭᠤᠯᠢ ᠲᠤᠮᠳᠠᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ 40 ᠭᠠᠷᠤᠢ ᠰᠤᠷᠤᠭᠴᠢ ᠶᠢ ᠡᠯᠰᠡᠨ ᠬᠡᠷᠡᠭᠯᠡᠬᠦ ᠪᠠ ᠠᠵᠢᠯ ᠬᠤᠪᠢᠶᠠᠷᠢᠯᠠᠵᠤ᠂ ᠣᠣᠯ ᠤᠨ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠦᠷᠳᠡᠭᠡ ᠨᠢ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠪᠣᠯᠵᠤ᠂ ᠮᠣᠩᠭᠤᠯ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠳᠡᠰ ᠤᠨ ᠬᠥᠬᠡ ᠳᠡᠰ ᠤᠨ ᠦᠨᠳᠦᠰᠦᠲᠡᠨ ᠤ ᠡᠮᠨᠡᠯᠭᠡ ᠶᠢᠨ ᠬᠤᠷᠢᠶ᠎ᠠ ᠪᠤᠯᠵᠤ᠂ ᠪᠠᠶᠠᠨᠳᠠᠯ᠎ᠠ ᠪᠠᠯᠭᠠᠰᠤᠨ ᠤ ᠭᠤᠤᠯᠳᠠᠯᠭᠠᠳᠦ ᠡᠮᠨᠡᠯᠭᠡ ᠶᠢᠨ ᠬᠤᠷᠢᠶ᠎ᠠ ᠨᠢ ᠨᠢᠭᠡᠳᠤᠭᠡᠷ ᠲᠦᠷᠦᠯ ᠤᠨ ᠨᠢᠭᠡᠳᠦᠭᠡᠷ ᠳᠡᠰ ᠤᠨ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠦᠨᠡᠯᠡᠭᠳᠡᠵᠡᠢ᠃         ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ᠂ ᠮᠠᠨ ᠤ ᠬᠤᠰᠢᠭᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠶᠢ ᠠᠯᠬᠤᠮ ᠠᠯᠬᠤᠮ ᠢᠶᠠᠷ ᠠᠳᠠᠯᠢ ᠲᠡᠭᠰᠢ ᠪᠣᠯᠭᠠᠬᠤ ᠶᠢ ᠠᠬᠢᠭᠤᠯᠵᠦ᠂ 6900 ᠭᠠᠷᠤᠶ ᠮᠠᠯᠴᠢᠳ ᠲᠤ ᠰᠦᠢᠳᠭᠡᠯ ᠬᠤᠷᠢᠶᠠᠬᠤ ᠦᠭᠡᠢ ᠪᠠᠷ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ ᠥᠭᠴᠡᠶ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠵᠦ ᠠᠪᠤᠷᠠᠨ ᠵᠠᠰᠠᠬᠤ ᠰᠢᠰᠲ᠋ᠧᠮ ᠢ ᠤᠯᠠᠮ ᠨᠢᠭᠡ ᠠᠯᠬᠤᠮ ᠲᠡᠬᠦᠯᠳᠡᠷᠵᠢᠬᠦᠯᠵᠦ᠂ ᠬᠤᠯᠤᠭᠠᠨ᠎ᠠ ᠶᠢᠨ ᠬᠢᠵᠢᠭ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠂ ᠰᠦᠷᠢᠶ᠎ᠡ ᠡᠪᠡᠳᠴᠢᠨ ᠵᠡᠷᠭᠡ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨᠬᠦ ᠠᠳᠬᠤᠵᠤ᠂ ᠡᠯ᠎ᠡ ᠡᠮᠴᠢᠯᠡᠭᠡᠨ ᠤ ᠪᠠᠶᠢᠭᠤᠯᠤᠮᠵᠢ ᠲᠣᠭᠲᠠᠭᠠᠯ ᠶᠣᠰᠣᠭᠠᠷ ᠬᠠᠯᠳᠠᠪᠤᠷᠢᠲᠤ ᠡᠪᠡᠳᠴᠢᠨ ᠢ ᠣᠨᠣᠰᠢᠯᠠᠨ ᠡᠮᠨᠡᠬᠦ ᠦᠢᠯᠡᠴᠢᠯᠡᠭᠡ ᠥᠷᠨᠢᠭᠦᠯᠵᠦ᠂ ᠡᠮ ᠡᠮᠨᠡᠯᠭᠡ ᠶᠢᠨ ᠪᠠᠶᠢᠭᠤᠯᠤᠮᠵᠢ ᠴᠥᠮ ᠤᠷᠢᠳᠴᠢᠯᠠᠨ ᠪᠠᠶᠢᠴᠠᠭᠠᠬᠤ ᠬᠤᠪᠢᠶᠠᠷᠢ ᠡᠮᠴᠢᠯᠡᠭᠡᠨ ᠤ ᠲᠠᠰᠤᠭ᠂ ᠬᠠᠯᠠᠭᠤᠷᠠᠬᠰᠠᠨ ᠡᠪᠡᠳᠴᠢᠨ ᠢ ᠡᠮᠨᠡᠬᠦ ᠲᠠᠰᠤᠭ ᠪᠠ ᠲᠣᠭᠤᠷᠢᠨ ᠦᠵᠡᠬᠦ ᠲᠠᠰᠤᠭ ᠭᠠᠷᠭᠠᠬᠤ ᠶᠢᠨ ᠳᠠᠭᠠᠤ ᠡᠮᠨᠡᠯᠭᠡ ᠶᠢᠨ ᠠᠵᠢᠯᠲᠠᠨ᠂ ᠠᠪᠤᠷᠠᠨ ᠵᠠᠰᠠᠬᠤ ᠡᠮᠴᠢᠯᠡᠭᠡᠨ ᠤ ᠲᠥᠬᠦᠭᠡᠷᠦᠮᠵᠢ᠂ ᠳᠠᠷᠤᠯᠲᠠᠲᠤ ᠠᠪᠤᠷᠠᠨ ᠲᠤᠰᠠᠯᠠᠬᠤ ᠲᠡᠷᠭᠡ ᠶᠢ ᠪᠦᠷᠢᠨ ᠲᠣᠬᠢᠷᠠᠭᠤᠯᠤᠭᠰᠠᠨ ᠪᠠᠶᠢᠨ᠎ᠠ᠃ ᠡᠮᠨᠡᠯᠭᠡ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠤᠯᠪᠠᠰᠤᠷᠠᠯ ᠢ ᠲᠠᠰᠤᠷᠠᠯᠲᠠ ᠦᠭᠡᠢ ᠴᠢᠩᠭᠠᠳᠬᠠᠨ᠂ ᠣᠨᠣᠰᠢᠯᠠᠬᠤ᠂ ᠡᠮᠨᠡᠨ ᠵᠠᠰᠠᠬᠤ᠂ ᠡᠵᠡᠮᠳᠡᠬᠦ ᠪᠠ ᠢᠯᠡᠷᠡᠭᠦᠯᠬᠦ᠂ ᠮᠡᠳᠡᠭᠦᠯᠭᠦ ᠬᠠᠮᠢᠶᠠᠷᠤᠯᠲᠠ ᠶᠢ ᠲᠡᠬᠦᠯᠳᠡᠷᠵᠢᠬᠦᠯᠪᠡ᠃ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠯᠳᠠᠪᠤᠷᠢᠲᠤ ᠡᠪᠡᠳᠴᠢᠨ ᠢ ᠡᠳᠦᠷ ᠲᠤᠳᠤᠮ ᠤᠨ ᠬᠢᠨᠠᠨ ᠬᠡᠮᠵᠢᠬᠦ ᠪᠠ ᠰᠢᠭᠤᠳ ᠮᠡᠳᠡᠭᠦᠯᠬᠦ ᠲᠦ᠋ᠷᠢᠮ ᠤᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠵᠤ᠂ ᠡᠯ᠎ᠡ ᠲᠦ᠋ᠷᠦᠯ ᠤᠨ ᠬᠠᠯᠳᠠᠪᠤᠷᠢᠲᠤ ᠡᠪᠡᠳᠴᠢᠨ ᠤ ᠳᠡᠯᠭᠡᠷᠡᠬᠦ ᠶᠢ ᠪᠦᠳᠦᠮᠵᠢᠳᠡᠢ ᠬᠤᠷᠢᠭᠯᠠᠪᠠ᠃        ᠠᠷᠪᠠᠨ ᠲᠦᠷᠪᠡᠳᠤᠭᠡᠷ ᠲᠠᠪᠤᠨ ᠵᠢᠯ ᠤᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠮᠠᠨ ᠤ ᠬᠤᠰᠢᠭᠤ ᠎ ᠨᠢ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠬᠦᠴᠦᠯᠡᠴᠡ ᠪᠠᠨ ᠴᠢᠩᠭᠠᠳᠬᠠᠵᠦ᠂ ᠡᠮ ᠡᠮᠴᠢᠯᠡᠭᠡᠨ ᠤ ᠦᠢᠯᠡᠴᠢᠯᠡᠭᠡᠨ ᠤ ᠶᠠᠰᠦ ᠴᠢᠨᠠᠷ ᠢᠶᠠᠨ ᠤᠯᠠᠮ ᠲᠡᠭᠡᠭᠰᠢᠯᠡᠬᠦᠯᠵᠦ᠂ ︽ᠡᠷᠡᠬᠦᠯ ᠡᠩᠭᠡ ᠬᠦᠪᠡᠭᠡᠳᠦ ᠰᠢᠷ᠎ᠠ ᠬᠤᠰᠢᠭᠤ︾ ᠎ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠵᠦ᠂ ᠮᠤᠩᠭᠤᠯ ᠡᠮ ᠡᠮᠨᠡᠯᠭᠡ ᠶᠢᠨ ᠦᠢᠯᠡᠰ ᠤᠨ ᠭᠦᠭᠵᠢᠯᠳᠡ ᠶᠢ ᠲᠤᠪᠤᠶᠢᠮ᠎ᠠ ᠠᠳᠬᠤᠵᠦ᠂ ᠭᠤᠤᠯᠳᠠᠯᠭᠠᠳᠦ ᠲᠦᠷᠦᠯ ᠵᠦᠢᠯ ᠤᠨ ᠪᠠᠶᠢᠭᠤᠯᠤᠯᠳᠠ ᠶᠢ ᠲᠦᠯᠬᠢᠨ ᠠᠬᠢᠭᠤᠯᠵᠦ᠂ ᠪᠦᠬᠦ ᠬᠤᠰᠢᠭᠤᠨ ᠤ ᠡᠮ ᠡᠮᠴᠢᠯᠡᠭᠡᠨ ᠤ ᠦᠢᠯᠡᠰ ᠤᠨ ᠭᠦᠭᠵᠢᠯᠳᠡ ᠶᠢ ᠠᠬᠢᠭᠤᠯᠬᠤ ᠪᠠᠷ ᠴᠢᠷᠮᠠᠶᠢᠵᠦ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号