ᠬᠦᠪᠡᠭᠡᠲᠦ ᠰᠢᠷ᠎ᠠ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠦᠢᠯᠡᠴᠢᠯᠡᠬᠦ 12345 ᠤᠳᠠᠰᠣᠨ ᠤ ᠦᠢᠯᠡᠳᠦᠯ ᠢ ᠰᠠᠶᠢᠲᠤᠷ ᠪᠠᠳᠠᠷᠠᠭᠤᠯᠵᠤ ᠪᠤᠢ
ᠨᠡᠶᠢᠲᠡᠯᠡᠭᠰᠡᠨ ᠴᠠᠭ᠄
2022/10/25
        ᠬᠦᠪᠡᠭᠡᠲᠦ ᠰᠢᠷ᠎ᠠ ᠬᠤᠰᠢᠭᠤᠨ ᠤ 12345 ᠦᠢᠯᠡᠴᠢᠯᠡᠭᠡᠨ ᠤ ᠤᠳᠠᠰᠤ ᠨᠡᠪᠳᠡᠷᠡᠭᠰᠡᠨ ᠠᠴᠠ ᠨᠠᠭᠠᠰᠢ᠂ ᠠᠷᠠᠳ ᠤᠨ ᠰᠠᠨᠠᠭ᠎ᠠ ᠶᠢ ᠰᠣᠨᠣᠰᠴᠤ ᠠᠷᠠᠳ ᠤᠨ ᠬᠦᠴᠢᠷᠳᠡᠯ ᠢ ᠰᠢᠢᠳᠪᠦᠷᠢᠯᠡᠬᠦ ᠴᠢᠬᠤᠯᠠ ᠠᠷᠭ᠎ᠠ ᠵᠠᠮ ᠪᠤᠯᠤᠭᠰᠠᠠᠨ ᠤ ᠬᠤᠪᠢ ᠳᠤ᠂ ᠲᠤᠰ ᠤᠳᠠᠰᠤ ᠨᠢ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠪᠠᠷ ᠵᠣᠷᠢᠯᠲᠠ ᠪᠤᠯᠭᠠᠵᠤ᠂ ᠣᠯᠠᠨ ᠲᠦᠮᠡᠨ ᠳᠤ ᠪᠤᠳᠠᠳᠤ ᠶᠠᠪᠤᠳᠠᠯ ᠬᠢᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠳᠤᠮᠳᠠᠬᠢ ᠰᠠᠭᠤᠳᠠᠯ ᠢ ᠰᠢᠢᠳᠪᠦᠷᠢᠯᠡᠬᠦ ᠲᠦᠷᠭᠡᠳᠭᠡᠬᠦᠷ ᠤᠨ ᠦᠢᠯᠡᠳᠦᠯ ᠢ ᠬᠦᠢᠴᠡᠳ ᠪᠠᠳᠠᠷᠠᠭᠤᠯᠪᠠ᠃
  微信图片_20221025105251.jpg     
        ᠬᠦᠪᠡᠭᠡᠲᠦ ᠰᠢᠷ᠎ᠠ ᠬᠤᠰᠢᠭᠤᠨ ᠤ 12345 ᠤᠳᠠᠰᠤᠨ ᠤ ᠠᠵᠢᠯᠯᠠᠬᠤ ᠥᠷᠲᠡᠭᠡ ᠨᠢ ︽ᠨᠢᠭᠡ ᠤᠳᠠᠰᠤ ᠪᠠᠷ ᠦᠢᠯᠡᠴᠢᠯᠡᠬᠦ᠂ ᠲᠠᠷᠤᠢ ᠲᠦᠷᠭᠡᠨ ᠲᠤᠰᠬᠠᠬᠤ᠂ ᠲᠦᠪᠯᠡᠷᠡᠬᠦᠯᠦᠨ ᠬᠦᠯᠢᠶᠡᠨ ᠠᠪᠬᠤ᠂ ᠲᠥᠷᠦᠯ ᠬᠤᠪᠢᠶᠠᠨ ᠲᠤᠰᠢᠶᠠᠬᠤ᠂ ᠬᠤᠯᠪᠤᠭᠠᠯᠠᠨ ᠬᠦᠳᠡᠯᠦᠯᠴᠡᠬᠦ᠂ ᠴᠠᠭ ᠲᠤᠭᠲᠠᠵᠤ ᠬᠦᠢᠴᠡᠳᠭᠡᠬᠦ᠂ ᠬᠦᠢᠴᠡᠳᠭᠡᠭᠰᠡᠨ ᠪᠠᠶᠢᠳᠠᠯ ᠢ ᠣᠶᠢᠯᠠᠭᠠᠬᠤ︾ ᠠᠵᠢᠯ ᠤᠨ ᠲᠤᠭᠲᠠᠴᠠ ᠶᠤᠰᠤᠭᠠᠷ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠪᠡᠶᠡᠯᠡᠬᠦᠯᠬᠦ ᠠᠵᠢᠯ ᠤᠨ ᠪᠠᠶᠢᠭᠤᠯᠤᠮᠵᠢ ᠶᠢ ᠪᠣᠢ ᠪᠣᠯᠭᠠᠪᠠ᠃ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠣᠯᠠᠨ ᠲᠦᠮᠡᠨ ᠤ ᠬᠦᠴᠢᠷᠳᠡᠯ ᠢ ᠲᠠᠷᠤᠢ ᠲᠦᠷᠭᠡᠨ ᠰᠢᠢᠳᠪᠦᠷᠢᠯᠡᠬᠦ ᠶᠢᠨ ᠲᠦᠯᠦᠭᠡ᠂ ᠬᠤᠰᠢᠭᠤᠨ ᠤ 12345 ᠦᠢᠯᠡᠴᠢᠯᠡᠭᠡᠨ ᠤ ᠤᠳᠠᠰᠤ 24 ᠴᠠᠭ ᠢᠶᠠᠷ ᠠᠵᠢᠯᠠᠯᠵᠤ ᠪᠠᠶᠢᠨ᠎ᠠ᠃        ᠣᠶᠢᠯᠠᠭᠠᠭᠰᠠᠨ ᠢᠶᠠᠷ᠂ ᠨᠢᠭᠡ ᠵᠢᠯ᠂ ᠬᠦᠪᠡᠭᠡᠲᠦ ᠰᠢᠷ᠎ᠠ ᠬᠤᠰᠢᠭᠤᠨ ᠤ 12345 ᠵᠠᠰᠠᠭ ᠤᠨ ᠣᠷᠳᠣᠨ ᠤ ᠦᠢᠯᠡᠴᠢᠯᠡᠭᠡᠨ ᠤ ᠠᠷᠠᠳ ᠲᠤ ᠲᠦᠭᠦᠮ ᠦᠵᠡᠬᠦᠯᠬᠦ ᠤᠳᠠᠰᠤ ᠪᠠᠷ 938 ᠠᠰᠠᠭᠤᠳᠠᠯ ᠢ ᠲᠤᠰᠬᠠᠵᠤ᠂ ᠡᠯ᠎ᠡ ᠪᠠᠶᠢᠭᠤᠯᠭ᠎ᠠ ᠨᠢᠭᠡᠴᠡ ᠳᠤ ᠪᠦᠬᠦᠨ ᠢ ᠲᠤᠰᠢᠶᠠᠨ ᠰᠢᠢᠳᠪᠦᠷᠢᠯᠡᠬᠦᠯᠵᠦ᠂ ᠬᠦᠢᠴᠡᠳᠭᠡᠭᠵᠦ ᠲᠠᠭᠤᠰᠬᠠᠬᠰᠠᠨ ᠨᠤᠷᠮ᠎ᠠ 99.78% ᠳᠤ ᠬᠦᠷᠪᠡ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号