ᠨᠡᠶᠢᠲᠡ ᠶᠢᠨ ᠮᠠᠰᠢᠨ ᠲᠡᠷᠭᠡ᠂ ᠭᠠᠵᠠᠷ ᠳᠣᠣᠷᠠᠬᠢ ᠲᠡᠮᠦᠷ ᠵᠠᠮ᠂ ᠴᠡᠴᠡᠷᠯᠢᠭ ᠵᠡᠷᠭᠡ ᠣᠯᠠᠨ ᠨᠡᠶᠢᠲᠡ ᠶᠢᠨ | ᠭᠠᠵᠠᠷ ᠲᠤ ᠪᠤᠰᠤᠳ ᠬᠥᠮᠦᠨ ᠤ ᠰᠠᠭᠤᠭᠰᠠᠨ ︽ᠬᠠᠯᠠᠭᠤᠨ ᠰᠠᠨᠳᠠᠯᠢ︾ ᠲᠡᠭᠡᠷ᠎ᠡ ᠰᠠᠭᠤᠬᠤ ᠨᠢ ᠵᠠᠶᠢᠯᠠᠰᠢ ᠦᠭᠡᠢ | ᠶᠤᠮ᠃ ᠡᠭᠦᠨ ᠳᠤ ᠶᠠᠭᠤ ᠶᠢ ᠠᠩᠬᠠᠷᠪᠠᠯ ᠵᠣᠬᠢᠬᠤ ᠪᠣᠶ︖ | ᠬᠡᠷᠪᠡ ᠲᠡᠬᠦᠨ ᠤ ᠠᠷᠠᠰᠤ ᠨᠢ ᠰᠠᠨᠳᠠᠯᠢ ᠪᠤᠶᠤ ᠰᠠᠨᠳᠠᠯᠢ ᠶᠢᠨ ᠲᠦᠰᠢᠯᠭᠡ ᠳᠡᠭᠡᠷ᠎ᠡ ᠰᠢᠭᠤᠳ ᠬᠦᠷᠦᠯᠴᠡᠭᠰᠡᠨ | ᠪᠠᠶᠢᠪᠠᠯ᠂ ᠰᠠᠨᠳᠠᠯᠢ ᠳᠡᠭᠡᠷ᠎ᠡ ᠲᠡᠬᠦᠨ ᠤ ᠬᠠᠭ᠂ ᠬᠥᠯᠥᠰᠥ ᠵᠡᠷᠭᠡ ᠨᠢ ᠦᠯᠡᠳᠡᠬᠦ ᠪᠣᠯᠤᠯᠴᠠᠭ᠎ᠠ ᠲᠠᠢ᠃ ᠬᠡᠷᠪᠡ ᠨᠢᠭᠡ | ᠬᠥᠮᠦᠨ ᠤ ᠠᠷᠠᠰᠤ ᠬᠦᠷᠦᠰᠤ ᠨᠢ ᠪᠦᠷᠢᠨ ᠪᠦᠲᠦᠨ ᠪᠠᠶᠢᠪᠠᠯ᠂ ᠰᠠᠨᠳᠠᠯᠢ ᠳᠡᠭᠡᠷᠡᠬᠢ ᠡᠳᠡᠭᠡᠷ ᠦᠢᠯᠡᠳᠦᠭᠳᠡᠯ ᠪᠣᠳᠠᠰ ᠨᠢ | ᠬᠤᠪᠢ ᠬᠥᠮᠦᠨ ᠤ ᠡᠷᠡᠭᠦᠯ ᠮᠡᠨᠳᠦ ᠳᠤ ᠰᠦᠷᠳᠡᠭᠦᠯᠦᠯ ᠪᠣᠯᠬᠤ ᠦᠭᠡᠢ ᠶᠤᠮ᠃ ᠭᠡᠪᠡᠴᠦ ᠵᠠᠷᠢᠮ ᠡᠪᠡᠳᠴᠢᠨ | ᠡᠭᠦᠰᠭᠡᠭᠴᠢ᠂ ᠵᠢᠱᠢᠶᠡᠯᠡᠪᠡᠯ ᠰᠡᠷᠬᠡᠨᠦᠳ᠂ ᠠᠷᠠᠰᠤᠨ ᠤ ᠡᠷᠢᠬᠡᠯᠢᠭ ᠪᠠᠺᠲ᠋ᠧᠷᠢ ᠂ ᠬᠠᠮᠠᠭᠤ᠂ ᠢᠯᠢᠳᠦ ᠵᠡᠷᠭᠡ ᠶᠢᠨ | ᠡᠪᠡᠳᠴᠢᠨ ᠭᠡᠮ ᠲᠠᠢ ᠡᠪᠡᠳᠴᠢᠲᠡᠨ ᠤ ᠡᠪᠡᠳᠴᠢᠯᠡᠭᠰᠡᠨ ᠬᠡᠰᠡᠭ ᠨᠢ ᠪᠦᠷᠢᠮᠦᠰᠦᠨ ᠡᠳᠡᠭᠡᠷᠡᠭᠡᠳᠦᠢ ᠨᠥᠬᠦᠴᠡᠯ | ᠳᠣᠣᠷ᠎ᠠ ᠰᠢᠭᠤᠳ ᠰᠠᠨᠳᠠᠯᠢ ᠳᠡᠭᠡᠷ᠎ᠡ ᠬᠦᠷᠦᠯᠴᠡᠭᠰᠡᠨ ᠪᠣᠯ ᠳᠠᠷᠠᠭ᠎ᠠ ᠰᠠᠭᠤᠭᠰᠠᠨ ᠬᠥᠮᠦᠨ ᠤ ᠠᠷᠠᠰᠤᠨ ᠳᠤ | ᠬᠦᠷᠦᠯᠴᠡᠪᠡᠯ ᠳᠠᠷᠤᠢ ᠬᠠᠯᠳᠠᠪᠤᠷᠢᠯᠠᠬᠤ ᠪᠣᠯᠤᠯᠴᠠᠭ᠎ᠠ ᠲᠠᠢ᠃ ᠬᠠᠯᠠᠭᠤᠨ ᠰᠠᠨᠳᠠᠯᠢ ᠳᠡᠭᠡᠷ᠎ᠡ ᠰᠠᠭᠤᠬᠤ ᠨᠢ ᠬᠤᠰᠬᠢᠨᠠᠭ | ᠪᠤᠶᠤ ᠰᠢᠭᠡᠰᠦᠨ ᠰᠦᠪᠡ ᠪᠠᠷ ᠳᠠᠮᠵᠢᠬᠤ ᠡᠪᠡᠳᠴᠢᠨ ᠢ ᠠᠮᠠᠷᠬᠠᠨ ᠲᠠᠷᠬᠠᠭᠠᠬᠤ ᠦᠭᠡᠢ᠃ ᠥᠩᠭᠡᠨ ᠡᠪᠡᠳᠴᠢᠨ᠂ | ᠵᠢᠱᠢᠶᠡᠯᠡᠪᠡᠯ ᠲᠡᠮᠪᠤᠤ ᠡᠪᠡᠳᠴᠢᠨ᠂ ᠠᠶᠢᠽ ᠡᠪᠡᠳᠴᠢᠨ ᠵᠡᠷᠭᠡ᠂ ᠲᠡᠳᠡᠭᠡᠷ ᠤᠨ ᠬᠠᠯᠳᠠᠪᠤᠷᠢᠯᠠᠬᠤ ᠵᠠᠮ ᠨᠢ ᠭᠤᠣᠯᠳᠠᠭᠤ | ᠭᠤᠷᠪᠠᠨ ᠵᠦᠢᠯ ᠪᠠᠶᠢᠳᠠᠭ᠄ ᠬᠤᠷᠢᠴᠠᠯ ᠤᠨ ᠠᠵᠢᠯᠯᠠᠭ᠎ᠠ᠂ ᠴᠢᠰᠤ᠂ ᠡᠬᠡ ᠨᠢᠯᠬᠠᠰ ᠢᠶᠠᠷ ᠰᠢᠭᠤᠳ ᠲᠠᠷᠬᠠᠭᠠᠨ᠎ᠠ᠃ | ᠬᠠᠯᠠᠭᠤᠨ ᠰᠠᠨᠳᠠᠯᠢ ᠲᠡᠭᠡᠷ᠎ᠡ ᠰᠠᠭᠤᠬᠤ ᠨᠢ ᠦᠩᠭᠡᠨ ᠤ ᠡᠪᠡᠳᠴᠢᠨ ᠬᠠᠯᠳᠠᠪᠤᠷᠢᠯᠠᠬᠤ ᠦᠭᠡᠢ᠃ ᠪᠤᠰᠤᠳ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠯᠠᠪᠤᠷ᠂ ᠵᠢᠱᠢᠶᠡᠯᠡᠪᠡᠯ ᠵᠣᠷᠯᠣᠩ ᠤᠨ ᠰᠠᠭᠤᠳᠠᠯ᠂ ᠴᠠᠬᠢᠯᠭᠠᠨᠱᠠᠲᠤ ᠪᠠ | ᠭᠠᠵᠠᠷ ᠳᠤᠤᠷᠠᠬᠢ ᠲᠡᠮᠦᠷ ᠵᠠᠮ ᠤᠨ ᠲᠦᠰᠢᠭᠦᠷ᠂ ᠤᠮᠪᠠᠯᠲᠠ ᠶᠢᠨ ᠭᠠᠵᠠᠷ ᠵᠡᠷᠭᠡ ᠨᠢ ᠴᠥᠮ ᠣᠯᠠᠨ ᠨᠡᠶᠢᠲᠡ ᠶᠢᠨ | ᠲᠠᠯᠠᠪᠤᠷ ᠪᠣᠯᠤᠨ᠎ᠠ᠃ ᠠᠷᠢᠭᠤᠨ ᠴᠡᠪᠡᠷ ᠤᠨ ᠨᠥᠬᠦᠴᠡᠯ ᠢᠶᠠᠷ ᠠᠨᠠᠶ ᠵᠣᠷᠯᠣᠩ ᠢ ᠠᠯᠢ ᠴᠢᠳᠠᠬᠤ ᠪᠠᠷ ᠬᠡᠷᠡᠭᠯᠡᠬᠦ ᠥᠬᠡᠶ | ᠪᠠᠶᠢᠪᠠᠯ ᠵᠤᠬᠢᠨ᠎ᠠ᠂ ᠣᠴᠦ᠋ᠢᠵᠤ ᠰᠠᠭᠤᠬᠤ ᠨᠦᠬᠡ ᠲᠠᠢ ᠵᠣᠷᠯᠣᠩ ᠢ ᠰᠣᠩᠭᠤᠵᠤ᠂ ᠰᠢᠭᠤᠳ ᠠᠷᠠᠰᠤ | ᠬᠦᠷᠦᠯᠴᠡᠬᠦ ᠠᠴᠠ ᠵᠠᠶᠢᠯᠠᠰᠬᠢᠬᠦ ᠬᠡᠷᠡᠭᠲᠡᠶ᠃ | |