| — — ᠬᠦᠪᠡᠭᠡᠲᠦ ᠰᠢᠷ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠣᠭᠠᠨ ᠳᠡᠭᠡᠷ᠎ᠡ | ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠤᠯᠠᠭᠴᠢ ᠬᠤᠰᠢᠭᠤ ᠳᠠᠷᠤᠭ᠎ᠠ | ᠯᠢ ᠵᠢᠶᠠᠨ ᠴᠢᠶᠠᠩ | ︵2022 ᠤᠨ ᠤ 1 ᠰᠠᠷ᠎ᠠ ᠶᠢᠨ 5 ᠤ ᠡᠳᠤᠷ︶ | | ᠲᠦᠯᠦᠭᠡᠯᠡᠭᠴᠢᠳ ᠡ᠄ | ᠣᠳᠣ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠶᠡᠭᠡ ᠬᠤᠷᠠᠯ ᠳᠤ | ᠠᠵᠢᠯ ᠤᠨ ᠢᠯᠡᠳᠬᠡᠯ ᠬᠢᠶ᠎ᠡ᠂ ᠤᠯᠣᠰ ᠲᠦᠷᠥ ᠶᠢᠨ ᠵᠦᠪᠯᠡᠯᠭᠡᠨ ᠤ ᠬᠡᠰᠢᠭᠦᠳ ᠪᠤᠯᠤᠨ ᠬᠤᠷᠠᠯ ᠳᠤ ᠰᠣᠯᠠ | ᠣᠷᠣᠯᠴᠠᠭᠰᠠᠨ ᠨᠦᠭᠦᠳ ᠠᠴᠠ ᠰᠠᠨᠠᠯ ᠢᠶᠠᠨ ᠳᠣᠷᠠᠳᠬᠤ ᠶᠢ ᠬᠦᠰᠡᠶ᠎ᠠ︕ | ᠨᠢᠭᠡ᠂ ᠥᠩᠭᠡᠷᠡᠭᠰᠡᠨ ᠲᠥᠷᠪᠡᠨ ᠵᠢᠯ ᠤᠨ ᠠᠵᠢᠯ ᠤᠨ ᠡᠷᠬᠢᠴᠡᠬᠦᠯᠦᠯ | ᠥᠩᠭᠡᠷᠡᠭᠰᠡᠨ ᠲᠦᠷᠪᠡᠨ ᠵᠢᠯ ᠳᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠬᠠᠲᠠᠭᠤ ᠪᠡᠷᠬᠡᠰᠢᠶᠡᠯᠲᠦ | ᠪᠤᠳᠤᠯᠢᠶᠠᠨᠲᠠᠢ ᠪᠠᠶᠢᠳᠠᠯ᠂ ᠢᠯᠠᠩᠭᠤᠶ᠎ᠠ 2019 ᠣᠨ ᠠᠴᠠ ᠨᠠᠭᠠᠰᠢ ᠬᠤᠯᠤᠭᠠᠨ᠎ᠠ ᠬᠢᠵᠢᠭ ᠪᠠ ᠰᠢᠨ᠎ᠡ ᠲᠢᠳᠢᠮᠯᠢᠭ | ᠠᠭᠤᠰᠬᠢᠨ ᠥᠷᠪᠢᠰᠦᠯ ᠤᠨ ᠬᠡᠴᠡᠬᠦᠦ ᠲᠠᠭᠠᠷᠢᠯᠲᠠ ᠶᠢ ᠥᠩᠭᠡᠷᠡᠭᠡᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ | ᠪᠣᠯᠣᠨ ᠬᠤᠰᠢᠭᠤ ᠨᠠᠮ ᠤᠨ ᠬᠤᠷᠢᠶᠠᠨ ᠤ ᠪᠠᠲᠦ ᠴᠢᠩᠭ᠎ᠠ ᠤᠳᠤᠷᠢᠳᠤᠯᠭ᠎ᠠ ᠳᠤᠤᠷ᠎ᠠ᠂ ᠬᠤᠰᠢᠭᠤ ᠠᠷᠠᠳ ᠤᠨ | ᠵᠠᠰᠠᠭ ᠤᠨ ᠣᠷᠳᠤᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠦ ᠣᠯᠣᠰ ᠤᠨ ᠣᠨᠴᠠᠯᠢᠭ ᠲᠠᠢ | ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠣᠭᠤᠳᠣᠮᠵᠢ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠡᠯ᠎ᠡ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠣᠩᠭᠤᠯ ᠤᠨ ᠠᠵᠢᠯ ᠤᠨ ᠲᠤᠬᠠᠢ | ᠴᠢᠬᠤᠯᠠ ᠶᠠᠷᠢᠶ᠎ᠠ ᠵᠢᠭᠠᠪᠤᠷᠢ ᠴᠤᠬᠤᠯᠠᠪᠦᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠨᠠᠶᠢᠳᠠᠪᠦᠷᠢᠵᠢᠭᠤᠯᠵᠤ᠂ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠤᠨ ᠤ ᠲᠥᠷᠦ ᠶᠢᠨ ᠪᠣᠳᠣᠯᠭ᠎ᠠ ᠴᠢᠭᠯᠡᠯᠲᠡ ᠪᠠ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ | ᠂ ᠪᠦᠬᠦ ᠬᠤᠰᠢᠭᠤᠨ ᠤ ᠡᠯ᠎ᠡ ᠦᠨᠲᠤᠰᠤᠲᠠᠨ ᠤ ᠺᠠᠳ᠋ᠷ ᠤᠯᠠᠨ ᠲᠦᠮᠠᠨ ᠢ ᠪᠦᠯᠬᠦᠮᠲᠡᠬᠦᠯᠤᠨ ᠳᠠᠭᠠᠭᠤᠯᠵᠤ᠂ | ᠯᠠᠪᠳᠠᠭᠤᠨ ᠤ ᠳᠣᠮᠳᠠ ᠤᠷᠤᠭᠰᠢᠯᠠᠬᠤ ᠠᠵᠢᠯ ᠤᠨ ᠶᠡᠷᠦᠩᠬᠡᠢ ᠵᠠᠷᠴᠢᠮ ᠪᠠ ᠣᠯᠠᠨ ᠲᠥᠮᠡᠨ ᠢᠶᠠᠷ ᠭᠤᠣᠯ | ᠪᠣᠯᠭᠠᠬᠤ ᠶᠢ ᠪᠠᠷᠢᠮᠲᠠᠯᠠᠵᠤ᠂ ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾ ᠠᠵᠢᠯ ᠢ ᠯᠠᠪᠳᠠᠭᠤᠨ ᠬᠢᠵᠦ᠂ ︽ | ᠵᠢᠷᠭᠤᠭ᠎ᠠ ᠶᠢ ᠪᠠᠳᠤᠯᠠᠬᠤ︾ ᠡᠬᠦᠷᠭᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠡᠯ᠎ᠡ ᠲᠥᠷᠦᠯ ᠤᠨ ᠠᠶᠤᠯ | ᠲᠦᠭᠰᠢᠬᠦᠷᠢ ᠪᠠ ᠦᠷᠢᠰᠦᠯᠳᠦᠭᠡᠨ ᠢ ᠪᠦᠳᠦᠮᠵᠢᠳᠡᠢ ᠠᠷᠭᠠᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢ ᠨᠢᠭᠡᠳᠦᠯᠲᠡᠢ ᠲᠥᠯᠦᠪᠵᠢᠬᠦᠯᠦᠨ ᠠᠬᠢᠭᠤᠯᠵᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ | ᠲᠥᠯᠦᠪᠵᠢᠬᠦᠯᠭᠡ ᠶᠢᠨ ᠣᠬᠢ ᠰᠠᠶᠢᠨ ᠡᠬᠢᠯᠡᠯᠲᠡ ᠶᠢ ᠪᠡᠶᠡᠯᠡᠬᠦᠯᠪᠡ᠃ | ︵ᠨᠢᠭᠡ︶ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠭᠠᠪᠰᠢᠭᠠᠶᠢᠯᠠᠨ ᠪᠠᠶᠢᠯᠳᠤᠵᠤ᠂ ᠭᠤᠷᠪᠠᠨ ᠶᠡᠭᠡ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠪᠠ᠃ ᠶᠠᠳᠠᠭᠤ ᠠᠴᠠ ᠠᠩᠭᠢᠵᠢᠷᠠᠭᠤᠯᠵᠤ | ᠪᠣᠭᠤᠮᠲᠠ ᠰᠢᠪᠲᠥᠯᠬᠤ ᠶᠢ ᠬᠦᠨᠳᠦ ᠴᠢᠬᠤᠯᠠ ᠣᠯᠣᠰ ᠲᠥᠷᠥ ᠶᠢᠨ ᠡᠭᠦᠷᠭᠡ ᠪᠠ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠲᠡᠷᠢᠬᠦᠨ ᠠᠵᠢᠯ ᠪᠤᠯᠭᠠᠵᠤ᠂ ︽ᠭᠤᠷᠪᠠᠨ ᠨᠠᠷᠢᠯᠢᠭ ᠣᠨᠣᠪᠴᠢᠲᠠᠢ︾᠂ ︽ᠭᠤᠷᠪᠠ ᠶᠢ | ᠨᠠᠶᠢᠳᠠᠪᠦᠷᠢᠵᠢᠭᠤᠯᠬᠤ︾ ᠪᠠ ︽ᠭᠤᠷᠪᠠ ᠪᠠᠳᠤᠯᠠᠭ᠎ᠠ︾ ᠶᠢᠨ ᠠᠵᠢᠯ ᠢᠶᠠᠷ ᠭᠤᠣᠯᠳᠠᠯᠭ᠎ᠠ ᠪᠣᠯᠭᠠᠨ᠂ ︽ᠴᠠᠬᠠᠷ | ᠬᠤᠨᠢ᠂ ᠴᠠᠬᠠᠷ ᠴᠠᠭᠠᠨ ᠢᠳᠡᠭᠡ︾ ᠪᠠᠷ ᠶᠠᠳᠠᠭᠤ ᠶᠢ ᠳᠡᠳᠬᠦᠬᠦ ᠠᠵᠤ ᠦᠢᠯᠡᠰ ᠢ ᠯᠠᠪᠳᠠᠭᠤᠨ ᠠᠬᠢᠭᠤᠯᠵᠤ᠂ 2. | 17 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠨᠠᠷᠢᠯᠢᠭ ᠣᠨᠣᠪᠴᠢᠲᠠᠢ ᠶᠠᠳᠠᠭᠤ ᠶᠢ ᠳᠡᠳᠬᠦᠬᠦ ᠪᠠ | ᠶᠠᠳᠠᠭᠤ ᠠᠴᠠ ᠠᠩᠬᠢᠵᠢᠷᠠᠭᠤᠯᠬᠤ ᠠᠵᠢᠯ ᠢ ᠲᠦᠯᠬᠢᠨ ᠠᠬᠢᠭᠤᠯᠵᠤ᠂ 11 ᠶᠠᠳᠠᠭᠤ ᠭᠠᠴᠠᠭ᠎ᠠ᠂ 1524 ᠨᠡᠷ᠎ᠡ | ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠬᠦᠮᠦᠰ ᠢ ᠪᠦᠬᠦᠨ ᠢ ᠶᠠᠳᠠᠭᠤ ᠠᠴᠠ ᠠᠩᠭᠢᠵᠢᠷᠠᠭᠤᠯᠤᠨ᠂ | ᠶᠠᠳᠠᠭᠤᠷᠠᠯ ᠤᠨ ᠨᠣᠷᠮ᠎ᠠ ᠠᠩᠬ᠎ᠠ ᠤᠳᠠᠭ᠎ᠠ ᠲᠡᠭ ᠪᠣᠯᠪᠠ᠃ ᠶᠠᠳᠠᠭᠤ ᠠᠴᠠ ᠠᠩᠭᠢᠵᠢᠷᠠᠭᠤᠯᠵᠤ ᠪᠤᠭᠤᠮᠳᠠ | ᠰᠢᠪᠳᠤᠯᠬᠤ ᠦᠷ᠎ᠡ ᠪᠦᠳᠦᠭᠡᠯ ᠢ ᠪᠠᠬᠢᠵᠢᠬᠦᠯᠬᠦ ᠠᠵᠢᠯ ᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠯᠤᠭ᠎ᠠ | ᠪᠦᠳᠦᠮᠵᠢᠳᠡᠢ ᠵᠤᠯᠭᠠᠭᠤᠯᠬᠤ ᠠᠵᠢᠯ ᠢ ᠨᠢᠭᠡᠳᠦᠯᠳᠡᠢ ᠲᠥᠯᠦᠪᠵᠢᠬᠦᠯᠦᠨ ᠰᠠᠶᠢᠲᠤᠷ ᠠᠬᠢᠭᠤᠯᠪᠠ᠃ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢᠨ | ᠪᠠᠷᠢᠮᠵᠢᠶ᠎ᠠ᠂ ᠡᠬᠢ ᠪᠠᠶᠠᠯᠢᠭ ᠢ ᠠᠰᠢᠭᠯᠠᠬᠤ ᠪᠠᠷᠢᠮᠵᠢᠶ᠎ᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠵᠦᠪᠰᠢᠶᠡᠷᠡᠯ | ᠤᠨ ᠵᠢᠭᠰᠠᠭᠠᠯᠲᠠ ᠶᠢ ᠨᠠᠶᠢᠷᠠᠭᠤᠯᠬᠤ ᠠᠵᠢᠯ ᠢ ᠪᠡᠶᠡᠯᠡᠬᠦᠯᠵᠦ᠂ ᠪᠦᠬᠦ ᠬᠤᠰᠢᠭᠤᠨ ᠤ 53% ᠶᠢᠨ ᠨᠣᠲᠤᠭ | ᠲᠡᠪᠢᠰᠭᠡᠷ ᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠣᠲᠣᠷ᠎ᠠ ᠪᠠᠶᠢᠯᠭᠠᠬᠤ ᠪᠠᠷ ᠲᠣᠭᠲᠠᠭᠠᠪᠠ | ᠃ ᠣᠯᠣᠰ ᠤᠨ ᠨᠣᠲᠤᠭ ᠪᠡᠯᠴᠢᠭᠡᠷ ᠠᠮᠢ ᠠᠬᠤᠢ ᠶᠢᠨ ᠨᠦᠬᠦᠪᠦᠷᠢᠯᠡᠵᠦ ᠱᠠᠩᠨᠠᠬᠤ ᠲᠥᠷᠥ ᠶᠢᠨ ᠪᠣᠳᠣᠯᠭ᠎ᠠ ᠶᠢ | ᠭᠦᠨᠵᠡᠭᠡᠢ ᠲᠤᠤᠱᠯᠠᠭᠤᠯᠤᠨ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠭᠡᠬᠦ ᠠᠵᠢᠯ ᠢ ᠨᠢᠭᠡᠳᠦᠯᠳᠡᠢ ᠲᠦᠯᠬᠢᠨ | ᠠᠬᠢᠭᠤᠯᠵᠤ᠂ ᠲᠠᠯ᠎ᠠ ᠨᠤᠲᠤᠭ ᠤᠨ ᠠᠮᠢ ᠠᠬᠤᠢ ᠶᠢᠨ ᠴᠢᠳᠠᠮᠵᠢ ᠶᠢ ᠦᠷᠬᠦᠯᠵᠢᠯᠡᠨ ᠲᠡᠭᠡᠭᠰᠢᠯᠡᠬᠦᠯᠪᠡ᠃ ᠰᠢᠨᠡᠪᠤᠯᠠᠭ | ᠪᠠᠯᠭᠠᠰᠤᠨ ᠤ ᠵᠡᠭᠡᠯᠢ ᠭᠤᠳᠤᠮᠵᠢ ᠶᠢ ᠮᠠᠰᠢᠨ ᠢᠶᠠᠷ ᠴᠡᠪᠡᠷᠯᠡᠬᠦ ᠨᠣᠷᠮ᠎ᠠ ᠪᠠ ᠤᠰᠤ ᠰᠦᠷᠴᠢᠨ ᠲᠤᠭᠤᠰᠤ ᠠᠷᠢᠯᠭᠠᠬᠤ | ᠠᠵᠢᠯ ᠤᠨ ᠨᠣᠷᠮ᠎ᠠ ᠴᠥᠮ 76% ᠳᠤ ᠬᠦᠷᠴᠦ᠂ ᠳᠡᠭᠳᠡᠮᠡᠭᠡᠢ ᠴᠢᠨᠠᠷᠲᠠᠢ ᠤᠷᠭᠠᠨᠢᠭ ᠪᠤᠳᠠᠰ ᠤᠨ ᠵᠢᠯ ᠤᠨ | ᠵᠠᠰᠠᠯᠲᠠ ᠶᠢᠨ ᠡᠬᠦᠷᠭᠡ ᠶᠢ ᠪᠡᠶᠡᠯᠡᠬᠦᠯᠦᠨ᠂ 70 ᠭᠠᠷᠤᠢ ᠢᠵᠢ ᠲᠤᠭᠤᠰᠤ ᠲᠠᠷᠤᠬᠤ ᠲᠦᠬᠦᠭᠡᠷᠦᠮᠵᠢ ᠤᠭᠰᠠᠷᠠᠵᠤ᠂ | ᠠᠭᠠᠷ ᠮᠠᠨᠳᠠᠯ ᠤᠨ ᠴᠡᠪᠡᠷᠰᠢᠯ ᠤᠨ ᠨᠤᠷᠮ᠎ᠠ 91.9% ᠳᠤ ᠬᠦᠷᠪᠡ᠃ ᠪᠤᠯᠤᠩ ᠤᠨ ᠤᠤᠭᠤᠬᠤ ᠤᠰᠤᠨ ᠤ ᠡᠬᠢ | ᠰᠣᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠬᠤᠪᠢᠶᠠᠷᠢᠯᠠᠨ ᠲᠤᠬᠢᠷᠠᠭᠤᠯᠬᠤ ᠪᠠ ᠪᠠᠷᠢᠮᠵᠢᠶ᠎ᠠ ᠳᠤ ᠬᠦᠷᠭᠡᠬᠦ | ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠬᠦᠯᠵᠦ᠂ ᠰᠢᠨᠡᠪᠤᠯᠠᠭ ᠪᠠᠯᠭᠠᠰᠤᠨ ᠤ ᠪᠣᠬᠢᠷ ᠣᠰᠤᠨ ᠤ | ᠦᠢᠯᠡᠳᠪᠦᠷᠢ ᠶᠢᠨ ᠮᠡᠷᠭᠡᠵᠢᠯ ᠤᠨ ᠦᠭᠡᠷᠡᠴᠢᠯᠡᠯᠲᠡ ᠶᠢᠨ ᠢᠨᠵᠧᠨᠧᠷᠢᠩ ᠢ ᠠᠰᠢᠭᠯᠠᠯᠲᠠ ᠳᠤ ᠤᠷᠤᠭᠤᠯᠤᠨ᠂ ᠬᠤᠲᠠ | ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠭᠰᠡᠨ ᠨᠣᠷᠮ᠎ᠠ 99.1% ᠳᠤ ᠬᠦᠷᠴᠦ᠂ ᠠᠭᠤᠷᠬᠠᠢ ᠶᠢᠨ ᠠᠵᠤ | ᠠᠬᠤᠶᠢᠯᠠᠯ ᠨᠢ 13 ᠢᠵᠢ ᠪᠣᠬᠢᠷ ᠤᠰᠤ ᠶᠢ ᠰᠢᠢᠳᠪᠦᠷᠢᠯᠡᠬᠦ ᠲᠦᠬᠦᠭᠡᠷᠦᠮᠵᠢ ᠤᠭᠰᠠᠷᠠᠪᠠ᠃ ︽ᠤᠯᠤᠰ ᠤᠨ | ᠨᠢᠭᠡᠳᠦᠭᠡᠷ ᠪᠦᠯᠦᠭ ᠤᠰᠤ ᠠᠷᠪᠢᠯᠠᠬᠤ ᠨᠡᠶᠢᠭᠡᠮ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠬᠤᠰᠢᠭᠤ︾ | ᠪᠠᠷ ᠦᠨᠡᠯᠡᠭᠳᠡᠪᠡ᠃ 50 ᠰᠠᠤᠷᠢ ᠮᠠᠯᠵᠢᠬᠤ ᠣᠷᠣᠨ ᠤ ᠬᠤᠭ ᠨᠣᠪᠰᠢ ᠴᠡᠪᠡᠷᠯᠡᠬᠦ ᠮᠣᠲ᠋ᠣᠷ ᠲᠡᠷᠭᠡ ᠬᠤᠳᠠᠯᠳᠤᠨ | ᠠᠪᠴᠤ ᠲᠠᠷᠬᠠᠭᠠᠨ᠂ 60 ᠭᠠᠴᠠᠭᠠᠨ ᠳᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠢ | ᠴᠡᠪᠡᠷᠯᠡᠭᠴᠢ ᠶᠢ ᠲᠣᠬᠢᠷᠠᠭᠤᠯᠪᠠ᠃ ᠡᠮᠴᠢᠯᠡᠭᠡᠨ ᠤ ᠬᠠᠶᠠᠭᠳᠠᠮᠠᠯ ᠪᠤᠳᠠᠰ ᠢ ᠰᠢᠯᠵᠢᠬᠦᠯᠦᠨ ᠰᠢᠢᠳᠪᠦᠷᠢᠯᠡᠬᠦ | ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ᠂ ᠭᠤᠷᠪᠠᠨ ᠰᠣᠮᠣ ᠪᠠᠯᠭᠠᠰᠤᠨ ᠤ ᠲᠤᠤᠷ᠎ᠠ | ᠲᠤᠯᠠᠭᠠᠨ ᠢᠶᠠᠷ ᠢᠯᠴᠢ ᠭᠠᠷᠭᠠᠬᠤ ᠵᠤᠤᠬ᠎ᠠ ᠵᠢᠴᠢ ᠢᠵᠢ ᠪᠦᠷᠢᠳᠦᠭᠰᠡᠨ ᠦᠢᠯᠡᠳᠭᠡᠯ ᠤᠨ ᠲᠠᠰᠤᠭ ᠤᠨ | ᠪᠠᠶᠢᠭᠤᠯᠤᠯᠲᠠ ᠶᠢᠨ ᠲᠥᠷᠦᠯ ᠵᠦᠢᠯ ᠢ ᠠᠰᠢᠭᠯᠠᠯᠲᠠ ᠳᠤ ᠣᠷᠤᠭᠤᠯᠵᠤ᠂ ᠬᠤᠲᠠ ᠪᠠᠯᠭᠠᠰᠤᠨ ᠤ ᠠᠮᠢᠳᠤᠷᠠᠯ ᠤᠨ | ᠬᠤᠭ ᠨᠣᠪᠰᠢ ᠶᠢ ᠪᠤᠬᠢᠷᠳᠤᠯ ᠦᠭᠡᠢ ᠰᠢᠢᠳᠪᠦᠷᠢᠯᠡᠭᠰᠡᠨ ᠨᠣᠷᠮ᠎ᠠ 96% ᠳᠤ ᠬᠦᠷᠪᠡ᠃ ᠴᠢᠯᠠᠭᠤᠨ | ᠮᠠᠲ᠋ᠧᠷᠢᠶᠠᠯ ᠤᠨ ᠠᠭᠤᠷᠬᠠᠶ ᠶᠢ ᠡᠮᠬᠢᠯᠡᠨ ᠨᠡᠶᠢᠯᠡᠭᠦᠯᠬᠦ ᠠᠵᠢᠯ ᠢ ᠡᠮᠬᠢ ᠵᠢᠷᠤᠮ ᠲᠠᠢ ᠠᠬᠢᠭᠤᠯᠪᠠ᠃ ᠨᠢᠭᠡᠴᠢ | GDP ᠶᠢᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠵᠢᠯ ᠲᠠᠷᠠᠭᠠᠯᠠᠨ ᠪᠠᠭᠤᠷᠠᠪᠠ᠃ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ ᠬᠤᠯᠪᠤᠭᠳᠠᠭᠰᠠᠨ | ᠵᠠᠳᠠᠭᠠᠶ ᠠᠭᠤᠷᠬᠠᠶ ᠶᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠬᠢᠨᠠᠨ ᠪᠣᠳᠣᠯᠳᠠ ᠳᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ | ᠰᠠᠶᠢᠵᠢᠷᠠᠭᠤᠯᠪᠠ᠃ ᠡᠯᠡᠰᠦᠨ ᠤ ᠡᠬᠢ ᠰᠣᠷᠪᠣᠯᠵᠢ ᠶᠢᠨ ᠵᠠᠰᠠᠯᠲᠠ ᠪᠠ ᠨᠣᠲᠤᠭ ᠪᠡᠯᠴᠢᠭᠡᠷ ᠠᠮᠢ ᠠᠬᠤᠢ ᠶᠢᠨ | ᠤᠷᠭᠤᠮᠠᠯ ᠤᠨ ᠪᠦᠷᠬᠦᠴᠡ ᠶᠢ 10.1 ᠲᠦᠮᠡᠨ ᠮᠣ᠋᠂ ᠭᠤᠣᠯᠳᠠᠯᠭᠠᠲᠤ ᠣᠷᠣᠨ ᠤ ᠣᠶᠢᠵᠢᠭᠤᠯᠣᠯᠲᠠ ᠶᠢ 1400 | ᠮᠣ᠋ ᠪᠡᠶᠡᠯᠡᠭᠦᠯᠦᠨ᠂ 50 ᠲᠥᠮᠡᠨ ᠮᠦ ᠪᠢᠳᠡᠬᠦᠮᠵᠢᠯᠡᠨ ᠣᠶᠢᠵᠢᠭᠤᠯᠵᠤ᠂ 60.1 ᠲᠡᠭᠰᠢ ᠳᠦᠷᠪᠡᠯᠵᠢᠨ ᠺᠢᠯᠦᠮᠧᠲᠷ | ᠵᠢᠵᠢᠭ ᠰᠠᠪᠠ ᠤᠷᠤᠰᠬᠠᠯ ᠢ ᠶᠡᠷᠦᠩᠬᠡᠶᠢᠯᠡᠨ ᠵᠠᠰᠠᠵᠤ᠂ ︽ᠭᠤᠷᠪᠠᠨ ᠣᠷᠣᠨ ᠬᠤᠶᠠᠷ ᠱᠣᠭᠤᠮ︾ ᠤᠨ ᠭᠠᠵᠠᠷ | ᠰᠢᠨᠵᠢᠯᠡᠭᠡᠨ ᠤ ᠣᠷᠴᠢᠨ ᠲᠣᠭᠤᠷᠢᠨ ᠢ 1813.5 ᠮᠦ ᠵᠠᠰᠠᠵᠤ᠂ 246 ᠲᠡᠦᠬᠡᠨ ᠦᠯᠡᠳᠡᠭᠳᠡᠯ ᠠᠭᠤᠷᠬᠠᠢ ᠶᠢᠨ | ᠨᠦᠬᠡ ᠶᠢ ᠪᠦᠭᠯᠡᠵᠦ ᠲᠡᠭᠰᠢᠯᠡᠪᠡ᠃ ᠵᠠᠳᠠᠭᠠᠢ ᠠᠭᠤᠷᠬᠠᠢ ᠶᠢᠨ ᠣᠷᠴᠢᠨ ᠲᠣᠭᠤᠷᠢᠨ ᠤ ᠶᠠᠷᠥᠩᠬᠡᠢ ᠵᠠᠰᠠᠯᠲᠠ ᠪᠠ | ᠪᠣᠬᠢᠷᠳᠥᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ 1.12 ᠳ᠋ᠦᠩᠰᠢᠭᠤᠷ ᠲᠦᠭᠦᠷᠢᠭ ᠪᠡᠯᠡ | ᠣᠷᠤᠭᠤᠯᠤᠨ᠂ ᠳ᠋ᠦᠩ ᠯᠢᠨ ᠨᠡᠭᠦᠷᠡᠰᠦᠨ ᠠᠭᠤᠷᠬᠠᠢ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠳᠣᠯ | ᠦᠭᠡᠢ ᠠᠭᠤᠷᠬᠠᠢ ᠶᠢᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠪᠡ᠃ ᠬᠠᠤᠯᠢ ᠪᠤᠰᠣ ᠪᠠᠷ ᠨᠤᠲᠤᠭ ᠪᠡᠯᠴᠢᠭᠡᠷ | ᠣᠢ ᠰᠢᠭᠤᠢ ᠶᠢ ᠡᠪᠳᠡᠭᠰᠡᠨ ᠠᠵᠢᠯᠯᠠᠭ᠎ᠠ ᠶᠢ ᠲᠤᠰᠬᠠᠢ ᠲᠥᠷᠦᠯ ᠢᠶᠠᠷ ᠴᠡᠭᠴᠡᠯᠡᠨ ᠵᠠᠰᠠᠬᠤ ᠠᠵᠢᠯ ᠢ ᠬᠢᠨᠠᠮᠠᠭᠠᠢ | ᠥᠷᠨᠢᠬᠦᠯᠪᠡ᠃ ᠵᠠᠰᠠᠭ ᠤᠨ ᠴᠢᠨᠠᠷᠲᠠᠢ ᠥᠷᠢ ᠰᠢᠷᠢ ᠶᠢ 10.79 ᠳ᠋ᠦᠩᠰᠢᠭᠤᠷ ᠲᠦᠭᠦᠷᠢᠭ ᠴᠡᠪᠡᠷᠯᠡᠵᠦ᠂ ︽ | ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠦᠯᠡᠳᠡᠭᠰᠡᠨ ᠥᠷᠢ ᠥᠭᠴᠡᠭᠡ ᠪᠠ ᠠᠷᠠᠳ ᠠᠴᠠ ᠡᠷᠬᠢᠯᠡᠭᠰᠡᠨ ᠠᠵᠤ | ᠠᠬᠤᠶᠢᠯᠠᠯ᠂ ᠲᠣᠮᠳᠠ ᠪᠠᠭ᠎ᠠ ᠠᠵᠣ ᠠᠬᠤᠶᠢᠯᠠᠯ ᠳᠠᠬᠢ ᠥᠷᠢ ᠥᠭᠴᠡᠭᠡ ᠪᠠᠨ ᠪᠦᠬᠦᠨ ᠢ ᠪᠣᠴᠠᠭᠠᠪᠠ᠃ ᠮᠦᠩᠬᠦᠨ | ᠭᠦᠢᠯᠭᠡᠭᠡᠨ ᠤ ᠪᠠᠶᠢᠭᠤᠯᠤᠮᠵᠢ ᠶᠢᠨ ᠡᠷᠡᠬᠦᠯ ᠪᠤᠰᠤ ᠵᠢᠭᠡᠯᠡᠯᠭᠡ ᠶᠢᠨ ᠦᠯᠡᠳᠡᠪᠦᠷᠢ ᠪᠠ ᠨᠤᠷᠮ᠎ᠠ ᠲᠤᠷᠤᠭᠰᠢᠯᠠᠵᠦ᠂ | ᠮᠠᠯᠵᠢᠬᠤ ᠤᠷᠤᠨ ᠤ ᠠᠷᠠᠳ ᠤᠨ ᠬᠤᠭᠤᠷᠤᠨᠳᠤᠬᠢ ᠵᠢᠭᠡᠯᠡᠯᠭᠡ ᠶᠢᠨ ᠡᠷᠦᠬᠡ ᠪᠠ ᠵᠤᠭᠤᠰᠤᠨ ᠤ ᠲᠤᠭ᠎ᠠ ᠲᠤᠰ ᠲᠤᠰ | 92.9% ᠪᠠ 95.3% ᠪᠠᠷ ᠪᠠᠭᠤᠷᠠᠵᠤ᠂ ᠲᠤᠤᠷ ᠰᠦᠯᠵᠢᠶᠠᠨ ᠤ ᠮᠦᠩᠬᠦᠨ ᠭᠦᠢᠯᠭᠡᠭᠡᠨ ᠤ ᠲᠦᠭᠰᠢᠭᠦᠷᠢ ᠶᠢ | ᠲᠤᠰᠬᠠᠢ ᠴᠡᠭᠴᠡᠯᠡᠬᠦ ᠠᠵᠢᠯ ᠢ ᠡᠷᠴᠢᠮᠲᠠᠢ ᠠᠬᠢᠭᠤᠯᠪᠠ᠃ | ︵ᠬᠤᠶᠠᠷ︶ ᠠᠷᠭ᠎ᠠ ᠮᠠᠶ᠋ᠢᠭ ᠢᠶᠠᠨ ᠬᠤᠪᠢᠷᠠᠭᠤᠯᠤᠨ᠂ ᠪᠦᠲᠦᠴᠡ ᠶᠢ ᠲᠣᠬᠢᠷᠠᠭᠤᠯᠵᠤ᠂ ᠠᠵᠤ ᠠᠬᠤᠶ ᠶᠢᠨ | ᠶᠡᠷᠦᠩᠬᠡᠶᠢᠯᠡᠭᠰᠡᠨ ᠪᠣᠳᠠᠲᠤ ᠬᠦᠴᠦᠨ ᠲᠤᠭᠲᠠᠭᠤᠨ ᠢᠶᠠᠷ ᠨᠡᠮᠡᠭᠳᠡᠪᠡ᠃ ︽ᠰᠢᠨᠵᠢᠯᠡᠭᠡ ᠮᠡᠷᠭᠡᠵᠢᠯ ᠢᠶᠠᠷ ᠥᠪᠦᠷ | ᠮᠤᠩᠭᠤᠯ ᠢ ᠬᠦᠭᠵᠢᠬᠦᠯᠬᠦ︾ ᠠᠵᠢᠯᠯᠠᠭ᠎ᠠ ᠲᠠᠢ ᠤᠶᠠᠯᠳᠤᠭᠤᠯᠤᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠰᠠᠭᠤᠷᠢ ᠶᠢ ᠲᠠᠯᠪᠢᠬᠤ᠂ ᠬᠤᠯᠠ ᠶᠢ ᠪᠠᠷᠠᠯᠠᠬᠤ᠂ ᠴᠢᠨᠠᠷ | ᠰᠠᠶᠢᠲᠠᠶ᠂ ᠠᠰᠢᠭ ᠬᠦᠷᠳᠡᠭᠡᠬᠦ ᠪᠠᠷ ᠭᠤᠣᠯᠳᠠᠯᠭ᠎ᠠ ᠪᠤᠯᠭᠠᠬᠤ︾ ᠬᠥᠭᠵᠢᠯᠲᠡ ᠶᠢᠨ ᠰᠡᠳᠬᠢᠴᠡ ᠪᠠᠷ᠂ ᠡᠯ᠎ᠡ | ᠲᠥᠷᠦᠯ ᠤᠨ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠨᠠᠷᠢᠯᠢᠭ ᠣᠨᠣᠪᠴᠢᠲᠠᠶ ᠨᠠᠶᠢᠳᠠᠪᠦᠷᠢᠵᠢᠭᠤᠯᠤᠨ᠂ ᠠᠵᠤ | ᠠᠬᠤᠶ ᠳᠤ ᠲᠤᠯᠭᠠᠷᠠᠬᠤ ᠲᠠᠷᠤᠭᠠᠰᠤ ᠶᠢ ᠪᠦᠲᠦᠮᠵᠢᠲᠡᠶ ᠠᠷᠭᠠᠴᠠᠵᠤ᠂ ᠠᠵᠤ ᠠᠬᠤᠶ ᠶᠢᠨ ᠦᠷᠬᠦᠯᠵᠢᠯᠡᠬᠦᠶᠢᠴᠡ | ᠡᠷᠡᠭᠦᠯ ᠬᠦᠭᠵᠢᠯᠲᠡ ᠶᠢ ᠠᠬᠢᠭᠤᠯᠪᠠ᠃ ᠪᠦᠬᠦ ᠬᠤᠰᠢᠭᠤᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ | ᠥᠷᠳᠡᠭ ᠵᠢᠱᠢᠯᠲᠡ ᠪᠠᠷ ᠵᠢᠯ ᠪᠦᠷᠢ ᠳᠤᠮᠳᠠᠴᠢ ᠪᠠᠷ 1.5% ᠨᠡᠮᠡᠭᠳᠡᠵᠦ᠂ ᠭᠤᠷᠪᠠᠨ ᠠᠵᠤ ᠦᠢᠯᠡᠰ ᠤᠨ | ᠪᠦᠳᠦᠴᠡ ᠶᠢᠨ ᠬᠠᠷᠢᠴᠠᠯ 20.9᠄ 38.7᠄ 40.4 ᠳᠤ ᠬᠦᠷᠪᠡ︔ ᠡᠩ ᠤᠨ ᠣᠯᠠᠨ ᠨᠡᠶᠢᠲᠡ ᠶᠢᠨ ᠡᠳ᠋ ᠤᠨ | ᠵᠠᠰᠠᠭ ᠤᠨ ᠲᠥᠰᠦᠪ ᠤᠨ ᠣᠷᠣᠯᠭ᠎ᠠ ᠵᠢᠯ ᠪᠦᠷᠢ ᠳᠤᠮᠳᠠᠴᠢ ᠪᠠᠷ 1.7% ᠨᠡᠮᠡᠭᠳᠡᠪᠡ︔ ᠪᠦᠬᠦ ᠨᠡᠶᠢᠭᠡᠮ ᠤᠨ | ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠵᠢᠱᠢᠯᠲᠡ ᠪᠠᠷ ᠵᠢᠯ ᠪᠦᠷᠢ | ᠳᠤᠮᠳᠠᠴᠢ ᠪᠠᠷ 0.6% ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠵᠢᠱᠢᠯᠲᠡ ᠪᠠᠷ ᠲᠣᠰ ᠲᠣᠰ 5.3% ᠪᠠ 8.9% ᠨᠡᠮᠡᠭᠳᠡᠪᠡ᠃ ᠨᠡᠶᠢᠲᠡ 105 | ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 63 ᠳ᠋ᠦᠩᠰᠢᠭᠤᠷ ᠲᠥᠭᠦᠷᠢᠭ ᠤᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠨ᠂ ᠵᠢᠯ ᠪᠦᠷᠢ ᠳᠤᠮᠳᠠᠴᠢ ᠪᠠᠷ 18% ᠨᠡᠮᠡᠭᠳᠡᠪᠡ᠃ | ᠨᠢᠭᠡᠳᠦᠯᠳᠡᠢ ᠨᠡᠭᠡᠭᠡᠨ ᠠᠰᠢᠭᠯᠠᠬᠤ ᠡᠪᠡᠰᠦᠨ ᠤ ᠵᠠᠬ᠎ᠠ ᠳᠡᠯᠭᠡᠭᠦᠷ ᠢ ᠪᠠᠶᠢᠭᠤᠯᠤᠨ᠂ 100 ᠲᠦᠮᠡᠨ ᠮᠤ᠋ ᠠᠴᠠ | ᠳᠡᠭᠡᠭᠰᠢᠬᠢ ᠪᠠᠶᠢᠭᠠᠯᠢᠯᠢᠭ ᠬᠠᠳᠤᠯᠠᠩ ᠤᠨ ᠲᠠᠯᠠᠪᠠᠢ ᠶᠢ ᠪᠠᠶᠢᠭᠤᠯᠵᠤ᠂ ᠤᠯᠤᠰ ᠤᠨ ᠲᠡᠰ ᠤᠨ ᠴᠠᠬᠠᠷ ᠬᠤᠨᠢᠨ ᠤ | ᠦᠷ᠎ᠡ ᠶᠢᠨ ᠮᠠᠯ ᠤᠨ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠶᠢᠭᠤᠯᠤᠨ᠂ ᠰᠢᠯᠢᠳᠡᠭ | ᠡᠬᠦᠯᠳᠡᠷ ᠤᠨ ᠮᠢᠬᠠᠨ ᠤ ᠦᠬᠡᠷ᠂ ᠴᠠᠬᠠᠷ ᠬᠤᠨᠢᠨ ᠤ ᠭᠤᠣᠯᠳᠠᠯᠭᠠᠲᠤ ᠰᠦᠷᠦᠭ ᠪᠠ ᠪᠠᠷᠢᠮᠵᠢᠶᠠᠵᠢᠭᠰᠠᠨ | ᠰᠦᠷᠦᠭ ᠤᠨ ᠪᠠᠶᠢᠭᠤᠯᠤᠯᠲᠠ ᠶᠢ ᠰᠠᠶᠢᠲᠤᠷ ᠠᠳᠬᠤᠨ᠂ ᠦᠨᠳᠦᠷ ᠦᠷ᠎ᠡ ᠠᠰᠢᠭᠲᠤ ᠠᠮᠢ ᠠᠬᠤᠢ ᠶᠢᠨ | ᠭᠠᠮᠰᠢᠭ ᠠᠴᠠ ᠰᠡᠷᠭᠡᠶᠢᠯᠡᠬᠦ ᠬᠡᠯᠪᠡᠷᠢ ᠶᠢᠨ ᠣᠳᠣᠬᠢᠴᠢᠯᠠᠭᠰᠠᠨ ᠮᠠᠯ ᠠᠵᠤ ᠠᠬᠤᠢ ᠶᠢᠨ ᠰᠠᠭᠤᠷᠢ ᠶᠢ ᠤᠯᠠᠮ | ᠪᠠᠬᠢᠵᠢᠬᠦᠯᠪᠡ᠃ ᠳᠦᠷᠢᠮᠵᠢᠭᠰᠡᠨ ᠬᠤᠷᠰᠢᠶᠠᠵᠢᠯ 58 ᠡᠷᠦᠬᠡ᠂ ᠭᠡᠷ ᠪᠦᠯᠢ ᠶᠢᠨ ᠮᠠᠯᠵᠢᠯ ᠤᠨ ᠲᠠᠯᠠᠪᠠᠢ 199 | ᠡᠷᠦᠬᠡ ᠪᠣᠯᠵᠤ᠂ ᠮᠠᠯᠴᠢᠨ ᠲᠤᠶᠠᠭ᠎ᠠ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠨᠢ ᠪᠦᠬᠦ ᠤᠯᠤᠰ ᠤᠨ | ᠵᠢᠱᠢᠶᠡᠴᠢ ᠪᠠᠷ ᠨᠡᠷᠡᠶᠢᠳᠦᠭᠳᠡᠪᠡ᠃ ︽ᠬᠤᠨᠢ ᠶᠢ ᠴᠦᠭᠡᠴᠢᠯᠡᠨ᠂ ᠦᠬᠡᠷ ᠢ ᠨᠡᠮᠡᠭᠳᠡᠬᠦᠯᠵᠦ᠂ ᠴᠢᠨᠠᠷ ᠢ | ᠳᠡᠭᠡᠭᠰᠢᠯᠡᠭᠦᠯᠦᠨ᠂ ᠣᠷᠣᠯᠭ᠎ᠠ ᠶᠢ ᠨᠡᠮᠡᠭᠳᠡᠭᠦᠯᠬᠦ︾ ᠰᠡᠳᠬᠢᠴᠡ ᠶᠢ ᠪᠠᠷᠢᠮᠲᠠᠯᠠᠵᠤ᠂ ᠰᠢᠯᠢᠳᠡᠭ ᠡᠭᠦᠯᠳᠡᠷ ᠤᠨ | ᠮᠢᠬᠠᠨ ᠤ ᠦᠬᠡᠷ ᠤᠨ ᠡᠪᠤᠯᠵᠢᠬᠦ ᠲᠤᠭ᠎ᠠ 62.1% ᠨᠡᠮᠡᠭᠳᠡᠨ᠂ ᠴᠠᠬᠠᠷ ᠬᠤᠨᠢᠨ ᠤ ᠣᠯᠣᠰ ᠤᠨ ᠲᠡᠰ ᠤᠨ | ᠭᠤᠤᠯᠳᠠᠯᠭᠠᠲᠤ ᠲᠡᠵᠢᠭᠡᠨ ᠦᠷᠡᠵᠢᠬᠦᠯᠬᠦ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠶᠢ ᠲᠡᠭᠡᠭᠰᠢ ᠮᠡᠳᠡᠬᠦᠯᠬᠦ ᠠᠵᠢᠯ | ᠨᠢ ᠦᠪᠡᠷᠲᠡᠭᠡᠨ ᠵᠠᠰᠠᠬᠤ ᠣᠷᠤᠨ ᠤ ᠬᠢᠨᠠᠨ ᠰᠢᠯᠭᠠᠯᠲᠠ ᠶᠢ ᠥᠩᠭᠡᠷᠡᠭᠡᠵᠦ᠂ ᠴᠠᠬᠠᠷ ᠬᠤᠨᠢᠨ ᠤ ᠡᠪᠤᠯᠵᠢᠬᠦ ᠲᠤᠭ᠎ᠠ | 19.4% ᠨᠡᠮᠡᠭᠳᠡᠵᠦ᠂ ᠡᠪᠤᠯᠵᠢᠬᠦ ᠬᠤᠨᠢᠨ ᠤ ᠶᠡᠷᠦᠩᠬᠡᠢ ᠬᠡᠮᠵᠢᠶ᠎ᠡ 8.1% ᠪᠠᠷ ᠪᠠᠭᠤᠷᠠᠪᠠ᠃ ᠴᠠᠬᠠᠷ ᠬᠤᠨᠢᠨ ᠤ | ᠭᠤᠣᠯᠳᠠᠯᠭᠠᠲᠤ ᠰᠦᠷᠦᠭ ᠤᠨ ᠲᠤᠭ᠎ᠠ 206 ᠪᠤᠯᠵᠤ᠂ ᠡᠪᠦᠯᠵᠢᠬᠦ ᠮᠠᠯ ᠤᠨ ᠲᠤᠭ᠎ᠠ 21.5 ᠲᠥᠮᠡ ᠳᠤ ᠬᠦᠷᠪᠡ᠃ | ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠤᠨ ᠰᠢᠨ᠎ᠡ ᠶᠢ ᠡᠬᠦᠳᠬᠦ ᠬᠦᠭᠵᠢᠯᠲᠡ ᠶᠢ ᠨᠢᠭᠡᠳᠦᠯᠲᠡᠢ | ᠲᠦᠯᠦᠪᠵᠢᠬᠦᠯᠦᠨ ᠠᠬᠢᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠢ ᠪᠠᠷᠢᠮᠲᠠᠯᠠᠨ᠂ ᠦᠨᠳᠦᠰᠦᠳᠡᠨ ᠤ | ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠢ ᠠᠰᠢᠭᠯᠠᠯᠲᠠ ᠳᠤ ᠣᠷᠤᠭᠤᠯᠵᠤ᠂ ᠠᠵᠤ | ᠦᠢᠯᠡᠰ ᠤᠨ ᠬᠦᠷᠢᠶᠡᠯᠡᠩ ᠤᠨ ᠬᠦᠢᠲᠡᠨ ᠬᠦᠮᠦᠷᠭᠡ ᠪᠠ ᠡᠯᠧᠺᠲᠷᠦᠨ ᠬᠤᠳᠠᠯᠳᠤᠭᠠᠨ ᠤ ᠦᠢᠯᠡᠴᠢᠯᠡᠭᠡᠨ ᠤ | ᠲᠥᠪ ᠤᠨ ᠲᠥᠷᠦᠯ ᠵᠦᠢᠯ ᠢ ᠪᠠᠶᠢᠭᠤᠯᠤᠨ᠂ ᠭᠠᠷ ᠦᠢᠯᠡᠳᠭᠡᠯ ᠤᠨ ᠲᠡᠯᠭᠡᠬᠦᠷ ᠤᠨ ᠬᠤᠯᠪᠤᠭᠠᠯᠠᠨ ᠡᠵᠡᠩᠨᠡᠬᠦ | ᠵᠠᠭᠪᠤᠷ ᠢ ᠴᠢᠩᠭᠠᠳᠬᠠᠵᠤ᠂ ︽ᠲᠥᠷᠪᠡ ᠨᠢᠭᠡᠳᠦᠯᠳᠡᠢ ᠪᠠᠶᠢᠬᠤ︾ ᠶᠢ ᠪᠡᠶᠡᠯᠡᠬᠦᠯᠦᠨ᠂ ᠪᠦᠬᠦ ᠣᠷᠤᠨ ᠤ ᠴᠠᠭᠠᠨ | ᠢᠳᠡᠭᠡᠨ ᠤ ᠦᠢᠯᠡᠰ ᠢ ᠬᠦᠭᠵᠢᠬᠦᠯᠦᠨ ᠮᠠᠨᠳᠤᠭᠤᠯᠬᠤ ᠵᠢᠴᠢ ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ | ᠦᠢᠯᠡᠰ ᠤᠨ ᠬᠦᠭᠵᠢᠯᠲᠡ ᠶᠢ ᠲᠥᠯᠬᠢᠨ ᠠᠬᠢᠭᠤᠯᠬᠤ ᠠᠬᠤᠢ ᠲᠠᠯᠠᠪᠤᠷ ᠤᠨ ᠬᠤᠷᠠᠯ ᠢ ᠴᠢᠨᠠᠷᠯᠢᠭ ᠡᠷᠬᠢᠯᠡᠵᠦ᠂ ︽ | ᠥᠪᠦᠷ ᠮᠣᠩᠭᠤᠯ ᠤᠨ ᠤᠯᠠᠮᠵᠢᠯᠠᠯᠲᠤ ᠴᠠᠭᠠᠨ ᠢᠳᠡᠭᠡᠨ ᠤ ᠰᠣᠶᠣᠯ ᠤᠨ ᠥᠯᠦᠭᠡᠢ︾ ᠶᠢᠨ ᠢᠷᠠᠭᠤ ᠠᠯᠳᠠᠷ ᠢ | ᠬᠦᠷᠲᠡᠵᠦ᠂ ︽ᠴᠠᠭᠠᠨ ᠢᠳᠡᠭᠡᠨ ᠤ ᠨᠣᠲᠤᠭ︾ ᠤᠨ ᠠᠯᠳᠠᠷᠰᠢᠯ ᠢᠶᠠᠨ ᠨᠡᠮᠡᠭᠳᠡᠬᠦᠯᠪᠡ᠃ 80 ᠲᠥᠮᠡᠨ | ᠺᠢᠯᠤᠸᠠᠲ ᠤᠨ 4 ᠣᠨᠴᠠ ᠦᠨᠳᠦᠷ ᠬᠦᠴᠦᠳᠡᠯᠲᠦ ᠢᠵᠢ ᠪᠦᠷᠢᠳᠦᠭᠰᠡᠨ ᠰᠠᠯᠬᠢ ᠴᠠᠬᠢᠯᠭᠠᠨ ᠤ ᠲᠥᠷᠦᠯ ᠵᠦᠢᠯ ᠨᠢ | ᠲᠤᠤᠷ ᠲᠤ ᠨᠡᠶᠢᠯᠡᠬᠦᠯᠦᠨ ᠴᠠᠬᠢᠯᠭᠠᠨ ᠭᠠᠷᠭᠠᠵᠤ᠂ ᠵᠠᠭᠤᠨ ᠲᠥᠮᠡᠨ ᠺᠢᠯᠦᠸᠠᠲ ᠤᠨ ᠴᠡᠪᠡᠷ ᠡᠨᠧᠷᠬᠢ ᠶᠢᠨ ᠰᠠᠭᠤᠷᠢᠨ | ᠭᠠᠵᠠᠷ ᠤᠨ ᠪᠠᠶᠢᠭᠤᠯᠤᠯᠲᠠ ᠶᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠨ᠂ ᠠᠰᠢᠭᠯᠠᠯᠲᠠ ᠳᠤ ᠣᠷᠤᠭᠰᠠᠨ ᠠᠵᠤ | ᠠᠬᠤᠶᠢᠯᠠᠯ ᠨᠡᠶᠢᠲᠡ 23.8 ᠳ᠋ᠦᠩᠰᠢᠭᠤᠷ ᠺᠢᠯᠦᠸᠠᠲ ᠴᠠᠭ ᠴᠠᠬᠢᠯᠭᠠᠨ ᠭᠠᠷᠭᠠᠪᠠ᠃ ᠳ᠋ᠦᠩ ᠯᠢᠨ ᠨᠡᠭᠦᠷᠡᠰᠦᠨ | ᠠᠭᠤᠷᠬᠠᠢ ᠨᠡᠶᠢᠲᠡ 246.3 ᠲᠥᠮᠡᠨ ᠲᠣᠨ ᠤᠳᠤᠭ᠎ᠠ ᠦᠭᠡᠢ ᠨᠡᠭᠦᠷᠡᠰᠦ ᠦᠢᠯᠡᠳᠪᠦᠷᠢᠯᠡᠨ᠂ ᠨᠡᠬᠦᠷᠡᠰᠦ ᠰᠢᠪᠡᠷ ᠢ | ᠬᠠᠳᠠᠭᠠᠬᠤ ᠲᠥᠷᠦᠯ ᠵᠦᠢᠯ ᠠᠰᠢᠭᠯᠠᠯᠲᠠ ᠳᠤ ᠤᠷᠤᠪᠠ᠃ ᠸᠤᠯᠹᠷᠤᠮ ᠪᠢᠰᠮᠦ᠋ᠲ ᠮᠦᠩᠬᠦ ᠣᠯᠠᠨ ᠲᠡᠮᠦᠷᠯᠢᠭ ᠤᠨ | ᠠᠭᠤᠷᠬᠠᠢ ᠨᠢ ᠨᠣᠭᠲᠠᠬᠤ ᠬᠦᠢᠴᠡᠳᠭᠡᠯ ᠲᠤᠭ᠎ᠠ ᠶᠢ ᠪᠡᠶᠡᠯᠡᠬᠦᠯᠵᠤ᠂ ᠪᠠᠶᠢᠭᠠᠯᠢ ᠶᠢᠨ ᠡᠬᠢ ᠪᠠᠶᠠᠯᠢᠭ ᠤᠨ | ᠬᠡᠯᠲᠡᠰ ᠠᠴᠠ ᠠᠭᠤᠷᠬᠠᠢ ᠶᠢᠨ ᠣᠷᠤᠨ ᠢ ᠬᠤᠪᠢᠶᠠᠷᠢᠯᠠᠨ ᠲᠤᠭᠲᠠᠭᠠᠬᠤ ᠬᠦᠷᠢᠶ᠎ᠡ ᠬᠡᠪᠴᠢᠶ᠎ᠡ ᠶᠢ ᠴᠣᠬᠤᠯᠠᠪᠤᠷᠢᠯᠠᠪᠠ᠃ | ᠨᠢᠦ᠋ᠪᠢ ᠲᠠᠨᠲ᠋ᠠᠯ ᠤᠨ ᠠᠭᠤᠷᠬᠠᠢ ᠶᠢᠨ ᠮᠠᠯᠳᠠᠵᠤ ᠰᠤᠩᠭᠤᠬᠤ ᠲᠥᠷᠦᠯ ᠵᠦᠢᠯ ᠣᠷᠤᠭᠰᠢᠲᠠᠢ ᠶᠠᠪᠤᠭᠳᠠᠨ᠂ ᠵᠢᠶᠠᠩᠰᠢ | ᠶᠢᠨ ᠭᠠᠨ ᠹᠧᠩ ᠯᠢᠲ ᠤᠨ ᠠᠵᠤ ᠦᠢᠯᠡᠰ ᠤᠨ ᠬᠢᠵᠠᠭᠠᠷᠲᠤ ᠺᠤᠮᠫᠠᠨᠢ ᠲᠠᠢ ᠯᠢᠲ ᠤᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠲᠥᠷᠦᠯ ᠵᠦᠢᠯ ᠤᠨ ᠬᠤᠷᠰᠢᠬᠤ ᠬᠡᠯᠡᠯᠴᠡᠭᠡᠷ ᠲᠤᠭᠲᠠᠪᠠ᠃ ᠮᠧᠩ ᠱᠢ ᠺᠤᠮᠫᠠᠨᠢ ᠶᠢ | ᠳᠠᠩᠰᠠᠯᠠᠨ ᠪᠠᠶᠢᠭᠤᠯᠵᠤ᠂ ᠴᠠᠬᠢᠯᠭᠠᠨ ᠵᠠᠳᠠᠷᠠᠭᠤᠯᠬᠤ ᠬᠠᠪᠳᠠᠰᠤ᠂ ᠨᠡᠶᠢᠯᠡᠮᠡᠯ ᠲᠤᠯᠠᠭᠠᠨ ᠬᠠᠳᠠᠭᠠᠯᠠᠬᠤ ᠬᠠᠪᠳᠠᠰᠤ᠂ | ᠣᠨᠳᠤᠤ ᠬᠡᠯᠪᠡᠷᠢ ᠶᠢᠨ ᠮᠠᠲ᠋ᠧᠷᠢᠶᠠᠯ ᠦᠢᠯᠡᠳᠪᠦᠷᠢᠯᠡᠬᠦ ᠮᠡᠷᠭᠡᠵᠢᠯ ᠢ ᠳᠠᠳᠠᠨ ᠣᠷᠤᠭᠤᠯᠵᠤ᠂ ᠨᠡᠶᠢᠲᠡ 826.4 | ᠲᠥᠮᠡᠨ ᠲᠡᠭᠰᠢ ᠲᠥᠷᠪᠡᠯᠵᠢᠨ ᠮᠧᠲᠷ ᠬᠠᠪᠳᠠᠰᠤᠨ ᠮᠠᠲ᠋ᠧᠷᠢᠶᠠᠯ ᠦᠢᠯᠡᠳᠪᠦᠷᠢᠯᠡᠪᠡ᠃ ᠪᠤᠯᠠᠭᠠᠨ ᠲᠤᠬᠤᠢ ᠴᠢᠯᠠᠭᠤᠨ | ᠲᠣᠰᠣᠨ ᠤ ᠢᠨᠵᠧᠨᠧᠷᠢᠩ ᠨᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠢᠨᠠᠨ ᠰᠢᠯᠭᠠᠯᠲᠠ ᠶᠢ ᠥᠩᠭᠡᠷᠡᠭᠡᠨ᠂ | ᠠᠶᠤᠯᠬᠦᠢ ᠦᠢᠯᠡᠳᠪᠦᠷᠢᠯᠡᠯ ᠤᠨ ᠵᠥᠪᠰᠢᠶᠡᠷᠡᠯ ᠢ ᠣᠯᠵᠤ᠂ ᠨᠡᠶᠢᠲᠡ 8.8 ᠲᠥᠮᠡᠨ ᠲᠣᠨ ᠲᠦᠬᠦᠭᠡᠢ ᠲᠤᠰᠤ | ᠪᠣᠷᠣᠯᠠᠭᠤᠯᠪᠠ᠃ ᠪᠸᠢ ᠹᠠᠩ ᠲᠡᠮᠦᠷᠯᠢᠭ ᠬᠠᠶᠢᠯᠤᠭᠤᠯᠬᠤ ᠺᠤᠮᠫᠠᠨᠢ ᠶᠢᠨ ︽ᠬᠤᠶᠠᠷ ᠥᠨᠳᠦᠷ︾ ᠪᠠᠶᠢᠬᠤ ᠲᠥᠷᠦᠯ | ᠵᠦᠢᠯ ᠢ ᠵᠤᠭᠰᠤᠭᠠᠵᠤ᠂ ᠳ᠋ᠠ ᠲᠠᠩ ᠣᠯᠠᠨ ᠤᠯᠤᠰ ᠰᠠᠯᠬᠢ ᠴᠠᠬᠢᠯᠭᠠᠨ ᠤ ᠦᠢᠯᠡᠳᠪᠦᠷᠢ᠂ ᠲᠧᠩ ᠶᠤᠸᠠᠢ | ᠠᠭᠤᠷᠬᠠᠢ ᠶᠢᠨ ᠦᠢᠯᠡᠰ ᠵᠡᠷᠭᠡ 8 ᠠᠵᠤ ᠠᠬᠤᠶᠢᠯᠠᠯ ᠢ ᠠᠮᠵᠢᠯᠲᠠᠲᠠᠢ ᠪᠠᠶᠢᠭᠤᠯᠪᠠ᠃ ᠠᠰᠣᠷᠣ ᠠᠶᠠᠯᠭᠤ ᠶᠢᠨ ᠵᠠᠩ | ᠦᠢᠯᠡ ᠶᠢᠨ ᠬᠦᠷᠢᠶᠡᠯᠡᠩ᠂ ᠰᠤᠷᠤᠨ᠎ᠠ ᠵᠤᠰᠠᠯᠠᠩ ᠵᠡᠷᠭᠡ ᠨᠢᠭᠡ ᠪᠦᠯᠦᠭ ᠵᠢᠭᠤᠯᠴᠢᠯᠠᠯ ᠤᠨ ᠦᠵᠡᠮᠵᠢ ᠶᠢᠨ ᠭᠠᠵᠠᠷ ᠢ | ᠪᠠᠶᠢᠭᠤᠯᠵᠤ᠂ ᠮᠠᠯᠴᠢᠨ ᠠᠶᠢᠯ ᠤᠨ ᠵᠤᠭᠠᠴᠠᠯ ᠤᠨ ᠴᠢᠭ ᠪᠣᠯᠣᠨ ᠦᠵᠡᠮᠵᠢ ᠶᠢᠨ ᠭᠠᠵᠠᠷ ᠤᠨ ᠢᠵᠢ ᠪᠦᠷᠢᠳᠦᠭᠰᠡᠨ | ᠰᠠᠭᠤᠷᠢ ᠲᠦᠬᠦᠭᠡᠷᠦᠮᠵᠢ ᠶᠢ ᠪᠦᠷᠢᠨᠰᠢᠭᠦᠯᠦᠨ᠂ ︽ᠠᠰᠤᠷᠤ︾᠂ ︽ᠠᠯᠳᠠᠨ ᠣᠷᠳᠤᠨ ᠤ ᠨᠠᠶᠢᠷ ᠤᠨ ᠲᠠᠭᠤᠤ︾᠂ | ︽ᠲᠤᠷᠭᠠᠨ ᠨᠤᠲᠤᠭ︾᠂ ︽ᠴᠠᠬᠠᠷ ᠮᠦᠽᠸᠢ︾ ᠵᠡᠷᠭᠡ ᠲᠠᠸᠠᠷ ᠤᠨ ᠲᠡᠮᠳᠡᠭ ᠢ ᠠᠮᠵᠢᠯᠲᠠᠲᠢ ᠳᠠᠩᠰᠠᠯᠠᠭᠤᠯᠵᠤ᠂ | ᠤᠯᠤᠰ᠂ ᠦᠪᠡᠷᠲᠡᠭᠡᠨ ᠵᠠᠰᠠᠬᠤ ᠤᠷᠤᠨ ᠤ ︽2018—2020 ᠣᠨ ᠤ ᠲᠤᠮᠳᠠᠳᠤ ᠤᠯᠤᠰ ᠤᠨ ᠠᠷᠠᠳ ᠤᠨ | ᠰᠣᠶᠣᠯ ᠤᠷᠠᠯᠢᠭ ᠤᠨ ᠨᠤᠲᠤᠭ︾ ᠪᠠ ︽2021 ᠣᠨ — 2023 ᠤᠨ ᠤ ᠪᠦᠬᠦ ᠣᠷᠣᠨ ᠤ ᠠᠷᠠᠳ ᠤᠨ | ᠰᠣᠶᠤᠯ ᠤᠷᠠᠯᠢᠭ ᠤᠨ ᠨᠤᠲᠤᠭ︾ ᠢᠶᠠᠷ ᠨᠡᠷᠡᠶᠢᠳᠦᠭᠳᠡᠨ᠂ ︽ᠲᠤᠷᠭᠠᠨ ᠨᠤᠲᠤᠭ ᠬᠦᠪᠡᠭᠡᠲᠦ ᠰᠢᠷ᠎ᠠ᠂ ᠠᠰᠤᠷᠤ | ᠠᠶᠠᠯᠭᠤ ᠶᠢᠨ ᠥᠯᠦᠭᠡᠢ︾ ᠰᠤᠶᠤᠯ ᠵᠢᠭᠤᠯᠴᠢᠯᠠᠯ ᠤᠨ ᠨᠡᠷ᠎ᠡ ᠲᠡᠮᠳᠡᠭ ᠢ ᠦᠷᠬᠦᠯᠵᠢᠯᠡᠨ ᠪᠤᠵᠠᠭᠠᠶᠢᠷᠠᠭᠤᠯᠪᠠ᠃ | ᠰᠢᠨ᠎ᠡ ᠪᠠᠷ ᠨᠡᠮᠡᠭᠳᠡᠭᠰᠡᠨ ᠵᠠᠬ᠎ᠠ ᠲᠡᠯᠭᠡᠬᠦᠷ ᠤᠨ ᠭᠤᠣᠯ ᠴᠤᠭᠴᠠ 2155 ᠡᠷᠦᠬᠡ ᠪᠣᠯᠵᠤ᠂ ᠠᠷᠠᠯᠵᠢᠶ᠎ᠠ | ᠬᠤᠳᠠᠯᠳᠤᠭ᠎ᠠ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠰᠢᠤᠳᠠᠨ ᠭᠤᠪᠢᠭᠤᠯᠭ᠎ᠠ ᠵᠡᠷᠭᠡ ᠠᠵᠢᠯ ᠲᠥᠷᠦᠯ | ᠦᠷᠬᠦᠯᠵᠢᠯᠡᠨ ᠡᠷᠡᠬᠦᠯ ᠢᠶᠠᠷ ᠬᠦᠭᠵᠢᠵᠦ᠂ ᠡᠯᠧᠺᠲᠷᠦᠨ ᠬᠤᠳᠠᠯᠳᠤᠭ᠎ᠠ ᠶᠢ ᠮᠠᠯᠵᠢᠬᠤ ᠣᠷᠤᠨ ᠳᠤ ᠣᠷᠤᠭᠤᠯᠬᠤ | ᠶᠡᠷᠦᠩᠬᠡᠶᠢᠯᠡᠭᠰᠡᠨ ᠵᠢᠱᠢᠶ᠎ᠡ ᠦᠵᠡᠬᠦᠯᠬᠦ ᠬᠤᠰᠢᠭᠤ ᠰᠢᠶᠠᠨ ᠤ ᠲᠥᠷᠦᠯ ᠵᠦᠢᠯ ᠢ ᠠᠮᠵᠢᠯᠲᠠᠲᠠᠢ ᠲᠦᠯᠬᠢᠨ ᠠᠬᠢᠭᠤᠯᠪᠠ | ᠃ ︽ᠬᠦᠪᠡᠭᠡᠲᠦ ᠰᠢᠷ᠎ᠠ ᠬᠤᠰᠢᠭᠤᠨ ᠤ 2021ᠣᠨ—2024 ᠣᠨ ᠤ ᠬᠤᠳᠠᠯᠳᠤᠭᠠᠴᠢᠨ ᠤᠷᠢᠵᠤ ᠪᠡᠯᠡ | ᠲᠠᠳᠠᠬᠤ ᠠᠵᠢᠯ ᠤᠨ ᠲᠥᠰᠦᠯ︾ ᠢ ᠲᠤᠭᠤᠷᠪᠢᠨ ᠲᠠᠷᠬᠠᠭᠠᠵᠤ᠂ ᠬᠤᠳᠠᠯᠳᠤᠭᠠᠴᠢᠨ ᠤᠷᠢᠵᠤ ᠪᠡᠯᠡ ᠲᠠᠳᠠᠬᠤ | ᠠᠵᠢᠯ ᠤᠨ ᠤᠳᠤᠷᠢᠳᠬᠤ ᠲᠤᠭᠤᠶᠢᠯᠠᠩ ᠪᠠ 4 ᠬᠤᠳᠠᠯᠳᠤᠭᠠᠴᠢᠨ ᠤᠷᠢᠵᠤ ᠪᠡᠯᠡ ᠲᠠᠳᠠᠬᠤ ᠲᠤᠰᠬᠠᠢ ᠠᠵᠢᠯ ᠤᠨ | ᠲᠤᠭᠤᠶᠢᠯᠠᠩ ᠢ ᠪᠠᠶᠢᠭᠤᠯᠤᠨ᠂ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠬᠤᠳᠠᠯᠳᠤᠭᠠᠴᠢᠨ ᠤᠷᠢᠵᠤ ᠪᠡᠯᠡ | ᠲᠠᠳᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠥᠷᠨᠢᠬᠦᠯᠪᠡ᠃ | ︵ᠭᠤᠷᠪᠠ︶ ᠬᠤᠲᠠ ᠬᠦᠳᠡᠭᠡ ᠶᠢ ᠨᠢᠭᠡᠳᠦᠯᠲᠡᠢ ᠲᠥᠯᠦᠪᠵᠢᠬᠦᠯᠦᠨ᠂ ᠵᠤᠬᠢᠴᠠᠩᠭᠤᠢ ᠬᠦᠭᠵᠢᠬᠦᠯᠵᠦ᠂ | ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠲᠠᠰᠤᠷᠠᠯᠲᠠ ᠦᠭᠡᠢ ᠪᠤᠵᠠᠭᠠᠶᠢᠷᠠᠪᠠ᠃ ᠬᠤᠶᠠᠷ ᠲᠦᠷᠦᠯ ᠤᠨ PPP | ᠲᠦᠷᠦᠯ ᠵᠤᠶᠢᠯ ᠢ ᠰᠠᠶᠢᠲᠤᠷ ᠬᠡᠷᠡᠭᠵᠢᠬᠦᠯᠦᠨ᠂ ᠬᠤᠳᠠ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ | ᠪᠠᠶᠢᠭᠤᠯᠤᠯᠳᠠ ᠳᠤ 5.6 ᠳ᠋ᠦᠩᠰᠢᠭᠤᠷ ᠲᠦᠭᠦᠷᠢᠭ ᠵᠠᠷᠤᠴᠠᠭᠤᠯᠵᠦ᠂ ︽ᠨᠢᠭᠡ ᠬᠦᠷᠢᠶᠡᠯᠡᠩ᠂ ᠬᠤᠶᠠᠷ ᠪᠦᠰᠡ᠂ | ᠲᠠᠪᠤᠨ ᠭᠤᠤᠯᠲᠦ ᠱᠤᠭᠤᠮ᠂ ᠲᠤᠯᠤᠭᠠᠨ ᠬᠦᠨᠳᠡᠯᠡᠨ ᠱᠤᠭᠤᠮ︾ ᠪᠠ ᠰᠤᠶᠤᠯ᠂ ᠰᠤᠷᠭᠠᠨ ᠬᠦᠮᠥᠵᠢᠯ᠂ ᠢᠳᠡᠭᠡᠨ | ᠤᠮᠳᠠᠭᠠᠨ᠂ ᠠᠵᠦ ᠤᠶᠢᠯᠡᠳᠪᠦᠷᠢ ᠶᠢᠨ ︽ᠲᠦᠷᠪᠡᠨ ᠬᠦᠷᠢᠶᠡᠯᠡᠩ︾ ᠤᠨ ᠠᠵᠦ ᠤᠶᠢᠯᠡᠰ ᠪᠠ ᠬᠤᠳᠠ | ᠪᠠᠯᠭᠠᠰᠤᠨ ᠤ ᠠᠭᠤᠰᠤᠯᠴᠠᠯ ᠬᠦᠭᠵᠢᠯᠳᠡ ᠶᠢᠨ ᠪᠠᠶᠢᠷᠢᠰᠢᠭᠤᠯᠤᠯᠲᠠ ᠶᠢ ᠠᠩᠬ᠎ᠠ ᠠᠯᠬᠤᠮ ᠪᠦᠷᠢᠯᠳᠦᠬᠦᠯᠵᠦ᠂ ᠬᠤᠲᠠ | ᠪᠠᠯᠭᠠᠰᠤᠵᠢᠯᠲᠠ ᠶᠢᠨ ᠨᠤᠷᠮ᠎ᠠ 66% ᠳᠤ ᠬᠦᠷᠪᠡ᠃ ᠲᠤᠯᠠᠭᠠᠯᠭ᠎ᠠ ᠶᠢᠨ ᠲᠤᠤᠷ ᠬᠤᠭᠤᠯᠠᠢ ᠶᠢ 46.7 ᠺᠢᠯᠤᠮᠧᠲᠷ | ᠦᠭᠡᠷᠡᠴᠢᠯᠡᠨ ᠵᠠᠰᠠᠵᠤ᠂ 12 ᠲᠥᠮᠡᠨ ᠲᠡᠭᠰᠢ ᠲᠦᠷᠪᠡᠯᠵᠢᠨ ᠮᠧᠲᠷ ᠤᠨ ᠲᠥᠪᠯᠡᠷᠡᠬᠦᠯᠦᠭᠰᠡᠨ ᠲᠤᠯᠠᠭᠠᠯᠭ᠎ᠠ ᠶᠢ | ᠰᠢᠨ᠎ᠡ ᠪᠠᠷ ᠨᠡᠮᠡᠨ᠂ 1.3 ᠲᠥᠮᠡᠨ ᠮᠧᠲᠷ ᠤᠰᠤ ᠬᠠᠩᠭᠠᠬᠤ ᠬᠤᠭᠤᠯᠠᠶ ᠶᠢ ᠦᠭᠡᠷᠡᠴᠢᠯᠡᠨ ᠵᠠᠰᠠᠵᠤ᠂ 213 ᠢᠵᠢ | ᠤᠰᠤᠨ ᠤ ᠨᠡᠭᠡᠭᠡᠯᠭᠡ ᠶᠢ ᠰᠢᠨᠡᠳᠭᠡᠨ ᠰᠣᠯᠢᠵᠤ᠂ ᠰᠢᠨᠡᠪᠤᠯᠠᠭ ᠪᠠᠯᠭᠠᠰᠤᠨ ᠤ ᠤᠰᠤ ᠴᠡᠪᠡᠷᠰᠢᠬᠦᠯᠬᠦ | ᠦᠢᠯᠡᠳᠪᠦᠷᠢ ᠶᠢᠨ ᠤᠰᠤᠨ ᠤ ᠴᠢᠨᠠᠷ ᠢ ᠳᠡᠭᠡᠭᠰᠢᠯᠡᠬᠦᠯᠬᠦ ᠲᠥᠷᠦᠯ ᠵᠦᠢᠯ ᠵᠢᠴᠢ ᠲᠤᠤᠷ ᠬᠤᠭᠤᠯᠠᠢ ᠶᠢ ᠥᠭᠡᠷᠡᠴᠢᠯᠡᠬᠦ | ᠢᠨᠵᠧᠨᠧᠷᠢᠩ ᠪᠠ 220 ᠺᠢᠯᠤᠸᠤᠯᠲ ᠤᠨ ᠴᠠᠬᠢᠯᠭᠠᠨ ᠲᠠᠮᠵᠢᠭᠤᠯᠤᠨ ᠬᠤᠪᠢᠰᠬᠠᠬᠤ ᠥᠷᠲᠡᠭᠡ ᠶᠢ ᠪᠠᠶᠢᠭᠤᠯᠤᠨ | ᠠᠰᠢᠭᠯᠠᠯᠲᠠ ᠳᠤ ᠣᠷᠤᠭᠤᠯᠵᠤ᠂ ᠲᠤᠯᠠᠭᠠᠯᠠᠭ᠎ᠠ ᠶᠢᠨ ᠶᠠᠰᠦ ᠴᠢᠨᠠᠷ᠂ ᠰᠠᠭᠤᠭᠠᠯᠢ ᠠᠷᠠᠳ ᠤᠨ ᠤᠤᠭᠤᠬᠤ ᠤᠰᠤᠨ | ᠤ ᠠᠮᠤᠷ ᠲᠥᠪᠰᠢᠨ᠂ ᠴᠠᠬᠢᠯᠭᠠᠨ ᠬᠦᠴᠦᠨ ᠤ ᠪᠠᠳᠤᠯᠠᠭ᠎ᠠ ᠶᠢᠨ ᠶᠠᠰᠦ ᠴᠢᠨᠠᠷ᠂ ᠴᠠᠬᠢᠯᠭᠠᠨ ᠲᠤᠤᠷ ᠤᠨ | ᠲᠠᠮᠵᠢᠭᠤᠯᠤᠨ ᠬᠦᠷᠭᠡᠬᠦ ᠴᠢᠳᠠᠪᠬᠢ ᠶᠢ ᠶᠡᠬᠡᠪᠡᠷ ᠳᠡᠭᠡᠭᠰᠢᠯᠡᠬᠦᠯᠪᠡ᠃ ᠰᠢᠨᠡᠪᠤᠯᠠᠭ ᠪᠠᠯᠭᠠᠰᠤᠨ ᠤ 7 ᠵᠤᠷᠪᠤᠰ ᠭᠤᠣᠯ | ᠪᠣᠯᠬᠤ ᠵᠡᠭᠡᠯᠢ ᠭᠤᠳᠤᠮᠵᠢ᠂ 6 ᠵᠤᠷᠪᠤᠰ ᠪᠠᠭ᠎ᠠ ᠵᠡᠭᠡᠯᠢ ᠭᠤᠳᠤᠮᠵᠢ ᠶᠢ ᠵᠠᠰᠠᠬᠤ ᠢᠨᠵᠧᠨᠧᠷᠢᠩ ᠢ ᠬᠡᠷᠡᠭᠵᠢᠬᠦᠯᠵᠦ᠂ | 3550 ᠲᠡᠭᠰᠢ ᠲᠥᠷᠪᠡᠯᠵᠢᠨ ᠮᠧᠲᠷ ᠬᠤᠲᠠ ᠲᠤᠭᠤᠷᠢᠭ ᠤᠨ ᠵᠠᠮ ᠢ ᠰᠢᠨ᠎ᠡ ᠪᠠᠷ ᠬᠠᠳᠠᠭᠤᠷᠠᠭᠤᠯᠤᠨ ᠵᠠᠰᠠᠵᠤ᠂ 3. | 2 ᠺᠢᠯᠤᠮᠧᠲᠷ ᠤᠰᠤ ᠭᠠᠳᠠᠭᠰᠢᠭᠤᠯᠬᠤ ᠲᠣᠣᠷ ᠬᠤᠭᠤᠯᠠᠢ ᠶᠢ ᠰᠢᠨ᠎ᠡ ᠪᠠᠷ ᠪᠠᠶᠢᠭᠤᠯᠪᠠ᠃ 800 ᠭᠠᠷᠤᠢ | ᠵᠡᠭᠡᠯᠢ ᠶᠢᠨ ᠳ᠋ᠧᠩ ᠢ ᠰᠣᠯᠢᠵᠤ᠂ ᠵᠡᠬᠡᠯᠢ ᠶᠢᠨ ᠦᠵᠡᠮᠵᠢᠳᠦ ᠬᠡᠷᠡᠯᠳᠦᠬᠦᠯᠭᠡ ᠶᠢ ᠪᠦᠷᠢᠯᠳᠦᠬᠦᠯᠪᠡ᠃ ᠬᠤᠳᠠ ᠶᠢᠨ | ᠬᠠᠤᠯᠢ ᠬᠡᠷᠡᠭᠵᠢᠬᠦᠯᠦᠯᠳᠡ ᠶᠢᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠵᠦ᠂ ᠤᠷᠴᠢᠨ ᠲᠤᠭᠤᠷᠢᠨ ᠤ ᠠᠷᠢᠭᠤᠨ | ᠴᠡᠪᠡᠷ ᠢ ᠬᠠᠮᠠᠭᠠᠯᠠᠬᠤ ᠲᠤᠰᠬᠠᠢ ᠺᠤᠮᠫᠠᠨᠢ ᠶᠢ ᠲᠠᠳᠠᠨ ᠣᠷᠤᠭᠤᠯᠪᠠ᠃ 3200 ᠮᠦ ᠦᠨᠳᠦᠷ ᠪᠠᠷᠢᠮᠵᠢᠶᠠᠳᠤ | ᠲᠠᠷᠢᠶᠠᠨ ᠭᠠᠵᠠᠷ᠂ 8000 ᠮᠦ ᠡᠪᠡᠰᠦ ᠪᠤᠷᠳᠤᠭᠠᠨ ᠤ ᠰᠠᠭᠤᠷᠢᠨ ᠭᠠᠵᠠᠷ ᠢ ᠪᠠᠶᠢᠭᠤᠯᠵᠤ᠂ 17.2 ᠲᠦᠮᠡᠨ | ᠲᠡᠭᠰᠢ ᠲᠦᠷᠪᠡᠯᠵᠢᠨ ᠮᠧᠲᠷ ᠲᠤᠯᠠᠭᠠᠨ ᠫᠧᠩ ᠬᠤᠷᠤᠭ᠎ᠠ᠂ 8.1 ᠲᠦᠮᠡᠨ ᠲᠡᠭᠰᠢ ᠲᠦᠷᠪᠡᠯᠵᠢᠨ ᠮᠧᠲᠷ ᠡᠪᠡᠰᠦ | ᠨᠦᠭᠡᠴᠡᠯᠡᠬᠦ ᠫᠧᠩ᠂ 0.9 ᠲᠦᠮᠡᠨ ᠪᠤᠰᠤᠭ᠎ᠠ ᠲᠦᠷᠪᠡᠯᠵᠢᠨ ᠮᠧᠲᠷ ᠨᠤᠭᠤᠭᠠᠨ ᠲᠠᠷᠤᠰᠢ ᠶᠢᠨ ᠵᠤᠭᠤᠷᠢ ᠶᠢ ᠰᠢᠨ᠎ᠡ | ᠪᠠᠷ ᠪᠠᠶᠢᠭᠤᠯᠵᠦ᠂ ᠪᠠᠶᠠᠨᠳᠠᠯ᠎ᠠ ᠪᠠᠯᠭᠠᠰᠤ ᠪᠤᠯᠤᠨ ᠣᠩᠭᠤᠨ ᠠᠭᠤᠯᠠ ᠰᠤᠮᠤᠨ ᠳᠤ ᠲᠤᠰᠪᠤᠷᠢ 1000 ᠲᠡᠭᠰᠢ | ᠲᠦᠷᠪᠡᠯᠵᠢᠨ ᠮᠧᠲᠷ ᠤᠨ ᠡᠪᠡᠰᠦ ᠨᠦᠭᠡᠴᠡᠯᠡᠬᠦ ᠫᠧᠩ ᠢ ᠪᠠᠶᠢᠭᠤᠯᠪᠠ᠃ ᠮᠠᠯᠵᠢᠬᠤ ᠣᠷᠤᠨ ᠳᠤ 23 ᠲᠦᠭᠡᠭᠡᠯ | ᠤᠰᠤᠨ ᠤ ᠢᠨᠵᠧᠨᠧᠷᠢᠩ ᠢ ᠰᠢᠨ᠎ᠡ ᠪᠠᠷ ᠪᠠᠶᠢᠭᠤᠯᠤᠨ᠂ 566 ᠠᠮᠠᠰᠠᠷ ᠬᠤᠳᠳᠤᠭ ᠮᠠᠯᠳᠠᠵᠤ᠂ 2694 ᠢᠵᠢ | ᠤᠰᠤ ᠴᠡᠪᠡᠷᠰᠢᠬᠦᠯᠬᠦ ᠲᠦᠬᠦᠭᠡᠷᠦᠮᠵᠢ ᠤᠭᠰᠠᠷᠠᠪᠠ᠃ 449 ᠺᠢᠯᠤᠮᠧᠲᠷ ᠤᠨ ᠬᠦᠳᠡᠭᠡ ᠲᠤᠰᠬᠤᠨ ᠤ ᠴᠠᠬᠢᠯᠭᠠᠨ | ᠲᠤᠤᠷ ᠢ ᠵᠠᠰᠠᠵᠦ᠂ ᠴᠠᠬᠢᠯᠭᠠᠨ ᠬᠤᠯᠪᠤᠭᠠᠨ ᠤ ᠲᠦᠭᠡᠮᠡᠯᠵᠢᠭᠰᠡᠨ ᠤᠶᠢᠯᠡᠴᠢᠯᠡᠭᠡᠨ ᠤ ᠨᠥᠬᠦᠪᠦᠷᠢ ᠣᠯᠭᠤᠬᠤ | ᠲᠤᠷᠰᠢᠯᠳᠠ ᠶᠢᠨ ᠴᠢᠭ ᠤᠨ ᠲᠦᠷᠦᠯ ᠵᠤᠶᠢᠯ ᠢ ᠬᠡᠷᠡᠭᠵᠢᠬᠦᠯᠦᠨ᠂ ᠭᠡᠷᠡᠯ ᠰᠢᠷᠬᠡᠭ ᠰᠦᠯᠵᠢᠶ᠎ᠡ ᠪᠠ ᠤᠳᠠᠰᠤ ᠦᠭᠡᠢ | ᠰᠦᠯᠵᠢᠶ᠎ᠡ ᠶᠢ ᠪᠦᠬᠦᠶᠢᠯᠡ ᠭᠠᠴᠠᠭᠠᠨ ᠲᠥᠪ ᠲᠤ ᠨᠡᠪᠳᠡᠷᠡᠬᠦᠯᠪᠡ᠃ ᠮᠠᠯᠵᠢᠬᠤ ᠡᠷᠦᠬᠡ ᠶᠢᠨ 314 ᠨᠤᠷᠠᠬᠤ | ᠠᠶᠤᠯᠲᠠᠢ ᠭᠡᠷ ᠪᠠᠶᠢᠰᠢᠩ ᠢ ᠵᠠᠰᠠᠨ ᠰᠡᠯᠪᠢᠪᠡ᠃ 60 ᠭᠠᠴᠠᠭᠠᠨ ᠤ ᠬᠠᠮᠲᠦ ᠶᠢᠨ ᠦᠮᠴᠢᠯᠠᠯ ᠤᠨ ᠡᠷᠬᠡ ᠶᠢᠨ | ᠲᠦᠷᠢᠮ ᠤᠨ ᠦᠬᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠬᠦᠯᠪᠡ᠃ ᠴᠠᠭ ᠠᠭᠤᠷ ᠤᠨ ᠠᠵᠢᠭᠯᠠᠨ ᠬᠡᠮᠵᠢᠬᠦ | ᠦᠷᠲᠡᠭᠡ ᠶᠢᠨ ᠰᠠᠭᠤᠷᠢ ᠲᠦᠭᠦᠬᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠭᠤᠣᠯ | ᠴᠤᠭᠴᠠᠳᠤ ᠪᠦᠳᠦᠴᠡ ᠶᠢ ᠨᠢᠭᠡᠨᠲᠡ ᠪᠠᠶᠢᠭᠤᠯᠵᠤ᠂ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ | ᠠᠰᠢᠭᠯᠠᠯᠳᠠ ᠳᠤ ᠤᠷᠤᠭᠤᠯᠤᠨ᠂ ᠨᠡᠶᠢᠰᠯᠡᠯ᠂ ᠣᠷᠤᠨ ᠤ ᠲᠥᠪ᠂ ᠠᠶᠢᠮᠠᠭ ᠬᠦᠷᠬᠦ ᠭᠤᠷᠪᠠᠨ ᠱᠣᠭᠤᠮ ᠤᠨ | ᠠᠭᠠᠷ ᠤᠨ ᠠᠶᠠᠯᠠᠯ ᠢ ᠨᠡᠪᠳᠡᠷᠡᠬᠦᠯᠪᠡ᠃ ᠰᠦᠨᠢᠳ ᠪᠠᠷᠠᠭᠤᠨ ᠬᠤᠰᠢᠭᠤᠨ ᠠᠴᠠ ᠬᠤᠸᠠᠳᠧ ᠰᠢᠶᠠᠨ ᠬᠦᠷᠬᠦ | ᠰᠢᠯᠢ ᠶᠢᠨ ᠭᠤᠣᠯ ᠠᠶᠢᠮᠠᠭ ᠤᠨ ᠬᠡᠰᠡᠭ ᠳᠠᠬᠢ ᠥᠨᠳᠦᠷ ᠬᠤᠷᠳᠤᠴᠠᠳᠤ ᠵᠠᠰᠠᠮᠠᠯ ᠵᠠᠮ ᠪᠠ S313 ᠮᠣᠵᠢ ᠶᠢᠨ | ᠲᠡᠰ ᠤᠨ ᠰᠢᠨᠡᠪᠤᠯᠠᠭ ᠠᠴᠠ ᠮᠢᠩᠭᠠᠨᠳᠤ ᠪᠠᠯᠭᠠᠰᠤ ᠬᠦᠷᠬᠦ ᠵᠠᠰᠠᠮᠠᠯ ᠵᠠᠮ ᠠᠰᠢᠭᠯᠠᠯᠲᠠ ᠳᠤ ᠣᠷᠤᠵᠤ ᠲᠡᠷᠭᠡ ᠨᠡᠪᠳᠡᠷᠡᠨ | ᠂ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠠᠨ ᠶᠧ ᠬᠦᠷᠬᠦ ᠥᠨᠳᠦᠷ ᠬᠤᠷᠳᠤᠴᠠᠳᠤ ᠵᠠᠰᠠᠮᠠᠯ ᠵᠠᠮ ᠤᠨ | ᠬᠦᠪᠡᠭᠡᠲᠦ ᠰᠢᠷ᠎ᠠ ᠬᠤᠰᠢᠭᠤᠨ ᠳᠠᠬᠢ ᠬᠡᠰᠡᠭ ᠤᠨ ᠵᠠᠰᠠᠮᠠᠯ ᠵᠠᠮ ᠤᠨ ᠭᠤᠣᠯ ᠪᠦᠳᠦᠴᠡ ᠶᠢᠨ ᠪᠠᠷᠢᠯᠭ᠎ᠠ ᠲᠠᠭᠤᠰᠪᠠ᠃ | ︵ᠲᠥᠷᠪᠡ︶ ᠵᠠᠰᠠᠭ ᠢ ᠴᠣᠮᠠᠳᠬᠠᠨ ᠡᠷᠬᠡ ᠶᠢ ᠲᠤᠷᠤᠭᠰᠢ ᠪᠠᠭᠤᠯᠭᠠᠵᠤ᠂ ᠦᠷ᠎ᠡ ᠪᠦᠳᠦᠮᠵᠢ ᠶᠢ | ᠲᠡᠭᠡᠭᠰᠢᠯᠡᠬᠦᠯᠦᠨ᠂ ᠠᠷᠠᠯᠵᠢᠶ᠎ᠠ ᠬᠤᠳᠠᠯᠳᠤᠭᠠᠨ ᠤ ᠣᠷᠴᠢᠨ ᠤᠯᠠᠮ ᠰᠢᠯᠢᠳᠡᠭᠵᠢᠪᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠲᠢᠩᠬᠢᠮ ᠠᠰᠢᠭᠯᠠᠯᠲᠠ ᠳᠤ ᠣᠷᠣᠵᠤ᠂ 43 ᠰᠠᠯᠠᠭ᠎ᠠ ᠮᠦᠴᠢᠷ | ᠨᠡᠬᠦᠨ ᠤᠷᠤᠵᠤ᠂ 1236 ᠵᠦᠢᠯᠡᠰ ᠢ ᠲᠢᠩᠬᠢᠮ ᠳᠤ ᠣᠷᠤᠭᠤᠯᠪᠡ᠃ ᠥᠪᠡᠷᠲᠡᠭᠡᠨ ᠵᠠᠰᠠᠬᠤ ᠣᠷᠣᠨ ᠤ ᠨᠢᠭᠡ | ᠴᠣᠭᠴᠠᠵᠢᠭᠤᠯᠤᠭᠰᠠᠨ ᠲᠠᠪᠴᠠᠩ ᠲᠤ 1830 ᠲᠥᠷᠦᠯ ᠤᠨ ᠦᠢᠯᠡᠴᠢᠯᠡᠭᠡᠨ ᠤ ᠵᠦᠢᠯᠡᠰ ᠢ ᠬᠦᠯᠢᠶᠡᠨ ᠠᠪᠴᠤ᠂ | ᠰᠤᠮᠤ ᠪᠠᠯᠭᠠᠰᠤᠨ ᠳᠤ 99 ᠲᠥᠷᠦᠯ ᠤᠨ ᠡᠷᠬᠡ ᠶᠢ ᠪᠠᠭᠤᠯᠭᠠᠪᠠ᠃ ︽ᠲᠥᠷᠪᠡᠨ ᠬᠡᠯᠪᠡᠷᠢ ᠪᠠᠷ ᠬᠦᠢᠴᠡᠳᠭᠡᠬᠦ︾ | ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ︽ᠨᠢᠭᠡ ᠰᠦᠯᠵᠢᠶ᠎ᠡ ᠪᠠᠷ ᠬᠦᠢᠴᠡᠳᠭᠡᠬᠦ︾ ᠵᠦᠢᠯᠡᠰ ᠤᠨ | ᠪᠠᠷᠢᠮᠵᠢᠶᠠᠵᠢᠭᠰᠠᠨ ᠴᠠᠭ ᠢ 90.4% ᠪᠠᠷ ᠪᠤᠭᠤᠨᠢᠰᠬᠠᠵᠤ᠂ ᠲᠠᠷᠤᠶᠢᠬᠠᠨ ᠬᠦᠢᠴᠡᠳᠭᠡᠬᠦ ᠵᠦᠢᠯᠡᠰ 81.0% ᠶᠢ | ᠡᠵᠡᠯᠡᠵᠦ᠂ ᠰᠦᠯᠵᠢᠶᠡᠨ ᠳᠡᠭᠡᠷ᠎ᠡ ᠬᠦᠢᠴᠡᠳᠭᠡᠵᠦ ᠪᠣᠯᠬᠤ ᠨᠣᠷᠮ᠎ᠠ100%᠂ ᠪᠥᠬᠦ ᠶᠠᠪᠤᠴᠠ ᠶᠢ ᠰᠦᠯᠵᠢᠶᠡᠨ | ᠳᠡᠭᠡᠷ᠎ᠡ ᠬᠦᠢᠴᠡᠳᠭᠡᠬᠦ ᠨᠤᠷᠮ᠎ᠠ 96.2% ᠳᠤ ᠬᠦᠷᠪᠡ᠃ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷᠯᠠᠯ᠂ ᠨᠡᠶᠢᠭᠡᠮ ᠤᠨ ᠪᠠᠯᠠ ᠣᠷᠣᠭᠤᠯᠤᠯᠲᠠ ᠶᠢᠨ ᠲᠥᠬᠦᠮ | ᠪᠥᠭᠡᠳ ᠳᠤᠤᠷ᠎ᠠ ᠲᠦᠭᠰᠢᠭᠦᠷᠢᠲᠦ ᠪᠠᠷᠢᠯᠭ᠎ᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷᠯᠠᠯ᠂ | ᠠᠵᠤ ᠠᠬᠤᠶᠢᠯᠠᠯ ᠢ ᠲᠠᠩᠰᠠᠯᠠᠨ ᠪᠠᠶᠢᠭᠤᠯᠬᠤ ᠴᠠᠭ ᠬᠤᠭᠤᠴᠠᠭ᠎ᠠ ᠶᠢ ᠲᠣᠰ ᠲᠣᠰ 45᠂ 8᠂ 0.5 ᠠᠵᠢᠯᠯᠠᠬᠤ | ᠡᠳᠦᠷ ᠪᠣᠭᠤᠨᠢᠰᠬᠠᠪᠠ᠃ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠲᠠᠩᠰᠠᠯᠠᠨ ᠪᠠᠶᠢᠭᠤᠯᠬᠤ ᠪᠥᠬᠦ | ᠶᠠᠪᠤᠴᠠ ᠶᠢᠨ ᠡᠯᠧᠺᠲᠷᠤᠨᠴᠢᠯᠠᠭᠰᠠᠨ ᠨᠣᠷᠮ᠎ᠠ 91.4% ᠳᠤ ᠬᠦᠷᠪᠡ᠃ ᠣᠯᠠᠨ ᠨᠡᠶᠢᠲᠡ ᠶᠢᠨ ᠡᠬᠢ ᠪᠠᠶᠠᠯᠢᠭ ᠤᠨ | ᠰᠣᠯᠢᠯᠴᠠᠭᠠᠨ ᠤ ᠠᠵᠢᠯᠯᠠᠭ᠎ᠠ ᠶᠢ ᠲᠥᠷᠢᠮᠵᠢᠬᠦᠯᠦᠨ᠂ ᠵᠠᠰᠠᠭ ᠤᠨ ᠣᠷᠳᠣᠨ ᠪᠡᠯᠡ ᠣᠷᠤᠭᠤᠯᠤᠭᠰᠠᠨ ᠪᠠ ᠬᠤᠳᠠᠯᠳᠤᠨ | ᠠᠪᠤᠭᠰᠠᠨ 224 ᠲᠥᠷᠦᠯ ᠵᠦᠢᠯ ᠢ ᠪᠡᠶᠡᠯᠡᠬᠦᠯᠵᠦ᠂ 1561.8 ᠲᠦᠮᠡᠨ ᠲᠦᠬᠦᠷᠢᠭ ᠤᠨ ᠪᠡᠯᠡ ᠮᠦᠩᠭᠦ | ᠠᠷᠪᠢᠯᠠᠪᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠤᠨ ︽ᠪᠥᠬᠦ ᠣᠷᠣᠨ ᠳᠤ ᠨᠢᠭᠡ ᠰᠦᠯᠵᠢᠶ᠎ᠡ ᠪᠠᠷ | ᠬᠦᠢᠴᠡᠳᠭᠡᠬᠦ︾ ᠡᠯᠧᠺᠲᠷᠤᠨ ᠳᠠᠭᠠᠭᠠᠴᠢᠯᠠᠯᠲᠠ ᠵᠠᠷᠯᠠᠬᠤ ᠰᠢᠰᠲ᠋ᠧᠮ ᠢ ᠠᠰᠢᠭᠯᠠᠯᠲᠠ ᠳᠤ ᠣᠷᠣᠭᠤᠯᠪᠠ᠃ | ᠥᠪᠡᠷᠲᠡᠭᠡᠨ ᠵᠠᠰᠠᠬᠤ ᠣᠷᠤᠨ ᠤ ᠠᠷᠠᠯᠵᠢᠶ᠎ᠠ ᠬᠤᠳᠠᠯᠳᠤᠭᠠᠨ ᠤ ᠣᠷᠴᠢᠨ ᠢ ᠲᠤᠰᠬᠠᠶ ᠲᠣᠭᠤᠷᠢᠨ ᠪᠠᠶᠢᠴᠠᠭᠠᠵᠤ | ᠬᠠᠷᠢᠭᠤ ᠲᠤᠰᠬᠠᠭᠰᠠᠨ ᠰᠠᠨᠠᠯ ᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ ᠴᠡᠭᠴᠡᠯᠡᠨ ᠰᠠᠶᠢᠵᠢᠷᠠᠭᠤᠯᠤᠭᠰᠠᠨ | ᠨᠣᠷᠮ᠎ᠠ 96.4% ᠳᠤ ᠬᠥᠷᠪᠡ᠃ | ︵ᠲᠠᠪᠤ︶ ᠤᠭ ᠰᠠᠨᠠᠭ᠎ᠠ ᠪᠠᠨ ᠥᠯᠦ ᠮᠠᠷᠲᠠᠨ᠂ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠬᠦ | ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠪᠠ᠃ ᠠᠷᠠᠳ ᠤᠨ ᠠᠮᠢᠳᠤᠷᠠᠯ ᠤᠨ ᠬᠦᠷᠢᠶ᠎ᠡ | ᠴᠠᠷᠠᠭᠠᠨ ᠳᠤ 26.4 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠤ᠂ ᠡᠳ᠋ ᠤᠨ ᠵᠠᠰᠠᠭ ᠤᠨ ᠶᠡᠷᠦᠩᠬᠡᠢ | ᠵᠠᠷᠤᠯᠭ᠎ᠠ ᠶᠢᠨ 69.1% ᠶᠢ ᠡᠵᠡᠯᠡᠪᠡ᠃ ᠦᠢᠯᠡᠰ ᠪᠤᠰᠬᠠᠬᠤ ᠬᠦᠷᠢᠶᠡᠯᠡᠩ ᠢ ᠪᠠᠶᠢᠭᠤᠯᠵᠤ᠂ ᠠᠵᠢᠯ ᠣᠯᠭᠤᠵᠤ | ᠦᠢᠯᠡᠰ ᠪᠦᠳᠦᠭᠡᠬᠦ ᠦᠢᠯᠡᠴᠢᠯᠡᠭᠡᠨ ᠤ ᠬᠢᠷᠢ ᠲᠥᠪᠰᠢᠨ ᠢ ᠦᠷᠭᠦᠯᠵᠢᠯᠡᠨ ᠳᠡᠭᠡᠭᠰᠢᠯᠡᠬᠦᠯᠵᠦ᠂ ᠬᠤᠲᠠ ᠪᠠᠯᠭᠠᠰᠤᠨ ᠤ | ᠲᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ ᠨᠡᠯᠢᠶᠡᠳ ᠳᠣᠣᠷ᠎ᠠ ᠬᠡᠮᠵᠢᠶᠡᠨ ᠳᠤ ᠬᠢᠵᠠᠭᠠᠷᠯᠠᠪᠠ᠃ | ᠣᠯᠠᠨ ᠲᠥᠮᠡᠨ ᠬᠠᠨᠤᠮᠵᠢᠲᠠᠢ ᠪᠠᠶᠢᠬᠤ ᠰᠤᠷᠭᠠᠨ ᠬᠦᠮᠦᠵᠢᠯ ᠢ ᠰᠠᠶᠢᠲᠤᠷ ᠬᠢᠵᠦ᠂ ᠰᠤᠷᠭᠠᠨ ᠬᠦᠮᠦᠵᠢᠯ ᠤᠨ | ᠬᠦᠷᠢᠶᠡᠯᠡᠩ ᠲᠣᠭᠤᠷᠢᠭ ᠢ ᠪᠠᠶᠢᠭᠤᠯᠤᠨ᠂ ᠨᠠᠬᠢᠶ᠎ᠠ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ | ᠠᠰᠢᠭᠯᠠᠯᠲᠠ ᠳᠤ ᠣᠷᠤᠭᠤᠯᠤᠨ᠂ ᠰᠤᠷᠭᠠᠭᠤᠯᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠶᠢᠨ ᠪᠠᠷᠢᠮᠵᠢᠶ᠎ᠠ ᠳᠤ | ᠬᠦᠷᠦᠭᠰᠡᠨ ᠨᠤᠷᠮ᠎ᠠ 100% ᠳᠤ ᠬᠦᠷᠴᠦ᠂ ᠤᠯᠤᠰ ᠤᠨ ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠲᠡᠩᠴᠡᠬᠦᠷᠢᠲᠡᠢ ᠬᠦᠭᠵᠢᠯᠲᠡ ᠶᠢᠨ ᠦᠨᠡᠯᠡᠨ ᠰᠢᠯᠭᠠᠯᠲᠠ ᠳᠤ ᠬᠢᠷᠢ ᠲᠡᠩᠴᠡᠵᠦ᠂ ︽ᠳ᠋ᠤᠺᠲ᠋ᠤᠷ ᠤᠨ | ᠥᠯᠦᠭᠡᠢ︾ ᠶᠢᠨ ᠠᠯᠳᠠᠷᠰᠢᠯ ᠢ ᠨᠡᠮᠡᠭᠳᠡᠬᠦᠯᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠵᠢᠭᠠᠨ ᠰᠤᠷᠭᠠᠯᠲᠠ ᠶᠢ ᠤᠬᠠᠭᠤᠯᠤᠨ ᠲᠦᠭᠡᠮᠡᠯᠵᠢᠬᠦᠯᠵᠦ᠂ ᠤᠯᠤᠰ ᠠᠴᠠ ᠨᠢᠭᠡᠳᠦᠯᠳᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠬᠡᠷᠡᠭᠵᠢᠬᠦᠯᠪᠡ᠃ ᠰᠢᠨᠡᠪᠤᠯᠠᠭ ᠪᠠᠯᠭᠠᠰᠤᠨ ᠤ ᠨᠠᠮ | ᠣᠯᠠᠨ ᠲᠥᠮᠡᠨᠴᠢ ᠦᠢᠯᠡᠴᠢᠯᠡᠭᠡᠨ ᠤ ᠲᠥᠪ ᠤᠨ ᠬᠡᠪ ᠴᠢᠨᠠᠷ ᠤᠨ ᠰᠤᠷᠭᠠᠨ ᠬᠦᠮᠦᠵᠢᠯ ᠤᠨ ᠰᠠᠭᠤᠷᠢᠨ ᠭᠠᠵᠠᠷ | ᠠᠰᠢᠭᠯᠠᠯᠲᠠ ᠳᠤ ᠤᠷᠤᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢ | ᠬᠦᠨᠵᠡᠭᠡᠶᠢᠷᠡᠬᠦᠯᠵᠦ᠂ ᠮᠤᠩᠭᠤᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠠᠰᠠᠷ᠂ ᠡᠬᠡ ᠨᠢᠯᠬᠠᠰ | ᠲᠥᠯᠦᠪᠯᠡᠭᠡᠲᠦ ᠦᠷᠡᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠰᠠᠷ ᠵᠡᠷᠭᠡ ᠨᠢᠭᠡ ᠪᠦᠯᠦᠭ ᠭᠤᠣᠯᠳᠠᠯᠭ᠎ᠠ ᠲᠠᠢ | ᠢᠨᠵᠧᠨᠧᠷᠢᠩ ᠢ ᠬᠡᠷᠡᠭᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠤᠭᠲᠠᠯᠴᠠᠭ᠎ᠠ ᠶᠢ ᠤᠯᠠᠮ ᠲᠡᠭᠦᠯᠳᠡᠷᠵᠢᠬᠦᠯᠦᠨ᠂ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠪᠣᠯᠣᠨ ᠬᠤᠰᠢᠭᠤ | ᠠᠷᠠᠳ ᠤᠨ ᠡᠮᠨᠡᠯᠭᠡ ᠶᠢᠨ ᠬᠤᠷᠢᠶ᠎ᠠ ᠨᠢ ᠵᠤᠬᠢᠴᠠᠩᠭᠤᠢ ᠬᠦᠭᠵᠢᠯᠲᠡ ᠶᠢᠨ ᠪᠠᠶᠢᠯᠳᠤᠬᠤ ᠪᠤᠳᠣᠯᠭ᠎ᠠ ᠶᠢᠨ | ᠬᠤᠯᠪᠤᠭᠠᠯᠠᠭᠰᠠᠨ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ᠂ ᠤᠯᠤᠰ ᠤᠨ ᠲᠡᠰ ᠤᠨ ᠡᠷᠡᠬᠦᠯ ᠮᠡᠨᠳᠦ ᠶᠢᠨ | ᠲᠠᠪᠰᠢᠭᠰᠠᠨ ᠬᠤᠰᠢᠭᠤ᠂ ᠦᠪᠡᠷᠲᠡᠭᠡᠨ ᠵᠠᠰᠠᠬᠤ ᠤᠷᠤᠨ ᠤ ᠡᠷᠡᠬᠦᠯ ᠮᠡᠨᠳᠦ ᠶᠢᠨ ᠪᠠᠴᠢᠮ ᠪᠠᠶᠢᠳᠠᠯ ᠢ ᠠᠷᠭᠠᠴᠠᠬᠤ | ᠠᠵᠢᠯ ᠤᠨ ᠲᠥᠷᠢᠮᠵᠢᠭᠰᠡᠨ ᠬᠤᠰᠢᠭᠤ᠂ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ | ᠵᠢᠱᠢᠶ᠎ᠡ ᠦᠵᠡᠬᠦᠯᠦᠭᠰᠡᠨ ᠬᠤᠰᠢᠭᠤ᠂ ᠡᠷᠡᠭᠦᠯ ᠴᠢᠬᠢᠷᠠᠭ ᠢ ᠠᠬᠢᠭᠤᠯᠤᠭᠰᠠᠨ ᠬᠤᠰᠢᠭᠤ ᠵᠡᠷᠭᠡ ᠢᠷᠠᠭᠤ ᠠᠯᠳᠠᠷ ᠢ | ᠬᠦᠷᠲᠡᠪᠡ᠃ ᠬᠦᠮᠦᠨ ᠤ ᠬᠤᠭᠤᠷᠤᠨᠳᠤᠬᠢ ᠬᠤᠯᠤᠭᠠᠨ᠎ᠠ ᠬᠢᠵᠢᠭ ᠢ ᠰᠡᠷᠭᠡᠶᠢᠯᠡᠬᠦ ᠲᠠᠶᠢᠯᠠᠯᠲᠤᠭᠠᠨ ᠢ ᠢᠯᠠᠨ ᠳᠠᠪᠠᠵᠤ᠂ | ᠬᠤᠯᠤᠭᠠᠨ᠎ᠠ ᠶᠢᠨ ᠬᠤᠭᠤᠷᠤᠨᠳᠤᠬᠢ ᠬᠢᠵᠢᠭ ᠳᠡᠯᠭᠡᠷᠡᠬᠦ ᠬᠠᠨᠳᠤᠰᠢ ᠶᠢ ᠪᠦᠳᠦᠮᠵᠢᠲᠠᠢ ᠬᠤᠷᠢᠭᠯᠠᠨ᠂ ᠰᠢᠨ᠎ᠡ ᠳᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠬᠠᠯᠳᠠᠪᠦᠷᠢᠯᠠᠯ ᠢ ᠪᠦᠬᠦ ᠬᠦᠴᠦᠨ ᠢᠶᠠᠷ ᠰᠡᠷᠭᠡᠶᠢᠯᠡᠵᠦ᠂ ᠠᠷᠠᠳ ᠣᠯᠠᠨ ᠤ | ᠠᠮᠢ ᠨᠠᠰᠤᠨ ᠤ ᠠᠮᠤᠷ ᠲᠥᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠦᠬᠦ ᠲᠠᠯ᠎ᠠ ᠪᠠᠷ ᠬᠠᠮᠠᠭᠠᠯᠠᠪᠠ᠃ | ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠦᠪ ᠪᠠ ᠠᠷᠠᠳ ᠤᠨ ᠡᠮᠨᠡᠯᠭᠡ ᠶᠢᠨ ᠬᠤᠷᠢᠶᠠᠨ ᠤ 2 PCR | ᠲᠤᠷᠰᠢᠯᠲᠠ ᠶᠢᠨ ᠲᠠᠰᠤᠭ ᠨᠢ ᠴᠦᠮ ᠠᠰᠢᠭᠯᠠᠯᠲᠠ ᠳᠤ ᠤᠷᠤᠵᠤ᠂ ᠬᠡᠭᠡᠷ᠎ᠡ ᠭᠠᠳᠠᠨᠠᠬᠢ ᠬᠤᠯᠤᠭᠠᠨ᠎ᠠ ᠬᠢᠵᠢᠭ ᠢ | ᠬᠢᠨᠠᠨ ᠪᠠᠶᠢᠴᠠᠭᠠᠬᠤ ᠦᠷᠲᠡᠭᠡ ᠶᠢᠨ ᠲᠦᠷᠦᠯ ᠵᠦᠢᠯ ᠢ ᠠᠮᠵᠢᠯᠲᠠᠲᠠᠢ ᠲᠥᠯᠬᠢᠨ ᠠᠬᠢᠭᠤᠯᠵᠤ᠂ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠦᠷᠢ ᠮᠡᠳᠡᠭᠳᠡᠮ᠎ᠡ ᠲᠡᠭᠡᠭᠰᠢᠯᠡᠪᠡ᠃ ᠬᠤᠲᠠ ᠬᠦᠳᠡᠭᠡ ᠶᠢᠨ ᠲᠤᠤᠷ᠎ᠠ | ᠪᠠᠲᠤᠯᠠᠭ᠎ᠠ᠂ ᠣᠨᠴᠠ ᠶᠠᠳᠠᠭᠤ ᠬᠦᠴᠢᠷᠳᠡᠯᠳᠡᠢ ᠬᠦᠮᠦᠰ ᠢ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ | ᠵᠡᠷᠭᠡ ᠨᠠᠶᠢᠭᠡᠮ ᠤᠨ ᠪᠠᠲᠤᠯᠠᠭ᠎ᠠ ᠶᠢ ᠨᠡᠶᠢᠳᠡᠮ ᠪᠦᠷᠬᠦᠭᠦᠯᠦᠨ᠂ ᠰᠢᠨ᠎ᠡ ᠬᠡᠯᠪᠡᠷᠢ ᠶᠢᠨ ᠨᠠᠰᠤᠳᠠᠶᠢᠴᠤᠳ ᠤᠨ | ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠢ ᠤᠯᠠᠮ ᠲᠡᠬᠦᠯᠳᠡᠷᠵᠢᠬᠦᠯᠵᠦ᠂ ᠵᠡᠮᠳᠡᠭᠴᠦᠳ ᠢ ᠨᠠᠶᠢᠳᠠᠨ ᠠᠰᠠᠷᠠᠬᠤ | ᠲᠦᠪ ᠠᠰᠢᠭᠯᠠᠯᠲᠠ ᠳᠤ ᠤᠷᠤᠪᠠ᠃ ᠬᠤᠲᠠ ᠪᠠᠯᠭᠠᠰᠤᠨ ᠤ 17 ᠰᠠᠭᠤᠭᠠᠯᠢ ᠲᠤᠭᠤᠷᠢᠭ ᠤᠨ ᠳᠥᠬᠦᠮ ᠪᠦᠳᠦᠴᠡᠳᠦ | ᠣᠷᠤᠨ ᠰᠠᠭᠤᠴᠠ ᠶᠢ ᠦᠭᠡᠷᠡᠴᠢᠯᠡᠨ ᠰᠢᠨᠡᠳᠭᠡᠬᠦ ᠰᠠᠭᠤᠷᠢ ᠲᠦᠬᠦᠭᠡᠷᠦᠮᠵᠢ ᠶᠢᠨ ᠢᠵᠢ ᠪᠦᠷᠢᠳᠦᠭᠰᠡᠨ ᠲᠥᠷᠦᠯ | ᠵᠦᠢᠯ ᠢ ᠬᠡᠷᠡᠭᠵᠢᠬᠦᠯᠵᠦ᠂ 3300 ᠡᠷᠦᠬᠡ ᠳᠤ ᠠᠰᠢᠭ ᠬᠦᠷᠳᠡᠭᠡᠪᠡ᠃ 1040 ᠡᠷᠦᠬᠡ ᠶᠢᠨ ᠳᠦᠭᠦᠮ | ᠪᠦᠳᠦᠴᠡᠳᠦ ᠤᠷᠤᠨ ᠰᠠᠭᠤᠴᠠ ᠶᠢ ᠥᠭᠡᠷᠡᠴᠢᠯᠡᠨ ᠰᠢᠨᠡᠳᠭᠡᠪᠡ᠃ ᠭᠡᠷ ᠬᠦᠷᠦᠩᠭᠡ ᠶᠢᠨ ᠦᠯᠡᠳᠡᠭᠳᠡᠯ ᠲᠥᠷᠦᠯ | ᠵᠦᠢᠯ ᠢ ᠡᠷᠦᠬᠡ ᠰᠠᠯᠭᠠᠨ ᠳᠠᠩᠰᠠᠯᠠᠭᠤᠯᠬᠤ ᠠᠵᠢᠯ ᠤᠨ ᠡᠬᠦᠷᠭᠡ ᠶᠢ ᠠᠮᠵᠢᠯᠲᠠᠲᠠᠢ ᠪᠡᠶᠡᠯᠡᠬᠦᠯᠪᠡ᠃ ︽ᠨᠣᠮ | ᠤᠩᠰᠢᠬᠤ ᠡᠳᠦᠷ᠂ ᠪᠡᠶ᠎ᠡ ᠴᠢᠬᠢᠷᠠᠭᠵᠢᠭᠤᠯᠬᠤ ᠡᠳᠦᠷ᠂ ᠠᠷᠢᠭᠤᠨ ᠴᠡᠪᠡᠷᠯᠡᠭᠡ ᠶᠢᠨ ᠡᠳᠦᠷ︾ ᠵᠡᠷᠭᠡ ᠠᠵᠢᠯᠯᠠᠭ᠎ᠠ ᠶᠢ | ᠢᠳᠡᠪᠬᠢᠲᠠᠢ ᠥᠷᠨᠢᠬᠦᠯᠵᠦ᠂ ᠤᠯᠠᠭᠠᠨᠮᠦ᠋ᠴᠢᠷ ᠤᠨ ᠪᠤᠯᠪᠠᠰᠤᠷᠠᠯ ᠤᠨ ᠲᠢᠩᠬᠢᠮ ᠢ ᠪᠠᠶᠢᠭᠤᠯᠪᠠ᠃ ᠬᠤᠰᠢᠭᠤ | ᠤᠯᠠᠭᠠᠨᠮᠦ᠋ᠴᠢᠷ᠂ ᠰᠤᠶᠤᠯ ᠤᠨ ᠣᠷᠳᠤᠨ ᠨᠢ ᠪᠦᠬᠦ ᠤᠷᠤᠨ ᠤ ︽ᠠᠷᠪᠠᠨ ᠰᠢᠯᠢᠳᠡᠭ︾ ᠢᠶᠠᠷ ᠦᠨᠡᠯᠡᠭᠳᠡᠪᠡ᠃ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠰᠤᠷᠢᠯᠲᠠ ᠪᠤᠯᠪᠠᠰᠤᠷᠠᠭᠤᠯᠤᠯ ᠤᠨ ᠰᠠᠭᠤᠷᠢᠨ ᠭᠠᠵᠠᠷ ᠢ | ᠪᠠᠶᠢᠭᠤᠯᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ | ᠴᠢᠨᠳᠠᠭ᠎ᠠ ᠵᠢᠦᠳᠣᠣ ᠶᠢᠨ ᠡᠷᠡᠭᠲᠡᠶ ᠶᠢᠨ 73 ᠺᠢᠯᠣᠭ᠍ᠷᠠᠮ ᠤᠨ ᠲᠡᠰ ᠲᠤ ᠮᠠᠩᠯᠠᠶᠢᠯᠠᠪᠠ᠃ 846 ᠦᠷᠡᠭᠳᠡᠭᠰᠡᠨ | ᠪᠠᠭᠠᠲᠤᠷᠴᠤᠳ ᠤᠨ ᠬᠡᠷ ᠪᠦᠯᠢ᠂ ᠴᠡᠷᠢᠭ ᠤᠨ ᠬᠡᠷ ᠪᠦᠯᠢ᠂ ᠠᠯᠪᠠᠨ ᠴᠡᠷᠢᠭ ᠪᠠ ᠴᠡᠷᠢᠭ ᠠᠴᠠ ᠬᠠᠯᠠᠭᠳᠠᠭᠰᠠᠳ ᠤᠨ | ᠬᠡᠷ ᠪᠦᠯᠢ ᠳᠤ ᠢᠷᠠᠭᠤ ᠠᠯᠳᠠᠷ ᠤᠨ ᠫᠠᠶᠢᠰᠠ ᠣᠯᠭᠤᠪᠠ᠃ ᠲᠦᠷᠪᠠᠨ ᠬᠤᠭᠤᠴᠠᠭ᠎ᠠ ᠳᠠᠷᠠᠭᠠᠯᠠᠨ ︽ᠪᠦᠬᠦ ᠣᠷᠤᠨ ᠤ | ᠬᠤᠶᠠᠷ ᠢ ᠬᠦᠷᠢᠶᠡᠯᠡᠬᠦ ᠵᠢᠱᠢᠶ᠎ᠡ ᠦᠵᠡᠬᠦᠯᠬᠦ ᠬᠤᠰᠢᠭᠤ︾ ᠪᠠᠷ ᠨᠡᠷᠡᠶᠢᠳᠦᠭᠳᠡᠪᠡ᠃ ᠳᠦᠷᠪᠡᠲᠦᠭᠡᠷ ᠤᠳᠠᠭᠠᠨ ᠤ ᠠᠵᠤ | ᠠᠬᠤᠢ ᠶᠢᠨ ᠨᠠᠶᠢᠲᠠᠮ ᠤᠨ ᠪᠠᠶᠢᠴᠠᠭᠠᠯᠲᠠ ᠪᠠ ᠲᠤᠯᠤᠲᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢ ᠪᠡᠶᠡᠯᠡᠬᠦᠯᠪᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠲᠠ᠂ ᠬᠤᠶᠠᠷ ᠢ | ᠬᠦᠷᠢᠶᠡᠯᠡᠨ ᠬᠠᠮᠲᠤᠪᠡᠷ ᠪᠠᠶᠢᠭᠤᠯᠬᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠲᠤᠭ᠎ᠠ ᠪᠦᠷᠢᠳᠭᠡᠯ᠂ ᠭᠠᠵᠠᠷ | ᠬᠦᠳᠡᠯᠦᠯᠲᠡ᠂ ᠴᠠᠭ ᠠᠭᠤᠷ᠂ ᠨᠡᠶᠢᠭᠡᠮ ᠤᠨ ᠰᠢᠨᠵᠢᠯᠡᠬᠦ ᠤᠬᠠᠭᠠᠨ᠂ ᠳᠠᠩᠰᠠ ᠡᠪᠬᠡᠮᠡᠯ ᠲᠡᠤᠬᠡ ᠤᠶᠢᠯᠠᠯᠭ᠎ᠠ᠂ | ᠭᠠᠳᠠᠭᠠᠲᠤ ᠶᠠᠪᠤᠳᠠᠯ ᠬᠠᠷᠢᠶᠠᠲᠤ ᠶᠢᠨ ᠶᠠᠪᠤᠳᠠᠯ ᠵᠡᠷᠭᠡ ᠠᠵᠢᠯ ᠢ ᠤᠯᠠᠮ ᠴᠢᠩᠭᠠᠳᠬᠠᠵᠤ᠂ ᠠᠵᠢᠯᠴᠢᠨ ᠤ ᠡᠪᠯᠡᠯ᠂ | ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ᠂ ᠰᠢᠨᠵᠢᠯᠡᠭᠡ ᠮᠡᠷᠭᠡᠵᠢᠯ᠂ ᠵᠡᠮᠳᠡᠭᠴᠦᠳ ᠪᠠ ᠤᠯᠠᠭᠠᠨ | ᠵᠠᠭᠠᠯᠮᠠᠶᠢᠲᠠᠨ ᠤ ᠦᠢᠯᠡᠰ ᠰᠢᠨ᠎ᠡ ᠠᠬᠢᠴᠠ ᠲᠠᠢ ᠪᠣᠯᠪᠠ᠃ | ︵ᠵᠢᠷᠭᠤᠭ᠎ᠠ︶ ᠢᠳᠡᠪᠬᠢᠳᠡᠢ ᠬᠤᠯᠪᠤᠭᠠᠯᠠᠨ᠂ ᠰᠡᠷᠭᠡᠶᠢᠯᠡᠨ ᠵᠠᠰᠠᠬᠤ ᠶᠢ ᠤᠶᠠᠯᠳᠤᠭᠤᠯᠵᠤ᠂ ᠨᠡᠶᠢᠭᠡᠮ ᠤᠨ | ᠡᠶ᠎ᠡ ᠵᠤᠬᠢᠴᠠᠯ ᠠᠮᠤᠷ ᠲᠤᠭᠲᠠᠭᠤᠨ ᠢ ᠪᠦᠳᠦᠮᠵᠢᠳᠡᠲᠡᠢ ᠬᠠᠮᠠᠭᠠᠯᠠᠪᠠ᠃ᠬᠠᠤᠯᠢ ᠪᠠᠷ ᠵᠠᠰᠠᠬᠤ ᠵᠠᠰᠠᠭ ᠤᠨ ᠣᠷᠳᠤᠨ ᠤ | ᠪᠠᠶᠢᠭᠤᠯᠤᠯᠲᠠ ᠶᠢ ᠲᠦᠷᠭᠡᠳᠭᠡᠨ᠂ ᠬᠠᠤᠯᠢ ᠴᠠᠭᠠᠵᠠ ᠶᠢᠨ ᠵᠥᠪᠯᠡᠭᠴᠢ ᠶᠢᠨ ᠲᠥᠷᠢᠮ ᠢ ᠲᠡᠬᠦᠯᠳᠡᠷᠵᠢᠬᠦᠯᠦᠨ᠂ ︽ | ᠳᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠡᠬᠦᠷᠭᠡ ᠶᠢ ᠪᠡᠶᠡᠯᠡᠭᠦᠯᠦᠨ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠲᠥᠷᠦᠯ ᠤᠨ ᠲᠥᠷᠢᠮ︾ ᠤᠨ ᠦᠭᠡᠷᠡᠴᠢᠯᠡᠯᠲᠡ ᠶᠢ ᠴᠢᠨᠠᠷᠯᠢᠭ | ᠲᠦᠯᠬᠢᠨ ᠠᠬᠢᠭᠤᠯᠵᠤ᠂ ᠦᠨᠳᠦᠰᠦᠨ ᠱᠠᠳᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠢᠰᠲ᠋ᠧᠮ ᠪᠠ ᠵᠥᠷᠢᠴᠡᠯ ᠮᠥᠷᠬᠦᠯᠳᠦᠭᠡᠨ ᠢ ᠡᠶᠡᠳᠡᠬᠦᠯᠬᠦ ᠤᠯᠠᠨ ᠡᠰᠢᠴᠢᠯᠡᠭᠰᠡᠨ ᠲᠤᠭᠲᠠᠴᠠ ᠶᠢ ᠤᠯᠠᠮ | ᠲᠡᠭᠦᠯᠳᠡᠷᠵᠢᠪᠡ᠃ ︽ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ᠲᠣᠭᠲᠠᠭᠤᠨ ᠪᠠᠶᠢᠳᠠᠯ ᠢ ᠠᠬᠢᠭᠤᠯᠬᠤ︾ | ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠥᠪ᠂ ᠣᠷᠣᠨ ᠠᠴᠠ ᠲᠤᠰᠢᠶᠠᠨ ᠰᠢᠢᠳᠪᠦᠷᠢᠯᠡᠬᠦᠯᠦᠭᠰᠡᠨ | ᠪᠠ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠪᠦᠬᠦᠨ ᠢ ᠰᠢᠢᠳᠪᠦᠷᠢᠯᠡᠪᠡ᠃ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠳᠡᠯᠪᠡᠷᠡᠬᠦ ᠠᠶᠤᠯᠲᠠᠢ ᠡᠳ᠋ ᠪᠣᠳᠠᠰ ᠤᠨ ᠬᠠᠮᠢᠶᠠᠷᠤᠯᠲᠠ ᠶᠢ | ᠴᠢᠩᠭᠠᠳᠬᠠᠨ᠂ ᠵᠠᠮ ᠬᠠᠷᠢᠯᠴᠠᠭᠠᠨ ᠤ ᠡᠮᠬᠢ ᠳᠢᠭᠯᠢᠮ ᠢ ᠶᠡᠬᠡᠪᠡᠷ ᠴᠡᠭᠴᠡᠯᠡᠨ ᠵᠠᠰᠠᠵᠤ᠂ ᠨᠡᠶᠢᠭᠡᠮ ᠤᠨ ᠡᠶ᠎ᠡ | ᠵᠣᠬᠢᠴᠠᠯ ᠲᠠᠢ᠂ ᠲᠣᠭᠲᠠᠭᠤᠨ ᠪᠠᠶᠢᠬᠤ ᠶᠢ ᠪᠠᠳᠤᠯᠠᠪᠠ᠃ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠥᠪ ᠤᠨ | ᠠᠵᠢᠯ ᠲᠥᠷᠦᠯ ᠳᠤ ᠬᠡᠷᠡᠭᠯᠡᠬᠦ ᠭᠡᠷ ᠪᠠᠶᠢᠰᠢᠩ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠤᠨ᠂ ︽ | ᠠᠮᠤᠭᠤᠯᠠᠩ ᠬᠤᠲᠠ︾ ᠶᠢᠨ ᠲᠥᠷᠦᠯ ᠵᠦᠢᠯ ᠨᠢ ᠬᠢᠨᠠᠨ ᠰᠢᠯᠭᠠᠯᠲᠠ ᠶᠢ ᠥᠩᠭᠡᠷᠡᠭᠡᠵᠦ᠂ ︽ᠣᠶᠤᠨᠲᠤ | ᠳᠣᠲᠣᠭᠠᠳᠤ ᠶᠢ ᠬᠠᠮᠠᠭᠠᠯᠠᠬᠤ︾ ᠪᠠᠶᠢᠭᠤᠯᠤᠯᠲᠠ ᠶᠢᠨ ᠠᠵᠢᠯ ᠢ ᠲᠦᠷᠭᠡᠳᠭᠡᠨ ᠠᠬᠢᠭᠤᠯᠪᠠ᠃ ᠨᠡᠶᠢᠭᠡᠮ ᠤᠨ ᠶᠠᠷᠢᠶ᠎ᠠ | ᠬᠡᠯᠡᠯᠴᠡᠭᠡᠨ ᠤ ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠲᠤᠤᠷᠴᠢᠯᠠᠭᠰᠠᠨ ᠬᠠᠮᠢᠶᠠᠷᠤᠯᠲᠠ ᠡᠵᠡᠮᠳᠡᠯ ᠢ | ᠴᠢᠩᠭᠠᠳᠬᠠᠪᠠ᠃ ᠠᠶᠤᠯᠬᠦᠢ ᠦᠢᠯᠡᠳᠪᠦᠷᠢᠯᠡᠯ ᠤᠨ ᠲᠤᠰᠬᠠᠶ ᠲᠥᠷᠦᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ︽ᠰᠠᠯᠠᠭ᠎ᠠ ᠮᠥᠴᠢᠷ ᠪᠠ ᠪᠠᠶᠢᠭᠤᠯᠭ᠎ᠠ ᠨᠢᠭᠡᠴᠡ ᠶᠢᠨ ᠠᠶᠤᠯᠬᠦᠢ | ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠣᠭᠲᠠᠭᠠᠯ︾ ᠳᠤ ᠵᠠᠰᠠᠪᠤᠷᠢ ᠣᠷᠣᠭᠤᠯᠤᠨ | ᠳᠠᠷᠤᠮᠠᠯᠯᠠᠨ ᠲᠠᠷᠬᠠᠭᠠᠵᠤ᠂ ᠠᠶᠤᠯᠬᠦᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ ᠢ ᠰᠠᠶᠢᠲᠤᠷ ᠠᠳᠬᠤᠨ᠂ | ᠠᠰᠠᠭᠤᠳᠠᠯ ᠤᠨ ᠳᠠᠯᠳᠠ ᠬᠡᠮ ᠳᠤ ᠡᠬᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠵᠤ᠂ ᠠᠶᠤᠯᠬᠦᠢ | ᠦᠢᠯᠡᠳᠪᠦᠷᠢᠯᠡᠯ ᠤᠨ ᠲᠤᠭᠲᠠᠭᠤᠨ ᠪᠠᠶᠢᠳᠠᠯ ᠢ ᠪᠠᠳᠤᠠᠯᠪᠠ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠦᠯᠲᠡ ᠪᠠ ᠲᠤᠰᠬᠠᠶ ᠲᠥᠷᠦᠯ ᠢᠶᠠᠷ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠶᠠᠰᠤ | ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯᠯᠠᠭ᠎ᠠ ᠶᠢ ᠠᠬᠢᠭᠤᠯᠤᠨ᠂ ᠰᠢᠯᠢᠳᠡᠭ ᠬᠡᠷᠡᠭᠯᠡᠭᠡᠨ ᠤ ᠣᠷᠴᠢᠨ | ᠲᠣᠭᠤᠷᠢᠨ ᠢ ᠪᠣᠶ ᠪᠤᠯᠭᠠᠪᠠ᠃ ᠢᠳᠡᠭᠡᠨ ᠤ ᠵᠦᠢᠯᠡᠰ᠂ ᠡᠮ ᠤᠨ ᠵᠦᠢᠯᠡᠰ ᠤᠨ ᠠᠮᠤᠷ ᠲᠦᠪᠰᠢᠨ ᠤ | ᠪᠠᠶᠢᠴᠠᠭᠠᠯᠲᠠ ᠶᠢ ᠭᠦᠨᠵᠡᠭᠡᠶ ᠥᠷᠨᠢᠭᠦᠯᠵᠦ᠂ ᠰᠤᠭᠤᠴᠢᠨ ᠪᠠᠶᠢᠴᠠᠭᠠᠬᠤ ᠳᠠᠪᠲᠠᠮᠵᠢ ᠶᠢ ᠨᠡᠮᠡᠭᠳᠡᠬᠦᠯᠦᠨ᠂ ᠣᠯᠠᠨ | ᠲᠦᠮᠡᠨ ᠤ ᠢᠳᠡᠭᠡᠨ ᠤ ᠵᠦᠢᠯᠡᠰ᠂ ᠡᠮ ᠤᠨ ᠵᠦᠢᠯᠡᠰ ᠤᠨ ᠠᠮᠤᠷ ᠲᠦᠪᠰᠢᠨ ᠢ ᠦᠨᠡᠨᠬᠦ ᠪᠠᠲᠤᠯᠠᠪᠠ᠃ | ᠲᠤᠮᠳᠠᠳᠤ ᠶᠢᠨ ᠦᠨᠳᠦᠰᠦᠳᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠪᠠᠷ ᠤᠳᠤᠷᠢᠳᠤᠮᠵᠢ | ᠪᠤᠯᠭᠠᠨ᠂ ᠦᠨᠳᠦᠰᠦᠳᠡᠨ ᠤ ᠪᠦᠯᠬᠦᠮᠳᠠᠯ ᠲᠠᠪᠰᠢᠯᠲᠡ ᠶᠢᠨ ︽ᠨᠠᠢᠮᠠ ᠶᠢ ᠠᠬᠢᠭᠤᠯᠬᠤ︾ ᠠᠵᠢᠯᠯᠠᠭ᠎ᠠ ᠶᠢ ᠬᠦᠨᠵᠡᠭᠡᠢ | ᠥᠷᠨᠢᠬᠦᠯᠦᠨ᠂ ︽ᠭᠤᠷᠪᠠᠨ ᠰᠠᠯᠵᠤ ᠪᠤᠯᠤᠰᠢ ᠦᠭᠡᠢ︾ ︽ᠲᠠᠪᠤᠨ ᠵᠥᠪᠰᠢᠶᠡᠷᠡᠬᠦ︾ ᠦᠵᠡᠯ ᠰᠠᠨᠠᠭᠠᠨ ᠤ | ᠰᠠᠭᠤᠷᠢ ᠶᠢ ᠦᠷᠬᠦᠯᠵᠢᠯᠡᠨ ᠪᠠᠬᠢᠵᠢᠬᠦᠯᠵᠦ᠂ ︽ᠪᠦᠬᠦ ᠣᠷᠤᠨ ᠤ ᠦᠨᠳᠦᠰᠦᠳᠡᠨ ᠤ ᠪᠦᠯᠬᠦᠮᠳᠠᠯ ᠲᠠᠪᠰᠢᠯᠲᠡ ᠶᠢᠨ | ᠵᠢᠱᠢᠶ᠎ᠡ ᠦᠵᠡᠬᠦᠯᠬᠦ ᠬᠤᠰᠢᠭᠤ︾ ᠪᠠᠷ ᠨᠡᠷᠡᠶᠢᠳᠦᠭᠳᠡᠪᠡ᠃ ᠨᠠᠮ ᠤᠨ ᠱᠠᠰᠢᠨ ᠰᠤᠷᠳᠠᠬᠤᠨ ᠤ ᠲᠥᠷᠦ ᠶᠢᠨ | ᠪᠤᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠪᠠ᠃ | ︵ᠲᠤᠯᠤᠭ᠎ᠠ︶ ᠤᠷᠲᠤ ᠤᠳᠠᠭᠠᠨ ᠢᠶᠠᠷ ᠪᠠᠷᠢᠮᠲᠠᠯᠠᠨ᠂ ᠪᠦᠳᠦᠮᠵᠢᠳᠡᠢ ᠰᠡᠷᠭᠡᠶᠢᠯᠡᠵᠦ᠂ ᠵᠠᠰᠠᠭ ᠤᠨ | ᠤᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ᠃ ᠤᠯᠤᠰ ᠲᠥᠷᠦ ᠶᠢᠨ | ᠪᠠᠶᠢᠭᠤᠯᠤᠯᠲᠠ ᠪᠠᠷ ᠵᠢᠯᠤᠭᠤᠳᠤᠮᠵᠢ ᠪᠤᠯᠭᠠᠬᠤ ᠶᠢ ᠪᠠᠷᠢᠮᠲᠠᠯᠠᠵᠤ᠂ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠪᠦᠬᠦ | ᠲᠠᠯ᠎ᠠ ᠪᠠᠷ ᠨᠠᠶᠢᠳᠠᠪᠦᠷᠢᠵᠢᠭᠤᠯᠪᠠ᠃ ︽ᠬᠤᠶᠠᠷ ᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ︾ | ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠭᠰᠠᠨ ᠳᠥᠷᠢᠮᠵᠢᠯ ᠢ ᠰᠠᠶᠢᠲᠤᠷ ᠠᠬᠢᠭᠤᠯᠵᠤ᠂ ︽ᠤᠭ ᠰᠠᠨᠠᠭ᠎ᠠ ᠪᠠᠨ | ᠦᠯᠦ ᠮᠡᠷᠲᠡᠨ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ︾ ᠲᠤᠰᠬᠠᠢ ᠰᠡᠳᠦᠪᠲᠦ ᠰᠤᠷᠤᠯᠴᠠᠯᠭ᠎ᠠ | ᠬᠦᠮᠦᠵᠢᠯ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠭᠦᠨᠵᠡᠭᠡᠢ ᠥᠷᠨᠢᠬᠦᠯᠵᠦ᠂ ᠬᠡᠯᠪᠡᠷᠢᠴᠢ ᠦᠵᠡᠯ᠂ | ᠨᠤᠶᠠᠨᠴᠢ ᠦᠵᠡᠯ ᠢ ᠦᠷᠭᠦᠯᠵᠢᠯᠡᠨ ᠵᠠᠰᠠᠨ ᠴᠡᠭᠴᠡᠯᠡᠬᠦ ᠶᠢ᠂ ᠪᠦᠬᠦ ᠲᠠᠯ᠎ᠠ ᠪᠠᠷ ᠨᠠᠶᠢᠳᠠᠪᠦᠷᠢᠵᠢᠭᠤᠯᠪᠡ᠃ ᠨᠠᠮ ᠤᠨ | ᠤᠯᠤᠰ ᠲᠥᠷᠦ ᠶᠢᠨ ᠰᠠᠬᠢᠯᠭ᠎ᠠ ᠪᠠᠲᠤ ᠪᠠ ᠳᠥᠷᠢᠮ ᠲᠤᠭᠲᠠᠭᠠᠯ ᠢ ᠴᠢᠩᠭ᠎ᠠ ᠵᠢᠷᠤᠮᠯᠠᠵᠤ᠂ ᠨᠠᠮ ᠤᠨ ᠰᠤᠷᠳᠠᠯ᠂ | ᠴᠢᠭᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ | ᠂ ᠲᠦᠪ ᠬᠤᠷᠢᠶᠠᠨ ᠤ ︽ᠨᠠᠢᠮᠠᠨ ᠵᠣᠷᠪᠤᠰ ᠲᠤᠭᠲᠠᠭᠠᠯ︾ ᠤᠨ ᠵᠣᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ | ᠵᠠᠰᠠᠭ ᠤᠨ ᠣᠷᠳᠤᠨ ᠤ ᠰᠢᠰᠲ᠋ᠧᠮ ᠤᠨ ᠴᠢᠭᠡᠴᠢ ᠵᠠᠰᠠᠭ ᠤᠨ ᠪᠠᠶᠢᠭᠤᠯᠤᠯᠲᠠ ᠶᠢ ᠯᠠᠪᠳᠠᠭᠤᠨ ᠠᠬᠢᠭᠤᠯᠪᠠ᠃ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠢ ᠨᠢᠭᠡᠳᠦᠯᠳᠡᠢ ᠲᠦᠯᠬᠢᠨ ᠠᠬᠢᠭᠤᠯᠪᠠ᠃ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠤᠳᠣᠯᠭ᠎ᠠ ᠶᠢᠨ ᠶᠠᠪᠤᠴᠠ᠂ ᠲᠥᠷᠢᠮ ᠲᠣᠭᠲᠠᠭᠠᠯ ᠳᠤ ᠵᠠᠰᠠᠪᠦᠷᠢ ᠤᠷᠤᠭᠤᠯᠤᠨ᠂ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠬᠦᠯᠬᠦ ᠬᠠᠷᠢᠭᠤᠴᠠᠯᠭ᠎ᠠ ᠶᠢᠨ ᠲᠥᠷᠢᠮ ᠢ ᠪᠠᠶᠢᠭᠤᠯᠵᠤ᠂ | ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠪᠠ ᠬᠢᠨᠠᠯᠲᠠ ᠲᠠᠯᠪᠢᠬᠤ ᠶᠢ ᠴᠢᠩᠭᠠᠳᠬᠠᠪᠠ᠃ ᠬᠤᠰᠢᠭᠤ ᠠᠷᠠᠳ ᠤᠨ | ᠲᠥᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ | ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠦᠭᠡᠯᠡᠭᠴᠢᠳ ᠤᠨ ᠰᠠᠨᠠᠯ ᠲᠤᠷᠠᠳᠤᠯᠭ᠎ᠠ᠂ ᠤᠯᠤᠰ ᠲᠥᠷᠦ ᠶᠢᠨ ᠵᠥᠪᠯᠡᠯᠭᠡᠨ ᠤ ᠭᠡᠰᠢᠬᠦᠳ ᠤᠨ ᠰᠠᠨᠠᠯ | ᠵᠥᠪᠯᠡᠯᠭᠡ ᠶᠢ ᠲᠤᠭᠲᠠᠭᠰᠠᠨ ᠬᠤᠭᠤᠴᠠᠭᠠᠨ ᠳᠤ ᠪᠦᠬᠦᠨ ᠢ ᠰᠢᠢᠳᠪᠦᠷᠢᠯᠡᠪᠡ᠃ | ᠲᠥᠯᠥᠭᠡᠯᠡᠭᠴᠢᠳ ᠡ︕ ᠥᠩᠭᠡᠷᠡᠭᠰᠡᠨ ᠲᠥᠷᠪᠡᠨ ᠵᠢᠯ ᠳᠤ᠂ ᠪᠢᠳᠡ ᠬᠡᠯᠪᠡᠷᠢ ᠪᠠᠨ ᠬᠤᠪᠢᠷᠠᠭᠤᠯᠤᠨ | ᠳᠡᠰ ᠳᠡᠪᠰᠢᠭᠦᠯᠬᠦ᠂ ᠠᠵᠤ ᠠᠬᠤᠢ ᠮᠠᠭᠤᠳᠠᠬᠤ ᠳᠠᠷᠤᠯᠲᠠ᠂ ᠬᠤᠯᠤᠭᠠᠨ᠎ᠠ ᠬᠢᠵᠢᠭ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠴᠢᠩᠭ᠎ᠠ ᠬᠠᠲᠠᠭᠤ ᠪᠡᠷᠭᠡᠰᠢᠶᠡᠯ ᠪᠠ | ᠲᠦᠭᠰᠢᠬᠦᠷᠢᠲᠦ ᠥᠷᠢᠰᠥᠯᠳᠦᠭᠡᠨ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠢᠯᠠᠨ ᠲᠠᠪᠠᠭ᠋ᠤ | ᠬᠠᠲᠠᠭᠤ ᠪᠡᠷᠬᠡ ᠡᠭᠦᠷᠭᠡ ᠶᠢᠨ ᠡᠮᠦᠨ᠎ᠡ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠢᠨᠠᠮᠠᠭᠠᠢ ᠲᠤᠤᠱᠯᠠᠭᠤᠯᠤᠨ᠂ ᠬᠥᠭᠵᠢᠯᠲᠡ ᠶᠢᠨ | ᠠᠷᠭ᠎ᠠ ᠬᠡᠯᠪᠡᠷᠢ ᠪᠠᠨ ᠬᠦᠴᠦᠯᠡᠨ ᠬᠤᠪᠢᠷᠠᠭᠤᠯᠵᠤ᠂ ᠠᠮᠢ ᠠᠬᠤᠢ ᠪᠠᠷ ᠤᠷᠢᠳᠠᠯ ᠪᠣᠯᠭᠠᠨ᠂ ᠪᠣᠬᠢᠷᠲᠤᠯ ᠦᠭᠡᠢ | ᠬᠦᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠢ | ᠬᠠᠶᠢᠨ ᠰᠦᠪᠡᠭᠴᠢᠯᠡᠵᠦ᠂ ᠠᠵᠤ ᠠᠬᠤᠢ ᠨᠡᠶᠢᠭᠡᠮ ᠤᠨ ᠲᠣᠭᠲᠠᠭᠤᠨ ᠬᠥᠭᠵᠢᠯᠲᠡ ᠶᠢ ᠠᠬᠢᠭᠤᠯᠪᠠ᠃ ᠡᠳᠡᠭᠡᠷ | ᠠᠮᠵᠢᠯᠲᠠ ᠶᠢ ᠣᠯᠤᠭᠰᠠᠨ ᠶᠠᠪᠤᠳᠠᠯ ᠪᠣᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ | ᠬᠤᠷᠢᠶᠠᠨ ᠤ ᠵᠥᠪ ᠤᠨᠤᠪᠴᠢᠲᠠᠢ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠦ ᠶᠢᠨ ᠵᠥᠪᠯᠡᠯᠭᠡᠨ ᠤ ᠪᠠᠲᠤ ᠴᠢᠩᠭ᠎ᠠ ᠬᠢᠨᠠᠯᠲᠠ ᠵᠢᠴᠢ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ | ᠣᠯᠠᠨ ᠲᠦᠮᠡᠨ ᠤ ᠬᠠᠮᠳᠤᠪᠠᠷ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠣᠯᠬᠤ ᠶᠤᠮ᠃ ᠠᠳᠡ ᠪᠢ ᠬᠤᠰᠢᠭᠤ | ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠬᠥᠪᠡᠭᠡᠲᠦ ᠰᠢᠷ᠎ᠠ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠠᠷᠭ᠎ᠠ ᠪᠣᠳᠣᠯᠭ᠎ᠠ ᠰᠦᠪᠡᠭᠴᠢᠯᠡᠨ᠂ ᠬᠦᠴᠦᠨ ᠴᠢᠳᠠᠯ ᠢᠶᠠᠨ ᠡᠷᠬᠦᠭᠰᠡᠨ ᠡᠯ᠎ᠡ ᠲᠥᠯᠥᠭᠡᠯᠡᠭᠴᠢᠳ᠂ | ᠭᠡᠰᠢᠭᠦᠳ ᠵᠢᠴᠢ ᠪᠦᠬᠦ ᠬᠤᠰᠢᠭᠤᠨ ᠤ ᠡᠯ᠎ᠡ ᠠᠵᠢᠯ ᠤᠨ ᠹᠷᠣᠨᠲ ᠲᠤ ᠭᠠᠪᠰᠢᠭᠠᠶᠢᠯᠠᠨ ᠲᠡᠮᠡᠴᠡᠵᠦ ᠪᠠᠶᠢᠭ᠎ᠠ ᠦᠷᠭᠡᠨ | ᠣᠯᠠᠨ ᠺᠠᠳᠠᠷ ᠠᠵᠢᠯᠳᠠᠨ ᠠᠵᠢᠯᠴᠢᠳ ᠪᠠ ᠡᠯ᠎ᠡ ᠦᠨᠳᠦᠰᠦᠳᠡᠨ ᠤ ᠠᠷᠠᠳ ᠲᠥᠮᠡᠨ᠂ ᠬᠦᠪᠡᠭᠡᠲᠦ ᠰᠢᠷ᠎ᠠ | ᠬᠤᠰᠢᠭᠤᠨ ᠤ ᠬᠦᠭᠵᠢᠯᠲᠡ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠤ ᠢᠷᠡᠭᠰᠡᠨ ᠨᠡᠶᠢᠭᠡᠮ ᠤᠨ ᠡᠯ᠎ᠡ ᠡᠳᠡᠭᠡᠳ ᠤᠨ | ᠬᠢᠨ ᠳᠤ ᠴᠢᠩ ᠰᠡᠳᠬᠢᠯ ᠤᠨ ᠲᠠᠯᠠᠷᠬᠠᠯ ᠪᠠ ᠬᠠᠮᠤᠭ ᠤᠨ ᠲᠡᠭᠡᠳᠦ ᠬᠦᠨᠳᠦᠳᠭᠡᠯ ᠢᠶᠠᠨ ᠲᠡᠪᠰᠢᠬᠦᠯᠦᠶ᠎ᠡ︕ | ᠪᠢᠳᠡ ᠠᠮᠵᠢᠯᠲᠠ ᠪᠠᠨ ᠣᠯᠵᠤ ᠬᠠᠷᠠᠬᠤ ᠶᠢᠨ ᠳᠠᠭᠠᠤ᠂ ᠤᠳᠤᠬᠠᠨ ᠤ ᠬᠢᠵᠢᠭ ᠤᠨ ᠪᠠᠶᠢᠳᠠᠯ ᠪᠤᠯᠤᠨ | ᠭᠠᠳᠠᠭᠠᠲᠤ ᠣᠷᠴᠢᠨ ᠳᠤ ᠤᠷᠤᠰᠢᠵᠤ ᠪᠠᠶᠢᠭ᠎ᠠ ᠮᠠᠰᠢ ᠠᠷᠪᠢᠨ ᠲᠤᠳᠤᠷᠬᠠᠢ ᠪᠤᠰᠤ ᠡᠯᠧᠮᠧᠨ᠋ᠲ ᠢ ᠰᠡᠷᠭᠡᠭ ᠢᠶᠠᠷ | ᠲᠠᠨᠢᠬᠤ ᠬᠡᠷᠡᠭᠳᠡᠢ᠃ ᠠᠵᠤ ᠠᠬᠤᠢ ᠶᠢᠨ ᠨᠡᠮᠡᠭᠳᠡᠯ ᠪᠠᠭ᠎ᠠ᠂ ᠪᠦᠳᠦᠴᠡ ᠰᠢᠯᠢᠳᠡᠭᠵᠢᠭᠡ ᠦᠭᠡᠢ᠂ ᠬᠦᠭᠵᠢᠯᠲᠡ ᠶᠢᠨ | ᠠᠷᠭ᠎ᠠ ᠬᠡᠯᠪᠡᠷᠢ ᠲᠠᠩ ᠴᠣᠯᠭᠤᠢ᠂ ᠠᠶᠤᠯ ᠲᠥᠭᠰᠢᠬᠦᠷᠢ ᠶᠢ ᠰᠡᠷᠭᠡᠶᠢᠯᠡᠬᠦ ᠴᠢᠳᠠᠪᠦᠷᠢ ᠲᠤᠳᠠᠮᠠᠭ ᠵᠡᠷᠭᠡ ᠪᠠᠶᠢᠳᠠᠯ ᠨᠢ | ᠪᠢᠳᠡᠨ ᠤ ᠭᠤᠣᠯ ᠪᠣᠯᠬᠤ ᠪᠠᠭᠤᠷᠠᠢ ᠲᠠᠯ᠎ᠠ ᠪᠠᠶᠢᠵᠤ᠂ ᠰᠢᠨ᠎ᠡ ᠠᠵᠤ ᠠᠬᠤᠢ ᠶᠢᠨ ᠨᠡᠮᠡᠭᠳᠡᠯ ᠨᠢ ᠬᠠᠷᠠᠬᠠᠨ | ᠰᠢᠰᠲ᠋ᠧᠮᠵᠢᠭᠡ ᠦᠭᠡᠢ ᠪᠠᠶᠢᠵᠤ᠂ ᠬᠦᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠡᠬᠦᠷᠭᠡ ᠬᠦᠨᠳᠦ ᠪᠠᠶᠢᠨ᠎ᠠ | ᠃ ᠡᠳ᠋ ᠤᠨ ᠵᠠᠰᠠᠭ ᠤᠨ ᠣᠷᠤᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ᠂ ᠠᠮᠢ ᠠᠬᠤᠢ ᠶᠢᠨ ᠣᠷᠴᠢᠨ ᠲᠤᠭᠤᠷᠢᠨ | ᠬᠡᠪᠡᠷᠡᠭ ᠪᠠᠶᠢᠳᠠᠯ ᠢ ᠮᠦᠨ ᠦᠨᠳᠦᠰᠦᠨ ᠠᠴᠠ ᠨᠢ ᠬᠤᠪᠢᠷᠠᠭᠤᠯᠵᠤ ᠲᠡᠶᠢᠯᠦᠭᠡ ᠦᠭᠡᠢ᠂ ᠠᠶᠤᠯᠬᠦᠢ ᠦᠢᠯᠡᠳᠪᠦᠷᠢᠯᠡᠯ | ᠪᠤᠯᠤᠨ ᠣᠯᠠᠨ ᠨᠡᠶᠢᠲᠡ ᠶᠢᠨ ᠡᠷᠡᠬᠦᠯ ᠬᠠᠮᠠᠭᠠᠯᠠᠯ ᠤᠨ ᠲᠠᠷᠤᠭᠠᠰᠤ ᠲᠤᠩ ᠬᠦᠨᠳᠦ ᠪᠠᠶᠢᠨ᠎ᠠ᠃ ᠡᠷᠡᠬᠦᠯ ᠬᠠᠮᠠᠭᠠᠯᠠᠯ᠂ | ᠨᠠᠰᠤᠵᠢᠯ ᠤᠨ ᠠᠰᠠᠷᠠᠮᠵᠢ ᠶᠢᠨ ᠬᠦᠭᠵᠢᠯᠲᠡ ᠶᠢᠨ ᠬᠢᠷᠢ ᠲᠥᠪᠰᠢᠨ ᠨᠢ ᠬᠦᠭᠵᠢᠭᠰᠡᠨ ᠭᠠᠵᠠᠷ ᠣᠷᠤᠨ ᠲᠠᠢ | ᠠᠳᠠᠯᠢᠳᠬᠠᠪᠠᠯ᠂ ᠮᠡᠳᠡᠭᠳᠡᠮ᠎ᠡ ᠵᠥᠷᠢᠶ᠎ᠡ ᠲᠠᠢ ᠪᠠᠶᠢᠵᠤ᠂ ᠴᠢᠳᠠᠪᠦᠷᠢᠲᠠᠨ ᠳᠤᠳᠠᠭᠳᠠᠵᠤ ᠪᠠᠶᠢᠭ᠎ᠠ ᠠᠰᠠᠭᠤᠳᠠᠯ | ᠲᠤᠪᠤᠶᠢᠮ᠎ᠠ ᠪᠠᠶᠢᠨ᠎ᠠ᠃ ᠵᠠᠰᠠᠭ ᠤᠨ ᠠᠵᠢᠯ ᠳᠤ ᠪᠠᠰᠠ ᠮᠠᠰᠢ ᠣᠯᠠᠨ ᠬᠦᠷᠦᠯᠴᠡᠬᠦ ᠦᠭᠡᠢ ᠲᠠᠯ᠎ᠠ ᠤᠷᠤᠰᠢᠵᠤ᠂ | ᠵᠠᠰᠠᠭ ᠵᠠᠬᠢᠷᠭᠠᠨ ᠤ ᠦᠷ᠎ᠡ ᠪᠦᠳᠦᠮᠵᠢ ᠶᠢ ᠦᠷᠬᠦᠯᠵᠢᠯᠡᠨ ᠲᠡᠭᠡᠭᠰᠢᠯᠡᠬᠦᠯᠬᠦ ᠴᠢᠬᠤᠯᠠᠲᠠᠢ᠃ ᠵᠠᠷᠢᠮ ᠺᠠᠳ᠋ᠷ | ᠠᠵᠢᠯᠲᠠᠳ ᠤᠨ ᠦᠵᠡᠯᠲᠡ ᠲᠠᠨᠢᠯᠲᠠ ᠪᠠ ᠠᠵᠢᠯ ᠤᠨ ᠬᠢᠷᠢ ᠲᠥᠪᠰᠢᠨ ᠢ ᠲᠡᠭᠡᠭᠰᠢᠯᠡᠬᠦᠯᠬᠦ ᠴᠢᠬᠤᠯᠠᠲᠠᠢ ᠪᠠᠶᠢᠵᠤ᠂ | ᠬᠠᠷᠢᠭᠤᠴᠠᠯᠭ᠎ᠠ ᠡᠬᠦᠷᠭᠡᠯᠡᠬᠦ ᠠᠴᠠ ᠵᠠᠶᠢᠯᠠᠬᠤ᠂ ᠠᠵᠢᠯ ᠡᠬᠦᠷᠭᠡ ᠪᠠᠨ ᠬᠦᠢᠴᠡᠳᠭᠡᠬᠦ ᠦᠭᠡᠢ᠂ ᠬᠤᠶᠢᠰᠢᠷᠠᠭᠤᠯᠤᠨ | ᠬᠦᠢᠴᠡᠳᠭᠡᠬᠦ ᠠᠰᠠᠭᠤᠳᠠᠯ ᠮᠦᠨ ᠯᠠ ᠤᠷᠤᠰᠢᠵᠤ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠵᠠᠪᠠᠯ ᠴᠢᠬᠤᠯᠠᠴᠢᠯᠠᠨ | ᠦᠵᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠴᠢᠷᠮᠠᠶᠢᠨ ᠰᠢᠢᠳᠪᠦᠷᠢᠯᠡᠬᠦ ᠬᠡᠷᠡᠭᠳᠡᠢ᠃ | ᠬᠤᠶᠠᠷ᠂ ᠢᠷᠡᠬᠦ ᠲᠠᠪᠤᠨ ᠵᠢᠯ ᠤᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠭᠤᠤᠯ ᠬᠠᠷᠠᠯᠳᠠ ᠪᠠ | ᠠᠵᠢᠯ ᠤᠨ ᠭᠤᠣᠯᠳᠠᠯᠭ᠎ᠠ | ᠬᠤᠶᠢᠰᠢᠳᠠ ᠶᠢᠨ ᠲᠠᠪᠤᠨ ᠵᠢᠯ ᠳᠤ᠂ ᠮᠠᠨ ᠤ ᠬᠤᠰᠢᠭᠤ ᠨᠢ ᠬᠥᠭᠵᠢᠯᠲᠡ ᠶᠢᠨ ᠰᠢᠵᠢᠷ ᠠᠯᠲᠠᠨ ᠴᠠᠭ | ᠬᠤᠭᠤᠴᠠᠭ᠎ᠠ᠂ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠬᠡᠯᠪᠡᠷᠢ ᠪᠠᠨ ᠬᠤᠪᠢᠷᠠᠭᠤᠯᠬᠤ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠥᠪᠡᠭᠡᠲᠦ ᠰᠢᠷ᠎ᠠ ᠬᠤᠰᠢᠭᠤᠨ ᠤ ᠠᠷᠪᠠᠨ ᠳᠥᠷᠪᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠠᠴᠠ | ᠲᠣᠭᠲᠠᠭᠠᠭᠰᠠᠨ ᠢᠷᠡᠬᠦ ᠲᠠᠪᠤᠨ ᠵᠢᠯ ᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠵᠢᠯᠣᠭᠤᠳᠬᠤ ᠦᠵᠡᠯ ᠰᠠᠨᠠᠭ᠎ᠠ ᠪᠣᠯ᠄ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠠᠭᠤᠤ ᠶᠡᠭᠡ | ᠲᠤᠭ ᠢ ᠥᠨᠳᠥᠷ ᠮᠠᠨᠳᠣᠭᠤᠯᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠡᠯ᠎ᠡ ᠪᠥᠬᠦᠳᠡ ᠬᠤᠷᠠᠯ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ | ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ | ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠲᠠᠯᠠᠵᠤ | ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ ᠴᠢᠭᠯᠡᠯᠲᠡ᠂ ᠦᠨᠳᠦᠰᠦᠨ ᠠᠷᠭ᠎ᠠ ᠪᠤᠳᠤᠯᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ | ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠪᠠ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠴᠢᠨᠠᠷᠯᠢᠭ | ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠤᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠤᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠪᠠᠷ ᠬᠥᠳᠡᠯᠭᠡᠬᠦ ᠬᠦᠴᠦᠨ ᠪᠤᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠤᠯᠭᠠᠨ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠠᠮᠢ ᠠᠬᠤᠶ ᠪᠠᠷ ᠤᠷᠢᠳᠠᠯ ᠪᠤᠯᠭᠠᠵᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢ ᠭᠤᠶᠢᠪᠢᠰᠢ ᠦᠭᠡᠢ | ᠪᠠᠷᠢᠮᠲᠠᠯᠠᠨ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢ ᠳᠤᠭᠲᠠᠭᠠᠯᠲᠠ ᠳᠤ ᠪᠠᠲᠤ ᠰᠠᠭᠤᠷᠢᠯᠠᠨ᠂ ᠣᠳᠣᠬᠢᠴᠢᠯᠠᠭᠰᠠᠨ ᠠᠵᠤ | ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠢᠨ᠎ᠡ ᠬᠥᠭᠵᠢᠯᠲᠡ ᠶᠢᠨ ᠪᠠᠶᠢᠳᠠᠯ ᠳᠤ ᠠᠭᠤᠰᠤᠯᠴᠠᠨ | ᠦᠢᠯᠡᠴᠢᠯᠡᠵᠦ᠂ ᠡᠯ᠎ᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠤᠨ᠂ ᠴᠡᠭᠴᠡᠯᠡᠯᠲᠡ ᠶᠢᠨ ᠰᠢᠰᠲ᠋ᠧᠮ | ᠪᠠ ᠴᠡᠭᠴᠡᠯᠡᠯᠲᠡ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠴᠢᠨᠠᠷᠯᠢᠭ᠂ ᠠᠰᠢᠭᠯᠠᠮᠵᠢ ᠥᠨᠳᠦᠷ᠂ | ᠲᠥᠪ ᠭᠤᠣᠯᠴᠢ᠂ ᠦᠷᠭᠦᠯᠵᠢᠯᠡᠬᠦᠶᠢᠴᠡ᠂ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠦᠨ᠂ ᠨᠡᠶᠢᠭᠡᠮ ᠵᠢᠷᠤᠮᠲᠤ | ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠤᠨ ᠰᠢᠨ᠎ᠡ ᠳᠡᠭᠲᠡᠷ ᠲᠤ ᠭᠠᠷᠬᠤ | ᠪᠤᠯᠤᠨ᠎ᠠ᠃ ᠭᠤᠣᠯ ᠲᠡᠮᠡᠴᠡᠬᠦ ᠬᠠᠷᠠᠯᠲᠠ ᠪᠣᠯ᠄ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ ᠢ ᠵᠢᠯ ᠳᠤᠮᠳᠠᠴᠢ ᠪᠠᠷ 4.5%ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ 10% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ | ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 3% ᠣᠷᠴᠢᠮ ᠨᠡᠮᠡᠭᠳᠡᠭᠦᠯᠦᠨ᠎ᠡ︔ | ᠪᠦᠬᠦ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ ᠵᠢᠯ ᠪᠦᠷᠢ | ᠳᠤᠮᠳᠠᠴᠢ ᠪᠠᠷ 3% ᠣᠷᠴᠢᠮ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠳᠤᠮᠳᠠᠴᠢ ᠪᠠᠷ 4.5% | ᠣᠷᠴᠢᠮ ᠨᠡᠮᠡᠭᠳᠡᠭᠦᠯᠦᠨ᠎ᠡ᠃ | ︵ᠨᠢᠭᠡ︶ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ | ᠪᠠᠲᠤᠳᠬᠠᠨ᠎ᠠ᠃ ᠠᠮᠢ ᠠᠬᠤᠶ ᠪᠠᠷ ᠤᠷᠢᠳᠠᠯ ᠪᠤᠯᠭᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠭᠤᠯᠤᠯᠲᠠ ᠶᠢ ᠪᠥᠬᠦ ᠲᠠᠯ᠎ᠠ ᠪᠠᠷ | ᠰᠢᠯᠢᠳᠡᠭᠵᠢᠭᠦᠯᠵᠦ᠂ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠤᠬᠢᠴᠠᠯᠳᠤᠨ᠂ ᠪᠠᠶᠢᠭᠠᠯᠢ ᠶᠢ ᠬᠠᠮᠠᠭᠠᠯᠠᠬᠤ | ᠣᠶᠢᠯᠠᠭᠠᠭᠳᠠᠬᠤᠨ ᠢ ᠪᠠᠲᠤᠳᠬᠠᠵᠤ᠂ ᠪᠤᠬᠢᠷᠳᠤᠯ ᠦᠭᠡᠢ ᠡᠨᠧᠷᠭᠢ ᠠᠷᠪᠢᠯᠠᠬᠤ ᠦᠢᠯᠡᠳᠪᠦᠷᠢᠯᠡᠯ ᠠᠮᠢᠳᠤᠷᠠᠯ ᠤᠨ | ᠬᠡᠯᠪᠡᠷᠢ ᠶᠢ ᠠᠰᠢᠭᠯᠠᠬᠤ ᠶᠢ ᠤᠷᠢᠶᠠᠯᠠᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠥᠬᠦ ᠲᠠᠯ᠎ᠠ ᠪᠠᠷ ᠪᠣᠬᠢᠷᠲᠤᠯ | ᠥᠬᠡᠶ ᠬᠡᠯᠪᠡᠷᠢ ᠪᠤᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠠᠮᠢ | ᠠᠬᠤᠶ ᠶᠢᠨ ᠬᠠᠮᠠᠭᠠᠯᠠᠯᠲᠠ ᠶᠢᠨ ᠨᠦᠬᠦᠪᠦᠷᠢᠯᠡᠵᠦ ᠱᠠᠩᠨᠠᠬᠤ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠰᠡᠷᠭᠦᠭᠡᠯᠲᠡ ᠪᠠ ᠵᠠᠰᠠᠨ ᠴᠡᠭᠴᠡᠯᠡᠯᠲᠡ ᠶᠢᠨ ᠢᠨᠵᠧᠨᠧᠷᠢᠩ ᠢ ᠪᠥᠲᠥᠮᠵᠢ | ᠲᠠᠢ ᠬᠡᠷᠡᠭᠵᠢᠭᠦᠯᠦᠨ᠂ ᠲᠠᠯ᠎ᠠ ᠨᠤᠲᠤᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠦᠷᠭᠦᠯᠵᠢᠯᠡᠨ | ᠰᠠᠶᠢᠵᠢᠷᠠᠬᠤ ᠶᠢ ᠠᠬᠢᠭᠤᠯᠤᠨ᠎ᠠ᠃ ᠵᠠᠰᠠᠭ ᠤᠨ ᠣᠷᠳᠣᠨ ᠤᠳᠤᠷᠢᠳᠤᠨ᠂ ᠠᠵᠤ ᠠᠬᠤᠶᠢᠯᠠᠯ ᠢᠶᠠᠷ ᠭᠤᠤᠯ ᠴᠣᠭᠴᠠ | ᠪᠤᠯᠭᠠᠭᠰᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠣᠯᠠᠨ ᠨᠡᠶᠢᠲᠡ ᠪᠠᠷ ᠢᠶᠠᠨ ᠣᠷᠣᠯᠴᠠᠭᠰᠠᠨ ᠣᠷᠴᠢᠨ | ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠤᠨ᠎ᠠ᠃ ᠲᠥᠷᠥᠯ ᠬᠤᠪᠢᠶᠠᠨ ᠵᠢᠯᠤᠭᠤᠳᠴᠤ᠂ ᠪᠥᠬᠦᠯᠢ | ᠴᠤᠭᠴᠠ ᠶᠢᠨ ᠪᠣᠳᠣᠯᠭ᠎ᠠ ᠳᠤᠭᠲᠠᠭᠠᠬᠤ ᠶᠢ ᠪᠠᠷᠢᠮᠲᠠᠯᠠᠨ᠂ ᠠᠭᠠᠷ ᠮᠠᠨᠳᠠᠯ᠂ ᠤᠰᠤ ᠪᠣᠯᠤᠨ ᠬᠥᠷᠥᠰᠥ ᠰᠢᠷᠣᠶ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠭᠤᠤᠯ ᠪᠣᠯᠬᠤ ᠪᠣᠬᠢᠷ ᠪᠣᠳᠠᠰ ᠢ | ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠦᠷᠭᠦᠯᠵᠢᠯᠡᠨ ᠪᠠᠭᠠᠰᠬᠠᠬᠤ ᠶᠢ ᠪᠠᠲᠤᠯᠠᠨ᠎ᠠ᠃ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠲᠦᠷᠢᠮ ᠲᠤᠭᠲᠠᠭᠠᠯ ᠪᠠ ᠪᠠᠶᠢᠭᠠᠯᠢ ᠶᠢᠨ ᠡᠬᠢ ᠪᠠᠶᠠᠯᠢᠭ ᠤᠨ | ᠡᠳ᠋ ᠬᠥᠷᠥᠩᠭᠡ ᠶᠢᠨ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠷᠢᠭᠤᠴᠠᠯᠭ᠎ᠠ ᠵᠡᠷᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠬᠠᠮᠲᠤᠷᠠᠨ ᠠᠵᠢᠯᠯᠠᠬᠤ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠠᠮᠢ ᠠᠬᠤᠶ ᠶᠢᠨ ᠬᠢᠨᠠᠯᠲᠠ | ᠬᠠᠮᠢᠶᠠᠷᠤᠯᠲᠠ ᠶᠢᠨ ᠴᠢᠳᠠᠪᠬᠢ ᠶᠢ ᠳᠡᠭᠡᠭᠰᠢᠯᠡᠬᠦᠯᠦᠨ᠂ ︽ᠭᠤᠷᠪᠠᠨ ᠣᠷᠣᠨ ᠭᠤᠷᠪᠠᠨ ᠱᠤᠭᠤᠮ︾ ᠤᠨ ᠲᠦᠷᠢᠮ ᠢ | ᠴᠢᠩᠭ᠎ᠠ ᠬᠡᠷᠡᠭᠵᠢᠭᠦᠯᠦᠨ᠎ᠡ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠬᠡᠮᠵᠢᠶ᠎ᠡ ᠶᠢ ᠪᠦᠲᠦᠮᠵᠢᠲᠡᠢ ᠪᠠᠭᠠᠰᠬᠠᠨ᠎ᠠ᠃ | ︵ᠬᠤᠶᠠᠷ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠴᠢᠨᠠᠭᠰᠢᠲᠠ | ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ︽ | ᠲᠥᠷᠥ ᠭᠦᠷᠦᠨ ᠪᠣᠯ ᠠᠷᠠᠳ ᠲᠦᠮᠡᠨ᠂ ᠠᠷᠠᠳ ᠲᠦᠮᠡᠨ ᠪᠣᠯ ᠲᠥᠷᠥ ᠭᠦᠷᠦᠨ ᠮᠥᠨ︾ ᠭᠡᠬᠦ ᠣᠶᠢᠯᠠᠭᠠᠭᠳᠠᠬᠤᠨ ᠢ | ᠪᠠᠳᠤᠳᠬᠠᠨ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠲᠡᠷᠢᠭᠦᠨ | ᠴᠢᠬᠤᠯᠠ ᠬᠥᠭᠡᠭᠡᠴᠡᠯᠳᠦᠯ ᠪᠠ ᠲᠡᠮᠡᠴᠡᠬᠦ ᠬᠠᠷᠠᠯᠲᠠ ᠪᠣᠯᠭᠠᠵᠤ᠂ ᠬᠥᠭᠵᠢᠯᠲᠡ ᠶᠢᠨ ᠵᠣᠷᠢᠯᠲᠠ ᠪᠠ ᠵᠣᠭᠰᠣᠴᠠ ᠶᠢ | ᠤᠯᠠᠨ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠲᠠᠯ᠎ᠠ ᠳᠡᠭᠡᠷ᠎ᠡ | ᠲᠠᠯᠪᠢᠨ᠎ᠠ᠃ ᠠᠷᠠᠳ ᠤᠨ ᠠᠮᠢᠳᠤᠷᠠᠯ ᠤᠨ ᠵᠠᠷᠤᠴᠠᠭᠤᠯᠭ᠎ᠠ ᠶᠢᠨ ᠬᠠᠷᠢᠴᠠᠯ ᠢ ᠨᠡᠮᠡᠭᠳᠡᠭᠦᠯᠦᠨ᠂ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠤᠯᠭᠠᠵᠤ ᠰᠢᠯᠢᠳᠡᠭᠵᠢᠭᠦᠯᠬᠦ ᠶᠢ ᠠᠬᠢᠭᠤᠯᠤᠨ᠂ ᠶᠠᠳᠠᠭᠤ ᠠᠴᠠ | ᠠᠩᠭᠢᠵᠢᠷᠠᠭᠤᠯᠵᠤ ᠪᠤᠭᠤᠮᠳᠠ ᠰᠢᠪᠳᠤᠯᠬᠤ ᠦᠷ᠎ᠡ ᠪᠦᠲᠦᠭᠡᠯ ᠢ ᠪᠠᠬᠢᠵᠢᠬᠦᠯᠬᠦ ᠶᠢ ᠬᠥᠳᠡᠭᠡ ᠳᠤᠰᠬᠤᠨ ᠢ | ᠬᠦᠭᠵᠢᠬᠦᠯᠦᠨ ᠮᠠᠨᠳᠤᠭᠤᠯᠬᠤ ᠯᠤᠭ᠎ᠠ ᠪᠥᠲᠥᠮᠵᠢᠲᠠᠢ ᠵᠤᠯᠭᠠᠭᠤᠯᠵᠤ᠂ ᠣᠨᠴᠠᠯᠢᠭᠲᠤ ᠠᠵᠤ ᠦᠢᠯᠡᠰ ᠤᠨ | ᠬᠥᠭᠵᠢᠯᠲᠡ ᠶᠢ ᠲᠡᠳᠬᠦᠨ᠂ ᠠᠵᠢᠯ ᠣᠯᠭᠤᠯᠲᠠ ᠦᠢᠯᠡᠰ ᠪᠤᠰᠬᠠᠬᠤ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠵᠦ᠂ ᠣᠯᠠᠨ ᠲᠥᠷᠦᠯ ᠤᠨ ᠠᠷᠭ᠎ᠠ ᠬᠡᠮᠵᠢᠶ᠎ᠡ ᠶᠢ ᠬᠠᠮᠲᠤ ᠪᠠᠷ ᠬᠡᠷᠡᠭᠵᠢᠭᠦᠯᠦᠨ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠂ ᠠᠷᠠᠳ ᠲᠦᠮᠡᠨ ᠬᠠᠨᠤᠮᠵᠢᠲᠠᠢ ᠪᠠᠶᠢᠬᠤ ᠰᠤᠷᠭᠠᠨ | ᠬᠥᠮᠦᠵᠢᠯ ᠢ ᠡᠷᠬᠢᠯᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠵᠦ᠂ | ᠨᠡᠶᠢᠭᠡᠮ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠠᠷᠠᠳ ᠣᠯᠠᠨ ᠤ ᠣᠶᠤᠨ ᠤ ᠪᠠ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠵᠤ᠂ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠬᠦ ᠬᠥᠭᠵᠢᠯᠲᠡ ᠶᠢᠨ ᠳᠤᠮᠳᠠ ᠠᠴᠠ | ᠨᠠᠩ ᠢᠯᠡᠭᠦᠦ ᠠᠰᠢᠭ ᠲᠤᠰᠠ᠂ ᠠᠵᠠ ᠵᠢᠷᠭᠠᠯ ᠬᠦᠷᠳᠡᠭᠡᠨ᠎ᠡ᠃ | ︵ᠭᠤᠷᠪᠠ︶ ᠠᠵᠤ ᠦᠢᠯᠡᠰ ᠤᠨ ᠰᠢᠯᠢᠳᠡᠭᠵᠢᠯ ᠳᠡᠰ ᠳᠠᠪᠰᠢᠯᠲᠠ ᠶᠢ ᠨᠢᠭᠡᠳᠦᠯᠲᠠᠢ ᠲᠥᠯᠥᠪᠵᠢᠭᠦᠯᠦᠨ | ᠠᠬᠢᠭᠤᠯᠤᠨ᠎ᠠ᠃ ᠪᠠᠷᠢᠮᠲᠠᠯᠠᠯ ᠪᠠ ᠰᠢᠨ᠎ᠡ ᠡᠭᠦᠳᠦᠯᠲᠡ ᠶᠢ ᠨᠢᠭᠡᠳᠬᠡᠬᠦ ᠶᠢ ᠪᠠᠷᠢᠮᠲᠠᠯᠠᠵᠤ᠂ ︽ᠨᠢᠭᠡ ᠨᠣᠲᠤᠭ︾ ︽ | ᠳᠥᠷᠪᠡᠨ ᠰᠠᠭᠤᠷᠢᠨ ᠭᠠᠵᠠᠷ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠬᠠᠷᠠᠯᠲᠠ ᠪᠠᠨ ᠲᠥᠪᠯᠡᠷᠡᠭᠦᠯᠵᠦ᠂ | ︽ᠰᠢᠨᠵᠢᠯᠡᠭᠡ ᠮᠡᠷᠭᠡᠵᠢᠯ ᠢᠶᠠᠷ ᠥᠪᠥᠷ ᠮᠤᠩᠭᠤᠯ ᠢ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠤᠨ᠂ ᠠᠵᠤ ᠠᠬᠤᠶ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠵᠤ᠂ | ᠰᠢᠨ᠎ᠡ ᠬᠠᠭᠤᠴᠢᠨ ᠬᠥᠳᠡᠯᠭᠡᠬᠦ ᠡᠨᠧᠷᠭᠢ ᠤᠨ ᠰᠣᠯᠢᠭᠳᠠᠯ ᠢ ᠲᠦᠷᠭᠡᠳᠬᠡᠵᠦ᠂ ᠠᠵᠤ ᠠᠬᠤᠶ ᠶᠢᠨ ᠪᠦᠲᠦᠴᠡ ᠶᠢᠨ | ᠦᠷᠭᠦᠯᠵᠢᠯᠡᠨ ᠰᠢᠯᠢᠳᠡᠭᠵᠢᠬᠦ ᠶᠢ ᠠᠬᠢᠭᠤᠯᠤᠨ᠂ ᠠᠵᠤ ᠦᠢᠯᠡᠰ ᠤᠨ ᠤᠶᠤᠨᠴᠢᠯᠠᠭᠰᠠᠨ᠂ ᠪᠣᠬᠢᠷᠲᠤᠯ ᠥᠬᠡᠶ᠂ | ᠦᠢᠯᠡᠴᠢᠯᠡᠭᠡᠨ ᠤ ᠬᠡᠯᠪᠡᠷᠢᠲᠦ᠂ ᠳᠡᠭᠡᠳᠦ ᠲᠠᠰ ᠤᠨ ᠪᠤᠯᠬᠤ ᠬᠤᠪᠢᠷᠠᠯᠲᠠ ᠶᠢ ᠠᠬᠢᠭᠤᠯᠵᠤ᠂ ᠤᠯᠠᠮᠵᠢᠯᠠᠯᠲᠤ ᠠᠵᠤ | ᠦᠢᠯᠡᠰ ᠰᠢᠨ᠎ᠡ ᠬᠡᠯᠪᠡᠷᠢᠵᠢᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠬᠡᠪᠴᠢᠶᠡᠵᠢᠨ᠂ ᠲᠤᠯᠭᠠᠭᠤᠷᠢ ᠠᠵᠤ | ᠦᠢᠯᠡᠰ ᠣᠯᠠᠨ ᠡᠰᠢᠵᠢᠭᠰᠡᠨ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠠᠯᠬᠤᠮ ᠠᠯᠬᠤᠮ ᠢᠶᠠᠷ | ᠪᠠᠶᠢᠭᠤᠯᠤᠨ᠎ᠠ᠃ ︽ᠬᠤᠨᠢ ᠶᠢ ᠴᠦᠭᠡᠴᠢᠯᠡᠨ᠂ ᠦᠬᠡᠷ ᠢ ᠨᠡᠮᠡᠭᠳᠡᠭᠦᠯᠵᠦ᠂ ᠴᠢᠨᠠᠷ ᠢ ᠳᠡᠭᠡᠭᠰᠢᠯᠡᠭᠦᠯᠦᠨ᠂ | ᠣᠷᠣᠯᠭ᠎ᠠ ᠶᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ︽ᠴᠠᠬᠠᠷ ᠬᠤᠨᠢ᠂ | ᠴᠠᠬᠠᠷ ᠴᠠᠭᠠᠨ ᠢᠳᠡᠭᠡ︾ ᠶᠢᠨ ᠠᠵᠤ ᠦᠢᠯᠡᠰ ᠤᠨ ᠨᠡᠷ᠎ᠡ ᠲᠡᠮᠳᠡᠭ ᠢ ᠭᠤᠤᠯᠳᠠᠯᠭ᠎ᠠ ᠲᠠᠢ ᠳᠡᠳᠬᠦᠨ ᠬᠥᠭᠵᠢᠭᠦᠯᠵᠦ᠂ | ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠨᠡᠶᠢᠭᠡᠮᠴᠢᠯᠡᠭᠰᠡᠨ | ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠣᠯᠠᠨ ᠲᠥᠷᠥᠯ ᠤᠨ ᠵᠣᠬᠢᠬᠤ ᠬᠡᠪᠴᠢᠶᠡᠲᠦ ᠡᠵᠡᠩᠨᠡᠯᠲᠡ ᠶᠢ | ᠵᠣᠷᠢᠭᠵᠢᠭᠤᠯᠤᠨ ᠬᠥᠭᠵᠢᠭᠦᠯᠵᠦ᠂ ᠥᠨᠳᠥᠷ ᠦᠷ᠎ᠡ ᠠᠰᠢᠭ ᠲᠠᠢ ᠠᠮᠢ ᠠᠬᠤᠢ ᠶᠢᠨ ᠭᠠᠮᠰᠢᠭ ᠠᠴᠠ ᠰᠡᠷᠭᠡᠶᠢᠯᠡᠬᠦ | ᠬᠡᠯᠪᠡᠷᠢ ᠶᠢᠨ ᠣᠳᠣᠬᠢᠴᠢᠯᠠᠭᠰᠠᠨ ᠮᠠᠯ ᠠᠵᠤ ᠠᠬᠤᠢ ᠶᠢ ᠲᠦᠷᠭᠡᠳᠬᠡᠨ ᠬᠥᠭᠵᠢᠭᠦᠯᠦᠨ᠎ᠡ᠃ ᠰᠢᠨ᠎ᠡ ᠡᠨᠧᠷᠭᠢ ᠤᠨ | ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ 200 ᠲᠦᠮᠡᠨ ᠺᠢᠯᠤᠸᠠᠲ ᠨᠠᠷᠠ ᠰᠠᠯᠬᠢᠨ ᠤ ᠰᠢᠨ᠎ᠡ | ᠡᠨᠧᠷᠭᠢ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ︔ ᠴᠢᠯᠠᠭᠤᠨ ᠮᠠᠲ᠋ᠧᠷᠢᠶᠠᠯ᠂ ᠴᠢᠯᠠᠭᠤᠨ | ᠲᠣᠰᠣᠨ ᠤ ᠠᠵᠤ ᠠᠬᠤᠶᠢᠯᠠᠯ ᠤᠨ ᠨᠡᠶᠢᠯᠡᠭᠦᠯᠦᠨ ᠳᠠᠬᠢᠨ ᠪᠠᠶᠢᠭᠤᠯᠬᠤ ᠪᠠ ᠰᠢᠨ᠎ᠡ ᠮᠡᠷᠭᠡᠵᠢᠯ ᠢ ᠠᠰᠢᠭᠯᠠᠬᠤ ᠪᠠᠷ | ᠳᠠᠮᠵᠢᠭᠤᠯᠤᠨ ᠦᠢᠯᠡᠳᠪᠦᠷᠢᠯᠡᠬᠦ ᠴᠢᠳᠠᠪᠬᠢ ᠪᠠᠨ ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠪᠠᠨ ᠤᠷᠳᠤᠳᠬᠠᠬᠤ | ᠶᠢ ᠵᠤᠷᠢᠭᠵᠢᠭᠤᠯᠤᠨ᠎ᠠ︔ ᠨᠡᠭᠦᠷᠡᠰᠦᠨ ᠤ ᠠᠵᠤ ᠠᠬᠤᠶᠢᠯᠠᠯ ᠤᠨ ᠥᠨᠳᠥᠷ ᠨᠡᠮᠡᠯᠲᠡ ᠥᠷᠲᠡᠭᠳᠦ ᠪᠦᠳᠦᠭᠡᠭᠳᠡᠬᠦᠨ ᠢ | ᠰᠤᠳᠤᠯᠤᠨ ᠬᠦᠭᠵᠢᠬᠦᠯᠬᠦ ᠶᠢ ᠳᠡᠮᠵᠢᠨ᠎ᠡ︔ ᠯᠢᠲ ᠨᠢᠦ᠋ᠪᠢ ᠲᠠᠨᠲ᠋ᠠᠯ ᠢ ᠶᠡᠷᠦᠩᠬᠡᠶᠢᠯᠡᠨ ᠨᠡᠭᠡᠭᠡᠨ ᠠᠰᠢᠬᠯᠠᠬᠤ ᠵᠢᠴᠢ | ᠯᠢᠲ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠸᠤᠯᠹᠷᠤᠮ ᠪᠢᠰᠮᠦ᠋ᠲ ᠮᠥᠩᠭᠦ ᠶᠢᠨ ᠣᠯᠠᠨ ᠲᠡᠮᠦᠷᠯᠢᠭ ᠢ | ᠨᠡᠭᠡᠭᠡᠨ ᠠᠰᠢᠭᠯᠠᠬᠤ ᠵᠢᠴᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠠᠬᠢᠭᠤᠯᠵᠤ᠂ ᠰᠢᠨ᠎ᠡ ᠮᠠᠲ᠋ᠧᠷᠢᠶᠠᠯ | ᠦᠢᠯᠡᠳᠪᠦᠷᠢᠯᠡᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ︔ ᠪᠣᠬᠢᠷᠲᠤᠯ ᠥᠬᠡᠶ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠥᠪᠡᠷᠮᠢᠴᠡ ᠣᠨᠴᠠᠯᠢᠭ ᠲᠠᠢ ᠤᠯᠠᠭ᠎ᠠ ᠥᠷᠲᠡᠭᠡ ᠶᠢᠨ ᠰᠣᠶᠣᠯ᠂ ᠲᠠᠯ᠎ᠠ | ᠨᠤᠲᠤᠭ ᠤᠨ ᠰᠣᠶᠣᠯ ᠪᠠ ᠰᠢᠨ᠎ᠡ ᠴᠢᠯᠠᠭᠤᠨ ᠵᠡᠪᠰᠡᠭ ᠤᠨ ᠴᠠᠭ ᠦᠶ᠎ᠡ ᠶᠢᠨ ᠰᠠᠭᠤᠷᠢᠰᠢᠯ ᠤᠨ ᠰᠣᠶᠣᠯ ᠤᠨ ᠡᠬᠢ | ᠪᠠᠶᠠᠯᠢᠭ ᠢ ᠭᠦᠨᠵᠡᠭᠡᠶ ᠠᠭᠤᠳᠠᠯᠯᠠᠵᠤ᠂ ᠰᠣᠶᠣᠯ ᠢᠷᠭᠡᠨᠰᠢᠯ ᠬᠢᠭᠡᠳ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ | ᠠᠬᠢᠭᠤᠯᠤᠨ᠂ ᠰᠠᠭᠤᠷᠢ ᠲᠥᠬᠦᠭᠡᠷᠦᠮᠵᠢ ᠪᠠ ᠢᠵᠢ ᠪᠥᠷᠢᠳᠦᠭᠰᠡᠨ ᠦᠢᠯᠡᠴᠢᠯᠡᠭᠡᠨ ᠤ ᠴᠢᠳᠠᠮᠵᠢ ᠶᠢ | ᠲᠡᠬᠦᠯᠳᠡᠷᠵᠢᠬᠦᠯᠦᠨ᠂ ᠠᠮᠢ ᠠᠬᠤᠶ ᠶᠢ ᠪᠡᠶᠡᠴᠢᠯᠡᠨ ᠣᠶᠢᠯᠠᠭᠠᠬᠤ᠂ ᠰᠡᠯᠡᠭᠦᠴᠡᠨ ᠠᠮᠠᠷᠠᠬᠤ᠂ ᠰᠣᠶᠣᠯ ᠵᠤᠭ᠎ᠠ ᠴᠡᠩᠭᠡᠯ᠂ | ᠡᠷᠡᠭᠦᠯᠵᠢᠯ ᠪᠡᠶ᠎ᠡ ᠰᠤᠪᠢᠯᠠᠯᠲᠠ ᠵᠡᠷᠭᠡ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ ᠴᠢᠨᠠᠷ | ᠰᠠᠶᠢᠲᠠᠶ ᠵᠢᠭᠤᠯᠴᠢᠯᠠᠯ ᠤᠨ ᠪᠥᠲᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠦᠨ᠂ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠣᠯᠠᠨ ᠶᠠᠩᠵᠤᠲᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠵᠤ᠂ ︽ᠨᠢᠭᠡ ᠨᠡᠷ᠎ᠡ ᠲᠡᠮᠳᠡᠭ ᠳᠥᠷᠪᠡᠨ | ᠨᠠᠶᠢᠷ︾ ᠤᠨ ᠨᠥᠯᠥᠭᠡᠯᠡᠬᠦ ᠬᠦᠴᠦᠨ ᠢ ᠥᠷᠭᠡᠳᠬᠡᠨ᠎ᠡ᠃ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ | ᠢᠳᠡᠭᠡᠨ ᠤᠮᠳᠠᠭᠠᠨ ᠬᠤᠨᠤᠭ ᠪᠠᠭᠤᠳᠠᠯ᠂ ᠮᠠᠰᠢᠨ ᠲᠤᠨᠤᠭ ᠤᠨ ᠰᠡᠯᠪᠢᠨ ᠵᠠᠰᠠᠯᠲᠠ ᠵᠡᠷᠭᠡ ᠤᠯᠠᠮᠵᠢᠯᠠᠯᠲᠤ | ᠦᠢᠯᠡᠴᠢᠯᠡᠭᠡᠨ ᠤ ᠦᠢᠯᠡᠰ ᠤᠨ ᠰᠢᠯᠢᠳᠡᠭᠵᠢᠨ ᠳᠡᠰ ᠳᠡᠪᠰᠢᠬᠦ ᠶᠢ ᠠᠬᠢᠭᠤᠯᠤᠨ᠎ᠠ︔ ᠰᠣᠶᠣᠯ ᠤᠨ ᠪᠦᠲᠦᠭᠡᠯᠴᠢ | ᠰᠡᠳᠬᠢᠮᠵᠢ᠂ ᠮᠥᠩᠭᠦᠨ ᠭᠦᠢᠯᠭᠡᠭᠡ ᠳᠠᠭᠠᠳᠬᠠᠯ᠂ ᠬᠠᠤᠯᠢ ᠴᠠᠭᠠᠵᠠ ᠶᠢᠨ ᠦᠢᠯᠡᠴᠢᠯᠡᠭᠡ᠂ ᠵᠠᠭᠤᠴᠢ ᠶᠢᠨ ᠵᠥᠪᠯᠡᠯᠭᠡ | ᠵᠡᠷᠭᠡ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠢ ᠢᠳᠡᠪᠬᠢᠲᠡᠢ ᠬᠥᠭᠵᠢᠭᠦᠯᠦᠨ᠎ᠡ᠃ ᠬᠤᠳᠠᠯᠳᠤᠭᠠᠴᠢᠨ | ᠤᠷᠢᠵᠤ ᠪᠡᠯᠡ ᠳᠠᠳᠠᠬᠤ ᠠᠵᠢᠯ ᠢ ᠰᠠᠶᠢᠲᠤᠷ ᠠᠳᠬᠤᠵᠤ᠂ ᠪᠡᠭᠡᠵᠢᠩ ᠲᠢᠶᠠᠨᠵᠢᠨ ᠾᠧᠪᠧᠢ᠂ ᠪᠦᠸᠧᠬᠠᠢ ᠲᠠᠩᠭᠢᠰ | ᠳᠠᠭᠠᠤ ᠭᠠᠵᠠᠷ ᠣᠷᠣᠨ ᠯᠤᠭ᠎ᠠ ᠶᠢᠨ ᠠᠵᠤ ᠦᠢᠯᠡᠰ ᠤᠨ ᠵᠣᠯᠭᠠᠯᠴᠠᠭ᠎ᠠ ᠪᠠᠨ ᠴᠢᠩᠭᠠᠳᠬᠠᠨ᠂ ᠭᠠᠳᠠᠭᠰᠢ ᠭᠠᠷᠭᠠᠬᠤ | ᠪᠠ ᠣᠷᠣᠭᠤᠯᠤᠨ ᠠᠪᠴᠢᠷᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠬᠠᠮᠲᠤᠪᠠᠷ ᠵᠥᠪᠳᠡᠯᠴᠡᠬᠦ | ᠬᠠᠮᠲᠤᠪᠠᠷ ᠪᠠᠶᠢᠭᠤᠯᠬᠤ ᠬᠠᠮᠲᠤᠪᠠᠷ ᠡᠳ᠋ᠯᠡᠬᠦ ᠵᠠᠷᠴᠢᠮ ᠢ ᠵᠢᠷᠤᠮᠯᠠᠨ᠂ ᠠᠵᠤ ᠦᠢᠯᠡᠰ ᠤᠨ ᠬᠡᠯᠬᠢᠶᠡᠰᠦ ᠶᠢᠨ ᠨᠠᠷᠢᠯᠢᠭ | ᠣᠨᠣᠪᠴᠢᠲᠠᠢ ᠪᠠᠷ ᠬᠤᠳᠠᠯᠳᠤᠭᠠᠴᠢᠨ ᠤᠷᠢᠬᠤ ᠶᠢ ᠭᠦᠨᠵᠡᠭᠡᠢ ᠥᠷᠨᠢᠭᠦᠯᠵᠦ᠂ ᠲᠡᠷᠢᠭᠦᠨ ᠤ ᠭᠠᠵᠠᠷ ᠣᠷᠣᠨ ᠤ ᠠᠵᠤ | ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠬᠦᠯᠢᠶᠡᠨ ᠠᠪᠴᠤ᠂ ᠴᠡᠪᠡᠷ ᠡᠨᠧᠷᠭᠢ᠂ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠰᠣᠶᠣᠯ ᠵᠢᠭᠤᠯᠴᠢᠯᠠᠯ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ᠂ ᠲᠣᠨᠤᠭ ᠲᠥᠬᠦᠭᠡᠷᠦᠮᠵᠢ ᠦᠢᠯᠡᠳᠬᠦ᠂ ᠵᠠᠮ ᠲᠡᠭᠡᠭᠡᠪᠦᠷᠢ᠂ ᠠᠷᠠᠳ ᠤᠨ ᠠᠮᠢᠳᠤᠷᠠᠯ ᠵᠡᠷᠭᠡ | ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠪᠦᠲᠦᠴᠡ ᠶᠢ ᠲᠣᠬᠢᠷᠠᠭᠤᠯᠬᠤ᠂ ᠭᠠᠶᠢᠯᠢ ᠲᠠᠲᠠᠪᠤᠷᠢ ᠶᠢ ᠨᠡᠮᠡᠭᠳᠡᠭᠦᠯᠬᠦ᠂ | ᠠᠵᠢᠯ ᠣᠯᠭᠤᠯᠲᠠ ᠶᠢ ᠳᠠᠶᠢᠴᠢᠯᠠᠬᠤ ᠳᠤ ᠠᠰᠢᠭᠲᠠᠢ ᠨᠢᠭᠡ ᠪᠦᠯᠦᠭ ᠠᠵᠤ ᠦᠢᠯᠡᠰ ᠤᠨ ᠲᠥᠷᠥᠯ ᠵᠦᠢᠯ ᠢ | ᠰᠦᠪᠡᠭᠴᠢᠯᠡᠨ ᠳᠠᠲᠠᠨ ᠣᠷᠣᠭᠤᠯᠵᠤ᠂ ᠠᠵᠤ ᠦᠢᠯᠡᠰ ᠤᠨ ᠳᠡᠰ ᠳᠠᠪᠬᠤᠷᠭ᠎ᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ︵ᠳᠥᠷᠪᠡ︶ ᠠᠮᠤᠷ ᠠᠮᠤᠭᠤᠯᠠᠩ ᠡᠶ᠎ᠡ ᠵᠤᠬᠢᠴᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ | ᠠᠬᠢᠭᠤᠯᠤᠨ᠎ᠠ᠃ ᠳᠦᠭᠰᠢᠭᠦᠷᠢᠲᠦ ᠦᠵᠡᠯ ᠤᠬᠠᠮᠰᠠᠷ ᠢ ᠨᠡᠮᠡᠭᠳᠡᠭᠦᠯᠦᠨ᠂ ᠤᠯᠠᠭᠠᠨ ᠱᠤᠭᠤᠮ ᠤᠨ ᠰᠡᠳᠬᠢᠴᠡ ᠶᠢ | ᠴᠢᠩᠭᠠᠳᠬᠠᠵᠤ᠂ ᠬᠥᠭᠵᠢᠯᠲᠡ ᠪᠠ ᠠᠮᠤᠷ ᠳᠥᠪᠰᠢᠨ ᠢ ᠨᠢᠭᠡᠳᠦᠯᠲᠠᠢ ᠲᠥᠯᠥᠪᠵᠢᠭᠦᠯᠦᠨ᠂ ᠴᠢᠬᠤᠯᠠ ᠬᠦᠷᠢᠶ᠎ᠡ | ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭᠠᠨ ᠳᠤ ᠬᠠᠷᠠᠯᠲᠠ ᠪᠠᠨ ᠲᠥᠪᠯᠡᠷᠡᠭᠦᠯᠵᠦ᠂ ᠦᠨᠳᠦᠰᠦᠨ ᠱᠠᠲᠤᠨ ᠤ | ᠴᠡᠭᠴᠡᠯᠡᠨ ᠵᠠᠰᠠᠬᠤ ᠰᠢᠰᠲ᠋ᠧᠮ ᠪᠠ ᠴᠡᠭᠴᠡᠯᠡᠨ ᠵᠠᠰᠠᠬᠤ ᠴᠢᠳᠠᠪᠬᠢ ᠶᠢᠨ ᠤᠳᠤᠬᠢᠴᠢᠯᠠᠭᠰᠠᠨ ᠬᠢᠷᠢ ᠳᠥᠪᠰᠢᠨ ᠢ | ᠳᠠᠰᠤᠷᠠᠯᠲᠠ ᠦᠭᠡᠢ ᠳᠡᠭᠡᠭᠰᠢᠯᠡᠭᠦᠯᠦᠨ᠂ ︽ᠬᠠᠤᠯᠢ ᠪᠠᠷ ᠵᠠᠰᠠᠬᠤ ᠬᠥᠪᠡᠭᠡᠲᠦ ᠰᠢᠷ᠎ᠠ︾ ︽ᠠᠮᠤᠭᠤᠯᠠᠩ ᠬᠥᠪᠡᠭᠡᠲᠦ | ᠰᠢᠷ᠎ᠠ︾ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠡᠯ᠎ᠡ ᠠᠵᠢᠯ ᠲᠥᠷᠥᠯ ᠡᠯ᠎ᠡ ᠳᠠᠪᠬᠤᠷᠭ᠎ᠠ᠂ | ᠢᠳᠡᠪᠬᠢᠲᠠᠢ ᠬᠠᠮᠲᠤᠷᠠᠯᠴᠠᠭᠰᠠᠨ ᠥᠨᠳᠥᠷ ᠦᠷ᠎ᠡ ᠠᠰᠢᠭᠲᠤ ᠠᠮᠤᠷ ᠳᠥᠪᠰᠢᠨ ᠰᠡᠷᠭᠡᠶᠢᠯᠡᠯᠲᠡ ᠶᠢᠨ ᠰᠦᠯᠵᠢᠶ᠎ᠡ ᠶᠢ | ᠲᠦᠷᠭᠡᠳᠬᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠳᠥᠪᠰᠢᠨ ᠤ ᠬᠠᠯᠬᠠᠪᠴᠢ ᠶᠢ ᠪᠠᠶᠢᠭᠤᠯᠤᠨ᠎ᠠ᠃ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤᠳᠬᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠤᠶᠤᠨ ᠤ ᠭᠡᠷ ᠤᠷᠤᠨ ᠢ ᠪᠠᠶᠢᠭᠤᠯᠤᠨ᠂ ᠡᠯ᠎ᠡ ᠦᠨᠳᠦᠰᠦᠲᠡᠨ ᠤ ᠥᠷᠭᠡᠨ ᠢᠶᠠᠷ | ᠬᠠᠷᠢᠯᠴᠠᠨ᠂ ᠥᠷᠭᠡᠨ ᠢᠶᠠᠷ ᠰᠤᠯᠢᠯᠴᠠᠵᠤ ᠠᠭᠤᠰᠤᠯᠴᠠᠬᠤ ᠶᠢ ᠠᠬᠢᠭᠤᠯᠤᠨ᠎ᠠ᠃ ᠬᠢᠵᠢᠭ ᠢ ᠰᠡᠷᠭᠡᠶᠢᠯᠡᠬᠦ | ᠪᠠᠶᠢᠩᠭᠤᠵᠢᠭᠰᠠᠨ ᠳᠤᠭᠲᠠᠴᠠ ᠶᠢ ᠪᠠᠶᠢᠭᠤᠯᠤᠨ᠂ ᠬᠤᠯᠤᠭᠠᠨ᠎ᠠ ᠬᠢᠵᠢᠭ᠂ ᠰᠢᠨ᠎ᠡ ᠲᠢᠳᠢᠮᠯᠢᠭ ᠠᠭᠤᠰᠬᠢᠨ ᠥᠷᠪᠢᠰᠦᠯ | ᠵᠡᠷᠭᠡ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠬᠢᠨᠠᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠬᠢ ᠶᠢ | ᠳᠡᠭᠡᠭᠰᠢᠯᠡᠭᠦᠯᠵᠦ᠂ ᠢᠳᠡᠭᠡᠨ ᠤ ᠵᠦᠢᠯᠡᠰ ᠡᠮ ᠤᠨ ᠵᠦᠢᠯᠡᠰ ᠤᠨ ᠪᠥᠬᠦ ᠬᠡᠯᠬᠢᠶᠡᠨ ᠤ ᠴᠢᠨᠠᠷ ᠴᠢᠨᠰᠠᠭ᠎ᠠ ᠠᠮᠤᠷ | ᠳᠥᠪᠰᠢᠨ ᠤ ᠬᠢᠨᠠᠯᠲᠠ ᠶᠢ ᠴᠢᠩᠭᠠᠳᠬᠠᠵᠤ᠂ ᠤᠯᠠᠨ ᠲᠥᠮᠡᠨ ᠤ ᠠᠮᠢ ᠨᠠᠰᠤ ᠠᠮᠤᠷ ᠳᠥᠪᠰᠢᠨ ᠢ ᠪᠠᠲᠤᠯᠠᠬᠤ | ᠰᠡᠷᠭᠡᠶᠢᠯᠡᠯᠲᠡ ᠶᠢᠨ ᠱᠤᠭᠤᠮ ᠢ ᠪᠠᠲᠤᠳᠬᠠᠨ᠎ᠠ᠃ ᠪᠠᠴᠢᠮ ᠪᠠᠶᠢᠳᠠᠯ ᠢ ᠠᠷᠭᠠᠴᠠᠬᠤ ᠴᠢᠳᠠᠪᠦᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠬᠠᠤᠯᠢ ᠳᠦᠷᠢᠮ | ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠ ᠬᠠᠮᠢᠶᠠᠷᠤᠯᠲᠠ | ᠶᠢᠨ ᠳᠦᠷᠢᠮ᠂ ᠭᠡᠮ ᠰᠤᠭᠤᠭ ᠢ ᠰᠢᠯᠭᠠᠨ ᠪᠠᠶᠢᠴᠠᠭᠠᠵᠤ ᠵᠠᠰᠠᠨ ᠴᠡᠭᠴᠡᠯᠡᠬᠦ᠂ ᠰᠡᠷᠭᠡᠶᠢᠯᠡᠨ ᠡᠵᠡᠮᠳᠡᠬᠦ ᠰᠢᠰᠲ᠋ᠧᠮ ᠢ | ᠲᠡᠭᠦᠯᠳᠡᠷᠵᠢᠭᠦᠯᠦᠨ᠂ ᠬᠦᠨᠳᠦ ᠶᠡᠭᠡ ᠠᠮᠤᠷ ᠳᠥᠪᠰᠢᠨ ᠤ ᠬᠡᠷᠡᠭ ᠠᠳᠡᠯ ᠡᠭᠦᠰᠬᠦ ᠠᠴᠠ ᠪᠥᠲᠥᠮᠵᠢᠲᠠᠢ ᠬᠤᠷᠢᠭᠯᠠᠨ᠎ᠠ | ᠃ ᠤᠯᠠᠨ ᠨᠡᠶᠢᠲᠡ ᠶᠢᠨ ᠰᠠᠭᠤᠷᠢ ᠳᠥᠬᠦᠭᠡᠷᠦᠮᠵᠢ ᠶᠢᠨ ᠠᠮᠤᠷ ᠳᠥᠪᠰᠢᠨ ᠤ ᠢᠨᠵᠧᠨᠧᠷᠢᠩ ᠪᠠ ᠪᠠᠶᠢᠭᠠᠯᠢ ᠶᠢᠨ | ᠭᠠᠮᠰᠢᠭ ᠠᠴᠠ ᠰᠡᠷᠭᠡᠶᠢᠯᠡᠬᠦ ᠴᠢᠳᠠᠪᠬᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠭᠠᠮᠰᠢᠭ ᠠᠴᠠ | ᠰᠡᠷᠭᠡᠶᠢᠯᠡᠨ ᠭᠠᠮᠰᠢᠭ ᠢ ᠪᠠᠭᠠᠰᠬᠠᠵᠤ᠂ ᠭᠠᠮᠰᠢᠭ ᠲᠠᠢ ᠲᠡᠮᠡᠴᠡᠨ ᠭᠠᠮᠰᠢᠭ ᠠᠴᠠ ᠠᠪᠤᠷᠠᠬᠤ ᠴᠢᠳᠠᠪᠬᠢ ᠶᠢ | ᠳᠡᠭᠡᠭᠰᠢᠯᠡᠭᠦᠯᠦᠨ᠎ᠡ᠃ | ︵ᠲᠠᠪᠤ︶ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠳᠠᠰᠤᠷᠠᠯᠲᠠ ᠦᠭᠡᠢ ᠴᠢᠩᠭᠠᠳᠬᠠᠨ᠎ᠠ᠃ | ᠲᠥᠯᠥᠪᠵᠢᠭᠦᠯᠭᠡ ᠪᠠᠷ ᠬᠥᠲᠥᠯᠦᠨ ᠳᠠᠭᠠᠭᠤᠯᠬᠤ ᠶᠢ ᠳᠣᠪᠤᠶᠢᠯᠭᠠᠨ᠂ ᠣᠯᠠᠨ ᠲᠥᠯᠥᠪᠵᠢᠭᠦᠯᠭᠡ ᠶᠢ ᠨᠢᠭᠡᠳᠬᠡᠬᠦ ᠶᠢ | ᠪᠠᠷᠢᠮᠲᠠᠯᠠᠵᠤ᠂ ᠰᠢᠨᠡᠪᠤᠯᠠᠭ ᠪᠠᠯᠭᠠᠰᠤᠨ ᠤ ᠵᠢᠷᠤᠭ ᠲᠥᠯᠥᠪᠯᠡᠭᠡ ᠶᠢ ᠲᠡᠬᠦᠯᠳᠡᠷᠵᠢᠬᠦᠯᠦᠨ᠂ ᠰᠣᠶᠣᠯ ᠤᠨ | ᠠᠭᠤᠯᠤᠭᠳᠠᠬᠤᠨ ᠢ ᠠᠭᠤᠰᠬᠠᠨ ᠣᠷᠣᠭᠤᠯᠵᠤ᠂ ᠢᠯᠴᠢ ᠬᠠᠩᠭᠠᠬᠤ᠂ ᠤᠰᠤ ᠬᠠᠩᠭᠠᠬᠤ᠂ ᠴᠢᠮᠡᠭᠡ ᠬᠤᠯᠪᠣᠭ᠎ᠠ᠂ | ᠵᠠᠮ ᠬᠠᠷᠢᠯᠴᠠᠭ᠎ᠠ ᠵᠡᠷᠭᠡ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠨᠣᠭᠤᠭᠠᠷᠠᠭᠤᠯᠤᠯᠲᠠ᠂ ᠭᠡᠷᠡᠯᠲᠦᠭᠦᠯᠭᠡ᠂ | ᠭᠤᠸᠠᠵᠢᠭᠤᠯᠤᠯᠳᠠ᠂ ᠴᠡᠪᠡᠷᠵᠢᠭᠦᠯᠦᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ | ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠂ ᠣᠷᠣᠰᠢᠨ ᠰᠠᠭᠤᠷᠢᠰᠢᠬᠤ ᠪᠠ ᠦᠢᠯᠡᠰ ᠪᠦᠲᠦᠭᠡᠬᠦ ᠳᠤ | ᠲᠣᠬᠢᠷᠠᠮᠵᠢᠲᠠᠶ᠂ ᠢᠯᠡ ᠲᠣᠳᠣ ᠣᠨᠴᠠᠯᠢᠭ ᠲᠠᠢ ᠣᠳᠣᠬᠢᠴᠢᠯᠠᠭᠰᠠᠨ ᠬᠤᠲᠠ ᠪᠠᠯᠭᠠᠰᠤ ᠶᠢ ᠪᠥᠲᠥᠭᠡᠨ ᠪᠠᠶᠢᠭᠤᠯᠤᠨ᠎ᠠ᠃ | ︽ᠠᠵᠤ ᠦᠢᠯᠡᠰ ᠬᠥᠭᠵᠢᠭᠰᠡᠨ᠂ ᠠᠮᠢ ᠠᠬᠤᠢ ᠲᠠᠭᠠᠯᠠᠮᠵᠢᠲᠠᠢ᠂ ᠪᠣᠯᠪᠠᠰᠤᠨ᠂ ᠵᠠᠰᠠᠯᠲᠠ ᠪᠦᠲᠦᠮᠵᠢᠲᠡᠢ᠂ | ᠠᠮᠢᠳᠤᠷᠠᠯ ᠴᠢᠨᠡᠭᠡᠯᠢᠭᠵᠢᠭᠰᠡᠨ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠮᠠᠯᠵᠢᠬᠤ ᠣᠷᠣᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠮᠠᠯᠵᠢᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠂ | ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠪᠠ ᠣᠷᠴᠢᠨ ᠲᠣᠭᠤᠷᠢᠨ ᠤ ᠳᠦᠷᠢ ᠳᠥᠷᠬᠦ ᠶᠢ | ᠦᠷᠭᠦᠯᠵᠢᠯᠡᠨ ᠰᠠᠶᠢᠵᠢᠷᠠᠭᠤᠯᠵᠤ᠂ ᠮᠠᠯᠵᠢᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ | ᠠᠭᠤᠰᠤᠯᠴᠠᠨ ᠬᠥᠭᠵᠢᠬᠦ ᠶᠢ ᠠᠬᠢᠭᠤᠯᠤᠨ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠮᠠᠯᠵᠢᠬᠤ ᠣᠷᠣᠨ | ᠲᠡᠰᠢ ᠥᠷᠭᠡᠳᠬᠡᠬᠦ ᠶᠢ ᠪᠠᠲᠤᠯᠠᠵᠤ᠂ ᠨᠡᠶᠢᠭᠡᠮ ᠤᠨ ᠠᠵᠢᠯ ᠦᠢᠯᠡᠰ ᠤᠨ ᠪᠦᠬᠦ ᠲᠠᠯ᠎ᠠ ᠪᠠᠷ ᠲᠡᠩᠴᠡᠭᠦᠷᠢᠲᠡᠢ | ᠬᠥᠭᠵᠢᠬᠦ ᠶᠢ ᠠᠬᠢᠭᠤᠯᠵᠤ᠂ ᠮᠠᠯᠵᠢᠬᠤ ᠣᠷᠣᠨ ᠤ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠨ᠎ᠠ᠃ ᠵᠠᠮ | ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ᠂ ᠮᠡᠳᠡᠭᠡ ᠵᠠᠩᠭᠢ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠨᠡᠪᠤᠯᠠᠭ ᠠᠴᠠ ᠭᠦᠪ ᠬᠦᠷᠬᠦ ᠬᠡᠰᠡᠭ ᠤᠨ ᠵᠠᠰᠠᠮᠠᠯ ᠵᠠᠮ᠂ ᠵᠢᠷᠦᠬᠡ | ᠪᠠᠯᠭᠠᠰᠤ ᠠᠴᠠ ᠬᠥᠪᠡᠭᠡᠲᠦ ᠰᠢᠷ᠎ᠠ ᠬᠤᠰᠢᠭᠤ᠂ ᠬᠤᠸᠠᠳᠧ ᠰᠢᠶᠠᠨ ᠢᠶᠠᠷ ᠳᠠᠭᠠᠷᠢᠨ ᠸᠠᠨ ᠴᠢᠤᠸᠠᠨ ᠰᠢ ᠬᠦᠷᠬᠦ | ᠲᠡᠮᠦᠷ ᠵᠠᠮ ᠤᠨ ᠴᠡᠷᠢᠭ ᠠᠷᠠᠳ ᠠᠭᠤᠰᠤᠯᠴᠠᠭᠰᠠᠨ ᠬᠦᠭᠵᠢᠯᠲᠡ ᠶᠢᠨ ᠢᠨᠵᠧᠨᠧᠷᠢᠩ ᠤᠨ ᠲᠥᠷᠦᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠳᠡᠢ ᠠᠬᠢᠭᠤᠯᠵᠤ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ | ᠲᠥᠯᠦᠪᠵᠢᠬᠦᠯᠭᠡ ᠶᠢᠨ ᠬᠤᠭᠤᠴᠠᠭᠠᠨ ᠳᠤ ᠲᠥᠷᠦᠯ ᠵᠦᠢᠯ ᠢ ᠡᠬᠢᠯᠡᠬᠦᠯᠬᠦ ᠪᠠᠷ ᠴᠢᠷᠮᠠᠶᠢᠨ᠎ᠠ᠃ 110 ᠺᠢᠯᠤᠸᠤᠯᠲ᠂ | 35 ᠺᠢᠯᠤᠸᠤᠯᠲ ᠤᠨ ᠴᠠᠬᠢᠯᠭᠠᠨ ᠲᠠᠮᠵᠢᠭᠤᠯᠤᠨ ᠬᠤᠪᠢᠰᠬᠠᠬᠤ ᠢᠨᠵᠧᠨᠧᠷᠢᠩ ᠢ ᠰᠢᠨ᠎ᠡ ᠪᠠᠷ ᠦᠷᠭᠡᠳᠬᠡᠨ | ᠪᠠᠶᠢᠭᠤᠯᠵᠤ᠂ ᠲᠥᠭᠡᠭᠡᠯ ᠤᠰᠤᠨ ᠤ ᠬᠠᠩᠭᠠᠯᠭ᠎ᠠ᠂ ᠦᠶᠡᠷ ᠤᠰᠤᠳᠠᠯ ᠤᠨ ᠰᠡᠷᠭᠡᠶᠢᠯᠡᠯᠲᠡ᠂ ᠤᠰᠤᠨ ᠤ ᠠᠮᠢ | ᠠᠬᠤᠢ ᠶᠢᠨ ᠪᠠᠲᠤᠯᠠᠭᠠᠨ ᠤ ᠪᠠᠶᠢᠭᠤᠯᠤᠯᠲᠠ ᠵᠡᠷᠭᠡ ᠠᠵᠢᠯ ᠢ ᠠᠬᠢᠭᠤᠯᠤᠨ᠎ᠠ᠃ ᠲᠤᠤᠷ ᠰᠦᠯᠵᠢᠶᠡᠨ ᠤ | ᠦᠢᠯᠡᠴᠢᠯᠡᠭᠡᠨ ᠤ ᠰᠢᠰᠲ᠋ᠧᠮ ᠪᠠ 5G ᠲᠤᠬᠢᠶ᠎ᠠ ᠬᠤᠯᠪᠤᠭᠠᠨ ᠤ ᠪᠠᠶᠢᠭᠤᠯᠤᠯᠲᠠ ᠶᠢ ᠲᠦᠷᠭᠡᠳᠬᠡᠨ᠂ | ᠤᠳᠤᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠵᠤ᠂ ᠬᠥᠭᠵᠢᠭᠦᠯᠦᠯᠲᠡ ᠶᠢᠨ ᠪᠠᠲᠤᠯᠠᠭᠠᠨ ᠤ | ᠴᠢᠳᠠᠪᠬᠢ ᠶᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ᠃ | ︵ᠵᠢᠷᠭᠤᠭ᠎ᠠ︶ ᠬᠦᠭᠵᠢᠯᠲᠡ ᠶᠢᠨ ᠣᠷᠴᠢᠨ ᠲᠤᠭᠤᠷᠢᠨ ᠢ ᠦᠷᠬᠦᠯᠵᠢᠯᠡᠨ ᠰᠢᠯᠢᠳᠡᠭᠵᠢᠬᠦᠯᠦᠨ᠎ᠡ᠃ ︽ | ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠢ ᠴᠣᠮᠬᠠᠳᠬᠠᠵᠤ᠂ ᠵᠠᠰᠠᠭ ᠤᠨ ᠣᠷᠳᠣᠨ ᠤ ᠦᠢᠯᠡᠴᠢᠯᠡᠭᠡᠨ ᠤ ᠴᠢᠳᠠᠪᠬᠢ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠵᠥᠪᠰᠢᠶᠡᠷᠡᠨ ᠣᠷᠣᠭᠤᠯᠬᠤ᠂ ᠥᠪᠡᠷ ᠤᠨ ᠥᠷᠲᠡᠭ᠂ ᠪᠠᠯᠠ | ᠬᠤᠷᠠᠮᠳᠤᠭᠤᠯᠬᠤ᠂ ᠭᠠᠶᠢᠯᠢ ᠰᠦᠢᠳᠬᠡᠯ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠳᠤ ᠶᠡᠷᠦᠩᠬᠡᠶᠢᠯᠡᠭᠰᠡᠨ | ᠠᠷᠭ᠎ᠠ ᠪᠣᠳᠣᠯᠭ᠎ᠠ ᠠᠪᠴᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠵᠥᠪᠰᠢᠶᠡᠷᠡᠨ | ᠣᠷᠣᠭᠤᠯᠬᠤ ᠶᠢ ᠤᠯᠠᠮ ᠨᠢᠭᠡ ᠠᠯᠬᠤᠮ ᠴᠢᠯᠥᠭᠡᠲᠡᠶ ᠲᠠᠯᠪᠢᠵᠤ᠂ ᠨᠡᠶᠢᠭᠡᠮ ᠤᠨ ᠪᠠᠯᠠ ᠣᠷᠣᠭᠤᠯᠤᠯᠲᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠨ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ | ᠠᠬᠢᠭᠤᠯᠤᠨ᠎ᠠ᠃ ᠣᠷᠣᠨ ᠪᠠᠶᠢᠷᠢ᠂ ᠡᠬᠢ ᠪᠠᠶᠠᠯᠢᠭ᠂ ᠠᠵᠤ ᠦᠢᠯᠡᠰ᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠡᠷᠢᠶᠡᠨ ᠬᠤᠲᠠ ᠶᠢᠨ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ | ᠨᠡᠭᠡᠭᠡᠯᠲᠡ ᠬᠢᠬᠦ ᠲᠤᠷᠰᠢᠯᠲᠠ ᠶᠢᠨ ᠣᠷᠣᠨ᠂ ᠤᠯᠠᠭᠠᠨᠴᠠᠪ ᠬᠤᠲᠠ ᠶᠢᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ | ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠠᠭᠤᠰᠤᠯᠴᠠᠵᠤ᠂ ᠪᠡᠭᠡᠵᠢᠩ ᠲᠢᠶᠠᠨᠵᠢᠨ ᠾᠧᠪᠸᠢ᠂ ᠬᠥᠬᠡᠬᠤᠲᠠ | ᠪᠤᠭᠤᠲᠤ ᠣᠷᠳᠣᠰ ᠵᠡᠷᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠮᠣᠩᠭᠤᠯ ᠤᠯᠤᠰ | ᠵᠡᠷᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠮᠠᠨ ᠤ ᠬᠤᠰᠢᠭᠤ ᠪᠠᠨ | ᠠᠯᠬᠤᠮ ᠠᠯᠬᠤᠮ ᠢᠶᠠᠷ ︽ᠨᠢᠭᠡ ᠪᠦᠰᠡ ᠨᠢᠭᠡ ᠵᠠᠮ︾ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠵᠠᠩᠭᠢᠯᠠᠭ᠎ᠠ ᠶᠢᠨ | ᠴᠢᠭ ᠪᠣᠯᠭᠠᠨ᠎ᠠ᠃ | ᠭᠤᠷᠪᠠ᠂ 2022 ᠤᠨ ᠤ ᠭᠤᠣᠯ ᠠᠵᠢᠯ ᠤᠨ ᠪᠠᠶᠢᠷᠢᠯᠠᠭᠤᠯᠤᠯᠲᠠ | 2022 ᠣᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠯᠡᠲᠡ ᠶᠢᠨ ᠵᠢᠯ᠂ | ᠮᠦᠨᠴᠦ ︽ᠠᠷᠪᠠᠨ ᠲᠥᠷᠪᠡᠳᠦᠭᠡᠷ ᠲᠠᠪᠤᠨ ᠵᠢᠯ︾ ᠤᠨ ᠲᠥᠯᠦᠪᠵᠢᠬᠦᠯᠭᠡ ᠶᠢᠨ ᠵᠠᠩᠭᠢᠯᠠᠭ᠎ᠠ ᠶᠢᠨ ᠵᠢᠯ ᠪᠣᠯᠣᠨ᠎ᠠ᠃ | ᠥᠨᠦ ᠵᠢᠯ ᠤᠨ ᠠᠵᠤ ᠠᠬᠤᠢ ᠨᠡᠶᠢᠭᠡᠮ ᠤᠨ ᠡᠯ᠎ᠡ ᠲᠥᠷᠦᠯ ᠤᠨ ᠠᠵᠢᠯ ᠢ ᠰᠠᠶᠢᠲᠤᠷ ᠬᠢᠬᠦ ᠨᠢ ᠮᠠᠰᠢ ᠴᠢᠬᠤᠯᠠ ᠠᠴᠢ | ᠬᠤᠯᠪᠤᠭᠳᠠᠯ ᠲᠠᠢ ᠶᠤᠮ᠃ ᠵᠢᠱᠢᠭᠰᠡᠨ ᠬᠠᠷᠠᠯᠲᠠ ᠪᠠ ᠡᠬᠦᠷᠭᠡ ᠶᠢᠨ ᠲᠤᠭᠤᠷᠢᠨ ᠳᠤ᠂ ᠲᠤᠤᠷᠠᠬᠢ ᠳᠤᠯᠤᠭᠠᠨ | ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠠᠳᠬᠤᠨ᠎ᠠ᠃ | ︵ᠨᠢᠬᠡ︶ ᠠᠮᠢ ᠠᠬᠤᠢ ᠪᠠᠷ ᠤᠷᠢᠳᠠᠯ ᠪᠣᠯᠭᠠᠨ᠂ ᠪᠤᠬᠢᠷᠳᠤᠯ ᠦᠭᠡᠢ ᠬᠦᠭᠵᠢᠯᠲᠡ ᠶᠢ ᠪᠠᠷᠢᠮᠲᠠᠯᠠᠵᠤ᠂ ᠠᠮᠢ | ᠠᠬᠤᠢ ᠶᠢᠨ ᠪᠤᠯᠪᠠᠰᠤᠨ ᠤ ᠵᠢᠱᠢᠶ᠎ᠡ ᠦᠵᠡᠬᠦᠯᠬᠦ ᠬᠤᠰᠢᠭᠤ ᠶᠢ ᠪᠠᠶᠢᠭᠤᠯᠤᠨ᠎ᠠ᠃ | ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠡᠨᠧᠷᠭᠢ᠂ ᠤᠰᠤ᠂ ᠭᠠᠵᠠᠷ᠂ ᠮᠠᠲ᠋ᠧᠷᠢᠶᠠᠯ᠂ | ᠠᠭᠤᠷᠬᠠᠢ ᠠᠷᠪᠢᠯᠠᠬᠤ ᠪᠠᠷᠢᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠨᠡᠭᠦᠷᠡᠰᠦ᠂ ᠴᠢᠯᠠᠭᠤᠨ | ᠮᠠᠲ᠋ᠧᠷᠢᠶᠠᠯ ᠤᠨ ᠬᠠᠶᠠᠭᠳᠠᠮᠠᠯ ᠡᠳ᠋᠂ ᠨᠢᠦ᠋ᠪᠢ ᠲᠠᠨᠲ᠋ᠠᠯ ᠤᠨ ᠦᠯᠡᠳᠡᠭᠳᠡᠯ ᠠᠭᠤᠷᠬᠠᠢ ᠵᠡᠷᠭᠡ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠭᠤᠤᠯᠳᠠᠯᠭ᠎ᠠ ᠲᠠᠢ ᠠᠵᠢᠯ ᠲᠥᠷᠥᠯ ᠤᠨ ᠪᠣᠬᠢᠷᠲᠤᠯ | ᠥᠬᠡᠶ ᠪᠤᠯᠭᠠᠬᠤ ᠦᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠨ᠂ ᠰᠢᠨ᠎ᠡ ᠪᠠᠷ ᠲᠥᠷᠥᠯ ᠵᠦᠢᠯ ᠢ ᠵᠥᠪᠰᠢᠶᠡᠷᠡᠨ | ᠣᠷᠣᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠪᠠ | ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ | ᠬᠡᠮᠵᠢᠬᠦ ᠶᠢ ᠪᠥᠬᠦ ᠲᠠᠯ᠎ᠠ ᠪᠠᠷ ᠬᠡᠷᠡᠭᠵᠢᠬᠦᠯᠦᠨ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ | ᠠᠷᠠᠳ ᠤᠨ ᠠᠮᠢᠳᠤᠷᠠᠯ ᠤᠨ ᠵᠦᠶ ᠵᠣᠬᠢᠰᠲᠠᠶ ᠡᠨᠧᠷᠭᠢ ᠶᠢᠨ ᠬᠡᠷᠡᠭᠯᠡᠯᠲᠡ ᠶᠢ ᠪᠠᠲᠤᠯᠠᠵᠤ᠂ ᠲᠤᠤᠷ᠎ᠠ | ᠨᠡᠭᠦᠷᠡᠰᠦ᠋ᠷᠦ᠋ᠭᠴᠢᠲᠦ ᠬᠥᠭᠵᠢᠯᠲᠡ ᠶᠢᠨ ᠬᠠᠷᠠᠯᠲᠠ ᠶᠢ ᠪᠡᠶᠡᠯᠡᠬᠦᠯᠬᠦ ᠳᠤ ᠬᠦᠴᠦᠨ ᠨᠡᠮᠡᠷᠢᠯᠡᠨ᠂ ᠪᠣᠬᠢᠷᠲᠤᠯ ᠥᠬᠡᠶ | ᠪᠣᠯᠪᠠᠰᠤᠨ ᠤ ᠣᠶᠢᠯᠠᠭᠠᠭᠳᠠᠬᠤᠨ ᠢ ᠶᠡᠬᠡᠪᠡᠷ ᠰᠤᠷᠳᠠᠯᠴᠢᠯᠠᠨ ᠤᠬᠠᠭᠤᠯᠵᠤ᠂ ᠪᠣᠬᠢᠷᠲᠤᠯ ᠥᠬᠡᠶ ᠳᠤᠤᠷ᠎ᠠ | ᠨᠡᠭᠦᠷᠡᠰᠦᠲᠥ᠋ᠷᠥᠭᠴᠢᠲᠦ ᠠᠮᠢᠳᠤᠷᠠᠯ ᠢ ᠰᠠᠨᠠᠭᠠᠴᠢᠯᠠᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ ᠨᠠᠷᠢᠯᠢᠭ ᠣᠨᠣᠪᠴᠢᠲᠠᠢ ᠪᠠᠷ ᠪᠣᠬᠢᠷᠲᠤᠯ ᠢ | ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ | ᠪᠠᠷᠢᠮᠲᠠᠯᠠᠵᠤ᠂ ᠨᠠᠩ ᠥᠨᠳᠥᠷ ᠪᠠᠷᠢᠮᠵᠢᠶ᠎ᠠ ᠪᠠᠷ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ | ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠨ᠎ᠠ᠃ ᠠᠭᠠᠷ ᠮᠠᠨᠳᠠᠯ ᠤᠨ ᠤᠯᠠᠨ ᠡᠬᠢᠳᠤ ᠪᠣᠬᠢᠷᠲᠤᠯ ᠢ ᠵᠠᠰᠠᠬᠤ ᠶᠢ | ᠴᠢᠩᠭᠠᠳᠬᠠᠵᠤ᠂ ᠤᠯᠠᠨ ᠪᠤᠬᠢᠷᠳᠤᠯᠳᠤ ᠪᠣᠳᠠᠰ ᠢ ᠬᠠᠮᠵᠢᠯᠴᠠᠨ ᠬᠢᠵᠠᠭᠠᠷᠯᠠᠨ᠂ ᠠᠷᠢᠭᠤᠨ ᠴᠡᠪᠡᠷ ᠳᠤᠯᠠᠭᠠᠯᠠᠭ᠎ᠠ ᠶᠢ | ᠠᠬᠢᠭᠤᠯᠤᠨ᠎ᠠ᠃ ᠰᠢᠨᠡᠪᠤᠯᠠᠭ ᠪᠠᠯᠭᠠᠰᠤᠨ ᠤ ᠪᠣᠬᠢᠷ ᠤᠰᠤᠨ ᠤ ᠬᠤᠭᠤᠯᠠᠢ ᠶᠢ ᠦᠭᠡᠷᠡᠴᠢᠯᠡᠨ ᠵᠠᠰᠠᠬᠤ | ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ | ᠪᠠ ᠴᠡᠪᠡᠷᠰᠢᠬᠦᠯᠦᠭᠰᠡᠨ ᠤᠰᠤ ᠶᠢ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠵᠦ᠂ ᠡᠮᠴᠢᠯᠡᠭᠡᠨ ᠤ ᠪᠣᠬᠢᠷ ᠤᠰᠤ᠂ ᠬᠤᠭ | ᠨᠣᠪᠰᠢ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ ᠵᠠᠬ᠎ᠠ ᠲᠡᠯᠭᠡᠬᠦᠷᠴᠢᠯᠡᠭᠰᠡᠨ ᠠᠵᠢᠯᠯᠠᠭᠤᠯᠬᠤ ᠠᠷᠭ᠎ᠠ | ᠮᠠᠶ᠋ᠢᠭ ᠢ ᠰᠦᠪᠡᠭᠴᠢᠯᠡᠨ᠂ ᠪᠠᠷᠢᠮᠵᠢᠶᠠᠵᠢᠭᠰᠠᠨ ᠣᠷᠭᠠᠨᠢᠭ ᠪᠣᠷᠳᠣᠭᠤᠷ ᠪᠣᠯᠪᠠᠰᠤᠷᠠᠭᠤᠯᠬᠤ ᠦᠢᠯᠡᠳᠪᠦᠷᠢ ᠵᠢᠴᠢ ᠮᠠᠯ | ᠵᠢᠭᠦᠷᠲᠡᠨ ᠤ ᠢᠯᠭᠠᠳᠠᠰᠤ ᠶᠢ ᠲᠥᠪᠯᠡᠷᠡᠭᠦᠯᠦᠨ ᠬᠤᠷᠢᠶᠠᠵᠤ ᠬᠠᠳᠠᠭᠠᠯᠠᠬᠤ ᠢᠵᠢ ᠪᠦᠷᠢᠳᠦᠭᠰᠡᠨ ᠥᠷᠲᠡᠭᠡ᠂ | ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠪᠤᠬᠢᠷᠳᠤᠯ ᠦᠭᠡᠢ ᠰᠢᠢᠳᠪᠦᠷᠢᠯᠡᠬᠦ ᠲᠠᠯᠠᠪᠠᠶ ᠪᠠ ᠬᠤᠲᠠ ᠪᠠᠯᠭᠠᠰᠤᠨ | ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠬᠦᠯᠦᠨ᠎ᠡ᠃ | ᠮᠠᠯᠵᠢᠬᠤ ᠣᠷᠣᠨ ᠤ ᠡᠷᠦᠬᠡ ᠶᠢᠨ ᠵᠣᠷᠯᠣᠩ ᠤᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ | ᠮᠠᠯᠵᠢᠬᠤ ᠣᠷᠤᠨ ᠳᠤ 50 ᠤᠰᠤ ᠪᠠᠷ ᠴᠡᠪᠡᠷᠰᠢᠬᠦᠯᠬᠦ ᠵᠣᠷᠯᠤᠩ᠂ 400 ᠬᠠᠭᠤᠷᠠᠢ ᠵᠣᠷᠯᠤᠩ ᠢ ᠰᠢᠨ᠎ᠡ ᠪᠠᠷ | ᠪᠠᠶᠢᠭᠤᠯᠤᠨ᠎ᠠ᠃ ᠲᠡᠭᠡᠳᠦ ᠱᠠᠳᠤᠨ ᠤ ᠡᠯ᠎ᠡ ᠲᠥᠷᠦᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠ ︽ | ᠡᠷᠬᠢᠨ ᠬᠠᠷᠠᠬᠤ︾ ᠦᠷ᠎ᠡ ᠪᠦᠲᠦᠭᠡᠯ ᠢ ᠪᠠᠬᠢᠵᠢᠭᠦᠯᠵᠦ᠂ ᠰᠢᠨ᠎ᠡ ᠨᠢᠭᠡ ᠡᠭᠡᠯᠵᠢ ᠶᠢᠨ ᠲᠥᠪ ᠤᠨ ᠣᠷᠴᠢᠨ | ᠲᠤᠭᠤᠷᠢᠨ ᠤ ᠬᠢᠨᠠᠨ ᠪᠠᠶᠢᠴᠠᠭᠠᠯᠲᠠ ᠶᠢ ᠤᠭᠳᠤᠬᠤ ᠪᠡᠯᠡᠳᠭᠡᠯ ᠠᠵᠢᠯ ᠢ ᠨᠢᠭᠡᠳᠦᠯᠳᠡᠢ ᠲᠥᠯᠦᠪᠵᠢᠬᠦᠯᠦᠨ ᠰᠠᠶᠢᠲᠤᠷ | ᠬᠢᠨ᠎ᠡ᠃ | ᠰᠡᠷᠭᠦᠭᠡᠨ ᠵᠠᠰᠠᠬᠤ ᠶᠢ ᠲᠦᠯᠬᠢᠨ ᠠᠬᠢᠭᠤᠯᠤᠨ᠎ᠠ᠃ ᠣᠷᠣᠨ ᠪᠦᠰᠡ ᠶᠢᠨ ᠠᠮᠢ ᠠᠬᠤᠶ ᠶᠢᠨ ᠬᠠᠮᠠᠭᠠᠯᠠᠯᠲᠠ | ᠪᠠ ᠰᠡᠷᠬᠦᠭᠡᠯᠲᠡ ᠶᠢᠨ ᠲᠤᠰᠬᠠᠶ ᠲᠥᠷᠦᠯ ᠤᠨ ᠢᠨᠵᠧᠨᠧᠷᠢᠩ ᠢ ᠬᠡᠷᠡᠭᠵᠢᠭᠦᠯᠵᠦ᠂ 80 ᠲᠦᠮᠡᠨ ᠮᠥ ᠲᠠᠯ᠎ᠠ | ᠨᠤᠲᠤᠭ ᠤᠨ ᠬᠤᠷᠤᠬᠠᠢ ᠶᠢᠨ ᠬᠦᠨᠦᠭᠡᠯ ᠢ ᠰᠡᠷᠭᠡᠶᠢᠯᠡᠨ ᠵᠠᠰᠠᠵᠤ᠂ 2 ᠲᠦᠮᠡᠨ ᠮᠥ ᠡᠯᠡᠰᠦ ᠶᠢ ᠪᠢᠲᠡᠭᠦᠮᠵᠢᠯᠡᠨ | ᠣᠶᠢᠵᠢᠭᠤᠯᠵᠤ᠂ ᠬᠥᠮᠦᠨ ᠤ ᠬᠦᠴᠦ ᠪᠠᠷ 0.6 ᠲᠦᠮᠡᠨ ᠮᠥ ᠣᠶᠢᠵᠢᠭᠤᠯᠵᠤ᠂ 11 ᠲᠦᠮᠡᠨ ᠮᠥ ᠪᠡᠯᠴᠢᠭᠡᠷ ᠢ | ᠪᠢᠳᠡᠬᠦᠮᠵᠢᠯᠡᠨ ᠨᠤᠭᠤᠭᠠᠷᠠᠭᠤᠯᠤᠨ᠎ᠠ᠃ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠬᠡᠨ ᠰᠡᠯᠭᠦᠨ ᠮᠠᠯᠵᠢᠬᠤ ᠠᠵᠢᠯ ᠢ | ᠴᠢᠨᠠᠷᠯᠢᠭ ᠪᠡᠶᠡᠯᠡᠭᠦᠯᠵᠦ᠂ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠠᠮᠢ ᠠᠬᠤᠶ ᠶᠢᠨ ᠬᠠᠮᠠᠭᠠᠯᠠᠯᠲᠠ ᠶᠢᠨ | ᠨᠦᠬᠦᠪᠦᠷᠢᠯᠡᠵᠦ ᠱᠠᠩᠨᠠᠬᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠦᠷᠢᠵᠢᠭᠤᠯᠤᠨ᠂ ᠤᠯᠤᠰ ᠤᠨ | ᠲᠠᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠶᠢᠵᠢᠭᠤᠯᠤᠯᠲᠠ ᠶᠢᠨ ᠲᠠᠯᠠᠪᠠᠢ ᠳᠤ ᠳᠠᠬᠢᠨ ᠲᠣᠬᠢᠷᠠᠭᠤᠯᠤᠯᠲᠠ | ᠬᠢᠵᠦ᠂ ᠪᠠᠶᠢᠭᠠᠯᠢᠯᠢᠭ ᠬᠠᠳᠤᠯᠠᠩ ᠤᠨ ᠲᠠᠯᠠᠪᠠᠢ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠰᠡᠭᠦᠵᠢ ᠶᠢᠨ | ᠭᠤᠤᠯ ᠤᠨ ᠬᠤᠳᠳᠤᠭ ᠤᠨ ᠬᠡᠰᠡᠭ ᠤᠨ ᠦᠶᠡᠷ ᠢ ᠰᠡᠷᠭᠡᠶᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ 20 ᠲᠡᠭᠰᠢ | ᠳᠥᠷᠪᠡᠯᠵᠢᠨ ᠺᠢᠯᠤᠮᠧᠲᠷ ᠵᠢᠵᠢᠭ ᠰᠠᠪᠠ ᠤᠷᠤᠰᠬᠠᠯ ᠢ ᠶᠡᠷᠦᠩᠬᠡᠶᠢᠯᠡᠨ ᠵᠠᠰᠠᠨ᠎ᠠ᠃ ᠠᠭᠤᠷᠬᠠᠶ ᠶᠢᠨ ᠣᠷᠤᠨ ᠤ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠦᠨ᠎ᠡ᠃ ᠲᠡᠦᠬᠡ ᠶᠢᠨ | ᠬᠠᠶᠠᠭᠳᠠᠮᠠᠯ ᠠᠭᠤᠷᠬᠠᠢ ᠶᠢᠨ ᠨᠦᠬᠡ ᠶᠢ ᠪᠦᠭᠯᠡᠨ ᠲᠡᠭᠰᠢᠯᠡᠬᠦ ᠣᠷᠴᠢᠨ ᠲᠤᠭᠤᠷᠢᠨ ᠤ ᠵᠠᠰᠠᠯᠲᠠ ᠶᠢᠨ ᠲᠥᠷᠥᠯ | ᠵᠦᠢᠯ ᠢ ᠬᠡᠷᠡᠭᠵᠢᠭᠦᠯᠦᠨ᠎ᠡ᠃ | ᠬᠠᠤᠯᠢ ᠬᠡᠷᠡᠭᠵᠢᠬᠦᠯᠬᠦ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠲᠤᠭᠤᠷᠪᠢᠵᠤ᠂ ︽ᠭᠤᠷᠪᠠᠨ ᠣᠷᠣᠨ ᠭᠤᠷᠪᠠᠨ ᠱᠤᠭᠤᠮ︾ ᠤᠨ | ᠠᠮᠢ ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠭᠤᠤᠯ | ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠨᠡᠶᠢᠴᠡᠬᠦ ᠥᠬᠡᠶ ᠠᠵᠤ ᠦᠢᠯᠡᠰ ᠤᠨ ᠪᠠᠶᠢᠷᠢᠰᠢᠯ᠂ | ᠬᠡᠪᠴᠢᠶ᠎ᠡ ᠪᠠ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠣᠭᠢᠷᠠᠭᠤᠯᠤᠨ᠎ᠠ᠃ ᠠᠷᠠᠳ ᠨᠡᠶᠢᠲᠡ ᠶᠢᠨ | ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠢᠯᠭᠠᠨ ᠪᠠᠶᠢᠴᠠᠭᠠᠬᠤ ᠠᠵᠢᠯ ᠢ ᠦᠷᠭᠦᠯᠵᠢᠯᠡᠨ | ᠰᠠᠶᠢᠲᠤᠷ ᠬᠢᠨ᠎ᠠ᠃ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ︽ᠭᠤᠷᠪᠠ ᠶᠢ ᠬᠠᠮᠳᠤ ᠳᠤᠨᠢ ᠬᠢᠨᠠᠨ ᠪᠠᠶᠢᠴᠠᠭᠠᠬᠤ︾ ᠬᠠᠮᠢᠶᠠᠷᠤᠯᠲᠠ ᠶᠢ ᠴᠢᠩᠭᠠᠳᠬᠠᠨ᠎ᠠ᠃ | ᠭᠤᠤᠯ ᠭᠤᠷᠤᠬ᠎ᠠ᠂ ᠣᠶ ᠰᠢᠭᠤᠢ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠳᠠᠭᠠᠭᠤᠯᠢ | ᠣᠳᠣᠨ ᠵᠢᠷᠤᠭ ᠢᠶᠠᠷ ᠬᠠᠤᠯᠢ ᠬᠡᠷᠡᠭᠵᠢᠬᠦᠯᠵᠦ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠲᠠᠯ᠎ᠠ ᠨᠤᠳᠤᠭ ᠣᠢ | ᠰᠢᠭᠤᠢ ᠶᠢ ᠡᠪᠳᠡᠭᠰᠡᠨ ᠬᠠᠤᠯᠢ ᠵᠥᠷᠢᠴᠡᠭᠰᠡᠨ ᠠᠵᠢᠯᠯᠠᠭ᠎ᠠ ᠶᠢ ᠲᠤᠰᠬᠠᠶ ᠲᠦᠷᠦᠯ ᠢᠶᠠᠷ ᠴᠡᠭᠴᠡᠯᠡᠨ ᠵᠠᠰᠠᠬᠤ | ᠠᠵᠢᠯᠯᠠᠭ᠎ᠠ ᠶᠢ ᠰᠠᠶᠢᠲᠤᠷ ᠪᠡᠶᠡᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠱᠠᠩᠨᠠᠯ ᠤᠨ ᠲᠦᠷᠢᠮ ᠢ ᠲᠡᠬᠦᠯᠳᠡᠷᠵᠢᠬᠦᠯᠦᠨ᠂ ᠠᠮᠢ ᠠᠬᠤᠶ ᠣᠷᠴᠢᠨ | ᠲᠣᠭᠤᠷᠢᠨ ᠪᠠ ᠪᠠᠶᠢᠭᠠᠯᠢ ᠶᠢᠨ ᠡᠬᠢ ᠪᠠᠶᠠᠯᠢᠭ ᠢ ᠡᠪᠳᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | | ︵ᠬᠤᠶᠠᠷ︶ ᠥᠭᠡᠷᠡᠴᠢᠯᠡᠯᠲᠡ ᠶᠢ ᠬᠦᠨᠵᠡᠭᠡᠶᠢᠷᠡᠬᠦᠯᠬᠦ᠂ ᠨᠡᠭᠡᠭᠡᠯᠲᠡ ᠬᠢᠵᠦ ᠰᠢᠨ᠎ᠡ ᠶᠢ ᠡᠬᠦᠳᠬᠦ ᠶᠢ | ᠪᠠᠷᠢᠮᠲᠠᠯᠠᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠡᠵᠡᠩᠨᠡᠯᠲᠡ ᠬᠤᠳᠠᠯᠳᠤᠭᠠᠨ ᠤ ᠣᠷᠴᠢᠨ ᠢ ᠰᠢᠯᠢᠳᠡᠭᠵᠢᠭᠦᠯᠦᠨ᠎ᠡ᠃ ︽ᠬᠦᠮᠦᠨ ᠪᠦᠷᠢ ᠶᠢ ᠠᠷᠠᠯᠵᠢᠶ᠎ᠠ | ᠡᠵᠡᠩᠨᠡᠯᠲᠡ ᠶᠢᠨ ᠲᠤᠭᠤᠷᠢᠨ ᠲᠠᠢ ᠪᠤᠯᠭᠠᠵᠤ᠂ ᠤᠴᠢᠷ ᠪᠦᠬᠦᠨ ᠢ ᠣᠷᠤᠨ ᠨᠤᠲᠤᠭ ᠤᠨ ᠳᠦᠷᠢ ᠲᠦᠷᠬᠦ ᠲᠠᠢ | ᠬᠤᠯᠪᠤᠭᠳᠠᠭᠤᠯᠬᠤ︾ ᠣᠶᠢᠯᠠᠭᠠᠭᠳᠠᠬᠤᠨ ᠢ ᠪᠤᠢ ᠪᠤᠯᠭᠠᠵᠤ᠂ ᠦᠢᠯᠡᠴᠢᠯᠡᠭᠡᠨ ᠤ ᠦᠢᠯᠡᠳᠦᠯ ᠢ ᠬᠦᠢᠴᠡᠳ | ᠪᠠᠳᠠᠷᠠᠭᠤᠯᠤᠨ᠂ ︽ᠦᠨᠡᠨᠴᠢ ᠢᠳᠡᠭᠡᠮᠵᠢᠲᠡᠢ᠂ ᠲᠥᠭᠦᠮ ᠲᠦᠳᠡ᠂ ᠥᠨᠳᠦᠷ ᠦᠷ᠎ᠡ ᠪᠦᠳᠦᠮᠵᠢᠳᠡᠢ᠂ ᠠᠮᠤᠷ | ᠲᠥᠪᠰᠢᠨ︾ ᠢᠶᠠᠷ ᠬᠠᠷᠠᠯᠲᠠ ᠪᠤᠯᠭᠠᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ | ᠦᠷᠬᠦᠯᠵᠢᠯᠡᠨ ᠠᠬᠢᠭᠤᠯᠵᠤ᠂ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠬᠦᠯᠦᠨ᠂ ᠬᠢᠨᠠᠨ ᠵᠥᠪᠰᠢᠶᠡᠷᠡᠯᠲᠡ | ᠶᠢᠨ ᠦᠢᠯᠡᠴᠢᠯᠡᠭᠡ ᠶᠢ ᠳᠦᠬᠦᠮᠴᠢᠯᠡᠵᠦ᠂ ︽ᠤᠷᠤᠭᠤᠯᠬᠤ ᠪᠠ ᠵᠥᠪᠰᠢᠶᠡᠷᠡᠬᠦ ᠶᠢ ᠬᠢᠵᠠᠭᠠᠷᠯᠠᠬᠤ ᠦᠭᠡᠢ︾ ᠪᠠᠶᠢᠬᠤ | ᠶᠢ ᠴᠢᠨᠠᠷ ᠰᠠᠶᠢᠲᠠᠢ ᠨᠠᠶᠢᠳᠠᠪᠦᠷᠢᠵᠢᠭᠤᠯᠤᠨ᠂ ᠡᠵᠡᠩᠨᠡᠯᠲᠡ ᠬᠤᠳᠠᠯᠳᠤᠭᠠᠨ ᠤ ᠣᠷᠴᠢᠨ ᠢ ᠦᠷᠬᠦᠯᠵᠢᠯᠡᠨ | ᠰᠢᠯᠢᠳᠡᠭᠵᠢᠬᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠠᠰᠢᠭᠯᠠᠯᠲᠠ ᠳᠤ ᠣᠷᠤᠭᠰᠠᠨ | ᠶᠠᠪᠤᠳᠠᠯ ᠢᠶᠠᠷ ᠠᠵᠠ ᠲᠤᠬᠢᠶᠠᠯ ᠪᠤᠯᠭᠠᠨ᠂ ᠲᠥᠪᠯᠡᠷᠡᠩᠬᠦᠢ ᠵᠠᠰᠠᠭ ᠤᠨ ᠦᠢᠯᠡᠴᠢᠯᠡᠭᠡ ᠶᠢ ᠴᠢᠩᠭ᠎ᠠ ᠠᠳᠬᠤᠵᠤ᠂ | ᠦᠢᠯᠡᠴᠢᠯᠡᠭᠡᠨ ᠤ ᠴᠣᠩᠬᠤᠪᠴᠢ ᠶᠢᠨ ᠳᠦᠷᠢ ᠲᠦᠷᠬᠦ ᠶᠢ ᠳᠡᠭᠡᠭᠰᠢᠯᠡᠬᠦᠯᠦᠨ᠂ ᠬᠠᠯᠠᠭᠤᠮᠰᠤᠭ ᠦᠢᠯᠡᠴᠢᠯᠡᠭᠡ ᠶᠢ | ᠲᠦᠯᠬᠢᠨ ᠠᠬᠢᠭᠤᠯᠵᠤ᠂ ︽ᠲᠥᠷᠪᠡᠨ ᠬᠡᠯᠪᠡᠷᠢ ᠪᠠᠷ ᠬᠦᠢᠴᠡᠳᠭᠡᠬᠦ︾ ᠠᠷᠭ᠎ᠠ ᠮᠠᠶ᠋ᠢᠭ ᠢ ᠰᠢᠨᠡᠴᠢᠯᠡᠨ᠂ ᠰᠦᠯᠵᠢᠶᠡᠨ | ᠳᠡᠭᠡᠷ᠎ᠡ ᠪᠠ ᠲᠢᠩᠬᠢᠮ ᠤᠨ ᠦᠢᠯᠡᠴᠢᠯᠡᠭᠡ ᠶᠢ ᠰᠠᠶᠢᠲᠤᠷ ᠨᠠᠶᠢᠳᠠᠪᠦᠷᠢᠵᠢᠭᠤᠯᠵᠤ᠂ ︽ᠨᠢᠭᠡ ᠴᠤᠩᠬᠤᠪᠴᠢ ᠪᠠᠷ | ᠬᠦᠯᠢᠶᠡᠨ ᠠᠪᠴᠤ᠂ ᠲᠥᠪᠯᠡᠷᠡᠬᠦᠯᠦᠨ ᠦᠢᠯᠡᠴᠢᠯᠡᠬᠦ︾ ᠶᠢ ᠪᠦᠬᠦ ᠲᠠᠯ᠎ᠠ ᠪᠠᠷ ᠠᠬᠢᠭᠤᠯᠵᠤ᠂ ᠶᠠᠪᠤᠴᠠ᠂ ᠴᠠᠭ | ᠬᠤᠭᠤᠴᠠᠭ᠎ᠠ᠂ ᠪᠢᠴᠢᠭ ᠮᠠᠲ᠋ᠧᠷᠢᠶᠠᠯ᠂ ᠶᠠᠪᠤᠵᠤ ᠵᠤᠷᠴᠢᠬᠤ ᠥᠪᠡᠷ ᠤᠨ ᠦᠷᠳᠡᠭ ᠢ ᠪᠠᠭᠠᠰᠬᠠᠨ᠂ ᠮᠠᠲ᠋ᠧᠷᠢᠶᠠᠯ | ᠬᠠᠮᠤᠭ ᠤᠨ ᠨᠠᠷᠢᠯᠢᠭ᠂ ᠶᠠᠪᠤᠴᠠ ᠬᠠᠮᠤᠭ ᠤᠨ ᠲᠥᠬᠦᠮ᠂ ᠴᠠᠭ ᠬᠤᠭᠤᠴᠠᠭ᠎ᠠ ᠬᠠᠮᠤᠭ ᠤᠨ ᠣᠬᠤᠷ ᠪᠠᠶᠢᠬᠤ ᠶᠢ | ᠪᠡᠶᠡᠯᠡᠬᠦᠯᠦᠨ᠎ᠡ᠃ ᠡᠷᠬᠡ ᠲᠡᠭᠰᠢ ᠦᠷᠢᠰᠦᠯᠳᠦᠭᠡᠨ ᠤ ᠵᠠᠬ᠎ᠠ ᠲᠡᠯᠭᠡᠬᠦᠷ ᠤᠨ ᠣᠷᠴᠢᠨ ᠲᠤᠭᠤᠷᠢᠨ᠂ ᠲᠥᠪ ᠭᠤᠣᠯᠴᠢ | ᠬᠠᠤᠯᠢ ᠪᠠᠷ ᠵᠠᠰᠠᠬᠤ ᠣᠷᠴᠢᠨ ᠲᠤᠭᠤᠷᠢᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠮᠦᠩᠬᠦᠨ ᠬᠦᠢᠯᠭᠡᠭᠡᠨ ᠤ | ᠣᠷᠴᠢᠨ ᠲᠤᠭᠤᠷᠢᠨ᠂ ᠬᠤᠳᠠᠯᠳᠤᠭ᠎ᠠ ᠡᠷᠬᠢᠯᠡᠵᠦ ᠣᠷᠣᠰᠢᠨ ᠰᠠᠭᠤᠬᠤ ᠠᠮᠢᠳᠤᠷᠠᠯ ᠤᠨ ᠤᠷᠴᠢᠨ ᠲᠤᠭᠤᠷᠢᠨ ᠢ | ᠢᠳᠡᠪᠬᠢᠳᠡᠢ ᠪᠠᠶᠢᠭᠤᠯᠤᠨ᠂ ᠡᠯ᠎ᠡ ᠲᠥᠷᠦᠯ ᠤᠨ ᠵᠠᠬ᠎ᠠ ᠲᠡᠯᠭᠡᠬᠦᠷ ᠤᠨ ᠭᠤᠣᠯ ᠴᠤᠭᠴᠠ ᠶᠢᠨ ᠰᠡᠳᠬᠢᠯ ᠬᠠᠨᠤᠮᠵᠢᠲᠠᠢ | ᠬᠤᠳᠠᠯᠳᠤᠭ᠎ᠠ ᠡᠷᠬᠢᠯᠡᠨ᠂ ᠰᠠᠨᠠᠭ᠎ᠠ ᠠᠮᠤᠷ ᠪᠡᠯᠡ ᠤᠷᠤᠭᠤᠯᠵᠤ᠂ ᠦᠢᠯᠡᠰ ᠪᠤᠰᠬᠠᠬᠤ ᠶᠢ ᠪᠠᠳᠤᠯᠠᠨ᠎ᠠ᠃ ᠠᠵᠤ | ᠠᠬᠤᠶᠢᠯᠠᠯ ᠤᠨ ᠠᠵᠤ ᠠᠬᠤᠢ ᠶᠢᠨ ᠡᠷᠬᠢᠯᠲᠡ ᠶᠢᠨ ᠥᠪᠡᠷ ᠤᠨ ᠥᠷᠳᠡᠭ ᠢ ᠦᠷᠬᠦᠯᠵᠢᠯᠡᠨ ᠪᠠᠭᠤᠷᠠᠭᠤᠯᠵᠤ᠂ ᠠᠵᠤ | ᠠᠬᠤᠶᠢᠯᠠᠯ ᠢ ᠲᠤᠰᠠᠯᠠᠨ ᠲᠡᠮᠵᠢᠬᠦ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠠᠵᠤ | ᠠᠬᠤᠶᠢᠯᠠᠯ ᠠᠴᠠ ᠰᠦᠢᠳᠭᠡᠯ ᠬᠤᠷᠢᠶᠠᠬᠤ ᠶᠢ ᠦᠭᠡᠶᠢᠰᠬᠡᠬᠦ ᠪᠠ ᠲᠦᠷᠢᠮᠵᠢᠬᠦᠯᠵᠦ᠂ ᠵᠠᠬ᠎ᠠ ᠳᠡᠯᠭᠡᠬᠦᠷ ᠤᠨ ᠭᠤᠣᠯ | ᠴᠤᠭᠴᠠ ᠳᠤ ᠰᠢᠭᠤᠳ ᠠᠰᠢᠭ ᠬᠦᠷᠲᠡᠭᠡᠵᠦ ᠬᠦᠴᠢᠷᠳᠡᠯ ᠢ ᠨᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠪᠠᠳᠤᠯᠠᠨ᠎ᠠ᠃ | ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠳᠤᠳᠤᠨᠤ ᠴᠢᠭᠡᠴᠢ ᠬᠠᠷᠢᠴᠠᠭ᠎ᠠ ᠶᠢ ᠪᠠᠶᠢᠭᠤᠯᠵᠤ᠂ ᠠᠵᠤ ᠠᠬᠤᠶᠢᠯᠠᠯ | ᠳᠠᠬᠢ ᠦᠢᠯᠡᠴᠢᠯᠡᠭᠡ ᠪᠠᠨ ᠤᠯᠠᠮ ᠴᠢᠩᠭᠠᠳᠬᠠᠨ᠎ᠠ᠃ ︽ᠬᠤᠣᠰ ᠲᠤᠬᠢᠶᠠᠯᠳᠤᠯ ᠢᠶᠠᠷ ᠰᠣᠩᠭᠤᠨ ᠪᠠᠶᠢᠴᠠᠭᠠᠵᠤ᠂ | ᠨᠢᠭᠡ ᠶᠢ ᠢᠯᠡ ᠨᠡᠶᠢᠲᠡᠯᠡᠬᠦ︾ ᠬᠢᠨᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠬᠦᠯᠦᠨ᠂ ᠨᠢᠭᠡᠳᠦᠯᠳᠡᠢ | ᠡᠯᠧᠺᠲᠷᠦᠨ ᠬᠢᠨᠠᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠪᠠᠭᠳᠠᠭᠠᠮᠵᠢ ᠶᠢᠨ ᠣᠷᠤᠨ ᠵᠠᠢ ᠶᠢ ᠪᠠᠭᠠᠰᠬᠠᠨ᠂ | ᠪᠦᠬᠦ ᠶᠠᠪᠤᠴᠠ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠬᠠᠮᠢᠶᠠᠷᠤᠯᠲᠠ ᠶᠢ ᠤᠴᠢᠷ ᠪᠦᠬᠦᠨ ᠳᠤ | ᠬᠤᠯᠪᠤᠭᠳᠠᠭᠤᠯᠤᠨ᠂ ᠭᠠᠵᠠᠷ ᠪᠦᠬᠦᠨ ᠳᠤ ᠬᠡᠷᠡᠭᠵᠢᠬᠦᠯᠦᠨ᠎ᠡ᠃ ᠦᠨᠡᠨᠴᠢ ᠢᠳᠡᠭᠡᠮᠵᠢᠲᠦ ᠵᠠᠰᠠᠭ ᠤᠨ | ᠪᠠᠶᠢᠭᠤᠯᠤᠯᠲᠠ ᠶᠢ ᠦᠷᠬᠦᠯᠵᠢᠯᠡᠨ ᠴᠢᠩᠭᠠᠳᠬᠠᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠲᠡᠬᠦᠯᠳᠡᠷᠵᠢᠬᠦᠯᠦᠨ᠂ | ᠢᠲᠡᠭᠡᠮᠵᠢ ᠠᠯᠳᠠᠭᠰᠠᠳ ᠢ ᠰᠢᠢᠳᠭᠡᠨ ᠲᠤᠷᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠪᠠᠷᠢᠮᠵᠢᠶᠠᠵᠢᠭᠰᠠᠨ | ᠦᠢᠯᠡᠳᠪᠦᠷᠢᠯᠡᠯ ᠤᠨ ᠠᠵᠢᠯ ᠢ ᠴᠢᠩᠭᠠᠷᠠᠭᠤᠯᠤᠨ᠂ ᠲᠠᠸᠠᠷ ᠤᠨ ᠨᠡᠷ᠎ᠡ ᠲᠡᠮᠳᠡᠭ ᠢ ᠶᠡᠬᠡᠪᠡᠷ ᠬᠦᠭᠵᠢᠬᠦᠯᠵᠦ᠂ ᠶᠠᠰᠤ | ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠤᠷᠠᠨ ᠳᠠᠷᠬᠠᠨ ᠤ ᠵᠣᠷᠢᠭ ᠰᠠᠨᠠᠭ᠎ᠠ ᠶᠢ | ᠪᠠᠳᠠᠷᠠᠭᠤᠯᠤᠨ᠎ᠠ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠲᠥᠷᠦᠯ ᠵᠦᠢᠯ ᠢᠶᠠᠷ | ᠬᠦᠭᠵᠢᠯᠲᠡ ᠶᠢ ᠠᠬᠢᠭᠤᠯᠬᠤ︾ ᠣᠶᠢᠯᠠᠭᠠᠭᠳᠠᠬᠤᠨ ᠢ ᠪᠣᠢ ᠪᠤᠯᠭᠠᠵᠤ᠂ ᠣᠶᠤᠨ ᠤᠬᠠᠭᠠᠨ ᠢᠶᠠᠨ ᠲᠥᠪᠯᠡᠷᠡᠬᠦᠯᠦᠨ | ᠲᠥᠷᠦᠯ ᠵᠦᠢᠯ ᠢ ᠰᠦᠪᠡᠭᠴᠢᠯᠡᠨ᠂ ᠬᠦᠴᠦᠨ ᠴᠢᠳᠠᠯ ᠢᠶᠠᠨ ᠲᠥᠪᠯᠡᠷᠡᠬᠦᠯᠦᠨ ᠲᠥᠷᠦᠯ ᠵᠦᠢᠯ ᠢ ᠠᠳᠬᠤᠵᠤ᠂ ᠡᠬᠢ | ᠪᠠᠶᠠᠯᠢᠭ ᠢ ᠲᠥᠪᠯᠡᠷᠡᠬᠦᠯᠦᠨ ᠲᠥᠷᠦᠯ ᠵᠦᠢᠯ ᠢ ᠲᠦᠯᠬᠢᠨ ᠠᠬᠢᠭᠤᠯᠵᠤ᠂ ᠲᠥᠷᠦᠯ ᠵᠦᠢᠯ ᠢ ᠲᠥᠯᠦᠪᠵᠢᠬᠦᠯᠦᠨ | ᠳᠠᠳᠠᠨ ᠣᠷᠤᠭᠤᠯᠬᠤ ᠪᠠᠶᠢᠭᠤᠯᠤᠯᠲᠠ ᠶᠢ ᠬᠦᠴᠦᠳᠡᠢ ᠠᠳᠬᠤᠨ᠂ ᠨᠡᠶᠢᠭᠡᠮ ᠠᠵᠤ ᠠᠬᠤᠢ ᠶᠢᠨ ᠴᠢᠨᠠᠷ ᠰᠠᠶᠢᠲᠠᠢ | ᠬᠦᠭᠵᠢᠯᠲᠡ ᠶᠢᠨ ᠰᠠᠭᠤᠷᠢ ᠶᠢ ᠪᠠᠬᠢᠵᠢᠬᠦᠯᠦᠨ᠎ᠡ᠃ ᠬᠤᠰᠢᠭᠤ ᠱᠠᠲᠤᠨ ᠤ ᠤᠳᠤᠷᠢᠳᠤᠯᠭ᠎ᠠ ᠲᠥᠷᠦᠯ ᠵᠦᠢᠯ ᠢ | ᠲᠦᠯᠬᠢᠨ ᠠᠬᠢᠭᠤᠯᠬᠤ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠣᠭᠲᠠᠭᠠᠵᠤ᠂ ᠪᠠᠶᠢᠩᠭᠤᠵᠢᠭᠰᠠᠨ ᠵᠤᠬᠢᠴᠠᠭᠤᠯᠬᠤ | ᠲᠤᠭᠲᠠᠴᠠ ᠶᠢ ᠲᠡᠭᠦᠯᠳᠡᠷᠵᠢᠭᠦᠯᠦᠨ᠂ ︽ᠭᠤᠣᠯᠳᠠᠯᠭ᠎ᠠ ᠲᠠᠢ ᠲᠥᠷᠦᠯ ᠵᠦᠢᠯ ᠢ ᠲᠥᠪᠯᠡᠷᠡᠭᠦᠯᠦᠨ ᠬᠢᠨᠠᠨ | ᠵᠥᠪᠰᠢᠶᠡᠷᠡᠬᠦ ᠰᠠᠷ᠎ᠠ︾ ᠶᠢᠨ ᠠᠵᠢᠯᠯᠠᠭ᠎ᠠ ᠶᠢ ᠰᠠᠶᠢᠲᠤᠷ ᠥᠷᠨᠢᠬᠦᠯᠦᠨ᠂ ᠡᠨᠧᠷᠭᠢ᠂ ᠭᠠᠵᠠᠷ ᠰᠢᠷᠤᠢ᠂ ᠣᠰᠣᠨ ᠤ | ᠡᠬᠢ ᠪᠠᠶᠠᠯᠢᠭ᠂ ᠣᠷᠴᠢᠨ ᠲᠣᠭᠤᠷᠢᠨ ᠤ ᠬᠠᠮᠠᠭᠠᠯᠠᠯᠲᠠ᠂ ᠴᠠᠬᠢᠯᠭᠠᠨ ᠬᠦᠴᠦᠨ ᠵᠡᠷᠭᠡ ᠪᠠᠳᠤᠯᠠᠭ᠎ᠠ ᠶᠢᠨ ᠴᠢᠨᠠᠷᠲᠠᠢ | ᠡᠯᠧᠮᠧᠨ᠋ᠲ ᠢ ᠪᠤᠳᠠᠳᠠᠢ ᠨᠠᠶᠢᠳᠠᠪᠦᠷᠢᠵᠢᠭᠤᠯᠵᠤ᠂ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ | ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ 41 ᠭᠤᠣᠯᠳᠠᠯᠭ᠎ᠠ ᠲᠠᠢ | ᠲᠥᠷᠦᠯ ᠵᠦᠢᠯ ᠢ ᠠᠰᠢᠭᠯᠠᠯᠲᠠ ᠳᠤ ᠣᠷᠤᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠤᠯᠤᠰ | ᠂ ᠣᠷᠣᠨ ᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠰᠠᠶᠢᠲᠤᠷ ᠠᠳᠬᠤᠨ᠂ ᠰᠠᠭᠤᠷᠢ ᠲᠦᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠪᠠ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠲᠠᠯ᠎ᠠ ᠪᠠᠷ ᠬᠢ ᠠᠰᠠᠭᠤᠳᠠᠯ ᠢ | ᠡᠮᠬᠢᠳᠭᠡᠨ ᠭᠠᠷᠭᠠᠵᠤ᠂ ᠳᠡᠭᠡᠷ᠎ᠡ ᠱᠠᠳᠤᠨ ᠠᠴᠠ ᠨᠢᠭᠡ ᠪᠦᠯᠦᠭ ᠰᠠᠭᠤᠷᠢ ᠶᠢ ᠪᠠᠬᠢᠵᠢᠬᠦᠯᠬᠦ ᠪᠦᠭᠡᠳ ᠠᠯᠤᠰ | ᠬᠡᠲᠦ ᠶᠢᠨ ᠠᠴᠢ ᠬᠤᠯᠪᠣᠭᠳᠠᠯ ᠲᠠᠢ ᠲᠥᠷᠥᠯ ᠵᠦᠢᠯ ᠢ ᠢᠳᠡᠪᠬᠢᠳᠡᠢ ᠡᠷᠡᠮᠡᠯᠵᠡᠯᠡᠨ᠂ ᠲᠤᠳᠠᠭᠤᠳᠠᠯ ᠢᠶᠠᠨ | ᠨᠦᠬᠦᠪᠦᠷᠢᠯᠡᠨ᠂ ᠪᠠᠭᠤᠷᠠᠢ ᠲᠠᠯ᠎ᠠ ᠪᠠᠨ ᠬᠦᠴᠦᠷᠭᠡᠭᠵᠢᠬᠦᠯᠵᠦ᠂ ᠪᠦᠬᠦ ᠬᠤᠰᠢᠭᠤᠨ ᠤ ᠰᠠᠭᠤᠷᠢ ᠲᠦᠬᠦᠭᠡᠷᠦᠮᠵᠢ ᠶᠢᠨ | ᠨᠦᠬᠦᠴᠡᠯ ᠢ ᠪᠦᠳᠦᠮᠵᠢᠳᠡᠢ ᠰᠠᠶᠢᠵᠢᠷᠠᠭᠤᠯᠤᠨ᠂ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠴᠢᠨᠠᠷ ᠰᠠᠶᠢᠲᠠᠢ᠂ | ᠦᠷᠬᠦᠯᠵᠢᠯᠡᠬᠦᠶᠢᠴᠡ ᠬᠦᠭᠵᠢᠯᠲᠡ ᠶᠢ ᠲᠦᠯᠬᠢᠨ ᠠᠬᠢᠭᠤᠯᠤᠨ᠎ᠠ᠃ ᠵᠠᠰᠠᠭ ᠤᠨ ᠣᠷᠳᠣᠨ ᠤ ᠪᠡᠯᠡ ᠤᠷᠤᠭᠤᠯᠤᠭᠰᠠᠨ | ᠲᠥᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠦᠷᠬᠦᠯᠵᠢᠯᠡᠨ ᠰᠠᠶᠢᠳᠤᠷ ᠬᠢᠵᠤ᠂ ᠲᠠᠭᠠᠭᠠᠴᠢᠯᠠᠯᠲᠠ | ᠵᠠᠷᠯᠠᠬᠤ ᠲᠠᠭᠠᠭᠠᠴᠢᠯᠠᠯᠲᠠ ᠬᠢᠬᠦ ᠨᠦᠬᠦᠴᠡᠯ ᠢ ᠪᠦᠷᠢᠯᠳᠦᠬᠦᠯᠦᠨ᠂ ᠪᠡᠯᠡ ᠮᠦᠩᠭᠦ ᠪᠡᠯᠡᠨ ᠪᠠᠶᠢᠬᠤ ᠲᠥᠷᠦᠯ ᠵᠦᠢᠯ ᠤᠨ | ᠳᠠᠭᠠᠭᠠᠴᠢᠯᠠᠯᠲᠠ ᠵᠠᠷᠯᠠᠨ᠂ ᠡᠷᠳᠡᠭᠡᠨ ᠠᠵᠢᠯ ᠡᠬᠢᠯᠡᠬᠦᠯᠵᠦ᠂ ᠠᠰᠢᠭᠯᠠᠯᠲᠠ ᠳᠤ ᠣᠷᠤᠭᠤᠯᠬᠤ ᠶᠢ ᠪᠠᠳᠤᠯᠠᠨ᠎ᠠ᠃ | ᠬᠤᠳᠠᠯᠳᠤᠭᠠᠴᠢᠨ ᠤᠷᠢᠵᠤ ᠪᠡᠯᠡ ᠲᠠᠳᠠᠬᠤ ᠪᠠ ᠭᠠᠳᠠᠭᠠᠳᠤ ᠨᠡᠭᠡᠭᠡᠯᠲᠡ ᠬᠢᠬᠦ ᠶᠢ ᠥᠷᠭᠡᠳᠬᠡᠨ᠎ᠡ᠃ | ᠬᠤᠳᠠᠯᠳᠤᠭᠠᠴᠢᠨ ᠤᠷᠢᠵᠤ ᠪᠡᠯᠡ ᠳᠠᠳᠠᠬᠤ ᠶᠢ ᠤᠳᠤᠬᠠᠨ ᠤ ᠬᠦᠭᠵᠢᠯᠲᠡ ᠶᠢᠨ ᠴᠢᠬᠤᠯᠠ ᠭᠠᠷᠳᠠᠴᠠ ᠪᠠ | ᠦᠷᠬᠦᠯᠵᠢᠯᠡᠬᠦᠶᠢᠴᠡ ᠬᠦᠭᠵᠢᠯᠲᠡ ᠶᠢᠨ ᠵᠠᠩᠬᠢᠯᠠᠭ᠎ᠠ ᠪᠣᠯᠭᠠᠵᠤ᠂ ︽ᠬᠦᠮᠦᠨ ᠪᠦᠬᠦᠨ ᠬᠤᠳᠠᠯᠳᠤᠭᠠᠴᠢᠨ ᠣᠷᠢᠬᠤ︾ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠂ ᠲᠡᠭᠡᠳᠦ ᠱᠠᠳᠣᠨ ᠤ ᠠᠵᠤ ᠦᠢᠯᠡᠰ ᠤᠨ ᠲᠥᠷᠦ ᠶᠢᠨ | ᠪᠤᠳᠣᠯᠭ᠎ᠠ᠂ ᠨᠤᠲᠤᠭ ᠣᠷᠤᠨ ᠤ ᠪᠠᠶᠢᠳᠠᠯ ᠪᠠ ᠵᠠᠬ᠎ᠠ ᠳᠡᠯᠭᠡᠬᠦᠷ ᠤᠨ ᠬᠡᠷᠡᠭᠴᠡᠭᠡ ᠱᠠᠭᠠᠷᠳᠠᠯᠭ᠎ᠠ ᠶᠢ ᠬᠦᠨᠵᠡᠭᠡᠢ | ᠰᠤᠳᠤᠯᠵᠤ᠂ ︽ᠲᠠᠪᠠᠭᠤᠯᠢᠭ ᠨᠦᠬᠦᠴᠡᠯ ᠳᠤ ᠰᠠᠭᠤᠷᠢᠯᠠᠨ᠂ ᠦᠷᠢᠰᠦᠯᠳᠦᠭᠡᠨ ᠢ ᠤᠨᠳᠤᠤᠰᠢᠭᠤᠯᠵᠤ᠂ ᠪᠠᠶᠢᠷᠢ | ᠰᠣᠯᠢᠪᠴᠠᠭᠤᠯᠤᠨ ᠬᠦᠭᠵᠢᠬᠦᠯᠬᠦ︾ ᠵᠠᠷᠴᠢᠮ ᠢ ᠪᠠᠷᠢᠮᠲᠠᠯᠠᠵᠤ᠂ ᠬᠤᠳᠠᠯᠳᠤᠭᠠᠴᠢᠨ ᠤᠷᠢᠵᠤ ᠪᠡᠯᠡ ᠳᠠᠲᠠᠬᠤ ᠲᠥᠷᠦᠯ | ᠵᠦᠢᠯ ᠤᠨ ᠬᠦᠮᠦᠷᠭᠡ ᠶᠢ ᠲᠡᠬᠦᠯᠳᠡᠷᠵᠢᠬᠦᠯᠦᠨ᠂ ᠬᠤᠳᠠᠯᠳᠤᠭᠠᠴᠢᠨ ᠤᠷᠢᠬᠤ ᠬᠠᠷᠠᠯᠲᠠ ᠲᠠᠢ ᠠᠵᠤ ᠠᠬᠤᠶᠢᠯᠠᠯ ᠢ | ᠪᠠᠶᠢᠷᠢ ᠲᠤᠭᠲᠠᠭᠠᠵᠤ᠂ ᠬᠤᠳᠠᠯᠳᠤᠭ᠎ᠠ ᠪᠠᠷ ᠬᠤᠳᠠᠯᠳᠤᠭᠠᠴᠢᠨ ᠣᠷᠢᠬᠤ᠂ ᠴᠢᠭᠯᠡᠯ ᠲᠣᠭᠲᠠᠭᠠᠨ ᠬᠤᠳᠠᠯᠳᠤᠭᠠᠴᠢᠨ | ᠤᠷᠢᠬᠤ ᠵᠡᠷᠭᠡ ᠠᠷᠭ᠎ᠠ ᠠᠪᠴᠠᠯ ᠢᠶᠠᠷ ᠣᠯᠠᠨ ᠲᠥᠮᠡᠨ ᠤ ᠬᠦᠴᠦ ᠪᠠᠨ ᠬᠠᠮᠳᠤᠳᠬᠠᠨ ᠬᠤᠳᠠᠯᠳᠤᠭᠠᠴᠢᠨ ᠤᠷᠢᠵᠤ | ᠪᠡᠯᠡ ᠲᠠᠳᠠᠬᠤ ᠠᠵᠢᠯ ᠢ ᠲᠦᠯᠬᠢᠨ ᠠᠬᠢᠭᠤᠯᠤᠨ᠎ᠠ᠃ ᠪᠦᠸᠧᠬᠠᠢ ᠲᠠᠩᠭᠢᠰ ᠢ ᠲᠤᠭᠤᠷᠢᠭᠰᠠᠨ ᠠᠵᠤ ᠠᠬᠤᠢ ᠶᠢᠨ | ᠲᠣᠭᠤᠷᠢᠭ᠂ ᠡᠷᠢᠶᠡᠨ ᠬᠤᠲᠠ ᠶᠢᠨ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠦᠭᠵᠢᠬᠦᠯᠬᠦ ᠨᠡᠭᠡᠭᠡᠯᠲᠡ ᠶᠢᠨ | ᠲᠤᠷᠰᠢᠯᠲᠠ ᠶᠢᠨ ᠲᠣᠭᠤᠷᠢᠭ ᠪᠠ ᠤᠯᠠᠭᠠᠨᠴᠠᠪ ᠬᠤᠲᠠ ᠶᠢᠨ ᠨᠡᠭᠡᠭᠡᠨ ᠬᠦᠭᠵᠢᠬᠦᠯᠬᠦ ᠨᠡᠭᠡᠭᠡᠯᠲᠡ ᠶᠢᠨ ᠣᠷᠣᠨ ᠯᠤᠭ᠎ᠠ | ᠶᠢᠨ ᠢᠳᠡᠪᠬᠢᠳᠡᠢ ᠠᠭᠤᠰᠤᠯᠴᠠᠭ᠎ᠠ ᠶᠢ ᠲᠦᠷᠭᠡᠳᠬᠡᠵᠦ᠂ ᠲᠡᠷᠢᠭᠦᠨ ᠤ ᠠᠵᠤ ᠦᠢᠯᠡᠰ ᠤᠨ ᠰᠢᠯᠵᠢᠯᠲᠡ ᠶᠢ | ᠢᠳᠡᠪᠬᠢᠲᠡᠢ ᠪᠠᠷ ᠬᠦᠯᠢᠶᠡᠨ ᠠᠪᠴᠤ᠂ ᠠᠵᠤ ᠦᠢᠯᠡᠰ ᠤᠨ ᠬᠡᠯᠬᠢᠶᠡᠵᠢᠯ᠂ ᠬᠠᠩᠭᠠᠯᠭ᠎ᠠ ᠶᠢᠨ ᠬᠡᠯᠬᠢᠶᠡᠵᠢᠯ᠂ | ᠥᠷᠲᠡᠭ ᠤᠨ ᠬᠡᠯᠬᠢᠶᠡᠵᠢᠯ ᠢ ᠪᠡᠭᠡᠵᠢᠩ ᠲᠢᠶᠠᠨᠵᠢᠨ ᠾᠧᠪᠧᠶ ᠶᠢᠨ ᠲᠣᠮᠣ ᠵᠠᠬ᠎ᠠ ᠳᠡᠯᠭᠡᠭᠦᠷ ᠲᠠᠢ ᠪᠦᠬᠦ ᠲᠠᠯ᠎ᠠ ᠪᠠᠷ | ᠵᠤᠯᠭᠠᠭᠤᠯᠤᠨ᠂ ᠬᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ | ᠬᠦᠭᠵᠢᠯᠲᠡ ᠳᠤ ᠨᠡᠩ ᠰᠠᠶᠢᠨ ᠦᠢᠯᠡᠴᠢᠯᠡᠬᠦ ᠪᠠ ᠠᠭᠤᠰᠤᠯᠴᠠᠨ ᠬᠦᠭᠵᠢᠯᠬᠦ ᠶᠢ ᠪᠡᠶᠡᠯᠡᠬᠦᠯᠦᠨ᠎ᠡ᠃ | ᠡᠯ᠎ᠡ ᠵᠦᠢᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠨ᠎ᠡ᠃ ᠣᠯᠠᠨ ᠲᠠᠯ᠎ᠠ ᠪᠠᠷ ᠪᠠᠯᠠ ᠮᠥᠩᠭᠦ ᠢᠳᠡᠪᠬᠢᠳᠡᠢ | ᠨᠦᠬᠦᠪᠦᠷᠢᠯᠡᠨ᠂ ᠪᠦᠬᠦ ᠵᠢᠯ ᠤᠨ ᠥᠷᠢ ᠥᠭᠴᠡᠭᠡ ᠶᠢ ᠴᠠᠶᠢᠷᠠᠭᠤᠯᠬᠤ ᠡᠭᠦᠷᠭᠡ ᠶᠢ ᠰᠠᠶᠢᠲᠤᠷ ᠪᠡᠶᠡᠯᠡᠭᠦᠯᠵᠦ᠂ | ᠠᠷᠪᠢᠯᠠᠵᠤ ᠭᠠᠮᠨᠠᠬᠤ ᠦᠵᠡᠯ ᠤᠬᠠᠮᠰᠠᠷ ᠢ ᠪᠣᠢ ᠪᠣᠯᠭᠠᠨ᠂ ᠲᠥᠰᠦᠪ ᠤᠨ ᠪᠤᠳᠠᠳᠤ ᠦᠷ᠎ᠡ ᠪᠦᠲᠦᠮᠵᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠱᠠᠭᠠᠷᠳᠠᠯᠭ᠎ᠠ ᠠᠴᠠ ᠭᠠᠳᠠᠨᠠᠬᠢ ᠵᠠᠷᠤᠳᠠᠯ ᠢ ᠪᠠᠭᠠᠰᠬᠠᠨ᠂ ᠰᠢᠨ᠎ᠡ ᠪᠠᠷ ᠨᠡᠮᠡᠭᠳᠡᠬᠦ | ᠵᠠᠷᠤᠳᠠᠯ ᠢ ᠴᠢᠩᠭ᠎ᠠ ᠬᠢᠵᠠᠭᠠᠷᠯᠠᠵᠤ᠂ ᠵᠠᠷᠤᠯᠭ᠎ᠠ ᠶᠢ ᠬᠦᠴᠦᠨ ᠥᠬᠡᠶ ᠪᠣᠯᠭᠠᠵᠤ᠂ ︽ᠭᠤᠷᠪᠠ ᠶᠢ ᠪᠠᠲᠤᠯᠠᠬᠤ︾ | ᠭᠤᠤᠯᠳᠠᠯᠭ᠎ᠠ ᠲᠠᠢ ᠵᠠᠷᠤᠳᠠᠯ ᠢ ᠪᠠᠳᠤᠯᠠᠨ᠎ᠠ᠃ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠠᠷᠠᠳ ᠤᠨ ᠳᠤᠮᠳᠠᠬᠢ ᠪᠡᠯᠡ ᠬᠤᠷᠠᠮᠳᠤᠭᠤᠯᠬᠤ᠂ | P2P ᠵᠡᠷᠭᠡ ᠲᠦᠭᠰᠢᠭᠦᠷᠢ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃ ᠲᠠᠸᠠᠷ ᠤᠨ ᠭᠡᠷ | ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠦᠩᠭᠦᠨ ᠤ ᠬᠢᠨᠠᠨ ᠬᠠᠮᠢᠶᠠᠷᠤᠯᠲᠠ ᠶᠢᠨ ᠰᠢᠰᠲ᠋ᠧᠮ ᠪᠠ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠤᠭᠲᠠᠴᠠ ᠶᠢ ᠲᠡᠭᠦᠯᠳᠡᠷᠵᠢᠭᠦᠯᠵᠦ᠂ ᠰᠦᠯᠵᠢᠶᠡᠨ ᠳᠡᠭᠡᠷ᠎ᠡ ᠭᠡᠷ᠎ᠡ | ᠲᠤᠭᠲᠠᠵᠤ ᠲᠠᠩᠰᠠᠯᠠᠭᠤᠯᠬᠤ ᠶᠢ ᠵᠢᠷᠤᠮᠵᠢᠭᠤᠯᠤᠨ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ | ᠵᠥᠪᠰᠢᠶᠡᠷᠡᠯ ᠢ ᠴᠢᠩᠭ᠎ᠠ ᠡᠵᠡᠮᠳᠡᠨ᠎ᠡ᠃ ᠰᠣᠳᠣᠨ ᠵᠡᠷᠭᠡ ᠰᠠᠭᠤᠭᠠᠯᠢ ᠠᠷᠠᠳ ᠤᠨ ᠲᠤᠭᠤᠷᠢᠭ ᠤᠨ ᠬᠠᠭᠤᠴᠢᠨ ᠭᠡᠷ | ᠪᠠᠶᠢᠰᠢᠩ ᠢ ᠦᠭᠡᠷᠡᠴᠢᠯᠡᠨ ᠵᠠᠰᠠᠬᠤ ᠲᠥᠷᠥᠯ ᠵᠦᠢᠯ ᠳᠤ ᠤᠷᠤᠰᠢᠵᠤ ᠪᠠᠶᠢᠭ᠎ᠠ ᠦᠯᠡᠳᠡᠭᠳᠡᠯ ᠠᠰᠠᠭᠤᠳᠠᠯ ᠢ | ᠰᠢᠢᠳᠪᠦᠷᠢᠯᠡᠨ᠎ᠡ᠃ | ︵ᠭᠤᠷᠪᠠ︶ ᠠᠵᠤ ᠦᠢᠯᠡᠰ ᠤᠨ ᠪᠦᠲᠦᠴᠡ ᠶᠢ ᠰᠢᠯᠢᠳᠡᠭᠵᠢᠬᠦᠯᠬᠦ᠂ ᠠᠵᠤ ᠦᠢᠯᠡᠰ ᠤᠨ ᠬᠡᠯᠬᠢᠶᠡᠵᠢᠯ ᠢ | ᠤᠷᠲᠤᠳᠬᠠᠨ ᠨᠥᠬᠦᠪᠥᠷᠢᠯᠡᠬᠦ ᠶᠢ ᠪᠠᠷᠢᠮᠲᠠᠯᠠᠵᠤ᠂ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ | ᠠᠬᠢᠭᠤᠯᠤᠨ᠎ᠠ᠃ | ᠮᠠᠯ ᠠᠵᠤ ᠠᠬᠤᠢ ᠶᠢᠨ ᠰᠢᠯᠢᠳᠡᠭ ᠴᠢᠨᠠᠷ ᠤᠨ ᠥᠨᠳᠦᠷ ᠪᠦᠳᠦᠮᠵᠢᠲᠦ ᠬᠡᠯᠪᠡᠷᠢ ᠶᠢᠨ ᠬᠤᠪᠢᠷᠠᠭᠤᠯᠤᠯᠲᠠ | ᠶᠢ ᠠᠬᠢᠭᠤᠯᠤᠨ᠎ᠠ᠃ ᠤᠯᠠᠮᠵᠢᠯᠠᠯᠲᠤ ᠴᠠᠭᠠᠨ ᠢᠳᠡᠭᠡᠨ ᠢ ᠠᠵᠤ ᠦᠢᠯᠡᠰᠵᠢᠭᠦᠯᠦᠨ ᠬᠥᠭᠵᠢᠭᠦᠯᠬᠦ ᠲᠥᠷᠥᠯ ᠵᠦᠢᠯ ᠢ | ᠬᠡᠷᠡᠭᠵᠢᠬᠦᠯᠦᠨ᠂ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠤᠨ ᠭᠠᠷ ᠦᠢᠯᠡᠳᠬᠡᠯ ᠤᠨ ᠭᠠᠵᠠᠷ ᠬᠤᠯᠪᠤᠭᠠᠯᠠᠨ | ᠡᠵᠡᠩᠨᠡᠬᠦ ᠵᠠᠭᠪᠤᠷ ᠢ ᠴᠢᠩᠭᠠᠳᠬᠠᠵᠤ᠂ ᠰᠠᠭᠠᠯᠢ ᠶᠢᠨ ᠦᠨᠢᠶᠡᠨ ᠤ ᠳᠤᠮᠳᠠ ᠵᠢᠵᠢᠭ ᠬᠡᠪᠴᠢᠶᠡᠵᠢᠭᠰᠡᠨ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠂ ᠰᠠᠭᠠᠯᠢ ᠶᠢᠨ ᠦᠨᠢᠶᠡᠨ ᠤ | ᠲᠥᠪᠯᠡᠷᠡᠭᠦᠯᠦᠨ ᠲᠡᠵᠢᠭᠡᠨ ᠦᠷᠡᠵᠢᠭᠦᠯᠬᠦ ᠲᠠᠯᠠᠪᠠᠶ ᠶᠢ ᠰᠢᠨ᠎ᠡ ᠪᠠᠷ ᠪᠠᠶᠢᠭᠤᠯᠵᠤ᠂ SC ᠭᠡᠷᠡᠴᠢᠯᠡᠯ ᠲᠠᠢ | ᠦᠢᠯᠡᠳᠭᠡᠯ ᠤᠨ ᠲᠠᠰᠤᠭ ᠪᠠ ᠬᠦᠢᠲᠡᠨ ᠬᠥᠮᠥᠷᠭᠡ ᠶᠢᠨ ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠬᠦᠯᠦᠨ᠂ | ᠦᠨᠳᠦᠰᠦᠳᠡᠨ ᠤ ᠤᠯᠠᠮᠵᠢᠯᠠᠯᠲᠤ ᠴᠠᠭᠠᠨ ᠢᠳᠡᠭᠡᠨ ᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠬᠦᠯᠵᠦ᠂ ︽ᠰᠢᠯᠢ ᠶᠢᠨ ᠭᠤᠣᠯ ᠤᠨ ᠴᠠᠭᠠᠨ ᠢᠳᠡᠭᠡᠨ︾ ᠤ ᠨᠡᠷ᠎ᠡ ᠲᠡᠮᠳᠡᠭ ᠢ | ᠦᠷᠬᠦᠯᠵᠢᠯᠡᠨ ᠡᠬᠦᠳᠴᠦ᠂ ︽ᠴᠠᠭᠠᠨ ᠢᠳᠡᠭᠡᠨ ᠤ ᠨᠤᠲᠤᠭ︾ ᠤᠨ ᠠᠯᠳᠠᠷᠰᠢᠯ ᠢ ᠨᠡᠮᠡᠭᠳᠡᠬᠦᠯᠦᠨ᠎ᠡ᠃ ︽ᠬᠤᠨᠢ ᠶᠢ | ᠴᠦᠭᠡᠴᠢᠯᠡᠨ᠂ ᠦᠬᠡᠷ ᠢ ᠨᠡᠮᠡᠭᠳᠡᠬᠦᠯᠬᠦ᠂ ᠴᠢᠨᠠᠷ ᠢ ᠳᠡᠭᠡᠭᠰᠢᠯᠡᠭᠦᠯᠦᠨ᠂ ᠣᠷᠣᠯᠭ᠎ᠠ ᠶᠢ ᠨᠡᠮᠡᠭᠳᠡᠭᠦᠯᠬᠦ︾ ᠮᠠᠯ | ᠲᠡᠵᠢᠭᠡᠪᠦᠷᠢ ᠶᠢᠨ ᠪᠦᠲᠦᠴᠡ ᠶᠢ ᠰᠢᠯᠢᠳᠡᠭᠵᠢᠬᠦᠯᠵᠦ᠂ ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ ᠮᠧᠬᠠᠨᠢᠭᠵᠢᠭᠰᠠᠨ᠂ | ᠣᠶᠤᠨᠴᠢᠯᠠᠭᠰᠠᠨ ᠮᠠᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠠᠶᠢᠮᠠᠭ ᠤᠨ | ᠳᠣᠲᠣᠷ᠎ᠠ ᠪᠠᠨ ᠰᠢᠯᠢᠳᠡᠭ ᠡᠬᠦᠯᠳᠡᠷ ᠢ ᠲᠣᠬᠢᠷᠠᠭᠤᠯᠬᠤ᠂ ᠪᠠᠭᠤᠷᠠᠢ ᠶᠢ ᠲᠠᠶᠠᠭᠳᠠᠬᠤ ᠪᠠ ᠡᠬᠦᠯᠳᠡᠷ | ᠰᠠᠶᠢᠵᠢᠷᠠᠭᠤᠯᠬᠤ ᠶᠢ ᠪᠠᠷᠢᠮᠲᠠᠯᠠᠨ᠂ ᠪᠠᠷᠢᠮᠵᠢᠶᠠᠨ ᠳᠤ ᠨᠡᠶᠢᠴᠡᠭᠰᠡᠨ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠶ | ᠂ ᠭᠡᠷ ᠪᠦᠯᠢ ᠶᠢᠨ ᠮᠠᠯᠵᠢᠯ ᠤᠨ ᠲᠠᠯᠠᠪᠠᠶ ᠪᠠ ᠰᠢᠯᠢᠳᠡᠭ ᠡᠬᠦᠯᠳᠡᠷ ᠢ ᠪᠤᠶᠢᠵᠢᠭᠤᠯᠬᠤ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠮᠢᠬᠠᠨ ᠤ ᠦᠬᠡᠷ ᠤᠨ ᠪᠠᠷᠢᠮᠵᠢᠶᠠᠵᠢᠭᠰᠠᠨ ᠲᠡᠵᠢᠭᠡᠨ ᠦᠷᠡᠵᠢᠬᠦᠯᠬᠦ | ᠬᠠᠮᠢᠶᠠᠷᠤᠯᠲᠠ ᠶᠢᠨ ᠮᠡᠷᠭᠡᠵᠢᠯ ᠢ ᠲᠦᠭᠡᠮᠡᠯᠵᠢᠬᠦᠯᠦᠨ᠂ ᠮᠢᠬᠠᠨ ᠤ ᠦᠬᠡᠷ ᠢ ᠲᠥᠪᠯᠡᠷᠡᠭᠦᠯᠦᠨ ᠪᠤᠷᠳᠤᠨ | ᠲᠠᠷᠭᠤᠯᠠᠭᠤᠯᠬᠤ ᠶᠢ ᠵᠣᠷᠢᠭᠵᠢᠭᠤᠯᠤᠨ ᠲᠡᠳᠬᠦᠵᠦ᠂ ᠮᠢᠬᠠᠨ ᠤ ᠦᠬᠡᠷ ᠤᠨ ᠲᠤᠭ᠎ᠠ ᠶᠢ 5 ᠲᠥᠮᠡ ᠤᠷᠴᠢᠮ ᠳᠤ | ᠪᠠᠳᠤᠯᠠᠨ᠎ᠠ᠃ ᠴᠠᠬᠠᠷ ᠬᠤᠨᠢᠨ ᠤ ᠠᠵᠤ ᠦᠢᠯᠡᠰ ᠤᠨ ᠬᠡᠯᠬᠢᠶᠡᠵᠢᠯ ᠢ ᠨᠢᠭᠡ ᠴᠣᠭᠴᠠᠵᠢᠭᠤᠯᠬᠤ ᠲᠥᠷᠥᠯ ᠵᠦᠢᠯ ᠢ | ᠬᠡᠷᠡᠭᠵᠢᠭᠦᠯᠵᠦ᠂ ᠴᠠᠬᠠᠷ ᠬᠤᠨᠢᠨ ᠤ ᠤᠯᠤᠰ ᠤᠨ ᠭᠤᠣᠯᠳᠠᠯᠭᠠᠲᠤ ᠲᠡᠵᠢᠭᠡᠨ ᠦᠷᠡᠵᠢᠬᠦᠯᠬᠦ ᠲᠠᠯᠠᠪᠠᠢ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠴᠡᠪᠡᠷ ᠴᠢᠰᠦᠨ ᠤ ᠴᠠᠬᠠᠷ ᠬᠤᠨᠢ ᠶᠢ ᠪᠤᠶᠢᠵᠢᠭᠤᠯᠬᠤ ᠪᠠ | ᠰᠢᠯᠢᠳᠡᠭᠵᠢᠬᠦᠯᠬᠦ ᠠᠵᠢᠯ ᠢ ᠰᠠᠶᠢᠲᠤᠷ ᠬᠢᠵᠤ᠂ ᠰᠢᠯᠢᠳᠡᠭ ᠦᠷ᠎ᠡ ᠶᠢᠨ ᠮᠠᠯ ᠤᠨ ᠰᠣᠯᠢᠯᠴᠠᠭᠠᠨ ᠤ ᠵᠠᠬ᠎ᠠ | ᠲᠡᠯᠭᠡᠬᠦᠷ ᠤᠨ ᠡᠷᠬᠢᠯᠲᠡ ᠶᠢ ᠴᠢᠩᠭᠠᠳᠬᠠᠨ᠂ ᠮᠠᠯ ᠤᠨ ᠭᠠᠷᠭᠠᠯᠲᠠ ᠶᠢ ᠲᠦᠷᠭᠡᠳᠬᠡᠵᠦ᠂ ᠴᠠᠬᠠᠷ ᠬᠤᠨᠢᠨ ᠤ ᠴᠢᠨᠠᠷ | ᠪᠠ ᠥᠷᠲᠡᠭ ᠢ ᠳᠡᠭᠡᠭᠰᠢᠯᠡᠬᠦᠯᠦᠨ᠎ᠡ᠃ ᠮᠠᠯ ᠤᠨ ᠠᠰᠢᠭ ᠰᠢᠮ᠎ᠡ ᠶᠢ ᠬᠡᠪᠴᠢᠶᠡᠵᠢᠬᠦᠯᠦᠨ ᠪᠤᠯᠪᠠᠰᠤᠷᠠᠭᠤᠯᠬᠤ ᠲᠥᠷᠥᠯ | ᠵᠦᠢᠯ ᠢ ᠡᠬᠦᠳᠬᠦ ᠪᠠ ᠲᠡᠳᠡᠨ ᠣᠷᠣᠭᠤᠯᠵᠤ᠂ ᠮᠠᠯ ᠤᠨ ᠠᠰᠢᠭ ᠰᠢᠮ᠎ᠡ ᠶᠢ ᠲᠤᠬᠠᠢ ᠶᠢᠨ ᠭᠠᠵᠠᠷ ᠲᠤᠨᠢ ᠡᠳ᠋ᠰᠢᠬᠦᠯᠦᠨ | ᠪᠤᠯᠪᠠᠰᠤᠷᠠᠭᠤᠯᠬᠤ ᠨᠣᠷᠮ᠎ᠠ ᠶᠢ ᠲᠡᠭᠡᠭᠰᠢᠯᠡᠬᠦᠯᠦᠨ᠂ ᠮᠠᠯ ᠤᠨ ᠠᠰᠢᠭ ᠰᠢᠮ᠎ᠡ ᠶᠢᠨ ᠨᠡᠮᠡᠯᠲᠡ ᠥᠷᠲᠡᠭ ᠢ | ᠨᠡᠮᠡᠭᠳᠡᠬᠦᠯᠦᠨ᠎ᠡ᠃ | ᠠᠵᠤ ᠦᠢᠯᠡᠳᠪᠦᠷᠢ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠲᠡᠪᠰᠢᠬᠦ ᠶᠢ | ᠲᠦᠷᠭᠡᠳᠬᠡᠨ᠎ᠡ᠃ ᠵᠢᠩ ᠨᠸᠡᠭ ᠤᠨ 10 ᠲᠦᠮᠡᠨ ᠺᠢᠯᠤᠸᠠᠲ ᠤᠨ ᠰᠠᠯᠬᠢ ᠴᠠᠬᠢᠯᠭᠠᠨ ᠤ ᠲᠦᠷᠥᠯ ᠵᠦᠢᠯ ᠢ ᠵᠢᠯ ᠤᠨ | ᠳᠤᠳᠤᠷ᠎ᠠ ᠲᠤᠤᠷ ᠲᠤ ᠨᠡᠶᠢᠯᠡᠬᠦᠯᠦᠨ ᠴᠠᠬᠢᠯᠭᠠᠨ ᠭᠠᠷᠭᠠᠵᠤ᠂ ᠰᠢᠨ᠎ᠡ ᠡᠨᠧᠷᠭᠢ ᠶᠢᠨ ᠲᠥᠷᠦᠯ ᠵᠦᠢᠯ ᠤᠨ | ᠲᠣᠭᠲᠠᠭᠤᠨ ᠦᠢᠯᠡᠳᠪᠦᠷᠢᠯᠡᠯ ᠢ ᠪᠠᠲᠤᠯᠠᠵᠤ᠂ 18.9 ᠳ᠋ᠦᠩᠰᠢᠭᠤᠷ ᠺᠢᠯᠤᠸᠠᠲ ᠴᠠᠭ ᠴᠠᠬᠢᠯᠭᠠᠨ ᠭᠠᠷᠭᠠᠨ᠎ᠠ᠃ | ᠣᠨᠴᠠ ᠥᠨᠳᠦᠷ ᠬᠦᠴᠦᠳᠡᠯᠳᠦ ᠰᠠᠯᠬᠢ ᠴᠠᠬᠢᠯᠭᠠᠨ ᠪᠠ ᠮᠧᠩ ᠱᠢ ᠴᠠᠬᠢᠯᠭᠠᠨ ᠬᠦᠴᠦᠨ ᠤ ᠰᠢᠨ᠎ᠡ ᠡᠨᠧᠷᠬᠢ ᠤᠨ | ᠲᠥᠷᠦᠯ ᠵᠦᠢᠯ ᠢ ᠢᠳᠡᠪᠬᠢᠳᠡᠢ ᠡᠷᠡᠮᠡᠯᠵᠡᠯᠡᠨ ᠣᠯᠣᠨ᠎ᠠ᠃ ᠳ᠋ᠦᠩ ᠯᠢᠨ ᠺᠣᠮᠫᠠᠨᠢ ᠶᠢᠨ ᠤᠶᠤᠨᠴᠢᠯᠠᠭᠰᠠᠨ ᠠᠭᠤᠷᠬᠠᠢ | ᠮᠠᠯᠲᠠᠬᠤ ᠲᠥᠷᠦᠯ ᠵᠦᠢᠯ ᠢ ᠠᠬᠢᠭᠤᠯᠵᠤ᠂ ᠨᠡᠭᠦᠷᠡᠰᠦᠨ ᠠᠭᠤᠷᠬᠠᠢ ᠶᠢᠨ ᠲᠣᠭᠲᠠᠭᠤᠨ ᠬᠦᠭᠵᠢᠯᠲᠡ ᠶᠢ ᠪᠠᠳᠤᠯᠠᠨ᠂ | 60 ᠲᠦᠮᠡᠨ ᠲᠣᠨ ᠨᠡᠭᠦᠷᠡᠰᠦ ᠦᠢᠯᠡᠳᠪᠦᠷᠢᠯᠡᠨ᠎ᠡ᠃ ᠴᠢᠯᠠᠭᠤᠨ ᠮᠠᠲ᠋ᠧᠷᠢᠶᠠᠯ ᠤᠨ ᠠᠭᠤᠷᠬᠠᠶ ᠶᠢᠨ ᠡᠬᠢ ᠪᠠᠶᠠᠯᠢᠭ ᠢ | ᠴᠣᠮᠬᠠᠳᠬᠠᠨ ᠨᠡᠶᠢᠯᠡᠬᠦᠯᠬᠦ ᠶᠢ ᠠᠬᠢᠭᠤᠯᠵᠤ᠂ ᠲᠠᠩ ᠴᠤᠭᠴᠠᠳᠤ ᠠᠭᠤᠷᠬᠠᠢ ᠶᠢᠨ ᠦᠢᠯᠡᠰ ᠤᠨ ᠮᠠᠯᠳᠠᠵᠤ ᠨᠡᠭᠡᠭᠡᠬᠦ | ᠬᠡᠪᠴᠢᠶᠡᠵᠢᠯ ᠢ ᠲᠡᠭᠡᠭᠰᠢᠯᠡᠬᠦᠯᠦᠨ᠂ ᠠᠭᠤᠷᠬᠠᠢ ᠮᠠᠯᠳᠠᠬᠤ ᠬᠠᠮᠤᠭ ᠤᠨ ᠪᠠᠭ᠎ᠠ ᠬᠡᠪᠴᠢᠶᠡᠵᠢᠯ ᠳᠤ ᠬᠦᠷᠴᠦ ᠲᠡᠶᠢᠯᠬᠦ | ᠦᠭᠡᠢ ᠠᠭᠤᠷᠬᠠᠢ ᠶᠢᠨ ᠦᠢᠯᠡᠰ ᠢ ᠬᠠᠤᠯᠢ ᠶᠤᠰᠤᠭᠠᠷ ᠵᠤᠭᠰᠤᠭᠠᠨ᠂ ᠭᠠᠵᠠᠷ ᠨᠤᠲᠤᠭ ᠲᠡᠭᠡᠷ᠎ᠡ ᠲᠠᠬᠢᠵᠤ ᠰᠢᠨ᠎ᠡ ᠪᠠᠷ | ᠵᠠᠳᠠᠭᠠᠢ ᠠᠭᠤᠷᠬᠠᠢ ᠨᠡᠭᠡᠭᠡᠬᠦ ᠦᠭᠡᠢ ᠪᠠᠶᠢᠬᠤ ᠶᠢ ᠪᠠᠳᠤᠯᠠᠨ᠎ᠠ᠃ ᠴᠢᠯᠠᠭᠤᠨ ᠮᠠᠲ᠋ᠧᠷᠢᠶᠠᠯ ᠡᠳ᠋ᠰᠢᠬᠦᠯᠬᠦ | ᠦᠢᠯᠡᠳᠪᠦᠷᠢᠯᠡᠯ ᠤᠨ ︽ᠪᠠᠭ᠎ᠠ᠂ ᠠᠪᠰᠠᠷᠬᠠᠨ᠂ ᠰᠢᠨ᠎ᠡ︾ ᠬᠦᠭᠵᠢᠯᠲᠡ ᠶᠢ ᠠᠬᠢᠭᠤᠯᠤᠨ᠂ ᠮᠧᠩ ᠱᠢ ᠺᠤᠮᠫᠠᠨᠢ ᠪᠠ | ᠴᠢᠯᠠᠭᠤᠨ ᠮᠠᠲ᠋ᠧᠷᠢᠶᠠᠯ ᠤᠨ ᠨᠡᠶᠢᠭᠡᠮᠯᠢᠭ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ︽ᠳᠤᠮᠳᠠᠳᠤ ᠤᠯᠤᠰ ᠤᠨ | ᠤᠮᠠᠷᠠᠲᠤ ᠶᠢᠨ ᠴᠢᠯᠠᠭᠤᠨ ᠮᠠᠲ᠋ᠧᠷᠢᠶᠠᠯ ᠤᠨ ᠨᠤᠲᠤᠭ︾ ᠤᠨ ᠨᠡᠷ᠎ᠡ ᠲᠡᠮᠳᠡᠭ ᠢ ᠲᠠᠰᠤᠷᠠᠯᠲᠠ ᠦᠭᠡᠢ | ᠬᠦᠴᠦᠷᠭᠡᠭᠵᠢᠬᠦᠯᠦᠨ ᠪᠤᠵᠠᠭᠠᠶᠢᠷᠠᠭᠤᠯᠵᠤ᠂ ᠪᠥᠬᠦ ᠵᠢᠯ ᠳᠤ 310 ᠲᠦᠮᠡᠨ ᠲᠡᠭᠰᠢ ᠳᠥᠷᠪᠡᠯᠵᠢᠨ ᠮᠧᠲᠷ | ᠬᠠᠪᠳᠠᠰᠤᠨ ᠮᠠᠲ᠋ᠧᠷᠢᠶᠠᠯ ᠦᠢᠯᠡᠳᠪᠦᠷᠢᠯᠡᠨ᠎ᠡ᠃ ᠬᠠᠶᠠᠭᠳᠠᠮᠠᠯ ᠲᠣᠰᠣᠨ ᠤ ᠬᠤᠳᠳᠤᠭ ᠵᠢᠴᠢ ᠢᠵᠢ ᠪᠦᠷᠢᠳᠦᠭᠰᠡᠨ | ᠲᠣᠨᠤᠭ ᠲᠥᠬᠦᠭᠡᠷᠦᠮᠵᠢ ᠶᠢ ᠴᠡᠪᠡᠷᠯᠡᠨ ᠠᠷᠢᠯᠭᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ᠂ ᠨᠡᠶᠢᠯᠡᠬᠦᠯᠦᠨ ᠳᠠᠬᠢᠨ ᠪᠠᠶᠢᠭᠤᠯᠬᠤ ᠪᠠ ᠨᠠᠶᠢᠳᠠᠨ ᠬᠠᠮᠢᠶᠠᠷᠤᠭᠤᠯᠬᠤ | ᠠᠷᠭ᠎ᠠ ᠮᠠᠶ᠋ᠢᠭ ᠢᠶᠠᠷ ᠳᠠᠮᠵᠢᠭᠤᠯᠤᠨ ᠡᠬᠢ ᠪᠠᠶᠠᠯᠢᠭ ᠢ ᠨᠢᠭᠡᠳᠬᠡᠬᠦ ᠠᠬᠢᠴᠠ ᠶᠢ ᠲᠦᠷᠭᠡᠳᠬᠡᠵᠦ᠂ ︽ᠵᠢᠵᠢᠭ ᠲᠠᠷᠬᠠᠢ | ᠪᠤᠬᠢᠷᠳᠤᠯ ᠲᠠᠢ︾ ᠪᠠᠶᠢᠳᠠᠯ ᠢ ᠪᠦᠳᠦᠮᠵᠢᠳᠡᠢ ᠬᠤᠪᠢᠷᠠᠭᠤᠯᠤᠨ᠂ ᠪᠤᠳᠠᠳᠤ ᠬᠦᠴᠦᠨ ᠲᠠᠢ ᠴᠢᠯᠠᠭᠤᠨ ᠲᠤᠰᠤ ᠨᠡᠭᠡᠭᠡᠨ | ᠠᠰᠢᠭᠯᠠᠬᠤ ᠠᠵᠤ ᠠᠬᠤᠶᠢᠯᠠᠯ ᠢ ᠳᠠᠲᠠᠨ ᠣᠷᠤᠭᠤᠯᠬᠤ ᠪᠠ ᠪᠠᠶᠢᠭᠤᠯᠬᠤ ᠪᠠᠷ ᠳᠠᠮᠵᠢᠨ᠂ ᠨᠡᠭᠡᠭᠡᠨ ᠠᠰᠢᠭᠯᠠᠬᠤ | ᠣᠷᠤᠭᠤᠯᠤᠯᠲᠠ ᠪᠠᠨ ᠨᠡᠮᠡᠭᠳᠡᠬᠦᠯᠵᠦ᠂ ᠲᠦᠬᠦᠭᠡᠢ ᠲᠤᠰᠣᠨ ᠤ ᠭᠠᠷᠤᠯᠲᠠ ᠶᠢ ᠨᠡᠮᠡᠭᠳᠡᠬᠦᠯᠵᠦ᠂ 5 ᠲᠦᠮᠡᠨ ᠲᠣᠨ | ᠲᠦᠭᠦᠬᠡᠶ ᠲᠣᠰᠣ ᠪᠣᠷᠣᠯᠠᠭᠤᠯᠤᠨ᠎ᠠ᠃ ᠯᠢᠲ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠵᠠᠰᠠᠭ ᠤᠨ | ᠣᠷᠳᠣᠨ ᠤ ᠲᠡᠷᠢᠬᠦᠨ ᠴᠢᠬᠤᠯᠠ ᠲᠥᠷᠦᠯ ᠵᠦᠢᠯ ᠪᠤᠯᠭᠠᠵᠤ᠂ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ | ᠨᠢᠦ᠋ᠪᠢ ᠲᠠᠨᠲ᠋ᠠᠯ ᠤᠨ ᠠᠭᠤᠷᠬᠠᠢ ᠶᠢᠨ ᠮᠠᠯᠲᠠᠵᠤ ᠰᠣᠩᠭᠤᠬᠤ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠬᠤ ᠶᠢ ᠦᠨᠡᠨᠬᠦ ᠪᠠᠲᠤᠯᠠᠨ᠂ ᠬᠤᠩ ᠯᠦᠩ ᠴᠢᠳᠬᠤᠬᠤ ᠦᠢᠯᠡᠰ ᠤᠨ ᠨᠠᠷᠢᠯᠢᠭ ᠲᠤᠨᠤᠭ ᠪᠤᠯᠪᠠᠰᠤᠷᠠᠭᠤᠯᠬᠤ | ᠲᠥᠷᠦᠯ ᠵᠦᠢᠯ ᠢ ᠠᠬᠢᠭᠤᠯᠤᠨ᠎ᠠ᠃ | ᠦᠢᠯᠡᠴᠢᠯᠡᠭᠡᠨ ᠤ ᠦᠢᠯᠡᠰ ᠤᠨ ᠴᠢᠨᠠᠷᠯᠢᠭ ᠬᠦᠭᠵᠢᠯᠲᠡ ᠶᠢ ᠠᠬᠢᠭᠤᠯᠤᠨ᠎ᠠ᠃ ︽ᠲᠦᠮᠡᠨ ᠭᠠᠵᠠᠷ ᠤᠨ | ᠴᠠᠶ ᠶᠢᠨ ᠵᠠᠮ︾᠂ ︽ᠴᠢᠭᠤᠯᠤᠯᠲᠤ ᠬᠠᠭᠠᠯᠭ᠎ᠠ ᠠᠴᠠ ᠶᠡᠭᠡ ᠬᠦᠷᠢᠶ᠎ᠡ ᠬᠦᠷᠬᠦ ᠵᠠᠮ︾᠂ ᠥᠷᠲᠡᠭᠡᠨ ᠰᠤᠶᠤᠯ ᠪᠠ | ᠨᠠᠷᠢᠨ ᠲᠣᠯᠣᠭᠠᠶ ᠶᠢᠨ ᠪᠠᠭᠤᠷᠢ ᠶᠢᠨ ᠠᠭᠤᠯᠬᠤᠨ ᠢ ᠭᠦᠨᠵᠡᠭᠡᠶ ᠠᠭᠤᠳᠠᠯᠯᠠᠵᠤ᠂ ᠬᠠᠶᠠᠩᠬᠢᠷᠸ᠎ᠠ ᠶᠢᠨ ᠦᠵᠡᠮᠵᠢ ᠶᠢᠨ | ᠣᠷᠣᠨ᠂ ᠠᠰᠤᠷᠤ ᠠᠶᠠᠯᠭᠤ ᠶᠢᠨ ᠵᠠᠩ ᠦᠢᠯᠡ ᠶᠢᠨ ᠬᠦᠷᠢᠶᠡᠯᠡᠩ ᠢ ᠰᠢᠯᠢᠳᠡᠭᠵᠢᠬᠦᠯᠦᠨ ᠲᠠᠰ ᠳᠡᠪᠰᠢᠭᠦᠯᠵᠦ᠂ | ᠵᠢᠭᠤᠯᠴᠢᠯᠠᠯ ᠤᠨ ᠦᠢᠯᠡᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠤᠭᠲᠠᠴᠠ ᠶᠢ ᠲᠦᠷᠭᠡᠳᠭᠡᠨ ᠪᠠᠶᠢᠭᠤᠯᠵᠤ᠂ | ᠣᠷᠣᠨ ᠪᠦᠰᠡ ᠶᠢᠨ ᠬᠤᠭᠤᠷᠣᠨᠳᠣᠬᠢ ᠡᠬᠢ ᠪᠠᠶᠠᠯᠢᠭ ᠢ ᠬᠠᠮᠲᠤᠪᠠᠷ ᠡᠳ᠋ᠯᠡᠬᠦ ᠪᠠ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭ᠎ᠠ ᠶᠢ ᠴᠢᠩᠭᠠᠳᠬᠠᠨ᠂ ᠰᠣᠶᠣᠯ ᠰᠤᠷᠭᠠᠨ ᠬᠥᠮᠦᠵᠢᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ | ᠬᠥᠭᠵᠢᠬᠦ ᠶᠢ ᠠᠬᠢᠭᠤᠯᠵᠤ᠂ ︽ᠲᠤᠷᠭᠠᠨ ᠨᠤᠲᠤᠭ ᠬᠥᠪᠡᠭᠡᠲᠦ ᠰᠢᠷ᠎ᠠ᠂ ᠠᠰᠤᠷᠤ ᠠᠶᠠᠯᠭᠤ ᠶᠢᠨ ᠥᠯᠦᠭᠡᠢ︾ ᠶᠢᠨ | ᠰᠣᠶᠣᠯ ᠵᠢᠭᠤᠯᠴᠢᠯᠠᠯ ᠤᠨ ᠨᠡᠷ᠎ᠡ ᠲᠡᠮᠳᠡᠭ ᠢ ᠦᠷᠭᠦᠯᠵᠢᠯᠡᠨ ᠡᠬᠦᠳᠦᠨ᠎ᠡ᠃ ᠡᠯᠧᠺᠲᠷᠣᠨ ᠠᠷᠠᠯᠵᠢᠶ᠎ᠠ | ᠬᠤᠳᠠᠯᠳᠤᠭ᠎ᠠ ᠶᠢ ᠮᠠᠯᠵᠢᠬᠤ ᠣᠷᠣᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤᠨ ᠤ | ᠲᠥᠷᠥᠯ ᠵᠦᠢᠯ ᠢ ᠴᠢᠨᠠᠷᠯᠢᠭ ᠬᠡᠷᠡᠭᠵᠢᠭᠦᠯᠵᠦ᠂ ᠪᠣᠬᠢᠷᠲᠤᠯ ᠥᠬᠡᠶ ᠦᠷ᠎ᠡ ᠪᠦᠳᠦᠮᠵᠢᠳᠡᠢ ᠰᠠᠭᠠᠳ ᠥᠬᠡᠶ ᠨᠡᠪᠲᠡᠷᠡᠬᠦ | ᠤᠳᠤᠬᠢᠴᠢᠯᠠᠭᠰᠠᠨ ᠬᠦᠢᠯᠭᠡᠭᠡᠨ ᠤ ᠲᠤᠭᠲᠠᠴᠠ ᠶᠢ ᠲᠦᠷᠭᠡᠳᠬᠡᠨ ᠪᠠᠶᠢᠭᠤᠯᠵᠤ᠂ ᠣᠷᠤᠨ ᠨᠤᠲᠤᠭ ᠤᠨ ᠤᠨᠴᠠᠯᠢᠭᠲᠤ | ᠪᠦᠳᠦᠭᠡᠭᠳᠡᠬᠦᠨ ᠤ ᠡᠯᠧᠺᠲᠷᠦᠨ ᠠᠷᠠᠯᠵᠢᠶ᠎ᠠ ᠬᠤᠳᠠᠯᠳᠤᠭ᠎ᠠ ᠶᠢ ᠡᠬᠦᠳᠦᠨ ᠬᠦᠭᠵᠢᠬᠦᠯᠵᠦ᠂ ︽ᠪᠦᠬᠦ ᠤᠯᠤᠰ ᠲᠤ | ᠪᠤᠷᠤᠯᠠᠭᠤᠯᠤᠨ᠂ ᠪᠦᠬᠦ ᠤᠯᠤᠰ ᠠᠴᠠ ᠤᠷᠤᠭᠤᠯᠬᠤ︾ ᠴᠢᠭᠯᠡᠯ ᠲᠡᠶᠢᠰᠢ ᠬᠦᠭᠵᠢᠬᠦᠯᠬᠦ ᠪᠠᠷ ᠴᠢᠷᠮᠠᠶᠢᠨ᠎ᠠ᠃ | ᠲᠠᠷᠢᠶᠠᠯᠠᠩ ᠤᠨ ᠵᠠᠬ᠎ᠠ ᠳᠡᠯᠭᠡᠬᠦᠷ ᠢ ᠲᠡᠰ ᠲᠡᠪᠰᠢᠬᠦᠯᠦᠨ ᠦᠭᠡᠷᠡᠴᠢᠯᠡᠬᠦ ᠲᠥᠷᠦᠯ ᠵᠦᠢᠯ ᠠᠵᠢᠯ ᠢ ᠰᠠᠶᠢᠲᠤᠷ | ᠠᠳᠬᠤᠵᠤ᠂ ᠬᠤᠳᠠᠯᠳᠤᠭᠠᠨ ᠤ ᠵᠡᠭᠡᠯᠢ ᠶᠢᠨ ᠬᠥᠭᠵᠢᠯᠲᠡ ᠶᠢ ᠲᠡᠳᠬᠦᠵᠦ᠂ ᠰᠦᠯᠵᠢᠶᠡᠨ ᠳᠡᠭᠡᠷᠡᠬᠢ ᠪᠠ ᠪᠤᠳᠠᠳᠤ | ᠲᠡᠸᠠᠷ ᠤᠨ ᠬᠡᠷᠡᠭᠯᠡᠭᠡᠨ ᠤ ᠠᠭᠤᠰᠤᠯᠴᠠᠯ ᠢ ᠲᠦᠷᠭᠡᠳᠬᠡᠨ᠂ ᠪᠣᠳᠠᠲᠤ ᠲᠠᠸᠠᠷ ᠤᠨ ᠪᠤᠷᠤᠯᠠᠭᠤᠯᠭ᠎ᠠ ᠶᠢ ᠥᠷᠭᠡᠳᠬᠡᠨ᠎ᠡ᠃ | ᠨᠡᠶᠢᠲᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠦᠭᠵᠢᠯᠲᠡ ᠳᠤ ᠲᠦᠰᠢᠭᠯᠡᠨ᠂ ᠠᠭᠠᠷ ᠤᠨ ᠠᠶᠠᠯᠠᠯ ᠤᠨ | ᠰᠤᠷᠭᠠᠭᠤᠯᠢ ᠶᠢᠨ ᠪᠤᠯᠪᠠᠰᠤᠷᠠᠯ᠂ ᠨᠢᠰᠦᠯᠲᠡ ᠶᠢᠨ ᠪᠣᠯᠪᠠᠰᠤᠷᠠᠯ᠂ ᠨᠢᠰᠦᠯᠲᠡ ᠶᠢ ᠪᠡᠶᠡᠴᠢᠯᠡᠨ ᠣᠶᠢᠯᠠᠭᠠᠬᠤ ᠵᠡᠷᠭᠡ | ᠨᠡᠶᠢᠳᠡᠮ ᠬᠡᠷᠡᠭᠯᠡᠬᠦ ᠠᠭᠠᠷ ᠤᠨ ᠠᠶᠠᠯᠠᠯ ᠤᠨ ᠠᠵᠤ ᠦᠢᠯᠡᠰ ᠢ ᠢᠳᠡᠪᠬᠢᠲᠡᠢ ᠬᠥᠭᠵᠢᠭᠦᠯᠦᠨ᠎ᠡ᠃ ᠲᠣᠭᠠᠴᠢᠯᠠᠭᠰᠠᠨ | ᠠᠵᠤ ᠠᠬᠤᠶ᠂ ᠶᠠᠰᠤ ᠴᠢᠨᠠᠷ ᠤᠨ ᠰᠢᠯᠭᠠᠨ ᠪᠠᠶᠢᠴᠠᠭᠠᠯᠲᠠ᠂ ᠡᠷᠡᠬᠦᠯᠵᠢᠯ ᠪᠡᠶ᠎ᠡ ᠰᠤᠪᠢᠯᠠᠯᠲᠠ ᠵᠡᠷᠭᠡ ᠳᠡᠭᠡᠳᠦ | ᠲᠠᠰ ᠤᠨ ᠦᠢᠯᠡᠴᠢᠯᠡᠭᠡᠨ ᠤ ᠦᠢᠯᠡᠰ ᠢ ᠢᠳᠡᠪᠬᠢᠳᠡᠢ ᠬᠥᠭᠵᠢᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠪᠠ ᠬᠡᠷ | ᠪᠦᠯᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠵᠣᠴᠢᠳ ᠤᠨ ᠪᠠᠭᠤᠳᠠᠯ᠂ ᠬᠤᠳᠠᠯᠳᠤᠭ᠎ᠠ | ᠴᠢᠯᠦᠭᠡᠲᠦ ᠳᠡᠯᠭᠡᠭᠦᠷ᠂ ᠪᠥᠭᠡᠮ ᠢᠶᠠᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠬᠤ᠂ ᠬᠤᠭᠤᠯᠠ ᠤᠮᠳᠠ᠂ ᠬᠤᠨᠤᠭ | ᠪᠠᠭᠤᠳᠠᠯ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ | ᠳᠡᠪᠰᠢᠬᠦ ᠶᠢ ᠠᠬᠢᠭᠤᠯᠤᠨ᠎ᠠ᠃ | ︵ᠲᠥᠷᠪᠡ︶ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ᠂ ᠬᠠᠷᠢᠯᠴᠠᠨ ᠠᠭᠤᠰᠤᠯᠴᠠᠨ ᠬᠠᠮᠲᠤ ᠪᠠᠷ | ᠠᠰᠢᠭ ᠭᠥᠷᠳᠡᠬᠦ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠵᠣᠬᠢᠴᠠᠩᠭᠤᠶ ᠬᠦᠭᠵᠢᠯᠲᠡ ᠶᠢ ᠠᠬᠢᠭᠤᠯᠤᠨ᠎ᠠ᠃ | ᠬᠤᠲᠠ ᠪᠠᠯᠭᠠᠰᠤᠵᠢᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠥᠮᠦᠨ ᠢᠶᠠᠷ ᠭᠤᠣᠯ | ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ | ᠠᠬᠢᠭᠤᠯᠵᠤ᠂ ᠬᠤᠲᠠ ᠪᠠᠯᠭᠠᠰᠤᠨ ᠤ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠦᠨ᠂ ᠬᠤᠲᠠ ᠪᠠᠯᠭᠠᠰᠤᠨ ᠤ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ PPP ᠲᠥᠷᠥᠯ ᠵᠦᠢᠯ ᠤᠨ ᠡᠵᠡᠩᠨᠡᠯᠲᠡ | ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠪᠠᠯᠭᠠᠰᠤᠨ ᠤ ᠠᠵᠤ ᠦᠢᠯᠡᠰ ᠲᠤ ᠦᠢᠯᠡᠴᠢᠯᠡᠬᠦ᠂ ᠮᠠᠯᠵᠢᠬᠤ | ᠣᠷᠣᠨ ᠳᠤ ᠦᠢᠯᠡᠴᠢᠯᠡᠬᠦ᠂ ᠬᠤᠲᠠ ᠣᠷᠣᠭᠰᠠᠨ ᠮᠠᠯᠴᠢᠳ ᠢ ᠳᠠᠶᠢᠴᠢᠯᠠᠨ ᠳᠠᠭᠠᠭᠤᠯᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠢᠨᠡᠪᠤᠯᠠᠭ ᠪᠠᠯᠭᠠᠰᠤᠨ ᠤ ᠤᠰᠤ ᠭᠠᠳᠠᠭᠰᠢᠯᠠᠭᠤᠯᠬᠤ ᠦᠶᠡᠷ ᠤᠰᠤᠳᠠᠯ ᠢ ᠰᠡᠷᠭᠡᠶᠢᠯᠡᠬᠦ | ᠲᠥᠬᠦᠭᠡᠷᠦᠮᠵᠢ ᠶᠢᠨ ᠪᠠᠶᠢᠭᠤᠯᠤᠯᠲᠠ᠂ ᠬᠤᠲᠠ ᠲᠤᠭᠤᠷᠢᠭᠰᠠᠨ ᠬᠤᠶᠢᠨ᠎ᠠ ᠵᠠᠮ ᠵᠢᠴᠢ ᠲᠣᠣᠷ ᠬᠤᠭᠤᠯᠠᠢ ᠶᠢᠨ ᠢᠵᠢ | ᠪᠦᠷᠢᠳᠦᠭᠰᠡᠨ ᠲᠤᠨᠤᠭ ᠲᠥᠬᠦᠭᠡᠷᠦᠮᠵᠢ᠂ ᠬᠠᠭᠤᠴᠢᠷᠠᠭᠰᠠᠨ ᠤᠰᠤ ᠬᠠᠩᠭᠠᠬᠤ ᠲᠣᠣᠷ ᠬᠤᠭᠤᠯᠠᠢ ᠶᠢ ᠥᠭᠡᠷᠡᠴᠢᠯᠡᠨ | ᠵᠠᠰᠠᠬᠤ᠂ ᠣᠨᠳᠣᠣ ᠭᠠᠵᠠᠷ ᠲᠤ ᠨᠡᠭᠦᠯᠭᠡᠨ ᠰᠢᠯᠵᠢᠬᠦᠯᠵᠦ᠂ ᠲᠥᠪᠯᠡᠷᠡᠭᠦᠯᠦᠨ ᠲᠥᠪᠬᠢᠨᠡᠭᠦᠯᠬᠦ ᠲᠣᠭᠤᠷᠢᠭ ᠤᠨ | ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ᠂ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ | ᠪᠤᠬᠢᠷᠳᠤᠯ ᠦᠭᠡᠢ ᠰᠢᠢᠳᠪᠦᠷᠢᠯᠡᠬᠦ ᠦᠢᠯᠡᠳᠪᠦᠷᠢ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ | ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠵᠡᠬᠦᠨ ᠭᠤᠣᠯ ᠤᠨ ᠦᠵᠡᠮᠵᠢ ᠶᠢᠨ ᠣᠷᠤᠨ ᠤ | ᠴᠢᠨᠠᠷᠵᠢᠯ ᠢ ᠲᠡᠭᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠦᠨ᠂ ᠰᠢᠨᠡᠪᠤᠯᠠᠭ ᠪᠠᠯᠭᠠᠰᠤᠨ ᠤ ᠵᠡᠬᠦᠨ ᠬᠡᠰᠡᠭ᠂ | ᠬᠤᠶᠢᠳᠤ ᠬᠡᠰᠡᠭ ᠤᠨ ᠰᠠᠭᠤᠭᠠᠯᠢ ᠠᠷᠠᠳ ᠲᠤ ᠰᠡᠯᠡᠬᠦᠴᠡᠨ ᠲᠤᠭᠤᠷᠢᠬᠤ ᠲᠣᠬᠢᠯᠢᠭ ᠣᠷᠴᠢᠨ ᠢ ᠪᠦᠷᠢᠯᠳᠦᠬᠦᠯᠦᠨ᠎ᠡ᠃ | ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢ ᠰᠠᠶᠢᠲᠤᠷ ᠬᠢᠵᠤ᠂ ᠮᠠᠰᠢᠨ ᠢᠶᠠᠷ ᠴᠡᠪᠡᠷᠯᠡᠬᠦ | ᠨᠤᠷᠮ᠎ᠠ ᠶᠢ ᠲᠡᠭᠡᠭᠰᠢᠯᠡᠬᠦᠯᠦᠨ᠂ ᠬᠤᠭ ᠨᠣᠪᠰᠢ ᠶᠢ ᠲᠥᠷᠦᠯ ᠠᠩᠭᠢᠯᠠᠵᠤ᠂ ᠬᠤᠭ ᠨᠣᠪᠰᠢ ᠶᠢ ᠪᠤᠬᠢᠷᠳᠤᠯ ᠦᠭᠡᠢ | ᠰᠢᠢᠳᠪᠦᠷᠢᠯᠡᠬᠦ ᠪᠠ ᠶᠡᠷᠦᠩᠬᠡᠶᠢᠯᠡᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠰᠢᠯᠢ ᠶᠢᠨ ᠭᠤᠤᠯ ᠠᠶᠢᠮᠠᠭ ᠤᠨ | ᠣᠶᠤᠨᠴᠢᠯᠠᠭᠰᠠᠨ ᠠᠳᠠᠯ ᠠᠬᠤᠶ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠬᠡᠷᠡᠭᠯᠡᠯᠲᠡ ᠶᠢ | ᠲᠦᠭᠡᠮᠡᠯᠵᠢᠬᠦᠯᠦᠨ᠎ᠡ᠃ | ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠮᠠᠯᠵᠢᠬᠤ ᠣᠷᠤᠨ ᠤ ᠬᠦᠭᠵᠢᠯᠲᠡ ᠶᠢᠨ ᠪᠤᠳᠠᠳᠤ ᠪᠠᠶᠢᠳᠠᠯ ᠪᠠ ᠳᠡᠭᠡᠷ᠎ᠡ ᠱᠠᠳᠣᠨ ᠤ ᠲᠥᠷᠦᠯ ᠵᠦᠢᠯ ᠤᠨ | ᠲᠤᠬᠢᠷᠠᠭᠤᠯᠭ᠎ᠠ ᠲᠠᠢ ᠤᠶᠠᠯᠳᠤᠭᠤᠯᠤᠨ᠂ ︽ᠬᠤᠶᠠᠷ ᠳᠤᠯᠠᠭᠠᠨ ᠫᠧᠩ ᠨᠢᠭᠡ ᠡᠪᠡᠰᠦ ᠨᠦᠭᠡᠴᠡᠯᠡᠬᠦ ᠫᠧᠩ︾ ᠤᠨ | ᠲᠥᠷᠦᠯ ᠵᠦᠢᠯ ᠢ ᠨᠢᠭᠡᠳᠦᠯᠳᠡᠢ ᠬᠡᠷᠡᠭᠵᠢᠬᠦᠯᠦᠨ᠎ᠡ᠃ 1 ᠰᠠᠭᠤᠷᠢ 2000 ᠲᠣᠨ ᠡᠪᠡᠰᠦ ᠪᠣᠷᠳᠤᠭ᠎ᠠ | ᠲᠥᠪᠯᠡᠷᠡᠬᠦᠯᠦᠨ ᠨᠥᠭᠡᠴᠡᠯᠡᠬᠦ ᠴᠢᠳᠠᠮᠵᠢ ᠲᠠᠢ ᠬᠥᠮᠥᠷᠭᠡ ᠶᠢ ᠰᠢᠨ᠎ᠡ ᠪᠠᠷ ᠪᠠᠶᠢᠭᠤᠯᠤᠨ᠎ᠠ᠃ 26 ᠲᠦᠭᠡᠭᠡᠯ ᠤᠰᠤᠨ | ᠤ ᠢᠨᠵᠧᠨᠧᠷᠢᠩ᠂ 70 ᠰᠠᠤᠷᠢ ᠲᠠᠷᠠᠬᠠᠢ ᠮᠠᠶ᠋ᠢᠭ ᠤᠨ ᠬᠤᠳᠳᠤᠭ ᠢ ᠰᠢᠨ᠎ᠡ ᠪᠠᠷ ᠪᠠᠶᠢᠭᠤᠯᠵᠤ᠂ 4 ᠲᠦᠭᠡᠭᠡᠯ | ᠤᠰᠤᠨ ᠤ ᠢᠨᠵᠧᠨᠧᠷᠢᠩ ᠢ ᠦᠭᠡᠷᠡᠴᠢᠯᠡᠨ ᠵᠠᠰᠠᠵᠤ᠂ 804 ᠬᠥᠮᠦᠨ ᠤ ᠤᠤᠭᠤᠬᠤ ᠤᠰᠤᠨ ᠤ ᠠᠰᠠᠭᠤᠳᠠᠯ ᠢ | ᠰᠢᠢᠳᠪᠦᠷᠢᠯᠡᠨ᠎ᠡ᠃ 126 ᠺᠢᠯᠤᠮᠧᠲᠷ ᠬᠤᠲᠠ ᠬᠦᠳᠡᠭᠡ ᠶᠢᠨ ᠴᠠᠬᠢᠯᠭᠠᠨ ᠬᠦᠴᠦᠨ ᠤ ᠲᠣᠣᠷ ᠢ ᠦᠭᠡᠷᠡᠴᠢᠯᠡᠨ | ᠵᠠᠰᠠᠵᠤ᠂ 134 ᠰᠠᠤᠷᠢ ᠲᠠᠷᠤᠯᠲᠠ ᠬᠤᠪᠢᠰᠬᠠᠭᠤᠷ ᠢ ᠰᠣᠯᠢᠵᠤ᠂ ᠰᠢᠨᠡᠪᠤᠯᠠᠭ ᠪᠠᠯᠭᠠᠰᠤᠨ ᠤ ᠪᠠᠷᠠᠭᠤᠨ ᠵᠠᠬ᠎ᠠ ᠶᠢᠨ | 110 ᠺᠢᠯᠤᠸᠤᠯᠲ ᠤᠨ ᠴᠠᠬᠢᠯᠭᠠᠨ ᠲᠠᠮᠵᠢᠭᠤᠯᠤᠨ ᠬᠤᠪᠢᠰᠬᠠᠬᠤ ᠢᠨᠵᠧᠨᠧᠷᠢᠩ ᠢ ᠪᠡᠶᠡᠯᠡᠬᠦᠯᠦᠨ᠂ ᠪᠦᠬᠦ | ᠭᠠᠴᠠᠭᠠᠨ ᠳᠤ ︽ᠨᠡᠭᠦᠷᠡᠰᠦ ᠶᠢ ᠴᠠᠬᠢᠯᠭᠠᠨ ᠪᠤᠯᠭᠠᠬᠤ︾ ᠳᠤᠯᠠᠭᠠᠯᠠᠭ᠎ᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ | ᠭᠠᠵᠠᠷ ᠣᠷᠤᠨ ᠤ ᠡᠳ᠋ ᠤᠨ ᠵᠠᠰᠠᠭ ᠪᠠ ᠲᠥᠷᠦᠯ ᠵᠦᠢᠯ ᠢ ᠡᠷᠡᠮᠡᠯᠵᠡᠯᠡᠨ ᠤᠯᠤᠭᠰᠠᠨ ᠪᠠᠶᠢᠳᠠᠯ ᠢ ᠦᠨᠳᠦᠰᠦᠯᠡᠨ᠂ | X513 ᠰᠢᠶᠠᠩ ᠤᠨ ᠵᠠᠮ ᠠᠴᠠ ᠲᠡᠷᠡᠰᠦ ᠬᠤᠲᠠ ᠬᠦᠷᠲᠡᠯᠡᠬᠢ᠂ ᠰᠢᠨᠡᠪᠤᠯᠠᠭ ᠠᠴᠠ ᠰᠢᠨ᠋ᠬᠤᠰᠤ ᠬᠦᠷᠲᠡᠯᠡᠬᠢ᠂ | ᠰᠢᠨᠡᠪᠤᠯᠠᠭ ᠠᠴᠠ ᠶᠠᠷᠭᠠᠢ ᠣᠢ ᠰᠢᠭᠤᠢ ᠶᠢᠨ ᠲᠠᠯᠠᠪᠠᠢ ᠬᠦᠷᠲᠡᠯᠡᠬᠢ᠂ ᠰᠡᠭᠦᠵᠢ ᠶᠢᠨ ᠭᠤᠣᠯ ᠠᠴᠠ ᠬᠦᠪᠡᠭᠡᠲᠦ ᠰᠢᠷ᠎ᠠ | ᠬᠤᠸᠠᠳᠧ ᠰᠢᠶᠠᠨ ᠤ ᠠᠭᠤᠯᠵᠠᠷ ᠬᠦᠷᠳᠡᠯᠡᠬᠢ᠂ ᠰᠡᠬᠦᠵᠢ ᠠᠴᠠ ᠬᠤᠰᠢᠭᠤ ᠤᠰᠤ ᠬᠦᠷᠲᠡᠯᠡᠬᠢ᠂ ᠶᠡᠭᠡ | ᠳᠡᠷᠡᠰᠦ ᠠᠴᠠ ᠬᠦᠪᠡᠭᠡᠲᠦ ᠰᠢᠷ᠎ᠠ ᠬᠤᠸᠠᠳᠧ ᠰᠢᠶᠠᠨ ᠤ ᠠᠭᠤᠯᠵᠠᠷ ᠬᠦᠷᠲᠡᠯᠡᠬᠢ᠂ G511 ᠤᠯᠤᠰ ᠤᠨ ᠵᠠᠮ ᠠᠴᠠ | ᠬᠠᠶᠠᠩᠬᠢᠷᠸ᠎ᠠ ᠰᠦᠮ᠎ᠡ ᠬᠦᠷᠲᠡᠯᠡᠬᠢ᠂ S313 ᠮᠤᠵᠢ ᠶᠢᠨ ᠵᠠᠮ ᠠᠴᠠ ᠢᠩᠲᠦ ᠠᠭᠤᠷᠬᠠᠢ ᠶᠢᠨ ᠲᠣᠭᠤᠷᠢᠭ | ᠬᠦᠷᠲᠡᠯᠡᠬᠢ ᠵᠠᠰᠠᠮᠠᠯ ᠵᠠᠮ ᠢ 42 ᠺᠢᠯᠤᠮᠧᠲᠷ ᠵᠠᠰᠠᠵᠤ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ | ᠬᠢᠵᠤ᠂ ᠰᠦᠨᠢᠳ ᠪᠠᠷᠠᠭᠤᠨ ᠬᠤᠰᠢᠭᠤᠨ ᠠᠴᠠ ᠴᠢᠭᠤᠯᠤᠯᠲᠤ ᠬᠠᠭᠠᠯᠭ᠎ᠠ ᠬᠦᠷᠬᠦ ᠥᠨᠳᠥᠷ ᠬᠤᠷᠳᠤᠴᠠᠲᠤ ᠵᠠᠰᠠᠮᠠᠯ | ᠵᠠᠮ᠂ ᠬᠦᠪᠡᠭᠡᠲᠦ ᠰᠢᠷ᠎ᠠ ᠬᠤᠰᠢᠭᠤᠨ ᠠᠴᠠ ᠰᠢᠯᠤᠭᠤᠨ ᠬᠦᠪᠡᠭᠡᠲᠦ ᠴᠠᠭᠠᠨ ᠬᠤᠰᠢᠭᠤ ᠬᠦᠷᠬᠦ ᠵᠠᠰᠠᠮᠠᠯ ᠵᠠᠮ ᠤᠨ | ᠲᠥᠷᠦᠯ ᠵᠦᠢᠯ ᠤᠨ ᠰᠡᠬᠦᠯᠴᠢ ᠶᠢᠨ ᠠᠵᠢᠯ ᠢ ᠰᠠᠶᠢᠲᠤᠷ ᠪᠡᠶᠡᠯᠡᠬᠦᠯᠦᠨ᠎ᠡ᠃ ᠨᠢᠭᠲᠠᠴᠠ ᠶᠡᠭᠡ 4G ᠲᠣᠬᠢᠶ᠎ᠠ | ᠬᠤᠯᠪᠤᠭᠠᠨ ᠤ ᠰᠠᠭᠤᠷᠢ ᠥᠷᠲᠡᠭᠡᠨ ᠤ ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ ᠢ ᠢᠳᠡᠪᠬᠢᠳᠡᠢ ᠡᠷᠡᠮᠡᠯᠵᠡᠯᠡᠨ | ᠣᠯᠵᠤ᠂ 5G ᠲᠣᠬᠢᠶ᠎ᠠ ᠬᠤᠯᠪᠤᠭᠠᠨ ᠤ ᠰᠠᠭᠤᠷᠢ ᠥᠷᠲᠡᠭᠡᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ︽ | ᠤᠶᠤᠨᠲᠤ ᠷᠠᠳᠢᠣ᠋ ᠲᠧᠯᠸᠢᠰ︾ ᠢ ᠪᠦᠷᠬᠦᠬᠦᠯᠬᠦ ᠶᠢ ᠠᠬᠢᠭᠤᠯᠤᠨ᠎ᠠ᠃ | ᠮᠠᠯᠵᠢᠬᠤ ᠣᠷᠣᠨ ᠤ ᠪᠦᠬᠦ ᠲᠠᠯ᠎ᠠ ᠶᠢᠨ ᠳᠠᠪᠰᠢᠯᠲᠠ ᠶᠢ ᠠᠬᠢᠭᠤᠯᠤᠨ᠎ᠠ᠃ ᠮᠠᠯᠵᠢᠬᠤ ᠣᠷᠣᠨ ᠤ ᠠᠵᠤ | ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ ᠵᠡᠷᠭᠡ ᠶᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠵᠤ᠂ ᠮᠠᠯᠵᠢᠬᠤ ᠣᠷᠣᠨ ᠤ ᠡᠷᠡᠭᠦᠯ ᠬᠠᠮᠠᠭᠠᠯᠠᠯ᠂ ᠰᠣᠶᠣᠯ᠂ ᠪᠡᠶ᠎ᠡ ᠶᠢᠨ ᠲᠠᠮᠢᠷ᠂ ᠨᠡᠶᠢᠭᠡᠮ ᠤᠨ | ᠠᠰᠠᠷᠠᠮᠵᠢ ᠶᠢᠨ ᠦᠢᠯᠡᠰ ᠢ ᠠᠬᠢᠭᠤᠯᠤᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ | ᠥᠷᠭᠡᠳᠬᠡᠵᠦ᠂ ᠮᠠᠯᠵᠢᠬᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠪᠠ | ᠡᠮᠨᠡᠯᠭᠡ ᠶᠢᠨ ᠳᠠᠭᠠᠳᠬᠠᠯ ᠤᠨ ᠬᠠᠮᠤᠷᠬᠤ ᠨᠣᠷᠮ᠎ᠠ ᠶᠢ ᠳᠡᠭᠡᠭᠰᠢᠯᠡᠬᠦᠯᠦᠨ᠂ ᠠᠵᠠ ᠵᠢᠷᠭᠠᠯᠲᠤ ᠨᠤᠲᠤᠭ ᠤᠰᠤ ᠪᠠᠨ | ᠪᠠᠶᠢᠭᠤᠯᠤᠨ᠎ᠠ᠃ ᠡᠪᠡᠳᠴᠢᠨ ᠬᠢᠵᠢᠭ ᠢ ᠰᠡᠷᠭᠡᠶᠢᠯᠡᠨ ᠵᠠᠰᠠᠬᠤ᠂ ᠭᠠᠮᠰᠢᠭ ᠢ ᠰᠡᠷᠭᠡᠶᠢᠯᠡᠬᠦ᠂ ᠮᠥᠩᠭᠦᠨ ᠭᠦᠢᠯᠭᠡᠭᠡᠨ ᠤ | ᠦᠢᠯᠡᠴᠢᠯᠡᠭᠡ ᠵᠡᠷᠭᠡ ᠪᠠᠷ ᠭᠤᠣᠯᠳᠠᠯᠭ᠎ᠠ ᠪᠣᠯᠭᠠᠨ᠂ ᠪᠥᠬᠦ ᠲᠠᠯᠠᠲᠤ᠂ ᠨᠡᠶᠢᠭᠡᠮᠴᠢᠯᠡᠭᠰᠡᠨ᠂ ᠥᠨᠳᠥᠷ ᠦᠷ᠎ᠡ | ᠪᠦᠲᠦᠮᠵᠢᠲᠡᠢ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ | ᠪᠠᠶᠢᠭᠤᠯᠤᠯᠲᠠ ᠶᠢ ᠲᠠᠰᠤᠷᠠᠯᠳᠠ ᠥᠭᠡᠢ ᠲᠡᠬᠦᠯᠳᠡᠷᠵᠢᠬᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠳᠤᠯᠬᠤ ᠦᠷ᠎ᠡ ᠪᠦᠲᠦᠭᠡᠯ ᠢ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠣᠯᠭ᠎ᠠ ᠯᠤᠭ᠎ᠠ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ | ᠬᠥᠳᠡᠯᠦᠩᠭᠦᠶ ᠬᠢᠨᠠᠨ ᠬᠡᠮᠵᠢᠯᠲᠡ ᠪᠠ ᠨᠠᠷᠢᠯᠢᠭ ᠣᠨᠣᠪᠴᠢᠲᠠᠶ ᠪᠠᠷ ᠬᠠᠪᠰᠤᠷᠤᠨ ᠲᠡᠳᠬᠦᠬᠦ ᠲᠣᠭᠲᠠᠴᠠ ᠶᠢ | ᠲᠡᠬᠦᠯᠳᠡᠷᠵᠢᠬᠦᠯᠵᠦ᠂ ᠣᠲᠣ ᠶᠢᠨ ᠬᠡᠷᠡᠭᠵᠢᠬᠦᠯᠵᠦ ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ | ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠰᠢᠪᠳᠤᠯᠠᠯᠲᠠ ᠶᠢᠨ ᠱᠠᠳᠣᠨ ᠳᠠᠬᠢ ᠪᠠᠶᠢᠩᠭᠤᠵᠢᠭᠰᠠᠨ | ᠬᠦᠳᠡᠯᠦᠩᠬᠦᠢ ᠬᠢᠨᠠᠨ ᠬᠡᠮᠵᠢᠯᠲᠡ ᠶᠢᠨ ᠲᠤᠭᠲᠠᠴᠠ ᠶᠢ ᠪᠠᠷᠢᠮᠲᠠᠯᠠᠨ᠂ ᠬᠡᠪᠴᠢᠶᠡᠵᠢᠯ ᠤᠨ ᠴᠢᠨᠠᠷᠲᠠᠶ ᠪᠠᠷ ᠳᠠᠬᠢᠨ | ᠶᠠᠳᠠᠭᠤᠷᠠᠬᠤ ᠶᠢ ᠰᠡᠷᠭᠡᠶᠢᠯᠡᠨ᠎ᠡ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠤᠷᠳᠤ ᠬᠤᠭᠤᠴᠠᠭᠠᠨ ᠤ | ᠲᠤᠭᠲᠠᠴᠠ ᠶᠢ ᠲᠡᠬᠦᠯᠳᠡᠷᠵᠢᠬᠦᠯᠦᠨ᠂ ᠬᠠᠮᠢᠶᠠᠷᠤᠯᠲᠠ ᠶᠢ ᠴᠢᠩᠭᠠᠳᠬᠠᠵᠤ᠂ ᠡᠳ᠋ ᠬᠦᠷᠦᠩᠭᠡ ᠶᠢ ᠰᠢᠯᠵᠢᠬᠦᠯᠦᠨ | ᠬᠡᠷᠡᠭᠯᠡᠬᠦ ᠶᠢ ᠪᠦᠳᠦᠮᠵᠢᠳᠡᠢ ᠬᠤᠷᠢᠭᠯᠠᠵᠤ᠂ ᠬᠡᠷᠡᠭᠯᠡᠭᠡᠨ ᠤ ᠦᠷ᠎ᠡ ᠠᠰᠢᠭ ᠢ ᠳᠡᠭᠡᠭᠰᠢᠯᠡᠭᠦᠯᠦᠨ᠎ᠡ᠃ | ︵ᠲᠠᠪᠤ︶ ᠬᠥᠮᠦᠨ ᠢᠶᠠᠷ ᠦᠨᠳᠦᠰᠦ ᠪᠣᠯᠭᠠᠬᠤ᠂ ᠠᠷᠠᠳ ᠤᠨ ᠲᠥᠯᠥᠭᠡ ᠵᠠᠰᠠᠭ ᠪᠠᠷᠢᠬᠤ ᠶᠢ ᠪᠠᠷᠢᠮᠲᠠᠯᠠᠵᠤ᠂ | ᠠᠷᠠᠳ ᠣᠯᠠᠨ ᠤ ᠠᠵᠠ ᠵᠢᠷᠭᠠᠯ ᠬᠦᠷᠲᠡᠬᠦ ᠲᠦᠷᠦᠭᠳᠦᠯ ᠢ ᠲᠠᠰᠤᠷᠠᠯᠲᠠ ᠦᠭᠡᠢ ᠨᠡᠮᠡᠭᠳᠡᠬᠦᠯᠦᠨ᠎ᠡ᠃ | ᠠᠷᠠᠳ ᠲᠦᠮᠡᠨ ᠬᠠᠨᠤᠮᠵᠢᠲᠠᠢ ᠪᠠᠶᠢᠬᠤ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ | ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ | ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠪᠠᠭᠰᠢ ᠶᠢᠨ ᠶᠤᠰᠤ ᠮᠤᠷᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ︽ᠬᠤᠶᠠᠷ ᠢ ᠬᠦᠩᠭᠡᠯᠡᠬᠦ︾ ᠱᠠᠭᠠᠷᠳᠠᠯᠭ᠎ᠠ ᠶᠢ ᠬᠦᠨᠵᠡᠭᠡᠢ ᠨᠠᠶᠢᠳᠠᠪᠦᠷᠢᠵᠢᠭᠤᠯᠵᠤ᠂ | ᠰᠤᠷᠤᠭᠴᠢᠳ ᠤᠨ ᠪᠥᠬᠦ ᠲᠠᠯ᠎ᠠ ᠶᠢᠨ ᠬᠦᠭᠵᠢᠯᠲᠡ ᠪᠠ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠤᠨ᠂ | ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠶ ᠬᠦᠭᠵᠢᠯᠲᠡ | ᠤᠯᠤᠰ ᠤᠨ ᠬᠢᠨᠠᠨ ᠰᠢᠯᠭᠠᠯᠲᠠ ᠳᠤ ᠠᠮᠵᠢᠯᠲᠠᠲᠠᠢ ᠪᠠᠷᠢᠮᠵᠢᠶᠠᠨ ᠳᠤ ᠬᠦᠷᠬᠦ ᠶᠢ ᠦᠨᠡᠨᠬᠦ ᠪᠠᠲᠤᠯᠠᠨ᠎ᠠ᠃ ᠬᠤᠶᠠᠳᠤᠭᠠᠷ | ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ ᠶᠢ ᠪᠠᠶᠢᠭᠤᠯᠤᠨ᠎ᠠ᠃ ᠦᠵᠡᠯ ᠰᠠᠨᠠᠭ᠎ᠠ ᠤᠯᠤᠰ ᠲᠦᠷᠦ ᠶᠢᠨ | ᠬᠢᠴᠢᠶᠡᠯ ᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠬᠦᠰᠡᠯᠡᠩ ᠢᠲᠡᠭᠡᠯ ᠪᠢᠰᠢᠷᠡᠯ ᠤᠨ | ᠬᠥᠮᠦᠵᠢᠯ ᠢ ᠰᠠᠶᠢᠲᠤᠷ ᠠᠳᠬᠤᠨ᠎ᠠ᠃ | ᠠᠵᠢᠯ ᠣᠯᠭᠤᠯᠲᠠ ᠦᠢᠯᠡᠰ ᠪᠤᠰᠬᠠᠬᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠣᠯᠠᠨ ᠲᠥᠮᠡᠨ ᠤ | ᠰᠢᠨ᠎ᠡ ᠶᠢ ᠡᠬᠦᠳᠦᠨ ᠦᠢᠯᠡᠰ ᠪᠤᠰᠬᠠᠬᠤ ᠶᠢ ᠲᠦᠯᠬᠢᠨ ᠠᠬᠢᠭᠤᠯᠵᠤ᠂ ᠬᠦᠳᠡᠯᠮᠦᠷᠢᠴᠢᠳ ᠤᠨ ᠪᠡᠶ᠎ᠡ ᠪᠠᠨ ᠳᠠᠭᠠᠭᠠᠵᠤ | ᠠᠵᠢᠯ ᠣᠯᠬᠤ᠂ ᠵᠠᠬ᠎ᠠ ᠳᠡᠯᠭᠡᠭᠦᠷ ᠤᠨ ᠲᠤᠬᠢᠷᠠᠭᠤᠯᠤᠯᠲᠠ ᠪᠠᠷ ᠠᠵᠢᠯ ᠣᠯᠭᠤᠬᠤ᠂ ᠵᠠᠰᠠᠭ ᠤᠨ ᠣᠷᠳᠣᠨ ᠠᠴᠠ | ᠠᠵᠢᠯ ᠣᠯᠭᠤᠬᠤ ᠪᠠ ᠦᠢᠯᠡᠰ ᠪᠣᠰᠬᠠᠬᠤ ᠶᠢ ᠵᠣᠷᠢᠭᠵᠢᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠤᠨ᠂ | 800 ᠲᠥᠮᠡᠨ ᠲᠥᠭᠦᠷᠢᠭ ᠤᠨ ᠦᠢᠯᠡᠰ ᠪᠣᠰᠬᠠᠬᠤ ᠪᠠᠳᠤᠯᠠᠭᠠᠲᠤ ᠵᠢᠭᠡᠯᠡᠯᠭᠡ ᠲᠠᠷᠬᠠᠭᠠᠵᠤ᠂ ᠠᠵᠢᠯ ᠮᠡᠷᠭᠡᠵᠢᠯ ᠤᠨ | ᠪᠤᠯᠪᠠᠰᠤᠷᠠᠭᠤᠯᠤᠯ ᠬᠦᠷᠳᠡᠭᠡᠬᠦ ᠬᠦᠴᠦᠯᠡᠴᠡ ᠪᠠᠨ ᠨᠡᠮᠡᠭᠳᠡᠬᠦᠯᠦᠨ᠂ ᠠᠵᠢᠯ ᠣᠯᠭᠤᠬᠤ ᠶᠢ ᠪᠠᠲᠤᠯᠠᠨ ᠲᠠᠨᠢᠯᠴᠠᠭᠤᠯᠬᠤ | ᠬᠤᠷᠠᠯ ᠢ ᠡᠷᠬᠢᠯᠡᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠤᠲᠠ ᠤᠷᠤᠭᠰᠠᠨ ᠮᠠᠯᠴᠢᠳ ᠵᠡᠷᠭᠡ | ᠭᠤᠣᠯᠳᠠᠯᠭ᠎ᠠ ᠲᠠᠢ ᠬᠦᠮᠦᠰ ᠤᠨ ᠠᠵᠢᠯ ᠣᠯᠵᠤ ᠦᠢᠯᠡᠰ ᠪᠣᠰᠬᠠᠬᠤ ᠠᠵᠢᠯ ᠢ ᠲᠦᠯᠬᠢᠨ ᠠᠬᠢᠭᠤᠯᠵᠤ᠂ ᠬᠤᠪᠢ ᠶᠢᠨ | ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷᠳᠡᠯ ᠢ ᠰᠢᠢᠳᠪᠦᠷᠢᠯᠡᠬᠦ ᠦᠢᠯᠡᠴᠢᠯᠡᠭᠡ ᠵᠡᠷᠭᠡ ᠲᠤᠰᠬᠠᠶ | ᠲᠥᠷᠦᠯ ᠤᠨ ᠠᠵᠢᠯᠯᠠᠭ᠎ᠠ ᠶᠢ ᠥᠷᠨᠢᠭᠦᠯᠦᠨ᠂ ᠪᠠᠶᠢᠴᠠᠭᠠᠵᠤ ᠭᠠᠷᠭᠠᠭᠰᠠᠨ ᠬᠤᠲᠠ ᠪᠠᠯᠭᠠᠰᠤᠨ ᠤ ᠠᠵᠢᠯ | ᠠᠯᠳᠠᠭᠰᠠᠳ ᠤᠨ ᠨᠣᠷᠮ᠎ᠠ ᠶᠢ ᠨᠡᠯᠢᠶᠡᠳ ᠲᠤᠤᠷ᠎ᠠ ᠬᠡᠮᠵᠢᠶᠡᠨ ᠳᠤ ᠪᠠᠶᠢᠯᠭᠠᠨ᠎ᠠ᠃ ᠲᠠᠷᠢᠶᠠᠴᠢᠨ ᠮᠠᠯᠴᠢᠨ ᠬᠦᠯᠦᠰᠦᠨ | ᠠᠵᠢᠯᠴᠢᠨ ᠤ ᠴᠠᠯᠢᠩ ᠤᠨ ᠪᠠᠲᠤᠯᠠᠭᠠᠨ ᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠨ᠎ᠡ᠃ | ᠨᠡᠶᠢᠭᠡᠮ ᠤᠨ ᠪᠠᠲᠤᠯᠠᠭᠠᠨ ᠤ ᠴᠢᠳᠠᠪᠬᠢ ᠶᠢ ᠳᠡᠭᠡᠭᠰᠢᠯᠡᠭᠦᠯᠦᠨ᠎ᠡ᠃ ᠦᠨᠳᠦᠰᠦᠨ ᠨᠠᠰᠤᠵᠢᠯ ᠤᠨ ᠳᠠᠭᠠᠳᠬᠠᠯ | ᠂ ᠡᠮ ᠡᠮᠨᠡᠯᠭᠡ ᠶᠢᠨ ᠲᠠᠭᠠᠳᠬᠠᠯ ᠤᠨ ᠳᠦᠷᠢᠮ ᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠪᠠᠷᠢᠮᠵᠢᠶ᠎ᠠ ᠪᠣᠯᠤᠨ | ᠨᠢᠭᠡᠳᠦᠯᠲᠡᠶ ᠲᠥᠯᠥᠪᠯᠡᠬᠦ ᠳᠡᠰ ᠳᠠᠪᠬᠤᠷᠭ᠎ᠠ ᠶᠢ ᠲᠠᠰᠤᠷᠠᠯᠲᠠ ᠦᠭᠡᠢ ᠳᠡᠭᠡᠭᠰᠢᠯᠡᠬᠦᠯᠦᠨ᠂ ᠪᠦᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠬᠠᠤᠯᠢ ᠪᠠᠷ ᠲᠣᠭᠲᠠᠭᠠᠭᠰᠠᠨ ᠬᠥᠮᠦᠰ ᠢ | ᠪᠦᠬᠦᠨ ᠢ ᠬᠠᠮᠤᠷᠬᠤ ᠶᠢ ᠦᠨᠡᠨᠬᠦ ᠪᠠᠳᠤᠯᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠡᠬᠢ ᠪᠠᠶᠠᠯᠢᠭ ᠢ ᠨᠢᠭᠡᠳᠦᠯᠲᠡᠢ | ᠲᠥᠯᠥᠪᠵᠢᠭᠦᠯᠬᠦ ᠶᠢ ᠴᠢᠩᠭᠠᠳᠬᠠᠵᠤ᠂ ᠨᠠᠷᠢᠯᠢᠭ ᠤᠨᠤᠪᠴᠢᠲᠠᠢ ᠬᠠᠮᠢᠶᠠᠷᠤᠯᠲᠠ ᠶᠢ ᠬᠡᠷᠡᠭᠵᠢᠬᠦᠯᠦᠨ᠂ ᠬᠦᠴᠢᠷᠳᠡᠯᠳᠡᠢ | ᠣᠯᠠᠨ ᠲᠥᠮᠡᠨ ᠤ ᠬᠠᠮᠤᠭ ᠨᠠᠭᠠᠲᠤ ᠵᠠᠬ᠎ᠠ ᠶᠢᠨ ᠠᠮᠢᠳᠤᠷᠠᠯ ᠢ ᠪᠠᠳᠤᠯᠠᠨ᠎ᠠ᠃ ᠨᠡᠶᠢᠭᠡᠮ ᠤᠨ ᠴᠢᠨᠠᠷᠲᠠᠢ | ᠨᠠᠰᠤᠳᠠᠶᠢᠴᠤᠳ ᠤᠨ ᠠᠰᠠᠷᠠᠮᠵᠢ ᠶᠢ ᠵᠣᠷᠢᠭᠵᠢᠭᠤᠯᠤᠨ ᠳᠡᠮᠵᠢᠵᠤ᠂ ᠭᠡᠷ ᠪᠦᠯᠢ ᠨᠡᠶᠢᠭᠡᠮ ᠲᠣᠭᠤᠷᠢᠭ ᠤᠨ | ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠤᠭᠰᠠᠨ᠂ ᠡᠮᠴᠢᠯᠡᠭᠡ ᠪᠠ ᠡᠷᠡᠭᠦᠯᠵᠢᠯ ᠪᠡᠶ᠎ᠡ ᠰᠤᠪᠢᠯᠠᠯᠲᠠ ᠶᠢ ᠬᠠᠷᠢᠯᠴᠠᠨ | ᠤᠶᠠᠯᠳᠤᠭᠤᠯᠤᠭᠰᠠᠨ ᠨᠠᠰᠤᠳᠠᠶᠢᠴᠤᠳ ᠤᠨ ᠦᠢᠯᠡᠴᠢᠯᠡᠭᠡᠨ ᠤ ᠲᠤᠭᠲᠠᠴᠠ ᠶᠢ ᠪᠠᠶᠢᠭᠤᠯᠤᠨ᠎ᠠ᠃ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠪᠠ ᠣᠷᠣᠰᠢᠭᠤᠯᠭ᠎ᠠ ᠶᠢᠨ ᠭᠠᠵᠠᠷ ᠤᠨ ᠪᠠᠶᠢᠭᠤᠯᠤᠯᠲᠠ ᠶᠢᠨ | ᠲᠥᠷᠥᠯ ᠵᠦᠢᠯ ᠢ ᠠᠰᠢᠭᠯᠠᠯᠲᠠ ᠳᠤ ᠣᠷᠤᠭᠤᠯᠬᠤ ᠶᠢ ᠦᠨᠡᠨᠬᠦ ᠪᠠᠲᠤᠯᠠᠨ᠎ᠠ᠃ 2022 ᠣᠨ ᠤ ᠳᠥᠭᠦᠮ | ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ ᠲᠥᠷᠥᠯ ᠵᠦᠢᠯ ᠢ ᠬᠡᠷᠡᠭᠵᠢᠬᠦᠯᠦᠨ᠂ | ᠲᠦᠷᠢᠶᠡᠰᠦᠨ ᠣᠷᠣᠨ ᠰᠠᠭᠤᠴᠠ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠢᠳᠡᠪᠬᠢᠲᠡᠶ ᠰᠦᠪᠡᠭᠴᠢᠯᠡᠵᠦ᠂ | ᠴᠢᠨᠠᠷᠯᠢᠭ ᠣᠷᠤᠨ ᠰᠠᠭᠤᠴᠠ ᠶᠢᠨ ᠲᠣᠭᠤᠷᠢᠭ ᠢ ᠪᠥᠲᠥᠭᠡᠨ ᠪᠠᠶᠢᠭᠤᠯᠵᠤ᠂ ᠬᠠᠭᠤᠴᠢᠨ ᠭᠡᠷ ᠪᠠᠶᠢᠰᠢᠩ ᠤᠨ ᠵᠠᠬ᠎ᠠ | ᠲᠡᠯᠭᠡᠬᠦᠷ ᠢ ᠴᠢᠯᠤᠭᠡᠲᠡᠢ ᠬᠦᠭᠵᠢᠬᠦᠯᠦᠨ᠂ ᠣᠯᠠᠨ ᠠᠷᠭ᠎ᠠ ᠵᠠᠮ ᠢᠶᠠᠷ ᠰᠠᠭᠤᠭᠠᠯᠢ ᠠᠷᠠᠳ ᠤᠨ ᠣᠷᠣᠨ ᠰᠠᠭᠤᠴᠠ ᠶᠢᠨ | ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ | ᠪᠠᠲᠤᠯᠠᠵᠤ᠂ ᠨᠠᠰᠤᠨ ᠳᠤ ᠦᠯᠤ ᠬᠥᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠨ᠂ ᠨᠡᠶᠢᠭᠡᠮ ᠤᠨ ᠠᠰᠠᠷᠠᠮᠵᠢ ᠶᠢᠨ | ᠲᠦᠷᠢᠮ ᠢ ᠲᠡᠭᠦᠯᠳᠡᠷᠵᠢᠭᠦᠯᠵᠦ᠂ ᠵᠡᠮᠳᠡᠭᠴᠦᠳ᠂ ᠬᠥᠮᠦᠯᠢᠭ ᠨᠡᠶᠢᠲᠡ ᠶᠢᠨ ᠠᠰᠠᠷᠠᠮᠵᠢ ᠶᠢᠨ ᠦᠢᠯᠡᠰ ᠢ | ᠬᠥᠭᠵᠢᠭᠦᠯᠦᠨ᠎ᠡ᠃ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠨᠡᠶᠢᠲᠡ ᠶᠢᠨ | ᠬᠤᠷᠠᠮᠳᠤᠯ ᠤᠨ ᠪᠡᠯᠡ ᠮᠦᠩᠭᠦ ᠶᠢᠨ ᠲᠤᠰᠢᠶᠠᠵᠤ ᠨᠦᠬᠦᠪᠦᠷᠢᠯᠡᠬᠦ ᠬᠠᠷᠢᠴᠠᠯ ᠢ 12% ᠢᠶᠠᠷ ᠲᠡᠭᠡᠭᠰᠢᠯᠡᠬᠦᠯᠦᠨ᠎ᠡ᠃ | ᠠᠷᠠᠳ ᠣᠯᠠᠨ ᠤ ᠡᠷᠡᠭᠦᠯ ᠮᠡᠨᠳᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠴᠢᠩᠭᠠᠳᠬᠠᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠥᠷᠢᠮ ᠲᠤᠭᠲᠠᠭᠠᠯ ᠪᠠ ᠡᠯ᠎ᠡ ᠲᠥᠷᠦᠯ ᠤᠨ ᠠᠷᠭ᠎ᠠ ᠪᠣᠳᠣᠯᠭ᠎ᠠ ᠶᠢ | ᠲᠠᠰᠤᠷᠠᠯᠲᠠ ᠦᠭᠡᠢ ᠨᠠᠷᠢᠯᠢᠭᠵᠢᠭᠤᠯᠤᠨ ᠬᠡᠷᠡᠭᠵᠢᠬᠦᠯᠵᠦ᠂ ᠰᠢᠨ᠎ᠡ ᠲᠢᠳᠢᠮᠯᠢᠭ ᠠᠭᠤᠰᠬᠢᠨ ᠥᠷᠪᠢᠰᠦᠯ ᠵᠡᠷᠭᠡ | ᠬᠠᠯᠳᠠᠪᠦᠷᠢᠲᠦ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠦᠷᠬᠦᠯᠵᠢᠯᠡᠨ ᠰᠠᠶᠢᠲᠤᠷ ᠬᠢᠨ᠎ᠡ᠃ ᠮᠣᠩᠭᠤᠯ | ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠠᠰᠠᠷ᠂ ᠬᠠᠯᠠᠭᠤᠷᠠᠭᠰᠠᠨ ᠡᠪᠡᠳᠴᠢᠲᠡᠨ ᠢ ᠡᠮᠴᠢᠯᠡᠬᠦ | ᠡᠬᠦᠳᠡᠨ ᠡᠮᠨᠡᠯᠭᠡ ᠪᠠ ᠠᠷᠠᠳ ᠤᠨ ᠡᠮᠨᠡᠯᠭᠡ ᠶᠢᠨ ᠬᠤᠷᠢᠶᠠᠨ ᠤ ᠲᠣᠳᠣᠯᠠᠨ ᠪᠠᠶᠢᠴᠠᠭᠠᠬᠤ ᠲᠠᠰᠤᠭ ᠵᠡᠷᠭᠡ ᠲᠥᠷᠦᠯ | ᠵᠦᠢᠯ ᠢ ᠪᠠᠶᠢᠭᠤᠯᠤᠨ ᠠᠰᠢᠭᠯᠠᠯᠲᠠ ᠳᠤ ᠣᠷᠤᠭᠤᠯᠬᠤ ᠶᠢ ᠦᠨᠡᠨᠬᠦ ᠪᠠᠲᠤᠯᠠᠨ᠎ᠠ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠦᠳᠦᠴᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠶᠢᠮᠠᠭ ᠤᠨ ᠲᠥᠪ ᠡᠮᠨᠡᠯᠭᠡ ᠶᠢᠨ | ᠬᠤᠷᠢᠶᠠᠨ ᠤ ᠬᠦᠪᠡᠭᠡᠲᠦ ᠰᠢᠷ᠎ᠠ ᠬᠤᠰᠢᠭᠤᠨ ᠳᠠᠬᠢ ᠬᠤᠪᠢᠶᠠᠷᠢ ᠡᠮᠨᠡᠯᠭᠡ ᠶᠢᠨ ᠬᠤᠷᠢᠶ᠎ᠠ ᠪᠠᠷ ᠭᠤᠣᠯ ᠴᠤᠭᠴᠠ | ᠪᠣᠯᠭᠠᠨ᠂ ᠬᠤᠰᠢᠭᠤ ᠮᠤᠩᠭᠤᠯ ᠡᠮᠨᠡᠯᠭᠡ ᠶᠢᠨ ᠬᠤᠷᠢᠶ᠎ᠠ ᠪᠠ ᠡᠬᠡ ᠨᠢᠯᠬᠠᠰ ᠤᠨ ᠡᠷᠡᠬᠦᠯᠵᠢᠯ ᠤᠨ ᠲᠥᠪ ᠢᠶᠠᠷ | ᠬᠠᠪᠰᠤᠷᠤᠮᠵᠢ ᠪᠤᠯᠭᠠᠭᠰᠠᠨ ᠡᠮᠴᠢᠯᠡᠭᠡᠨ ᠤ ᠬᠠᠮᠳᠤ ᠶᠢᠨ ᠴᠤᠭᠴᠠ ᠶᠢ ᠪᠠᠶᠢᠭᠤᠯᠵᠤ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ 20 ᠲᠦᠮᠡᠨ ᠮᠥ | ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠵᠤ᠂ ᠬᠡᠭᠡᠷ᠎ᠡ ᠭᠠᠳᠠᠨᠠᠬᠢ ᠬᠤᠯᠤᠭᠠᠨ᠎ᠠ ᠬᠢᠵᠢᠭ ᠢ ᠬᠢᠨᠠᠨ ᠪᠠᠶᠢᠴᠠᠭᠠᠬᠤ | ᠥᠷᠲᠡᠭᠡ ᠶᠢ ᠪᠠᠶᠢᠭᠤᠯᠤᠨ᠎ᠠ᠃ ︽ᠤᠯᠤᠰ ᠤᠨ ᠲᠡᠰ ᠤᠨ ᠡᠷᠡᠭᠦᠯ ᠬᠠᠮᠠᠭᠠᠯᠠᠯ ᠤᠨ ᠬᠤᠰᠢᠭᠤ︾ ᠪᠠ ᠮᠣᠩᠭᠤᠯ | ᠡᠮᠨᠡᠯᠭᠡ ᠶᠢᠨ ᠬᠤᠷᠢᠶᠠᠨ ᠤ ︽ᠪᠦᠬᠦ ᠤᠯᠤᠰ ᠤᠨ ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ | ᠲᠡᠷᠢᠭᠦᠨ ᠤ ᠨᠢᠭᠡᠴᠡ︾ ᠶᠢ ᠡᠬᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠢᠵᠢ | ᠪᠦᠷᠢᠳᠦᠭᠰᠡᠨ ᠦᠷᠡᠵᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠥᠮᠦᠨ ᠠᠮᠠ ᠶᠢᠨ ᠤᠷᠲᠤ | ᠬᠤᠭᠤᠴᠠᠭᠠᠨ ᠤ ᠲᠡᠩᠴᠡᠭᠦᠷᠢᠲᠡᠢ ᠬᠦᠭᠵᠢᠯᠲᠡ ᠶᠢ ᠠᠬᠢᠭᠤᠯᠤᠨ᠎ᠠ᠃ ᠬᠡᠮᠵᠢᠶ᠎ᠡ ᠲᠠᠢ ᠬᠤᠳᠠᠯᠳᠤᠨ ᠤᠷᠤᠭᠤᠯᠬᠤ | ᠠᠵᠢᠯ ᠢ ᠡᠷᠴᠢᠮᠲᠠᠢ ᠠᠬᠢᠭᠤᠯᠵᠤ᠂ ᠡᠮᠴᠢᠯᠡᠭᠡᠨ ᠤ ᠳᠠᠭᠠᠳᠬᠠᠯ ᠳᠤ ᠣᠷᠤᠭᠤᠯᠬᠤ ᠡᠮ ᠤᠨ ᠵᠦᠢᠯᠡᠰ ᠤᠨ ︽ᠬᠤᠶᠠᠷ | ᠲᠠᠯ᠎ᠠ ᠪᠠᠷ ᠨᠡᠪᠳᠡᠷᠡᠬᠦ︾ ᠠᠵᠢᠯ ᠢ ᠰᠠᠶᠢᠲᠤᠷ ᠬᠢᠵᠦ᠂ ᠡᠮ ᠤᠨ ᠵᠦᠢᠯᠡᠰ ᠪᠠ ᠬᠤᠷᠣᠭᠳᠠᠯ ᠶᠡᠬᠡᠲᠡᠢ ᠮᠠᠲ᠋ᠧᠷᠢᠶᠠᠯ ᠤᠨ | ᠦᠨ᠎ᠡ ᠬᠠᠩᠰᠢ ᠶᠢ ᠦᠷᠭᠦᠯᠵᠢᠯᠡᠨ ᠪᠠᠭᠤᠷᠠᠭᠤᠯᠤᠨ᠎ᠠ᠃ ᠢᠳᠡᠭᠡᠨ ᠤᠮᠳᠠᠭᠠᠨ ᠪᠠ ᠡᠮ ᠤᠨ ᠵᠦᠢᠯᠡᠰ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠴᠢᠩᠭ᠎ᠠ ᠪᠠᠷᠢᠮᠵᠢᠶ᠎ᠠ᠂ ᠴᠢᠩᠭ᠎ᠠ ᠬᠢᠨᠠᠨ | ᠬᠠᠮᠢᠶᠠᠷᠤᠯᠲᠠ᠂ ᠴᠢᠩᠭ᠎ᠠ ᠰᠢᠢᠳᠭᠡᠬᠦ᠂ ᠴᠢᠩᠭ᠎ᠠ ᠬᠠᠷᠢᠭᠤᠴᠠᠯᠭ᠎ᠠ ᠶᠢᠨ ᠲᠥᠷᠢᠮ︾ ᠵᠡᠷᠭᠡ ᠳᠥᠷᠪᠡᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠤ᠂ ᠬᠦᠢᠲᠡᠨ ᠬᠦᠮᠦᠷᠭᠡᠲᠦ ᠬᠦᠯᠳᠡᠭᠡᠭᠰᠡᠨ ᠢᠳᠡᠭᠡᠨ᠂ ᠢᠳᠡᠭᠡᠨ | ᠤᠮᠳᠠᠭᠠᠨ᠂ ᠡᠮ ᠤᠨ ᠳᠡᠯᠭᠡᠭᠦᠷ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠠᠷᠠᠳ ᠣᠯᠠᠨ ᠤ ᠢᠳᠡᠭᠡᠨ ᠤ ᠵᠦᠢᠯᠡᠰ᠂ ᠡᠮ ᠤᠨ ᠵᠦᠢᠯᠡᠰ ᠤᠨ ᠠᠮᠤᠷ ᠲᠦᠪᠰᠢᠨ ᠢ ᠦᠨᠡᠨᠬᠦ | ᠪᠠᠲᠤᠯᠠᠨ᠎ᠠ᠃ | ᠬᠤᠶᠠᠷ ᠢ ᠬᠦᠷᠢᠶᠡᠯᠡᠬᠦ ᠠᠵᠢᠯ ᠢ ᠴᠢᠩᠭᠠᠳᠬᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠢ ᠭᠦᠨᠵᠡᠭᠡᠶ ᠥᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ | ᠠᠭᠠᠷ ᠤᠨ ᠰᠡᠷᠭᠡᠶᠢᠯᠡᠯᠲᠡ ᠪᠣᠯᠤᠨ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠠᠵᠢᠯ ᠢ ᠴᠢᠩᠭᠠᠳᠬᠠᠵᠤ᠂ | ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ ᠶᠢᠨ ᠪᠠᠶᠢᠭᠤᠯᠤᠯᠲᠠ ᠶᠢᠨ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠭᠲᠠᠴᠠ | ᠪᠠ ᠪᠠᠲᠤᠯᠠᠭ᠎ᠠ ᠶᠢᠨ ᠲᠦᠷᠢᠮ ᠢ ᠪᠦᠷᠢᠨᠰᠢᠬᠦᠯᠵᠤ᠂ ᠦᠢᠯᠡᠴᠢᠯᠡᠭᠡ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ | ᠦᠭᠡᠢ ᠳᠡᠭᠡᠭᠰᠢᠯᠡᠭᠦᠯᠦᠨ᠂ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠦᠷᠦ ᠶᠢᠨ | ᠪᠠᠶᠢᠭᠤᠯᠤᠯᠲᠠ᠂ ᠣᠨᠴᠠ ᠬᠠᠷᠠᠭᠠᠯᠵᠠᠨ ᠲᠥᠪᠬᠢᠨᠡᠭᠦᠯᠬᠦ᠂ ᠠᠵᠢᠯ ᠣᠯᠭᠤᠵᠤ ᠦᠢᠯᠡᠰ ᠪᠤᠰᠬᠠᠬᠤ᠂ ᠬᠠᠪᠰᠤᠷᠤᠨ | ᠲᠡᠳᠬᠦᠵᠦ ᠠᠪᠤᠷᠠᠨ ᠲᠤᠰᠠᠯᠠᠬᠤ᠂ ᠮᠠᠭᠲᠠᠨ ᠰᠠᠶᠢᠰᠢᠶᠠᠵᠤ ᠤᠬᠠᠭᠤᠯᠬᠤ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ | ᠠᠳᠬᠤᠨ᠎ᠠ᠃ | ︵ᠵᠢᠷᠭᠤᠭ᠎ᠠ︶ ᠦᠨᠳᠦᠰᠦ ᠶᠢ ᠪᠠᠬᠢᠵᠢᠬᠦᠯᠦᠨ ᠰᠠᠭᠤᠷᠢ ᠶᠢ ᠴᠢᠩᠭᠠᠳᠬᠠᠬᠤ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠬᠤ ᠶᠢ ᠪᠠᠷᠢᠮᠲᠠᠯᠠᠵᠤ᠂ ᠨᠡᠶᠢᠭᠡᠮ ᠤᠨ ᠡᠶ᠎ᠡ ᠵᠤᠬᠢᠴᠠᠯ ᠠᠮᠤᠷ ᠲᠣᠭᠲᠠᠭᠤᠨ ᠢ ᠪᠠᠳᠤᠯᠠᠨ᠎ᠠ᠃ | | ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠡᠶᠢᠭᠡᠮ ᠵᠢᠷᠤᠮ ᠤᠨ ᠭᠤᠤᠯᠯᠠᠭᠴᠢ | ᠥᠷᠲᠡᠭ ᠤᠨ ᠦᠵᠡᠯᠲᠡ ᠶᠢ ᠢᠳᠡᠪᠬᠢᠲᠡᠢ ᠬᠦᠮᠦᠵᠢᠬᠦᠯᠦᠨ ᠦᠢᠯᠡᠳᠦᠯᠭᠡᠵᠢᠭᠦᠯᠵᠦ᠂ ᠨᠠᠮ ᠤᠨ ᠲᠡᠦᠬᠡ᠂ ᠡᠬᠡ | ᠣᠷᠣᠨᠴᠢ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠪᠠ ᠠᠷᠠᠳ ᠢᠷᠭᠡᠨ ᠤ ᠶᠣᠰᠣ | ᠰᠤᠷᠳᠠᠬᠤᠨ ᠤ ᠪᠠᠶᠢᠭᠤᠯᠤᠯᠲᠠ ᠶᠢ ᠭᠦᠨᠵᠡᠭᠡᠢ ᠥᠷᠨᠢᠬᠦᠯᠦᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠤ | ᠬᠦᠰᠡᠯᠡᠩ ᠢᠲᠡᠭᠡᠯ ᠪᠢᠰᠢᠷᠡᠯ᠂ ᠥᠷᠲᠡᠭ ᠤᠨ ᠦᠵᠡᠯᠲᠡ᠂ ᠶᠣᠰᠣ ᠮᠣᠷᠠᠯ ᠤᠨ ᠦᠵᠡᠯᠲᠡ ᠶᠢᠨ ᠲᠠᠯ᠎ᠠ ᠪᠠᠷ | ᠨᠢᠭᠲᠠᠷᠠᠨ ᠪᠦᠯᠬᠦᠮᠳᠡᠬᠦ ᠶᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ | ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ | ᠰᠤᠷᠲᠠᠬᠤᠨ ᠤ ᠪᠠᠶᠢᠭᠤᠯᠤᠯᠲᠠ ᠶᠢᠨ ︽ᠠᠷᠪᠠᠨ ᠶᠡᠭᠡ ᠠᠵᠢᠯᠯᠠᠭ᠎ᠠ︾ ᠶᠢ ᠠᠬᠢᠭᠤᠯᠤᠨ᠂ ᠣᠯᠠᠨ ᠲᠦᠮᠡᠨᠴᠢ ᠴᠢᠨᠠᠷᠲᠠᠶ | ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠎ᠠ᠃ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ | ᠠᠬᠢᠭᠤᠯᠵᠤ᠂ ᠰᠤᠷᠤᠯᠴᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠤᠨ᠎ᠠ᠃ ᠬᠡᠪ ᠵᠠᠩᠰᠢᠯ ᠢ ᠦᠭᠡᠷᠡᠴᠢᠯᠡᠨ ᠰᠢᠨ᠎ᠡ ᠬᠡᠪ | ᠰᠤᠷᠲᠠᠯ ᠢ ᠰᠠᠨᠠᠭᠠᠴᠢᠯᠠᠨ᠎ᠠ᠃ | ᠠᠷᠠᠳ ᠣᠯᠠᠨ ᠤ ᠣᠶᠤᠨ ᠤ ᠪᠤᠯᠪᠠᠰᠤᠨ ᠤ ᠠᠮᠢᠳᠤᠷᠠᠯ ᠢ ᠪᠠᠶᠠᠯᠢᠭᠵᠢᠭᠤᠯᠤᠨ᠎ᠠ᠃ ᠰᠤᠶᠤᠯ ᠢᠶᠠᠷ ᠠᠷᠠᠳ ᠲᠤ ᠠᠰᠢᠭ | ᠬᠦᠷᠳᠡᠭᠡᠬᠦ ᠢᠨᠵᠧᠨᠧᠷᠢᠩ ᠢ ᠰᠦᠪᠡᠭᠴᠢᠯᠡᠨ ᠬᠡᠷᠡᠭᠵᠢᠬᠦᠯᠵᠦ᠂ ᠰᠣᠶᠣᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ | ᠰᠢᠯᠢᠳᠡᠭᠵᠢᠭᠦᠯᠦᠨ᠎ᠡ᠃ ᠤᠯᠠᠭᠠᠨᠮᠥ᠋ᠴᠢᠷ ᠤᠨ ᠦᠢᠯᠡᠰ ᠤᠨ ᠡᠷᠡᠭᠦᠯ ᠬᠥᠭᠵᠢᠯᠲᠡ ᠶᠢ ᠠᠬᠢᠭᠤᠯᠵᠤ᠂ ᠰᠢᠨᠡᠪᠤᠯᠠᠭ | ᠪᠠᠯᠭᠠᠰᠤᠨ ᠤ ᠣᠯᠠᠨ ᠴᠢᠳᠠᠪᠬᠢᠲᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠷᠳᠣᠨ ᠪᠠ ᠣᠯᠠᠨ ᠨᠡᠶᠢᠲᠡ ᠶᠢᠨ | ᠰᠣᠶᠣᠯ ᠲᠠᠮᠢᠷ ᠤᠨ ᠬᠥᠳᠡᠯᠭᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠡᠶ᠎ᠡ ᠶᠢᠨ ᠲᠠᠮᠢᠷ ᠤᠨ | ᠣᠷᠳᠤᠨ᠂ ᠪᠡᠶ᠎ᠡ ᠶᠢᠨ ᠲᠠᠮᠢᠷ ᠤᠨ ᠲᠠᠯᠠᠪᠠᠢ ᠶᠢᠨ ᠰᠠᠭᠤᠷᠢ ᠲᠦᠬᠦᠭᠡᠷᠦᠮᠵᠢ ᠶᠢ ᠲᠡᠬᠦᠯᠳᠡᠷᠵᠢᠬᠦᠯᠦᠨ᠂ ᠪᠦᠬᠦ ᠠᠷᠠᠳ | ᠤᠨ ᠪᠡᠶ᠎ᠡ ᠴᠢᠬᠢᠷᠠᠭᠵᠢᠭᠤᠯᠬᠤ ᠲᠠᠮᠢᠷ ᠤᠨ ᠴᠤᠭᠯᠠᠭᠠᠨ᠂ ᠬᠤᠶᠠᠳᠤᠭᠠᠷ ᠬᠤᠭᠤᠴᠠᠭᠠᠨ ᠤ ︽ᠠᠰᠤᠷᠤ ᠬᠤᠨᠳᠠᠭᠠᠳᠤ︾ | ᠴᠠᠬᠠᠷ ᠠᠷᠠᠳ ᠤᠨ ᠲᠠᠭᠤᠨ ᠤ ᠤᠷᠤᠯᠳᠤᠭᠠᠨ ᠵᠡᠷᠭᠡ ᠣᠯᠠᠨ ᠲᠦᠮᠡᠨᠴᠢ ᠰᠣᠶᠣᠯ ᠤᠨ ᠠᠵᠢᠯᠯᠠᠭ᠎ᠠ ᠶᠢ ᠵᠤᠬᠢᠶᠠᠨ | ᠪᠠᠶᠢᠭᠤᠯᠤᠨ᠎ᠠ᠃ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠪᠠ ᠲᠡᠦᠬᠡᠨ ᠳᠤᠷᠠᠰᠬᠠᠯᠲᠤ | ᠵᠦᠢᠯᠡᠰ ᠢ ᠬᠠᠮᠠᠭᠠᠯᠠᠵᠤ ᠠᠰᠢᠭᠯᠠᠬᠤ ᠶᠢ ᠴᠢᠩᠭᠠᠳᠬᠠᠨ᠎ᠠ᠃ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ | ᠨᠡᠶᠢᠭᠡᠮᠯᠢᠭ ᠤᠨ ᠦᠢᠯᠡᠰ ᠤᠨ ᠬᠥᠭᠵᠢᠯᠲᠡ ᠶᠢ ᠳᠡᠮᠵᠢᠨ᠎ᠡ᠃ | ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠠᠶᠢᠨ ᠳᠤᠷ᠎ᠠ ᠶᠢᠨ ᠦᠢᠯᠡᠴᠢᠯᠡᠭᠡ ᠪᠠ | ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠦᠢᠯᠡᠰ ᠤᠨ ᠡᠷᠡᠭᠦᠯ ᠬᠦᠭᠵᠢᠯᠲᠡ ᠶᠢ ᠲᠡᠮᠵᠢᠨ᠎ᠠ᠃ ᠭᠤᠷᠪᠠᠨ ᠱᠠᠲᠤᠨ ᠤ | ᠵᠥᠷᠢᠴᠡᠯ ᠮᠥᠷᠬᠦᠯᠳᠦᠬᠡᠨ ᠢ ᠡᠶᠡᠳᠡᠭᠦᠯᠦᠨ ᠰᠢᠢᠳᠪᠦᠷᠢᠯᠡᠬᠦ ᠲᠥᠪ ᠤᠨ ᠪᠠᠶᠢᠭᠤᠯᠤᠯᠲᠠ ᠶᠢ ᠲᠡᠬᠦᠯᠳᠡᠷᠵᠢᠬᠦᠯᠦᠨ᠂ | ᠵᠥᠷᠢᠴᠡᠯ ᠮᠥᠷᠬᠦᠯᠳᠦᠬᠡᠨ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠬᠠᠤᠯᠢᠵᠢᠭᠰᠠᠨ ᠵᠠᠬᠢᠳᠠᠯ | ᠰᠤᠷᠪᠤᠯᠵᠢᠯᠠᠭ᠎ᠠ ᠶᠢ ᠠᠬᠢᠭᠤᠯᠤᠨ᠂ ᠣᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ | ᠲᠤᠬᠠᠢ ᠳᠤᠨᠢ ᠰᠢᠢᠳᠪᠦᠷᠢᠯᠡᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠵᠤ᠂ ᠵᠥᠪ ᠶᠠᠷᠢᠶ᠎ᠠ | ᠬᠡᠯᠡᠯᠴᠡᠭᠡᠨ ᠤ ᠤᠳᠤᠷᠢᠳᠤᠮᠵᠢ ᠶᠢ ᠲᠤᠭᠲᠠᠪᠤᠷᠢᠵᠢᠭᠤᠯᠤᠨ᠂ ᠵᠥᠪ ᠡᠨᠧᠷᠭᠢ ᠢ ᠤᠯᠠᠮᠵᠢᠯᠠᠨ᠎ᠠ᠃ ᠲᠤᠤᠷ | ᠰᠦᠯᠵᠢᠶᠡᠨ ᠤ ᠠᠮᠤᠷ ᠲᠦᠪᠰᠢᠨ ᠤ ᠪᠠᠶᠢᠭᠤᠯᠤᠯᠲᠠ ᠶᠢ ᠴᠢᠩᠭᠠᠳᠬᠠᠨ᠂ ᠨᠠᠵᠠᠭᠠᠢ ᠲᠠᠯ᠎ᠠ ᠶᠢᠨ ᠤᠬᠠᠭᠤᠯᠭ᠎ᠠ | ᠰᠤᠷᠳᠠᠯᠴᠢᠯᠠᠭ᠎ᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠵᠥᠪ ᠢᠶᠠᠷ ᠰᠢᠢᠳᠪᠦᠷᠢᠯᠡᠨ᠎ᠠ᠃ ᠨᠡᠶᠢᠭᠡᠮ ᠤᠨ | ᠵᠠᠰᠠᠯᠲᠠ ᠶᠢᠨ ᠰᠡᠷᠭᠡᠶᠢᠯᠡᠨ ᠡᠵᠡᠮᠳᠡᠬᠦ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠠᠵᠢᠯ ᠢ ᠪᠠᠶᠢᠩᠭᠤ ᠥᠷᠨᠢᠬᠦᠯᠦᠨ᠂ ᠲᠤᠰᠬᠠᠶ ᠲᠥᠷᠦᠯ ᠢᠶᠠᠷ ᠴᠣᠬᠢᠯᠲᠠ ᠥᠭᠴᠦ ᠴᠡᠭᠴᠡᠯᠡᠨ | ᠵᠠᠰᠠᠵᠤ᠂ ︽ᠤᠶᠤᠨᠲᠤ ᠳᠣᠲᠣᠭᠠᠳᠤ ᠶᠢ ᠬᠠᠮᠠᠭᠠᠯᠠᠬᠤ︾ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ ︽ | ᠤᠶᠤᠨᠳᠤ ᠰᠠᠭᠤᠭᠠᠯᠢ ᠲᠤᠭᠤᠷᠢᠭ︾ ᠤᠨ ᠪᠠᠶᠢᠭᠤᠯᠤᠯᠲᠠ ᠶᠢ ᠪᠡᠶᠡᠯᠡᠬᠦᠯᠦᠨ᠂ ᠨᠡᠶᠢᠭᠡᠮ ᠤᠨ ᠦᠨᠳᠦᠰᠦᠨ | ᠲᠤᠤᠷᠴᠢᠯᠠᠭᠰᠠᠨ ᠬᠠᠮᠢᠶᠠᠷᠤᠯᠲᠠ ᠪᠤᠯᠤᠨ ᠤᠶᠤᠨᠳᠤ ᠬᠠᠮᠢᠶᠠᠷᠤᠯᠲᠠ ᠶᠢᠨ ᠬᠢᠷᠢ ᠲᠥᠪᠰᠢᠨ ᠢ ᠲᠡᠭᠡᠰᠢᠯᠡᠬᠦᠯᠦᠨ᠎ᠡ᠃ | ᠠᠶᠤᠯᠭᠦᠶ ᠦᠢᠯᠡᠳᠪᠦᠷᠢᠯᠡᠯ ᠤᠨ ᠲᠣᠭᠲᠠᠭᠤᠨ ᠢ ᠪᠠᠳᠤᠯᠠᠨ᠎ᠠ᠃ ᠠᠶᠤᠯᠬᠦᠢ ᠦᠢᠯᠡᠳᠪᠦᠷᠢᠯᠡᠯ ᠤᠨ ᠲᠤᠰᠬᠠᠶ | ᠲᠥᠷᠦᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠰᠡᠬᠦᠯᠴᠢ ᠶᠢᠨ ᠰᠢᠪᠳᠤᠷᠭᠠᠨ ᠤ ᠠᠵᠢᠯ ᠢ | ᠬᠢᠨᠠᠮᠠᠭᠠᠶ ᠰᠠᠶᠢᠲᠤᠷ ᠬᠢᠵᠦ᠂ ᠡᠯ᠎ᠡ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠬᠠᠤᠯᠢ ᠲᠣᠭᠲᠠᠭᠠᠯ ᠪᠠ | ᠪᠠᠷᠢᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢ | ᠤᠯᠠᠮ ᠴᠢᠨᠠᠭᠰᠢᠳᠠ ᠴᠢᠩᠭᠠᠷᠠᠭᠤᠯᠵᠤ᠂ ᠠᠵᠤ ᠠᠬᠤᠶᠢᠯᠠᠯ ᠤᠨ ᠠᠮᠤᠷ ᠲᠥᠪᠰᠢᠨ ᠤ ᠬᠢᠷᠢ ᠲᠥᠪᠰᠢᠨ ᠢ ᠪᠦᠬᠦ | ᠲᠠᠯ᠎ᠠ ᠪᠠᠷ ᠳᠡᠭᠡᠭᠰᠢᠯᠡᠬᠦᠯᠦᠨ᠂ ᠣᠨᠴᠠ ᠶᠡᠭᠡ ᠬᠦᠨᠳᠦ ᠬᠡᠷᠡᠭ ᠠᠳᠡᠯ ᠭᠠᠷᠬᠤ ᠶᠢ ᠡᠷᠡᠰ ᠬᠤᠷᠢᠭᠯᠠᠨ᠎ᠠ᠃ ᠲᠠᠯ᠎ᠠ | ᠨᠤᠲᠤᠭ ᠤᠨ ᠭᠠᠯ ᠲᠦᠢᠮᠡᠷ ᠢ ᠰᠡᠷᠭᠡᠶᠢᠯᠡᠬᠦ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠪᠠ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠠᠬᠤ ᠠᠵᠢᠯ ᠢ ᠨᠢᠭᠡᠳᠦᠯᠲᠡᠶ ᠲᠥᠯᠦᠪᠵᠢᠬᠦᠯᠦᠨ ᠰᠠᠶᠢᠲᠤᠷ ᠬᠢᠨ᠎ᠡ᠃ | ᠪᠠᠴᠢᠮ ᠪᠠᠶᠢᠳᠠᠯ ᠢ ᠠᠷᠭᠠᠴᠠᠬᠤ ᠡᠯ᠎ᠡ ᠵᠦᠢᠯ ᠤᠨ ᠪᠡᠯᠡᠳᠬᠡᠯ ᠲᠥᠰᠦᠯ ᠢ ᠰᠢᠯᠢᠳᠡᠭᠵᠢᠭᠦᠯᠵᠦ᠂ ᠪᠠᠴᠢᠮ ᠪᠠᠶᠢᠳᠠᠯ ᠢ | ᠠᠷᠭᠠᠴᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ | ᠠᠩᠭᠢ ᠶᠢᠨ ᠲᠤᠰᠬᠠᠶᠢᠵᠢᠭᠰᠠᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠬᠦᠯᠦᠨ᠎ᠡ᠃ | ᠦᠨᠳᠦᠰᠦᠲᠡᠨ ᠤ ᠠᠵᠢᠯ ᠢ ᠦᠷᠭᠦᠯᠵᠢᠯᠡᠨ ᠴᠢᠩᠭᠠᠳᠬᠠᠨ᠎ᠠ᠃ ᠲᠥᠪ ᠬᠤᠷᠢᠶᠠᠨ ᠤ ᠦᠨᠳᠦᠰᠦᠲᠡᠨ ᠤ | ᠠᠵᠢᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠤᠳᠤᠷᠢᠳᠤᠮᠵᠢ ᠪᠤᠯᠭᠠᠨ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠪᠠᠶᠢᠭᠤᠯᠤᠯᠲᠠ ᠶᠢᠨ ︽ᠨᠠᠢᠮᠠ ᠶᠢ ᠣᠷᠤᠭᠤᠯᠬᠤ︾ ᠠᠵᠢᠯᠯᠠᠭ᠎ᠠ ᠶᠢ ᠰᠠᠶᠢᠲᠤᠷ | ᠥᠷᠨᠢᠬᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠳᠤᠮᠳᠠᠳᠤ ᠶᠢᠨ | ᠦᠨᠳᠦᠰᠦᠲᠡᠨ ᠤ ᠲᠤᠬᠠᠶ ᠲᠠᠨᠢᠯᠲᠠ᠂ ᠲᠥᠷᠦᠭᠳᠡᠯ᠂ ᠰᠡᠳᠬᠢᠯᠭᠡ ᠶᠢ ᠨᠢ ᠲᠠᠰᠤᠷᠠᠯᠲᠠ ᠥᠬᠡᠶ ᠨᠡᠮᠡᠭᠳᠡᠬᠦᠯᠵᠦ᠂ ︽ | ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠬᠦᠯᠦᠭᠰᠡᠨ ᠬᠤᠰᠢᠭᠤ︾ ᠶᠢ | ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠤᠨ᠎ᠠ᠃ ᠦᠨᠳᠦᠰᠦᠲᠡᠨ ᠤ ᠬᠡᠷᠡᠭ ᠡᠷᠬᠢᠯᠡᠬᠦ ᠵᠠᠰᠠᠯᠲᠠ | ᠶᠢᠨ ᠬᠠᠤᠯᠢᠵᠢᠭᠰᠠᠨ ᠬᠢᠷᠢ ᠲᠥᠪᠰᠢᠨ ᠢ ᠳᠡᠭᠡᠭᠰᠢᠯᠡᠭᠦᠯᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠲᠤᠬᠠᠶ | ᠦᠨᠳᠦᠰᠦᠨ ᠱᠣᠭᠤᠮ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠱᠠᠰᠢᠨ ᠰᠤᠷᠲᠠᠬᠤᠨ ᠪᠠ ᠨᠡᠶᠢᠭᠡᠮ | ᠵᠢᠷᠤᠮᠲᠤ ᠨᠡᠶᠢᠭᠡᠮ ᠯᠦᠭᠡ ᠬᠠᠷᠢᠯᠴᠠᠨ ᠵᠤᠬᠢᠴᠠᠯᠳᠤᠬᠤ ᠶᠢ ᠬᠦᠴᠦᠳᠡᠢ ᠠᠬᠢᠭᠤᠯᠤᠨ᠎ᠠ᠃ | ︵ᠳᠣᠯᠤᠭ᠎ᠠ︶ ᠨᠡᠶᠢᠲᠡ ᠶᠢᠨ ᠲᠥᠯᠥᠭᠡ ᠰᠢᠷᠭᠠᠭᠤ ᠠᠵᠢᠯᠯᠠᠬᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠬᠤ ᠶᠢ ᠪᠠᠷᠢᠮᠲᠠᠯᠠᠨ᠂ ᠠᠷᠠᠳ ᠲᠥᠮᠡᠨ ᠬᠠᠨᠤᠮᠵᠢᠲᠠᠢ ᠪᠠᠶᠢᠬᠤ ᠵᠠᠰᠠᠭ ᠤᠨ ᠣᠷᠳᠣᠨ ᠢ ᠴᠢᠷᠮᠠᠶᠢᠨ | ᠪᠠᠶᠢᠭᠤᠯᠤᠨ᠎ᠠ᠃ | ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠤᠱᠯᠠᠭᠤᠯᠵᠤ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠨ᠂ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠪᠠ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠤᠬᠠᠭᠤᠯᠤᠨ ᠲᠤᠤᠱᠯᠠᠭᠤᠯᠬᠤ | ᠠᠵᠢᠯ ᠢ ᠰᠠᠶᠢᠲᠤᠷ ᠠᠳᠬᠤᠨ᠎ᠠ᠃ ᠤᠯᠤᠰ ᠲᠥᠷᠥ ᠶᠢᠨ ᠰᠠᠬᠢᠯᠭ᠎ᠠ ᠪᠠᠲᠤ ᠪᠣᠯᠤᠨ ᠶᠣᠰᠣ ᠲᠦᠷᠢᠮ ᠢ ᠴᠢᠩᠭ᠎ᠠ | ᠵᠢᠷᠤᠮᠯᠠᠨ ᠰᠠᠬᠢᠵᠤ᠂ ︽ᠳᠥᠷᠪᠡᠨ ᠤᠬᠠᠮᠰᠠᠷ︾ ᠢᠶᠠᠨ ᠦᠨᠡᠨᠬᠦ ᠴᠢᠩᠭᠠᠳᠬᠠᠨ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠦᠨ᠂ ᠦᠵᠡᠯ ᠰᠠᠨᠠᠭ᠎ᠠ᠂ ᠤᠯᠤᠰ ᠲᠥᠷᠥ᠂ | ᠦᠢᠯᠡ ᠠᠵᠢᠯᠯᠠᠭᠠᠨ ᠤ ᠲᠠᠯ᠎ᠠ ᠪᠠᠷ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ | ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠯᠭᠠᠨ᠎ᠠ᠃ | ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠨ᠎ᠠ᠃ ︽ᠬᠡᠪ ᠰᠤᠷᠲᠠᠯ ᠢᠶᠠᠨ | ᠬᠤᠪᠢᠷᠠᠭᠤᠯᠬᠤ᠂ ᠴᠢᠳᠠᠪᠤᠷᠢ ᠪᠠᠨ ᠳᠡᠭᠡᠭᠰᠢᠯᠡᠭᠦᠯᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠪᠠ ︽ᠬᠤᠤᠰ | ᠵᠠᠭᠤᠨ ᠵᠢᠯ ᠤᠨ ᠪᠣᠭᠤᠮᠲᠠ ᠰᠢᠪᠳᠤᠯᠡᠯᠲᠡ︾ ᠶᠢᠨ ᠠᠵᠢᠯᠯᠠᠭᠠᠨ ᠤ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠤᠯᠤᠰ ᠲᠥᠷᠦ ᠶᠢ ᠮᠠᠭᠠᠳᠯᠠᠬᠤ ᠴᠢᠳᠠᠪᠦᠷᠢ᠂ ᠤᠬᠠᠵᠤ ᠮᠡᠳᠡᠬᠦ ᠴᠢᠳᠠᠪᠦᠷᠢ ᠪᠠ ᠬᠡᠷᠡᠭᠵᠢᠬᠦᠯᠬᠦ | ᠴᠢᠳᠠᠪᠦᠷᠢ ᠪᠠᠨ ᠲᠠᠰᠤᠷᠠᠯᠲᠠ ᠦᠭᠡᠢ ᠲᠡᠭᠡᠭᠰᠢᠯᠡᠬᠦᠯᠦᠨ᠂ ᠣᠯᠣᠰ ᠲᠥᠷᠦ ᠶᠢᠨ ᠬᠠᠷᠢᠭᠤᠴᠠᠯᠭᠠᠲᠤ ᠰᠡᠳᠬᠢᠯᠭᠡ ᠪᠠ | ᠰᠡᠷᠭᠡᠭ ᠪᠠᠶᠢᠬᠤ ᠴᠢᠨᠠᠷ ᠢ ᠴᠢᠩᠭᠠᠳᠬᠠᠵᠤ᠂ ︽ᠬᠦᠭᠵᠢᠯᠲᠡ ᠶᠢᠨ ᠱᠠᠭᠠᠷᠳᠠᠯᠭ᠎ᠠ ᠴᠢᠩᠭ᠎ᠠ ᠪᠣᠰᠤ᠂ ᠤᠮᠤᠭ ᠲᠡᠬᠦᠯᠳᠡᠷ | ᠪᠤᠰᠣ᠂ ᠬᠠᠷᠢᠭᠤᠴᠠᠯᠭᠠᠲᠤ ᠤᠬᠠᠮᠰᠠᠷ ᠲᠤᠳᠠᠮᠠᠭ︾ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠵᠦ᠂ ᠠᠷᠭ᠎ᠠ | ᠪᠣᠳᠣᠯᠭ᠎ᠠ ᠰᠦᠪᠡᠭᠴᠢᠯᠡᠨ ᠤᠴᠢᠷ ᠶᠠᠪᠤᠳᠠᠯ ᠬᠢᠬᠦ ᠲᠠᠪᠰᠢᠩᠭᠤᠢ ᠴᠢᠨᠠᠷ᠂ ᠤᠷᠢᠳᠴᠢᠯᠠᠬᠤ ᠴᠢᠨᠠᠷ ᠪᠠ ᠲᠥᠯᠦᠪᠯᠡᠭᠡᠲᠦ | ᠴᠢᠨᠠᠷ ᠢ ᠴᠢᠩᠭᠠᠳᠬᠠᠨ᠂ ᠠᠰᠠᠭᠤᠳᠠᠯ ᠤᠨ ᠤᠳᠤᠷᠢᠳᠤᠮᠵᠢ᠂ ᠬᠠᠷᠠᠯᠲᠠ ᠶᠢᠨ ᠤᠳᠤᠷᠢᠳᠤᠮᠵᠢ᠂ ᠦᠷ᠎ᠡ ᠳ᠋ᠥᠩ ᠤᠨ | ᠤᠳᠤᠷᠢᠳᠤᠮᠵᠢ ᠶᠢ ᠲᠤᠪᠤᠶᠢᠯᠭᠠᠨ᠂ ᠬᠠᠷᠢᠭᠤᠴᠠᠯᠭ᠎ᠠ ᠡᠬᠦᠷᠭᠡ ᠶᠢ ᠴᠢᠩᠭᠠᠷᠠᠭᠤᠯᠵᠤ᠂ ᠬᠠᠤᠯᠢᠵᠢᠭᠰᠠᠨ ᠵᠠᠰᠠᠭ | ᠵᠠᠬᠢᠷᠭᠠᠨ ᠤ ᠴᠢᠳᠠᠪᠦᠷᠢ ᠶᠢ ᠲᠡᠭᠡᠭᠰᠢᠯᠡᠬᠦᠯᠦᠨ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠤᠨ ᠤ ᠴᠢᠭᠯᠡᠯᠲᠡ | ᠲᠥᠷᠦ ᠶᠢᠨ ᠪᠤᠳᠣᠯᠭ᠎ᠠ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ᠂ ᠬᠤᠰᠢᠭᠤ ᠨᠠᠮ ᠤᠨ ᠬᠤᠷᠢᠶᠠᠨ ᠤ ᠡᠯ᠎ᠡ | ᠲᠥᠷᠦᠯ ᠤᠨ ᠰᠢᠢᠳᠪᠦᠷᠢᠲᠦ ᠪᠤᠳᠣᠯᠭ᠎ᠠ ᠪᠠᠶᠢᠷᠢᠯᠠᠭᠤᠯᠤᠯᠲᠠ ᠶᠢ ᠪᠤᠳᠠᠳᠠᠢ ᠨᠠᠶᠢᠳᠠᠪᠦᠷᠢᠵᠢᠭᠤᠯᠤᠨ᠎ᠠ᠃ ᠰᠠᠬᠢᠯᠭ᠎ᠠ | ᠪᠠᠲᠤ ᠪᠠ ᠲᠥᠷᠢᠮ ᠲᠤᠭᠲᠠᠭᠠᠯ ᠢ ᠲᠡᠷᠢᠬᠦᠨ ᠳᠤ ᠲᠠᠯᠪᠢᠬᠤ ᠶᠢ ᠪᠠᠷᠢᠮᠳᠠᠯᠠᠵᠤ᠂ ᠬᠠᠷᠢᠭᠤᠴᠠᠯᠭ᠎ᠠ ᠠᠴᠠ ᠵᠠᠶᠢᠯᠠᠬᠤ᠂ | ᠠᠵᠢᠯ ᠡᠭᠦᠷᠭᠡ ᠪᠠᠨ ᠬᠦᠢᠴᠡᠳᠭᠡᠬᠦ ᠦᠭᠡᠢ᠂ ᠬᠤᠶᠢᠰᠢᠯᠠᠭᠤᠯᠤᠨ ᠬᠦᠢᠴᠡᠳᠭᠡᠬᠦ ᠵᠡᠷᠭᠡ ᠠᠵᠢᠯᠯᠠᠭ᠎ᠠ ᠶᠢ ᠡᠷᠡᠰ | ᠬᠤᠷᠢᠭᠯᠠᠨ᠎ᠠ᠃ ᠤᠬᠠᠮᠰᠠᠷ ᠠᠴᠠ ᠪᠠᠨ ᠬᠦᠯᠢᠶᠡᠨ ᠠᠪᠴᠤ᠂ ᠠᠷᠭ᠎ᠠ ᠠᠪᠴᠠᠯ ᠢᠶᠠᠨ ᠴᠢᠩᠭᠠᠳᠬᠠᠨ᠂ ᠨᠢᠭᠡᠳᠦᠯᠳᠡᠢ | ᠲᠥᠯᠦᠪᠵᠢᠬᠦᠯᠵᠦ᠂ ᠲᠡᠭᠡᠳᠦ ᠱᠠᠳᠣᠨ ᠤ ᠡᠯ᠎ᠡ ᠲᠥᠷᠦᠯ ᠤᠨ ᠬᠢᠨᠠᠨ ᠪᠠᠶᠢᠴᠠᠭᠠᠯᠲᠠ᠂ ᠲᠤᠭᠤᠷᠢᠨ ᠪᠠᠶᠢᠴᠠᠭᠠᠯᠲᠠ᠂ | ᠲᠤᠭᠤᠷᠢᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠲᠤᠭᠲᠠᠭᠰᠠᠨ ᠬᠤᠭᠤᠴᠠᠭᠠᠨ ᠳᠤ ᠰᠠᠶᠢᠲᠤᠷ | ᠴᠡᠭᠴᠡᠯᠡᠨ ᠰᠠᠶᠢᠵᠢᠷᠠᠭᠤᠯᠬᠤ ᠶᠢ ᠪᠠᠳᠤᠯᠠᠵᠤ᠂ ᠨᠡᠭᠡᠭᠡᠨ ᠬᠦᠭᠵᠢᠬᠦᠯᠬᠦ ᠣᠷᠤᠨ ᠤ ᠬᠡᠷᠡᠭ ᠢᠶᠠᠷ ᠴᠡᠭᠴᠡᠯᠡᠨ | ᠰᠠᠶᠢᠵᠢᠷᠠᠭᠤᠯᠤᠯᠲᠠ ᠶᠢ ᠠᠬᠢᠭᠤᠯᠬᠤ ᠠᠵᠢᠯ ᠢ ᠰᠠᠶᠢᠲᠤᠷ ᠠᠳᠬᠤᠨ᠎ᠠ᠃ | ᠬᠠᠤᠯᠢ ᠲᠥᠷᠢᠮ ᠶᠤᠰᠤᠭᠠᠷ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ | ᠴᠢᠩᠭᠠᠳᠬᠠᠨ᠎ᠠ᠃ ᠠᠷᠠᠳᠴᠢᠯᠠᠯ ᠲᠥᠪᠯᠡᠷᠡᠯ ᠤᠨ ᠲᠥᠷᠢᠮ ᠢ ᠴᠢᠩᠭ᠎ᠠ ᠬᠡᠷᠡᠭᠵᠢᠭᠦᠯᠵᠦ᠂ ᠰᠢᠢᠳᠪᠦᠷᠢᠲᠦ | ᠪᠣᠳᠣᠯᠭ᠎ᠠ ᠶᠢᠨ ᠵᠥᠪᠯᠡᠯᠭᠡ ᠥᠭᠬᠦ᠂ ᠬᠡᠷᠡᠭᠵᠢᠭᠦᠯᠬᠦ᠂ ᠦᠨᠡᠯᠡᠨ ᠵᠢᠱᠢᠬᠦ ᠵᠡᠷᠭᠡ ᠲᠣᠭᠲᠠᠴᠠ ᠶᠢ ᠲᠡᠬᠦᠯᠳᠡᠷᠵᠢᠬᠦᠯᠤᠨ᠂ | ᠴᠢᠬᠤᠯᠠ ᠶᠡᠭᠡ ᠠᠰᠠᠭᠤᠳᠠᠯ ᠢ ᠬᠠᠮᠳᠤᠪᠡᠷ ᠵᠥᠪᠯᠡᠬᠦ᠂ ᠬᠠᠮᠳᠤᠪᠡᠷ ᠲᠣᠭᠲᠠᠭᠠᠬᠤ ᠶᠢ ᠪᠠᠷᠢᠮᠲᠠᠯᠠᠵᠤ᠂ ᠬᠤᠰᠢᠭᠤ | ᠨᠠᠮ ᠤᠨ ᠬᠤᠷᠢᠶᠠᠨ ᠳᠤ ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠦᠷᠢᠵᠢᠭᠤᠯᠤᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ᠂ ᠨᠠᠮ | ᠪᠦᠯᠦᠭ ᠤᠨ ᠪᠤᠰᠤ ᠬᠥᠮᠦᠰ᠂ ᠠᠷᠠᠳ ᠤᠨ ᠪᠦᠯᠬᠦᠮ ᠪᠠ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ | ᠨᠠᠷᠢᠨ ᠬᠢᠨᠠᠮᠠᠭᠠᠢ ᠰᠣᠨᠣᠰᠴᠤ᠂ ᠰᠢᠨᠵᠢᠯᠡᠬᠦ ᠤᠬᠠᠭᠠᠨᠴᠢ ᠪᠠᠷ ᠵᠠᠰᠠᠭ ᠪᠠᠷᠢᠬᠤ᠂ ᠠᠷᠠᠳᠴᠢᠯᠠᠯ ᠢᠶᠠᠷ ᠵᠠᠰᠠᠭ ᠪᠠᠷᠢᠬᠤ᠂ | ᠬᠠᠤᠯᠢ ᠶᠣᠰᠣᠭᠠᠷ ᠵᠠᠰᠠᠭ ᠪᠠᠷᠢᠬᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠷᠠᠳ ᠤᠨ | ᠲᠥᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ | ᠠᠵᠢᠯ ᠤᠨ ᠬᠢᠨᠠᠯᠲᠠ ᠶᠢ ᠬᠠᠤᠯᠢ ᠶᠤᠰᠤᠭᠠᠷ ᠬᠦᠯᠢᠶᠡᠨ ᠠᠪᠴᠤ᠂ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠨᠡᠶᠢᠭᠡᠮ ᠪᠠ ᠶᠠᠷᠢᠶᠠᠨ ᠬᠡᠯᠡᠯᠴᠡᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠣᠬᠤ ᠬᠢᠨᠠᠯᠲᠠ ᠶᠢ ᠴᠢᠩᠭᠠᠳᠬᠠᠨ᠎ᠠ᠃ | ᠲᠥᠯᠥᠭᠡᠯᠡᠭᠴᠢᠳ ᠡ︕ ᠬᠠᠷᠠᠯᠲᠠ ᠨᠢᠭᠡᠨᠲᠡ ᠲᠤᠳᠤᠷᠬᠠᠢ ᠪᠣᠯᠵᠤ᠂ ᠰᠢᠷᠭᠠᠭᠤ ᠠᠵᠢᠯᠯᠠᠨ ᠲᠡᠮᠡᠴᠡᠪᠡᠯ | ᠠᠭᠤᠤ ᠦᠢᠯᠡᠰ ᠢ ᠴᠤᠭᠴᠠᠯᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠲᠥᠪ ᠪᠤᠯᠭᠠᠭᠰᠠᠨ ᠨᠠᠮ ᠤᠨ ᠲᠥᠪ | ᠬᠤᠷᠢᠶᠠᠨ ᠤ ᠲᠤᠭᠤᠷᠢᠨ ᠳᠤ ᠨᠡᠩ ᠢᠯᠡᠭᠦᠦ ᠨᠢᠭᠲᠠᠷᠠᠨ ᠪᠥᠯᠬᠦᠮᠳᠡᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ | ᠡᠬᠦᠷᠭᠡᠯᠡᠨ᠂ ᠡᠷᠡᠮᠡᠬᠡᠶᠢᠯᠡᠨ ᠤᠷᠤᠭᠰᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠢᠷᠡᠭᠡᠳᠦᠢ ᠶᠢ | ᠡᠷᠢᠯᠬᠢᠯᠡᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠥᠪᠡᠭᠡᠲᠦ ᠰᠢᠷ᠎ᠠ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠪᠠᠷ ᠬᠠᠮᠳᠤᠪᠡᠷ ᠴᠢᠷᠮᠠᠶᠢᠨ | ᠲᠡᠮᠡᠴᠡᠵᠦ᠂ ᠰᠢᠯᠢᠳᠡᠭ ᠪᠦᠳᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠶ᠎ᠠ᠃ | | | ᠨᠡᠷᠡᠰ ᠤᠨ ᠲᠠᠶᠢᠯᠪᠦᠷᠢ᠄ | ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠂ ︽ᠵᠢᠷᠭᠤᠭ᠎ᠠ ᠶᠢ ᠪᠠᠲᠤᠯᠠᠬᠤ︾᠄ ᠠᠵᠢᠯ ᠣᠯᠭᠤᠯᠲᠠ ᠶᠢ | ᠲᠤᠭᠳᠠᠭᠤᠨ ᠪᠠᠶᠢᠯᠭᠠᠬᠤ᠂ ᠮᠥᠩᠭᠦᠨ ᠬᠦᠢᠯᠬᠡᠭᠡ ᠶᠢ ᠲᠤᠭᠳᠠᠭᠤᠨ ᠪᠠᠶᠢᠯᠭᠠᠬᠤ᠂ ᠭᠠᠳᠠᠭᠠᠳᠤ ᠠᠷᠠᠯᠵᠢᠶ᠎ᠠ ᠶᠢ | ᠲᠤᠭᠳᠠᠭᠤᠨ ᠪᠠᠶᠢᠯᠭᠠᠬᠤ᠂ ᠭᠠᠳᠠᠭᠠᠳᠤ ᠪᠠᠯᠠ ᠶᠢ ᠲᠤᠭᠳᠠᠭᠤᠨ ᠪᠠᠶᠢᠯᠭᠠᠬᠤ᠂ ᠪᠠᠯᠠ ᠣᠷᠣᠭᠤᠯᠤᠯᠲᠠ ᠶᠢ | ᠲᠤᠭᠳᠠᠭᠤᠨ ᠪᠠᠶᠢᠯᠭᠠᠬᠤ᠂ ᠵᠢᠱᠢᠯᠲᠡ ᠶᠢ ᠲᠤᠭᠳᠠᠭᠤᠨ ᠪᠠᠶᠢᠯᠭᠠᠬᠤ᠃ ᠰᠠᠭᠤᠭᠠᠯᠢ ᠠᠷᠠᠳ ᠤᠨ ᠠᠵᠢᠯ | ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠬᠤ᠂ ᠠᠵᠤ | ᠦᠢᠯᠡᠰ ᠤᠨ ᠬᠡᠯᠬᠢᠶᠡᠰᠦ ᠪᠠ ᠬᠠᠩᠭᠠᠯᠭ᠎ᠠ ᠶᠢᠨ ᠬᠡᠯᠬᠢᠶᠡᠰᠦ ᠶᠢᠨ ᠲᠣᠭᠲᠠᠭᠤᠨ ᠪᠠᠶᠢᠬᠤ ᠶᠢ ᠪᠠᠲᠤᠯᠠᠬᠤ᠂ ᠦᠨᠳᠦᠰᠦᠨ | ᠱᠠᠲᠤᠨ ᠤ ᠠᠵᠢᠯᠯᠠᠭ᠎ᠠ ᠶᠢ ᠪᠠᠳᠤᠯᠠᠬᠤ᠃ | ᠭᠤᠷᠪᠠᠨ ᠨᠠᠷᠢᠯᠢᠭ ᠤᠨᠤᠪᠴᠢᠲᠠᠢ᠂ ᠭᠤᠷᠪᠠ ᠶᠢ ᠨᠠᠶᠢᠳᠠᠪᠦᠷᠢᠵᠢᠭᠤᠯᠬᠤ᠂ ᠭᠤᠷᠪᠠᠨ ᠪᠠᠲᠤᠯᠠᠭ᠎ᠠ᠄ ᠨᠠᠷᠢᠯᠢᠭ | ᠤᠨᠤᠪᠴᠢᠳᠠᠢ ᠪᠠᠷ ᠢᠯᠭᠠᠨ ᠲᠠᠨᠢᠬᠤ᠂ ᠨᠠᠷᠢᠯᠢᠭ ᠤᠨᠤᠪᠴᠢᠳᠠᠢ ᠪᠠᠷ ᠬᠠᠪᠰᠤᠷᠤᠨ ᠲᠡᠳᠬᠦᠬᠦ᠂ ᠨᠠᠷᠢᠯᠢᠭ | ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ᠃ ᠠᠯᠪᠠᠨ ᠵᠢᠷᠤᠮ ᠤᠨ ᠰᠤᠷᠭᠠᠨ ᠬᠥᠮᠦᠵᠢᠯ | ᠤᠨ ᠪᠠᠳᠤᠯᠠᠭ᠎ᠠ᠂ ᠦᠨᠳᠦᠰᠦᠨ ᠡᠮᠴᠢᠯᠡᠭᠡᠨ ᠤ ᠪᠠᠳᠤᠯᠠᠭ᠎ᠠ᠂ ᠠᠮᠤᠷ ᠲᠥᠪᠰᠢᠨ ᠣᠷᠣᠨ ᠰᠠᠭᠤᠴᠠ ᠶᠢᠨ | ᠪᠠᠳᠤᠯᠠᠭ᠎ᠠ ᠶᠢ ᠰᠢᠢᠳᠪᠦᠷᠢᠯᠡᠨ᠎ᠡ᠃ | ︽ᠬᠤᠣᠰ ᠴᠠᠬᠠᠷ︾ ᠠᠵᠤ ᠦᠢᠯᠡᠰ᠄ ᠴᠠᠬᠠᠷ ᠬᠤᠨᠢ᠂ ᠴᠠᠬᠠᠷ ᠴᠠᠭᠠᠨ ᠢᠳᠡᠭᠡ᠃ | ᠭᠤᠷᠪᠠᠨ ᠣᠷᠣᠨ ᠬᠤᠶᠠᠷ ᠱᠤᠭᠤᠮ᠄ ᠬᠤᠳᠠ ᠪᠠᠯᠭᠠᠰᠤᠨ ᠤ ᠣᠶᠢᠷ᠎ᠠ ᠬᠠᠪᠢ ᠶᠢᠨ ᠣᠷᠣᠨ᠂ ᠲᠡᠦᠬᠡ ᠶᠢᠨ | ᠲᠣᠷᠠᠰᠬᠠᠯᠳᠣ ᠦᠵᠡᠮᠵᠢ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠠ ᠵᠠᠰᠠᠮᠠᠯ ᠵᠠᠮ ᠳᠠᠭᠠᠤ | ᠱᠤᠭᠤᠮ᠂ ᠲᠡᠮᠦᠷ ᠵᠠᠮ ᠲᠠᠭᠠᠤ ᠱᠣᠭᠤᠮ᠃ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠬᠥᠭᠵᠢᠯᠲᠡ ᠶᠢᠨ ︽ᠲᠠᠪᠤ ᠶᠢ ᠨᠢᠭᠡ ᠴᠤᠭᠴᠠᠵᠢᠭᠤᠯᠬᠤ︾᠄ | ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠵᠠᠬ᠎ᠠ ᠳᠡᠯᠭᠡᠭᠦᠷ ᠵᠢᠴᠢ ᠨᠡᠷ᠎ᠡ ᠲᠡᠮᠳᠡᠭ᠂ ᠡᠵᠡᠩᠨᠡᠨ ᠪᠣᠷᠣᠯᠠᠭᠤᠯᠬᠤ᠂ | ᠰᠣᠶᠣᠯ ᠵᠢᠭᠤᠯᠴᠢᠯᠠᠯ᠃ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠬᠥᠭᠵᠢᠯᠲᠡ ᠶᠢᠨ ︽ᠳᠥᠷᠪᠡ ᠶᠢ ᠨᠢᠭᠡᠳᠬᠡᠬᠦ︾᠄ ᠲᠠᠸᠠᠷ ᠤᠨ | ᠨᠡᠷ᠎ᠡ ᠲᠡᠮᠳᠡᠭ ᠢ ᠨᠢᠭᠡᠳᠦᠯᠲᠡᠶ ᠪᠠᠶᠢᠯᠭᠠᠬᠤ᠂ ᠪᠠᠷᠢᠮᠵᠢᠶ᠎ᠠ ᠶᠢ ᠨᠢᠭᠡᠳᠦᠯᠲᠡᠶ ᠪᠠᠶᠢᠯᠭᠠᠬᠤ᠂ ᠴᠢᠮᠡᠭᠯᠡᠨ ᠪᠤᠭᠤᠳᠠᠯᠯᠠᠬᠤ ᠶᠢ | ᠨᠢᠭᠡᠳᠦᠯᠳᠡᠢ ᠪᠠᠶᠢᠯᠭᠠᠬᠤ᠂ ᠨᠢᠭᠡᠳᠦᠯᠲᠡᠶ ᠡᠵᠡᠩᠨᠡᠨ ᠪᠤᠷᠤᠯᠠᠭᠤᠯᠬᠤ᠃ | ᠨᠢᠭᠡ ᠬᠦᠷᠢᠶᠡᠯᠡᠩ᠂ ᠬᠤᠶᠠᠷ ᠪᠦᠰᠡ᠂ ᠲᠠᠪᠤᠨ ᠭᠤᠤᠯᠳᠤ ᠱᠣᠭᠤᠮ᠂ ᠳᠣᠯᠣᠭᠠᠨ ᠬᠦᠨᠳᠡᠯᠡᠨ ᠱᠣᠭᠤᠮ᠄ ᠨᠢᠭᠡ | ᠬᠦᠷᠢᠶᠡᠯᠡᠩ ᠨᠢ ᠠᠰᠤᠷᠤ ᠠᠮᠢ ᠠᠬᠤᠢ ᠵᠠᠩ ᠦᠢᠯᠡ ᠶᠢᠨ ᠬᠦᠷᠢᠶᠡᠯᠡᠩ᠃ ᠬᠤᠶᠠᠷ ᠪᠦᠰᠡ ᠨᠢ S208 ᠵᠠᠮ ᠤᠨ | ᠰᠢᠨᠡᠪᠤᠯᠠᠭ ᠪᠠᠯᠭᠠᠰᠤ ᠪᠠᠷ ᠥᠩᠭᠡᠷᠡᠬᠦ ᠬᠡᠰᠡᠭ ᠤᠨ ᠦᠵᠡᠮᠵᠢ ᠶᠢᠨ ᠪᠦᠰᠡ ᠪᠠ ᠵᠡᠬᠦᠨ ᠭᠤᠣᠯ ᠤᠨ ᠦᠵᠡᠮᠵᠢ ᠶᠢᠨ | ᠪᠦᠰᠡ᠃ ᠲᠠᠪᠤᠨ ᠭᠤᠣᠯᠳᠤ ᠱᠣᠭᠤᠮ ᠨᠢ ᠪᠣᠭᠳᠠ ᠵᠠᠮ᠂ ᠬᠥᠭᠵᠢᠯ ᠵᠠᠮ᠂ ᠡᠩᠭᠡ ᠵᠠᠮ᠂ ᠴᠠᠬᠠᠷ ᠵᠠᠮ᠂ ᠲᠤᠷᠭᠠᠨ | ᠵᠠᠮ᠃ ᠲᠣᠯᠣᠭᠠᠨ ᠬᠦᠨᠳᠡᠯᠡᠨ ᠱᠣᠭᠤᠮ ᠨᠢ ᠨᠠᠷᠠᠨ ᠵᠡᠭᠡᠯᠢ᠂ ᠪᠠᠶᠠᠨ ᠵᠡᠭᠡᠯᠢ᠂ ᠰᠢᠨᠡᠪᠤᠯᠠᠭ ᠵᠡᠭᠡᠯᠢ᠂ ᠣᠩᠭᠤᠨ ᠵᠡᠭᠡᠯᠢ | ᠂ ᠬᠤᠩᠭᠤᠷ ᠵᠡᠭᠡᠯᠢ᠂ ᠠᠰᠤᠷᠤ ᠵᠡᠭᠡᠯᠢ᠂ ᠬᠤᠪᠢᠰ ᠵᠡᠭᠡᠯᠢ᠃ | ︽ᠲᠥᠷᠪᠡᠨ ᠬᠡᠯᠪᠡᠷᠢ ᠪᠠᠷ ᠬᠦᠢᠴᠡᠳᠭᠡᠬᠦ︾᠄ ᠨᠢᠭᠡᠯᠡ ᠰᠦᠯᠵᠢᠶ᠎ᠡ ᠪᠠᠷ ᠬᠦᠢᠴᠡᠳᠭᠡᠬᠦ᠂ ᠭᠠᠷ ᠤᠳᠠᠰᠤᠨ ᠳᠡᠭᠡᠷ᠎ᠡ | ᠬᠦᠢᠴᠡᠳᠭᠡᠬᠦ᠂ ᠨᠢᠭᠡᠯᠡ ᠤᠳᠠᠭ᠎ᠠ ᠳᠤ ᠬᠦᠢᠴᠡᠳᠭᠡᠬᠦ᠂ ᠬᠠᠪᠰᠤᠷᠤᠨ ᠬᠦᠢᠴᠡᠳᠭᠡᠬᠦ᠃ | ᠪᠦᠬᠦ ᠠᠷᠠᠳ ᠤᠨ ᠭᠤᠷᠪᠠᠨ ᠡᠳᠥᠷ ᠤᠨ ᠠᠵᠢᠯᠯᠠᠭ᠎ᠠ᠄ ᠰᠠᠷ᠎ᠠ ᠪᠦᠷᠢ ᠶᠢᠨ 14 ᠤ ᠡᠳᠥᠷ ᠪᠣᠯ ᠪᠦᠬᠦ ᠠᠷᠠᠳ ᠤᠨ | ᠠᠷᠢᠭᠤᠨ ᠴᠡᠪᠡᠷ ᠤᠨ ᠡᠳᠤᠷ᠂ 4 ᠰᠠᠷ᠎ᠠ ᠶᠢᠨ 28 ᠡᠳᠤᠷ ᠪᠣᠯ ᠪᠦᠬᠦ ᠠᠷᠠᠳ ᠤᠨ ᠪᠡᠶ᠎ᠡ ᠪᠣᠯᠪᠠᠰᠣᠷᠠᠭᠤᠯᠬᠤ ᠡᠳᠣᠷ | ᠂ 4 ᠰᠠᠷ᠎ᠠ ᠶᠢᠨ 23 ᠤ ᠡᠳᠤᠷ ᠪᠣᠯ ᠪᠦᠬᠦ ᠠᠷᠠᠳ ᠤᠨ ᠨᠣᠮ ᠤᠩᠰᠢᠬᠤ ᠡᠳᠣᠷ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠲᠦᠷᠢᠮ︾ ᠤᠨ ᠥᠭᠡᠷᠡᠴᠢᠯᠡᠯᠲᠡ᠄ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠢᠯᠡ ᠨᠡᠶᠢᠲᠡᠯᠡᠬᠦ ᠲᠦᠷᠢᠮ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ | ᠲᠡᠮᠳᠡᠭᠯᠡᠬᠦ ᠲᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠲᠦᠷᠢᠮ ᠤᠨ ᠬᠢᠨᠠᠨ | ᠬᠠᠷᠭᠤᠭᠤᠯᠬᠤ ᠲᠦᠷᠢᠮ᠃ | ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠪᠠᠶᠢᠭᠤᠯᠣᠯᠲᠠ ᠶᠢᠨ ︽ᠨᠠᠢᠮᠠ ᠶᠢ ᠤᠷᠤᠭᠤᠯᠬᠤ︾ ᠠᠵᠢᠯᠯᠠᠭ᠎ᠠ᠄ | ᠰᠣᠷᠭᠠᠭᠤᠯᠢ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ᠂ ᠠᠯᠪᠠᠨ ᠪᠠᠶᠢᠭᠤᠯᠭ᠎ᠠ᠂ ᠠᠵᠣ ᠠᠬᠤᠶᠢᠯᠠᠯ᠂ ᠴᠡᠷᠢᠭ | ᠤᠨ ᠲᠣᠭᠤᠷᠢᠭ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠪᠠ ᠱᠠᠰᠢᠨ ᠰᠣᠷᠲᠠᠬᠤᠨ ᠤ ᠠᠵᠢᠯᠯᠠᠭᠠᠨ ᠤ ᠲᠠᠯᠠᠪᠣᠷ ᠲᠤ | ᠤᠷᠤᠭᠤᠯᠬᠤ᠃ | ᠭᠤᠷᠪᠠᠨ ᠰᠠᠯᠵᠣ ᠪᠤᠯᠤᠰᠢ ᠦᠭᠡᠢ᠄ ᠬᠢᠲᠠᠳ ᠦᠨᠲᠦᠰᠦᠲᠡᠨ ᠴᠥᠬᠡᠨ ᠲᠣᠭᠠᠲᠣ ᠦᠨᠳᠦᠰᠦᠲᠡᠨ ᠠᠴᠠ ᠰᠠᠯᠵᠣ | ᠪᠣᠯᠣᠰᠢ ᠦᠭᠡᠢ᠂ ᠴᠥᠬᠡᠨ ᠲᠣᠭᠠᠲᠣ ᠦᠨᠳᠦᠰᠦᠲᠡᠨ ᠬᠢᠲᠠᠳ ᠦᠨᠲᠦᠰᠦᠲᠡᠨ ᠠᠴᠠ ᠰᠠᠯᠵᠣ ᠪᠣᠯᠣᠰᠢ ᠦᠭᠡᠢ᠂ | ᠡᠯ᠎ᠡ ᠴᠥᠬᠡᠨ ᠲᠣᠭᠠᠲᠣ ᠦᠨᠳᠦᠰᠦᠲᠡᠨ ᠬᠠᠷᠢᠯᠴᠠᠨ ᠰᠠᠯᠵᠤ ᠪᠣᠯᠣᠰᠢ ᠦᠭᠡᠢ᠃ | ᠲᠠᠪᠣᠨ ᠵᠥᠪᠰᠢᠶᠡᠷᠡᠬᠦ᠄ ᠠᠭᠤᠣ ᠶᠡᠭᠡ ᠡᠬᠡ ᠣᠯᠣᠰ᠂ ᠲᠣᠮᠳᠠᠲᠣ ᠶᠢᠨ ᠦᠨᠳᠦᠰᠦᠲᠡᠨ᠂ ᠲᠣᠮᠳᠠᠲᠣ ᠶᠢᠨ ᠰᠣᠶᠣᠯ᠂ | ᠡᠪ ᠬᠠᠮᠲᠦ ᠨᠠᠮ᠂ ᠲᠣᠮᠲᠠᠳᠣ ᠶᠢᠨ ᠣᠨᠴᠠᠯᠢᠭ ᠪᠦᠬᠦᠢ ᠨᠡᠶᠢᠭᠡᠮ ᠵᠢᠷᠤᠮ ᠢᠶᠠᠨ ᠬᠦᠯᠢᠶᠡᠨ ᠵᠦᠪᠰᠢᠶᠡᠷᠡᠨ᠎ᠡ᠃ | ︽ᠬᠤᠶᠠᠷ ᠬᠠᠯᠬᠠᠪᠴᠢ᠂ ᠬᠤᠶᠠᠷ ᠰᠠᠭᠤᠷᠢᠨ ᠪᠠ ᠨᠢᠭᠡ ᠪᠠᠬᠢᠯᠡᠯᠲᠡ︾᠄ ᠮᠠᠨ ᠤ ᠤᠯᠤᠰ ᠤᠨ ᠤᠮᠠᠷᠠᠲᠦ ᠶᠢᠨ | ᠴᠢᠬᠤᠯᠠ ᠠᠮᠢ ᠠᠬᠤᠢ ᠶᠢᠨ ᠠᠮᠤᠷ ᠲᠥᠪᠰᠢᠨ ᠤ ᠬᠠᠯᠬᠠᠪᠴᠢ᠂ ᠡᠬᠡ ᠣᠯᠤᠰ ᠤᠨ ᠤᠮᠠᠷᠠᠲᠤ ᠬᠢᠵᠠᠭᠠᠷ ᠤᠨ ᠠᠮᠤᠷ | ᠲᠤᠭᠲᠠᠭᠤᠨ ᠬᠠᠯᠬᠠᠪᠴᠢ᠃ ᠡᠨᠧᠷᠬᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠃ ᠤᠮᠠᠷᠠᠰᠢ ᠨᠡᠭᠡᠭᠡᠨ ᠬᠦᠭᠵᠢᠬᠦᠯᠬᠦ | ᠴᠢᠬᠤᠯᠠ ᠪᠠᠬᠢᠯᠡᠯᠲᠡ᠃ | ᠭᠤᠷᠪᠠᠨ ᠣᠷᠤᠨ᠂ ᠭᠤᠷᠪᠠᠨ ᠱᠣᠭᠤᠮ᠄ ᠬᠤᠲᠠ ᠪᠠᠯᠭᠠᠰᠤᠨ ᠤ ᠣᠷᠤᠨ ᠵᠠᠢ᠂ ᠲᠠᠷᠢᠶᠠᠯᠠᠩ ᠮᠠᠯ ᠠᠵᠤ ᠠᠬᠤᠢ ᠶᠢᠨ | ᠣᠷᠤᠨ ᠵᠠᠢ᠂ ᠠᠮᠢ ᠠᠬᠤᠢ ᠶᠢᠨ ᠣᠷᠤᠨ ᠵᠠᠢ᠃ ᠭᠤᠷᠪᠠᠨ ᠱᠣᠭᠤᠮ᠄ ᠬᠤᠲᠠ ᠪᠠᠯᠭᠠᠰᠤ ᠶᠢ ᠨᠡᠭᠡᠭᠡᠨ ᠬᠦᠭᠵᠢᠬᠦᠯᠬᠦ | ᠵᠠᠭᠠᠭ ᠱᠣᠭᠤᠮ᠂ ᠡᠬᠦᠷᠢᠳᠡ ᠶᠢᠨ ᠦᠨᠳᠦᠰᠦᠨ ᠲᠠᠷᠢᠶᠠᠯᠠᠩ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ | ᠱᠣᠭᠤᠮ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠃ | ︽ᠨᠢᠭᠡ ᠨᠤᠲᠤᠭ᠂ ᠲᠦᠷᠪᠡᠨ ᠰᠠᠭᠤᠷᠢᠨ ᠭᠠᠵᠠᠷ︾᠄ ᠨᠢᠭᠡ ᠨᠤᠲᠤᠭ᠄ ᠴᠠᠭᠠᠨ ᠢᠳᠡᠭᠡᠨ ᠤ ᠨᠤᠲᠤᠭ᠃ ᠲᠦᠷᠪᠡᠨ | ᠰᠠᠭᠤᠷᠢᠨ᠄ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠶᠢ ᠡᠳ᠋ᠰᠢᠬᠦᠯᠦᠨ ᠪᠤᠯᠪᠠᠰᠤᠷᠠᠭᠤᠯᠬᠤ ᠰᠠᠭᠤᠷᠢᠨ ᠭᠠᠵᠠᠷ᠂ | ᠴᠡᠪᠡᠷᠯᠡᠭᠡᠨ ᠤ ᠡᠨᠧᠷᠭᠢ ᠶᠢ ᠳᠠᠮᠵᠢᠭᠤᠯᠬᠤ ᠰᠠᠭᠤᠷᠢᠨ ᠭᠠᠵᠠᠷ᠂ ᠲᠠᠯ᠎ᠠ ᠨᠤᠲᠤᠭ ᠤᠨ ᠰᠤᠶᠤᠯ ᠵᠢᠭᠤᠯᠴᠢᠯᠠᠯ ᠢ | ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ᠂ ᠲᠠᠯ᠎ᠠ ᠨᠤᠲᠤᠭ ᠤᠨ ᠠᠮᠢ ᠠᠬᠤᠢ ᠶᠢᠨ ᠵᠢᠱᠢᠶ᠎ᠡ ᠦᠵᠡᠬᠦᠯᠬᠦ ᠰᠠᠭᠤᠷᠢᠨ | ᠭᠠᠵᠠᠷ᠃ | ︽ᠡᠷᠬᠡ ᠶᠢ ᠳᠤᠷᠤᠭᠰᠢ ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾᠄ ᠵᠠᠰᠠᠭ ᠢ ᠴᠣᠮᠠᠳᠬᠠᠵᠤ ᠡᠷᠬᠡ ᠶᠢ | ᠳᠤᠷᠤᠭᠰᠢ ᠪᠠᠭᠤᠯᠭᠠᠬᠤ᠂ ᠡᠷᠬᠡ ᠶᠢ ᠳᠤᠷᠤᠭᠰᠢ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ | ᠤᠶᠢᠯᠠᠴᠢᠯᠡᠭᠡ ᠶᠢ ᠰᠢᠯᠢᠳᠡᠭᠵᠢᠭᠦᠯᠬᠦ᠃ | ᠭᠤᠷᠪᠠ ᠶᠢ ᠲᠦᠪᠯᠡᠷᠡᠬᠦᠯᠵᠦ᠂ ᠭᠤᠷᠪᠠ ᠶᠢ ᠨᠠᠶᠢᠳᠠᠪᠦᠷᠢᠵᠢᠭᠤᠯᠬᠤ᠄ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ | ᠡᠭᠦᠷᠭᠡ ᠴᠢᠳᠠᠪᠤᠷᠢ ᠶᠢ ᠨᠢᠭᠡ ᠰᠠᠯᠠᠭ᠎ᠠ ᠲᠠᠰᠤᠭ ᠲᠤ ᠲᠥᠪᠯᠡᠷᠡᠬᠦᠯᠬᠦ᠂ ᠬᠢᠨᠠᠨ ᠵᠦᠪᠰᠢᠶᠡᠷᠡᠬᠦ ᠡᠭᠦᠷᠭᠡ ᠴᠢᠳᠠᠪᠤᠷᠢ ᠶᠢ | ᠡᠭᠦᠷᠭᠡᠯᠡᠵᠦ ᠪᠠᠶᠢᠭ᠎ᠠ ᠰᠠᠯᠠᠭ᠎ᠠ ᠲᠠᠰᠤᠭ ᠢ ᠵᠠᠰᠠᠭ ᠵᠠᠬᠢᠷᠭᠠᠨ ᠤ ᠤᠶᠢᠯᠡᠴᠢᠯᠡᠭᠡᠨ ᠤ ᠲᠦᠪ ᠲᠤ ᠲᠥᠪᠯᠡᠷᠡᠬᠦᠯᠬᠦ᠂ | ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠤᠶᠢᠯᠡᠰ ᠢ ᠡᠯᠧᠺᠲᠷᠣᠨ ᠵᠠᠰᠠᠭ ᠤᠨ ᠦᠢᠯᠡᠴᠢᠯᠡᠭᠡᠨ ᠤ ᠲᠠᠪᠴᠠᠩ ᠲᠤ | ᠲᠥᠪᠯᠡᠷᠡᠬᠦᠯᠬᠦ᠃ ᠦᠢᠯᠡᠴᠢᠯᠡᠭᠡᠨ ᠤ ᠵᠦᠢᠯᠡᠰ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ | ᠨᠠᠶᠢᠳᠠᠪᠤᠷᠢᠵᠢᠭᠤᠯᠬᠤ᠂ ᠬᠢᠨᠠᠨ ᠵᠦᠪᠰᠢᠶᠡᠷᠡᠬᠦ ᠡᠷᠬᠡ ᠤᠯᠭᠤᠬᠤ ᠶᠠᠪᠤᠳᠠᠯ ᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠴᠣᠩᠬᠤᠪᠴᠢ ᠳᠤ ᠨᠠᠶᠢᠳᠠᠪᠤᠷᠢᠵᠢᠭᠤᠯᠬᠤ᠂ ᠡᠯᠧᠺᠲᠷᠦᠨ ᠬᠢᠨᠠᠨ ᠪᠠᠶᠢᠴᠠᠭᠠᠯᠲᠠ ᠶᠢ | ᠨᠠᠶᠢᠳᠠᠪᠦᠷᠢᠵᠢᠭᠤᠯᠬᠤ᠃ | ᠡᠨᠧᠷᠬᠢ ᠶᠢᠨ ᠬᠤᠷᠣᠭᠳᠠᠯ ᠤᠨ ᠬᠤᠣᠰ ᠡᠵᠡᠮᠰᠢᠯ᠄ ᠡᠨᠧᠷᠬᠢ ᠶᠢᠨ ᠶᠡᠷᠥᠩᠬᠡᠢ ᠬᠡᠮᠵᠢᠶ᠎ᠡ ᠪᠠ ᠡᠨᠧᠷᠬᠢ ᠶᠢᠨ | ᠬᠦᠴᠦᠯᠡᠴᠡ ᠶᠢ ᠵᠡᠷᠭᠡ ᠪᠠᠷ ᠡᠵᠡᠮᠳᠡᠬᠦ᠃ | ᠭᠤᠷᠪᠠᠨ ᠬᠠᠮᠲᠣ᠄ ᠲᠥᠷᠥᠯ ᠵᠦᠢᠯ ᠢ ᠪᠦᠲᠦᠭᠡᠨ ᠪᠠᠶᠢᠭᠤᠯᠬᠤ ᠶᠠᠪᠣᠴᠠ ᠳᠤᠮᠳᠠᠬᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠠᠭᠤᠷᠢ ᠲᠦᠬᠦᠭᠡᠷᠦᠮᠵᠢ ᠶᠢ ᠵᠠᠪᠠᠯ ᠭᠤᠣᠯ ᠴᠣᠭᠴᠠᠲᠦ ᠢᠨᠵᠧᠨᠧᠷᠢᠩ ᠯᠤᠭ᠎ᠠ ᠬᠠᠮᠲᠣ ᠳᠤᠨᠢ | ᠲᠦᠰᠦᠪᠯᠡᠨ᠂ ᠬᠠᠮᠲᠣ ᠳᠤᠨᠢ ᠠᠵᠢᠯᠯᠠᠭᠤᠯᠤᠨ᠂ ᠬᠠᠮᠲᠣ ᠳᠤᠨᠢ ᠠᠰᠢᠭᠯᠠᠯᠲᠠ ᠳᠤ ᠣᠷᠣᠭᠤᠯᠣᠨ᠎ᠠ᠃ | ᠬᠡᠮᠵᠢᠶᠡᠯᠡᠨ ᠬᠤᠳᠠᠯᠳᠣᠨ ᠠᠪᠬᠤ᠄ ᠬᠠᠮᠳᠤᠷᠴᠤ ᠬᠤᠳᠠᠯᠳᠣᠨ ᠠᠪᠬᠤ ᠶᠢ ᠬᠡᠯᠡᠨ᠎ᠡ᠃ ᠬᠤᠳᠠᠯᠳᠣᠨ ᠠᠪᠬᠤ ᠬᠡᠮᠵᠢᠶ᠎ᠡ | ᠪᠠᠨ ᠲᠤᠳᠤᠷᠬᠠᠢ ᠪᠠᠶᠢᠯᠭᠠᠵᠤ᠂ ᠲᠣᠣᠷ᠎ᠠ ᠦᠨ᠎ᠡ ᠲᠠᠢ ᠨᠢ ᠳᠠᠭᠠᠭᠠᠴᠢᠯᠠᠯᠲᠠ ᠵᠠᠷᠯᠠᠬᠤ ᠳᠤ ᠢᠯᠠᠵᠤ᠂ ᠬᠡᠮᠵᠢᠶ᠎ᠡ ᠲᠠᠢ | ᠬᠤᠳᠠᠯᠳᠣᠨ ᠠᠪᠬᠤ ᠪᠠᠷ ᠲᠠᠮᠵᠢᠨ ᠠᠵᠤ ᠠᠬᠤᠶᠢᠯᠠᠯ ᠤᠨ ᠬᠤᠭᠤᠷᠣᠨᠳᠣᠬᠢ ᠵᠠᠬ᠎ᠠ ᠲᠡᠯᠭᠡᠭᠦᠷ ᠤᠨ ᠴᠢᠨᠠᠷᠲᠠᠢ | ᠦᠷᠳᠡᠭ ᠤᠨ ᠦᠷᠢᠰᠦᠯᠳᠦᠭᠡᠨ ᠢ ᠶᠠᠪᠤᠭᠳᠠᠭᠤᠯᠵᠤ᠂ ᠬᠡᠮᠵᠢᠶ᠎ᠡ ᠪᠠᠷ ᠥᠷᠲᠡᠭ ᠢ ᠰᠣᠯᠢᠬᠤ ᠦᠢᠯᠡᠳᠤᠯ ᠦᠵᠡᠬᠦᠯᠦᠨ᠂ | ᠬᠤᠳᠠᠯᠳᠣᠨ ᠠᠪᠬᠤ ᠡᠮ ᠤᠨ ᠵᠦᠢᠯᠡᠰ ᠤᠨ ᠥᠷᠳᠡᠭ ᠢ ᠪᠠᠭᠤᠷᠠᠭᠤᠯᠣᠨ᠎ᠠ᠃ | ᠬᠤᠶᠠᠷ ᠢ ᠬᠦᠩᠭᠡᠯᠡᠬᠦ᠄ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠳᠠᠬᠢ ᠰᠤᠷᠤᠭᠴᠢᠳ ᠤᠨ ᠲᠠᠰᠬᠠᠯ | ᠲᠠᠭᠠᠯᠭᠠᠪᠦᠷᠢ ᠶᠢᠨ ᠲᠠᠷᠤᠭᠠᠰᠤ ᠶᠢ ᠬᠦᠩᠭᠡᠯᠡᠬᠦ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠲᠠᠷᠤᠭᠠᠰᠤ ᠶᠢ | ᠬᠦᠩᠭᠡᠯᠡᠬᠦ᠃ | ᠰᠢᠨ᠎ᠡ ᠴᠠᠭ ᠦᠶ᠎ᠡ ᠶᠢᠨ ᠠᠷᠠᠳ ᠢᠷᠭᠡᠨ ᠤ ᠶᠤᠰᠤ ᠰᠤᠷᠳᠠᠬᠤᠨ ᠤ ᠪᠠᠶᠢᠭᠤᠯᠤᠯᠲᠠ ᠶᠢᠨ ᠥᠪᠦᠷ ᠮᠤᠩᠭᠤᠯ ᠳᠠᠬᠢ ︽ | ᠠᠷᠪᠠᠨ ᠲᠤᠮᠤ ᠠᠵᠢᠯᠯᠠᠭ᠎ᠠ︾᠄ ᠰᠤᠷᠤᠯᠴᠠᠯᠭ᠎ᠠ ᠬᠦᠮᠦᠵᠢᠯ᠂ ᠣᠯᠣᠰ ᠭᠡᠷ ᠢᠶᠠᠨ ᠬᠠᠶᠢᠷᠠᠯᠬᠤ᠂ ᠬᠠᠤᠯᠢ ᠳᠥᠷᠢᠮ ᠢ | ᠵᠢᠷᠤᠮᠯᠠᠨ ᠰᠠᠬᠢᠬᠤ᠂ ᠶᠤᠰᠤ ᠵᠠᠩᠰᠢᠯ ᠢ ᠡᠷᠬᠢᠮᠯᠡᠬᠦ᠂ ᠲᠣᠬᠠᠶᠢᠯᠠᠭᠰᠠᠨ ᠠᠵᠢᠯ ᠢᠶᠠᠨ ᠬᠠᠶᠢᠷᠠᠯᠠᠬᠤ᠂ ᠦᠨᠡᠨᠴᠢ | ᠢᠳᠡᠭᠡᠮᠵᠢᠲᠡᠢ ᠨᠦᠬᠦᠷᠰᠡᠭ᠂ ᠨᠠᠰᠤᠳᠠᠶᠢᠴᠤᠤᠯ ᠢᠶᠠᠨ ᠬᠦᠨᠳᠦᠯᠡᠬᠦ᠂ ᠡᠷᠡᠬᠦᠯ ᠰᠠᠷᠠᠭᠤᠯ ᠠᠮᠢᠳᠤᠷᠠᠯ᠂ ᠠᠮᠢ | ᠠᠬᠤᠢ ᠶᠢᠨ ᠪᠤᠯᠪᠠᠰᠤᠨ᠂ ᠰᠠᠶᠢᠨ ᠳᠤᠷ᠎ᠠ ᠶᠢᠨ ᠦᠢᠯᠡᠴᠢᠯᠡᠭᠡ᠃ |