ᠠᠷᠪᠠᠨ ᠭᠤᠷᠪᠠᠳᠤᠭᠠᠷ ᠲᠠᠪᠤᠨ ᠵᠢᠯ ᠤᠨ ᠠᠮᠵᠢᠯᠲᠠ ᠪᠦᠲᠦᠭᠡᠯ ᠤᠨ ᠡᠷᠬᠢᠴᠡᠬᠦᠯᠦᠯ ︵ᠲᠥᠷᠪᠡ︶
ᠨᠡᠶᠢᠲᠡᠯᠡᠭᠰᠡᠨ ᠴᠠᠭ᠄
2021/8/31
       ᠬᠤᠯᠠ ᠤᠶᠢᠷ᠎ᠠ ᠳᠤ ᠠᠯᠳᠠᠷᠰᠢᠭ᠎ᠠ ︽ ᠬᠤᠤᠰ  ᠴᠠᠬᠠᠷ︾ ᠠᠵᠤ ᠦᠶᠯᠡᠰ        ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ᠂ ᠬᠦᠪᠡᠭᠡᠳᠦ ᠰᠢᠷ᠎ᠠ ᠬᠤᠰᠢᠭᠤ ︽ᠴᠠᠬᠠᠷ ᠬᠤᠨᠢ᠂ ᠴᠠᠬᠠᠷ ᠴᠠᠭᠠᠨ ᠢᠳᠡᠭᠡᠨ︾᠎ ᠤ ᠠᠵᠤ ᠦᠢᠯᠡᠰ ᠢ ᠬᠦᠭᠵᠢᠬᠦᠯᠵᠣ᠂ ᠤᠯᠠᠮᠵᠢᠯᠠᠯᠳᠦ ᠴᠠᠭᠠᠨ ᠢᠳᠡᠭᠡ ᠪᠠ ᠴᠠᠬᠠᠷ ᠬᠤᠨᠢᠨ ᠤ ᠠᠵᠦ ᠦᠢᠯᠡᠰ ᠢ ᠭᠦᠭᠵᠢᠬᠦᠯᠦᠨ ᠪᠤᠵᠠᠭᠠᠶᠢᠷᠠᠭᠤᠯᠤᠭᠰᠡᠨ ᠢᠶᠠᠷ᠂ ︽ᠬᠤᠤᠰ ᠴᠠᠠᠬᠷ︾ ᠠᠵᠤ ᠦᠢᠯᠡᠰ ᠨᠢ ᠲᠤᠰ ᠬᠤᠰᠢᠭᠤᠨ ᠤ ᠠᠷᠠᠳ ᠢ ᠪᠠᠶᠠᠵᠢᠭᠤᠯᠬᠤ ᠴᠢᠬᠤᠯᠠ ᠠᠵᠦ ᠦᠢᠯᠡᠰ᠂  ᠠᠵᠦ ᠠᠬᠤᠢ ᠨᠡᠶᠢᠭᠡᠮ ᠎ ᠤᠨ ᠴᠢᠨᠠᠷ ᠰᠠᠶᠢᠳᠠᠢ ᠭᠦᠭᠵᠢᠯᠳᠡ ᠶᠢᠨ ᠴᠢᠬᠤᠯᠠ ᠲᠤᠯᠭᠠᠭᠤᠷᠢ ᠪᠤᠯᠵᠠᠢ᠃        ᠬᠦᠪᠡᠭᠡᠳᠦ ᠰᠢᠷ᠎ᠠ ᠬᠤᠰᠢᠭᠤᠨ ᠤ  ︽ᠠᠩᠭᠢᠷ ᠴᠠᠭᠠᠨ ᠢᠳᠡᠭᠡᠨ ᠤ ᠳᠡᠯᠭᠡᠭᠦᠷ︾  ᠎ ᠤᠨ ᠡᠵᠡᠨᠳᠡᠨ  ᠢᠷᠭᠤᠢ᠂ 2013 ᠣᠨ ᠠᠴᠠ ᠡᠬᠢᠯᠡᠨ ᠰᠢᠨᠡᠪᠤᠯᠠᠭ ᠪᠠᠯᠭᠠᠰᠤᠨ ᠳᠤ ᠴᠠᠭᠠᠨ ᠢᠳᠡᠭᠡᠨ ᠤ ᠲᠡᠯᠭᠡᠭᠦᠷ ᠢᠶᠠᠨ ᠨᠡᠬᠡᠬᠡᠵᠣ ᠂ ᠡᠳᠦᠷ ᠲᠤ 1500 ᠵᠢᠩ ᠰᠢᠨ᠎ᠡ ᠰᠦ ᠬᠤᠳᠠᠯᠳᠤᠨ ᠠᠪᠴᠤ ᠡᠳ᠋ᠰᠢᠭᠦᠯᠵᠦ᠂ ᠲᠡᠯᠬᠡᠬᠦᠷ ᠲᠤ ᠪᠠᠨ ᠭᠤᠣᠯᠳᠠᠭᠤ ᠬᠤᠷᠤᠳ᠂ ᠴᠣᠷ᠎ᠠ᠂ ᠪᠢᠰᠢᠯᠠᠭ᠂ ᠥᠷᠥᠮ᠎ᠡ᠂ ᠰᠢᠷ᠎ᠠ ᠲᠣᠰᠣ ᠵᠡᠷᠭᠡ ᠬᠤᠷᠢ ᠭᠠᠷᠤᠶ ᠵᠦᠶᠯ ᠤᠨ ᠤᠯᠠᠮᠵᠢᠯᠠᠯᠲᠤ ᠴᠠᠭᠠᠨ ᠢᠳᠡᠬᠡᠨ᠂ ᠲᠦᠳᠠ᠂ ᠰᠦᠨ ᠰᠢᠬᠢᠷ ᠵᠡᠷᠭᠡ ᠰᠤᠯᠠ ᠢᠳᠡᠭᠡᠨ ᠵᠢᠴᠢ ᠪᠣᠷᠴᠠ᠂ ᠬᠠᠨᠳᠠ ᠴᠠᠶ ᠵᠡᠷᠭᠡ ᠦᠨᠳᠦᠰᠦᠲᠡᠨ ᠤ ᠣᠨᠴᠠᠯᠢᠭᠲᠤ ᠪᠦᠲᠦᠭᠡᠭᠳᠡᠬᠦᠨ ᠢ ᠪᠣᠷᠣᠯᠠᠭᠤᠯᠵᠣ᠂  ᠵᠢᠯ ᠤᠨ ᠪᠣᠷᠣᠯᠠᠭᠤᠯᠭ᠎ᠠ ᠶᠢᠨ ᠬᠡᠮᠵᠢᠶ᠎ᠡ ᠨᠢ 100 ᠲᠦᠮᠡᠨ ᠲᠥᠭᠦᠷᠢᠭ ᠲᠤ ᠬᠦᠷᠴᠦ᠂ ᠴᠡᠪᠡᠷ ᠠᠰᠢᠭ ᠤᠷᠤᠯᠭ᠎ᠠ ᠨᠢ 30 ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ᠃        ︽ᠮᠠᠨ ᠤ ᠬᠤᠰᠢᠭᠤᠨ ᠠᠴᠠ ᠴᠠᠭᠠᠨ ᠢᠳᠡᠬᠡᠨ ᠤ ᠦᠢᠯᠡᠰ ᠢ ᠶᠡᠬᠡᠪᠡᠷ ᠲᠡᠮᠵᠢᠵᠣ ᠪᠠᠶᠢᠨ᠎ᠠ︔ ᠠᠷᠠᠳ ᠎ ᠢᠶᠠᠨ ᠪᠠᠶᠠᠯᠢᠬᠵᠢᠭᠤᠯᠬᠤ ᠭᠤᠣᠯ ᠠᠵᠢᠯ ᠲᠦᠷᠣᠯ ᠪᠣᠯᠭᠠᠨ ᠦᠵᠡᠵᠣ᠂ ᠨᠢᠳᠣᠨᠣᠨ ᠦᠨᠳᠣᠰᠣᠳᠠᠨ ᠤ ᠣᠯᠠᠮᠵᠢᠯᠠᠯᠳᠣ ᠴᠠᠭᠠᠨ ᠢᠳᠡᠬᠡᠨ ᠤ ᠠᠵᠣ ᠦᠢᠯᠡᠰ ᠤᠨ ᠲᠣᠭᠤᠷᠢᠭ ᠢ ᠪᠠᠶᠢᠭᠤᠯᠤᠭᠰᠠᠨ︔ ᠠᠵᠤ ᠦᠢᠯᠡᠰ ᠤᠨ ᠲᠤᠭᠤᠷᠢᠭ ᠲᠤ ᠤᠷᠤᠭᠰᠠᠨ ᠠᠴᠠ ᠬᠦᠮᠣᠨ ᠤ ᠬᠦᠴᠣᠨ ᠳᠤ ᠠᠷᠪᠢᠲᠠᠢ᠂ ᠢᠳᠡᠬᠡᠨ ᠤ ᠠᠮᠣᠷ ᠲᠦᠪᠰᠢᠨ ᠤ ᠲᠠᠯ᠎ᠠ ᠪᠠᠷ ᠣᠯᠠᠮ ᠶᠡᠭᠡ ᠪᠠᠳᠣᠯᠠᠭ᠎ᠠ ᠲᠠᠢ ᠪᠣᠯᠣᠬᠰᠠᠨ︔ ᠪᠠᠭᠠᠵᠢ ᠲᠦᠬᠦᠬᠡᠷᠣᠮᠵᠢ᠂ ᠮᠠᠰᠢᠨ ᠲᠦᠬᠦᠬᠡᠷᠣᠮᠵᠢ ᠶᠢ ᠬᠤᠰᠢᠭᠤᠨ ᠠᠴᠠ ᠪᠢᠳᠠᠨ ᠎ ᠳᠤ ᠢᠵᠢ ᠪᠦᠷᠢᠯᠳᠣᠬᠦᠯᠵᠣ ᠦᠭᠬᠦᠭᠰᠠᠨ ᠪᠦᠭᠡᠳ ᠲᠦᠷᠢᠶᠠᠰᠣᠨ ᠮᠦᠩᠬᠦ ᠠᠪᠣᠭ᠎ᠠ ᠦᠬᠡᠢ︔ ᠮᠠᠨ ᠤ ᠬᠤᠰᠢᠭᠤ ᠨᠢ ᠪᠠᠰᠠ ᠵᠢᠯ ᠪᠣᠯᠭᠠᠨ ᠴᠠᠭᠠᠨ ᠢᠳᠡᠬᠡᠨ ᠤ ᠣᠷᠣᠯᠳᠣᠭᠠᠨ᠂ ᠪᠣᠯᠪᠠᠰᠣᠷᠠᠯ ᠢ ᠲᠠᠰᠣᠷᠠᠯᠳᠠ ᠦᠬᠡᠢ ᠬᠢᠵᠣ᠂ ᠴᠠᠭᠠᠨ ᠢᠳᠡᠭᠡᠨ ᠤ ᠦᠢᠯᠡᠰ ᠢ ᠶᠡᠬᠡᠪᠡᠷ ᠲᠦᠯᠬᠢᠨ ᠠᠬᠢᠭᠤᠯᠣᠬᠰᠠᠨ ᠪᠠᠶᠢᠨ᠎ᠠ︔ ᠵᠠᠯᠠᠭᠤ ᠦᠢᠯᠡᠰ ᠪᠣᠰᠬᠠᠬᠴᠢ ᠪᠣᠯᠣᠬᠰᠠᠨ ᠎ ᠤ ᠬᠤᠪᠢ ᠳᠤ ᠬᠤᠵᠢᠮ ᠬᠤᠶᠢᠰᠢᠳᠠ ᠪᠢ ᠬᠦᠪᠡᠬᠡᠳᠣ ᠰᠢᠷ᠎ᠡ ᠬᠤᠰᠢᠭᠤᠨ ᠤ ᠪᠠᠨ ᠴᠠᠭᠠᠨ ᠢᠳᠡᠭᠡ ᠶᠢ ᠣᠯᠠᠮ ᠢᠯᠡᠬᠦᠦ ᠭᠠᠳᠠᠬᠰᠢ ᠪᠠᠨ ᠣᠬᠠᠭᠤᠯᠵᠣ᠂ ᠬᠦᠪᠡᠬᠡᠳᠣ ᠰᠢᠷ᠎ᠡ ᠬᠤᠰᠢᠭᠤ ᠪᠠᠨ ᠨᠡᠩ ᠣᠯᠠᠨ ᠬᠦᠮᠣᠨ ᠳᠤ ᠲᠠᠨᠢᠯᠴᠠᠭᠤᠯᠣᠶ᠎ᠠ ᠬᠡᠵᠣ ᠪᠣᠳᠣᠵᠣ ᠪᠠᠶᠢᠨ᠎ᠠ︾ ᠭᠡᠵᠤ ᠠᠩᠬᠢᠷ ᠴᠠᠭᠠᠨ ᠢᠳᠡᠬᠡᠨ ᠤ ᠲᠡᠯᠬᠡᠬᠦᠷ ᠤᠨ ᠡᠵᠡᠨᠳᠡᠨ  ᠢᠷᠭᠤᠢ ᠪᠠᠶᠠᠷᠲᠠᠶᠢᠬᠠᠨ ᠶᠠᠷᠢᠵᠤ ᠪᠠᠶᠢᠯ᠎ᠠ᠃        ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ᠂ ᠬᠦᠪᠡᠭᠡᠳᠦ ᠰᠢᠷ᠎ᠠ ᠬᠤᠰᠢᠭᠤ ᠪᠥᠬᠦ ᠣᠷᠣᠨ ᠤ ᠴᠠᠭᠠᠨ ᠢᠳᠡᠬᠡᠨ ᠤ ᠦᠶᠯᠡᠰ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠳᠬᠤᠵᠤ᠂ ︽ᠲᠠᠪᠤ ᠶᠢ ᠨᠢᠭᠡ ᠴᠣᠭᠴᠠᠵᠢᠭᠤᠯᠬᠤ︾᠂ ︽ᠳᠥᠷᠪᠡ ᠶᠢ ᠨᠢᠭᠡᠳᠬᠡᠬᠦ︾᠂ ︽ᠬᠤᠶᠠᠷ ᠵᠠᠭᠪᠤᠷ︾᠂ ︽ᠨᠢᠭᠡ ᠨᠠᠷᠠᠲᠤ ᠲᠡᠮᠳᠡᠭᠲᠦ︾᠎ ᠶᠢᠨ ᠠᠵᠤ ᠦᠶᠯᠡᠰ ᠤᠨ ᠬᠥᠭᠵᠢᠯᠲᠡ ᠶᠢᠨ ᠰᠡᠳᠬᠢᠴᠡ ᠶᠢ ᠲᠣᠭᠲᠠᠭᠠᠵᠤ᠂ ︽ᠴᠠᠭᠠᠨ ᠢᠳᠡᠬᠡᠨ ᠤ ᠨᠣᠳᠤᠭ︾᠎ ᠤᠨ ᠨᠡᠷ᠎ᠡ ᠲᠡᠮᠳᠡᠭ ᠢ ᠠᠯᠳᠠᠷᠰᠢᠭᠤᠯᠵᠤ᠂ 4000 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠦᠪᠡᠭᠡᠳᠦ ᠰᠢᠷ᠎ᠠ ᠬᠤᠰᠢᠭᠤᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠶᠯᠡᠰ ᠤᠨ ᠲᠣᠭᠤᠷᠢᠭ ᠢ ᠪᠠᠶᠢᠭᠤᠯᠵᠤ᠂ ᠲᠤᠰ ᠲᠤᠭᠤᠷᠢᠭ ᠲᠤ ᠪᠠᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠭᠠᠷ ᠦᠶᠯᠡᠳᠬᠡᠯ ᠤᠨ 38 ᠡᠷᠦᠭᠡ ᠶᠢ ᠪᠠᠭᠳᠠᠭᠠᠨ᠂ ᠦᠢᠯᠡᠳᠭᠡᠯ ᠤᠨ ᠲᠠᠰᠤᠭ ᠎ ᠨᠢ ᠴᠠᠭᠠᠨ ᠢᠳᠡᠭᠡᠨ ᠤ ᠵᠢᠷᠤᠮᠵᠢᠭᠰᠠᠨ ᠦᠶᠯᠡᠳᠪᠦᠷᠢᠯᠡᠯ ᠤᠨ ᠪᠠᠷᠢᠮᠵᠢᠶ᠎ᠠ  ᠶᠤᠰᠤᠭᠠᠷ ︽ᠳᠥᠷᠪᠡᠨ ᠲᠣᠭᠤᠷᠢᠭ ᠨᠢᠭᠡ ᠲᠠᠰᠤᠭ︾᠂ ᠳᠠᠷᠤᠢ ᠢᠰᠬᠡᠬᠦ ᠲᠣᠭᠤᠷᠢᠭ᠂ ᠡᠳ᠋ᠰᠢᠭᠦᠯᠬᠦ ᠲᠣᠭᠤᠷᠢᠭ᠂ ᠬᠠᠳᠠᠭᠠᠬᠤ ᠲᠣᠭᠤᠷᠢᠭ᠂ ᠪᠣᠭᠤᠳᠠᠯᠯᠠᠬᠤ ᠲᠣᠭᠤᠷᠢᠭ ᠪᠠ ᠬᠤᠪᠴᠠᠰᠤ ᠰᠣᠯᠢᠬᠤ ᠲᠠᠰᠤᠭ ᠢ ᠪᠠᠶᠢᠭᠤᠯᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠶᠯᠡᠰ ᠤᠨ ᠲᠣᠭᠤᠷᠢᠭ ᠎ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠪᠠ᠃        ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ᠂ ᠬᠦᠪᠡᠭᠡᠳᠦ ᠰᠢᠷ᠎ᠠ ᠬᠤᠰᠢᠭᠤ 893 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ 11 ᠳᠤᠮᠳᠠ ᠪᠠᠭ᠎ᠠ ᠲᠠᠯᠠᠪᠠᠢ ᠪᠠ 20 ᠴᠠᠭᠠᠨ ᠢᠳᠡᠭᠡᠨ ᠤ ᠵᠢᠵᠢᠭ ᠦᠢᠯᠡᠳᠬᠡᠯ ᠤᠨ ᠡᠷᠦᠭᠡ ᠳᠤ ᠥᠭᠡᠷᠡᠴᠢᠯᠡᠯᠲᠡ ᠬᠢᠵᠦ᠂ ᠰᠢᠨ᠎ᠡ ᠽᠢᠯᠠᠨᠳ᠋ ᠠᠴᠠ 120 ᠰᠠᠭᠠᠯᠢ ᠶᠢᠨ ᠦᠨᠢᠶ᠎ᠡ ᠣᠷᠣᠭᠤᠯᠪᠠ᠃ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠰᠡᠭᠦᠯᠴᠢ ᠶᠢᠨ ᠬᠤᠭᠤᠴᠠᠭᠠᠨ ᠳᠤ᠂ ᠪᠥᠬᠦ ᠬᠤᠰᠢᠭᠤᠨ ᠤ ᠦᠨᠡᠮᠯᠡᠯ ᠲᠠᠢ ᠭᠠᠷ ᠦᠶᠯᠡᠳᠬᠡᠯ ᠤᠨ ᠭᠠᠵᠠᠷ 160 ᠭᠠᠷᠤᠶ ᠡᠷᠦᠬᠡ ᠳᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾᠎ ᠤᠨ ᠰᠡᠭᠦᠯᠴᠢ ᠠᠴᠠ 100 ᠣᠷᠴᠢᠮ ᠡᠷᠦᠭᠡ ᠨᠡᠮᠡᠭᠳᠡᠪᠡ᠃        ᠬᠦᠪᠡᠭᠡᠳᠦ ᠰᠢᠷ᠎ᠠ ᠬᠤᠰᠢᠭᠤᠨ ᠳᠤ᠂ ᠦᠨᠳᠦᠰᠦᠲᠡᠨ ᠤ ᠤᠯᠠᠮᠵᠢᠯᠠᠯᠳᠦ ᠴᠠᠭᠠᠨ ᠢᠳᠡᠭᠡᠨ ᠤ ᠠᠵᠢᠯ ᠦᠢᠯᠡᠰ ᠡᠷᠬᠢᠯᠡᠵᠦ ᠪᠠᠶᠢᠭ᠎ᠠ 2000 ᠰᠢᠬᠠᠮ ᠬᠦᠮᠦᠨ ᠪᠠᠶᠢᠵᠣ᠂ ᠣᠳᠣᠬᠠᠨ ᠳᠤ ᠴᠠᠭᠠᠨ ᠢᠳᠡᠭᠡᠨ ᠤ ᠦᠢᠯᠡᠰ ᠡᠷᠬᠢᠯᠡᠭᠰᠡᠳ ᠤᠨ ᠵᠢᠯ ᠤᠨ ᠬᠥᠮᠦᠨ ᠳᠤᠮᠳᠠᠴᠢ ᠴᠡᠪᠡᠷ ᠤᠷᠤᠯᠭ᠎ᠠ ᠨᠢ 3 ᠲᠦᠮᠡᠨ ᠲᠥᠭᠦᠷᠢᠭ ᠳᠤ ᠬᠦᠷᠴᠣ᠂ ᠴᠠᠭᠠᠨ ᠢᠳᠡᠭᠡ ᠪᠤᠷᠤᠯᠠᠭᠤᠯᠤᠭᠴᠢᠳ ᠪᠠ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠠᠵᠢᠯᠳᠠᠨ ᠤ ᠵᠢᠯ ᠤᠨ ᠬᠥᠮᠦᠨ ᠪᠦᠷᠢ ᠶᠢᠨ ᠳᠤᠮᠳᠠᠴᠢ ᠴᠡᠪᠡᠷ ᠠᠰᠢᠭ ᠤᠷᠤᠯᠭ᠎ᠠ ᠨᠢ 1.5 ᠲᠦᠮᠡᠨ ᠲᠥᠭᠦᠷᠢᠭ  ᠎ ᠳᠤ ᠬᠦᠷᠴᠦ᠂ ᠤᠳᠤ ᠎ ᠶᠢᠨ ᠦᠨ᠎ᠡ ᠬᠠᠩᠰᠢ ᠪᠠᠷ ᠪᠤᠳᠤᠪᠠᠯ᠂ ᠴᠠᠭᠠᠨ ᠢᠳᠡᠭᠡᠨ ᠤ ᠠᠵᠤ ᠦᠢᠯᠡᠰ ᠤᠨ ᠵᠢᠯ ᠤᠨ ᠦᠢᠯᠡᠳᠬᠦᠨ ᠤ ᠦᠷᠳᠡᠭ ᠎ ᠨᠢ 8000 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ ᠮᠠᠯᠴᠢᠳ ᠤᠨ ᠤᠷᠤᠯᠭ᠎ᠠ ᠨᠡᠮᠡᠭᠳᠡᠵᠦ᠂ ᠪᠣᠳᠠᠲᠤ ᠠᠰᠢᠭ  ᠬᠦᠷᠳᠡᠭᠰᠡᠨ ᠪᠠᠶᠢᠨ᠎ᠠ᠃        ᠰᠢᠯᠢ ᠶᠢᠨ ᠭᠤᠤᠯ ᠠᠶᠢᠮᠠᠭ ᠤᠨ 16 ᠳ᠋ᠤᠭᠠᠷ ᠬᠤᠭᠤᠴᠠᠭᠠᠨ ᠤ ᠦᠨᠢᠷ ᠰᠦᠷᠦᠭ ᠤᠨ ᠰᠢᠯᠭᠠᠷᠠᠭᠤᠯᠤᠯᠲᠠ ᠎ ᠳᠤ᠂ ᠬᠦᠪᠡᠭᠡᠳᠦ ᠰᠢᠷ᠎ᠠ ᠬᠤᠰᠢᠭᠤᠨ ᠤ ᠪᠣᠭᠳᠠ ᠶᠢᠨ ᠭᠤᠤᠯ ᠰᠤᠮᠤᠨ ᠤ ᠪᠠᠶᠠᠨᠴᠠᠭᠠᠨ ᠭᠠᠴᠠᠭᠠᠨ ᠤ ᠮᠠᠯᠴᠢᠨ ᠬᠠᠰᠧᠴᠢᠷ ᠤᠨ ᠴᠠᠬᠠᠷ ᠰᠢᠳᠦᠯᠡᠩ ᠬᠤᠴᠠ᠂ ᠴᠠᠬᠠᠷ ᠰᠢᠳᠦᠯᠡᠩ ᠡᠮ᠎ᠡ ᠬᠤᠨᠢ ᠨᠢᠭᠡᠳᠤᠭᠡᠷ ᠲᠡᠰ ᠲᠤ  ᠤᠷᠤᠵᠦ᠂ ᠠᠩᠬ᠎ᠠ ᠤᠳᠠᠭ᠎ᠠ ᠨᠢᠭᠡ ᠬᠡᠷ ᠪᠦᠯᠢ ᠶᠢᠨ ᠴᠠᠬᠠᠷ ᠬᠤᠨᠢ ︽ᠬᠤᠤᠰ ᠲᠡᠷᠢᠬᠦᠨ︾ ᠱᠠᠩᠨᠠᠯ ᠢ ᠬᠦᠷᠳᠡᠨ᠂ ᠬᠤᠰᠢᠭᠤ ᠨᠤᠳᠤᠭ ᠤᠨ ᠢᠶᠠᠨ ᠴᠠᠬᠠᠷ ᠬᠤᠨᠢᠨ ᠤ ᠠᠵᠦ ᠦᠢᠯᠡᠰ ᠤᠨ ᠬᠦᠭᠵᠢᠯᠳᠡ ᠳᠤ ᠢᠷᠠᠭᠤ ᠠᠯᠳᠠᠷ ᠨᠡᠮᠡᠷᠢᠯᠡᠭᠰᠡᠨ ᠪᠠᠶᠢᠨ᠎ᠠ         ︽ᠡᠨᠡ ᠤᠳᠠᠭᠠᠨ ᠤ ᠠᠶᠢᠮᠠᠭ ᠤᠨ ᠤᠷᠤᠯᠳᠤᠭᠠᠨ ᠳᠤ ᠮᠢᠨᠤ ᠰᠢᠳᠤᠯᠡᠩ ᠬᠤᠴᠠ ᠪᠠ ᠰᠢᠳᠤᠯᠡᠩ ᠡᠮ᠎ᠡ ᠬᠤᠨᠢ ᠴᠠᠬᠠᠷ ᠬᠤᠨᠢᠨ ᠤ ᠠᠳᠠᠯᠢᠳᠬᠠᠯᠲᠠ ᠳᠤ ᠤᠷᠤᠯᠴᠠᠭᠠᠳ ᠬᠤᠤᠰ ᠲᠡᠷᠢᠬᠦᠨ ᠳᠤ ᠳᠤᠳᠤᠷᠠᠪᠠ︔ ᠮᠢᠨᠦ ᠦᠵᠡᠬᠦ ᠎ ᠪᠠᠷ᠂ ᠡᠶᠢᠮᠦ ᠰᠠᠶᠢᠨ ᠬᠢᠷᠢ ᠪᠦᠲᠦᠮᠵᠢ ᠣᠯᠤᠭᠰᠠᠨ ᠨᠢ ᠪᠢ ᠬᠤᠰᠢᠭᠤᠨ ᠤ ᠪᠠᠨ ᠡᠬᠦᠯᠳᠡᠷ ᠰᠠᠶᠢᠵᠢᠷᠠᠭᠤᠯᠬᠤ ᠦᠷᠳᠡᠭᠡᠨ ᠤ ᠭᠠᠳᠠᠨ᠎ᠠ ᠠᠴᠠ ᠤᠷᠤᠭᠤᠯᠤᠭᠰᠡᠨ ᠰᠢᠯᠢᠳᠡᠭ ᠡᠬᠦᠯᠳᠡᠷ ᠤᠨ ᠦᠷ᠎ᠡ ᠶᠢᠨ ᠮᠠᠯ ᠠᠴᠠ ᠰᠤᠩᠭᠤᠵᠦ ᠠᠪᠤᠭᠠᠳ ᠦᠪᠡᠷ ᠢᠶᠠᠨ ᠭᠠᠷ ᠭᠡᠭᠡᠯᠳᠦᠬᠦᠯᠭᠡ ᠬᠢᠭᠰᠡᠨ ᠲᠠᠢ ᠬᠤᠯᠪᠤᠭ᠎ᠠ ᠲᠠᠢ︔ ᠮᠠᠨ ᠤ ᠬᠢ ᠤᠯᠠᠩᠭᠢ ᠳᠤ ᠪᠠᠨ ᠡᠪᠤᠯ ᠤᠨ ᠲᠦᠯ ᠲᠤᠰᠳᠠᠭ︔ ᠨᠠᠮᠤᠷ ᠤᠨ ᠰᠡᠭᠦᠯᠴᠢ ᠡᠪᠦᠯ ᠤᠨ ᠡᠬᠢᠨ ᠠᠴᠠ ᠡᠬᠢᠯᠡᠨ ᠬᠤᠨᠢ ᠪᠠᠨ ᠪᠤᠷᠳᠤᠨ ᠲᠡᠵᠢᠭᠡᠵᠦ᠂ ᠬᠤᠨᠢᠨ ᠤ ᠲᠠᠷᠭᠤ ᠶᠢ ᠪᠠᠳᠤᠯᠠᠳᠠᠭ︾ ᠭᠡᠵᠤ ᠮᠠᠯᠴᠢᠨ ᠬᠠᠰᠧᠴᠢᠷ ᠲᠠᠨᠢᠯᠴᠠᠭᠤᠯᠪᠠ᠃        ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ᠂ ᠬᠦᠪᠡᠭᠡᠳᠦ ᠰᠢᠷ᠎ᠠ ᠬᠤᠰᠢᠭᠤ ᠦᠨᠳᠦᠷ ᠪᠦᠳᠦᠮᠵᠢᠳᠦ᠂ ᠪᠤᠬᠢᠷᠳᠦᠯ ᠦᠬᠡᠢ᠂ ᠭᠠᠮᠰᠢᠭ ᠠᠴᠠ ᠵᠠᠶᠢᠯᠠᠰᠬᠢᠬᠦ ᠤᠳᠤᠬᠢᠴᠢᠯᠠᠭᠰᠡᠨ ᠮᠠᠯ ᠠᠵᠦ ᠠᠬᠤᠢ ᠎ ᠪᠠᠷ ᠤᠳᠤᠷᠢᠳᠤᠮᠵᠢ ᠪᠤᠯᠭᠠᠵᠦ᠂ ᠴᠠᠬᠠᠷ ᠬᠤᠨᠢᠨ ᠤ ᠠᠵᠦ ᠦᠢᠯᠡᠰ ᠢ ᠲᠦᠷᠭᠡᠳᠭᠡᠨ ᠠᠬᠢᠭᠤᠯᠵᠦ᠂ ᠴᠠᠠᠬᠷ ᠬᠤᠨᠢᠨ ᠎ ᠤ ᠦᠷ᠎ᠡ ᠶᠢᠨ ᠮᠠᠯ ᠤᠨ ᠲᠠᠯᠠᠪᠠᠢ ᠶᠢᠨ ᠪᠠᠶᠢᠭᠤᠯᠤᠯᠳᠠ ᠶᠢ ᠤᠯᠠᠮ ᠪᠠᠬᠢᠵᠢᠬᠦᠯᠪᠡ᠃ ᠴᠠᠬᠠᠷ ᠬᠤᠨᠢ ︽ᠠᠷᠪᠠᠨ ᠬᠤᠶᠠᠳᠤᠭᠠᠷ ᠲᠠᠪᠤᠨ ᠵᠢᠯ︾᠎ ᠤᠨ ᠰᠡᠬᠦᠯᠴᠢ ᠳᠤ 15 ᠲᠦᠮᠨ ᠪᠠᠶᠢᠭᠰᠠᠨ ᠠᠴᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠰᠡᠬᠦᠯᠴᠢ ᠪᠤᠯᠬᠤ ᠳᠤ 19.5 ᠲᠦᠮᠡ ᠳᠤ ᠬᠦᠷᠪᠡ᠃ 2015 ᠤᠨ ᠳᠤ ᠴᠠᠬᠠᠷ ᠬᠤᠨᠢᠨ ᠤ ᠭᠤᠤᠯᠳᠠᠯᠭᠠᠳᠦ ᠰᠦᠷᠦᠭ 83 ᠪᠠᠶᠢᠭᠰᠠᠨ ᠰᠠᠭᠤᠷᠢᠨ ᠲᠡᠭᠡᠷ᠎ᠡ᠂ 2020 ᠤᠨ ᠳᠤ 203 ᠰᠦᠷᠦᠭ ᠪᠤᠯᠤᠨ ᠦᠷᠡᠵᠢᠵᠠᠢ᠃ ᠮᠢᠬᠠᠨ ᠤ ᠬᠤᠨᠢᠨ ᠤ ᠭᠠᠷ ᠭᠡᠭᠡᠯᠳᠦᠬᠦᠯᠭᠡ ᠶᠢᠨ ᠦᠷᠳᠡᠭᠡ ᠤᠤᠯ ᠤᠨ 52 ᠪᠠᠶᠢᠭᠰᠡᠨ ᠠᠴᠠ ᠪᠠᠨ ᠨᠡᠮᠡᠭᠳᠡᠭᠡᠳ 65 ᠪᠤᠯᠵᠦ᠂ ᠨᠡᠶᠢᠳᠡ 94.28 ᠲᠦᠮᠡᠨ ᠬᠤᠨᠢᠨ ᠳᠤ ᠡᠬᠦᠯᠳᠡᠷ ᠰᠠᠶᠢᠵᠢᠷᠠᠭᠤᠯᠪᠠ᠃        2015 ᠤᠨ ᠳᠤ᠂ ᠬᠦᠪᠡᠭᠡᠳᠦ ᠰᠢᠷ᠎ᠠ ᠬᠤᠰᠢᠭᠤᠨ ᠤ ᠴᠠᠬᠠᠷ ᠬᠤᠨᠢᠨ ᠤ ᠦᠷ᠎ᠡ ᠶᠢᠨ ᠮᠠᠯ ᠤᠨ ᠲᠠᠯᠠᠪᠠᠢ ᠎ ᠶᠢ ᠦᠪᠡᠷᠳᠡᠭᠡᠨ ᠵᠠᠰᠠᠬᠤ ᠤᠷᠤᠨ ᠤ ᠲᠡᠰ ᠤᠨ ᠴᠠᠬᠠᠷ ᠬᠤᠨᠢᠨ ᠤ ᠦᠷ᠎ᠡ ᠶᠢᠨ ᠮᠠᠯ ᠤᠨ ᠲᠠᠯᠠᠪᠠᠢ ᠪᠠᠷ ᠵᠦᠪᠰᠢᠶᠡᠷᠡᠬᠦᠯᠦᠨ ᠪᠦᠳᠦᠭᠡᠨ ᠪᠠᠶᠢᠭᠤᠯᠵᠠᠢ᠃ ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ᠂ 1339.23 ᠲᠦᠮᠡᠨ ᠲᠦᠭᠦᠷᠢᠭ ᠤᠨ ᠪᠡᠯᠡ ᠤᠷᠤᠭᠤᠯᠵᠦ᠂ ᠰᠠᠭᠤᠷᠢ ᠲᠦᠭᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠲᠡᠬᠦᠯᠳᠡᠷᠵᠢᠬᠦᠯᠬᠦ ᠶᠢᠨ ᠳᠠᠭᠠᠤ ᠤᠯᠤᠰ ᠤᠨ ᠭᠠᠳᠠᠨ᠎ᠠ ᠠᠴᠠ ᠴᠡᠪᠡᠷ ᠡᠬᠦᠯᠳᠡᠷ ᠤᠨ ᠬᠤᠨᠢ ᠤᠷᠤᠭᠤᠯᠵᠦ᠂ ᠴᠠᠬᠠᠷ ᠬᠤᠨᠢᠨ ᠤ ᠦᠷ᠎ᠡ ᠶᠢᠨ ᠮᠠᠯ ᠤᠨ ᠲᠠᠯᠠᠪᠠᠢ ᠪᠠ ᠦᠷᠡᠵᠢᠬᠦᠯᠦᠨ ᠪᠤᠶᠢᠵᠢᠭᠤᠯᠬᠤ ᠰᠦᠷᠦᠭ ᠳᠤ ᠦᠷ᠎ᠡ ᠬᠠᠨᠭ᠍ᠭᠠᠬᠤ ᠴᠢᠳᠠᠪᠤᠷᠢ ᠶᠢ ᠨᠡᠮᠡᠭᠳᠡᠬᠦᠯᠵᠦ᠂ ︽ᠦᠷ᠎ᠡ ᠶᠢᠨ ᠮᠠᠯ ᠤᠨ ᠲᠠᠯᠠᠪᠠᠢ — ᠲᠤᠰᠬᠠᠢ ᠬᠤᠷᠰᠢᠶᠠᠵᠢᠯ — ᠲᠤᠰᠬᠠᠢ ᠡᠷᠦᠭᠡ ︵ᠭᠤᠤᠯᠳᠠᠯᠭᠠᠳᠦ ᠰᠦᠷᠦᠭ ᠤᠨ ᠡᠷᠦᠬᠡ︶ — ᠡᠬᠦᠯᠳᠡᠷ ᠪᠤᠶᠢᠵᠢᠭᠤᠯᠬᠤ ᠰᠦᠷᠦᠭ ︵ᠦᠷᠭᠡᠳᠭᠡᠨ ᠦᠷᠡᠵᠢᠬᠦᠯᠬᠦ ᠰᠦᠷᠦᠭ︶︾᠎ ᠤᠨ ᠦᠷᠡᠵᠢᠬᠦᠯᠦᠨ ᠪᠤᠶᠢᠵᠢᠭᠤᠯᠬᠤ ᠰᠢᠰᠲ᠋ᠧᠮ ᠢ ᠪᠦᠷᠢᠯᠳᠦᠬᠦᠯᠵᠦ᠂ ᠵᠢᠯ ᠪᠤᠯᠭᠠᠨ ᠦᠷ᠎ᠡ ᠶᠢᠨ ᠮᠠᠯ ᠤᠨ ᠵᠠᠬ᠎ᠠ ᠲᠡᠯᠭᠡᠭᠦᠷ ᠲᠤ 1 ᠲᠦᠮᠡᠨ ᠦᠷ᠎ᠡ ᠶᠢᠨ ᠮᠠᠯ ᠢ ᠬᠠᠨᠭ᠍ᠭᠠᠵᠦ ᠪᠤᠢ᠃        ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ᠂ ᠠᠦᠰᠲ᠋ᠧᠷᠯᠢᠶ᠎ᠠ ᠠᠴᠠ 979 ᠴᠡᠪᠡᠷ ᠡᠬᠦᠯᠳᠡᠷ ᠤᠨ ᠬᠤᠨᠢ ᠶᠢ ᠤᠷᠤᠭᠤᠯᠵᠦ᠂ ᠤᠯᠤᠰ ᠤᠨ ᠲᠤᠳᠤᠭᠠᠳᠦ ᠠᠴᠠ 145 ᠡᠬᠦᠯᠳᠡᠷ ᠤᠨ ᠬᠤᠴᠠ ᠶᠢ ᠤᠷᠤᠭᠤᠯᠵᠦ᠂ ᠰᠤᠩᠭᠤᠨ ᠰᠢᠯᠭᠠᠷᠠᠭᠤᠯᠵᠦ ᠦᠷᠡᠵᠢᠬᠦᠯᠦᠨ ᠪᠤᠶᠢᠵᠢᠭᠤᠯᠬᠤ ᠪᠠᠷ ᠲᠠᠮᠵᠢᠨ ᠴᠠᠬᠠᠷ ᠬᠤᠨᠢᠨ ᠤ ᠦᠷ᠎ᠡ ᠎ ᠶᠢᠨ ᠮᠠᠯ ᠤᠨ ᠲᠠᠯᠠᠪᠠᠢ ᠶᠢᠨ ᠪᠠᠶᠢᠭᠤᠯᠤᠯᠳᠠ ᠶᠢ ᠠᠬᠢᠭᠤᠯᠵᠠᠢ᠃ 2020 ᠤᠨ ᠤ 10 ᠰᠠᠷ᠎ᠠ ᠳᠤ᠂ 110 ᠲᠦᠮᠡᠨ ᠲᠦᠭᠦᠷᠢᠭ ᠤᠨ ᠪᠡᠯᠡ ᠤᠷᠤᠭᠤᠯᠵᠦ 300 ᠬᠤᠨᠢᠨ ᠳᠤ ᠮᠢᠬᠠᠨ ᠤ ᠬᠤᠨᠢᠨ ᠤ ᠬᠦᠪᠦᠷᠡᠯ ᠰᠢᠯᠵᠢᠬᠦᠯᠬᠦ ᠠᠵᠢᠯ ᠢ ᠬᠢᠵᠦ᠂ ᠰᠠᠶᠢᠨ ᠡᠬᠦᠯᠳᠡᠷ ᠤᠨ ᠮᠠᠯ ᠢ ᠦᠷᠡᠵᠢᠬᠦᠯᠦᠨ ᠪᠤᠶᠢᠵᠢᠭᠤᠯᠬᠤ ᠠᠵᠢᠯ ᠳᠤ ᠳᠠᠬᠢᠨᠲᠠ ᠰᠠᠭᠤᠷᠢ ᠲᠠᠯᠪᠢᠭᠰᠡᠨ ᠪᠠᠶᠢᠨ᠎ᠠ᠃        ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ᠂ ᠬᠦᠪᠡᠭᠡᠳᠦ ᠰᠢᠷ᠎ᠠ ᠬᠤᠰᠢᠭᠤ ᠵᠢᠯ ᠪᠤᠯᠭᠠᠨ ᠴᠠᠬᠠᠷ ᠬᠤᠨᠢᠨ ᠤ ᠠᠳᠠᠯᠢᠳᠬᠠᠯᠲᠠ ᠶᠢᠨ ᠨᠠᠶᠢᠷ ᠢ ᠶᠠᠪᠤᠭᠳᠠᠭᠤᠯᠵᠦ᠂ ᠴᠠᠬᠠᠷ ᠬᠤᠨᠢᠨ ᠤ ᠠᠵᠦ ᠦᠢᠯᠡᠰ ᠎ ᠤᠨ ᠭᠠᠳᠠᠭᠰᠢ ᠤᠬᠠᠭᠤᠯᠭ᠎ᠠ ᠶᠢ ᠴᠢᠩᠭᠠᠳᠬᠠᠬᠤ ᠶᠢᠨ ᠳᠠᠭᠠᠤ᠂ ᠮᠠᠯᠴᠢᠳ ᠢ ᠵᠤᠬᠢᠶᠠᠨ ᠪᠠᠶᠢᠭᠤᠯᠤᠨ ᠪᠦᠬᠦ ᠠᠶᠢᠮᠠᠭ ᠎ ᠤᠨ ᠰᠢᠯᠢᠳᠡᠭ ᠡᠬᠦᠯᠳᠡᠷ ᠤᠨ ᠮᠠᠯ ᠤᠨ ᠠᠳᠠᠯᠢᠳᠬᠠᠨ ᠰᠢᠯᠭᠠᠷᠠᠭᠤᠯᠤᠯᠳᠠ ᠳᠤ ᠤᠷᠤᠯᠴᠠᠵᠦ᠂ ᠰᠢᠯᠢᠳᠡᠭ ᠬᠢᠷᠢ ᠪᠦᠳᠦᠮᠵᠢ ᠤᠯᠤᠭᠰᠡᠨ ᠪᠠᠶᠢᠨ᠎ᠠ᠃        ᠬᠦᠪᠡᠭᠡᠳᠦ ᠰᠢᠷ᠎ᠠ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠪᠠ ᠰᠢᠨᠵᠢᠯᠡᠭᠡ ᠮᠡᠷᠭᠡᠵᠢᠯ ᠤᠨ ᠲᠤᠪᠴᠢᠶᠠᠨ ᠤ ᠲᠠᠷᠤᠭ᠎ᠠ ᠪᠠᠶᠠᠷᠳᠦ ︽ᠮᠠᠨ ᠤ ᠬᠦᠪᠡᠭᠡᠳᠦ ᠰᠢᠷ᠎ᠠ ᠬᠤᠰᠢᠭᠤ ᠨᠢ ᠤᠳᠤᠬᠠᠨ ᠳᠤ ᠴᠠᠬᠠᠷ ᠬᠤᠨᠢ ᠪᠠ ᠴᠠᠬᠠᠷ ᠴᠠᠭᠠᠨ ᠢᠳᠡᠭᠡᠨ ᠤ ᠦᠢᠯᠡᠰ ᠢ ᠭᠦᠭᠵᠢᠬᠦᠯᠵᠦ ᠪᠠᠶᠢᠭ᠎ᠠ ᠱᠠᠳᠤᠨ ᠳᠠᠭᠠᠨ ᠪᠠᠶᠢᠨ᠎ᠠ︔ ᠡᠨᠡ ᠪᠠᠶᠢᠳᠠᠯ ᠳᠤ ᠴᠢᠭᠯᠡᠬᠦᠯᠦᠨ ᠡᠨᠡ ᠵᠢᠯ ᠠᠴᠠ ᠮᠠᠨ ᠤ ᠴᠠᠬᠠᠷ ᠬᠤᠨᠢᠨ ᠤ ᠦᠷ᠎ᠡ ᠶᠢᠨ ᠮᠠᠯ ᠤᠨ ᠲᠠᠯᠠᠪᠠᠢ ᠶᠢ ᠤᠯᠤᠰ ᠤᠨ ᠲᠡᠰ ᠤᠨ ᠦᠷ᠎ᠡ ᠶᠢᠨ ᠮᠠᠯ ᠤᠨ ᠲᠠᠯᠠᠪᠠᠢ ᠪᠠᠷ ᠡᠷᠡᠮᠡᠯᠵᠡᠯᠡᠵᠦ ᠪᠤᠢ︔ ᠡᠨᠡ ᠪᠤᠯ ᠮᠠᠨ ᠤ ᠭᠤᠤᠯᠳᠠᠯᠭᠠᠳᠦ ᠠᠵᠢᠯ᠂ ᠴᠠᠬᠠᠷ ᠬᠤᠨᠢ ᠶᠢ ᠭᠦᠭᠵᠢᠬᠦᠯᠬᠦ ᠲᠠᠯ᠎ᠠ ᠪᠠᠷ ᠡᠨᠡ ᠭᠡᠳᠦᠨ ᠵᠢᠯ ᠲᠦᠷᠦᠯ ᠵᠦᠢᠯ ᠢᠶᠠᠷ ᠲᠡᠮᠵᠢᠵᠦ ᠪᠤᠢ︔ ᠡᠨᠡ ᠵᠢᠯ 30 ᠰᠠᠭᠤᠷᠢ ᠪᠠᠷᠢᠮᠵᠢᠶᠠᠵᠢᠭᠰᠡᠨ ᠫᠸᠡᠭ ᠬᠤᠷᠤᠭ᠎ᠠ ᠶᠢ ᠪᠠᠶᠢᠭᠤᠯᠵᠦ ᠪᠠᠶᠢᠨ᠎ᠠ︔ ᠠᠷᠪᠠᠨ ᠲᠦᠷᠪᠡᠳᠤᠭᠡᠷ ᠲᠠᠪᠤᠨ ᠵᠢᠯ ᠳᠤ ᠂ ᠴᠠᠬᠠᠷ ᠬᠤᠨᠢᠨ ᠤ ᠭᠤᠤᠯᠳᠠᠯᠭᠠᠳᠦ ᠰᠦᠷᠦᠭ ᠢ 300 ᠪᠤᠯᠭᠠᠬᠤ ᠪᠠᠷ ᠲᠦᠯᠦᠪᠯᠡᠵᠤ ᠪᠤᠢ︔ ᠴᠠᠬᠠᠷ ᠬᠤᠨᠢᠨ ᠤ ᠠᠷᠠᠴᠢᠯᠠᠭ᠎ᠠ ᠮᠠᠯᠵᠢᠯ  ᠎ ᠢ ᠰᠠᠶᠢᠵᠢᠷᠠᠭᠤᠯᠬᠤ ᠪᠠᠷ ᠮᠠᠨ ᠤ ᠲᠤᠪᠴᠢᠶᠡᠨ ᠠᠴᠠ ᠤᠯᠠᠨ ᠵᠦᠢᠯ ᠤᠨ ᠮᠡᠷᠭᠡᠵᠢᠯ ᠤᠨ ᠲᠠᠯ᠎ᠠ ᠎ ᠶᠢᠨ ᠵᠢᠯᠤᠭᠤᠳᠤᠯᠭ᠎ᠠ ᠬᠢᠵᠤ ᠪᠠᠶᠢᠨ᠎ᠠ︔ ᠬᠦᠪᠡᠭᠡᠳᠦ ᠰᠢᠷ᠎ᠠ ᠬᠤᠰᠢᠭᠤᠨ ᠤ ᠭᠠᠵᠠᠷ ᠨᠤᠳᠤᠭ ᠪᠠᠭ᠎ᠠ᠂ ᠮᠠᠯ ᠤᠨ ᠲᠤᠭ᠎ᠠ ᠲᠤᠯᠤᠭᠠᠢ ᠴᠦᠭᠡᠨ ᠪᠠᠶᠢᠭ᠎ᠠ ᠪᠠᠶᠢᠳᠠᠯ ᠲᠤᠤᠷ᠎ᠠ ᠴᠠᠬᠠᠷ ᠬᠤᠨᠢᠨ ᠤ ᠠᠵᠤ ᠦᠢᠯᠡᠰ ᠢ ᠭᠦᠭᠵᠢᠬᠦᠯᠬᠦ ᠳᠤ ᠲᠠᠸᠠᠷ ᠤᠨ ᠮᠠᠯ ᠢᠶᠠᠷ ᠭᠦᠭᠵᠢᠬᠦᠯᠬᠦ ᠪᠢᠰᠢ᠂ ᠬᠠᠷᠢᠨ ᠡᠬᠦᠯᠳᠡᠷ ᠢᠶᠠᠷ ᠦᠷᠡᠵᠢᠬᠦᠯᠬᠦ ᠵᠤᠷᠢᠯᠳᠠ ᠪᠠᠷ ᠭᠦᠭᠵᠢᠬᠦᠯᠵᠦ ᠪᠤᠢ︔ ᠡᠬᠦᠨ ᠤ ᠳᠠᠭᠠᠤ ᠮᠠᠨ ᠤ ᠬᠤᠰᠢᠭᠤ ᠨᠢ ᠴᠠᠬᠠᠷ ᠬᠤᠨᠢ ᠶᠢ ᠠᠷᠠᠯᠵᠢᠶᠠᠯᠠᠬᠤ ᠲᠠᠪᠴᠠᠩ ᠤᠨ ᠪᠠᠶᠢᠭᠤᠯᠤᠯᠳᠠ ᠎ ᠶᠢ ᠬᠢᠵᠦ ᠪᠤᠢ︔ ᠮᠠᠨ ᠤ ᠬᠤᠰᠢᠭᠤᠨ ᠤ ᠴᠠᠭᠠᠨ ᠢᠳᠡᠭᠡᠨ ᠤ ᠦᠢᠯᠡᠰ ᠭᠦᠭᠵᠢᠵᠦ ᠨᠠᠷ᠎ᠠ ᠭᠠᠷᠴᠦ ᠪᠠᠶᠢᠨ᠎ᠠ︔ ᠤᠳᠤᠬᠠᠨ ᠤ ᠰᠦᠨ ᠤ ᠢᠷᠡᠯᠳᠡ ᠲᠤᠳᠠᠮᠠᠭ᠂ ᠦᠢᠯᠡᠳᠪᠤᠷᠢᠯᠡᠯ ᠪᠠ ᠰᠦᠨ ᠤ ᠭᠠᠷᠭᠠᠯᠳᠠ ᠵᠤᠬᠢᠴᠠᠯᠳᠤᠬᠤ ᠦᠬᠡᠢ ᠪᠠᠶᠢᠳᠠᠯ ᠳᠤ ᠴᠢᠭᠯᠡᠬᠦᠯᠦᠨ ᠬᠤᠶᠢᠰᠢᠳᠠ ᠤᠯᠠᠨ ᠲᠦᠷᠦᠯ ᠵᠦᠢᠯ ᠢᠶᠠᠷ ᠨᠢᠭᠡ ᠪᠦᠯᠦᠭ ᠰᠠᠭᠠᠯᠢ ᠶᠢᠨ ᠦᠨᠢᠶ᠎ᠡ ᠶᠢ ᠭᠠᠳᠠᠷ ᠤᠯᠤᠰ ᠪᠤᠶᠤ ᠤᠯᠤᠰ ᠤᠨ ᠲᠤᠳᠤᠭᠠᠳᠦ ᠠᠴᠠ ᠤᠷᠤᠭᠤᠯᠵᠦ ᠰᠠᠭᠠᠯᠢ ᠶᠢᠨ ᠦᠨᠢᠶᠡᠨ ᠤ ᠲᠤᠭ᠎ᠠ ᠲᠤᠯᠤᠭᠠᠢ ᠎ ᠶᠢ ᠨᠡᠮᠡᠭᠳᠡᠬᠦᠯᠵᠤ᠂ ᠤᠤᠯ ᠤᠨ ᠮᠠᠯᠵᠢᠵᠦ ᠪᠠᠶᠢᠭ᠎ᠠ 3000 ᠲᠤᠯᠤᠭᠠᠢ ᠰᠢᠬᠠᠮ ᠰᠠᠭᠠᠯᠢ ᠶᠢᠨ ᠦᠨᠢᠶᠡᠨ ᠤ ᠠᠷᠠᠴᠢᠯᠠᠭ᠎ᠠ ᠮᠠᠯᠠᠯᠭ᠎ᠠ ᠶᠢᠨ ᠶᠠᠰᠤ ᠴᠢᠨᠠᠷ ᠢ ᠲᠡᠭᠡᠭᠰᠢᠯᠡᠬᠦᠯᠵᠦ᠂ ᠰᠢᠨᠵᠢᠯᠡᠬᠦ ᠤᠬᠠᠭᠠᠴᠢ ᠪᠠᠷ ᠮᠠᠯᠵᠢᠬᠤ ᠪᠠᠷ ᠲᠠᠮᠵᠢᠭᠤᠯᠵᠦ᠂ ᠰᠦᠨ ᠤ ᠭᠠᠷᠤᠯᠳᠠ ᠪᠠᠨ ᠨᠡᠮᠡᠭᠳᠡᠬᠦᠯᠬᠦ ᠪᠠᠷ ᠪᠠᠶᠢᠨ᠎ᠠ᠃ ᠰᠠᠭᠠᠯᠢ ᠶᠢᠨ ᠦᠨᠢᠶᠡᠨ ᠤ ᠲᠤᠭ᠎ᠠ ᠲᠤᠯᠤᠭᠠᠢ ᠶᠢ ᠠᠷᠪᠡᠨ ᠲᠦᠷᠪᠡᠳᠤᠭᠡᠷ ᠲᠠᠪᠤᠨ ᠵᠢᠯ ᠤᠨ ᠬᠤᠭᠤᠴᠠᠭᠠᠨ ᠳᠤ 8000 ᠲᠤᠯᠤᠭᠠᠢ ᠶᠢᠨ ᠪᠠᠷᠢᠮᠵᠢᠶᠠᠨ ᠎ ᠳᠤ ᠬᠦᠷᠭᠡᠬᠦ ᠪᠠᠷ ᠠᠵᠢᠯᠯᠠᠵᠦ ᠪᠤᠢ︔ ᠡᠬᠦᠨ ᠳᠤ ᠵᠤᠬᠢᠴᠠᠭᠰᠡᠨ ᠤᠷᠤᠨ ᠨᠤᠳᠤᠭ ᠤᠨ ᠬᠠᠮᠢᠶᠠᠳᠠᠢ ᠬᠠᠷᠠᠭᠠᠯᠵᠠᠯ ᠪᠤᠶᠤ ᠮᠠᠯᠴᠢᠳ ᠢ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢ ᠲᠦᠰᠦᠪᠯᠡᠵᠦ ᠭᠡᠷᠡᠭᠵᠢᠬᠦᠯᠬᠦ ᠪᠠᠷ ᠪᠠᠶᠢᠨ᠎ᠠ︾ ᠭᠡᠵᠤ ᠲᠠᠨᠢᠯᠴᠠᠭᠤᠯᠪᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号