ᠬᠥᠪᠡᠭᠡᠲᠦ ᠰᠢᠷ᠎ᠠ ᠬᠤᠰᠢᠭᠤᠨ ᠤ ᠤᠢ ᠰᠢᠭᠤᠶ ᠠᠮᠢ ᠠᠬᠤᠶ ᠶᠢᠨ ᠭᠤᠣᠯᠳᠠᠯᠭᠠᠲᠤ ᠣᠷᠣᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠬᠡᠷᠡᠭᠵᠢᠭᠦᠯᠬᠦ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2022/11/12
ᠥᠷᠭᠡᠨ ᠤᠯᠠᠨ ᠮᠠᠯᠴᠢᠨ ᠲᠦᠮᠡᠨ᠄        ᠮᠠᠨ ᠤ ᠬᠤᠰᠢᠭᠤᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ᠂ ᠬᠤᠩᠭᠤᠷ ᠠᠭᠤᠯᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠰᠢᠨᠡᠪᠤᠯᠠᠭ ᠪᠠᠯᠭᠠᠰᠤᠨ ᠤ ᠡᠷᠬᠢᠨ ᠲᠣᠭᠤᠷᠢᠨ ᠤ ᠨᠣᠭᠤᠭᠠᠷᠠᠭᠤᠯᠤᠯᠲᠠ ᠶᠢᠨ ᠣᠷᠣᠨ᠂ ᠬᠠᠶ᠋ᠢᠩᠬᠢᠷᠸ᠎ᠠ ᠦᠵᠡᠮᠵᠢ ᠶᠢᠨ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ ᠢ ᠦᠨᠳᠦᠰᠦᠯᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠢᠶᠠᠷᠤᠯᠲᠠ ᠶᠢᠨ ᠠᠷᠭ᠎ᠠ︾ ᠪᠠ ︽ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ᠂ ᠤᠳᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄        ᠨᠢᠭᠡ᠂ ᠪᠡᠯᠴᠢᠭᠡᠷᠯᠡᠭᠦᠯᠬᠦ ᠶᠢ ᠴᠠᠭᠠᠵᠠᠯᠠᠬᠤ ᠴᠠᠭ ᠬᠤᠭᠤᠴᠠᠭ᠎ᠠ        ᠪᠦᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠨ᠎ᠠ᠃        ᠬᠤᠶᠠᠷ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠡᠪᠴᠢᠶ᠎ᠡ        ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ᠂ ᠬᠤᠩᠭᠤᠷ ᠠᠭᠤᠯᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠰᠢᠨᠡᠪᠤᠯᠠᠭ ᠪᠠᠯᠭᠠᠰᠤᠨ ᠤ ᠡᠷᠬᠢᠨ ᠲᠣᠭᠤᠷᠢᠨ ᠤ ᠨᠣᠭᠤᠭᠠᠷᠠᠭᠤᠯᠤᠯᠲᠠ ᠶᠢᠨ ᠣᠷᠣᠨ᠂ ᠬᠠᠶ᠋ᠢᠩᠬᠢᠷᠸ᠎ᠠ ᠦᠵᠡᠮᠵᠢ ᠶᠢᠨ ᠣᠷᠣᠨ᠃        ᠭᠤᠷᠪᠠ᠂ ᠬᠠᠮᠢᠶ᠎ᠠ ᠪᠥᠬᠦᠶ ᠱᠠᠭᠠᠷᠳᠠᠯᠭ᠎ᠠ        ︵ᠨᠢᠭᠡ︶ ᠣᠶ ᠰᠢᠭᠤᠶ ᠶᠢᠨ ᠠᠮᠢ ᠠᠬᠤᠶ ᠶᠢᠨ ᠮᠠᠯᠵᠢᠬᠤ ᠣᠷᠣᠨ ᠢ ᠭᠤᠤᠯᠳᠠᠯᠭ᠎ᠠ ᠲᠠᠢ ᠴᠠᠭᠠᠵᠠᠯᠠᠬᠤ ᠬᠢᠯᠢ ᠶᠢᠨ ᠴᠢᠭ᠂ ᠬᠦᠷᠢᠶ᠎ᠡ ᠬᠠᠰᠢᠶ᠎ᠠ᠂ ᠲᠡᠮᠳᠡᠭ ᠫᠠᠶᠢᠰᠠ ᠵᠢᠴᠢ ᠰᠠᠭᠤᠷᠢ ᠪᠡᠯᠡᠳᠬᠡᠮᠵᠢ ᠶᠢ ᠳᠤᠷ᠎ᠠ ᠪᠠᠷ ᠢᠶᠠᠨ ᠰᠢᠯᠵᠢᠭᠦᠯᠦᠭᠰᠡᠨ ᠪᠤᠶᠤ ᠡᠪᠳᠡᠭᠰᠡᠨ ᠦᠢᠯᠡ ᠠᠵᠢᠯᠯᠠᠭ᠎ᠠ ᠳᠤ ᠴᠢᠭᠯᠡᠭᠦᠯᠦᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ᠵᠡᠷᠭᠡ ᠬᠠᠤᠯᠢ ᠴᠠᠭᠠᠵᠠ ᠲᠣᠭᠲᠠᠭᠠᠯ ᠶᠤᠰᠤᠭᠠᠷ ᠰᠢᠶ᠋ᠳᠪᠦᠷᠢᠯᠡᠨ᠎ᠡ︔ ᠣᠶ ᠰᠢᠭᠤᠶ ᠶᠢᠨ ᠠᠮᠢ ᠠᠬᠤᠶ ᠶᠢᠨ  ᠭᠤᠣᠯᠳᠠᠯᠭᠠᠲᠤ ᠣᠷᠣᠨ ᠪᠦᠰᠡ ᠳᠤ ᠦᠬᠡᠷ᠂ ᠬᠤᠨᠢ᠂ ᠮᠣᠷᠢ᠂ ᠲᠡᠮᠡᠭᠡ ᠵᠡᠷᠭᠡ ᠶᠢ ᠪᠡᠯᠴᠢᠭᠡᠷᠯᠡᠭᠦᠯᠬᠦ ᠦᠢᠯᠡ ᠠᠵᠢᠯᠯᠠᠭ᠎ᠠ ᠳᠤ ᠴᠢᠭᠯᠡᠭᠦᠯᠦᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ︾ ᠵᠡᠷᠭᠡ ᠬᠠᠤᠯᠢ ᠴᠠᠭᠠᠵᠠ ᠲᠣᠭᠲᠠᠭᠠᠯ ᠶᠣᠰᠣᠭᠠᠷ ᠰᠢᠢᠢᠳᠪᠦᠷᠢᠯᠡᠨ᠎ᠡ︔ ᠬᠠᠮᠢᠶᠠᠷᠤᠯᠲᠠ ᠶᠢᠨ ᠭᠠᠵᠠᠷ ᠤᠨ ᠴᠠᠭᠳᠠᠨ ᠬᠠᠮᠠᠭᠠᠯᠠᠭᠴᠢ ᠵᠢᠴᠢ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠠᠯᠪᠠᠨ ᠶᠠᠪᠤᠳᠠᠯ ᠬᠦᠢᠴᠡᠳᠭᠡᠬᠦ ᠶᠢ ᠬᠠᠷᠰᠢᠯᠠᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠦᠢᠯᠡ ᠠᠵᠢᠯᠯᠠᠭ᠎ᠠ ᠳᠤ ᠴᠢᠭᠯᠡᠭᠦᠯᠦᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠤᠨ ᠬᠠᠤᠯᠢ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠠᠤᠯᠢ ᠶᠣᠰᠣᠭᠠᠷ ᠰᠢᠢᠳᠪᠦᠷᠢᠯᠡᠨ᠎ᠡ᠃        ︵ᠬᠤᠶᠠᠷ︶ ᠬᠤᠰᠢᠭᠤᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠮᠢᠶ᠎ᠠ ᠪᠥᠬᠦᠶ ᠪᠠᠲᠤᠯᠠᠬᠤ᠂ ᠵᠢᠯᠣᠭᠤᠳᠬᠤ ᠪᠠ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠨ᠎ᠠ᠃ ᠣᠶ ᠰᠢᠭᠤᠶ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠬᠤᠯᠠᠭᠠᠢ ᠪᠠᠷ ᠪᠡᠯᠴᠢᠭᠡᠷᠯᠡᠬᠦᠯᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠬᠦᠯᠬᠦ ᠦᠢᠯᠡ ᠠᠵᠢᠯᠯᠠᠭ᠎ᠠ ᠶᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ᠂ ᠬᠤᠩᠭᠤᠷ ᠠᠭᠤᠯᠠ ᠣᠶ ᠰᠢᠭᠤᠶ ᠶᠢᠨ ᠬᠠᠮᠠᠭᠠᠯᠠᠯᠲᠠ ᠶᠢᠨ ᠥᠷᠲᠡᠭᠡ ᠤᠬᠠᠭᠤᠯᠤᠨ ᠬᠥᠲᠥᠯᠦᠨ ᠵᠢᠯᠣᠭᠤᠳᠬᠤ ᠠᠵᠢᠯ ᠢᠶᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠣᠶ ᠰᠢᠭᠤᠶ ᠶᠢᠨ ᠠᠮᠢ ᠠᠬᠤᠶ ᠶᠢᠨ ᠭᠤᠣᠯᠳᠠᠯᠭᠠᠲᠤ ᠣᠷᠣᠨ ᠪᠦᠰᠡ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃        ︵ᠭᠤᠷᠪᠠ︶ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭᠠᠨ ᠳᠤ ᠢᠯᠡᠴᠢᠯᠡᠨ ᠮᠡᠳᠡᠭᠦᠯᠬᠦ ᠲᠦᠷᠢᠮ ᠢ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ᠂ ᠣᠯᠠᠨ ᠲᠦᠮᠡᠨ ᠤ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠣᠶ ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ ᠬᠦᠰᠡᠨ ᠨᠠᠶᠢᠳᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠬᠦᠯᠬᠦ ᠶᠢ ᠬᠦᠰᠡᠵᠦ ᠪᠠᠶᠢᠨ᠎ᠠ᠃         ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠳᠠᠰᠤ ᠳᠣᠭᠢᠷᠠᠭᠤᠯᠪᠠ᠄         ᠰᠢᠨᠡᠪᠤᠯᠠᠭ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 6222978         ᠪᠠᠶᠠᠨᠲᠠᠯ᠎ᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 6709608         ᠪᠣᠭᠳᠠ ᠶᠢᠨ ᠭᠤᠤᠯ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 6720529         ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠄ 6225500         ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠄ 6222083         ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ᠄ 6222519         ᠬᠤᠩᠭᠤᠷ ᠠᠭᠤᠯᠠ ᠶᠢᠨ ᠣᠶ ᠰᠢᠭᠤᠶ ᠬᠠᠮᠠᠭᠠᠯᠠᠬᠤ ᠥᠷᠲᠡᠭᠡ᠄ 13684790453   
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号