ᠠᠷᠪᠠᠨ ᠭᠤᠷᠪᠠᠳᠤᠭᠠᠷ ᠲᠠᠪᠤᠨ ᠵᠢᠯ ᠤᠨ ᠠᠮᠵᠢᠯᠲᠠ ᠪᠦᠲᠦᠭᠡᠯ ᠤᠨ ᠡᠷᠬᠢᠴᠡᠬᠦᠯᠦᠯ ︵ᠨᠢᠭᠡ︶
ᠨᠡᠶᠢᠲᠡᠯᠡᠭᠰᠡᠨ ᠴᠠᠭ᠄
2021/8/31
          ᠵᠠᠮ ᠬᠠᠷᠢᠯᠴᠠᠭᠠᠨ ᠤ ᠦᠢᠯᠡᠰ ᠦᠷᠨᠢᠨ ᠬᠦᠭᠵᠢᠵᠤ           ᠠᠷᠠᠳ ᠤᠯᠠᠨ ᠳᠤ ᠳᠦᠬᠦᠮ ᠦᠵᠡᠬᠦᠯᠵᠤ ᠪᠠᠶᠢᠨ᠎ᠠ        ᠮᠠᠨ ᠤ ᠬᠤᠰᠢᠭᠤ ᠨᠢ ᠠᠷᠪᠠᠨ ᠭᠤᠷᠪᠠᠳᠤᠭᠠᠷ ᠲᠠᠪᠤᠨ ᠵᠢᠯ ᠤᠨ ᠬᠤᠭᠤᠴᠠᠭᠠᠨ ᠳᠤ ᠵᠠᠮ ᠬᠠᠷᠢᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠥ᠂ ᠡᠯ᠎ᠡ ᠵᠦᠢᠯ ᠤᠨ ᠵᠠᠮ ᠬᠠᠷᠢᠯᠴᠠᠭᠠᠨ ᠤ ᠲᠦᠷᠦᠯ ᠵᠦᠢᠯ ᠢᠶᠠᠨ ᠠᠮᠵᠢᠯᠲᠠ  ᠲᠠᠢ ᠪᠡᠶᠡᠯᠡᠭᠦᠯᠵᠥ᠂ ᠠᠷᠠᠳ ᠲᠦᠮᠡᠨ ᠳᠤ ᠪᠠᠨ ᠳᠦᠭᠦᠮ ᠦᠵᠡᠭᠦᠯᠵᠥ ᠪᠠᠶᠢᠨ᠎ᠠ᠃        ᠠᠵᠤ ᠦᠢᠯᠡᠰ ᠵᠠᠮ ᠢ ᠲᠠᠭᠠᠨ ᠬᠦᠭᠵᠢᠵᠥ᠂ ᠤᠯᠠᠨ ᠲᠦᠮᠡᠨ ᠵᠠᠮ ᠢ ᠲᠠᠭᠠᠨ ᠪᠠᠶᠠᠵᠢᠵᠤ᠂ ᠬᠤᠳᠠ ᠬᠥᠳᠡᠭᠡ ᠵᠠᠮ ᠢ ᠲᠠᠭᠠᠨ ᠦᠵᠡᠰᠬᠦᠯᠡᠩᠲᠦ ᠰᠠᠶᠢᠬᠠᠨ ᠪᠣᠯᠳᠠᠭ᠃ ᠮᠤᠵᠢ ᠶᠢᠨ ᠵᠠᠮ ᠤᠨ 313 ᠱᠤᠭᠤᠮ ᠤᠨ ᠮᠢᠩᠭᠠᠲᠤ ᠠᠴᠠ ᠰᠢᠨᠡᠪᠤᠯᠠᠭ ᠬᠦᠷᠬᠦ ᠵᠠᠰᠠᠮᠠᠯ ᠵᠠᠮ ᠤᠨ ᠲᠥᠷᠥᠯ ᠵᠦᠢᠯ ᠨᠢ ᠠᠶᠢᠮᠠᠭ ᠤᠨ ᠳᠡᠰ ᠤᠨ ᠭᠤᠣᠯᠳᠠᠯᠭ᠎ᠠ ᠲᠠᠢ ᠲᠥᠷᠥᠯ ᠵᠦᠢᠯ ᠳᠤ ᠬᠠᠷᠢᠶᠠᠯᠠᠭᠳᠠᠵᠤ᠂ ᠵᠠᠮ ᠤᠨ ᠪᠦᠬᠦ ᠣᠷᠳᠣ ᠨᠢ ᠪᠠᠷᠤᠭ 110 ᠺᠢᠯᠣᠮᠧᠲᠷ ᠪᠠᠶᠢᠵᠤ᠂ ᠡᠭᠦᠨ ᠳᠤ  ᠮᠠᠨ ᠤ ᠬᠤᠰᠢᠭᠤᠨ ᠤ ᠬᠢᠯᠢ ᠳᠣᠲᠣᠷ᠎ᠠ ᠪᠠᠶᠢᠭ᠎ᠠ ᠭᠡᠰᠡᠭ ᠨᠢ 88 ᠺᠢᠯᠣᠮᠧᠲᠷ ᠪᠠᠶᠢᠵᠤ᠂ ᠶᠡᠷᠦᠩᠬᠡᠢ ᠪᠡᠯᠡ ᠣᠷᠤᠭᠤᠯᠤᠯᠲᠠ ᠨᠢ 5.55 ᠳ᠋ᠦᠩᠰᠢᠭᠤᠷ ᠲᠦᠬᠦᠷᠢᠭ ᠲᠤ ᠬᠦᠷᠴᠦ᠂  ᠬᠦᠪᠡᠭᠡᠲᠦ ᠰᠢᠷ᠎ᠠ ᠬᠤᠰᠢᠭᠤᠨ ᠤ ᠵᠡᠭᠦᠨ ᠪᠠᠷᠠᠭᠤᠨ ᠢ ᠬᠥᠨᠳᠡᠯᠡᠨ ᠢᠶᠠᠷ ᠬᠤᠯᠪᠣᠭᠰᠠᠨ ︽ᠠᠮᠢᠨ ᠰᠤᠳᠠᠰᠤ︾ ᠪᠣᠯᠬᠤ ᠪᠥᠭᠡᠳ ᠪᠠᠰᠠ ᠴᠤ ᠬᠦᠪᠡᠭᠡᠲᠦ ᠰᠢᠷ᠎ᠠ ᠬᠤᠰᠢᠭᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ︽ᠠᠮᠢᠨ ᠰᠤᠳᠠᠰᠤ︾  ᠪᠤᠯᠤᠨ᠎ᠠ᠃        ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠬᠤᠰᠢᠭᠤ  ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠ ︽ᠭᠠᠳᠠᠭᠰᠢ ᠬᠤᠯᠪᠣᠭᠠᠯᠠᠨ ᠳᠣᠲᠣᠭᠠᠳᠤ ᠳᠠᠭᠠᠨ ᠰᠠᠭᠠᠳ ᠦᠭᠡᠶ ᠨᠡᠪᠲᠡᠷᠡᠬᠦ︾ ᠵᠠᠮ ᠬᠠᠷᠢᠯᠴᠠᠭᠠᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠶ ᠲᠡᠭᠦᠯᠳᠡᠷᠵᠢᠭᠦᠯᠵᠥ᠂ ᠵᠠᠰᠠᠮᠠᠯ ᠵᠠᠮ ᠤᠨ ᠲᠣᠣᠷ ᠤᠨ ᠪᠦᠲᠦᠴᠡ ᠶᠢ ᠡᠳᠦᠷ ᠢᠷᠡᠬᠦᠶ᠎ᠡ ᠰᠠᠶᠢᠵᠢᠷᠠᠭᠤᠯᠵᠤ᠂ ᠮᠤᠵᠢ ᠶᠢᠨ ᠵᠠᠮ G5516 ᠱᠣᠭᠤᠮ ᠤᠨ ᠮᠠᠨ ᠤ ᠬᠤᠰᠢᠭᠤᠨ ᠤ ᠬᠡᠰᠡᠭ᠂ ᠤᠯᠤᠰ ᠤᠨ ᠵᠠᠮ ᠤᠨ G511 ᠱᠤᠭᠤᠮ ᠤᠨ ᠮᠠᠨ ᠤ ᠬᠤᠰᠢᠭᠤᠨ ᠤ ᠬᠡᠰᠡᠭ᠂ ᠮᠤᠵᠢ ᠶᠢᠨ ᠵᠠᠮ 313 ᠱᠤᠭᠤᠮ ᠤᠨ ᠮᠠᠨ ᠤ ᠬᠤᠰᠢᠭᠤᠨ ᠤ ᠬᠡᠰᠡᠭ ᠢ ᠡᠬᠢᠯᠡᠨ ᠪᠥᠲᠥᠭᠡᠨ ᠪᠠᠶᠢᠭᠤᠯᠵᠤ᠂ ᠪᠥᠬᠦ ᠣᠷᠳᠣ ᠨᠢ 159 ᠺᠢᠯᠣᠮᠧᠲᠷ ᠪᠠᠶᠢᠵᠤ᠂ 30 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠵᠤ᠂ ᠰᠢᠶᠠᠨ ᠤ ᠵᠠᠮ X518 ᠱᠣᠭᠤᠮ᠂ ᠰᠢᠶᠠᠨ ᠤ ᠵᠠᠮ X513 ᠱᠣᠭᠤᠮ᠂ ᠲᠦᠷᠭᠡᠨ ᠬᠤᠷᠳᠣᠴᠠᠲᠤ ᠵᠠᠰᠠᠮᠠᠯ ᠵᠠᠮ ᠤᠨ ᠭᠤᠸᠠᠩᠵᠧᠦ ᠶᠢᠨ G5511 ᠱᠣᠭᠤᠮ ᠤᠨ ᠮᠠᠨ ᠬᠤᠰᠢᠭᠤᠨ ᠤ ᠬᠡᠰᠡᠭ᠂ ᠮᠤᠵᠢ ᠶᠢᠨ ᠵᠠᠮ 223 ᠱᠤᠭᠤᠮ ᠢᠶᠠᠷ ᠪᠦᠷᠢᠯᠳᠦᠭᠰᠡᠨ ︽ᠲᠤᠯᠤᠭᠠᠨ ᠵᠤᠷᠪᠤᠰ ᠭᠤᠤᠯ ᠱᠤᠭᠤᠮ︾ ᠤᠨ ᠲᠣᠣᠷ ᠢ ᠪᠦᠷᠢᠯᠳᠦᠬᠦᠯᠬᠦ ᠪᠠᠷ ᠴᠢᠷᠮᠠᠶᠢᠨ ᠠᠵᠢᠯᠯᠠᠵᠤ᠂ 2020 ᠣᠨ ᠤ ᠰᠡᠭᠦᠯᠴᠢ ᠪᠣᠯᠬᠤ ᠳᠤ᠂ ᠪᠥᠬᠦ ᠬᠤᠰᠢᠭᠤᠨ ᠤ ᠵᠠᠰᠠᠮᠠᠯ ᠵᠠᠮ ᠤᠨ ᠪᠥᠬᠦ ᠣᠷᠳᠣ 1353 ᠺᠢᠯᠣᠮᠧᠲᠷ ᠲᠤ ᠬᠦᠷᠴᠡᠢ᠃        ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ  ᠶᠢᠨ ᠶᠡᠭᠡ ᠦᠰᠦᠷᠦᠯᠲᠡ ᠶᠢ ᠪᠡᠶᠡᠯᠡᠭᠦᠯᠵᠥ᠂ ᠦᠨᠳᠦᠷ ᠬᠤᠷᠳᠣᠴᠠᠳᠣ ᠵᠠᠰᠠᠮᠠᠯ ᠵᠠᠮ ᠥᠬᠡᠶ ᠪᠠᠶᠢᠭᠰᠠᠨ ᠲᠡᠤᠬᠡ ᠶᠢ ᠡᠴᠦᠰᠯᠡᠬᠦᠯᠦᠭᠰᠡᠨ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠨᠡᠪᠲᠡᠷᠡᠯᠭᠡ ᠶᠢᠨ ᠢᠨᠵᠧᠨᠧᠷᠢᠩ ᠢ 197 ᠺᠢᠯᠣᠮᠧᠲᠷ ᠬᠡᠷᠡᠭᠵᠢᠭᠦᠯᠵᠦ᠂ 350 ᠺᠢᠯᠣᠮᠧᠲᠷ ᠵᠠᠮ ᠢ ᠵᠠᠰᠠᠨ ᠰᠠᠶᠢᠵᠢᠷᠠᠭᠤᠯᠵᠦ᠂ ᠪᠥᠬᠦ ᠬᠤᠰᠢᠭᠤᠨ ᠤ 4 ᠰᠤᠮᠤ ᠪᠠᠯᠭᠠᠰᠤ᠂ 60 ᠭᠠᠴᠠᠭ᠎ᠠ ᠲᠣᠰᠬᠤᠨ ᠤ ᠦᠨᠳᠦᠰᠦᠨ ᠵᠠᠰᠠᠮᠠᠯ ᠵᠠᠮ ᠤᠨ ᠰᠠᠭᠠᠳ ᠥᠬᠡᠶ ᠨᠡᠪᠲᠡᠷᠡᠬᠦ ᠶᠢ ᠪᠡᠶᠡᠯᠡᠭᠦᠯᠵᠡᠢ᠃ ᠣᠳᠣ ᠪᠣᠯᠬᠤ ᠳᠤ᠂ ᠰᠢᠨᠡᠪᠤᠯᠠᠭ ᠬᠤᠶᠠᠳᠤᠭᠠᠷ ᠳᠡᠰ ᠤᠨ ᠠᠶᠠᠨᠴᠢᠳ ᠤᠨ ᠮᠠᠰᠢᠨ ᠲᠡᠷᠭᠡᠨ ᠤ ᠥᠷᠲᠡᠭᠡ 1᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ 2᠂ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ 8 ᠪᠤᠯᠵᠤ᠂ ᠡᠭᠦᠨ ᠳᠤ ᠮᠤᠵᠢ ᠣᠷᠣᠨ ᠢ ᠠᠯᠤᠰᠯᠠᠭᠰᠠᠨ ᠵᠠᠮ ᠱᠤᠭᠤᠮ 2᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ 2 ᠪᠣᠶ᠃ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ 1᠂ ᠨᠡᠶᠢᠲᠡ ᠶᠢᠨ ᠮᠠᠰᠢᠨ ᠲᠡᠷᠭᠡ 25᠂ ᠲᠦᠷᠢᠶᠡᠰᠦᠨ ᠮᠠᠰᠢᠨ ᠲᠡᠷᠭᠡᠨ ᠤ ᠺᠣᠮᠫᠠᠨᠢ 1᠂ ᠲᠦᠷᠢᠶᠡᠰᠦᠨ ᠮᠠᠰᠢᠨ ᠲᠡᠷᠭᠡ 70 ᠪᠣᠶ᠃        ᠵᠠᠮ ᠬᠠᠷᠢᠯᠴᠠᠭᠠᠨ ᠤ ᠳᠣᠪᠴᠢᠶᠠᠨ ᠤ ᠳᠠᠷᠤᠭ᠎ᠠ ᠯᠢ ᠶᠦᠩ ᠬᠤᠩ᠄ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠵᠠᠮ ᠬᠠᠷᠢᠯᠴᠠᠭᠠᠨ ᠤ ᠳᠣᠪᠴᠢᠶ᠎ᠠ ᠨᠢ ᠪᠥᠬᠦ ᠬᠤᠰᠢᠭᠤᠨ ᠤ ᠬᠡᠪᠴᠢᠶᠡᠨ ᠳᠤ ᠵᠢᠭᠤᠯᠴᠢᠯᠠᠯ ᠤᠨ ᠵᠠᠮ᠂ ᠡᠬᠢ ᠪᠠᠶᠠᠯᠢᠭ ᠵᠦᠭᠡᠭᠡᠪᠦᠷᠢᠯᠡᠬᠦ ᠵᠠᠮ᠂ ᠠᠵᠤ ᠦᠢᠯᠡᠳᠪᠦᠷᠢ  ᠳᠤ ᠬᠡᠷᠡᠭᠯᠡᠬᠦ ᠵᠠᠮ ᠵᠢᠴᠢ ᠰᠦᠯᠵᠢᠶᠡᠨ ᠤ ᠵᠠᠮ ᠤᠨ ᠪᠥᠲᠥᠭᠡᠨ ᠪᠠᠶᠢᠭᠤᠯᠤᠯᠲᠠ ᠶᠢ 26 ᠺᠢᠯᠣᠮᠧᠲᠷ᠂ ᠨᠡᠯᠢᠶᠡᠳ ᠲᠣᠮᠣ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠲᠥᠷᠥᠯ ᠵᠦᠢᠯ ᠢ 281 ᠺᠢᠯᠣᠮᠧᠲᠷ᠂ ᠪᠠᠶᠢᠭᠠᠯᠢᠯᠢᠭ ᠭᠠᠴᠠᠭ᠎ᠠ ᠲᠣᠰᠬᠤᠨ ᠳᠤ ᠵᠠᠮ ᠨᠡᠪᠲᠡᠷᠡᠭᠦᠯᠬᠦ ᠲᠥᠷᠥᠯ ᠵᠦᠢᠯ ᠢ 161.1 ᠺᠢᠯᠣᠮᠧᠲᠷ᠂ ᠰᠢᠶᠠᠨ ᠤ ᠲᠡᠰ ᠤᠨ ᠵᠠᠰᠠᠮᠠᠯ ᠵᠠᠮ ᠢ ᠥᠭᠡᠷᠡᠴᠢᠯᠡᠬᠦ ᠲᠥᠷᠥᠯ ᠵᠦᠢᠯ ᠢ 38.5 ᠺᠢᠯᠣᠮᠧᠲᠷ ᠲᠥᠯᠥᠪᠵᠢᠭᠦᠯᠦᠨ ᠬᠡᠷᠡᠭᠵᠢᠭᠦᠯᠵᠦ᠂ ᠪᠥᠬᠦ ᠲᠠᠯ᠎ᠠ ᠶᠢ ᠬᠠᠮᠤᠷᠤᠭᠰᠠᠨ᠂ ᠴᠢᠳᠠᠮᠵᠢ ᠨᠢ ᠪᠦᠷᠢᠨ ᠲᠡᠭᠦᠯᠳᠡᠷ᠂ ᠰᠢᠭᠤᠳ ᠰᠢᠯᠤᠭᠤᠨ᠂ ᠠᠶᠠᠯᠠᠬᠤ ᠳᠤ ᠨᠠᠶᠢᠳᠠᠪᠤᠷᠢᠲᠠᠶ ᠵᠠᠰᠠᠮᠠᠯ ᠵᠠᠮ ᠤᠨ ᠲᠣᠣᠷ ᠱᠤᠭᠤᠮ ᠢ ᠪᠦᠷᠢᠯᠳᠦᠭᠦᠯᠦᠨ᠎ᠡ︾ ᠭᠡᠵᠤ ᠲᠠᠨᠢᠯᠴᠠᠭᠤᠯᠪᠠ᠃        ᠠᠷᠪᠠᠨ ᠳᠥᠷᠪᠡᠳᠦᠭᠡᠷ ᠲᠠᠪᠤᠨ ᠵᠢᠯ ᠤᠨ ᠬᠤᠭᠤᠴᠠᠭᠠᠨ ᠳᠤ᠂ ᠮᠠᠨ ᠤ ᠬᠤᠰᠢᠭᠤ ︽ᠵᠠᠮ ᠬᠠᠷᠢᠯᠴᠠᠭ᠎ᠠ ᠠᠷᠠᠳ ᠤᠨ ᠲᠥᠯᠥᠭᠡ ᠪᠠᠶᠢᠬᠤ︾ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠣᠯᠠᠨ ᠲᠦᠮᠡᠨ ᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠷᠠᠳ ᠣᠯᠠᠨ ᠤ ᠰᠠᠨᠠᠭᠠᠨ ᠳᠤ ᠨᠡᠶᠢᠴᠡᠭᠰᠡᠨ ᠵᠠᠮ ᠬᠠᠷᠢᠯᠴᠠᠭ᠎ᠠ ᠶᠢ ᠬᠦᠴᠦᠨ ᠢᠶᠠᠨ ᠲᠥᠪᠯᠡᠷᠡᠭᠦᠯᠦᠨ ᠪᠠᠶᠢᠭᠤᠯᠵᠤ᠂ ᠪᠥᠬᠦ ᠬᠤᠰᠢᠭᠤᠨ ᠤ ᠵᠠᠮ ᠬᠠᠷᠢᠯᠴᠠᠭᠠᠨ ᠤ ᠦᠢᠯᠡᠰ ᠤᠨ ᠲᠠᠰᠤᠷᠠᠯᠲᠠ ᠥᠬᠡᠶ ᠲᠡᠭᠦᠯᠳᠡᠷᠵᠢᠬᠦ ᠶᠢ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号