ᠬᠦᠪᠡᠬᠡᠳᠣ ᠰᠢᠷ᠎ᠡ ᠬᠤᠰᠢᠭᠤ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠬᠤ ᠲᠣᠰᠬᠠᠢ ᠰᠡᠳᠣᠪᠳᠣ ᠠᠵᠢᠯᠯᠠᠭ᠎ᠠ ᠶᠢ ᠡᠷᠴᠢᠮᠲᠠᠢ ᠶᠠᠪᠤᠭᠳᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/11/14
        11 ᠰᠠᠷ᠎ᠠ ᠶᠢᠨ 9 ᠤ ᠡᠳᠦᠷ᠂ ᠬᠦᠪᠡᠬᠡᠳᠣ ᠰᠢᠷ᠎ᠡ ᠬᠤᠰᠢᠭᠤᠨ ᠤ ᠪᠣᠭᠳᠠ ᠶᠢᠨ ᠭᠤᠤᠯ ᠰᠤᠮᠤᠨ ᠤ ᠡᠯᠡᠰᠦᠲᠡᠶ ᠭᠠᠴᠠᠭᠠᠨ ᠤ ᠨᠠᠮ ᠤᠨ ᠭᠡᠰᠢᠭᠦᠨ ᠭᠤᠤᠯᠳᠠᠯᠭᠠᠲᠤ ᠡᠷᠦᠬᠡ ᠠᠯᠲᠠᠨᠲᠤᠶᠠᠭ᠎ᠠ ᠶᠢᠨ ᠮᠣᠩᠭᠤᠯ ᠬᠡᠷ ᠲᠤ᠂ ᠭᠠᠴᠠᠭᠠᠨ ᠤ ᠨᠠᠮ ᠤᠨ ᠭᠡᠰᠢᠭᠦᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠠᠵᠢᠯᠯᠠᠭ᠎ᠠ ᠨᠢ ᠣᠬᠠᠭᠤᠯᠣᠨ ᠲᠠᠶᠢᠯᠪᠣᠷᠢᠯᠠᠬᠤ᠂ ᠣᠳᠬ᠎ᠠ ᠣᠷᠠᠯᠢᠭ ᠤᠨ ᠲᠣᠬᠯᠠᠯᠳᠠ ᠭᠠᠷᠭᠠᠬᠤ ᠭᠡᠯᠪᠡᠷᠢ ᠪᠠᠷ ᠶᠠᠪᠣᠬᠳᠠᠵᠦ᠂ ᠦᠨᠳᠦᠰᠦᠨ ᠱᠠᠳᠣᠨ ᠤ ᠣᠯᠠᠨ ᠲᠦᠮᠡᠨ ᠳᠤ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠬᠠᠭᠤᠯᠣᠨ ᠲᠠᠶᠢᠯᠪᠣᠷᠢᠯᠠᠵᠠᠢ᠃
微信图片_20221114155646.jpg       
        ᠰᠤᠮᠤᠨ ᠤ ᠬᠠᠷᠢᠭᠤᠴᠠᠯᠭᠠᠲᠠᠨ ᠵᠢᠴᠢ ᠭᠠᠴᠠᠭᠠᠨ ᠤ ᠨᠠᠮ ᠤᠨ ᠭᠡᠰᠢᠭᠦᠳ ᠠᠵᠢᠯᠯᠠᠭ᠎ᠠ ᠳᠤ ᠣᠷᠣᠯᠴᠠᠵᠦ᠂ ᠡᠯᠡᠰᠣᠲᠠᠢ ᠭᠠᠴᠠᠭᠠᠨ ᠤ ᠱᠦᠵᠢ᠂ ᠭᠠᠴᠠᠭᠠᠨ ᠳᠠᠷᠤᠭ᠎ᠠ ᠰᠣᠶᠣᠯᠲᠤ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠡᠷᠢᠨ ᠬᠢᠨᠡᠮᠡᠭᠠᠢ ᠤᠬᠠᠭᠤᠯᠤᠨ ᠲᠤᠤᠱᠯᠠᠭᠤᠯᠬᠤ ᠲᠣᠬᠠᠢ ᠲᠣᠮᠳᠠᠳᠣ ᠣᠯᠣᠰ ᠤᠨ ᠡᠪ ᠬᠠᠮᠳᠣ ᠨᠠᠮ ᠤᠨ ᠲᠦᠪ ᠬᠤᠷᠢᠶᠠᠨ ᠤ ᠲᠣᠬᠳᠠᠭᠠᠯ ᠢ ᠳᠠᠭᠠᠭᠤᠯᠤᠨ ᠰᠣᠷᠣᠯᠴᠠᠵᠣ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠣᠬᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠤᠯᠤᠰ ᠲᠦᠷᠦ᠂ ᠦᠵᠡᠯ ᠰᠠᠨᠠᠭ᠎ᠠ ᠂ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠲᠠᠢ ᠨᠢᠭᠡᠳᠬᠡᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠢᠯ ᠬᠢᠵᠦ ᠦᠢᠯᠡᠰ ᠴᠣᠭᠴᠠᠯᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢᠶᠠᠨ ᠲᠠᠰᠤᠷᠠᠯᠲᠠ ᠦᠭᠡᠢ  ᠳᠡᠭᠡᠭᠰᠢᠯᠡᠭᠦᠯᠭᠦ ᠬᠡᠷᠡᠭᠲᠡᠶ ᠬᠡᠵᠡᠢ᠃         ᠨᠠᠮ ᠤᠨ ᠭᠡᠰᠢᠭᠦᠨ ᠤ ᠭᠤᠣᠯᠳᠠᠯᠭᠠᠲᠤ ᠡᠷᠦᠭᠡ ᠠᠯᠲᠠᠨᠲᠤᠶᠠᠭ᠎ᠠ ᠠᠴᠠ ᠨᠠᠮ ᠤᠨ ᠬᠤᠷᠢᠳᠣᠭᠠᠷ ᠶᠡᠭᠡ ᠬᠤᠷᠠᠯ ᠤᠨ ᠢᠯᠡᠳᠬᠡᠯ ᠤᠨ ᠵᠠᠩᠭᠢᠯᠠᠭ᠎ᠠ ᠶᠢᠨ ᠦᠭᠡᠰ ᠵᠢᠴᠢ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ︾ ᠪᠠᠷ ᠭᠤᠣᠯ ᠰᠡᠳᠦᠪ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠣᠬᠰᠠᠨ ᠴᠢᠬᠤᠯᠠ ᠶᠡᠭᠡ ᠠᠴᠢ ᠬᠤᠯᠪᠣᠭᠳᠠᠯ᠂ ᠶᠡᠭᠡ ᠬᠤᠷᠠᠯ ᠤᠨ ᠢᠯᠡᠳᠬᠡᠯ ᠤᠨ ᠭᠤᠣᠯ ᠠᠭᠤᠯᠭ᠎ᠠ ᠵᠢᠴᠢ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠤᠬᠠᠭᠤᠯᠤᠨ ᠲᠤᠤᠱᠯᠠᠭᠤᠯᠬᠤ ᠲᠤᠬᠠᠢ ᠤᠯᠠᠨ ᠲᠠᠢ ᠰᠠᠨᠠᠯ ᠪᠤᠳᠤᠯ ᠢᠶᠠᠨ ᠰᠣᠯᠢᠯᠴᠠᠪᠠ᠃ ᠬᠦᠪᠡᠬᠡᠳᠣ ᠰᠢᠷ᠎ᠡ ᠬᠤᠰᠭᠤᠨ ᠤ ᠪᠣᠬᠳᠠ  ᠶᠢᠨ ᠭᠤᠣᠯ ᠰᠣᠮᠣᠨ ᠤ ᠨᠠᠮ ᠤᠨ ᠭᠡᠰᠢᠭᠦᠨ ᠭᠤᠣᠯᠳᠠᠯᠭᠠᠲᠤ ᠡᠷᠦᠭᠡ  ᠠᠯᠳᠠᠨᠳᠣᠶᠠᠭ᠎ᠠ ︽ᠭᠠᠴᠠᠭᠠᠨ ᠤ ᠪᠠᠨ ᠨᠠᠮ  ᠤᠨ ᠵᠣᠬᠢᠶᠠᠨ ᠪᠠᠶᠢᠭᠤᠯᠣᠯᠳᠠ ᠶᠢᠨ ᠲᠣᠬᠢᠷᠠᠭᠤᠯᠣᠯᠭ᠎ᠠ ᠲᠣᠣᠷ᠎ᠠ ᠨᠠᠮ ᠤᠨ ᠲᠣᠬᠳᠠᠮᠠᠯ ᠡᠳᠣᠷ ᠤᠨ ᠠᠵᠢᠯᠯᠠᠭ᠎ᠠ ᠶᠢ ᠲᠣᠬᠢᠶᠠᠯᠳᠣᠭᠤᠯᠣᠭᠠᠳ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠠᠮᠳᠣᠪᠡᠷ ᠰᠣᠷᠣᠯᠴᠡᠨ ᠤᠬᠠᠭᠤᠯᠤᠯ᠎ᠠ︔ ᠰᠣᠷᠣᠯᠴᠠᠯᠭ᠎ᠠ ᠲᠡᠬᠡᠷ᠎ᠡ ᠭᠠᠴᠠᠭᠠᠨ ᠤ ᠪᠠᠨ ᠦᠨᠳᠣᠰᠣᠨ ᠪᠠᠶᠢᠳᠠᠯ ᠲᠠᠢ ᠣᠶᠠᠯᠳᠣᠭᠤᠯᠣᠨ ᠣᠳᠣᠬᠠᠨ ᠳᠤ ᠮᠠᠨ ᠤ ᠭᠠᠴᠠᠭᠠᠨ ᠳᠤ ᠣᠷᠣᠰᠢᠵᠣ ᠪᠠᠶᠢᠭ᠎ᠠ ᠠᠰᠠᠭᠤᠳᠠᠯ ᠵᠢᠴᠢ ᠬᠡᠷᠬᠢᠨ ᠭᠠᠴᠠᠭ᠎ᠠ ᠪᠠᠨ ᠬᠦᠭᠵᠢᠬᠦᠯᠬᠦ ᠲᠣᠬᠠᠢ ᠶᠠᠷᠢᠯᠴᠠᠬᠰᠠᠨ ᠪᠠᠶᠢᠨ᠎ᠠ︾ ᠭᠡᠵᠤ ᠶᠠᠷᠢᠯ᠎ᠠ᠃ ᠡᠯᠡᠰᠣᠲᠠᠢ ᠭᠠᠴᠠᠭᠠᠨ ᠤ ᠠᠬᠠᠮᠠᠳ ᠨᠠᠮ ᠤᠨ ᠬᠡᠰᠢᠬᠦᠨ ᠵᠠᠮᠪᠠᠯ ︽ᠡᠨᠡ ᠣᠳᠠᠭᠠᠨ ᠤ ᠰᠣᠷᠣᠯᠴᠠᠯᠭ᠎ᠠ ᠪᠠᠷ ᠲᠠᠮᠵᠢᠨ ᠮᠠᠰᠢ ᠶᠡᠭᠡ ᠣᠯᠣᠯᠳᠠ ᠲᠠᠢ︔ ᠬᠤᠵᠢᠮ ᠬᠤᠶᠢᠰᠢᠳᠠ ᠪᠠᠨ ᠪᠢᠳᠠ ᠦᠷᠬᠦᠯᠵᠢᠯᠠᠨ ᠴᠢᠷᠮᠡᠶᠢᠵᠣ᠂ ᠮᠠᠨ ᠤ ᠡᠯᠡᠰᠣᠲᠠᠢ ᠭᠠᠴᠠᠭᠠᠨ ᠤ ᠪᠠᠨ ᠪᠦᠬᠦ ᠠᠷᠠᠳ ᠲᠦᠮᠡᠨ ᠂ ᠭᠠᠴᠠᠭᠠᠨ ᠤ ᠪᠦᠳᠣᠬᠡᠨ ᠪᠠᠶᠢᠭᠤᠯᠣᠯᠳᠠ᠂ ᠬᠡᠣᠬᠡᠳ ᠤᠨ ᠰᠣᠷᠭᠠᠨ ᠬᠦᠮᠣᠵᠢᠯ ᠵᠡᠷᠬᠡ ᠪᠦᠬᠦ ᠠᠵᠢᠯ ᠤᠨ ᠲᠠᠯ᠎ᠠ ᠪᠠᠷ ᠴᠢᠷᠮᠡᠶᠢᠨ᠎ᠠ︾ ᠭᠡᠵᠤ ᠶᠠᠷᠢᠯ᠎ᠠ᠃        ᠬᠦᠪᠡᠭᠡᠲᠦ ᠰᠢᠷ᠎ᠠ ᠬᠤᠰᠢᠭᠤᠨ ᠤ ᠣᠯᠠᠭᠠᠨᠮᠦ᠋ᠴᠢᠷ ︽ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠬᠠᠭᠤᠯᠣᠨ ᠲᠣᠣᠱᠯᠠᠭᠤᠯᠬᠤ︾ ᠭᠤᠣᠯ ᠰᠡᠳᠣᠪᠳᠣ ᠣᠷᠠᠨ ᠰᠠᠶᠢᠬᠠᠨ ᠤ ᠲᠣᠬᠯᠠᠯᠳᠠ ᠭᠠᠷᠭᠠᠵᠣ᠂ ᠭᠤᠴᠣ ᠰᠠᠶᠢᠬᠠᠨ ᠲᠣᠬᠯᠠᠯᠳᠠ ᠪᠠᠷ ᠮᠠᠯᠴᠢᠨ ᠲᠦᠮᠡᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠤᠶᠢᠯᠠᠭᠤᠯᠤᠭᠰᠠᠨ ᠪᠠᠶᠢᠨ᠎ᠠ᠃        ᠬᠦᠪᠡᠬᠡᠳᠣ ᠰᠢᠷ᠎ᠡ ᠬᠤᠰᠢᠭᠤᠨ ᠤ ᠪᠣᠬᠳᠠ ᠶᠢᠨ ᠭᠤᠣᠯ ᠰᠣᠮᠣᠨ ᠤ ᠡᠯᠡᠰᠣᠲᠠᠢ ᠭᠠᠴᠠᠭᠠᠨ ᠤ ᠠᠬᠠᠮᠠᠳ ᠨᠠᠮ ᠤᠨ ᠬᠡᠰᠢᠬᠦᠨ ᠠᠪᠠᠭᠠᠨ ︽ᠦᠨᠣᠳᠣᠷ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠠᠮᠳᠣ  ᠪᠠᠷ ᠢᠶᠠᠨ ᠰᠣᠷᠣᠯᠴᠠᠭᠠᠳ ᠣᠶᠢᠯᠠᠭᠠᠯᠳᠠ ᠦᠨᠳᠣᠷ ᠪᠠᠶᠢᠨ᠎ᠠ︔ ᠠᠯᠣᠰ ᠲᠤ ᠪᠠᠨ ᠡᠯᠡᠰᠣᠲᠠᠢ ᠭᠠᠴᠠᠭᠠᠨ ᠤ ᠤᠯᠠᠨ ᠲᠦᠮᠡᠨ ᠤ ᠠᠮᠢᠳᠣᠷᠠᠯ ᠰᠠᠶᠢᠬᠠᠨ᠂ ᠠᠴᠢᠷ ᠭᠡᠣᠭᠡᠳ ᠨᠢ ᠰᠣᠶᠣᠯᠵᠢᠬᠰᠠᠨ ᠰᠠᠶᠢᠬᠠᠨ᠂ ᠪᠣᠯᠪᠠᠰᠣᠨ ᠰᠠᠶᠢᠬᠠᠨ ᠭᠠᠴᠠᠭ᠎ᠠ ᠶᠢ ᠪᠠᠶᠢᠭᠤᠯᠬᠤ ᠪᠠᠷ ᠴᠢᠷᠮᠠᠶᠢᠶ᠎ᠠ ᠬᠡᠵᠣ ᠪᠣᠳᠣᠵᠣ ᠪᠠᠶᠢᠨ᠎ᠠ︾ ᠭᠡᠵᠤ ᠶᠠᠷᠢᠯ᠎ᠠ᠃        ᠡᠯᠡᠰᠣᠲᠠᠢ ᠭᠠᠴᠠᠭ᠎ᠠ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠬᠦᠯᠵᠢᠯᠠᠨ ᠭᠦᠨᠵᠡᠭᠡᠢ ᠰᠣᠷᠣᠯᠴᠠᠨ ᠣᠬᠠᠭᠤᠯᠵᠣ᠂ ᠨᠡᠩ ᠯᠠᠪᠳᠠᠭᠤᠨ ᠪᠠᠳᠣᠲᠠᠢ ᠠᠵᠢᠯ ᠤᠨ ᠰᠣᠷᠳᠠᠯ᠂ ᠨᠡᠩ ᠬᠦᠴᠣᠲᠠᠢ ᠠᠵᠢᠯ  ᠤᠨ ᠠᠷᠭ᠎ᠠ ᠬᠡᠮᠵᠢᠶ᠎ᠠ ᠪᠠᠷ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠠᠵᠢᠯ ᠢ ᠰᠢᠨ᠎ᠠ ᠲᠡᠭᠳᠡᠷ ᠲᠤ  ᠭᠠᠷᠭᠠᠬᠤ ᠪᠠᠷ ᠴᠢᠷᠮᠠᠶᠢᠵᠦ ᠪᠣᠢ᠃
 
ᠢᠷᠡᠯᠲᠡ᠄ ᠬᠦᠪᠡᠬᠡᠳᠣ ᠰᠢᠷ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号