ᠰᠢᠯᠢ ᠶᠢᠨ ᠬᠤᠲᠠ ᠠᠴᠠ ᠢᠷᠡᠭᠰᠡᠳ ᠲᠤ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/10/20
      ᠬᠢᠵᠢᠭ ᠬᠠᠯᠳᠠᠪᠦᠷᠢᠯᠠᠬᠤ ᠠᠶᠤᠯ ᠲᠦᠭᠰᠢᠬᠦᠷᠢ ᠶᠢ ᠪᠦᠳᠦᠮᠵᠢᠳᠡᠢ ᠵᠢᠭᠰᠠᠭᠠᠨ ᠪᠠᠶᠢᠴᠠᠭᠠᠵᠤ᠂ ᠦᠷᠭᠡᠨ ᠣᠯᠠᠨ ᠲᠦᠮᠡᠨ ᠤ ᠠᠮᠢ ᠨᠠᠰᠤᠨ ᠤ ᠠᠮᠤᠷ ᠲᠥᠪᠰᠢᠨ ᠪᠠ ᠪᠡᠶ᠎ᠡ ᠮᠠᠬᠠᠪᠤᠳ ᠤᠨ ᠡᠷᠡᠬᠦᠯ ᠮᠡᠨᠳᠦ ᠶᠢ ᠦᠨᠡᠨᠬᠦ ᠪᠠᠳᠤᠯᠠᠬᠤ ᠶᠢᠨ ᠲᠤᠯᠠᠳᠠ᠂ 10 ᠰᠠᠷ᠎ᠠ ᠶᠢᠨ 13᠎ ᠠᠴᠠ ᠨᠠᠭᠠᠰᠢ ᠰᠢᠯᠢ ᠶᠢᠨ ᠬᠤᠲᠠ ᠠᠴᠠ ᠢᠷᠡᠭᠰᠡᠳ ᠰᠠᠨᠠᠭᠠᠴᠢᠯᠠᠭ᠎ᠠ ᠠᠴᠠ ᠪᠠᠨ ᠬᠤᠰᠢᠭᠤ ᠲᠠᠮᠢᠷ ᠤᠨ ᠲᠠᠯᠠᠪᠤᠷ ︵ᠪᠢ ᠱᠦᠢ ᠮᠢᠩ ᠶᠤᠸᠠᠨ ᠰᠠᠭᠤᠭᠠᠯᠢ ᠲᠤᠭᠤᠷᠢᠭ ᠤᠨ ᠡᠮᠦᠨ᠎ᠡ︶᠎ ᠳᠤ ᠬᠦᠷᠴᠦ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠭᠡᠷᠡᠢ᠃      ᠨᠢᠭᠡ᠂ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠴᠠᠭ      10 ᠰᠠᠷ᠎ᠠ ᠶᠢᠨ 20᠎ ᠤ ᠡᠳᠦᠷ ᠤᠨ ᠦᠳᠡ ᠶᠢᠨ ᠡᠮᠦᠨᠡᠬᠢ 9᠄ 00—12:00ᠬᠤᠶᠠᠷ᠂ ᠠᠩᠬᠠᠷᠬᠤ ᠵᠦᠢᠯᠡᠰ      ︵ᠨᠢᠭᠡ︶ ᠡᠯ᠎ᠡ ᠰᠣᠮᠣ ᠪᠠᠯᠭᠠᠰᠤ ᠨᠢ ᠨᠡᠶᠢᠭᠡᠮ ᠲᠤᠭᠤᠷᠢᠭ ︵ᠭᠠᠴᠠᠭ᠎ᠠ︶᠎ ᠤᠨ ᠪᠦᠷᠢᠳᠭᠡᠨ ᠪᠠᠶᠢᠴᠠᠭᠠᠯᠲᠠ ᠪᠠᠷ ᠳᠠᠮᠵᠢᠨ᠂ 13᠎ ᠤ ᠡᠳᠦᠷ ᠠᠴᠠ ᠨᠠᠭᠠᠰᠢ ᠰᠢᠯᠢ ᠶᠢᠨ ᠬᠤᠲᠠ ᠠᠴᠠ  ᠢᠷᠡᠭᠰᠡᠨ ᠬᠦᠮᠦᠰ ᠲᠤ ᠲᠤᠭᠲᠠᠭᠰᠠᠨ ᠰᠢᠯᠭᠠᠨ ᠪᠠᠶᠢᠴᠠᠭᠠᠬᠤ ᠴᠢᠭ ᠲᠤ ᠬᠦᠷᠴᠦ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠬᠦ ᠶᠢ ᠮᠡᠳᠡᠭᠳᠡᠵᠦ᠂ ᠨᠢᠭᠡ ᠬᠦᠮᠦᠨ ᠢ ᠴᠤ ᠤᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠳᠡᠢ᠃      ︵ᠬᠤᠶᠠᠷ︶ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠪᠦᠬᠦ ᠶᠠᠪᠤᠴᠠ ᠳᠤ ᠠᠮᠠᠪᠴᠢ ᠵᠡᠬᠦᠵᠦ᠂ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠤ᠂ ᠭᠠᠷ ᠤᠳᠠᠰᠤ᠂ ᠪᠡᠶ᠎ᠡ ᠶᠢᠨ ᠦᠨᠡᠮᠯᠡᠯ ᠢᠶᠠᠨ ᠪᠡᠶ᠎ᠡ ᠳᠡᠭᠡᠨ ᠠᠪᠤᠨ᠎ᠠ᠃ 1.5 ᠮᠧᠲᠷ ᠤᠨ ᠠᠮᠤᠷ ᠲᠥᠪᠰᠢᠨ ᠤ ᠵᠠᠢ ᠶᠢ ᠪᠠᠲᠤᠯᠠᠨ᠂ ᠵᠢᠭᠰᠠᠭᠠᠯ ᠳᠤ ᠳᠤᠷ᠎ᠠ ᠪᠠᠷ ᠰᠢᠬᠠᠯᠳᠤᠨ ᠣᠷᠤᠬᠤ ᠦᠭᠡᠢ᠂ ᠨᠡᠶᠢᠯᠡᠯᠳᠤᠨ ᠵᠤᠭᠤᠭᠳᠠᠬᠤ ᠦᠭᠡᠢ ᠪᠠᠶᠢᠵᠤ᠂ ᠬᠢᠵᠢᠭ ᠰᠣᠯᠪᠢᠴᠠᠨ ᠬᠠᠯᠳᠠᠪᠦᠷᠢᠯᠠᠬᠤ ᠠᠴᠠ ᠰᠡᠷᠭᠡᠶᠢᠯᠡᠵᠦ᠂ ᠰᠢᠯᠭᠠᠨ ᠪᠠᠶᠢᠴᠠᠭᠠᠯᠲᠠ ᠬᠢᠯᠭᠡᠭᠰᠡᠨ ᠤ ᠲᠠᠷᠠᠭ᠎ᠠ ᠲᠠᠷᠤᠶᠢᠬᠠᠨ ᠭᠡᠷ ᠲᠡᠭᠡᠨ ᠬᠠᠷᠢᠨ᠎ᠠ᠃      ︵ᠭᠤᠷᠪᠠ︶ ᠲᠠᠮᠢᠷ ᠤᠨ ᠲᠠᠯᠠᠪᠤᠷ ᠤᠨ ᠵᠡᠬᠦᠨ ᠡᠬᠦᠳᠡᠨ ᠳᠤ ᠺᠤᠳ᠋ ᠰᠢᠷᠪᠢᠨ ᠲᠣᠳᠤᠭᠰᠢ ᠣᠷᠤᠵᠤ᠂ ᠰᠢᠯᠭᠠᠨ ᠪᠠᠶᠢᠴᠠᠭᠠᠯᠲᠠ ᠬᠢᠯᠭᠡᠭᠰᠡᠨ ᠤ ᠲᠠᠷᠠᠭ᠎ᠠ ᠪᠠᠷᠠᠭᠤᠨ ᠡᠭᠦᠳᠡ ᠪᠠᠷ ᠭᠠᠷᠤᠨ᠎ᠠ᠃      ︵ᠲᠦᠷᠪᠡ︶ ᠶᠠᠪᠤᠵᠤ ᠰᠠᠭᠤᠬᠤ ᠳᠤ ᠲᠦᠭᠦᠮ ᠦᠭᠡᠢ ᠨᠡᠰᠤᠳᠠᠢ᠂ ᠵᠡᠮᠳᠡᠭ ᠪᠤᠶᠤ ᠬᠦᠨᠳᠦ ᠡᠪᠡᠳᠴᠢᠲᠡᠨ ᠤ ᠭᠡᠷ ᠤᠨ ᠬᠦᠮᠦᠰ ᠨᠢ ᠤᠷᠢᠳᠴᠢᠯᠠᠨ ᠰᠠᠭᠤᠭ᠎ᠠ ᠨᠡᠶᠢᠭᠡᠮ ᠲᠣᠭᠤᠷᠢᠭ ᠤᠨ ᠠᠵᠢᠯᠲᠠᠳ ᠲᠠᠢ ᠬᠠᠷᠢᠯᠴᠠᠨ᠂ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠠᠵᠢᠯᠲᠠᠨ ᠠᠴᠠ ᠭᠡᠷ ᠲᠤ ᠨᠢ ᠬᠦᠷᠴᠦ ᠰᠢᠯᠭᠠᠨ ᠪᠠᠶᠢᠴᠠᠭᠠᠯᠲᠠ ᠬᠢᠨ᠎ᠡ᠃       ᠥᠷᠭᠡᠨ ᠣᠯᠠᠨ ᠲᠦᠮᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠠᠶᠢᠲᠤᠷ ᠬᠠᠮᠵᠢᠯᠴᠠᠵᠤ᠂ ᠬᠠᠮᠢᠶ᠎ᠠ ᠪᠦᠬᠦᠢ ᠲᠣᠭᠲᠠᠭᠠᠯ ᠢ ᠬᠡᠷᠡᠭᠵᠢᠬᠦᠯᠬᠦ ᠶᠢ ᠲᠡᠪᠴᠢᠬᠦ᠂ ᠬᠤᠳᠠᠯ ᠬᠠᠭᠤᠷᠮᠠᠭ ᠴᠤᠤᠷᠬᠠᠯ ᠲᠠᠷᠬᠠᠭᠠᠬᠤ᠂ ᠬᠢᠢᠵᠭ ᠤᠨ ᠪᠠᠶᠢᠳᠠᠯ ᠢᠶᠠᠨ ᠨᠢᠭᠤᠬᠤ᠂ ᠬᠤᠳᠠᠯ ᠢᠶᠠᠷ ᠮᠡᠳᠡᠬᠦᠯᠬᠦ ᠵᠡᠷᠭᠡ ᠬᠠᠤᠯᠢ ᠵᠦᠷᠢᠴᠡᠭᠰᠡᠨ ᠠᠵᠢᠯᠯᠠᠭ᠎ᠠ ᠳᠤ ᠬᠤᠪᠢ ᠬᠦᠮᠦᠨ ᠠᠴᠠ ᠴᠢᠩᠭ᠎ᠠ ᠬᠠᠷᠢᠭᠤᠴᠠᠯᠭ᠎ᠠ ᠨᠡᠭᠡᠮᠵᠢᠯᠡᠨ᠎ᠡ᠃      ᠬᠦᠪᠡᠭᠡᠲᠦ ᠰᠢᠷ᠎ᠠ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠤ ᠥᠷᠪᠢᠰᠦᠯ ᠠᠴᠠ ᠬᠠᠯᠳᠠᠪᠦᠷᠢᠯᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ                                                                                            2022 ᠣᠨ ᠤ 10 ᠰᠠᠷ᠎ᠠ ᠶᠢᠨ 20᠎ ᠤ ᠡᠳᠦᠷ 
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号