ᠭᠦᠪᠡᠭᠡᠲᠦ ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠲᠡᠰ ᠤᠨ ᠨᠢᠭᠡᠳᠦᠭᠡᠷ ᠲᠤᠭᠠᠳᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/1/12
                         ᠠᠯᠪᠠᠨ ᠵᠠᠷᠯᠠᠯ                        ︵ᠨᠢᠭᠡᠳᠦᠭᠡᠷ ᠲᠤᠭᠠᠳᠤ︶         ᠤᠳᠤᠬᠠᠨ ᠳᠤ᠂ ᠤᠯᠤᠰ ᠤᠨ ᠲᠤᠳᠤᠭᠠᠳᠤ ᠶᠢᠨ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠨᠡᠯᠢᠶᠡᠳ ᠬᠦᠨᠳᠦ ᠪᠡᠷᠭᠡᠰᠢᠶᠡᠯᠳᠡᠢ ᠪᠠᠶᠢᠨ᠎ᠠ᠃ 1 ᠰᠠᠷ᠎ᠠ ᠶᠢᠨ 9᠎ ᠤ ᠡᠳᠦᠷ ᠤᠨ 10᠄ 00 ᠪᠤᠯᠲᠠᠯ᠎ᠠ᠂ ᠤᠨᠤᠰᠢᠯᠠᠭᠳᠠᠭᠰᠠᠨ ᠡᠪᠡᠳᠴᠢᠨ ᠤ ᠵᠢᠱᠢᠶ᠎ᠡ ᠱᠠᠨᠰᠢ ᠮᠤᠵᠢ ᠳᠤ 1993᠂ ᠵᠧᠵᠢᠶᠠᠩ ᠮᠤᠵᠢ ᠳᠤ 517᠂ ᠡᠾᠧᠨᠠᠨ ᠮᠤᠵᠢ ᠳᠤ 256᠂ ᠲᠢᠶᠠᠨᠵᠢᠨ ᠬᠤᠲᠠ ᠳᠤ 20 ᠪᠤᠯᠪᠠ᠃ ᠤᠳᠤᠬᠠᠨ ᠎ ᠳᠤ ᠪᠦᠬᠦ ᠣᠯᠣᠰ ᠲᠤ ᠬᠢᠵᠢᠭ ᠤᠨ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ 15 ︵ᠡᠾᠧᠪᠸᠢ ᠮᠣᠵᠢ ᠎ ᠶᠢᠨ ᠰᠢᠦᠢ ᠴᠠᠩ ᠬᠤᠲᠠ ᠶᠢᠨ ᠢᠦᠢ ᠵᠸᠦ ᠳᠤ 12᠂ ᠱᠠᠨᠰᠢ ᠮᠤᠵᠢ ᠶᠢᠨ ᠰᠢ ᠠᠨ ᠬᠤᠲᠠ ᠶᠢᠨ ᠯᠢᠶᠠᠨ ᠡᠾᠦ ᠲᠤᠭᠤᠷᠢᠭ ᠲᠤ 1᠂ ᠶᠠᠨ ᠲᠠ ᠲᠤᠭᠤᠷᠢᠭ ᠲᠤ 2︶ ᠪᠣᠯᠵᠤ᠂ ᠬᠢᠵᠢᠭ ᠤᠨ ᠳᠤᠮᠳᠠ ᠲᠡᠰ ᠤᠨ ᠲᠦᠭᠰᠢᠬᠦᠷᠢᠲᠦ ᠭᠠᠵᠠᠷ ᠣᠷᠤᠨ 77 ︵ᠵᠧᠵᠢᠶᠠᠩ ᠮᠤᠵᠢ ᠳᠤ 4᠂ ᠡᠾᠧᠨᠠᠨ ᠮᠤᠵᠢ ᠳᠤ 8᠂ ᠭᠤᠸᠠᠩᠳᠦ᠋ᠩ ᠮᠤᠵᠢ ᠳᠤ 2᠂ ᠱᠠᠨᠰᠢ ᠮᠤᠵᠢ ᠳᠤ 63 ᠪᠣᠯᠪᠠ᠃ 1 ᠰᠠᠷ᠎ᠠ ᠶᠢᠨ 6᠎ ᠤ ᠡᠳᠦᠷ᠂ ᠤᠯᠠᠭᠠᠨᠴᠠᠪ ᠬᠤᠲᠠ ᠶᠢᠨ ᠵᠢᠨᠢᠩ ᠲᠤᠭᠤᠷᠢᠭ ᠎ ᠤᠨ ᠰᠢᠨ᠎ᠡ ᠲᠢᠳᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ ᠠᠴᠠ ᠲᠤᠬᠠᠢ ᠶᠢᠨ ᠭᠠᠵᠠᠷ ᠲᠤ ᠨᠢᠭᠡ ᠪᠦᠯᠦᠭ ᠤᠯᠤᠰ ᠤᠨ ᠲᠤᠳᠤᠭᠠᠳᠤ ᠠᠴᠠ ᠤᠷᠤᠭᠤᠯᠤᠭᠰᠠᠨ ᠪᠠᠨᠠᠨᠠ ᠶᠢᠨ ᠪᠤᠭᠤᠳᠠᠯ ᠪᠠᠭᠯᠠᠭᠠᠨ ᠤ ᠭᠠᠳᠠᠷᠭᠤ ᠠᠴᠠ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠸᠢᠷᠦ᠋ᠰ ᠤᠨ ᠠᠷᠭ᠎ᠠ ᠴᠢᠨᠠᠷ ᠢᠯᠡᠷᠡᠭᠰᠡᠨ ᠢ ᠨᠡᠶᠢᠲᠡᠯᠡᠵᠡᠢ᠃ ᠮᠠᠨ ᠤ ᠬᠤᠰᠢᠭᠤᠨ ᠤ 2022 ᠣᠨ ᠤ ᠰᠢᠨ᠎ᠡ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠤ᠂ ᠦᠷᠭᠡᠨ ᠣᠯᠠᠨ ᠲᠦᠮᠡᠨ ᠤ ᠵᠢᠯ ᠴᠠᠭᠠᠨ ᠰᠠᠷ᠎ᠠ ᠪᠠᠨ ᠡᠷᠡᠬᠦᠯ ᠴᠢᠬᠢᠷᠠᠭ᠂ ᠠᠮᠤᠷ ᠲᠥᠪᠰᠢᠨ ᠥᠩᠭᠡᠷᠡᠬᠦᠯᠬᠦ ᠶᠢ ᠪᠠᠳᠤᠯᠠᠬᠤ ᠶᠢᠨ ᠲᠤᠯᠠᠳᠠ᠂ ᠬᠠᠮᠢᠶ᠎ᠠ ᠪᠦᠬᠦᠢ ᠵᠦᠢᠯᠡᠰ ᠢ ᠲᠤᠤᠷᠠᠬᠢ ᠮᠡᠳᠦ ᠵᠠᠷᠯᠠᠶ᠎ᠠ᠄        ᠨᠢᠭᠡ᠂  ᠲᠤᠬᠠᠢ ᠶᠢᠨ ᠭᠠᠵᠠᠷ ᠲᠠᠭᠠᠨ ᠴᠠᠭᠠᠨ ᠰᠠᠷ᠎ᠠ ᠪᠠᠨ ᠥᠩᠭᠡᠷᠡᠬᠦᠯᠬᠦ ᠶᠢ ᠵᠤᠷᠢᠭᠵᠢᠭᠤᠯᠵᠤ᠂ ᠪᠦᠬᠦ ᠬᠤᠰᠢᠭᠤᠨ ᠤ ᠨᠠᠮ ᠤᠨ ᠬᠡᠰᠢᠬᠦᠨ ᠺᠠᠳ᠋ᠷ ᠤᠳᠤᠷᠢᠳᠤᠯᠭ᠎ᠠ ᠪᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯᠲᠠᠳ ᠨᠢ ᠲᠤᠬᠠᠢ ᠶᠢᠨ ᠭᠠᠵᠠᠷ ᠲᠠᠭᠠᠨ ᠴᠠᠭᠠᠨ ᠰᠠᠷ᠎ᠠ ᠪᠠᠨ ᠥᠩᠭᠡᠷᠡᠬᠦᠯᠬᠦ ᠶᠢ ᠲᠠᠭᠠᠭᠤᠯᠤᠨ ᠨᠠᠶᠢᠳᠠᠪᠦᠷᠢᠵᠢᠭᠤᠯᠬᠤ ᠬᠡᠷᠡᠭᠳᠡᠢ᠃        ᠬᠤᠶᠠᠷ᠂ ᠦᠷᠭᠡᠨ ᠣᠯᠠᠨ ᠲᠥᠮᠡᠨ ᠬᠢᠵᠢᠭ ᠤᠨ ᠬᠦᠳᠡᠯᠦᠩᠬᠦᠢ ᠬᠤᠪᠢᠷᠠᠯᠲᠠ ᠶᠢ ᠰᠠᠶᠢᠲᠤᠷ ᠠᠩᠬᠠᠷᠴᠤ᠂ ᠴᠢᠬᠤᠯᠠ ᠤᠴᠢᠷ ᠶᠠᠪᠤᠳᠠᠯ ᠦᠬᠡᠢ ᠪᠣᠯ ᠬᠤᠰᠢᠭᠤᠨ ᠠᠴᠠ ᠰᠠᠯᠬᠤ ᠦᠭᠡᠢ ᠪᠠᠶᠢᠵᠤ᠂ ᠬᠢᠵᠢᠭ ᠤᠨ ᠲᠤᠮᠳᠠ ᠥᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠵᠢᠴᠢ ᠲᠡᠬᠦᠨ ᠤ ᠪᠠᠶᠢᠭ᠎ᠠ ᠬᠤᠰᠢᠭᠤ ᠰᠢᠶᠠᠨ ︵ᠬᠤᠲᠠ᠂ ᠲᠤᠭᠤᠷᠢᠭ︶ ᠎ ᠳᠤ ᠣᠴᠢᠬᠤ ᠶᠢ ᠴᠢᠩᠭ᠎ᠠ ᠬᠢᠵᠠᠭᠠᠷᠯᠠᠵᠤ᠂ ᠴᠢᠬᠤᠯᠠ ᠤᠴᠢᠷ ᠶᠠᠪᠤᠳᠠᠯ ᠦᠬᠡᠢ ᠪᠣᠯ ᠬᠢᠵᠢᠭ ᠤᠨ ᠲᠤᠮᠳᠠ ᠥᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠤ ᠪᠠᠶᠢᠭ᠎ᠠ ᠠᠶᠢᠮᠠᠭ ᠬᠤᠲᠠ ᠶᠢᠨ ᠪᠤᠰᠤᠳ ᠬᠤᠰᠢᠭᠤ ᠰᠢᠶᠠᠨ ︵ᠬᠤᠲᠠ ᠂ ᠲᠤᠭᠤᠷᠢᠭ︶᠎ ᠳᠤ  ᠤᠴᠢᠬᠤ ᠦᠭᠡᠢ᠂ ᠬᠡᠷᠪᠡ ᠵᠠᠪᠠᠯ ᠤᠴᠢᠬᠤ ᠴᠢᠬᠤᠯᠠᠲᠠᠢ ᠪᠣᠯ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠤ᠂ ᠬᠦᠮᠦᠨ ᠣᠯᠠᠨ ᠴᠤᠭᠯᠠᠷᠠᠭᠰᠠᠨ ᠨᠢᠭᠲᠠ ᠪᠢᠳᠡᠬᠦᠦ ᠣᠷᠤᠨ ᠲᠠᠯᠠᠪᠤᠷ ᠲᠤ ᠤᠴᠢᠬᠤ ᠠᠴᠠ ᠵᠠᠶᠢᠯᠠᠰᠬᠢᠨ᠎ᠠ᠃ ᠬᠤᠰᠢᠭᠤᠨ ᠳᠤ ᠬᠠᠷᠢᠵᠤ ᠢᠷᠡᠬᠦ ᠠᠴᠠ ᠡᠮᠦᠨ᠎ᠡ᠂ ᠰᠠᠨᠠᠭᠠᠴᠢᠯᠠᠭ᠎ᠠ ᠠᠴᠠ ᠪᠠᠨ ᠬᠠᠷᠢᠶ᠎ᠠ ᠭᠠᠴᠠᠭ᠎ᠠ ᠨᠡᠶᠢᠭᠡᠮ ᠲᠤᠭᠤᠷᠢᠭ᠂ ᠪᠠᠶᠢᠭᠤᠯᠭ᠎ᠠ ᠨᠢᠭᠡᠴᠡ ᠳᠡᠭᠡᠨ ᠮᠡᠳᠡᠬᠦᠯᠵᠦ᠂ ᠬᠤᠰᠢᠭᠤᠨ ᠳᠤ ᠬᠠᠷᠢᠵᠤ ᠢᠷᠡᠭᠰᠡᠨ ᠤ ᠲᠠᠷᠠᠭ᠎ᠠ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠤᠰᠤᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠬᠤ ᠬᠡᠷᠡᠭᠳᠡᠢ᠃         ᠭᠤᠷᠪᠠ᠂ ᠬᠡᠷᠪᠡ ᠴᠢᠬᠤᠯᠠ ᠤᠴᠢᠷ ᠶᠠᠪᠤᠳᠠᠯ ᠦᠭᠡᠢ ᠪᠣᠯ᠂ ᠮᠠᠨ ᠤ ᠣᠷᠤᠨ ᠤ ᠮᠠᠨᠵᠤᠤᠷ ᠬᠤᠲᠠ᠂ ᠡᠷᠬᠦᠨ᠎ᠡ ᠬᠤᠲᠠ᠂ ᠰᠢᠨ᠎ᠡ ᠪᠠᠷᠭᠤ ᠵᠡᠬᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠡᠷᠢᠶᠡᠨ ᠬᠤᠲᠠ᠂ ᠵᠡᠬᠦᠨ ᠦᠵᠦᠮᠦᠴᠢᠨ ᠬᠤᠰᠢᠭᠤ᠂ ᠤᠷᠠᠳ ᠤᠨ ᠳᠤᠮᠳᠠ ᠬᠤᠰᠢᠭᠤ᠂ ᠡᠵᠡᠨ᠎ᠡ ᠬᠤᠰᠢᠭᠤ᠂ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤ᠂ ᠷᠠᠰᠢᠶᠠᠨ ᠬᠤᠲᠠ ᠵᠡᠷᠭᠡ ᠬᠢᠯᠢ ᠶᠢᠨ ᠪᠤᠭᠤᠮᠳᠠ ᠶᠢᠨ ᠬᠤᠲᠠ ᠣᠷᠤᠨ ᠳᠤ ᠤᠴᠢᠬᠤ ᠦᠭᠡᠢ ᠪᠠᠶᠢᠵᠤ᠂ ᠬᠡᠷᠪᠡ ᠣᠴᠢᠬᠤ ᠴᠢᠬᠤᠯᠠᠲᠠᠢ ᠪᠣᠯ ᠤᠴᠢᠭᠰᠠᠨ ᠤ ᠲᠠᠷᠠᠭ᠎ᠠ ᠬᠠᠮᠤᠭ ᠨᠠᠭᠠᠳᠤ ᠵᠠᠬ᠎ᠠ ᠳᠤ ᠨᠢᠭᠡ ᠤᠳᠠᠭ᠎ᠠ ᠪᠦᠭᠡᠮ ᠬᠦᠴᠢᠯ ᠤᠨ ᠪᠠᠶᠢᠴᠠᠭᠠᠯᠲᠠ ᠬᠢᠯᠭᠡᠵᠦ᠂ ᠡᠷᠬᠦᠨ᠎ᠡ ᠬᠤᠲᠠ ᠶᠢᠨ ᠡᠾᠸᠢ ᠱᠠᠨ ᠲᠸᠦ ᠪᠠᠯᠭᠠᠰᠤ᠂ ᠱᠢ ᠸᠧᠢ ᠪᠠᠯᠭᠠᠰᠤ᠂ ᠰᠢᠨ᠎ᠡ ᠪᠠᠷᠭᠤ ᠵᠡᠬᠦᠨ ᠬᠤᠰᠢᠭᠤᠨ ᠤ ᠵᠡᠬᠦᠨ  ᠬᠠᠳᠠᠪᠴᠢ ᠪᠠᠯᠭᠠᠰᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠤ ᠬᠠᠰᠢᠶᠠᠲᠤ ᠪᠠᠯᠭᠠᠰᠤ᠂ ᠵᠡᠬᠦᠨ ᠦᠵᠦᠮᠦᠴᠢᠨ ᠬᠤᠰᠢᠭᠤᠨ ᠤ ᠵᠡᠬᠦᠨ ᠬᠠᠳᠠᠪᠴᠢ ᠪᠠᠯᠭᠠᠰᠤ᠂ ᠤᠷᠠᠳ ᠤᠨ ᠲᠤᠮᠳᠠ ᠬᠤᠰᠢᠭᠤᠨ ᠤ ᠭᠠᠭᠴᠠ ᠮᠤᠳᠤ ᠪᠠᠯᠭᠠᠰᠤ᠂ ᠡᠵᠡᠨ᠎ᠡ ᠬᠤᠰᠢᠭᠤᠨ ᠤ ᠴᠡᠭᠡ ᠪᠠᠯᠭᠠᠰᠤ᠂ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠮᠠᠨᠳᠤᠯ ᠪᠠᠯᠭᠠᠰᠤ ᠵᠡᠷᠭᠡ ᠬᠢᠯᠢ ᠶᠢᠨ ᠪᠤᠭᠤᠮᠳᠠ ᠶᠢᠨ ᠬᠤᠲᠠ ᠪᠠᠯᠭᠠᠰᠤᠨ ᠳᠤ ᠤᠴᠢᠭᠰᠠᠳ ᠡᠷᠬᠡᠪᠰᠢ 48 ᠴᠠᠭ ᠤᠨ ᠲᠤᠳᠤᠷᠠᠬᠢ ᠪᠦᠭᠡᠮ ᠬᠦᠴᠢᠯ ᠤᠨ ᠪᠠᠶᠢᠴᠠᠭᠠᠯᠲᠠ ᠎ ᠶᠢᠨ ᠳ᠋ᠦᠩ ᠤᠨ ᠪᠢᠯᠢᠭ ᠴᠢᠨᠠᠷᠲᠠᠢ ᠬᠡᠷᠡᠴᠢ ᠶᠢ ᠬᠠᠩᠭᠠᠵᠤ᠂ ᠡᠳᠡᠭᠡᠷ ᠭᠠᠵᠠᠷ ᠣᠷᠤᠨ ᠳᠤ ᠠᠶᠠᠯᠠᠵᠤ ᠰᠠᠭᠤᠷᠢᠰᠢᠭᠰᠠᠨ ᠥᠩᠭᠡᠷᠡᠯᠲᠡ ᠲᠠᠢ ᠬᠦᠮᠦᠰ ᠤᠨ ᠪᠡᠭᠡᠵᠢᠩ ᠬᠤᠲᠠ ᠳᠤ ᠣᠴᠢᠬᠤ ᠶᠢ ᠬᠢᠵᠠᠭᠠᠷᠯᠠᠨ᠎ᠠ᠃        ᠲᠥᠷᠪᠡ᠂ ᠲᠥᠪᠯᠡᠷᠡᠬᠦᠯᠦᠨ ᠲᠤᠰᠠᠭᠠᠷᠯᠠᠬᠤ ᠲᠠᠯᠠᠪᠤᠷ᠂ ᠲᠤᠭᠲᠠᠭᠰᠠᠨ ᠡᠮᠴᠢᠯᠡᠭᠡᠨ ᠤ ᠪᠠᠶᠢᠭᠤᠯᠤᠮᠵᠢ᠂ ᠬᠠᠯᠠᠭᠤᠷᠠᠭᠰᠠᠨ ᠡᠪᠡᠳᠴᠢᠲᠡᠨ ᠢ ᠡᠮᠴᠢᠯᠡᠬᠦ ᠡᠬᠦᠳᠡᠨ ᠡᠮᠨᠡᠯᠭᠡ ᠵᠡᠷᠭᠡ ᠶᠢᠨ ᠲᠦᠭᠰᠢᠬᠦᠷᠢ ᠶᠡᠬᠡᠳᠡᠢ ᠠᠵᠢᠯ ᠤᠨ ᠪᠠᠶᠢᠷᠢᠨ ᠳᠠᠬᠢ ᠠᠵᠢᠯᠳᠠᠳ ᠠᠯᠢ ᠴᠢᠳᠠᠬᠤ ᠪᠠᠷ ᠭᠠᠳᠠᠭᠰᠢ ᠭᠠᠷᠬᠤ ᠦᠭᠡᠢ ᠪᠠᠶᠢᠵᠤ᠂ ᠬᠡᠷᠪᠡ ᠴᠢᠬᠤᠯᠠᠲᠠᠢ ᠪᠣᠯ ᠡᠷᠬᠡᠪᠰᠢ 14 ᠡᠳᠦᠷ ᠠᠴᠠ ᠳᠡᠭᠡᠭᠰᠢ ᠠᠵᠢᠯ ᠤᠨ ᠪᠠᠶᠢᠷᠢ ᠠᠴᠠ ᠪᠠᠨ ᠰᠠᠯᠤᠭᠰᠠᠨ ᠪᠠᠶᠢᠬᠤ ᠪᠠ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠭᠡᠷᠡᠴᠢ ᠬᠠᠩᠭᠠᠬᠤ ᠵᠡᠷᠭᠡ ᠨᠦᠬᠦᠴᠡᠯ ᠢ ᠪᠦᠷᠢᠯᠳᠦᠬᠦᠯᠬᠦ ᠶᠢᠨ ᠬᠠᠮᠲᠤ᠂ ᠪᠠᠶᠢᠭᠤᠯᠭ᠎ᠠ ᠨᠢᠭᠡᠴᠡ ᠳᠡᠭᠡᠨ ᠮᠡᠳᠡᠬᠦᠯᠬᠦ ᠬᠡᠷᠡᠭᠳᠡᠢ᠃        ᠲᠠᠪᠤ᠂ ᠬᠢᠯᠢ ᠶᠢᠨ ᠭᠠᠳᠠᠨ᠎ᠠ ᠠᠴᠠ ᠢᠷᠡᠭᠰᠡᠳ ᠤᠨ ᠬᠠᠮᠢᠶᠠᠷᠤᠯᠲᠠ ᠶᠢ ᠴᠢᠩᠭᠠᠳᠬᠠᠵᠤ᠂ ᠡᠷᠬᠡᠪᠰᠢ ︽14 ᠡᠳᠦᠷ ᠲᠥᠪᠯᠡᠷᠡᠬᠦᠯᠦᠨ ᠳᠤᠰᠠᠭᠠᠷᠯᠠᠯᠲᠠ ᠬᠢᠬᠦ ᠪᠠ 7 ᠡᠳᠦᠷ ᠭᠡᠷ ᠲᠤᠨᠢ ᠲᠤᠰᠠᠭᠠᠷᠯᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠬᠦᠯᠵᠦ᠂ ᠭᠡᠷ ᠲᠡᠭᠡᠨ ᠲᠤᠰᠠᠭᠠᠷᠯᠠᠬᠤ ᠨᠦᠬᠦᠴᠡᠯ ᠢ ᠪᠦᠷᠢᠯᠳᠦᠬᠦᠯᠵᠦ ᠴᠢᠳᠠᠬᠤ ᠦᠬᠡᠢ ᠬᠦᠮᠦᠰ ᠢ ᠴᠥᠮ ᠲᠥᠪᠯᠡᠷᠡᠬᠦᠯᠦᠨ ᠲᠤᠰᠠᠭᠠᠷᠯᠠᠵᠤ᠂ ᠲᠥᠪᠯᠡᠷᠡᠬᠦᠯᠦᠨ ᠲᠤᠰᠠᠭᠠᠷᠯᠠᠵᠤ ᠠᠵᠢᠭᠯᠠᠯᠲᠠ ᠬᠢᠭᠰᠡᠨ 1  ᠂ 4  ᠂ 7  ᠂ 10᠂ 14  ᠳ᠋ᠦ᠋ᠭᠡᠷ ᠡᠳᠦᠷ ᠲᠤ ᠲᠤᠰᠪᠦᠷᠢ ᠨᠢᠭᠡ ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠲᠠ ᠬᠢᠵᠤ᠂ ᠭᠡᠷ ᠲᠤᠨᠢ ᠲᠤᠰᠠᠭᠠᠷᠯᠠᠵᠤ ᠠᠵᠢᠭᠯᠠᠯᠲᠠ ᠬᠢᠭᠰᠡᠨ 2᠂ 7 ᠳ᠋ᠦ᠋ᠭᠡᠷ ᠡᠳᠦᠷ ᠲᠤ ᠲᠤᠰᠪᠤᠷᠢ ᠨᠢᠭᠡ ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠭᠡᠷ ᠲᠡᠭᠡᠨ ᠲᠤᠰᠠᠭᠠᠷᠯᠠᠯᠲᠠ ᠬᠢᠵᠤ ᠲᠠᠭᠤᠰᠤᠭᠰᠠᠨ ᠤ ᠲᠠᠷᠠᠭ᠎ᠠ 7 ᠡᠳᠦᠷ ᠦᠪᠡᠷᠲᠡᠭᠡᠨ ᠡᠷᠡᠬᠦᠯ ᠮᠡᠨᠳᠦ ᠶᠢᠨ ᠬᠢᠨᠠᠨ ᠬᠡᠮᠵᠢᠯᠲᠡ ᠬᠢᠬᠦ ᠬᠡᠷᠡᠭᠳᠡᠢ᠃        ᠵᠢᠷᠭᠤᠭ᠎ᠠ᠂ ᠤᠯᠤᠰ ᠤᠨ ᠲᠤᠳᠤᠭᠠᠲᠤ ᠶᠢᠨ ᠬᠢᠵᠢᠭ ᠤᠨ ᠳᠤᠮᠳᠠ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠠᠴᠠ ᠮᠠᠨ ᠤ ᠬᠤᠰᠢᠭᠤᠨ ᠳᠤ ᠬᠠᠷᠢᠵᠤ ᠢᠷᠡᠭᠰᠡᠳ ᠢ ᠵᠢᠭᠰᠠᠭᠠᠨ ᠪᠠᠶᠢᠴᠠᠭᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠦᠷᠢᠵᠢᠭᠤᠯᠵᠤ᠂ ᠬᠢᠵᠢᠭ ᠤᠨ ᠳᠤᠮᠳᠠ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠤ ᠪᠠᠶᠢᠭ᠎ᠠ ᠬᠤᠰᠢᠭᠤ ᠰᠢᠶᠠᠨ ︵ᠬᠤᠲᠠ᠂ ᠲᠤᠭᠤᠷᠢᠭ︶᠎ ᠠᠴᠠ ᠮᠠᠨ ᠤ ᠬᠤᠰᠢᠭᠤᠨ ᠳᠤ ᠬᠠᠷᠢᠵᠤ ᠢᠷᠡᠭᠰᠡᠳ ᠲᠤ ︽14 ᠡᠳᠦᠷ ᠲᠥᠪᠯᠡᠷᠡᠬᠦᠯᠦᠨ ᠳᠤᠰᠠᠭᠠᠷᠯᠠᠯᠲᠠ ᠬᠢᠬᠦ + 5 ᠤᠳᠠᠭ᠎ᠠ ᠪᠦᠭᠡᠮ ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠬᠦᠯᠵᠦ ︵ᠲᠤᠰᠠᠭᠠᠷᠯᠠᠬᠤ ᠴᠠᠭ ᠢ ᠬᠤᠰᠢᠭᠤᠨ ᠳᠤ ᠢᠷᠡᠭᠰᠡᠨ ᠬᠤᠶᠠᠳᠡᠬᠢ ᠡᠳᠦᠷ ᠠᠴᠠ ᠡᠬᠢᠯᠡᠵᠦ ᠪᠤᠳᠤᠨ᠎ᠠ︶᠂ ᠬᠢᠵᠢᠭ ᠤᠨ ᠲᠤᠮᠳᠠ ᠲᠡᠰ ᠤᠨ ᠲᠦᠭᠰᠢᠬᠦᠷᠢᠲᠦ ᠭᠠᠵᠠᠷ ᠣᠷᠤᠨ ᠎ ᠤ ᠪᠠᠶᠢᠭ᠎ᠠ ᠬᠤᠰᠢᠭᠤ ᠰᠢᠶᠠᠨ ︵ᠬᠤᠲᠠ᠂ ᠲᠤᠭᠤᠷᠢᠭ︶᠎ ᠠᠴᠠ ᠮᠠᠨ ᠤ ᠬᠤᠰᠢᠭᠤᠨ ᠳᠤ ᠬᠠᠷᠢᠵᠤ ᠢᠷᠡᠭᠰᠡᠳ ᠲᠤ ︽14 ᠡᠳᠦᠷ ᠭᠡᠷ ᠲᠤᠨᠢ ᠲᠤᠰᠠᠭᠠᠷᠯᠠᠯᠲᠠ ᠬᠢᠬᠦ + 5 ᠤᠳᠠᠭ᠎ᠠ ᠪᠦᠭᠡᠮ ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠬᠦᠯᠵᠦ ︵ᠭᠡᠷ ᠲᠡᠭᠡᠨ ᠲᠤᠰᠠᠭᠠᠷᠯᠠᠬᠤ ᠨᠦᠬᠦᠴᠡᠯ ᠢ ᠪᠦᠷᠢᠯᠳᠦᠬᠦᠯᠵᠦ ᠴᠢᠳᠠᠬᠤ ᠦᠬᠡᠢ ᠬᠦᠮᠦᠰ ᠢ ᠴᠥᠮ ᠲᠥᠪᠯᠡᠷᠡᠬᠦᠯᠦᠨ ᠲᠤᠰᠠᠭᠠᠷᠯᠠᠨ᠎ᠠ︶᠂ ᠠᠵᠢᠭᠯᠠᠯᠲᠠ ᠶᠢᠨ 1  ᠂ 4  ᠂ 7  ᠂ 10᠂ 14  ᠳ᠋ᠦ᠋ᠭᠡᠷ ᠡᠳᠦᠷ ᠲᠤ ᠲᠤᠰᠪᠦᠷᠢ ᠨᠢᠭᠡ ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠡᠯ᠎ᠡ ᠰᠣᠮᠣ ᠪᠠᠯᠭᠠᠰᠤ ᠬᠢᠵᠢᠭ ᠤᠨ ᠳᠤᠮᠳᠠ ᠥᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠤ ᠪᠠᠶᠢᠭ᠎ᠠ ᠬᠤᠰᠢᠭᠤ ᠰᠢᠶᠠᠨ ︵ᠬᠤᠲᠠ᠂ ᠲᠤᠭᠤᠷᠢᠭ︶᠎ ᠠᠴᠠ ᠬᠠᠷᠢᠵᠤ ᠢᠷᠡᠭᠰᠡᠳ ᠢ ᠵᠢᠭᠰᠠᠭᠠᠨ ᠪᠠᠶᠢᠴᠠᠭᠠᠵᠤ ᠮᠡᠳᠡᠬᠦᠯᠬᠦ ᠠᠵᠢᠯ ᠢ ᠰᠠᠶᠢᠲᠤᠷ ᠬᠢᠬᠦ ᠶᠢᠨ ᠬᠠᠮᠲᠤ ᠬᠤᠰᠢᠭᠤ ᠵᠢᠯᠤᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠤᠭᠤᠶᠢᠯᠠᠩ ᠪᠠ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠤᠭᠤᠶᠢᠯᠠᠩ ᠲᠠᠢ ᠨᠢᠭᠲᠠ ᠬᠠᠮᠵᠢᠯᠴᠠᠨ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠳᠡᠢ᠃ ᠬᠢᠵᠢᠭ ᠤᠨ ᠳᠣᠮᠳᠠ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠤ ᠪᠠᠶᠢᠭ᠎ᠠ ᠬᠤᠰᠢᠭᠤ ᠰᠢᠶᠠᠨ ︵ᠬᠤᠲᠠ᠂ ᠲᠤᠭᠤᠷᠢᠭ︶᠎ ᠠᠴᠠ ᠬᠠᠷᠢᠵᠤ ᠢᠷᠡᠭᠡᠳ ᠰᠠᠨᠠᠭᠠᠴᠢᠯᠠᠭ᠎ᠠ ᠠᠴᠠ ᠪᠠᠨ ᠲᠡᠭᠡᠭᠰᠢ ᠮᠡᠳᠡᠬᠦᠯᠪᠡᠯ᠂ ᠲᠥᠪᠯᠡᠷᠡᠬᠦᠯᠦᠨ ᠲᠤᠰᠠᠭᠠᠷᠯᠠᠬᠤ ᠵᠠᠷᠤᠳᠠᠯ ᠢ ᠨᠢ ᠬᠤᠰᠢᠭᠤ ᠵᠢᠯᠤᠭᠤᠳᠬᠤ ᠬᠡᠯᠲᠡᠰ ᠠᠴᠠ ᠨᠢᠭᠡᠳᠦᠯᠳᠡᠢ ᠬᠠᠷᠢᠭᠤᠴᠠᠨ᠎ᠠ︔ ᠰᠠᠨᠠᠭᠠᠴᠢᠯᠠᠭ᠎ᠠ ᠠᠴᠠ ᠪᠠᠨ ᠮᠡᠳᠡᠬᠦᠯᠦᠭᠰᠡᠨ ᠦᠭᠡᠢ ᠬᠦᠮᠦᠰ ᠤᠨ ᠲᠥᠪᠯᠡᠷᠡᠬᠦᠯᠦᠨ ᠲᠤᠰᠠᠭᠠᠷᠯᠠᠬᠤ ᠵᠠᠷᠤᠳᠠᠯ ᠢ ᠬᠤᠪᠢ ᠬᠦᠮᠦᠨ ᠦᠪᠡᠷᠲᠡᠭᠡᠨ ᠬᠠᠷᠢᠭᠤᠴᠠᠨ᠎ᠠ᠃ ᠬᠢᠯᠢ ᠎ ᠪᠠᠷ ᠣᠷᠣᠵᠤ ᠢᠷᠡᠭᠰᠡᠨ ᠬᠦᠮᠦᠨ᠂ ᠡᠳ᠋ ᠪᠣᠳᠠᠰ ᠲᠠᠢ ᠨᠢᠭᠲᠠ ᠣᠶᠢᠷᠠᠳᠬᠤ ᠲᠦᠭᠰᠢᠬᠦᠷᠢ ᠶᠡᠬᠡᠳᠡᠢ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠳ ᠵᠢᠴᠢ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ᠂ ᠬᠠᠯᠠᠭᠤᠷᠠᠭᠰᠠᠨ ᠡᠪᠡᠳᠴᠢᠲᠡᠨ ᠢ ᠡᠮᠴᠢᠯᠡᠬᠦ ᠡᠭᠦᠳᠡᠨ ᠡᠮᠨᠡᠯᠭᠡ ᠵᠡᠷᠭᠡ ᠲᠦᠭᠰᠢᠭᠦᠷᠢ ᠶᠡᠬᠡᠲᠡᠶ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠳ ᠠᠯᠢ ᠴᠢᠳᠠᠬᠤ ᠪᠠᠷ ᠬᠤᠰᠢᠭᠤᠨ ᠳᠤ ᠬᠠᠷᠢᠵᠤ ᠢᠷᠡᠬᠦ ᠠᠴᠠ ᠵᠠᠶᠢᠯᠠᠰᠬᠢᠵᠦ᠂ ᠬᠤᠰᠢᠭᠤᠨ ᠳᠤ ᠬᠠᠷᠢᠵᠤ ᠢᠷᠡᠬᠦ ᠴᠢᠬᠤᠯᠠ ᠲᠠᠢ ᠪᠣᠯ 14 ᠡᠳᠦᠷ ᠠᠴᠠ ᠳᠡᠭᠡᠭᠰᠢ ᠠᠵᠢᠯ ᠤᠨ ᠪᠠᠶᠢᠷᠢ ᠠᠴᠠ ᠪᠠᠨ ᠰᠠᠯᠤᠭᠰᠠᠨ ᠪᠠᠶᠢᠬᠤ ᠪᠠ 48 ᠴᠠᠭ ᠤᠨ ᠳᠤᠳᠤᠷᠠᠬᠢ ᠪᠥᠭᠡᠮ ᠬᠦᠴᠢᠯ ᠤᠨ ᠪᠠᠶᠢᠴᠠᠭᠠᠯᠲᠡ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠵᠤ᠂ ᠪᠠᠶᠢᠭᠤᠯᠭ᠎ᠠ ᠨᠢᠭᠡᠴᠡ ᠳᠡᠭᠡᠨ ᠮᠡᠳᠡᠬᠦᠯᠦᠭᠰᠡᠨ ᠤ ᠳᠠᠷᠠᠭ᠎ᠠ ᠰᠠᠶ᠋ᠢ ᠬᠤᠰᠢᠭᠤᠨ ᠳᠤ ᠬᠠᠷᠢᠵᠤ ᠢᠷᠡᠵᠦ ᠪᠣᠯᠤᠨ᠎ᠠ᠂ ᠬᠤᠰᠢᠭᠤᠨ ᠳᠤ ᠬᠠᠷᠢᠵᠤ ᠢᠷᠡᠭᠰᠡᠨ ᠤ ᠳᠠᠷᠠᠭ᠎ᠠ ᠰᠠᠨᠠᠭᠠᠴᠢᠯᠠᠭ᠎ᠠ ᠠᠴᠠ ᠪᠠᠨ ᠰᠠᠭᠤᠭ᠎ᠠ ᠭᠠᠴᠠᠭ᠎ᠠ ᠨᠡᠶᠢᠭᠡᠮ ᠲᠣᠭᠤᠷᠢᠭ ᠲᠠᠭᠠᠨ ᠮᠡᠳᠡᠬᠦᠯᠬᠦ ᠶᠢᠨ ᠬᠠᠮᠲᠤ ᠥᠪᠡᠷᠲᠡᠭᠡᠨ 14 ᠡᠳᠦᠷ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠨ᠎ᠠ᠃ ᠳᠡᠭᠡᠷ᠎ᠡ ᠳᠤᠷᠠᠳᠤᠭᠰᠠᠨ ᠬᠥᠮᠦᠰ ᠠᠴᠠ ᠪᠤᠰᠤᠳ ᠬᠤᠰᠢᠭᠤᠨ ᠳᠤ ᠢᠷᠡᠭᠰᠡᠳ ᠬᠤᠰᠢᠭᠤᠨ ᠳᠤ ᠢᠷᠡᠬᠦ ᠠᠴᠠ ᠪᠠᠨ ᠡᠮᠦᠨ᠎ᠡ ᠡᠷᠬᠡᠪᠰᠢ ᠬᠠᠷᠢᠶ᠎ᠠ ᠭᠠᠴᠠᠭ᠎ᠠ ᠨᠡᠶᠢᠭᠡᠮ ᠲᠣᠭᠤᠷᠢᠭ ᠲᠠᠭᠠᠨ ᠮᠡᠳᠡᠬᠦᠯᠵᠦ᠂ ᠬᠢᠵᠢᠭ ᠤᠨ ᠳᠣᠮᠳᠠ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠠᠴᠠ ᠢᠷᠡᠭᠰᠡᠨ ᠡᠰᠡᠬᠦ᠂ ᠣᠶᠢᠷ᠎ᠠ ᠶᠢᠨ 14 ᠡᠳᠦᠷ ᠲᠤ ᠤᠯᠤᠰ ᠤᠨ ᠳᠣᠲᠣᠭᠠᠳᠤ ᠳᠤ ᠨᠢᠭᠡᠨᠲᠡ ᠮᠡᠳᠡᠭᠦᠯᠦᠭᠰᠡᠨ ᠡᠪᠡᠳᠴᠢᠨ ᠤ ᠵᠢᠱᠢᠶ᠎ᠡ ᠲᠠᠢ ᠠᠶᠠᠯᠠᠯ ᠤᠨ ᠴᠠᠭ ᠬᠤᠭᠤᠴᠠᠭ᠎ᠠ ᠪᠠ ᠵᠠᠮ ᠱᠣᠭᠤᠮ ᠳᠠᠪᠬᠤᠴᠠᠭᠰᠠᠨ ᠡᠰᠡᠬᠦ ᠪᠠᠨ ᠦᠨᠡᠨ ᠪᠤᠳᠠᠳᠠᠢ ᠲᠣᠳᠣᠷᠬᠠᠶᠢᠯᠠᠬᠤ ᠬᠡᠷᠡᠭᠲᠡᠶ᠃ ᠣᠷᠣᠨ ᠤ ᠭᠠᠳᠠᠨ᠎ᠠ ᠠᠶᠠᠯᠠᠵᠤ ᠰᠠᠭᠤᠷᠢᠰᠢᠭᠰᠠᠨ ᠦᠩᠭᠡᠷᠡᠯᠲᠡ ᠲᠠᠢ ᠮᠠᠨ ᠤ ᠬᠤᠰᠢᠭᠤᠨ ᠳᠤ ᠢᠷᠡᠭᠰᠡᠳ ᠨᠢ ᠲᠠᠷᠤᠶᠢᠬᠠᠨ ᠪᠦᠭᠡᠮ ᠬᠦᠴᠢᠯ ᠤᠨ ᠪᠠᠶᠢᠴᠠᠭᠠᠯᠲᠠ ᠬᠢᠯᠭᠡᠵᠦ᠂ ᠪᠠᠶᠢᠴᠠᠭᠠᠯᠲᠠ ᠎ ᠶᠢᠨ ᠳ᠋ᠦᠩ ᠭᠠᠷᠬᠤ ᠠᠴᠠ ᠡᠮᠦᠨ᠎ᠡ ᠭᠡᠷ ᠠᠴᠠ ᠭᠠᠷᠬᠤ ᠦᠭᠡᠢ ᠪᠠᠶᠢᠵᠤ᠂  ᠬᠦᠮᠦᠨ ᠣᠯᠠᠨ ᠴᠤᠭᠯᠠᠷᠠᠭᠰᠠᠨ ᠭᠠᠵᠠᠷ ᠎ ᠲᠤ ᠤᠴᠢᠵᠤ ᠪᠤᠯᠬᠤ ᠦᠭᠡᠢ᠃        ᠲᠤᠯᠤᠭ᠎ᠠ᠂ ᠵᠢᠭᠤᠯᠴᠢᠯᠠᠯ ᠤᠨ ᠬᠤᠷᠢᠶ᠎ᠠ᠂ ᠵᠢᠭᠤᠯᠴᠢᠯᠠᠯ ᠤᠨ ᠠᠵᠤ ᠠᠬᠤᠶᠢᠯᠠᠯ ᠨᠢ ᠬᠢᠵᠢᠭ ᠤᠨ ᠳᠤᠮᠳᠠ᠂ ᠦᠨᠳᠦᠷ ᠲᠦᠭᠰᠢᠬᠦᠷᠢᠲᠦ ᠭᠠᠵᠠᠷ ᠣᠷᠣᠨ ᠤ ᠮᠤᠵᠢ ︵ᠣᠷᠣᠨ᠂ ᠬᠤᠲᠠ︶᠎ ᠳᠠᠬᠢ ᠮᠤᠵᠢ ᠠᠯᠤᠰᠯᠠᠭᠰᠠᠨ ᠪᠦᠯᠬᠦᠮ ᠨᠡᠶᠢᠲᠡ ᠶᠢᠨ ᠵᠢᠭᠤᠯᠴᠢᠯᠠᠯ ᠵᠢᠴᠢ ︽ᠨᠢᠰᠬᠡᠯ ᠤᠨ ᠪᠢᠯᠧᠲ + ᠪᠠᠭᠤᠳᠠᠯ︾᠎ ᠤᠨ ᠦᠢᠯᠡᠴᠢᠯᠡᠭᠡ ᠪᠠᠨ ᠲᠦᠷ ᠵᠣᠭᠰᠣᠭᠠᠵᠤ᠂ ᠬᠢᠯᠢ ᠶᠢᠨ ᠪᠣᠭᠤᠮᠲᠠ ᠶᠢᠨ ᠬᠤᠲᠠ ᠪᠠᠯᠭᠠᠰᠤᠨ ᠳᠠᠬᠢ ᠪᠦᠯᠬᠦᠮ ᠨᠡᠶᠢᠲᠡ ᠶᠢᠨ ᠵᠢᠭᠤᠯᠴᠢᠯᠠᠯ ᠵᠢᠴᠢ ︽ᠨᠢᠰᠬᠡᠯ ᠤᠨ ᠪᠢᠯᠧᠲ + ᠪᠠᠭᠤᠳᠠᠯ︾᠎ ᠤᠨ ᠦᠢᠯᠡᠴᠢᠯᠡᠭᠡ ᠪᠠᠨ ᠲᠦᠷ ᠵᠣᠭᠰᠣᠭᠠᠨ᠎ᠠ᠃        ᠨᠠᠢᠮᠠ᠂ ᠬᠠᠯᠠᠭᠤᠷᠠᠭᠰᠠᠨ ᠡᠪᠡᠳᠴᠢᠲᠡᠨ᠂ ᠡᠷᠡᠭᠦᠯ ᠮᠡᠨᠳᠦ ᠶᠢᠨ ᠰᠢᠷ᠎ᠠ ᠦᠩᠭᠡᠲᠦ ᠺᠣᠳ᠋ ᠢᠯᠡᠷᠡᠭᠰᠡᠨ ᠬᠦᠮᠦᠰ ᠨᠢ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠭᠡᠵᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠ ᠪᠥᠭᠡᠮ ᠬᠦᠴᠢᠯ ᠤᠨ ᠪᠠᠶᠢᠴᠠᠭᠠᠯᠲᠡ ᠬᠢᠬᠦ ᠵᠡᠷᠭᠡ ᠠᠵᠢᠯ ᠲᠠᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠂ ᠬᠢᠵᠢᠭ ᠬᠠᠯᠳᠠᠪᠤᠷᠢᠯᠠᠬᠤ ᠲᠦᠭᠰᠢᠭᠦᠷᠢ ᠶᠢ ᠠᠷᠢᠯᠭᠠᠬᠤ ᠠᠴᠠ ᠡᠮᠦᠨ᠎ᠡ ᠭᠠᠳᠠᠭᠰᠢ ᠭᠠᠷᠬᠤ ᠥᠬᠡᠶ᠂ ᠴᠤᠭᠯᠠᠷᠠᠨ ᠨᠡᠶᠢᠯᠡᠯᠳᠦᠬᠦ ᠥᠬᠡᠶ ᠪᠠᠶᠢᠬᠤ ᠬᠡᠷᠡᠭᠲᠡᠶ᠃ ᠥᠷᠭᠡᠨ ᠣᠯᠠᠨ ᠰᠠᠭᠤᠭᠠᠯᠢ ᠠᠷᠠᠳ ᠬᠤᠪᠢ ᠬᠥᠮᠦᠨ ᠪᠠ ᠭᠡᠷ ᠤᠨ ᠬᠥᠮᠦᠰ ᠤᠨ ᠢᠶᠠᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠢ ᠴᠠᠭ ᠢᠮᠠᠭᠲᠠ ᠰᠠᠶᠢᠲᠤᠷ ᠠᠩᠬᠠᠷᠴᠤ᠂ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠰᠢᠨᠵᠢ ᠢᠯᠡᠷᠡᠪᠡᠯ᠂ ᠲᠠᠷᠤᠶᠢᠬᠠᠨ ᠠᠮᠠᠪᠴᠢ  ᠵᠡᠬᠦᠵᠦ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠭᠰᠠᠨ ᠡᠪᠡᠳᠴᠢᠲᠡᠨ ᠢ ᠡᠮᠴᠢᠯᠡᠬᠦ ᠡᠭᠦᠳᠡᠨ ᠡᠮᠨᠡᠯᠭᠡ ᠳᠤ ᠬᠦᠷᠴᠦ ︵ᠬᠠᠶ᠋ᠢᠭ᠄ ᠰᠢᠨᠡᠪᠤᠯᠠᠭ ᠪᠠᠯᠭᠠᠰᠤᠨ ᠤ ᠬᠤᠩᠭᠤᠷ ᠵᠡᠭᠡᠯᠢ ᠶᠢᠨ ᠪᠠᠷᠠᠭᠤᠨ ᠵᠠᠬ᠎ᠠ᠂ ᠤᠲᠠᠰᠤ᠄ 13141798461︶ ᠪᠠᠶᠢᠴᠠᠭᠠᠨ ᠡᠮᠴᠢᠯᠡᠬᠦᠯᠬᠦ ᠶᠢᠨ ᠬᠠᠮᠲᠤ᠂ ᠥᠪᠡᠷ ᠤᠨ ᠠᠶᠠᠯᠠᠵᠤ ᠰᠠᠭᠤᠷᠢᠰᠢᠭᠰᠠᠨ ᠪᠠᠶᠢᠳᠠᠯ᠂ ᠨᠢᠭᠲᠠ ᠣᠶᠢᠷᠠᠳᠤᠭᠰᠠᠨ ᠪᠠᠶᠢᠳᠠᠯ ᠢᠶᠠᠨ ᠦᠨᠡᠨ ᠪᠤᠳᠠᠳᠠᠢ ᠮᠡᠳᠡᠬᠦᠯᠵᠦ᠂ ᠡᠮᠴᠢᠯᠡᠬᠦᠯᠬᠦ ᠶᠠᠪᠤᠴᠠ ᠳᠤ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢ ᠬᠡᠷᠡᠭᠯᠡᠬᠦ ᠠᠴᠠ ᠵᠠᠶᠢᠯᠠᠰᠬᠢᠨ᠎ᠡ᠃ ᠥᠷᠭᠡᠨ ᠤᠯᠠᠨ ᠰᠠᠭᠤᠭᠠᠯᠢ ᠠᠷᠠᠳ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠨᠡᠯᠢᠶᠡᠳ ᠬᠦᠨᠳᠦ ᠨᠣᠴᠢᠲᠠᠶ ᠪᠠᠶᠢᠭ᠎ᠠ ᠤᠯᠤᠰ ᠣᠷᠤᠨ ᠪᠠ ᠤᠯᠤᠰ ᠤᠨ ᠳᠣᠲᠣᠭᠠᠳᠤ ᠶᠢᠨ ᠬᠢᠵᠢᠭ ᠤᠨ ᠲᠤᠮᠳᠠ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠣᠨ ᠠᠴᠠ ᠪᠠᠷᠠᠭ᠎ᠠ ᠲᠠᠸᠠᠷ᠂ ᠪᠦᠳᠦᠭᠡᠭᠳᠡᠬᠦᠨ ᠬᠤᠳᠠᠯᠳᠤᠨ ᠠᠪᠬᠤ ᠠᠴᠠ ᠵᠠᠶᠢᠯᠠᠰᠬᠢᠵᠤ᠂ ᠬᠢᠵᠢᠭ ᠤᠨ ᠬᠠᠯᠳᠠᠪᠦᠷᠢᠯᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠬᠢᠵᠢᠭ ᠲᠤ ᠬᠤᠯᠪᠣᠭᠳᠠᠭᠰᠠᠨ ᠰᠡᠵᠢᠭᠯᠡᠯᠲᠡᠶ ᠪᠠᠷᠠᠭ᠎ᠠ ᠲᠠᠸᠠᠷ ᠢ ᠬᠤᠳᠠᠯᠳᠤᠨ ᠠᠪᠤᠭᠰᠠᠨ ᠪᠠᠶᠢᠪᠠᠯ᠂ ᠬᠤᠯᠪᠤᠭᠳᠠᠯ ᠪᠥᠬᠦᠶ ᠬᠦᠮᠦᠰ ᠨᠢ ᠡᠷᠬᠡᠪᠰᠢ ᠳᠠᠷᠤᠶᠢᠬᠠᠨ ᠬᠠᠷᠢᠶ᠎ᠠ ᠭᠠᠴᠠᠭ᠎ᠠ ᠨᠡᠶᠢᠭᠡᠮ ᠲᠣᠭᠤᠷᠢᠭ ᠲᠠᠭᠠᠨ ᠮᠡᠳᠡᠬᠦᠯᠵᠦ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠲᠤᠰᠠᠭᠠᠷᠯᠠᠨ ᠬᠠᠮᠢᠶᠠᠷᠤᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠬᠠᠮᠵᠢᠯᠴᠠᠨ ᠨᠠᠶᠢᠳᠠᠪᠦᠷᠢᠵᠢᠭᠤᠯᠬᠤ ᠬᠡᠷᠡᠭᠳᠡᠢ᠃        ᠶᠢᠰᠦ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠰᠤᠷᠭᠠᠭᠤᠯᠢ ᠶᠢᠨ ᠡᠪᠦᠯ ᠤᠨ ᠠᠮᠠᠷᠠᠯᠲᠠ ᠶᠢᠨ ᠴᠢᠯᠥᠭᠡ ᠲᠠᠯᠪᠢᠬᠤ ᠴᠠᠭ ᠢ ᠰᠢᠯᠢᠳᠡᠭᠵᠢᠭᠦᠯᠦᠨ ᠲᠣᠬᠢᠷᠠᠭᠤᠯᠵᠤ᠂ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠡᠬᠢᠯᠡᠬᠦ ᠴᠠᠭ ᠢ ᠴᠠᠭ ᠬᠤᠭᠤᠴᠠᠭ᠎ᠠ ᠠᠯᠤᠰᠯᠠᠭᠤᠯᠤᠨ ᠲᠣᠬᠢᠷᠠᠭᠤᠯᠤᠨ᠎ᠠ᠃ ᠡᠯ᠎ᠡ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠠᠮᠠᠷᠠᠯᠲᠠ ᠲᠠᠯᠪᠢᠬᠤ ᠪᠠ ᠠᠵᠢᠯ ᠰᠡᠷᠭᠦᠭᠡᠬᠦ ᠴᠠᠭ ᠢ ᠵᠦᠶ ᠵᠣᠬᠢᠰᠲᠠᠶ ᠲᠣᠬᠢᠷᠠᠭᠤᠯᠬᠤ ᠶᠢ ᠱᠠᠭᠠᠷᠳᠠᠨ ᠪᠠᠶᠢᠴᠠᠭᠠᠵᠤ᠂ ᠬᠦᠯᠦᠰᠦᠨ ᠠᠵᠢᠯᠴᠢᠳ ᠤᠨ  ᠴᠠᠭ ᠬᠤᠭᠤᠴᠠᠭ᠎ᠠ ᠠᠯᠤᠰᠯᠠᠨ ᠨᠤᠲᠤᠭ ᠪᠤᠴᠠᠬᠤ ᠪᠠ ᠠᠵᠢᠯ ᠤᠨ ᠪᠠᠶᠢᠷᠢ ᠳᠠᠭᠠᠨ ᠪᠤᠴᠠᠬᠤ ᠶᠢ ᠬᠥᠲᠥᠯᠦᠨ ᠵᠢᠯᠣᠭᠤᠳᠬᠤ ᠬᠡᠷᠡᠭᠲᠡᠶ᠃ ᠬᠥᠮᠦᠨ ᠨᠡᠯᠢᠶᠡᠳ ᠣᠯᠠᠨ ᠠᠵᠤ ᠠᠬᠤᠶᠢᠯᠠᠯ ᠤᠨ ᠬᠥᠯᠥᠰᠥᠨ ᠠᠵᠢᠯᠴᠢᠳ ᠠᠵᠢᠯ ᠤᠨ ᠪᠠᠶᠢᠷᠢ ᠳᠠᠭᠠᠨ ᠪᠤᠴᠠᠬᠤ ᠦᠶᠡᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠭᠡᠷᠡᠴᠢ ᠶᠢ ᠬᠠᠩᠭᠠᠬᠤ ᠬᠡᠷᠡᠭᠲᠡᠶ᠃       ᠠᠷᠪᠠ᠂ ᠮᠡᠳᠡᠬᠦᠯᠬᠦ ᠦᠬᠡᠢ ᠨᠢᠭᠤᠬᠤ᠂ ᠬᠤᠲᠠᠯ ᠢᠶᠠᠷ ᠮᠡᠳᠡᠬᠦᠯᠬᠦ ᠪᠤᠶᠤ ᠲᠤᠭᠲᠠᠭᠠᠯ ᠶᠤᠰᠤᠭᠠᠷ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠤᠭᠰᠠᠨ ᠦᠬᠡᠢ ᠠᠴᠠ ᠪᠣᠯᠵᠤ᠂ ᠬᠢᠵᠢᠭ ᠬᠠᠯᠳᠠᠪᠦᠷᠢᠯᠠᠨ ᠲᠠᠷᠬᠠᠬᠤ ᠪᠤᠶᠤ ᠪᠤᠰᠤᠳ ᠬᠦᠨᠳᠦ ᠨᠤᠴᠢᠲᠠᠢ ᠦᠷ᠎ᠡ ᠨᠦᠯᠦᠭᠡ ᠭᠠᠷᠭᠠᠪᠠᠯ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠯᠳᠠᠪᠦᠷᠢᠲᠦ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠎ ᠶᠢ ᠦᠨᠳᠦᠰᠦᠯᠡᠨ ᠬᠠᠷᠢᠭᠤᠴᠠᠯᠭ᠎ᠠ ᠨᠡᠭᠡᠮᠵᠢᠯᠡᠬᠦ ᠪᠠ ᠲᠣᠷᠭᠠᠵᠤ᠂ ᠬᠦᠨᠳᠦ ᠨᠤᠴᠢᠲᠠᠢ ᠪᠤᠯ ᠬᠠᠤᠯᠢ ᠲᠥᠷᠢᠮ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ ᠨᠡᠶᠢᠭᠡᠮ ᠤᠨ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠤᠯᠠᠲᠠ᠂ ᠦᠷᠭᠡᠨ ᠣᠯᠠᠨ ᠲᠥᠮᠡᠨ ᠬᠢᠵᠢᠭ ᠤᠨ ᠳᠣᠮᠳᠠ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠤ ᠪᠠᠶᠢᠭ᠎ᠠ ᠬᠤᠰᠢᠭᠤ ᠰᠢᠶᠠᠨ ︵ᠬᠤᠲᠠ᠂ ᠲᠤᠭᠤᠷᠢᠭ︶᠎ ᠠᠴᠠ ᠬᠠᠷᠢᠵᠤ ᠢᠷᠡᠭᠰᠡᠳ ᠤᠨ ᠲᠤᠭᠲᠠᠭᠠᠯ ᠶᠤᠰᠤᠭᠠᠷ ᠮᠡᠳᠡᠬᠦᠯᠦᠭᠰᠡᠨ ᠦᠭᠡᠢ ᠪᠤᠶᠤ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠭᠤᠣᠯᠳᠠᠯᠭ᠎ᠠ ᠲᠠᠢ ᠬᠦᠮᠦᠰ ᠤᠨ ︽ᠪᠠᠶᠢᠴᠠᠭᠠᠬᠤ ᠵᠤᠬᠢᠰᠲᠠᠢ ᠪᠦᠬᠦᠨ ᠢ ᠪᠠᠶᠢᠴᠠᠭᠠᠬᠤ︾ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠤᠭᠰᠠᠨ ᠦᠬᠡᠢ ᠪᠠᠶᠢᠳᠠᠯ ᠎ ᠢ ᠣᠯᠵᠤ ᠮᠡᠳᠡᠪᠡᠯ᠂ ᠲᠠᠷᠤᠶᠢᠬᠠᠨ ᠬᠤᠰᠢᠭᠤ ᠵᠢᠯᠤᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠤᠭᠤᠶᠢᠯᠠᠩ ᠳᠤ ᠪᠠᠶᠢᠳᠠᠯ ᠢ ᠮᠡᠳᠡᠬᠦᠯᠦᠨ᠎ᠡ ︵ᠬᠤᠰᠢᠭᠤ ᠲᠤᠳᠤᠭᠠᠲᠤ ᠶᠢ ᠬᠠᠮᠠᠭᠠᠯᠠᠬᠤ ᠲᠤᠪᠴᠢᠶ᠎ᠠ ᠶᠢᠨ 110 ᠵᠢᠯᠤᠭᠤᠳᠬᠤ ᠲᠥᠪ ᠤᠨ ᠬᠠᠷᠢᠯᠴᠠᠬᠤ ᠤᠳᠠᠰᠤ᠄ 110᠂ 6224814︔ ᠰᠢᠨᠡᠪᠤᠯᠠᠭ ᠪᠠᠯᠭᠠᠰᠤᠨ ᠤ ᠲᠤᠮᠢᠯᠠᠭᠰᠠᠨ ᠰᠠᠯᠪᠦᠷᠢ ᠶᠢᠨ ᠬᠠᠷᠢᠯᠴᠠᠬᠤ ᠤᠳᠠᠰᠤ᠄ 6222221︔ ᠪᠠᠶᠠᠨᠲᠠᠯ᠎ᠠ ᠪᠠᠯᠭᠠᠰᠤᠨ ᠤ ᠲᠤᠮᠢᠯᠠᠭᠰᠠᠨ ᠰᠠᠯᠪᠦᠷᠢ ᠶᠢᠨ ᠬᠠᠷᠢᠯᠴᠠᠬᠤ ᠤᠳᠠᠰᠤ᠄ 13947910948︔ ᠤᠩᠭᠤᠨ ᠠᠭᠤᠯᠠ ᠰᠣᠮᠣᠨ ᠤ ᠲᠤᠮᠢᠯᠠᠭᠰᠠᠨ ᠰᠠᠯᠪᠦᠷᠢ ᠶᠢᠨ ᠬᠠᠷᠢᠯᠴᠠᠬᠤ ᠤᠳᠠᠰᠤ᠄ 13947950284︔ ᠪᠤᠭᠲᠠ ᠶᠢᠨ ᠭᠤᠣᠯ ᠰᠣᠮᠣᠨ ᠤ ᠲᠤᠮᠢᠯᠠᠭᠰᠠᠨ ᠰᠠᠯᠪᠦᠷᠢ ᠶᠢᠨ ᠬᠠᠷᠢᠯᠴᠠᠬᠤ ᠤᠳᠠᠰᠤ᠄ 13947925042᠃ ᠢᠯᠡᠴᠢᠯᠡᠨ ᠮᠡᠳᠡᠬᠦᠯᠬᠦ ᠳᠡᠭᠡᠨ ᠡᠷᠬᠡᠪᠰᠢ ᠨᠡᠷ᠎ᠡ ᠤᠪᠤᠭ᠂ ᠰᠠᠭᠤᠭ᠎ᠠ ᠭᠠᠵᠠᠷ ᠵᠡᠷᠭᠡ ᠨᠠᠷᠢᠨ ᠪᠠᠶᠢᠳᠠᠯ ᠢ ᠨᠢ ᠲᠤᠳᠤᠷᠬᠠᠢ ᠲᠤᠰᠢᠶᠠᠬᠤ ᠬᠡᠷᠡᠭᠳᠡᠢ︶᠂ ᠪᠢᠲᠡ ᠰᠦᠪᠡᠭᠴᠢ ᠬᠠᠩᠭᠠᠭᠰᠠᠨ ᠬᠦᠮᠦᠰ ᠤᠨ ᠰᠤᠷᠠᠭ ᠵᠠᠩᠬᠢ ᠶᠢᠨ ᠨᠢᠭᠤᠴᠠ ᠶᠢ ᠰᠠᠶᠢᠲᠤᠷ ᠬᠠᠮᠠᠭᠠᠯᠠᠨ᠎ᠠ᠃        ᠠᠷᠪᠠᠨ ᠨᠢᠭᠡ᠂ ᠴᠤᠭᠯᠠᠷᠠᠯ ᠤᠨ ᠴᠢᠨᠠᠷᠲᠠᠢ ᠬᠦᠳᠡᠯᠭᠡᠭᠡᠨ ᠢ ᠪᠠᠭᠠᠰᠬᠠᠵᠤ᠂ ᠬᠤᠷᠢᠮ ᠨᠠᠶᠢᠷ ᠢ ᠬᠤᠶᠢᠰᠢᠭᠤᠯᠬᠤ ᠶᠢ ᠰᠠᠨᠠᠭᠠᠴᠢᠯᠠᠵᠤ᠂ ᠭᠠᠰᠢᠭᠤᠳᠠᠯ ᠤᠨ ᠶᠠᠪᠤᠳᠠᠯ ᠢ ᠳᠥᠬᠦᠮᠴᠢᠯᠡᠨ᠎ᠡ᠃ ᠣᠨᠴᠠᠭᠠᠢ ᠴᠢᠬᠤᠯᠠ ᠦᠭᠡᠢ ᠪᠣᠯ ᠡᠯ᠎ᠡ ᠲᠥᠷᠦᠯ ᠤᠨ ᠲᠤᠮᠤ ᠬᠡᠯᠪᠡᠷᠢ ᠶᠢᠨ ᠬᠦᠳᠡᠯᠭᠡᠭᠡᠨ ᠢ ᠡᠷᠬᠢᠯᠡᠬᠦ ᠦᠭᠡᠢ᠂ ᠬᠡᠷᠪᠡ ᠡᠷᠬᠢᠯᠡᠬᠦ ᠴᠢᠬᠤᠯᠠ ᠲᠠᠢ ᠪᠣᠯ᠂ ︽ᠬᠡᠨ ᠭᠤᠣᠯᠯᠠᠨ ᠡᠷᠬᠢᠯᠡᠪᠡᠯ᠂ ᠬᠡᠨ ᠬᠠᠷᠢᠭᠤᠴᠠᠬᠤ︾ ︽ᠬᠡᠨ ᠵᠥᠪᠰᠢᠶᠡᠷᠡᠪᠡᠯ᠂ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠨ᠂ ᠬᠢᠵᠢᠭ ᠢ ᠰᠡᠷᠭᠡᠶᠢᠯᠡᠨ ᠡᠵᠡᠮᠳᠡᠬᠦ ᠭᠤᠣᠯ ᠴᠤᠭᠴᠠ ᠶᠢᠨ ᠬᠠᠷᠢᠭᠤᠴᠠᠯᠭ᠎ᠠ ᠪᠠ ᠡᠯ᠎ᠡ ᠲᠥᠷᠦᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠦᠷᠢᠵᠢᠭᠤᠯᠵᠤ᠂ ᠬᠦᠮᠦᠨ ᠤ ᠲᠤᠭ᠎ᠠ ᠶᠢ ᠴᠢᠩᠭ᠎ᠠ ᠡᠵᠡᠮᠳᠡᠨ᠂ ᠠᠮᠤᠷ ᠲᠥᠪᠰᠢᠨ ᠤ ᠵᠠᠢ ᠶᠢ ᠪᠠᠲᠤᠯᠠᠵᠤ᠂ ᠤᠷᠢᠳᠴᠢᠯᠠᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠪᠢᠴᠢᠭ ᠤᠨ ᠬᠡᠯᠪᠡᠷᠢ ᠪᠠᠷ ᠭᠤᠶᠤᠴᠢᠯᠠᠨ᠎ᠠ ︵ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠵᠥᠪᠰᠢᠶᠡᠷᠡᠭᠰᠡᠨ ᠤ ᠲᠠᠷᠠᠭ᠎ᠠ᠂ ᠬᠡᠷᠪᠡ ᠵᠢᠯᠤᠭᠤᠳᠬᠤ ᠬᠡᠯᠲᠡᠰ ᠢᠶᠠᠷ ᠵᠥᠪᠰᠢᠶᠡᠷᠡᠬᠦᠯᠬᠦ ᠴᠢᠬᠤᠯᠠᠲᠠᠢ ᠪᠣᠯ᠂ ᠵᠢᠯᠤᠭᠤᠳᠬᠤ ᠬᠡᠯᠲᠡᠰ ᠲᠤ ᠪᠢᠴᠢᠭ ᠤᠨ ᠬᠡᠯᠪᠡᠷᠢ ᠪᠠᠷ ᠭᠤᠶᠤᠴᠢᠯᠠᠬᠤ ᠬᠡᠷᠡᠭᠳᠡᠢ︶᠃       ᠠᠷᠪᠠᠨ ᠬᠤᠶᠠᠷ᠂ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠶᠢ ᠲᠠᠷᠢᠬᠤ ᠪᠣᠯ ᠬᠠᠯᠳᠠᠪᠦᠷᠢᠯᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠪᠦᠳᠦᠮᠵᠢᠳᠡᠢ ᠠᠷᠭ᠎ᠠ ᠬᠡᠮᠵᠢᠶ᠎ᠡ ᠪᠤᠯᠤᠨ᠎ᠠ᠃ ᠦᠷᠭᠡᠨ ᠣᠯᠠᠨ ᠲᠥᠮᠡᠨ ᠣᠯᠣᠰ ᠤᠨ ᠰᠢᠨ᠎ᠡ ᠲᠢᠳᠢᠮᠯᠢᠭ ᠠᠭᠤᠰᠬᠢᠨ ᠥᠷᠪᠢᠰᠦᠯ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠶᠢᠨ ᠬᠠᠮᠢᠶ᠎ᠠ ᠪᠦᠬᠦᠢ ᠲᠥᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠦᠷᠵᠢᠭᠤᠯᠤᠨ᠂ ᠬᠤᠰᠢᠭᠤ ᠪᠡᠶ᠎ᠡ ᠶᠢᠨ ᠲᠠᠮᠢᠷ ᠤᠨ ᠣᠷᠳᠤᠨ ᠤ ᠸᠠᠺᠼᠢᠨ ᠤ ᠲᠠᠷᠢᠯᠭ᠎ᠠ ᠶᠢᠨ ᠴᠢᠭ ᠲᠤ ᠬᠦᠷᠴᠦ᠂ ᠸᠠᠺᠼᠢᠨ ᠤ ᠴᠢᠩᠭᠠᠳᠬᠠᠬᠤ ᠲᠠᠷᠢᠯᠭ᠎ᠠ ᠪᠠ 3 — 11 ᠨᠠᠰᠤᠨ ᠤ ᠬᠡᠦᠭᠡᠳ᠂ 60 ᠨᠠᠰᠤᠨ ᠠᠴᠠ ᠲᠡᠭᠡᠭᠰᠢᠬᠢ ᠨᠠᠰᠤᠳᠠᠶᠢᠴᠤᠳ ᠎ ᠤᠨ ᠰᠢᠨ᠎ᠡ ᠲᠢᠳᠢᠮᠯᠢᠭ ᠠᠠᠭᠤᠰᠬᠢᠨ ᠥᠷᠪᠢᠰᠦᠯ ᠤᠨ ᠬᠢᠵᠢᠭ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠶᠢ ᠢᠳᠡᠪᠬᠢᠳᠡᠢ ᠲᠠᠷᠢᠭᠤᠯᠵᠤ᠂ ᠪᠦᠬᠦ ᠠᠷᠠᠳ ᠤᠨ ᠰᠡᠷᠭᠡᠶᠢᠯᠡᠯᠳᠡ ᠶᠢᠨ ᠬᠠᠯᠬᠠᠪᠴᠢ ᠶᠢ ᠡᠷᠳᠡᠭᠡᠨ ᠴᠤᠭᠴᠠᠯᠠᠨ ᠪᠠᠶᠢᠭᠤᠯᠤᠶ᠎ᠠ᠃ ᠸᠠᠺᠼᠢᠨ ᠤ ᠲᠠᠷᠢᠯᠭ᠎ᠠ ᠶᠢ ᠲᠠᠷᠢᠬᠤ ᠴᠢᠭ ᠡᠷᠬᠡᠪᠰᠢ ᠸᠠᠺᠼᠢᠨ ᠤ ᠲᠠᠷᠢᠯᠭ᠎ᠠ ᠲᠠᠷᠢᠬᠤ ᠬᠦᠮᠦᠰ ᠤᠨ ᠬᠠᠮᠢᠶᠠᠷᠤᠯᠲᠠ ᠎ ᠶᠢ ᠴᠢᠩᠭᠠᠳᠬᠠᠵᠤ᠂ ᠬᠦᠮᠦᠨ ᠣᠯᠠᠨ ᠬᠤᠷᠠᠵᠤ ᠴᠤᠭᠯᠠᠷᠠᠬᠤ ᠠᠴᠠ ᠵᠠᠶᠢᠯᠠᠰᠬᠢᠬᠦ ᠬᠡᠷᠡᠭᠳᠡᠢ᠃       ᠠᠷᠪᠠᠨ ᠭᠤᠷᠪᠠ᠂ ᠲᠤᠰ ᠲᠤᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 2022 ᠣᠨ ᠤ 3 ᠰᠠᠷ᠎ᠠ ᠎ ᠶᠢᠨ 15᠎ ᠤ ᠡᠳᠦᠷ ᠪᠤᠯᠲᠠᠯ᠎ᠠ ᠬᠡᠷᠡᠭᠵᠢᠬᠦᠯᠦᠨ᠎ᠡ᠃ ᠬᠡᠷᠪᠡ ᠬᠡᠪᠴᠢᠶ᠎ᠡ ᠪᠠᠷ ᠨᠡᠯᠢᠶᠡᠳ ᠶᠡᠭᠡ ᠲᠤᠬᠠᠢ ᠶᠢᠨ ᠭᠠᠵᠠᠷ ᠤᠨ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠢᠯᠡᠷᠡᠵᠦ᠂ ᠪᠤᠰᠤᠳ ᠭᠠᠵᠠᠷ ᠲᠤ ᠬᠠᠯᠳᠠᠪᠦᠷᠢᠯᠡᠬᠤ ᠲᠦᠭᠰᠢᠬᠦᠷᠢ ᠤᠷᠤᠰᠢᠪᠠᠯ᠂ ᠬᠢᠵᠢᠭ ᠤᠨ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠠᠵᠢᠯ ᠢ ᠰᠠᠶᠢᠲᠤᠷ ᠬᠢᠭᠰᠡᠨ ᠤᠷᠢᠳᠠᠯ ᠲᠤᠤᠷ᠎ᠠ᠂ ᠬᠦᠮᠦᠰ ᠢ ᠣᠷᠤᠨ ᠬᠡᠪᠴᠢᠶ᠎ᠡ ᠠᠯᠤᠰᠯᠠᠨ ᠰᠢᠯᠵᠢᠬᠦᠯᠬᠦ ᠪᠠ ᠬᠢᠵᠢᠭ ᠤᠨ ᠲᠦᠭᠰᠢᠬᠦᠷᠢ ᠶᠡᠭᠡᠳᠡᠢ ᠬᠥᠮᠦᠰ ᠢ ᠵᠢᠭᠰᠠᠭᠠᠨ ᠪᠠᠶᠢᠴᠠᠭᠠᠬᠤ ᠵᠡᠷᠭᠡ ᠨᠠᠩ ᠴᠢᠩᠭ᠎ᠠ ᠠᠷᠭ᠎ᠠ ᠬᠡᠮᠵᠢᠶ᠎ᠡ ᠶᠢ ᠠᠪᠬᠤ ᠪᠤᠯᠤᠨ᠎ᠠ᠃           ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨ                 ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠦᠭᠤᠳᠬᠤ ᠭᠡᠯᠳᠡᠰ                             2022 ᠤᠨ ᠤ 1 ᠰᠠᠷ᠎ᠠ ᠶᠢᠨ 9᠎ ᠤ ᠡᠳᠦᠷ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号