ᠡᠨᠡ ᠵᠢᠯ ᠨᠡᠶᠢᠭᠡᠮ ᠤᠨ ᠪᠠᠲᠤᠯᠠᠭ᠎ᠠ ᠳᠤ 5 ᠶᠡᠭᠡ ᠰᠢᠨ᠎ᠡ ᠬᠤᠪᠢᠷᠠᠯᠲᠠ ᠭᠠᠷᠬᠤ ᠪᠣᠯᠤᠨ᠎ᠠ
ᠨᠡᠶᠢᠲᠡᠯᠡᠭᠰᠡᠨ ᠴᠠᠭ᠄
2022/10/28
      ᠨᠡᠶᠢᠭᠡᠮ ᠤᠨ ᠪᠠᠲᠤᠯᠠᠭ᠎ᠠ ᠲᠦᠭ ᠲᠦᠮᠡᠨ ᠠᠶᠢᠯ ᠡᠷᠦᠬᠡ ᠳᠤ ᠬᠤᠯᠪᠣᠭᠳᠠᠨ᠎ᠠ᠃ ᠡᠨᠡ ᠵᠢᠯ ᠲᠠ ᠪᠢᠳᠡᠨ ᠤ ᠨᠡᠶᠢᠭᠡᠮ ‍ᠤᠨ‌‍ᠪᠠᠲᠤᠯᠠᠭ᠎ᠠ ᠳᠤ ᠣᠯᠠᠨ ᠵᠦᠢᠯ ᠤᠨ ᠰᠢᠨ᠎ᠡ ᠬᠤᠪᠢᠷᠠᠯᠲᠠ ᠭᠠᠷᠬᠤ ᠪᠣᠯᠤᠨ᠎ᠠ᠃             ᠬᠤᠪᠢᠷᠠᠯᠲᠠ ᠨᠢᠭᠡ᠄ ᠲᠥᠷᠥ ᠶᠢᠨ ᠶᠠᠪᠤᠳᠠᠯ ᠤᠨ ᠬᠤᠷᠢᠶᠠᠨ ᠤ ᠣᠶᠢᠷ᠎ᠠ ᠳᠤ ᠳᠠᠷᠤᠮᠠᠯᠯᠠᠨ ᠲᠠᠷᠬᠠᠭᠠᠭᠰᠠᠨ  ︽︿ᠵᠠᠰᠠᠭ ᠤᠨ ᠣᠷᠳᠣᠨ ᠤ ᠠᠵᠢᠯ ᠤᠨ ᠢᠯᠡᠳᠬᠡᠯ﹀᠎ ᠤᠨ ᠭᠤᠤᠯᠳᠠᠯᠭ᠎ᠠ ᠲᠠᠢ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠬᠤ‌‍ᠲ᠋ᠤᠬᠠᠶ ᠰᠠᠨᠠᠯ︾᠎ ᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠪᠣᠯᠤᠨ  ᠡᠳ᠋ ᠤᠨ ᠵᠠᠰᠠᠭ ᠤᠨ ᠶᠠᠮᠤᠨ ᠲᠦᠷᠦᠭᠦᠯᠡᠨ᠂ 6 ᠰᠠᠷ᠎ᠠ ᠶᠢᠨ ᠡᠴᠦᠰ ᠠᠴᠠ ᠡᠮᠦᠨ᠎ᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠨᠡᠶᠢᠲᠡᠯᠡᠬᠦ ᠬᠡᠷᠡᠭᠲᠡᠶ ᠭᠡᠵᠦ ᠱᠠᠭᠠᠷᠳᠠᠪᠠ᠃                   ᠬᠤᠪᠢᠷᠠᠯᠲᠠ ᠬᠤᠶᠠᠷ᠄ ᠱᠠᠭᠠᠷᠳᠠᠯᠭ᠎ᠠ ᠶᠢ ᠦᠨᠳᠦᠰᠦᠯᠡᠪᠡᠯ᠂ ᠮᠤᠵᠢ ᠠᠯᠤᠰᠯᠠᠨ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠠᠷᠭ᠎ᠠ ᠶᠢ ᠲᠡᠭᠦᠯᠳᠡᠷᠵᠢᠭᠦᠯᠵᠦ᠂ 6 ᠰᠠᠷ᠎ᠠ ᠶᠢᠨ ᠡᠴᠦᠰ ᠠᠴᠠ ᠡᠮᠦᠨ᠎ᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠡᠶᠢᠲᠡᠯᠡᠨ᠎ᠡ᠃ ᠠᠷᠠᠳ ᠣᠯᠠᠨ ᠤ ᠤᠨᠳᠤᠤ ᠭᠠᠵᠠᠷ ᠲᠤ ᠡᠪᠡᠳᠴᠢᠨ ᠦᠵᠡᠭᠦᠯᠬᠦ ᠳᠤ ᠲᠠᠩᠰᠠ ᠲᠠᠶᠢᠯᠬᠤ ᠭᠠᠷ ᠭᠦᠢᠴᠡᠳᠭᠡᠯ ᠢ ᠨᠠᠩ ᠲᠥᠬᠦᠮ ᠪᠣᠯᠭᠠᠬᠤ ᠨᠢ ᠲᠥᠷᠥ ᠶᠢᠨ ᠪᠣᠳᠣᠯᠭ᠎ᠠ ᠶᠢᠨ ᠬᠦᠴᠦᠯᠡᠬᠦ ᠴᠢᠭᠯᠡᠯ ᠪᠣᠯᠬᠤ ᠨᠢ ᠳᠠᠮᠵᠢᠭ ᠥᠬᠡᠶ ᠶᠤᠮ᠃ ᠣᠳᠣᠬᠠᠨ ᠳᠤ ᠡᠮᠨᠡᠯᠭᠡ ᠳᠤ ᠰᠠᠭᠤᠭᠰᠠᠨ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ‌‍ᠶᠠᠪᠤᠳᠠᠯ ᠨᠢᠭᠡᠨᠲᠡ ᠪᠥᠬᠦ ᠤᠯᠤᠰ ᠤᠨ ᠪᠣᠶ ᠪᠥᠬᠦᠶ ᠮᠤᠵᠢ ᠣᠷᠣᠨ ᠢ ᠬᠠᠮᠤᠷᠤᠭᠰᠠᠨ ᠪᠠᠶᠢᠨ᠎ᠠ᠃ ᠡᠭᠦᠳᠡᠨ ᠡᠮᠨᠡᠯᠭᠡ ᠵᠢᠨ‌ᠵᠠᠷᠤᠳᠠᠯ ᠢ ᠮᠤᠵᠢ ᠠᠯᠤᠰᠯᠠᠨ ᠰᠢᠭᠤᠳ  ᠲᠡᠰᠦᠯᠦᠨ ᠪᠤᠳᠤᠬᠤ ᠶᠢᠨ  ᠬᠠᠮᠤᠷᠬᠤ  ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠪᠡ᠃              ᠬᠤᠪᠢᠷᠠᠯᠲᠠ ᠭᠤᠷᠪᠠ᠄ ᠪᠠᠶᠢᠷᠢᠯᠠᠭᠤᠯᠤᠯᠲᠠ ᠶᠢ ᠦᠨᠳᠦᠰᠦᠯᠡᠪᠡᠯ᠂ ︽ᠭᠤᠷᠪᠠᠳᠤᠭᠠᠷ ᠲᠤᠯᠭᠠᠭᠤᠷᠢ ᠪᠣᠯᠬᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠦᠷᠭᠦᠯᠵᠢᠯᠡᠨ ᠵᠢᠷᠤᠮᠵᠢᠭᠤᠯᠤᠨ ᠬᠥᠭᠵᠢᠭᠦᠯᠬᠦ︾ ᠡᠨᠡ ᠬᠦ ᠠᠵᠢᠯ ᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠦᠷᠦᠭᠦᠯᠡᠨ ᠬᠢᠵᠦ᠂ 4 ᠰᠠᠷ᠎ᠠ ᠶᠢᠨ  ᠡᠴᠦᠰ ᠠᠴᠠ ᠡᠮᠦᠨ᠎ᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠨᠡᠶᠢᠲᠡᠯᠡᠨ᠎ᠡ᠃               ᠬᠤᠪᠢᠷᠠᠯᠲᠠ ᠲᠦᠷᠪᠡ᠄ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠨ᠂ 12 ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠬᠡᠷᠡᠭᠯᠡᠬᠦ ᠬᠡᠪᠴᠢᠶ᠎ᠡ ᠶᠢ ᠦᠨᠳᠦᠰᠦᠨ ᠳ᠋ᠡᠭᠡᠨ‌ᠨᠢᠭᠡᠳᠦᠯᠲᠡᠶ ᠪᠣᠯᠭᠠᠬᠤ ᠬᠠᠮᠢᠶ᠎ᠠ ᠪᠥᠬᠦᠶ ᠠᠵᠢᠯ ᠢ ᠪᠡᠶᠡᠯᠡᠭᠦᠯᠦᠨ᠎ᠡ᠃ ᠡᠨᠡ ᠨᠢ ᠪᠥᠬᠦ  ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ‍ᠤᠨ‌ᠵᠥ᠋ᠢᠯ ᠤᠨ ᠦᠨᠳᠦᠰᠦᠨ ᠨᠢᠭᠡᠳᠦᠯᠲᠡᠶ ᠭᠠᠷᠴᠠᠭ ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ ᠶᠢ ᠬᠠᠷᠠᠭᠤᠯᠵᠤ ᠪᠠᠶᠢᠨ᠎ᠠ᠂ ᠡᠯ᠎ᠡ ᠭᠠᠵᠠᠷ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠳᠥᠯᠥᠬᠦ  ᠬᠡᠪᠴᠢᠶᠡᠨ ᠳᠤ ᠣᠷᠣᠭᠤᠯᠤᠭᠰᠠᠨ ᠬᠢᠮᠢ ᠶᠢᠨ ᠡᠮ ᠪᠠ ᠬᠢᠲᠠᠳ ᠪᠡᠯᠡᠨ ᠡᠮ ᠨᠢ ᠦᠨᠳᠦᠰᠦᠨ ᠳᠡᠭᠡᠨ ᠨᠢᠭᠡᠳᠦᠯᠲᠡᠶ ᠪᠣᠯᠤᠨ᠎ᠠ᠃               ᠬᠤᠪᠢᠷᠠᠯᠲᠠ ᠲᠠᠪᠤ᠄ ᠠᠵᠢᠯ ᠤᠨ ᠭᠡᠮᠲᠦᠯ ᠤᠨ  ᠪᠠᠲᠤᠯᠠᠭ᠎ᠠ ᠭᠡᠳᠡᠭ ᠨᠢ ᠵᠠᠬᠢᠶᠠᠯᠠᠭ᠎ᠠ ᠶᠢᠨ ᠬᠤᠭᠤᠯᠠ ᠬᠦᠷᠭᠡᠭᠴᠢ᠂ ᠰᠦᠯᠵᠢᠶᠡᠨ ᠳᠡᠭᠡᠷ᠎ᠡ ᠪᠣᠯᠵᠣᠭᠰᠠᠨ ᠲᠡᠷᠭᠡᠨ ᠤ ᠵᠢᠯᠣᠭᠤᠴᠢ ᠵᠡᠷᠭᠡ ᠳᠤ ᠵᠤᠷᠢᠭᠤᠯᠤᠭᠰᠠᠨ  ︽ᠰᠢᠨ᠎ᠡ ᠬᠡᠯᠪᠡᠷᠢ ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ︾  ᠪᠣᠯᠤᠨ᠎ᠠ᠃  ︽︿ ᠵᠠᠰᠠᠭ ᠤᠨ ᠣᠷᠳᠣᠨ ᠤ ᠠᠵᠢᠯ ᠤᠨ ᠢᠯᠡᠳᠬᠡᠯ﹀᠎ ᠤᠨ ᠭᠤᠤᠯᠳᠠᠯᠭ᠎ᠠ ᠲᠠᠢ  ᠠᠵᠢᠯ ᠤᠨ  ᠬᠤᠪᠢᠶᠠᠷᠢᠯᠠᠯ ᠢ ᠨᠠᠶᠢᠳᠠᠪᠤᠷᠢᠵᠢᠭᠤᠯᠬᠤ ᠲᠤᠬᠠᠶ ᠰᠠᠨᠠᠯ︾᠎ ᠳᠤ᠂ ᠠᠵᠢᠯ ᠣᠯᠭᠤᠯᠲᠠ ᠶᠢᠨ ᠠᠮᠢᠳᠤᠯᠢᠭ ᠦᠢᠯᠡᠴᠢᠯᠡᠭᠡ ᠶᠢ ᠴᠢᠩᠭᠠᠳᠬᠠᠵᠤ᠂  ᠠᠵᠢᠯ ᠣᠯᠭᠤᠯᠲᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠤᠨ ᠠᠵᠢᠯ ᠮᠡᠷᠭᠡᠵᠢᠯ ᠤᠨ ᠭᠡᠮᠲᠦᠯ ‍ᠤᠨ‌‍ᠪᠠᠲᠤᠯᠠᠭ᠎ᠠ ᠶᠢᠨ ᠲᠤᠷᠰᠢᠯᠲᠠ ᠶᠢ ᠥᠷᠨᠢᠭᠦᠯᠵᠦ᠂ ᠡᠨᠡ ᠵᠢᠯ ᠦᠷᠭᠦᠯᠵᠢᠯᠡᠨ ᠠᠬᠢᠭᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号