ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ | ᠮᠦᠩᠬᠦ ᠶᠢᠨ ᠲᠥᠷᠥ ᠶᠢᠨ ᠪᠣᠳᠣᠯᠭ᠎ᠠ ︵ᠳᠣᠷᠣᠭᠰᠢ ︽ᠨᠤᠲᠤᠭ ᠪᠡᠯᠴᠢᠭᠡᠷ ᠤᠨ ᠨᠥᠬᠦᠪᠥᠷᠢ ᠮᠦᠩᠬᠦ ᠶᠢᠨ ᠲᠥᠷᠥ | ᠶᠢᠨ ᠪᠣᠳᠣᠯᠭ᠎ᠠ︾ ᠭᠡᠵᠦ ᠲᠣᠪᠴᠢᠯᠠᠨ᠎ᠠ︶ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠡᠳ᠋ ᠤᠨ | ᠵᠠᠰᠠᠭ ᠤᠨ ᠲᠣᠪᠴᠢᠶ᠎ᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠤᠯᠤᠰ ᠤᠨ ᠣᠶ ᠰᠢᠭᠤᠶ ᠨᠤᠲᠤᠭ | ᠪᠡᠯᠴᠢᠭᠡᠷ ᠤᠨ ᠲᠣᠪᠴᠢᠶ᠎ᠠ ᠶᠢᠨ ︽ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠮᠦᠩᠬᠦ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠵᠢᠯᠣᠭᠤᠳᠬᠤ ᠰᠠᠨᠠᠯ︾ ︵ | ᠡᠳ᠋ ᠲᠠᠷᠢᠶᠠᠯᠠᠩ ︵2021︶ 82 ᠳ᠋ᠤᠭᠠᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ | ᠳᠦᠷᠢᠮ︾ ︵ᠥᠪᠥᠷ ᠪᠠᠶᠢᠩᠭᠤ ᠲᠠᠷᠬᠠᠭᠠᠬᠤ ︵2021︶ 53 ᠳ᠋ᠤᠭᠠᠷ ᠲᠣᠭᠠᠲᠤ︶᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ | ᠶᠢᠨ ᠬᠠᠮᠠᠭᠠᠯᠠᠯᠲᠠ ᠶᠢᠨ ᠨᠥᠬᠦᠪᠥᠷᠢ ᠮᠦᠩᠬᠦ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠦᠰᠦᠪ︾ ︵ | ᠥᠪᠥᠷ ᠡᠳ᠋ ᠲᠠᠷᠢᠶᠠᠯᠠᠩ ︵2021︶1190 ᠳ᠋ᠤᠭᠠᠷ ᠲᠣᠭᠠᠲᠤ︶ ︽ᠰᠢᠯᠢ ᠶᠢᠨ ᠭᠤᠤᠯ ᠠᠶᠢᠮᠠᠭ ᠤᠨ | ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠮᠦᠩᠬᠦ ᠶᠢᠨ | ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠦᠰᠦᠪ ︵2021- 2025 ᠣᠨ︶ ︵ᠰᠢᠯᠢ ᠵᠠᠬᠢᠷᠭ᠎ᠠ ᠠᠯᠪᠠᠨ | ᠲᠠᠷᠬᠠᠭᠠᠭᠰᠠᠨ ︵2021︶ 95 ᠳ᠋ᠤᠭᠠᠷ ᠲᠣᠭᠠᠲᠤ︶ ᠪᠠ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠢ ᠦᠨᠳᠣᠰᠣᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠦᠰᠦᠪ ᠢ | ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ | ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ᠂ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠣᠷᠢᠵᠢᠭᠤᠯᠵᠦ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠤᠯᠭᠠᠵᠦ᠂ ᠬᠥᠮᠦᠨ ᠪᠠ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ ᠣᠷᠣᠰᠢᠬᠤ ᠦᠨᠳᠦᠰᠦᠨ ᠠᠷᠭ᠎ᠠ | ᠪᠣᠳᠣᠯᠭ᠎ᠠ ᠶᠢ ᠪᠠᠷᠢᠮᠳᠠᠯᠠᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠠᠮᠢ ᠠᠬᠤᠶ ᠪᠠ ᠠᠷᠠᠳ ᠤᠨ | ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠨ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠪᠠᠯᠠ | ᠮᠥᠩᠭᠦ ᠶᠢᠨ ᠬᠤᠷᠠᠮᠳᠤᠭᠤᠯᠭ᠎ᠠ ᠶᠢᠨ ᠦᠶᠯᠡᠳᠦᠯ ᠢ ᠪᠠᠳᠠᠷᠠᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠲᠦᠷᠢᠮ ᠪᠠ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠦ᠂ ᠮᠠᠯ ᠠᠵᠤ | ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ | ᠦᠶᠯᠡᠰ ᠤᠨ ᠠᠭᠤᠰᠤᠯᠴᠠᠨ ᠬᠥᠭᠵᠢᠬᠦ ᠶᠢ ᠳᠥᠯᠭᠢᠨ ᠠᠬᠢᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ | ᠨᠥᠬᠦᠪᠥᠷᠢ ᠶᠢᠨ ᠪᠠᠯᠠ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠦ᠂ ᠨᠤᠲᠤᠭ ᠪᠡᠯᠴᠢᠭᠡᠷ ᠲᠤ ᠮᠠᠯ ᠮᠠᠯᠵᠢᠬᠤ | ᠳᠠᠷᠤᠯᠲᠠ ᠶᠢ ᠦᠨᠡᠨ ᠬᠦ ᠬᠦᠩᠭᠡᠷᠡᠭᠦᠯᠵᠦ᠂ ᠲᠠᠯ᠎ᠠ ᠨᠤᠲᠤᠭ ᠤᠨ ᠰᠡᠷᠬᠦᠨ ᠰᠠᠶᠢᠵᠢᠷᠠᠬᠤ ᠶᠢ ᠠᠬᠢᠭᠤᠯᠤᠨ᠂ ᠲᠠᠯ᠎ᠠ | ᠨᠤᠲᠤᠭ ᠤᠨ ᠠᠮᠢ ᠠᠬᠤᠢ ᠶᠢᠨ ᠰᠡᠷᠭᠦᠭᠡᠯᠲᠡ ᠶᠢ ᠲᠦᠷᠭᠡᠳᠭᠡᠨ᠂ ᠲᠠᠯ᠎ᠠ ᠨᠤᠲᠤᠭ ᠤᠨ ᠮᠠᠯᠵᠢᠬᠤ ᠣᠷᠣᠨ ᠤ ᠠᠮᠢ | ᠠᠬᠤᠢ᠂ ᠦᠶᠯᠡᠳᠪᠦᠷᠢᠯᠡᠯ᠂ ᠠᠮᠢᠳᠤᠷᠠᠯ ᠤᠨ ᠬᠠᠮᠵᠢᠯᠴᠠᠭᠰᠠᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠤᠨ᠎ᠠ᠃ | ︵ᠬᠤᠶᠠᠷ︶ ᠶᠡᠷᠦᠩᠬᠡᠶ ᠬᠠᠷᠠᠯᠲᠠ᠃ ᠨᠤᠲᠤᠭ ᠪᠡᠯᠴᠢᠭᠡᠷ ᠤᠨ ᠨᠥᠬᠦᠪᠥᠷᠢ ᠮᠦᠩᠬᠦ ᠪᠠ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠨ᠂ ᠨᠤᠲᠤᠭ ᠪᠡᠯᠴᠢᠭᠡᠷ ᠮᠠᠯ ᠪᠡᠯᠴᠢᠭᠡᠷ ᠢ ᠲᠡᠩᠴᠡᠭᠦᠷᠢᠲᠡᠶ | ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠰᠡᠷᠭᠦᠭᠡᠬᠦ ᠲᠦᠷᠢᠮ ᠢ ᠨᠠᠶᠢᠳᠠᠪᠤᠷᠢᠵᠢᠭᠤᠯᠵᠤ᠂ ︽ | ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠯᠡᠭᠡ︾ ᠶᠢᠨ ᠬᠤᠭᠤᠴᠠᠭᠠᠨ ᠳᠤ᠂ ᠪᠥᠬᠦ ᠬᠤᠰᠢᠭᠤᠨ ᠤ ᠨᠤᠲᠤᠭ | ᠪᠡᠯᠴᠢᠭᠡᠷ ᠤᠨ ᠳᠤᠮᠳᠠᠴᠢ ᠤᠷᠭᠤᠮᠠᠯ ᠤᠨ ᠬᠤᠴᠢᠯᠭ᠎ᠠ ᠶᠢ 45 % ᠠᠴᠠ ᠳᠡᠭᠡᠭᠰᠢ ᠲᠣᠭᠲᠠᠪᠤᠷᠢᠵᠢᠭᠤᠯᠵᠤ᠂ | ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠢᠯᠡᠳᠲᠡ ᠰᠠᠶᠢᠵᠢᠷᠠᠭᠤᠯᠵᠤ᠂ | ᠨᠤᠲᠤᠭ ᠪᠡᠯᠴᠢᠭᠡᠷ ᠤᠨ ᠠᠮᠢ ᠠᠬᠤᠶ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ | ᠳᠣᠪᠣᠶᠢᠯᠭᠠᠬᠤ ᠪᠠᠷ ᠴᠢᠷᠮᠠᠶᠢᠨ᠎ᠠ ᠃ ᠮᠠᠯᠴᠢᠳ ᠤᠨ ᠨᠤᠲᠤᠭ ᠪᠡᠯᠴᠢᠭᠡᠷ ᠢ ᠬᠠᠮᠠᠭᠠᠯᠠᠬᠤ ᠤᠬᠠᠮᠰᠠᠷ ᠢ ᠤᠯᠠᠮ ᠨᠢᠭᠡ | ᠠᠯᠬᠤᠮ ᠳᠡᠭᠡᠭᠰᠢᠯᠡᠨ᠎ᠡ ᠃ ᠮᠠᠯᠴᠢᠳ ᠤᠨ ᠪᠠᠶᠢᠭᠠᠯᠢ ᠶᠢᠨ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ | ᠠᠰᠢᠭᠯᠠᠬᠤ ᠶᠢ ᠬᠥᠲᠥᠯᠥᠨ ᠵᠢᠯᠣᠭᠤᠳᠴᠤ᠂ ᠡᠪᠡᠰᠦ ᠪᠡᠯᠴᠢᠭᠡᠷ ᠤᠨ ᠮᠠᠯ ᠠᠵᠤ ᠠᠬᠤᠶ ᠶᠢᠨ ᠦᠶᠯᠡᠳᠪᠦᠷᠢᠯᠡᠯ ᠤᠨ | ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠯ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠎ᠠ︔ ᠮᠠᠯᠴᠢᠳ ᠤᠨ ᠣᠷᠣᠯᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ | ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ᠂ ᠠᠮᠢ ᠠᠬᠤᠶ ᠶᠢᠨ ᠪᠣᠯᠪᠠᠰᠤᠨ ᠢ ᠪᠠᠶᠢᠭᠤᠯᠬᠤ ᠳᠤ ᠬᠤᠪᠢ ᠨᠡᠮᠡᠷᠢ ᠦᠵᠡᠭᠦᠯᠵᠦ᠂ ᠡᠬᠡ ᠤᠯᠤᠰ ᠤᠨ | ᠤᠮᠠᠷᠠᠲᠤ ᠬᠢᠯᠢ ᠶᠢᠨ ᠡᠨᠡᠬᠦ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠶ᠎ᠠ᠃ | ︵ᠭᠤᠷᠪᠠ︶ ᠦᠨᠳᠦᠰᠦᠨ ᠵᠠᠷᠴᠢᠮ | ᠨᠢᠭᠡ ᠳᠤ᠂ ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠶ ᠬᠥᠭᠵᠢᠭᠦᠯᠬᠦ ᠶᠢ ᠪᠠᠷᠢᠮᠲᠠᠯᠠᠨ᠎ᠠ | ᠃ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠦᠢᠯᠡᠳᠪᠦᠷᠢᠯᠡᠯ ᠠᠮᠢ ᠠᠬᠤᠶ ᠶᠢ ᠣᠷᠭᠠᠨᠢᠭ ᠢᠶᠠᠷ | ᠤᠶᠠᠯᠳᠤᠭᠤᠯᠬᠤ︾ ᠦᠨᠳᠦᠰᠦᠨ ᠴᠢᠭᠯᠡᠯᠲᠡ ᠶᠢ ᠪᠠᠷᠢᠮᠲᠠᠯᠠᠨ᠂ ᠨᠤᠲᠤᠭ ᠪᠡᠯᠴᠢᠭᠡᠷ ᠤᠨ ᠡᠯ᠎ᠡ ᠲᠦᠷᠦᠯ ᠤᠨ | ᠬᠠᠮᠠᠭᠠᠯᠠᠯᠲᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠨᠤᠲᠤᠭ ᠪᠡᠯᠴᠢᠭᠡᠷ ᠤᠨ | ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠵᠦ᠂ ᠮᠠᠯᠵᠢᠬᠤ ᠣᠷᠣᠨ ᠤ ᠠᠵᠤ ᠠᠬᠤᠶ ᠨᠡᠶᠢᠭᠡᠮ | ᠤᠨ ᠦᠷᠭᠦᠯᠵᠢᠯᠡᠨ ᠬᠥᠭᠵᠢᠬᠦ ᠰᠠᠭᠤᠷᠢ ᠶᠢ ᠪᠠᠬᠢᠵᠢᠭᠦᠯᠦᠨ᠎ᠡ᠃ | ᠬᠤᠶᠠᠷ ᠲᠤ᠂ ᠡᠷᠬᠡ ᠬᠠᠷᠢᠭᠤᠴᠠᠯᠭ᠎ᠠ ᠲᠣᠳᠣᠷᠬᠠᠢ᠂ ᠱᠠᠳᠤ ᠬᠤᠪᠢᠶᠠᠨ ᠨᠠᠶᠢᠳᠠᠪᠤᠷᠢᠵᠢᠭᠤᠯᠬᠤ ᠶᠢ | ᠪᠠᠷᠢᠮᠳᠠᠯᠠᠨ᠎ᠠ᠃ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠨᠤᠲᠤᠭ | ᠪᠡᠯᠴᠢᠭᠡᠷ ᠤᠨ ᠨᠥᠬᠦᠪᠥᠷᠢ ᠮᠦᠩᠬᠦ ᠶᠢᠨ ᠳᠦᠷᠦ ᠶᠢᠨ ᠪᠤᠲᠤᠯᠭ᠎ᠠ ᠶᠢᠨ ᠡᠭᠦᠷᠭᠡ᠂ ᠬᠠᠷᠢᠭᠤᠴᠠᠯᠭ᠎ᠠ᠂ ᠠᠷᠭ᠎ᠠ ︽ | ᠭᠤᠷᠪᠠ ᠶᠢ ᠰᠤᠮᠤ ᠪᠠᠯᠭᠠᠰᠤᠨ ᠳᠤ ᠬᠦᠷᠭᠡᠬᠦ︾ ᠳᠦᠷᠦ ᠶᠢᠨ ᠪᠤᠲᠤᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ | ᠪᠠᠷᠢᠮᠲᠠᠯᠠᠨ᠂ ᠰᠤᠮᠤ ᠪᠠᠯᠭᠠᠰᠤ ᠶᠢ ᠳᠦᠷᠦ ᠶᠢᠨ ᠪᠤᠲᠤᠯᠭ᠎ᠠ ᠶᠢ ᠬᠡᠷᠡᠭᠵᠢᠭᠦᠯᠬᠦ ᠭᠤᠣᠯ ᠴᠣᠭᠴᠠ ᠪᠠ ᠬᠠᠷᠢᠭᠤᠴᠠᠯᠭ᠎ᠠ | ᠶᠢᠨ ᠭᠤᠣᠯ ᠴᠣᠭᠴᠠ ᠪᠣᠯᠭᠠᠵᠤ᠂ ᠲᠦᠰᠦᠪ ᠢ ᠨᠠᠷᠢᠯᠢᠬᠵᠢᠭᠤᠯᠤᠨ᠂ ᠱᠠᠳᠤ ᠳᠠᠷᠠᠭᠠᠯᠠᠨ ᠬᠠᠷᠠᠯᠲᠠᠲᠤ | ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠡᠭᠦᠷᠭᠡ ᠶᠢᠨ ᠭᠦᠢᠴᠡᠳᠬᠡᠬᠦ ᠲᠤᠭ᠎ᠠ ᠶᠢ ᠵᠠᠳᠠᠯᠤᠨ᠎ᠠ᠃ | ᠭᠤᠷᠪᠠ ᠳᠤ᠂ ᠲᠥᠷᠥ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠬᠤ᠂ ᠯᠠᠪᠳᠠᠭᠤᠨ ᠢᠶᠠᠷ ᠲᠦᠯᠬᠢᠨ | ᠠᠬᠢᠭᠤᠯᠬᠤ ᠶᠢ ᠪᠠᠷᠢᠮᠲᠠᠯᠠᠨ᠎ᠠ᠃ ᠲᠥᠷᠥ ᠶᠢᠨ ᠪᠣᠳᠣᠯᠭ᠎ᠠ ᠶᠢᠨ ᠬᠠᠷᠠᠯᠲᠠ ᠶᠢ ᠲᠣᠭᠲᠠᠭᠤᠨ ᠪᠠᠶᠢᠯᠭᠠᠬᠤ᠂ | ᠨᠦᠬᠦᠪᠦᠷᠢ ᠮᠦᠩᠬᠦ ᠬᠦᠷᠲᠡᠵᠦ ᠪᠠᠶᠢᠭ᠎ᠠ ᠬᠥᠮᠦᠰ ᠢ ᠦᠨᠳᠦᠰᠦᠨ ᠳᠤᠨᠢ ᠲᠣᠭᠲᠠᠭᠤᠨ ᠪᠠᠶᠢᠯᠭᠠᠬᠤ᠂ ᠲᠥᠷᠥ ᠶᠢᠨ | ᠪᠣᠳᠣᠯᠭ᠎ᠠ ᠶᠢᠨ ᠳᠡᠮᠵᠢᠯᠭᠡ ᠦᠵᠡᠭᠦᠯᠬᠦ ᠡᠷᠴᠢᠮ ᠢ ᠰᠤᠯᠠᠷᠠᠭᠤᠯᠬᠤ ᠦᠭᠡᠶ᠂ ᠲᠤᠰᠠᠯᠠᠵᠤ ᠨᠦᠬᠦᠪᠦᠷᠢᠯᠡᠬᠦ ᠪᠠᠷᠢᠮᠵᠢᠶ᠎ᠠ | ᠶᠢ ᠪᠠᠭᠤᠷᠠᠭᠤᠯᠬᠤ ᠦᠭᠡᠶ᠂ ᠢᠵᠢ ᠪᠦᠷᠢᠳᠦᠭᠦᠯᠬᠦ ᠪᠡᠯᠡ ᠮᠥᠩᠭᠦ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠦᠨ᠂ | ᠲᠦᠷᠦᠭᠦᠦ ᠬᠤᠶᠠᠷ ᠡᠭᠡᠯᠵᠢ ᠶᠢᠨ ᠰᠠᠶᠢᠨ ᠠᠷᠭ᠎ᠠ ᠪᠠᠷᠢᠯ ᠪᠣᠯᠤᠨ ᠠᠷᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ | ᠳᠥᠷᠪᠡ ᠳᠤ᠂ ᠪᠡᠯᠴᠢᠭᠡᠷ ᠢᠶᠠᠷ ᠮᠠᠯ ᠢ ᠲᠣᠭᠲᠠᠭᠠᠬᠤ ᠶᠢ ᠪᠠᠷᠢᠮᠲᠠᠯᠠᠨ᠂ ᠦᠷᠭᠦᠯᠵᠢᠯᠡᠨ ᠬᠥᠭᠵᠢᠭᠦᠯᠦᠨ᠎ᠡ᠃ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠨᠢ ᠲᠤᠬᠠᠶ ᠶᠢᠨ ᠭᠠᠵᠠᠷ ᠤᠨ ᠪᠡᠯᠴᠢᠭᠡᠷ ᠤᠨ ᠡᠬᠢ ᠪᠠᠶᠠᠯᠢᠭ | ᠤᠨ ᠪᠤᠰᠤᠳᠴᠢ ᠪᠣᠳᠠᠲᠤ ᠪᠠᠶᠢᠳᠠᠯ ᠢ ᠬᠦᠨᠳᠦᠳᠬᠡᠵᠦ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠣᠷᠣᠨ ᠪᠠ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠬᠤᠪᠢᠶᠠᠷᠢᠯᠠᠨ | ᠲᠣᠭᠲᠠᠭᠠᠵᠤ᠂ ᠳᠤᠯᠠᠭᠠᠨ ᠤᠯᠠᠷᠢᠯ ᠤᠨ ᠪᠠᠶᠢᠭᠠᠯᠢ ᠶᠢᠨ ᠨᠤᠲᠤᠭ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ | ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠬᠤ ᠬᠡᠷᠡᠭᠲᠡᠶ ᠃ | ᠲᠠᠪᠤ ᠳᠤ᠂ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ | ᠪᠦᠷᠢᠯᠳᠣᠭᠦᠯᠦᠨ᠎ᠡ᠃ ᠨᠤᠲᠤᠭ ᠪᠡᠯᠴᠢᠭᠡᠷ ᠤᠨ ᠨᠥᠬᠦᠪᠥᠷᠢ ᠮᠦᠩᠬᠦ ᠶᠢᠨ ᠲᠥᠷᠥ ᠶᠢᠨ ᠪᠣᠳᠣᠯᠭ᠎ᠠ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠦᠶᠯᠡᠳᠪᠦᠷᠢᠯᠡᠯ | ᠡᠵᠡᠩᠨᠡᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ᠂ ᠲᠠᠴᠢᠷᠳᠠᠭᠰᠠᠨ ᠨᠤᠲᠤᠭ ᠪᠡᠯᠴᠢᠭᠡᠷ ᠤᠨ | ᠠᠮᠢ ᠠᠬᠤᠶ ᠶᠢ ᠵᠠᠰᠠᠨ ᠰᠡᠷᠭᠦᠭᠡᠬᠦ ᠵᠡᠷᠭᠡ ᠶᠢ ᠬᠠᠷᠢᠯᠴᠠᠨ ᠤᠶᠠᠯᠳᠤᠭᠤᠯᠵᠤ᠂ ᠨᠤᠲᠤᠭ ᠪᠡᠯᠴᠢᠭᠡᠷ ᠤᠨ ᠮᠠᠯ ᠠᠵᠤ | ᠠᠬᠤᠶ ᠶᠢᠨ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠣᠷᠣᠭᠤᠯᠤᠯᠲᠠ ᠶᠢ ᠨᠡᠮᠡᠭᠳᠡᠭᠦᠯᠦᠨ᠂ | ᠲᠠᠷᠢᠶᠠᠯᠠᠩ ᠮᠠᠯ ᠠᠵᠤ ᠠᠬᠤᠶ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠠᠬᠢᠭᠤᠯᠤᠨ᠎ᠠ᠃ | ᠵᠢᠷᠭᠤᠭ᠎ᠠ ᠳᠤ᠂ ᠢᠯᠡ ᠲᠣᠳᠣ᠂ ᠱᠠᠩᠨᠠᠯ ᠨᠥᠬᠦᠪᠥᠷᠢ ᠤᠨ ︽ᠲᠠᠪᠤ ᠶᠢ ᠡᠷᠦᠬᠡ ᠳᠤ ᠬᠦᠷᠭᠡᠬᠦ︾ ᠶᠢ | ᠪᠠᠷᠢᠮᠳᠠᠯᠠᠨ᠎ᠠ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠦᠬᠦ ᠶᠠᠪᠤᠴᠠ ᠶᠢ ᠢᠯᠡ ᠲᠣᠳᠣ ᠪᠠᠶᠢᠯᠭᠠᠬᠤ ᠶᠢ | ᠪᠠᠷᠢᠮᠲᠠᠯᠠᠵᠤ᠂ ᠡᠭᠦᠷᠭᠡ ᠶᠢ ᠨᠠᠶᠢᠳᠠᠪᠤᠷᠢᠵᠢᠭᠤᠯᠬᠤ᠂ ᠪᠡᠯᠡ ᠮᠥᠩᠭᠦ ᠣᠯᠭᠤᠬᠤ᠂ ᠳᠠᠩᠰᠠ ᠡᠪᠬᠡᠮᠡᠯ ᠪᠠᠶᠢᠭᠤᠯᠤᠨ | ᠺᠠᠷᠲ ᠵᠣᠬᠢᠶᠠᠬᠤ᠂ ᠦᠢᠯᠡᠴᠢᠯᠡᠨ ᠵᠢᠯᠣᠭᠤᠳᠬᠤ᠂ ᠬᠢᠨᠠᠨ ᠬᠠᠮᠢᠶᠠᠷᠬᠤ ︽ᠲᠠᠪᠤ ᠶᠢ ᠡᠷᠦᠬᠡ ᠳᠤ ᠬᠦᠷᠭᠡᠬᠦ︾ ᠶᠢ | ᠪᠡᠶᠡᠯᠡᠭᠦᠯᠵᠦ᠂ ᠨᠤᠲᠤᠭ ᠪᠡᠯᠴᠢᠭᠡᠷ ᠤᠨ ᠨᠥᠬᠦᠪᠥᠷᠢ ᠮᠦᠩᠭᠦ ᠶᠢᠨ ᠪᠡᠯᠡ ᠮᠥᠩᠭᠦ ᠶᠢ ᠭᠠᠴᠠᠭ᠎ᠠ ᠲᠣᠰᠬᠤᠨ ᠤ | ᠱᠠᠲᠤᠨ ᠳᠤ ᠢᠯᠡ ᠨᠡᠶᠢᠲᠡᠯᠡᠬᠦ ᠳᠦᠷᠢᠮ ᠢ ᠲᠡᠷᠡ ᠶᠣᠰᠣᠭᠠᠷ ᠨᠢ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢ | ᠢᠯᠡ ᠪᠠᠷ ᠬᠡᠷᠡᠭᠵᠢᠭᠦᠯᠬᠦ ᠶᠢ ᠪᠠᠲᠤᠯᠠᠨ᠎ᠠ᠃ | ᠬᠤᠶᠠᠷ᠂ ᠬᠡᠷᠡᠭᠵᠢᠭᠦᠯᠬᠦ ᠬᠡᠪᠴᠢᠶ᠎ᠡ | ᠨᠤᠲᠤᠭ ᠪᠡᠯᠴᠢᠭᠡᠷ ᠤᠨ ᠨᠥᠬᠦᠪᠥᠷᠢ ᠮᠦᠩᠭᠦ ᠶᠢᠨ ᠲᠥᠷᠥ ᠶᠢᠨ ᠪᠣᠳᠣᠯᠭ᠎ᠠ ᠨᠢ ᠪᠥᠬᠦ ᠬᠤᠰᠢᠭᠤᠨ ᠤ 3 | ᠰᠤᠮᠤ ᠪᠠᠯᠭᠠᠰᠤᠨ ᠤ 60 ᠭᠠᠴᠠᠭ᠎ᠠ ᠳᠤ ᠬᠤᠯᠪᠣᠭᠳᠠᠵᠤ᠂ ᠬᠤᠯᠪᠣᠭᠳᠠᠭᠰᠠᠨ ᠨᠤᠲᠤᠭ ᠪᠡᠯᠴᠢᠭᠡᠷ ᠤᠨ ᠲᠠᠯᠠᠪᠠᠶ ᠨᠢ | 753 .74 ᠲᠦᠮᠡᠨ ᠮᠥ ᠪᠠᠶᠢᠵᠤ᠂ ᠡᠭᠦᠨ ᠳᠤ᠄ ᠡᠩ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠠᠯᠠᠪᠠᠶ ᠨᠢ 26 . | 89 ᠲᠦᠮᠡᠨ ᠮᠥ᠂ ᠮᠠᠯ ᠪᠡᠯᠴᠢᠭᠡᠷ ᠤᠨ ᠲᠡᠩᠴᠡᠭᠦᠷᠢ ᠶᠢᠨ ᠣᠷᠣᠨ ᠤ ᠲᠠᠯᠠᠪᠠᠶ ᠨᠢ 726 . 85 ᠲᠦᠮᠡᠨ ᠮᠥ᠂ | 2021 ᠣᠨ ᠤ ᠣᠶ ᠰᠢᠭᠤᠶ ᠡᠪᠡᠰᠦ ᠪᠡᠯᠴᠢᠭᠡᠷ ᠤᠨ ᠳᠠᠪᠬᠤᠷᠳᠠᠭᠰᠠᠨ ᠲᠠᠯᠠᠪᠠᠶ ᠨᠢ 176 . 94 ᠲᠦᠮᠡᠨ ᠮᠥ᠂ | 2022 - 2025 ᠣᠨ ᠤ ᠤᠢ ᠰᠢᠭᠤᠢ ︵ ᠪᠤᠲᠠ ᠶᠢᠨ ᠲᠠᠯᠠᠪᠠᠢ︶ ᠶᠢ ᠰᠢᠯᠢᠳᠡᠭᠵᠢᠭᠰᠡᠨ ᠤ ᠳᠠᠷᠠᠭᠠᠬᠢ ᠣᠶ | ᠰᠢᠭᠤᠶ ᠡᠪᠡᠰᠦ ᠪᠡᠯᠴᠢᠭᠡᠷ ᠤᠨ ᠳᠠᠪᠬᠤᠷᠳᠠᠭᠰᠠᠨ ᠲᠠᠯᠠᠪᠠᠶ ᠨᠢ 64 ᠭᠠᠷᠤᠶ ᠲᠦᠮᠡᠨ ᠮᠥ ᠪᠤᠯᠪᠠ᠃ ᠨᠤᠲᠤᠭ | ᠪᠡᠯᠴᠢᠭᠡᠷ ᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠲᠠᠢ ᠪᠤᠶᠤ ᠨᠤᠲᠤᠭ ᠪᠡᠯᠴᠢᠭᠡᠷ ᠢ ᠳᠠᠭᠠᠭᠠᠴᠢᠯᠠᠨ | ᠡᠵᠡᠩᠨᠡᠬᠦ ᠭᠡᠷ᠎ᠡ ᠲᠣᠭᠲᠠᠭᠰᠠᠨ ᠮᠠᠯᠴᠢᠨ ᠪᠦᠬᠦᠨ ᠤ ᠭᠠᠴᠠᠭᠠᠨ ᠤ ᠬᠠᠮᠲᠤ ᠶᠢᠨ ᠡᠷᠦᠬᠡ ᠬᠤᠯᠪᠣᠭᠠᠯᠠᠨ ᠡᠵᠡᠩᠨᠡᠭᠰᠡᠨ | ᠨᠤᠲᠤᠭ ᠪᠡᠯᠴᠢᠭᠡᠷ ᠨᠢ ᠴᠥᠮ ᠨᠤᠲᠤᠭ ᠪᠡᠯᠴᠢᠭᠡᠷ ᠤᠨ ᠨᠥᠬᠦᠪᠥᠷᠢ ᠮᠦᠩᠭᠦ ᠶᠢᠨ ᠲᠥᠷᠥ ᠶᠢᠨ ᠪᠣᠳᠣᠯᠭ᠎ᠠ ᠶᠢ | ᠬᠦᠷᠲᠡᠵᠦ ᠪᠣᠯᠤᠨ᠎ᠠ᠃ | ᠭᠤᠷᠪᠠ᠂ ᠲᠦᠷᠦ ᠶᠢᠨ ᠪᠤᠳᠤᠯᠭ᠎ᠠ ᠶᠢᠨ ᠠᠭᠤᠯᠭ᠎ᠠ | ︵ᠨᠢᠭᠡ︶ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | 1.ᠣᠷᠣᠨ ᠬᠤᠪᠢᠶᠠᠷᠢᠯᠡᠯ᠃ ᠳᠣᠣᠷᠠᠬᠢ ᠬᠡᠲᠦᠨ ᠲᠦᠷᠦᠯ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ | ᠪᠣᠯᠭᠠᠨ ᠬᠤᠪᠢᠶᠠᠨ᠎ᠠ᠄ ᠭᠠᠵᠠᠷ ᠤᠨ ᠴᠢᠨᠠᠷ ᠬᠦᠨᠳᠦ ᠨᠣᠴᠢᠲᠠᠶ ᠮᠠᠭᠤᠲᠠᠵᠤ ᠡᠯᠡᠰᠦᠷᠬᠡᠭᠵᠢᠭᠰᠡᠨ ᠨᠤᠲᠤᠭ ᠪᠡᠯᠴᠢᠭᠡᠷ᠂ | ᠪᠡᠯᠴᠢᠭᠡᠷᠯᠡᠭᠦᠯᠬᠦ ᠳᠤ ᠲᠣᠬᠢᠷᠠᠬᠤ ᠦᠭᠡᠶ ᠳᠤᠮᠳᠠ ᠬᠡᠮᠵᠢᠶᠡᠨ ᠤ ᠴᠢᠨᠠᠷ ᠮᠠᠭᠤᠲᠠᠵᠤ᠂ ᠡᠯᠡᠰᠦᠷᠬᠡᠭᠵᠢᠭᠰᠡᠨ ᠨᠤᠲᠤᠭ | ᠪᠡᠯᠴᠢᠭᠡᠷ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠴᠢᠬᠤᠯᠠ ᠨᠣᠶᠢᠳᠠᠨ ᠭᠠᠵᠠᠷ ᠤᠨ ᠨᠤᠲᠤᠭ ᠪᠡᠯᠴᠢᠭᠡᠷ ᠂ | ᠪᠤᠰᠤᠳ ᠪᠡᠯᠴᠢᠭᠡᠷᠯᠡᠭᠦᠯᠬᠦ ᠶᠢ ᠴᠠᠭᠠᠵᠠᠯᠠᠬᠤ ᠴᠢᠬᠤᠯᠠᠲᠠᠶ ᠨᠤᠲᠤᠭ ᠪᠡᠯᠴᠢᠭᠡᠷ ᠂ ᠡᠩ ᠤᠨ ᠪᠡᠯᠴᠢᠭᠡᠷᠯᠡᠭᠦᠯᠬᠦ ᠶᠢ | ᠴᠠᠭᠠᠵᠠᠯᠠᠬᠤ ᠣᠷᠣᠨ ᠠᠴᠠ ᠪᠤᠰᠤᠳ ᠨᠤᠲᠤᠭ ᠪᠡᠯᠴᠢᠭᠡᠷ ᠢ ᠳᠠᠭᠠᠭᠠᠴᠠ ᠶᠢᠨ ᠴᠢᠳᠠᠪᠤᠷᠢ ᠶᠢ ᠨᠢ ᠦᠨᠳᠦᠰᠦᠯᠡᠨ | ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ ᠶᠢ ᠬᠢᠨᠠᠨ ᠲᠣᠭᠲᠠᠭᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠣᠷᠣᠨ ᠪᠣᠯᠭᠠᠨ ᠲᠤᠭᠳᠠᠭᠠᠨ᠎ᠠ᠃ | 2.ᠣᠷᠣᠨ ᠪᠦᠰᠡ ᠶᠢᠨ ᠬᠠᠮᠢᠶᠠᠷᠤᠯᠲᠠ᠃ ᠡᠩ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ | ᠪᠡᠯᠴᠢᠭᠡᠷᠯᠡᠭᠦᠯᠬᠦ ᠶᠢ ᠴᠢᠩᠭ᠎ᠠ ᠴᠠᠭᠠᠵᠠᠯᠠᠵᠤ᠂ ᠡᠪᠡᠰᠦ ᠬᠠᠳᠤᠬᠤ ᠶᠢ ᠴᠢᠩᠭ᠎ᠠ ᠬᠢᠵᠠᠭᠠᠷᠯᠠᠨ᠂ ᠤᠷᠭᠤᠮᠠᠯ ᠤᠨ | ᠪᠦᠷᠬᠦᠴᠡ ᠶᠢ ᠨᠡᠯᠢᠶᠡᠳ ᠰᠠᠶᠢᠨ ᠰᠡᠷᠭᠦᠭᠡᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠬᠤᠰᠢᠭᠤ ᠱᠠᠲᠤᠨ | ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠵᠥᠪᠰᠢᠶᠡᠷᠡᠭᠰᠡᠨ ᠤ ᠳᠠᠷᠠᠭ᠎ᠠ᠂ ᠬᠠᠮᠠᠭᠠᠯᠠᠯᠲᠠ ᠶᠢᠨ ᠴᠢᠨᠠᠷᠲᠠᠶ ᠡᠪᠡᠰᠦ ᠬᠠᠳᠤᠵᠤ ᠪᠣᠯᠤᠨ᠎ᠠ᠃ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠢᠯᠡᠷᠬᠡᠶ ᠣᠷᠣᠨ ᠪᠠᠶᠢᠷᠢᠨ ᠳᠤ ᠲᠡᠮᠳᠡᠭ ᠲᠠᠯᠪᠢᠨ᠎ᠠ᠃ ᠮᠠᠯ ᠪᠡᠯᠴᠢᠭᠡᠷ | ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ | ᠬᠡᠷᠡᠭᠵᠢᠭᠦᠯᠵᠦ᠂ ᠪᠡᠯᠴᠢᠭᠡᠷ ᠰᠡᠷᠭᠦᠭᠡᠬᠦ ᠲᠦᠷᠢᠮ ᠢ ᠬᠡᠷᠡᠭᠵᠢᠭᠦᠯᠵᠦ᠂ ᠲᠣᠭᠤᠷᠢᠭ ᠬᠤᠪᠢᠶᠠᠨ ᠰᠡᠯᠭᠦᠨ ᠮᠠᠯᠵᠢᠬᠤ | ᠲᠦᠷᠢᠮ ᠢ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ᠡᠪᠡᠰᠦ ᠬᠠᠳᠤᠵᠤ ᠠᠰᠢᠭᠯᠠᠬᠤ ᠳᠤ ᠪᠠᠶᠢᠭᠠᠯᠢ ᠶᠢᠨ ᠬᠠᠳᠤᠯᠠᠩ | ᠢ ᠠᠰᠢᠭᠯᠠᠬᠤ ᠬᠤᠯᠪᠣᠭᠳᠠᠯ ᠪᠦᠬᠦᠢ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ᠂ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠢ ᠨᠢᠭᠡᠨᠲᠡ | ᠵᠠᠭᠠᠭᠯᠠᠨ ᠲᠣᠭᠲᠠᠭᠠᠪᠠᠯ᠂ ᠵᠠᠷᠴᠢᠮ ᠳᠡᠭᠡᠷ᠎ᠡ ᠪᠠᠨ ᠲᠠᠪᠤᠨ ᠵᠢᠯ ᠳᠤ ᠨᠢᠭᠡ ᠤᠳᠠᠭ᠎ᠠ ᠲᠣᠬᠢᠷᠠᠭᠤᠯᠤᠯᠲᠠ ᠬᠢᠵᠦ᠂ | ᠦᠨᠡᠨᠬᠦ ᠬᠤᠪᠢᠷᠠᠭᠤᠯᠵᠤ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ | ᠮᠠᠯᠵᠢᠬᠤ ᠳᠦᠷᠢᠮ︾ ᠵᠢᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ | 3. ᠨᠦᠬᠦᠪᠦᠷᠢ ᠤᠯᠭᠤᠬᠤ ᠪᠠᠷᠢᠮᠵᠢᠶ᠎ᠠ᠃ 2021-2025 ᠣᠨ ᠤ ᠡᠩ ᠤᠨ ᠮᠠᠯᠵᠢᠬᠤ ᠶᠢ ᠴᠠᠭᠠᠵᠠᠯᠠᠬᠤ | ᠳᠤ ᠨᠦᠬᠦᠪᠦᠷᠢᠯᠡᠬᠦ ᠪᠡᠯᠡ ᠮᠥᠩᠭᠦ ᠶᠢᠨ ᠪᠠᠷᠢᠮᠵᠢᠶ᠎ᠠ ᠨᠢ ᠮᠦ ᠪᠦᠷᠢ ᠳᠡᠭᠡᠨ 15 ᠲᠥᠭᠦᠷᠢᠭ᠂ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠨᠦᠬᠦᠪᠦᠷᠢᠯᠡᠬᠦ ᠪᠡᠯᠡ ᠮᠥᠩᠭᠦ ᠶᠢᠨ ᠪᠠᠷᠢᠮᠵᠢᠶ᠎ᠠ ᠨᠢ ᠮᠦ ᠪᠦᠷᠢ ᠳᠡᠭᠡᠨ 4 ᠲᠥᠭᠦᠷᠢᠭ᠂ | ᠨᠦᠬᠦᠪᠦᠷᠢ ᠤᠯᠭᠤᠬᠤ ᠲᠥᠷᠥ ᠶᠢᠨ ᠪᠣᠳᠣᠯᠭ᠎ᠠ ᠶᠢᠨ ᠬᠡᠪᠴᠢᠶ᠎ᠡ ᠨᠢ ᠣᠶ ᠰᠢᠭᠤᠶ᠂ ᠡᠪᠡᠰᠦ ᠪᠡᠯᠴᠢᠭᠡᠷ | ᠳᠠᠪᠬᠤᠴᠠᠭᠰᠠᠨ ᠣᠷᠣᠨ ᠳᠤ ᠵᠥᠪᠬᠡᠨ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠰᠢᠭᠤᠶ ︵ | ᠪᠤᠲᠠ︶ ᠶᠢᠨ ᠨᠥᠬᠦᠪᠥᠷᠢ ᠶᠢᠨ ᠪᠡᠯᠡ ᠮᠥᠩᠭᠦ ᠶᠢ ᠣᠯᠭᠤᠨ᠎ᠠ᠃ | ︵ᠬᠤᠶᠠᠷ︶ ᠳᠤᠯᠠᠭᠠᠨ ᠤᠯᠠᠷᠢᠯ ᠤᠨ ᠲᠣᠬᠢᠷᠠᠬᠤ ᠪᠡᠯᠴᠢᠭᠡᠷ ᠤᠨ ᠳᠠᠭᠠᠭᠠᠴᠠ ᠶᠢ ᠬᠢᠨᠠᠨ ᠲᠣᠭᠲᠠᠭᠠᠬᠤ | ᠬᠡᠷᠡᠭᠲᠡᠶ | 1.ᠳᠤᠯᠠᠭᠠᠨ ᠤᠯᠠᠷᠢᠯ ᠳᠤ ᠪᠡᠯᠴᠢᠭᠡᠷ ᠤᠨ ᠳᠠᠭᠠᠭᠠᠴᠠ ᠳᠤ ᠲᠣᠬᠢᠷᠠᠮᠵᠢᠲᠠᠶ ᠪᠠᠶᠢᠯᠭᠠᠬᠤ ᠬᠡᠷᠡᠭᠲᠡᠶ᠃ ︽ᠰᠢᠯᠢ | ᠶᠢᠨ ᠭᠤᠤᠯ ᠠᠶᠢᠮᠠᠭ ᠤᠨ ᠪᠡᠯᠴᠢᠭᠡᠷ ᠤᠨ ᠳᠠᠭᠠᠭᠠᠴᠠ ᠶᠢ ᠬᠢᠨᠠᠨ ᠬᠠᠷᠭᠤᠭᠤᠯᠬᠤ ᠠᠵᠢᠯ ᠤᠨ ᠵᠢᠯᠣᠭᠤᠳᠬᠤ ᠰᠠᠨᠠᠯ︾ | ᠂ ︽ᠰᠢᠯᠢ ᠶᠢᠨ ᠭᠤᠤᠯ ᠠᠶᠢᠮᠠᠭ ᠤᠨ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ | ᠴᠠᠭᠠᠵᠠᠯᠠᠵᠤ ᠪᠡᠯᠴᠢᠭᠡᠷ ᠢ ᠰᠡᠷᠭᠦᠭᠡᠬᠦ ᠠᠵᠢᠯ ᠤᠨ ᠬᠡᠷᠡᠭᠵᠢᠭᠦᠯᠬᠦ ᠰᠠᠨᠠᠯ︾ ᠤᠨ ᠱᠠᠭᠠᠷᠳᠠᠯᠭ᠎ᠠ ᠶᠣᠰᠣᠭᠠᠷ᠂ ᠮᠠᠨ ᠤ | ᠬᠤᠰᠢᠭᠤᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠣᠷᠣᠨ ᠤ 2021-2025 ᠣᠨ ᠤ ᠨᠤᠲᠤᠭ | ᠪᠡᠯᠴᠢᠭᠡᠷ ᠤᠨ ᠳᠤᠯᠠᠭᠠᠨ ᠤᠯᠠᠷᠢᠯ ᠳᠤ ᠪᠡᠯᠴᠢᠭᠡᠷ ᠤᠨ ᠳᠠᠭᠠᠭᠠᠴᠠ ᠳᠤ ᠳᠣᠭᠢᠷᠠᠬᠤ ᠮᠠᠯ ᠤᠨ ᠪᠠᠭᠳᠠᠭᠠᠮᠵᠢ ᠨᠢ 53. | 21 ᠲᠦᠮᠡᠨ ᠬᠤᠨᠢ᠂ ᠪᠡᠯᠴᠢᠭᠡᠷ ᠤᠨ ᠳᠠᠭᠠᠭᠠᠴᠠ ᠨᠢ 13 . 66 ᠮᠥ / ᠨᠢᠭᠡ ᠬᠤᠨᠢ ᠪᠠᠷ ᠨᠢᠭᠡᠴᠢ ᠪᠤᠯᠭᠠᠨ᠎ᠠ᠃ | 2. ᠪᠡᠯᠴᠢᠭᠡᠷ ᠤᠨ ᠳᠠᠭᠠᠭᠠᠴᠠ ᠶᠢ ᠨᠤᠭᠤᠯᠤᠨ ᠪᠣᠳᠣᠬᠤ ᠪᠠᠷᠢᠮᠵᠢᠶ᠎ᠠ᠃ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠣᠷᠣᠨ ᠬᠤᠨᠢ ᠪᠠᠷ ᠨᠢᠭᠡᠴᠢ ᠪᠣᠯᠭᠠᠨ ᠨᠤᠭᠤᠯᠤᠨ ᠪᠣᠳᠣᠵᠤ᠂ ᠬᠤᠨᠢ ᠪᠦᠷᠢ ᠳᠤ 1 ᠬᠤᠨᠢ ᠨᠢᠭᠡᠴᠢ᠂ | ᠢᠮᠠᠭ᠎ᠠ 0.9 ᠬᠤᠨᠢ ᠨᠢᠭᠡᠴᠢ᠂ ᠮᠣᠷᠢ 6 ᠬᠤᠨᠢ ᠨᠢᠭᠡᠴᠢ᠂ ᠦᠬᠡᠷ 5 ᠬᠤᠨᠢ ᠨᠢᠭᠡᠴᠢ᠂ ᠲᠡᠮᠡᠭᠡ 7 ᠬᠤᠨᠢ | ᠨᠢᠭᠡᠴᠢ᠂ ᠡᠯᠵᠢᠭᠡ 3 ᠬᠤᠨᠢ ᠨᠢᠭᠡᠴᠢ᠂ ᠯᠠᠭᠤᠰᠠ 5 ᠬᠤᠨᠢ ᠨᠢᠭᠡᠴᠢ ᠪᠣᠯᠭᠠᠨ ᠨᠤᠭᠤᠯᠤᠨ ᠪᠣᠳᠣᠵᠤ᠂ ᠮᠠᠯ ᠤᠨ | ᠲᠤᠰ ᠵᠢᠯ ᠤᠨ ᠲᠥᠯ 0.5 ᠨᠠᠰᠤᠨ ᠳᠤ ᠬᠦᠷᠦᠭᠰᠡᠨ ᠮᠠᠯ ᠢᠶᠠᠷ ᠪᠣᠳᠣᠨ᠎ᠠ᠃ | ︵ᠭᠤᠷᠪᠠ︶ ᠬᠠᠪᠤᠷ ᠤᠨ ᠤᠯᠠᠷᠢᠯ ᠤᠨ ᠪᠡᠯᠴᠢᠭᠡᠷ ᠤᠨ ᠣᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ | ᠰᠡᠷᠭᠦᠭᠡᠬᠦ ᠠᠵᠢᠯ | 1. ᠪᠡᠯᠴᠢᠭᠡᠷᠯᠡᠬᠦᠯᠬᠦ ᠶᠢ ᠵᠣᠭᠰᠣᠭᠠᠬᠤ ᠬᠤᠭᠤᠴᠠᠭ᠎ᠠ ᠶᠢ ᠲᠣᠭᠲᠠᠭᠠᠬᠤ᠃ ᠵᠢᠯ ᠪᠦᠷᠢ ᠶᠢᠨ ᠠᠭᠤᠷ ᠠᠮᠢᠰᠬᠤᠯ | ᠤᠨ ᠪᠠᠶᠢᠳᠠᠯ ᠢ ᠦᠨᠳᠦᠰᠦᠯᠡᠨ᠂ ᠪᠡᠯᠴᠢᠭᠡᠷᠯᠡᠬᠦᠯᠬᠦ ᠶᠢ ᠵᠣᠭᠰᠣᠭᠠᠬᠤ ᠠᠯᠪᠠᠨ ᠵᠠᠷ ᠢ ᠴᠠᠭ ᠲᠤᠨᠢ ᠲᠣᠬᠢᠷᠠᠭᠤᠯᠤᠨ | ᠨᠡᠶᠢᠲᠡᠯᠡᠵᠦ᠂ ᠪᠡᠯᠴᠢᠭᠡᠷᠯᠡᠬᠦᠯᠬᠦ ᠶᠢ ᠵᠣᠭᠰᠣᠭᠠᠬᠤ ᠶᠢᠨ ᠡᠬᠢᠯᠡᠬᠦ ᠴᠠᠭ ᠬᠤᠭᠤᠴᠠᠭ᠎ᠠ ᠶᠢ ᠲᠣᠳᠣᠷᠬᠠᠶᠢᠯᠠᠨ᠎ᠠ᠂ ᠵᠠᠷᠴᠢᠮ | ᠳᠡᠭᠡᠷ᠎ᠡ ᠪᠠᠨ ᠪᠡᠯᠴᠢᠭᠡᠷᠯᠡᠬᠦᠯᠬᠦ ᠶᠢ ᠵᠣᠭᠰᠣᠭᠠᠬᠤ ᠶᠢᠨ ᠡᠬᠢᠯᠡᠬᠦ ᠴᠠᠭ ᠨᠢ 4 ᠰᠠᠷ᠎ᠠ ᠶᠢᠨ 10 ᠤ ᠡᠳᠦᠷ ᠠᠴᠠ | ᠡᠮᠦᠨ᠎ᠡ ᠪᠠᠶᠢᠵᠤ ᠪᠣᠯᠬᠤ ᠥᠬᠡᠶ᠂ ᠪᠡᠯᠴᠢᠭᠡᠷᠯᠡᠬᠦᠯᠬᠦ ᠶᠢ ᠵᠣᠭᠰᠣᠭᠠᠬᠤ ᠬᠤᠭᠤᠴᠠᠭ᠎ᠠ ᠶᠢ 45 ᠡᠳᠦᠷ ᠠᠴᠠ ᠳᠤᠲᠠᠭᠤ | ᠪᠠᠶᠢᠯᠭᠠᠵᠤ ᠪᠣᠯᠬᠤ ᠥᠬᠡᠶ᠃ | 2. ᠪᠡᠯᠴᠢᠭᠡᠷᠯᠡᠬᠦᠯᠬᠦ ᠶᠢ ᠵᠣᠭᠰᠣᠭᠠᠬᠤ ᠬᠤᠭᠤᠴᠠᠭᠠᠨ ᠤ ᠬᠠᠮᠢᠶᠠᠷᠤᠯᠲᠠ᠃ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠣᠷᠣᠨ ᠳᠤ ᠪᠦᠬᠦᠨ ᠶᠢ ᠪᠡᠯᠴᠢᠭᠡᠷᠯᠡᠬᠦᠯᠬᠦ ᠶᠢ ᠵᠣᠭᠰᠣᠭᠠᠬᠤ ᠳᠦᠷᠢᠮ ᠢ ᠬᠡᠷᠡᠭᠵᠢᠭᠦᠯᠵᠦ᠂ | ᠪᠡᠯᠴᠢᠭᠡᠷᠯᠡᠬᠦᠯᠬᠦ ᠶᠢ ᠵᠣᠭᠰᠣᠭᠠᠬᠤ ᠬᠠᠭᠤᠷᠴᠠᠭᠠᠨ ᠳᠤ ᠪᠡᠯᠴᠢᠭᠡᠷᠯᠡᠭᠦᠯᠬᠦ ᠶᠢ ᠴᠢᠩᠭ᠎ᠠ ᠴᠠᠭᠠᠵᠠᠯᠠᠵᠤ᠂ ᠵᠣᠬᠢᠬᠤ | ᠬᠡᠪᠴᠢᠶᠡᠨ ᠤ ᠮᠠᠯ ᠤᠨᠤᠭ᠎ᠠ ᠶᠢᠨ ᠬᠦᠳᠡᠯᠭᠡᠭᠡᠨ ᠤ ᠲᠠᠯᠠᠪᠠᠢ ᠶᠢ ᠦᠯᠡᠳᠡᠭᠡᠵᠦ ᠪᠣᠯᠤᠨ᠎ᠠ᠃ ᠪᠡᠯᠴᠢᠭᠡᠷᠯᠡᠬᠦᠯᠬᠦ ᠶᠢ | ᠵᠣᠭᠰᠣᠭᠠᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠮᠠᠯ ᠤᠨᠤᠭ᠎ᠠ ᠶᠢᠨ ᠬᠦᠳᠡᠯᠭᠡᠭᠡᠨ ᠤ ᠲᠠᠯᠠᠪᠠᠢ ᠶᠢ | ᠵᠣᠬᠢᠰᠲᠠᠶ ᠰᠡᠯᠪᠢᠨ ᠰᠡᠷᠭᠦᠭᠡᠬᠦ ᠶᠢᠨ ᠬᠠᠮᠲᠤ ᠪᠥᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠵᠤ᠂ ᠤᠷᠭᠤᠮᠠᠯ | ᠬᠤᠴᠢᠯᠭ᠎ᠠ ᠶᠢ ᠰᠡᠷᠭᠦᠭᠡᠬᠦ ᠶᠢ ᠠᠬᠢᠭᠤᠯᠬᠤ ᠬᠡᠷᠡᠭᠲᠡᠶ᠃ ᠪᠡᠯᠴᠢᠭᠡᠷᠯᠡᠬᠦᠯᠬᠦ ᠶᠢ ᠵᠣᠭᠰᠣᠭᠠᠬᠤ ᠳᠦᠷᠢᠮ ᠢ | ᠬᠡᠷᠡᠭᠵᠢᠭᠦᠯᠵᠦ ᠪᠠᠶᠢᠭ᠎ᠠ ᠮᠠᠯᠴᠢᠳ ᠴᠥᠮ ᠪᠡᠯᠴᠢᠭᠡᠷᠯᠡᠬᠦᠯᠬᠦ ᠶᠢ ᠵᠣᠭᠰᠣᠭᠠᠬᠤ ᠨᠥᠬᠦᠪᠥᠷᠢ ᠬᠦᠷᠲᠡᠵᠦ ᠪᠣᠯᠤᠨ᠎ᠠ᠃ | 3. ᠨᠦᠬᠦᠪᠦᠷᠢᠯᠡᠬᠦ ᠪᠠᠷᠢᠮᠵᠢᠶ᠎ᠠ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠬᠠᠪᠤᠷ ᠤᠨ ᠤᠯᠠᠷᠢᠯ | ᠤᠨ ᠪᠡᠯᠴᠢᠭᠡᠷᠯᠡᠬᠦᠯᠬᠦ ᠶᠢ ᠵᠣᠭᠰᠣᠭᠠᠬᠤ ᠬᠤᠭᠤᠴᠠᠭᠠᠨ ᠤ ᠨᠦᠬᠦᠪᠦᠷᠢᠯᠡᠬᠦ ᠪᠠᠷᠢᠮᠵᠢᠶ᠎ᠠ ᠨᠢ ᠮᠦ ᠪᠦᠷᠢ ᠳᠡᠭᠡᠨ 1. | 125 ᠲᠥᠭᠦᠷᠢᠭ ︵ᠮᠦ ᠪᠦᠷᠢ ᠳᠡᠭᠡᠨ 9 ᠲᠥᠭᠦᠷᠢᠭ ÷ 12 ᠰᠠᠷ᠎ᠠ x 1.5 ᠰᠠᠷ᠎ᠠ ︵45 ᠬᠤᠨᠤᠭ︶ = ᠮᠦ | ᠪᠦᠷᠢ ᠳᠡᠭᠡᠨ 1.125 ᠲᠥᠭᠦᠷᠢᠭ︶᠃ ᠣᠶ ᠮᠣᠳᠣ ᠡᠪᠡᠰᠦ ᠪᠡᠯᠴᠢᠭᠡᠷ ᠳᠠᠪᠬᠤᠴᠠᠭᠰᠠᠨ ᠣᠷᠣᠨ ᠳᠤ ᠬᠠᠪᠤᠷ ᠤᠨ | ᠤᠯᠠᠷᠢᠯ ᠤᠨ ᠪᠡᠯᠴᠢᠭᠡᠷᠯᠡᠬᠦᠯᠬᠦ ᠶᠢ ᠵᠣᠭᠰᠣᠭᠠᠬᠤ ᠳᠦᠷᠢᠮ ᠢ ᠬᠡᠷᠡᠭᠵᠢᠬᠦᠯᠵᠦ ᠬᠠᠪᠤᠷ ᠤᠨ ᠤᠯᠠᠷᠢᠯ ᠤᠨ | ᠪᠡᠯᠴᠢᠭᠡᠷᠯᠡᠬᠦᠯᠬᠦ ᠶᠢ ᠵᠣᠭᠰᠣᠭᠠᠬᠤ ᠪᠡᠯᠡ ᠮᠥᠩᠭᠦ ᠲᠣᠬᠢᠷᠠᠭᠤᠯᠬᠤ ᠦᠭᠡᠶ᠃ | ᠳᠥᠷᠪᠡ᠂ ᠪᠣᠳᠠᠲᠠᠶ ᠱᠠᠭᠠᠷᠳᠠᠯᠭ᠎ᠠ | ︵ᠨᠢᠭᠡ︶ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ | ᠬᠡᠷᠡᠭᠵᠢᠭᠦᠯᠬᠦ ᠭᠤᠤᠯ ᠴᠣᠭᠴᠠ ᠶᠢ ᠲᠣᠳᠣᠷᠬᠠᠢ ᠪᠤᠯᠭᠠᠨ᠎ᠠ᠃ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ | ᠨᠥᠬᠦᠪᠥᠷᠢ ᠮᠦᠩᠭᠦ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ︽ᠭᠤᠷᠪᠠ ᠶᠢ ᠰᠤᠮᠤ ᠪᠠᠯᠭᠠᠰᠤᠨ ᠳᠤ | ᠬᠦᠷᠭᠡᠬᠦ︾ ᠲᠣᠭᠲᠠᠴᠠ ᠶᠢ ᠪᠠᠶᠢᠭᠤᠯᠤᠨ᠎ᠠ᠂ ᠳᠠᠷᠣᠢ ᠡᠭᠦᠷᠭᠡ᠂ ᠬᠠᠷᠢᠭᠤᠴᠠᠯᠭ᠎ᠠ᠂ ᠠᠷᠭ᠎ᠠ ᠶᠢ ᠰᠤᠮᠤ ᠪᠠᠯᠭᠠᠰᠤ ᠳᠤ | ᠨᠠᠶᠢᠳᠠᠪᠤᠷᠢᠵᠢᠭᠤᠯᠬᠤ ᠶᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠭᠤᠤᠯ ᠴᠣᠭᠴᠠ ᠪᠠ ᠬᠠᠷᠢᠭᠤᠴᠠᠯᠭ᠎ᠠ ᠶᠢᠨ | ᠭᠤᠤᠯ ᠴᠣᠭᠴᠠ ᠪᠣᠯᠭᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠨ᠂ | ᠪᠣᠳᠠᠲᠠᠶ ᠠᠳᠬᠤᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠤᠯᠤᠰ ᠤᠨ | ᠮᠠᠯᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠤᠯ ᠬᠡᠪ ᠢᠶᠠᠷ ᠨᠢ ᠮᠠᠯᠴᠢᠳ ᠲᠤ ᠤᠯᠭᠤᠨ᠎ᠠ᠃ | ︵ᠬᠤᠶᠠᠷ︶ ᠨᠤᠲᠤᠭ ᠪᠡᠯᠴᠢᠭᠡᠷ ᠤᠨ ᠨᠥᠬᠦᠪᠥᠷᠢ ᠮᠦᠩᠭᠦ ᠶᠢᠨ ᠦᠯᠡᠳᠡᠪᠦᠷᠢ ᠪᠡᠯᠡ ᠮᠥᠩᠭᠦ ᠶᠢ ᠰᠠᠶᠢᠲᠤᠷ | ᠠᠰᠢᠭᠯᠠᠨ᠎ᠠ᠃ ᠲᠤᠰᠬᠠᠶ ᠪᠡᠯᠡ ᠮᠦᠩᠬᠦ ᠶᠢ ᠲᠤᠰᠬᠠᠶ ᠵᠦᠢᠯ ᠳᠤᠨᠢ ᠬᠡᠷᠡᠭᠯᠡᠵᠦ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠪᠠ ᠬᠠᠮᠠᠭᠠᠯᠠᠬᠤ ᠶᠢ ᠳᠡᠮᠵᠢᠬᠦ ᠳᠤ | ᠦᠷᠭᠦᠯᠵᠢᠯᠡᠨ ᠬᠡᠷᠡᠭᠯᠡᠬᠦ ᠬᠡᠷᠡᠭᠲᠡᠶ᠃ | ︵ᠭᠤᠷᠪᠠ︶ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠪᠡᠯᠡ ᠮᠥᠩᠭᠦ ᠶᠢᠨ ᠬᠡᠷᠡᠭᠯᠡᠯᠲᠡ ᠪᠠ | ᠬᠠᠮᠢᠶᠠᠷᠤᠯᠲᠠ ᠶᠢ ᠵᠢᠷᠤᠮᠵᠢᠭᠤᠯᠤᠨ᠂ ᠮᠠᠯᠵᠢᠬᠤ ᠡᠷᠦᠬᠡ ᠳᠤ ᠣᠯᠭᠤᠬᠤ ᠨᠤᠲᠤᠭ ᠪᠡᠯᠴᠢᠭᠡᠷ ᠤᠨ ᠨᠥᠬᠦᠪᠥᠷᠢ ᠶᠢᠨ | ᠪᠡᠯᠡ ᠮᠥᠩᠭᠦ ᠪᠦᠬᠦᠨ ᠢ ᠴᠥᠮ ︽ᠪᠦᠷᠢᠨ ᠴᠢᠳᠠᠮᠵᠢᠲᠦ ᠺᠠᠷᠲ︾ ᠪᠠᠷ ᠳᠠᠮᠵᠢᠨ᠂ ᠴᠠᠭ ᠲᠤᠬᠠᠶ ᠳᠤᠨᠢ ᠲᠤᠭ᠎ᠠ | ᠶᠣᠰᠣᠭᠠᠷ ᠡᠷᠦᠬᠡ ᠳᠤ ᠣᠯᠭᠤᠬᠤ ᠶᠢᠨ ᠬᠠᠮᠲᠦ ᠺᠠᠷᠲ ᠲᠠᠬᠢ ᠲᠥᠷᠥ ᠶᠢᠨ ᠪᠣᠳᠣᠯᠭ᠎ᠠ ᠶᠢᠨ ᠲᠥᠷᠥᠯ ᠵᠦᠶᠯ ᠤᠨ | ᠨᠡᠷᠡᠶᠢᠳᠦᠯ ᠢ ᠲᠣᠳᠣᠷᠬᠠᠶᠢᠯᠠᠨ᠎ᠠ᠃ ᠪᠠᠯᠠ ᠮᠥᠩᠭᠦ ᠣᠯᠭᠤᠬᠤ ᠳᠤ ᠭᠠᠴᠠᠭᠠᠨ ᠤ ᠱᠠᠲᠤᠨ ᠤ ᠢᠯᠡ ᠨᠡᠶᠢᠲᠡᠯᠡᠬᠦ | ᠲᠦᠷᠢᠮ ᠢ ᠴᠢᠩᠭ᠎ᠠ ᠬᠡᠷᠡᠭᠵᠢᠬᠦᠯᠦᠨ᠂ ᠣᠯᠠᠨ ᠲᠦᠮᠡᠨ ᠤ ᠬᠢᠨᠠᠯᠲᠠ ᠶᠢ ᠬᠦᠯᠢᠶᠡᠨ᠎ᠡ᠃ ᠬᠤᠰᠢᠭᠤ ᠡᠳ᠋ ᠤᠨ ᠵᠠᠰᠠᠭ᠂ | ᠲᠠᠷᠢᠶᠠᠯᠠᠩ ᠮᠠᠯ ᠠᠵᠦ ᠠᠬᠤᠢ᠂ ᠣᠶ ᠰᠢᠭᠤᠶ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠨᠢ ᠰᠠᠬᠢᠯᠭ᠎ᠠ ᠪᠠᠲᠤ | ᠪᠠᠶᠢᠴᠠᠭᠠᠬᠤ᠂ ᠬᠢᠨᠠᠨ ᠪᠠᠶᠢᠴᠠᠭᠠᠬᠤ᠂ ᠬᠢᠨᠠᠨ ᠪᠣᠳᠣᠬᠤ ᠵᠡᠷᠭᠡ ᠰᠠᠯᠠᠭ᠎ᠠ ᠮᠥᠴᠢᠷ ᠲᠠᠢ ᠬᠠᠮᠲᠦ ᠪᠠᠷ ᠲᠥᠷᠥ ᠶᠢᠨ | ᠪᠣᠳᠣᠯᠭ᠎ᠠ ᠶᠢᠨ ᠡᠭᠦᠷᠭᠡ ᠪᠠ ᠪᠠᠯᠠ ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠪᠠᠨ ᠴᠢᠩᠭᠠᠳᠬᠠᠨ᠎ᠠ᠃ ᠨᠥᠬᠦᠪᠥᠷᠢ ᠶᠢᠨ ᠪᠠᠯᠠ ᠮᠥᠩᠭᠦ ᠶᠢ ᠬᠠᠰᠣᠬᠤ ᠣᠯᠭᠤᠬᠤ ᠳᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠠᠨ ᠨᠤᠲᠤᠭ | ᠪᠡᠯᠴᠢᠭᠡᠷ ᠢ ᠬᠠᠮᠠᠭᠠᠯᠠᠵᠤ ᠪᠦᠲᠦᠭᠡᠨ ᠪᠠᠶᠢᠭᠤᠯᠬᠤ ᠳᠤ ᠬᠡᠷᠡᠭᠯᠡᠬᠦ ᠬᠡᠷᠡᠭᠳᠡᠢ᠃ ᠣᠨᠴᠠᠭᠠᠢ ᠪᠠᠶᠢᠳᠠᠯ ᠠᠴᠠ ᠪᠣᠯᠤᠭᠰᠠᠨ | ᠦᠯᠡᠳᠡᠪᠦᠷᠢ ᠨᠥᠬᠦᠪᠥᠷᠢ ᠶᠢᠨ ᠪᠠᠯᠠ ᠮᠥᠩᠭᠦ ᠶᠢ ᠪᠣᠳᠠᠲᠠᠶ ᠲᠠᠢ ᠪᠠᠨ ᠤᠶᠠᠯᠳᠤᠭᠤᠯᠤᠨ ᠨᠤᠲᠤᠭ ᠪᠡᠯᠴᠢᠭᠡᠷ ᠤᠨ ᠠᠮᠢ | ᠠᠬᠤᠶ ᠶᠢ ᠰᠡᠷᠭᠦᠭᠡᠬᠦ ᠪᠠ ᠬᠠᠮᠠᠭᠠᠯᠠᠬᠤ ᠶᠢ ᠳᠡᠮᠵᠢᠬᠦ ᠳᠤ ᠦᠷᠭᠦᠯᠵᠢᠯᠡᠨ ᠬᠡᠷᠡᠭᠯᠡᠨ᠎ᠡ᠃ ᠵᠢᠯ ᠪᠦᠷᠢ ᠶᠢᠨ ᠵᠢᠯ ᠤᠨ | ᠡᠴᠦᠰ ᠠᠴᠠ ᠡᠮᠦᠨ᠎ᠡ᠂ ᠠᠶᠢᠮᠠᠭ ᠤᠨ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠨᠤᠲᠤᠭ | ᠪᠡᠯᠴᠢᠭᠡᠷ ᠤᠨ ᠰᠠᠯᠠᠭ᠎ᠠ ᠮᠥᠴᠢᠷ ᠲᠤ ᠲᠤᠰ ᠣᠨ ᠤ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ ᠢᠶᠠᠨ ᠳᠡᠭᠡᠭᠰᠢ | ᠮᠡᠳᠡᠬᠦᠯᠦᠨ᠎ᠡ᠃ | ︵ᠳᠥᠷᠪᠡ︶ ᠤᠯᠤᠰ ᠤᠨ ᠠᠯᠪᠠᠨ ᠲᠤᠰᠢᠶᠠᠯᠲᠠᠨ ᠨᠤᠲᠤᠭ ᠪᠡᠯᠴᠢᠭᠡᠷ ᠤᠨ ᠨᠥᠬᠦᠪᠥᠷᠢ ᠮᠦᠩᠬᠦ ᠶᠢᠨ ᠲᠥᠷᠥ | ᠶᠢᠨ ᠪᠣᠳᠣᠯᠭ᠎ᠠ ᠶᠢ ᠬᠠᠤᠯᠢ ᠪᠤᠰᠤ ᠪᠠᠷ ᠭᠥᠷᠳᠡᠬᠦ ᠶᠢ ᠴᠢᠩᠭ᠎ᠠ ᠴᠠᠭᠠᠵᠠᠯᠠᠨ᠎ᠠ᠃ ᠤᠯᠤᠰ ᠤᠨ ᠠᠯᠪᠠᠨ ᠲᠤᠰᠢᠶᠠᠯᠲᠠᠨ | ᠡᠷᠬᠡ ᠲᠤᠰᠢᠶᠠᠯ ᠢᠶᠠᠨ ᠠᠰᠢᠭᠯᠠᠨ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠪᠠ ᠶᠠᠮᠠᠷᠪᠠ ᠬᠡᠯᠪᠡᠷᠢ | ᠪᠠᠷ ᠨᠤᠲᠤᠭ ᠪᠡᠯᠴᠢᠭᠡᠷ ᠤᠨ ᠨᠥᠬᠦᠪᠥᠷᠢ ᠮᠦᠩᠬᠦ ᠶᠢᠨ ᠲᠥᠷᠥ ᠶᠢᠨ ᠪᠣᠳᠣᠯᠭ᠎ᠠ ᠶᠢ ᠭᠥᠷᠳᠡᠵᠦ᠂ ᠮᠠᠯᠴᠢᠳ ᠤᠨ | ᠠᠰᠢᠭ ᠲᠤᠰᠠ ᠶᠢ ᠡᠵᠡᠯᠡᠬᠦ ᠶᠢ ᠡᠷᠡᠰ ᠴᠠᠭᠠᠵᠠᠯᠠᠬᠤ ᠬᠡᠷᠡᠭᠳᠡᠢ᠃ | ︵ᠲᠠᠪᠤ︶ ᠨᠤᠲᠤᠭ ᠪᠡᠯᠴᠢᠭᠡᠷ ᠤᠨ ᠨᠥᠬᠦᠪᠥᠷᠢ ᠮᠦᠩᠭᠦ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ | ᠪᠠᠷᠢᠮᠲᠠ ᠶᠢ ᠪᠢᠴᠢᠵᠦ ᠣᠷᠣᠭᠤᠯᠬᠤ ᠪᠠ ᠬᠠᠮᠢᠶᠠᠷᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ᠨᠤᠲᠤᠭ | ᠪᠡᠯᠴᠢᠭᠡᠷ ᠤᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠬᠡᠷᠡᠭᠯᠡᠨ ᠨᠤᠲᠤᠭ ᠪᠡᠯᠴᠢᠭᠡᠷ ᠤᠨ ᠠᠮᠢ | ᠠᠬᠤᠶ ᠶᠢᠨ ᠨᠥᠬᠦᠪᠥᠷᠢ ᠮᠦᠩᠭᠦ ᠶᠢᠨ ᠣᠯᠭᠤᠯᠳᠠ ᠳᠤ ᠬᠢᠨᠠᠯᠲᠠ ᠲᠠᠯᠪᠢᠬᠤ ᠬᠡᠷᠡᠭᠳᠡᠢ᠃ ᠨᠤᠲᠤᠭ ᠪᠡᠯᠴᠢᠭᠡᠷ ᠤᠨ | ᠡᠷᠬᠡ ᠶᠢ ᠨᠤᠲᠠᠯᠠᠨ ᠳᠠᠭᠠᠭᠠᠴᠢᠯᠠᠭᠤᠯᠬᠤ ᠠᠵᠢᠯ ᠢ ᠲᠡᠭᠦᠯᠳᠡᠷᠵᠢᠬᠦᠯᠦᠨ᠎ᠡ᠃ ᠲᠤᠭ᠎ᠠ ᠪᠠᠷᠢᠮᠲᠠ ᠶᠢ ᠪᠢᠴᠢᠨ | ᠣᠷᠣᠭᠤᠯᠬᠤ ᠪᠠ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠨᠥᠬᠦᠪᠥᠷᠢ | ᠮᠦᠩᠭᠦ ᠶᠢᠨ ᠪᠠᠯᠠ ᠮᠥᠩᠭᠦ ᠶᠢ ᠣᠯᠭᠤᠬᠤ ᠴᠠᠭ ᠬᠤᠭᠤᠴᠠᠭ᠎ᠠ ᠲᠠᠢ ᠵᠡᠷᠭᠡᠪᠡᠷ ᠪᠠᠶᠢᠯᠭᠠᠵᠤ᠂ ᠲᠤᠭ᠎ᠠ ᠪᠠᠷᠢᠮᠲᠠ ᠶᠢ | ᠴᠠᠭ ᠲᠤᠬᠠᠶ ᠳᠤᠨᠢ ᠪᠡᠴᠢᠨ ᠣᠷᠣᠭᠤᠯᠬᠤ ᠶᠢ ᠦᠨᠡᠨᠬᠦ ᠪᠠᠲᠤᠯᠠᠵᠤ᠂ ᠪᠣᠳᠠᠲᠠᠶ ᠪᠡᠶᠡᠯᠡᠭᠦᠯᠦᠭᠰᠡᠨ ᠪᠠᠯᠠ ᠮᠥᠩᠭᠦ ᠲᠠᠢ | ᠬᠠᠷᠢᠯᠴᠠᠨ ᠨᠡᠶᠢᠴᠡᠭᠦᠯᠵᠦ᠂ ᠲᠤᠭ᠎ᠠ ᠪᠠᠷᠢᠮᠲᠠ ᠶᠢᠨ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠵᠢᠷᠭᠤᠭ᠎ᠠ︶ ᠨᠤᠲᠤᠭ ᠪᠡᠯᠴᠢᠭᠡᠷ ᠢ ᠳᠠᠭᠠᠭᠠᠴᠢᠯᠠᠨ ᠰᠢᠯᠵᠢᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ | ᠨᠤᠲᠤᠭ ᠪᠡᠯᠴᠢᠭᠡᠷ ᠢ ᠳᠦᠷᠢᠶᠡᠰᠦᠯᠡᠭᠦᠯᠦᠨ ᠬᠢᠨᠠᠨ ᠬᠠᠮᠢᠶᠠᠷᠬᠤ ᠳᠤ ᠬᠦᠴᠢᠷᠲᠡᠶ ᠪᠠᠶᠢᠬᠤ ᠠᠰᠠᠭᠤᠳᠠᠯ ᠢ ᠦᠨᠡᠨᠬᠦ | ᠰᠢᠢᠳᠪᠦᠷᠢᠯᠡᠨ᠎ᠡ᠃ ᠨᠤᠲᠤᠭ ᠪᠡᠯᠴᠢᠭᠡᠷ ᠢ ᠳᠠᠭᠠᠭᠠᠴᠢᠯᠠᠨ ᠰᠢᠯᠵᠢᠭᠦᠯᠬᠦ ᠶᠢ ᠲᠤᠰᠠᠯᠠᠵᠤ ᠨᠦᠬᠦᠪᠦᠷᠢᠯᠡᠬᠦ ᠲᠥᠷᠥ ᠶᠢᠨ | ᠪᠣᠳᠣᠯᠭ᠎ᠠ ᠳᠤ ᠣᠷᠣᠭᠤᠯᠬᠤ ᠳᠤ ︽ᠰᠢᠯᠢ ᠶᠢᠨ ᠭᠤᠣᠯ ᠠᠶᠢᠮᠠᠭ ᠤᠨ ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠬᠦ ᠡᠷᠬᠡ ᠶᠢ ᠰᠢᠯᠵᠢᠭᠦᠯᠬᠦ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ ᠬᠠᠤᠯᠢ ᠶᠣᠰᠣᠭᠠᠷ | ᠡᠷᠭᠢᠯᠳᠦᠭᠦᠯᠦᠨ ᠰᠢᠯᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠰᠡᠯᠭᠦᠨ ᠮᠠᠯᠵᠢᠬᠤ ᠪᠠ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠨᠤᠲᠤᠭ ᠪᠡᠯᠴᠢᠭᠡᠷ ᠶᠢᠨ ᠡᠵᠡᠩᠨᠡᠬᠦ ᠡᠷᠬᠡ ᠶᠢ | ᠰᠢᠯᠵᠢᠬᠦᠯᠦᠭᠰᠡᠨ ᠤ ᠳᠠᠷᠠᠭ᠎ᠠ ᠲᠤᠰᠠᠯᠠᠵᠤ ᠨᠦᠬᠦᠪᠦᠷᠢᠯᠡᠬᠦ ᠪᠡᠯᠡ ᠮᠥᠩᠭᠦ ᠶᠢ ᠤᠤᠯ ᠤᠨ ᠳᠠᠭᠠᠭᠠᠴᠢᠯᠠᠭᠰᠠᠨ ᠬᠥᠮᠦᠨ | ᠳᠤ ᠣᠯᠭᠤᠨ᠎ᠠ᠃ ᠰᠤᠮᠤ ᠪᠠᠯᠭᠠᠰᠤᠨ ᠳᠤ ᠳᠠᠩᠰᠠᠯᠠᠭᠤᠯᠤᠭᠰᠠᠨ ᠦᠭᠡᠶ ᠨᠢᠭᠡᠨᠲᠡ ᠰᠢᠯᠵᠢᠭᠦᠯᠦᠭᠰᠡᠨ ᠨᠤᠲᠤᠭ | ᠪᠡᠯᠴᠢᠭᠡᠷ ᠢ ᠲᠤᠬᠠᠶ ᠶᠢᠨ ᠵᠢᠯ ᠤᠨ ᠲᠤᠰᠠᠯᠠᠵᠤ ᠱᠠᠩᠨᠠᠬᠤ ᠪᠡᠯᠡ ᠮᠥᠩᠭᠦ ᠶᠢ ᠵᠣᠭᠰᠣᠭᠠᠵᠤ᠂ ᠳᠠᠩᠰᠠᠯᠠᠭᠤᠯᠤᠭᠰᠠᠨ ᠤ | ᠳᠠᠷᠠᠭ᠎ᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠷᠢᠭᠤᠴᠠᠯᠭ᠎ᠠ | ᠪᠠᠨ ᠭᠦᠢᠴᠡᠳᠬᠡᠭᠰᠡᠨ ᠢ ᠪᠠᠶᠢᠴᠠᠭᠠᠨ ᠲᠣᠳᠣᠯᠠᠬᠤ ᠶᠢᠨ ᠬᠠᠮᠲᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠴᠠᠭᠠᠵᠠᠯᠠᠬᠤ ᠱᠠᠭᠠᠷᠳᠠᠯᠭ᠎ᠠ ᠶᠢ ᠪᠡᠶᠡᠯᠡᠭᠦᠯᠦᠭᠰᠡᠨ ᠪᠣᠯ ᠨᠦᠬᠦᠪᠦᠷᠢ ᠣᠯᠭᠤᠬᠤ ᠶᠢ ᠰᠡᠷᠭᠦᠭᠡᠵᠦ | ᠪᠣᠯᠤᠨ᠎ᠠ᠃ ᠬᠡᠷᠪᠡ ᠲᠣᠭᠲᠠᠭᠠᠯ ᠠᠴᠠ ᠵᠥᠷᠢᠴᠡᠨ ᠪᠡᠯᠴᠢᠭᠡᠷᠯᠡᠬᠦᠯᠬᠦ ᠪᠠ ᠳᠠᠭᠠᠭᠠᠴᠠ ᠠᠴᠠ ᠬᠡᠲᠦᠷᠡᠭᠦᠯᠦᠭᠰᠡᠨ | ᠠᠰᠠᠭᠤᠳᠠᠯ ᠪᠠᠶᠢᠬᠤ ᠶᠢ ᠣᠯᠵᠤ ᠮᠡᠳᠡᠪᠡᠯ᠂ ᠣᠨ ᠤ ᠨᠤᠲᠤᠭ ᠪᠡᠯᠴᠢᠭᠡᠷ ᠤᠨ ᠲᠤᠰᠠᠯᠠᠵᠤ ᠨᠦᠬᠦᠪᠦᠷᠢᠯᠡᠬᠦ ᠲᠥᠷᠥ | ᠶᠢᠨ ᠪᠣᠳᠣᠯᠭ᠎ᠠ ᠶᠢᠨ ᠬᠢᠷᠢ ᠬᠡᠮ ᠢ ᠬᠦᠴᠦᠨ ᠦᠭᠡᠶ ᠪᠣᠯᠭᠠᠨ᠎ᠠ᠃ | ︵ᠳᠣᠯᠤᠭ᠎ᠠ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ | ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ ᠢ | ᠨᠠᠶᠢᠳᠠᠪᠤᠷᠢᠵᠢᠭᠤᠯᠬᠤ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠲᠣᠭᠲᠠᠴᠠ ᠶᠢ | ᠪᠠᠶᠢᠭᠤᠯᠤᠨ᠎ᠠ᠃ ᠬᠤᠰᠢᠭᠤ ᠵᠠᠰᠠᠭ ᠤᠨ ᠣᠷᠳᠣᠨ ᠲᠣᠰ ᠵᠠᠰᠠᠭ ᠵᠠᠬᠢᠷᠭᠠᠨ ᠤ ᠣᠷᠣᠨ ᠳᠣᠲᠣᠷᠠᠬᠢ ᠮᠠᠯ ᠪᠡᠯᠴᠢᠭᠡᠷ | ᠤᠨ ᠲᠡᠩᠴᠡᠭᠦᠷᠢ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠡᠯ᠎ᠡ ᠰᠤᠮᠤ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠮᠠᠯ ᠪᠡᠯᠴᠢᠭᠡᠷ ᠤᠨ | ᠲᠡᠩᠴᠡᠭᠦᠷᠢ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠠᠵᠢᠯ ᠢ ᠪᠣᠳᠠᠲᠠᠶ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ | ︵ᠨᠠᠶᠮᠠ︶ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠲᠦᠷᠢᠮ ᠢ ᠬᠡᠷᠡᠭᠵᠢᠭᠦᠯᠵᠦ᠂ | ᠲᠤᠤᠷᠴᠢᠯᠠᠭᠰᠠᠨ ᠬᠠᠮᠢᠶᠠᠷᠦᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠡᠶᠡᠯᠡᠭᠦᠯᠦᠨ᠎ᠡ᠃ ᠰᠣᠮᠣ | ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠨᠢ ᠲᠣᠰᠬᠠᠢ ᠪᠣᠶᠣ ᠬᠠᠪᠰᠣᠷᠭᠠᠨ ᠠᠵᠢᠯᠯᠠᠬᠤ ᠨᠤᠲᠤᠭ ᠪᠡᠯᠴᠢᠭᠡᠷ | ᠤᠨ ᠬᠠᠮᠢᠶᠠᠷᠤᠨ ᠬᠠᠮᠠᠭᠠᠯᠠᠭᠴᠢ ᠶᠢ ᠲᠤᠬᠢᠷᠠᠭᠤᠯᠵᠦ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ | ᠤ ᠨᠤᠲᠤᠭ ᠪᠡᠯᠴᠢᠭᠡᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠣᠣᠷ ᠶᠢ ᠪᠠᠶᠢᠭᠤᠯᠵᠤ᠂ ᠨᠤᠲᠤᠭ ᠪᠡᠯᠴᠢᠭᠡᠷ ᠮᠠᠯ | ᠪᠡᠯᠴᠢᠭᠡᠷ ᠤᠨ ᠲᠡᠩᠴᠡᠭᠦᠷᠢ᠂ ᠪᠡᠯᠴᠢᠭᠡᠷᠯᠡᠭᠦᠯᠬᠦ ᠶᠢ ᠵᠣᠭᠰᠣᠭᠠᠬᠤ ᠰᠡᠯᠭᠦᠨ ᠮᠠᠯᠵᠢᠬᠤ ᠳᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ | ︵ᠶᠢᠰᠦ︶ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ | ᠣᠷᠣᠨ ᠢ ᠬᠤᠪᠢᠶᠠᠷᠢᠯᠠᠨ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠪᠥᠭᠡᠳ ᠴᠢᠩᠭ᠎ᠠ ᠨᠢᠮᠪᠠᠶ ᠪᠠᠶᠢᠬᠤ ᠬᠡᠷᠡᠭᠲᠡᠶ᠃ | ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷᠯᠡᠬᠦᠯᠬᠦ ᠶᠢ ᠵᠣᠭᠰᠣᠭᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠣᠷᠣᠨ ᠢ ᠬᠤᠪᠢᠶᠠᠷᠢᠯᠠᠨ ᠲᠣᠭᠲᠠᠭᠠᠬᠤ ᠳᠤ ᠭᠠᠴᠠᠭ᠎ᠠ᠂ ᠬᠤᠲᠠ ᠪᠠᠷ ᠨᠢᠭᠡᠴᠢ ᠪᠣᠯᠭᠠᠨ ᠶᠠᠪᠤᠭᠳᠠᠭᠤᠯᠬᠤ | ᠬᠡᠷᠡᠭᠲᠡᠶ᠂ ᠲᠥᠪᠯᠡᠷᠡᠨ ᠵᠠᠯᠭᠠᠯᠳᠤᠭᠰᠠᠨ᠂ ᠠᠳᠠᠯᠢ ᠨᠢᠭᠡᠨ ᠡᠷᠬᠡ ᠶᠢᠨ ᠬᠠᠷᠢᠶ᠎ᠠ ᠲᠠᠢ ᠨᠤᠲᠤᠭ ᠪᠡᠯᠴᠢᠭᠡᠷ ᠳᠡᠭᠡᠷ᠎ᠡ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠠᠶᠢᠬᠤ ᠮᠥᠷᠲᠡᠭᠡᠨ ᠪᠠᠰᠠ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠣᠷᠣᠨ ᠪᠠᠶᠢᠵᠤ ᠪᠣᠯᠬᠤ ᠦᠭᠡᠶ᠂ ᠭᠡᠪᠡᠴᠦ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ | ᠰᠡᠷᠭᠦᠭᠡᠬᠦ ᠢᠨᠵᠧᠨᠧᠷᠢᠩ ᠤᠨ ᠣᠷᠣᠨ ᠪᠠᠭᠲᠠᠬᠤ ᠦᠭᠡᠶ᠃ ᠣᠶ ᠰᠢᠭᠤᠶ ᠨᠤᠲᠤᠭ ᠪᠡᠯᠴᠢᠭᠡᠷ ᠳᠠᠪᠬᠤᠴᠠᠭᠰᠠᠨ | ᠲᠠᠯᠠᠪᠠᠶ ᠶᠢ ᠲᠤᠰᠠᠯᠠᠵᠤ ᠨᠦᠬᠦᠪᠦᠷᠢᠯᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠵᠤ᠂ | ᠨᠢᠭᠡᠨᠲᠡ ᠲᠠᠲᠠᠪᠤᠷᠢᠯᠠᠨ ᠬᠡᠷᠡᠭᠯᠡᠭᠰᠡᠨ ᠨᠤᠲᠤᠭ ᠪᠡᠯᠴᠢᠭᠡᠷ ᠤᠨ ᠲᠠᠯᠠᠪᠠᠶ ᠶᠢ ᠬᠠᠰᠤᠵᠤ ᠭᠠᠷᠭᠠᠬᠤ ᠴᠢᠬᠤᠯᠠᠲᠠᠶ᠃ | ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠣᠷᠣᠨ ᠤ ︽ᠳᠥᠷᠪᠡᠨ | ᠵᠠᠬ᠎ᠠ︾ ᠶᠢᠨ ᠵᠠᠭᠠᠭ ᠬᠢᠵᠠᠭᠠᠷ ᠨᠢ ᠲᠣᠳᠣᠷᠬᠠᠶ᠂ ᠨᠤᠲᠤᠭ ᠪᠡᠯᠴᠢᠭᠡᠷ ᠤᠨ ᠡᠷᠬᠡ ᠶᠢᠨ ᠬᠠᠷᠢᠶ᠎ᠠ ᠨᠢ ᠲᠣᠳᠣᠷᠬᠠᠶ᠂ | ᠬᠤᠯᠪᠣᠭᠳᠠᠬᠤ ᠮᠠᠯᠵᠢᠬᠤ ᠡᠷᠦᠬᠡ ᠵᠡᠷᠭᠡ ᠪᠠᠶᠢᠳᠠᠯ ᠨᠢ ᠨᠠᠷᠢᠨ ᠪᠣᠳᠠᠲᠠᠶ ᠪᠠᠶᠢᠬᠤ ᠬᠡᠷᠡᠭᠳᠡᠢ᠃ | ︵ᠠᠷᠪᠠ︶ ᠳᠦᠷᠢᠮ ᠲᠤᠭᠳᠠᠭᠠᠯ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠬᠦᠯᠵᠦ᠂ ᠬᠡᠷᠡᠭᠵᠢᠭᠦᠯᠬᠦ | ᠲᠦᠰᠦᠪ ᠢ ᠲᠣᠭᠲᠠᠭᠠᠬᠤ ᠬᠡᠷᠡᠭᠲᠡᠶ᠃ ᠦᠪᠡᠷᠳᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠳᠠᠷᠤᠮᠠᠯᠯᠠᠨ | ᠲᠠᠷᠬᠠᠭᠠᠭᠰᠠᠨ ᠬᠡᠷᠡᠭᠵᠢᠭᠦᠯᠬᠦ ᠲᠦᠰᠦᠪ ᠢ ᠦᠨᠳᠣᠰᠣᠯᠡᠨ᠂ ᠪᠣᠳᠠᠲᠤ ᠪᠠᠶᠢᠳᠠᠯ ᠲᠠᠢ ᠣᠶᠠᠯᠳᠣᠭᠤᠯᠵᠦ᠂ ᠡᠯ᠎ᠡ ᠵᠦᠶᠯ | ᠤᠨ ᠲᠥᠷᠥ ᠶᠢᠨ ᠪᠣᠳᠣᠯᠭ᠎ᠠ ᠳᠦᠷᠢᠮ ᠲᠣᠭᠲᠠᠭᠠᠯ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠦᠨ᠂ | ᠬᠡᠷᠡᠭᠵᠢᠭᠦᠯᠬᠦ ᠲᠦᠰᠦᠪ ᠢ ᠲᠣᠭᠳᠠᠭᠠᠵᠦ᠂ ᠣᠷᠣᠨ ᠪᠠᠶᠢᠷᠢ ᠶᠢᠨ ᠪᠠᠶᠢᠷᠢᠰᠢᠭᠤᠯᠤᠯᠲᠠ᠂ ᠲᠦᠷᠦ ᠶᠢᠨ ᠪᠤᠳᠤᠯᠭ᠎ᠠ | ᠶᠢᠨ ᠲᠣᠭᠲᠠᠭᠠᠯᠲᠠ᠂ ᠬᠢᠨᠠᠯᠲᠠ ᠬᠠᠮᠢᠶᠠᠷᠤᠯᠲᠠ ᠪᠠ ᠪᠡᠯᠡ ᠣᠷᠣᠭᠤᠯᠤᠯᠲᠠ ᠶᠢᠨ ᠬᠠᠨᠳᠤᠰᠢ ᠶᠢᠨ ᠲᠠᠯ᠎ᠠ ᠪᠠᠷ ᠠᠵᠢᠯ | ᠤᠨ ᠨᠡᠶᠢᠯᠡᠮᠡᠯ ᠬᠦᠴᠦᠨ ᠢ ᠪᠦᠷᠢᠯᠳᠣᠬᠦᠯᠦᠨᠡ᠃ ᠲᠥᠷᠥ ᠶᠢᠨ ᠪᠣᠳᠣᠯᠭ᠎ᠠ ᠲᠣᠭᠲᠠᠭᠠᠬᠤ ᠳᠤ ᠡᠯ᠎ᠡ ᠲᠠᠯ᠎ᠠ ᠶᠢᠨ | ᠰᠠᠨᠠᠯ ᠢ ᠥᠷᠭᠡᠨ ᠢᠶᠠᠷ ᠬᠤᠷᠢᠶᠠᠵᠦ᠂ ᠮᠠᠯᠴᠢᠳ ᠤᠨ ᠬᠦᠰᠡᠯ ᠰᠠᠨᠠᠯ ᠢ ᠬᠦᠨᠳᠣᠳᠬᠡᠨ᠂ ᠪᠡᠯᠴᠢᠭᠡᠷᠯᠡᠭᠦᠯᠬᠦ ᠶᠢ | ᠴᠠᠭᠠᠵᠠᠯᠠᠬᠤ ᠣᠷᠣᠨ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠢ ᠬᠤᠪᠢᠶᠠᠷᠢᠯᠠᠨ ᠲᠣᠭᠲᠠᠭᠠᠭᠰᠠᠨ | ᠪᠠᠶᠢᠳᠠᠯ᠂ ᠲᠤᠰᠠᠯᠠᠵᠤ ᠨᠦᠬᠦᠪᠦᠷᠢᠯᠡᠬᠦ ᠪᠠᠷᠢᠮᠵᠢᠶ᠎ᠠ᠂ ᠮᠠᠯᠴᠢᠳ ᠤᠨ ᠡᠳ᠋ᠯᠡᠬᠦ ᠲᠥᠷᠥ ᠶᠢᠨ ᠪᠣᠳᠣᠯᠭ᠎ᠠ ᠵᠡᠷᠭᠡ | ᠦᠨᠳᠦᠰᠦᠨ ᠮᠡᠳᠡᠭᠡ ᠵᠠᠩᠭᠢ ᠶᠢᠨ ᠪᠠᠶᠢᠳᠠᠯ ᠢ ᠢᠯᠡ ᠨᠡᠶᠢᠳᠠᠯᠡᠵᠦ᠂ ᠨᠡᠶᠢᠭᠡᠮ ᠤᠨ ᠥᠷᠭᠡᠨ ᠳᠡᠯᠭᠡᠷ ᠵᠥᠪᠰᠢᠶᠡᠷᠡᠯ ᠢ | ᠣᠯᠵᠦ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠮᠦᠩᠬᠦ ᠶᠢᠨ ᠲᠥᠷᠥ ᠶᠢᠨ ᠪᠣᠳᠣᠯᠭ᠎ᠠ | ᠶᠢᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠳᠣᠯᠠᠵᠦ᠂ ᠬᠠᠤᠯᠢ ᠲᠣᠭᠲᠠᠭᠠᠯ ᠶᠣᠰᠣᠭᠠᠷ ᠨᠠᠶᠢᠳᠠᠪᠣᠷᠢᠵᠢᠭᠤᠯᠤᠨ᠂ | ᠬᠡᠷᠡᠭᠵᠢᠭᠦᠯᠬᠦ ᠲᠦᠰᠦᠪ ᠢ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠨ ᠬᠡᠷᠡᠭᠵᠢᠭᠦᠯᠦᠨ᠎ᠡ᠃ | ︵ᠠᠷᠪᠠᠨ ᠨᠢᠭᠡ︶ ᠳᠤᠯᠠᠭᠠᠨ ᠤᠯᠠᠷᠢᠯ ᠤᠨ ᠲᠣᠬᠢᠷᠠᠬᠤ ᠪᠡᠯᠴᠢᠭᠡᠷ ᠤᠨ ᠪᠠᠭᠲᠠᠭᠠᠮᠵᠢ ᠶᠢ ᠰᠢᠨᠵᠢᠯᠡᠬᠦ | ᠤᠬᠠᠭᠠᠨᠴᠢ ᠪᠠᠷ ᠬᠢᠨᠠᠨ ᠲᠤᠭᠳᠠᠭᠠᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ | ᠮᠠᠯᠵᠢᠬᠤ ᠳᠦᠷᠢᠮ︾᠂ ︽ᠰᠢᠯᠢ ᠶᠢᠨ ᠭᠤᠤᠯ ᠠᠶᠢᠮᠠᠭ ᠤᠨ ᠪᠡᠯᠴᠢᠭᠡᠷ ᠤᠨ ᠳᠠᠭᠠᠭᠠᠴᠠ ᠶᠢ ᠬᠢᠨᠠᠨ ᠬᠠᠷᠭᠤᠭᠤᠯᠬᠤ | ᠠᠵᠢᠯ ᠤᠨ ᠵᠢᠯᠣᠭᠤᠳᠬᠤ ᠰᠠᠨᠠᠯ︾ ᠤᠨ ᠱᠠᠭᠠᠷᠳᠠᠯᠭ᠎ᠠ ᠢ ᠴᠢᠩᠭ᠎ᠠ ᠬᠡᠷᠡᠭᠵᠢᠬᠦᠯᠦᠨ᠂ ᠨᠤᠲᠤᠭ ᠪᠡᠯᠴᠢᠭᠡᠷ ᠤᠨ | ᠦᠶᠯᠡᠳᠪᠦᠷᠢᠯᠡᠯ ᠤᠨ ᠴᠢᠳᠠᠪᠤᠷᠢ ᠶᠢ ᠬᠢᠨᠠᠨ ᠬᠡᠮᠵᠢᠭᠰᠡᠨ ᠦᠷ᠎ᠡ ᠳ᠋ᠦᠩ ᠢ ᠦᠨᠳᠣᠰᠣᠯᠡᠨ᠂ ᠬᠤᠯᠪᠣᠭᠳᠠᠯ ᠪᠦᠬᠦᠢ | ᠠᠵᠢᠯ ᠲᠥᠷᠥᠯ ᠤᠨ ᠪᠠᠷᠢᠮᠵᠢᠶ᠎ᠠ ᠶᠣᠰᠣᠭᠠᠷ᠂ ᠪᠣᠳᠠᠲᠤ ᠪᠠᠶᠢᠳᠠᠯ ᠲᠠᠢ ᠣᠶᠠᠯᠳᠣᠭᠤᠯᠵᠦ᠂ ᠲᠣᠰ ᠭᠠᠵᠠᠷ ᠤᠨ ᠮᠠᠯ | ᠪᠡᠯᠴᠢᠭᠡᠷ ᠤᠨ ᠲᠡᠩᠴᠡᠭᠦᠷᠢ ᠶᠢᠨ ᠣᠷᠣᠨ ᠤ 2021-2025 ᠣᠨ ᠤ ᠨᠤᠲᠤᠭ ᠪᠡᠯᠴᠢᠭᠡᠷ ᠤᠨ ᠳᠤᠯᠠᠭᠠᠨ | ᠤᠯᠠᠷᠢᠯ ᠳᠤ ᠳᠣᠭᠢᠷᠠᠬᠤ ᠪᠡᠯᠴᠢᠭᠡᠷ ᠤᠨ ᠳᠠᠭᠠᠭᠠᠴᠠ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠤᠭᠳᠠᠭᠠᠵᠦ᠂ ᠮᠠᠯ | ᠪᠡᠯᠴᠢᠭᠡᠷ ᠤᠨ ᠲᠡᠩᠴᠡᠭᠦᠷᠢ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠬᠢᠨᠠᠨ ᠬᠠᠮᠢᠶᠠᠷᠬᠤ ᠴᠢᠬᠤᠯᠠ ᠦᠨᠳᠦᠰᠦᠯᠡᠯ | ᠪᠤᠯᠭᠠᠨ᠎ᠠ᠃ ᠳᠤᠯᠠᠭᠠᠨ ᠤᠯᠠᠷᠢᠯ ᠤᠨ ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠬᠤ ᠦᠶᠡᠰ᠂ ᠲᠤᠰᠬᠠᠶ | ᠮᠡᠷᠭᠡᠵᠢᠯᠲᠡᠨ ᠠᠴᠠ ᠨᠤᠲᠠᠯᠠᠯᠲᠠ ᠬᠢᠬᠦ ᠪᠠ ᠰᠠᠨᠠᠯ ᠬᠤᠷᠢᠶᠠᠬᠤ ᠠᠵᠢᠯ ᠢ ᠰᠠᠶᠢᠳᠣᠷ ᠬᠢᠨ᠎ᠡ᠃ ᠬᠢᠨᠠᠨ ᠲᠣᠭᠲᠠᠭᠠᠭᠰᠠᠨ | ᠦᠷ᠎ᠡ ᠳ᠋ᠦᠩ ᠢ ᠢᠯᠡ ᠨᠡᠶᠢᠲᠡᠯᠡᠬᠦ ᠲᠦᠷᠢᠮ ᠢ ᠬᠡᠷᠡᠭᠵᠢᠬᠦᠯᠦᠨ᠂ ᠮᠠᠯᠴᠢᠳ ᠶᠢᠨ ᠰᠠᠨᠠᠯ ᠰᠠᠨᠠᠭᠤᠯᠭ᠎ᠠ ᠶᠢ | ᠬᠦᠨᠳᠦᠳᠬᠡᠨ᠎ᠡ ᠃ ᠬᠤᠰᠢᠭᠤᠨ ᠤ ᠳᠤᠯᠠᠭᠠᠨ ᠤᠯᠠᠷᠢᠯ ᠤᠨ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠣᠰᠣᠭᠠᠷ᠂ | ᠡᠯ᠎ᠡ ᠰᠤᠮᠤ ᠪᠠᠯᠭᠠᠰᠤ ᠨᠢ ᠭᠠᠴᠠᠭ᠎ᠠ ᠲᠠᠢ ᠬᠠᠮᠲᠤᠷᠠᠨ᠂ ᠳᠤᠯᠠᠭᠠᠨ ᠤᠯᠠᠷᠢᠯ ᠤᠨ ᠮᠠᠯ ᠤᠨ ᠪᠠᠭᠲᠠᠭᠠᠮᠵᠢ ᠶᠢ ᠡᠷᠦᠬᠡ | ᠳᠠᠷᠠᠭᠠᠯᠠᠨ ᠬᠢᠨᠠᠨ ᠲᠣᠭᠲᠠᠭᠠᠨ᠎ᠠ᠂ ᠬᠡᠷᠪᠡ ᠣᠨᠳᠣᠤ ᠰᠠᠨᠠᠯ ᠲᠠᠢ ᠪᠣᠯ ᠢᠯᠡ ᠨᠡᠶᠢᠲᠡᠯᠡᠬᠦ ᠬᠤᠭᠤᠴᠠᠭᠠᠨ ᠳᠤ ᠬᠤᠰᠢᠭᠤ | ᠵᠠᠰᠠᠭ ᠤᠨ ᠣᠷᠳᠣᠨ ᠳᠤ ᠳᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠤᠨ᠎ᠠ᠃ | ︵ᠠᠷᠪᠠᠨ ᠬᠤᠶᠠᠷ︶ ᠨᠡᠩ ᠠᠮᠢᠳᠤᠯᠢᠭ ᠱᠠᠩᠨᠠᠵᠤ ᠲᠣᠷᠭᠠᠬᠤ ᠶᠢ ᠬᠤᠯᠪᠣᠭᠳᠠᠭᠤᠯᠬᠤ ᠳᠦᠷᠢᠮ ᠢ | ᠪᠠᠶᠢᠭᠤᠯᠤᠨ᠎ᠠ᠃ ᠮᠠᠯ ᠠᠵᠤ ᠠᠬᠤᠶ ᠶᠢᠨ ᠣᠨ ᠤ ᠮᠠᠯ ᠤᠨ ᠪᠦᠷᠢᠳᠬᠡᠯ ᠤᠨ ᠦᠷ᠎ᠡ ᠳ᠋ᠦᠩ ᠢ ᠦᠨᠳᠦᠰᠦᠯᠡᠨ᠂ ᠡᠯ᠎ᠡ | ᠰᠤᠮᠤ ᠪᠠᠯᠭᠠᠰᠤ᠂ ᠭᠠᠴᠠᠭ᠎ᠠ ᠠᠴᠠ ᠣᠨ ᠤ ᠪᠠᠯᠠ ᠮᠥᠩᠭᠦ ᠣᠯᠭᠤᠬᠤ ᠰᠠᠨᠠᠯ ᠭᠠᠷᠭᠠᠬᠤ ᠶᠢᠨ ᠬᠠᠮᠲᠤ ᠭᠠᠴᠠᠭᠠᠨ ᠤ | ᠬᠡᠪᠴᠢᠶᠡᠨ ᠳᠤ ᠢᠯᠡ ᠨᠡᠶᠢᠲᠡᠯᠡᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠮᠠᠯ ᠢ ᠲᠡᠩᠴᠡᠭᠦᠷᠢ ᠲᠠᠢ | ᠪᠠᠶᠢᠯᠭᠠᠬᠤ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠰᠡᠨ ᠪᠠᠶᠢᠪᠠᠯ᠂ ᠵᠢᠯ ᠪᠦᠷᠢ ᠶᠢᠨ ᠵᠢᠯ ᠤᠨ ᠰᠡᠭᠦᠯᠴᠢ ᠠᠴᠠ | ᠡᠮᠦᠨ᠎ᠡ ᠪᠠᠯᠠ ᠮᠥᠩᠭᠦ ᠶᠢ ᠨᠢ ᠣᠯᠭᠤᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ᠂ ᠰᠡᠯᠭᠦᠨ ᠮᠠᠯᠵᠢᠬᠤ᠂ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠭᠠᠷᠳᠠᠯᠭ᠎ᠠ ᠠᠴᠠ ᠵᠥᠷᠢᠴᠡᠭᠰᠡᠨ ᠪᠠᠶᠢᠪᠠᠯ᠂ ᠬᠠᠤᠯᠢ ᠲᠣᠭᠲᠠᠭᠠᠯ | ᠶᠣᠰᠣᠭᠠᠷ ᠰᠢᠳᠬᠡᠨ ᠲᠣᠷᠭᠠᠬᠤ ᠠᠴᠠ ᠭᠠᠳᠠᠨ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ︾ | ᠶᠣᠰᠣᠭᠠᠷ ᠵᠣᠬᠢᠬᠤ ᠨᠥᠬᠦᠪᠥᠷᠢ ᠶᠢᠨ ᠪᠠᠯᠠ ᠮᠥᠩᠭᠦ ᠶᠢ ᠰᠠᠭᠤᠯᠭᠠᠨ ᠲᠤᠷᠠᠭᠠᠨ᠎ᠠ᠃ ᠰᠠᠭᠤᠯᠭᠠᠨ ᠠᠪᠴᠤ | ᠲᠣᠷᠭᠠᠭᠰᠠᠨ ᠦᠷ᠎ᠡ ᠳ᠋ᠦᠩ ᠢ ᠬᠠᠮᠢᠶ᠎ᠠ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠳᠤ ᠴᠠᠭ ᠲᠤᠬᠠᠶ ᠳᠤᠨᠢ ᠮᠡᠳᠡᠭᠳᠡᠬᠦ | ᠶᠢᠨ ᠬᠠᠮᠲᠤ ᠭᠠᠴᠠᠭᠠᠨ ᠤ ᠬᠡᠪᠴᠢᠶᠡᠨ ᠳᠤ ᠢᠯᠡ ᠨᠡᠶᠢᠲᠡᠯᠡᠬᠦ ᠬᠡᠷᠡᠭᠲᠡᠶ᠃ ᠱᠠᠩᠨᠠᠨ ᠲᠣᠷᠭᠠᠬᠤ ᠶᠢ | ᠬᠤᠯᠪᠣᠭᠳᠠᠭᠤᠯᠬᠤ ᠦᠨᠡᠨᠬᠦ ᠶᠠᠪᠤᠭᠳᠠᠭᠤᠰᠢᠲᠠᠶ ᠳᠦᠷᠢᠮ ᠢ ᠪᠠᠶᠢᠭᠤᠯᠵᠤ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ | ᠳᠦᠷᠢᠮ ᠢ ᠲᠡᠭᠦᠯᠳᠡᠷᠵᠢᠭᠦᠯᠦᠨ᠂ ᠮᠠᠯᠴᠢᠳ ᠤᠨ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠵᠤ ᠥᠪᠡᠷ ᠢ ᠪᠠᠨ | ᠬᠠᠮᠢᠶᠠᠷᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠲᠤᠷᠠᠭᠠᠭᠰᠠᠨ ᠪᠡᠯᠡ ᠮᠥᠩᠭᠦ ᠶᠢ ᠬᠤᠰᠢᠭᠤ ᠱᠠᠲᠤᠨ ᠤ | ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠨᠤᠲᠤᠭ ᠪᠡᠯᠴᠢᠭᠡᠷ ᠤᠨ | ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠳᠤ ᠲᠤᠰᠬᠠᠶ ᠵᠦᠢᠯ ᠢᠶᠠᠷ ᠬᠡᠷᠡᠭᠯᠡᠨ᠎ᠡ᠂ ᠪᠣᠳᠠᠲᠠᠶ ᠠᠷᠭ᠎ᠠ ᠶᠢ ᠬᠤᠰᠢᠭᠤ | ᠠᠷᠠᠳ ᠤᠨ ᠵᠠᠰᠠᠭ ᠤᠨ ᠣᠷᠳᠣᠨ ᠠᠴᠠ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠤᠨ ᠬᠤᠯᠪᠣᠭᠳᠠᠯ | ᠪᠦᠬᠦᠢ ᠱᠠᠭᠠᠷᠳᠠᠯᠭ᠎ᠠ ᠶᠢ ᠦᠨᠳᠦᠰᠦᠯᠡᠨ ᠲᠣᠭᠲᠠᠭᠠᠨ᠎ᠠ᠃ | ︵ᠠᠷᠪᠠᠨ ᠭᠤᠷᠪᠠ︶ ᠲᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠨ ᠵᠠᠰᠠᠬᠤ ᠶᠢ ᠴᠢᠩᠭᠠᠳᠬᠠᠨ᠎ᠠ᠃ | ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠲᠥᠷᠥᠯ ᠵᠦᠶᠯ ᠢ ᠮᠠᠯᠵᠢᠬᠤ ᠶᠢ | ᠴᠠᠭᠠᠵᠠᠯᠠᠬᠤ ᠣᠷᠣᠨ ᠲᠡᠶᠢᠰᠢ ᠲᠥᠪᠯᠡᠷᠡᠭᠦᠯᠦᠨ᠂ ᠬᠦᠨᠳᠦ ᠨᠣᠴᠢᠲᠠᠶ ᠲᠠᠴᠢᠷᠳᠠᠭᠰᠠᠨ᠂ ᠡᠯᠡᠰᠦᠷᠬᠡᠭᠵᠢᠭᠰᠡᠨ ᠨᠤᠲᠤᠭ | ᠪᠡᠯᠴᠢᠭᠡᠷ ᠢ ᠭᠤᠤᠯᠳᠠᠯᠭ᠎ᠠ ᠲᠠᠢ ᠰᠡᠷᠭᠦᠭᠡᠨ ᠵᠠᠰᠠᠨ᠎ᠠ᠃ 2019 ᠣᠨ ᠤ ᠲᠠᠴᠢᠷᠳᠠᠭᠰᠠᠨ ᠨᠤᠲᠤᠭ ᠪᠡᠯᠴᠢᠭᠡᠷ ᠤᠨ | ᠠᠮᠢ ᠠᠬᠤᠶ ᠶᠢ ᠵᠠᠰᠠᠨ ᠰᠡᠷᠭᠦᠭᠡᠬᠦ ᠣᠷᠣᠨ ᠨᠢ ᠠᠶᠠᠨᠳᠠᠭᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠣᠯᠵᠣ | ᠬᠤᠪᠢᠷᠠᠨ᠂ ᠨᠢᠭᠡᠨᠲᠡ ᠡᠬᠢᠯᠡᠨ ᠬᠡᠷᠡᠭᠵᠢᠭᠦᠯᠦᠭᠰᠡᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ | ᠲᠥᠷᠥᠯ ᠵᠦᠶᠯ ᠤᠨ ᠲᠥᠷᠥ ᠶᠢᠨ ᠪᠣᠳᠣᠯᠭ᠎ᠠ ᠶᠢᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠤᠯᠠᠮ ᠨᠢᠭᠡ | ᠠᠯᠬᠤᠮ ᠪᠠᠳᠣᠯᠠᠵᠦ᠂ ᠠᠰᠢᠭ ᠬᠦᠷᠲᠡᠬᠦ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠭᠦᠶᠴᠡᠳ | ᠪᠠᠲᠤᠯᠠᠬᠤ ᠶᠢᠨ ᠲᠣᠰᠠᠳᠠ᠂ ᠨᠢᠭᠡᠨᠲᠡ ᠴᠣᠬᠤᠯᠠᠪᠤᠷᠢᠯᠠᠨ ᠬᠡᠷᠡᠭᠵᠢᠭᠦᠯᠦᠭᠰᠡᠨ 2019 ᠣᠨ ᠤ ᠲᠠᠴᠢᠷᠳᠠᠭᠰᠠᠨ | ᠨᠤᠲᠤᠭ ᠪᠡᠯᠴᠢᠭᠡᠷ ᠤᠨ ᠬᠥᠮᠦᠨ ᠤ ᠬᠦᠴᠦ ᠪᠠᠷ ᠡᠪᠡᠰᠦ ᠳᠠᠷᠢᠵᠤ ᠠᠮᠢ ᠠᠬᠤᠶ ᠶᠢ ᠰᠡᠷᠭᠦᠭᠡᠬᠦ ᠤᠯᠤᠰ ᠤᠨ | ᠲᠤᠷᠰᠢᠯᠲᠠ ᠶᠢᠨ ᠴᠡᠭ ᠤᠨ ᠲᠥᠷᠥᠯ ᠵᠦᠶᠯ᠂ 2019 ᠣᠨ ᠤ ᠥᠪᠡᠷᠲᠡᠭᠡᠨ ᠵᠠᠰᠠᠬᠤ ᠣᠷᠣᠨ ᠤ ᠨᠤᠲᠤᠭ | ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠲᠥᠷᠥᠯ ᠵᠦᠶᠯ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ | ᠬᠤᠪᠢᠷᠠᠭᠤᠯᠬᠤ ᠥᠬᠡᠶ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠬᠤᠭᠤᠴᠠᠭᠠᠨ | ᠳᠤ ᠣᠲᠣ ᠶᠢᠨ ᠬᠡᠷᠡᠭᠵᠢᠭᠦᠯᠵᠦ ᠪᠠᠶᠢᠭ᠎ᠠ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠲᠤᠰᠬᠠᠶ | ᠲᠥᠷᠥᠯ ᠵᠦᠶᠯ ᠤᠨ ᠠᠮᠢ ᠠᠬᠤᠶ ᠶᠢᠨ ᠨᠥᠬᠦᠪᠥᠷᠢ᠂ ᠬᠠᠮᠢᠶᠠᠷᠴᠤ ᠬᠠᠮᠠᠭᠠᠯᠠᠬᠤ ᠪᠠᠯᠠ ᠮᠥᠩᠭᠦ ᠶᠢᠨ ᠪᠠᠷᠢᠮᠵᠢᠶ᠎ᠠ ᠶᠢ | ᠬᠤᠪᠢᠷᠠᠭᠤᠯᠬᠤ ᠥᠬᠡᠶ᠃ ᠲᠥᠷᠥᠯ ᠵᠦᠶᠯ ᠤᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠲᠤᠬᠠᠶ ᠶᠢᠨ ᠭᠠᠵᠠᠷ | ᠤᠨ ᠲᠤᠰᠠᠯᠠᠵᠤ ᠨᠦᠬᠦᠪᠦᠷᠢᠯᠡᠬᠦ ᠲᠥᠷᠥ ᠶᠢᠨ ᠪᠣᠳᠣᠯᠭ᠎ᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠᠷᠢᠮᠵᠢᠶ᠎ᠠ | ᠶᠣᠰᠣᠭᠠᠷ ᠦᠷᠭᠦᠯᠵᠢᠯᠡᠨ ᠬᠡᠷᠡᠭᠵᠢᠬᠦᠯᠦᠨ᠎ᠡ᠃ ᠦᠨᠡᠨᠬᠦ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ | ᠪᠣᠯᠭᠠᠨ ᠬᠤᠪᠢᠷᠠᠭᠤᠯᠬᠤ ᠴᠢᠬᠤᠯᠠ ᠲᠠᠢ ᠪᠣᠯ᠂ ᠬᠤᠰᠢᠭᠤ ᠠᠷᠠᠳ ᠤᠨ ᠵᠠᠰᠠᠭ ᠤᠨ ᠣᠷᠳᠣᠨ ᠲᠥᠷᠥᠯ ᠵᠦᠶᠯ ᠤᠨ | ᠣᠷᠣᠨ ᠢ ᠦᠨᠡᠯᠡᠨ ᠵᠢᠱᠢᠵᠦ ᠨᠤᠲᠠᠯᠠᠯᠲᠠ ᠬᠢᠯᠬᠡᠨ᠂ ᠮᠠᠯ ᠪᠡᠯᠴᠢᠭᠡᠷ ᠢ ᠲᠡᠩᠴᠡᠭᠦᠷᠢ ᠲᠠᠢ ᠣᠷᠣᠨ ᠪᠣᠯᠭᠠᠨ | ᠬᠤᠪᠢᠷᠠᠭᠤᠯᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠪᠠᠯ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠬᠦᠯᠵᠦ | ᠪᠤᠯᠤᠨ᠎ᠠ᠃ | 2020 ᠣᠨ᠂ 2021 ᠣᠨ ᠤ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠲᠥᠷᠥᠯ ᠵᠦᠶᠯ | ᠤᠨ ᠭᠠᠵᠠᠷ ᠢ ᠪᠦᠬᠦᠨ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠭᠤᠷᠢᠭ ᠲᠤ ᠬᠤᠪᠢᠶᠠᠷᠢᠯᠠᠨ ᠣᠷᠣᠭᠤᠯᠵᠦ᠂ | ᠭᠤᠷᠪᠠᠳᠤᠭᠠᠷ ᠡᠭᠡᠯᠵᠢ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠰᠢᠭᠤᠳ ᠭᠥᠷᠳᠡᠵᠦ᠂ | ᠭᠤᠷᠪᠠᠳᠤᠭᠠᠷ ᠡᠭᠡᠯᠵᠢ ᠶᠢᠨ ᠬᠠᠮᠢᠶᠠᠷᠤᠨ ᠬᠠᠮᠠᠭᠠᠯᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃ | ︵ᠠᠷᠪᠠᠨ ᠳᠥᠷᠪᠡ︶ ᠪᠣᠳᠠᠲᠤ ᠪᠠᠶᠢᠳᠠᠯ ᠢᠶᠠᠨ ᠦᠨᠳᠦᠰᠦᠯᠡᠨ᠂ ᠠᠵᠢᠯ ᠤᠨ ᠠᠷᠭ᠎ᠠ ᠬᠡᠮᠵᠢᠶ᠎ᠡ ᠶᠢ ᠰᠢᠨ᠎ᠡ ᠶᠢ | ᠡᠭᠦᠳᠣᠨ ᠲᠣᠭᠲᠠᠭᠠᠬᠤ ᠶᠢ ᠵᠣᠷᠢᠭᠵᠢᠭᠤᠯᠤᠨ᠎ᠠ᠃ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠤᠲᠤᠭ | ᠪᠡᠯᠴᠢᠭᠡᠷ ᠤᠨ ᠨᠦᠬᠦᠪᠦᠷᠢ ᠦᠭᠬᠦ ᠲᠥᠷᠥ ᠶᠢᠨ ᠪᠣᠳᠣᠯᠭ᠎ᠠ ᠶᠢ ᠣᠨᠣᠪᠴᠢᠲᠠᠶ᠂ ᠪᠦᠷᠢᠨ ᠪᠦᠲᠦᠨ ᠡᠵᠡᠮᠰᠢᠭᠰᠡᠨ | ᠰᠠᠭᠤᠷᠢᠨ ᠳᠡᠭᠡᠷ᠎ᠡ᠂ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ ᠪᠡᠯᠡ ᠮᠥᠩᠭᠦ ᠣᠯᠭᠤᠬᠤ᠂ | ᠪᠡᠯᠴᠢᠭᠡᠷᠯᠡᠭᠦᠯᠬᠦ ᠶᠢ ᠵᠤᠭᠰᠣᠭᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ | ᠴᠠᠭᠠᠵᠠᠯᠠᠬᠤ ᠨᠦᠬᠦᠪᠦᠷᠢ ᠶᠢᠨ ᠪᠠᠷᠢᠮᠵᠢᠶ᠎ᠠ ᠵᠡᠷᠭᠡ ᠲᠠᠯ᠎ᠠ ᠪᠠᠷ᠂ ᠲᠤᠰ ᠭᠠᠵᠠᠷ ᠤᠨ ᠪᠣᠳᠠᠲᠤ ᠪᠠᠶᠢᠳᠠᠯ ᠳᠤ ᠨᠡᠶᠢᠴᠡᠬᠦ | ᠬᠡᠪ ᠵᠠᠭᠪᠤᠷ ᠢ ᠬᠠᠶᠢᠨ ᠰᠦᠪᠡᠭᠴᠢᠯᠡᠬᠦ ᠬᠡᠷᠡᠭᠲᠡᠢ᠃ | ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤ ᠠᠷᠠᠳ ᠤᠨ | ᠵᠠᠰᠠᠭ ᠤᠨ ᠣᠷᠳᠣᠨ ᠨᠤᠲᠤᠭ ᠪᠡᠯᠴᠢᠭᠡᠷ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠪᠠᠶᠢᠭᠤᠯᠵᠤ᠂ ᠠᠵᠢᠯ ᠤᠨ ᠲᠤᠰᠬᠠᠶ ᠠᠩᠭᠢ ᠭᠠᠷᠭᠠᠵᠤ᠂ ᠠᠵᠢᠯ ᠤᠨ ᠲᠣᠭᠲᠠᠴᠠ ᠪᠠᠨ | ᠲᠡᠭᠦᠯᠳᠡᠷᠵᠢᠭᠦᠯᠦᠨ᠂ ᠨᠤᠲᠤᠭ ᠪᠡᠯᠴᠢᠭᠡᠷ ᠤᠨ ᠨᠥᠬᠦᠪᠥᠷᠢ ᠮᠦᠩᠬᠦ ᠶᠢᠨ ᠲᠥᠷᠥ ᠶᠢᠨ ᠪᠣᠳᠣᠯᠭ᠎ᠠ ᠪᠣᠯᠤᠨ ᠪᠡᠯᠡ | ᠮᠥᠩᠭᠦ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠡᠯ᠎ᠡ ᠰᠤᠮᠤ | ᠪᠠᠯᠭᠠᠰᠤ ᠬᠠᠮᠢᠶ᠎ᠠ ᠪᠦᠬᠦᠢ ᠠᠵᠢᠯ ᠤᠨ ᠪᠠᠶᠢᠭᠤᠯᠤᠮᠵᠢ ᠶᠢ ᠬᠠᠷᠢᠴᠠᠭᠤᠯᠤᠨ ᠪᠠᠶᠢᠭᠤᠯᠤᠨ᠎ᠠ᠃ ᠤᠳᠤᠷᠢᠳᠬᠤ | ᠳᠤᠭᠤᠶᠢᠯᠠᠩ ᠬᠤᠯᠪᠣᠭᠳᠠᠯ ᠪᠥᠬᠦᠶ ᠴᠢᠭᠯᠡᠯᠲᠡ ᠲᠥᠷᠥ ᠶᠢᠨ ᠪᠣᠳᠣᠯᠭ᠎ᠠ ᠶᠢ ᠰᠤᠳᠤᠯᠤᠨ ᠲᠤᠭᠳᠠᠭᠠᠵᠦ᠂ ᠲᠠᠯ᠎ᠠ | ᠨᠤᠲᠤᠭ ᠤᠨ ᠨᠥᠬᠦᠪᠥᠷᠢ ᠮᠦᠩᠬᠦ ᠶᠢᠨ ᠲᠥᠷᠥ ᠶᠢᠨ ᠪᠣᠳᠣᠯᠭ᠎ᠠ ᠪᠠ ᠴᠢᠬᠤᠯᠠ ᠶᠡᠭᠡ ᠬᠡᠷᠡᠭ ᠶᠠᠪᠤᠳᠠᠯ ᠢ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠨ᠎ᠡ᠃ ᠰᠤᠮᠤ ᠪᠠᠯᠭᠠᠰᠤᠨ ᠤ ᠭᠤᠣᠯ ᠴᠣᠭᠴᠠ ᠶᠢᠨ ᠬᠠᠷᠢᠭᠤᠴᠠᠯᠭ᠎ᠠ | ᠶᠢ ᠤᠯᠠᠮ ᠲᠤᠳᠤᠷᠬᠠᠶᠢᠯᠠᠨ᠂ ᠰᠤᠮᠤ ᠪᠠᠯᠭᠠᠰᠤᠨ ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠭᠦᠷᠭᠡ | ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠭᠠᠴᠠᠭᠠᠨ ᠤ ᠨᠦᠬᠦᠪᠦᠷᠢᠯᠡᠬᠦ ᠲᠣᠷᠭᠠᠬᠤ ᠡᠷᠬᠡ ᠬᠠᠷᠢᠭᠤᠴᠠᠯᠭ᠎ᠠ ᠶᠢ | ᠴᠢᠩᠭᠠᠳᠬᠠᠵᠦ᠂ ᠮᠠᠯᠴᠢᠳ ᠤᠨ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠦᠭᠡᠢ ᠪᠠᠷ ᠡᠵᠡᠩᠨᠡᠬᠦ | ᠤᠬᠠᠮᠰᠠᠷ ᠢ ᠳᠡᠭᠡᠭᠰᠢᠯᠡᠭᠦᠯᠦᠨ᠂ ᠮᠠᠯ ᠪᠡᠯᠴᠢᠭᠡᠷ ᠤᠨ ᠲᠡᠩᠴᠡᠭᠦᠷᠢ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ᠂ | ᠪᠡᠯᠴᠢᠭᠡᠷᠯᠡᠬᠦᠯᠬᠦ ᠶᠢ ᠵᠤᠭᠰᠣᠭᠠᠬᠤ ᠬᠠᠷᠢᠭᠤᠴᠠᠯᠭ᠎ᠠ ᠶᠢᠨ ᠪᠢᠴᠢᠭ ᠢ ᠭᠠᠷ ᠤᠨ ᠦᠰᠦᠭ ᠵᠢᠷᠣᠵᠦ ᠲᠤᠭᠲᠠᠨ᠂ | ᠮᠠᠯᠵᠢᠬᠤ ᠡᠷᠦᠬᠡ ᠵᠡᠷᠭᠡ ᠠᠰᠢᠭ ᠬᠦᠷᠲᠡᠬᠦ ᠭᠤᠤᠯ ᠴᠣᠭᠴᠠ ᠲᠠᠢ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ | ᠪᠡᠯᠴᠢᠭᠡᠷ ᠢ ᠲᠡᠩᠴᠡᠭᠦᠯᠬᠦ ︵ᠪᠡᠯᠴᠢᠭᠡᠷᠯᠡᠬᠦᠯᠬᠦ ᠶᠢ ᠵᠤᠭᠰᠣᠭᠠᠬᠤ︶ ᠭᠡᠷ᠎ᠡ ᠶᠢ ᠲᠤᠭᠲᠠᠨ᠂ ᠡᠭᠦᠷᠭᠡ ᠶᠢᠨ ᠭᠦᠢᠴᠡᠳᠬᠡᠯ | ᠲᠤᠭ᠎ᠠ ᠶᠢ ᠵᠠᠳᠠᠯᠵᠦ᠂ ᠨᠠᠢᠳᠠᠪᠤᠷᠢᠵᠢᠭᠤᠯᠬᠤ ᠪᠣᠳᠠᠲᠠᠶᠢᠵᠢᠭᠤᠯᠬᠤ ᠶᠢ ᠦᠨᠡᠨᠬᠦ ᠪᠠᠳᠣᠯᠠᠨ᠎ᠠ᠃ ᠰᠢᠨᠵᠢᠯᠡᠬᠦ ᠤᠬᠠᠭᠠᠨᠴᠢ | ᠪᠠᠷ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ᠂ ᠰᠤᠮᠤ ᠪᠠᠯᠭᠠᠰᠤᠨ ᠤ ᠤᠳᠤᠷᠢᠳᠬᠤ ᠪᠠᠭ ᠤᠨ ᠬᠢᠨᠠᠨ | ᠰᠢᠯᠭᠠᠬᠤ ᠭᠦᠢᠴᠡᠳᠬᠡᠯ ᠲᠤᠭ᠎ᠠ ᠳᠤ ᠣᠷᠣᠭᠤᠯᠤᠨ᠎ᠠ᠃ | ︵ᠬᠤᠶᠠᠷ︶ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ᠃ ᠠᠶᠢᠮᠠᠭ ᠠᠴᠠ ᠲᠥᠪ ᠤᠨ ᠪᠠᠯᠠ | ᠮᠥᠩᠭᠦ ᠶᠢ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠬᠤᠯᠪᠣᠭᠳᠠᠯ ᠪᠥᠬᠦᠶ ᠲᠥᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ | ᠨᠥᠬᠦᠪᠥᠷᠢ( 1.125 ᠲᠥᠭᠦᠷᠢᠭ / ᠮᠥ) ᠶᠢᠨ ᠪᠠᠷᠢᠮᠵᠢᠶ᠎ᠠ ᠪᠠᠷ᠂ ᠠᠶᠢᠮᠠᠭ ᠬᠤᠰᠢᠭᠤ ᠬᠤᠶᠠᠷ ᠱᠠᠲᠤᠨ ᠤ ᠡᠳ᠋ | ᠤᠨ ᠵᠠᠰᠠᠭ ᠠᠴᠠ 4᠄ 6 ᠶᠢᠨ ᠬᠠᠷᠢᠴᠠᠯ ᠢᠶᠠᠷ ᠮᠥᠩᠭᠦ ᠴᠤᠭᠯᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠂ | ᠠᠶᠢᠮᠠᠭ ᠤᠨ ᠨᠤᠲᠤᠭ ᠪᠡᠯᠴᠢᠭᠡᠷ ᠢ ᠬᠠᠮᠢᠶᠠᠷᠴᠤ ᠬᠠᠮᠠᠭᠠᠯᠠᠬᠤ ᠲᠤᠰᠬᠠᠶ ᠲᠦᠷᠦᠯ ᠤᠨ ᠪᠠᠯᠠ ᠮᠥᠩᠭᠦ ᠲᠠᠢ | ᠤᠶᠠᠯᠳᠤᠭᠤᠯᠤᠨ᠂ ᠬᠤᠰᠢᠭᠤ ᠱᠠᠲᠤᠨ ᠤ ᠡᠳ᠋ ᠤᠨ ᠵᠠᠰᠠᠭ ᠠᠴᠠ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ ᠪᠠ | ᠠᠶᠢᠮᠠᠭ ᠤᠨ ᠬᠤᠯᠪᠣᠭᠳᠠᠯ ᠪᠥᠬᠦᠶ ᠱᠠᠭᠠᠷᠳᠠᠯᠭ᠎ᠠ ᠵᠢᠴᠢ ᠪᠠᠷᠢᠮᠵᠢᠶ᠎ᠠ ᠶᠣᠰᠣᠭᠠᠷ᠂ ᠨᠤᠲᠤᠭ ᠪᠡᠯᠴᠢᠭᠡᠷ ᠢ ᠬᠠᠮᠢᠶᠠᠷᠴᠤ | ᠬᠠᠮᠠᠭᠠᠯᠠᠭᠴᠢ ᠶᠢᠨ ᠨᠥᠬᠦᠪᠥᠷᠢ ᠶᠢ ᠨᠠᠶᠢᠳᠠᠪᠤᠷᠢᠵᠢᠭᠤᠯᠤᠨ᠎ᠠ᠃ ᠲᠤᠰᠠᠯᠠᠵᠤ ᠨᠦᠬᠦᠪᠦᠷᠢᠯᠡᠬᠦ ᠠᠵᠢᠯ ᠤᠨ ᠤᠷᠤᠭᠰᠢᠲᠠᠶ | ᠥᠷᠨᠢᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠣᠰ ᠱᠠᠲᠤᠨ ᠤ | ᠠᠵᠢᠯ ᠤᠨ ᠵᠠᠷᠤᠳᠠᠯ ᠢ ᠵᠣᠬᠢᠰᠲᠠᠶ ᠳᠣᠭᠢᠷᠠᠭᠤᠯᠵᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ | ᠲᠥᠷᠥ ᠶᠢᠨ ᠪᠣᠳᠣᠯᠭ᠎ᠠ ᠶᠢᠨ ᠪᠣᠯᠪᠠᠰᠣᠷᠠᠯ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠬᠠᠮᠢᠶᠠᠷᠤᠯᠲᠠ ᠶᠢᠨ | ᠵᠠᠷᠤᠯᠭ᠎ᠠ ᠶᠢ ᠪᠠᠳᠣᠯᠠᠨ᠎ᠠ᠃ ᠪᠡᠯᠡ ᠮᠥᠩᠭᠦ ᠶᠢ ᠰᠢᠬᠠᠨ ᠡᠵᠡᠯᠡᠬᠦ ᠪᠠ ᠠᠵᠢᠯ ᠤᠨ ᠵᠠᠷᠤᠳᠠᠯ ᠳᠤ ᠨᠡᠭᠦᠯᠭᠡᠨ ᠬᠡᠷᠡᠭᠯᠡᠬᠦ | ᠶᠢ ᠴᠢᠩᠭ᠎ᠠ ᠴᠠᠭᠠᠵᠠᠯᠠᠨ᠎ᠠ᠃ | ︵ᠭᠤᠷᠪᠠ︶ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠎ᠠ᠃ ᠡᠳ᠋ ᠤᠨ ᠵᠠᠰᠠᠭ | ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠨᠤᠲᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠨᠤᠲᠤᠭ ᠪᠡᠯᠴᠢᠭᠡᠷ ᠤᠨ ᠨᠥᠬᠦᠪᠥᠷᠢ | ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠯ᠎ᠡ ᠵᠦᠶᠯ ᠤᠨ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠨ᠎ᠡ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠪᠡᠯᠡ ᠮᠥᠩᠭᠦ ᠣᠯᠭᠤᠬᠤ ᠪᠠ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ︔ | ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠴᠡᠭᠡ | ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠭᠥᠷᠳᠡᠵᠦ ᠪᠠᠶᠢᠭ᠎ᠠ ᠮᠠᠯᠴᠢᠳ ᠢ ᠳᠡᠩᠰᠡᠯᠡᠨ ᠲᠡᠮᠳᠡᠭᠯᠡᠬᠦ ᠶᠢ | ᠬᠠᠷᠢᠭᠤᠴᠠᠨ᠎ᠠ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠵᠦ᠂ ᠨᠤᠲᠤᠭ ᠪᠡᠯᠴᠢᠭᠡᠷ ᠤᠨ | ᠨᠥᠬᠦᠪᠥᠷᠢ ᠦᠭᠬᠦ ᠲᠥᠷᠥ ᠶᠢᠨ ᠪᠣᠳᠣᠯᠭ᠎ᠠ ᠶᠢᠨ ᠠᠭᠤᠯᠭ᠎ᠠ ᠳᠤ ᠲᠠᠶᠢᠯᠤᠮᠵᠢ ᠬᠢᠨ᠎ᠠ᠃ ᠲᠥᠷᠥ ᠶᠢᠨ ᠪᠣᠳᠣᠯᠭ᠎ᠠ ᠶᠢᠨ | ᠪᠤᠯᠪᠠᠰᠣᠷᠠᠯ ᠢ ᠴᠢᠩᠭᠠᠳᠬᠠᠵᠤ᠂ ᠠᠵᠢᠯ ᠤᠨ ᠰᠠᠭᠤᠷᠢ ᠶᠢ ᠲᠠᠰᠤᠷᠠᠯᠲᠠ ᠥᠬᠡᠶ ᠪᠠᠲᠤᠳᠬᠠᠨ᠂ ᠨᠥᠬᠦᠪᠥᠷᠢ ᠦᠭᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠪᠠ ᠨᠠᠷᠢᠯᠢᠭᠵᠢᠭᠤᠯᠬᠤ ᠶᠢ ᠠᠬᠢᠭᠤᠯᠤᠨ᠎ᠠ︔ | ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠠᠴᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ | ᠢ ᠲᠡᠩᠴᠡᠭᠦᠷᠢ ᠲᠠᠢ ᠪᠠᠶᠢᠯᠭᠠᠬᠤ ᠣᠷᠣᠨ ᠢ ᠵᠢᠯᠣᠭᠤᠳᠤᠨ ᠵᠦᠶ ᠵᠣᠬᠢᠰᠲᠠᠶ ᠬᠤᠪᠢᠶᠠᠷᠢᠯᠠᠨ ᠲᠣᠭᠲᠠᠭᠠᠵᠤ᠂ ᠳᠤᠯᠠᠭᠠᠨ | ᠤᠯᠠᠷᠢᠯ ᠤᠨ ᠲᠣᠬᠢᠷᠠᠬᠤ ᠪᠡᠯᠴᠢᠭᠡᠷ ᠤᠨ ᠳᠠᠭᠠᠭᠠᠴᠠ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ | ᠪᠡᠯᠴᠢᠭᠡᠷᠯᠡᠭᠦᠯᠬᠦ ᠶᠢ ᠵᠣᠭᠰᠣᠭᠠᠬᠤ ᠶᠢᠨ ᠡᠬᠢᠯᠡᠬᠦ ᠪᠠ ᠲᠡᠭᠦᠰᠬᠦ ᠴᠠᠭ ᠢ ᠲᠤᠭᠳᠠᠭᠠᠨ᠎ᠠ︔ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠨᠢ ᠪᠥᠬᠦ ᠬᠤᠰᠢᠭᠤᠨ ᠤ ᠮᠠᠯ ᠪᠡᠯᠴᠢᠭᠡᠷ ᠤᠨ | ᠲᠡᠩᠴᠡᠭᠦᠷᠢ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠠᠵᠢᠯ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ᠣᠶ ᠰᠢᠭᠤᠶ ᠨᠤᠲᠤᠭ ᠪᠡᠯᠴᠢᠭᠡᠷ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ | ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ | ᠲᠣᠤᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠲᠤᠤᠷᠴᠢᠯᠠᠭᠰᠠᠨ ᠬᠠᠮᠢᠶᠠᠷᠦᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠬᠡᠷᠡᠭᠵᠢᠭᠦᠯᠦᠨ᠂ ᠨᠤᠲᠤᠭ ᠪᠡᠯᠴᠢᠭᠡᠷ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ᠂ | ᠪᠡᠯᠴᠢᠭᠡᠷᠯᠡᠭᠦᠯᠬᠦ ᠶᠢ ᠴᠠᠭᠠᠵᠠᠯᠠᠬᠤ᠂ ᠰᠡᠯᠭᠦᠨ ᠮᠠᠯᠵᠢᠬᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ︔ ᠰᠤᠮᠤ ᠪᠠᠯᠭᠠᠰᠤ ᠨᠢ ᠡᠳᠦᠷ ᠲᠤᠲᠤᠮ ᠤᠨ ᠲᠣᠭᠤᠷᠢᠨ | ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠵᠤ᠂ ᠮᠠᠯ ᠪᠡᠯᠴᠢᠭᠡᠷ ᠤᠨ ᠲᠡᠩᠴᠡᠭᠦᠷᠢ ᠶᠢᠨ ᠣᠷᠣᠨ ᠤ ᠳᠠᠭᠠᠭᠠᠴᠠ | ᠠᠴᠠ ᠬᠡᠲᠦᠷᠡᠭᠦᠯᠦᠨ ᠮᠠᠯᠵᠢᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ᠂ ᠮᠠᠯᠵᠢᠬᠤ ᠶᠢ ᠵᠣᠭᠰᠣᠭᠠᠬᠤ | ᠬᠤᠭᠤᠴᠠᠭᠠᠨ ᠳᠤ ᠬᠤᠯᠠᠭᠠᠶᠢᠯᠠᠨ ᠮᠠᠯᠵᠢᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ︵ᠳᠥᠷᠪᠡ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠰᠣᠨᠢᠨ ᠮᠡᠳᠡᠭᠡᠨ ᠤ | ᠵᠠᠭᠤᠴᠢᠯᠠᠭᠤᠷ ᠤᠨ ᠦᠶᠯᠡᠳᠦᠯ ᠢ ᠪᠠᠳᠠᠷᠠᠭᠤᠯᠵᠤ᠂ ᠷᠠᠳᠢᠣ᠋ ᠲᠧᠯᠸᠢᠰ᠂ ᠰᠣᠨᠢᠨ ᠰᠡᠳᠬᠦᠯ᠂ ᠭᠠᠷ ᠤᠲᠠᠰᠤᠨ ᠤ | ᠲᠣᠤᠷ ᠰᠦᠯᠵᠢᠶ᠎ᠡ ᠵᠡᠷᠭᠡ ᠣᠯᠠᠨ ᠡᠰᠢᠵᠢᠭᠰᠡᠨ ᠰᠣᠨᠢᠨ ᠮᠡᠳᠡᠭᠡᠨ ᠤ ᠠᠴᠢᠶᠠᠯᠠᠪᠤᠷᠢ ᠵᠢᠴᠢ ᠭᠠᠴᠠᠭ᠎ᠠ ᠲᠣᠰᠬᠤᠨ ᠳᠤ | ᠬᠦᠷᠴᠦ ᠠᠶᠢᠯ ᠡᠷᠦᠬᠡ ᠳᠤ ᠣᠷᠤᠵᠦ ᠤᠬᠠᠭᠤᠯᠭ᠎ᠠ ᠬᠢᠬᠦ᠂ ᠲᠥᠷᠥ ᠶᠢᠨ ᠪᠣᠳᠣᠯᠭ᠎ᠠ ᠶᠢᠨ ᠮᠡᠳᠡᠬᠦᠯᠬᠦ ᠠᠯᠪᠠᠨ ᠵᠠᠷ | ᠲᠠᠷᠬᠠᠭᠠᠬᠤ ᠵᠡᠷᠭᠡ ᠣᠯᠠᠨ ᠲᠦᠷᠦᠯ ᠤᠨ ᠬᠡᠯᠪᠡᠷᠢ ᠮᠠᠶ᠋ᠢᠭ ᠲᠤ ᠲᠦᠰᠢᠭᠯᠡᠨ᠂ ᠨᠤᠲᠤᠭ ᠪᠡᠯᠴᠢᠭᠡᠷ ᠤᠨ ᠨᠥᠬᠦᠪᠥᠷᠢ | ᠦᠭᠬᠦ ᠲᠥᠷᠥ ᠶᠢᠨ ᠪᠣᠳᠣᠯᠭ᠎ᠠ ᠶᠢᠨ ᠠᠭᠤᠯᠭ᠎ᠠ ᠪᠠ ᠬᠡᠷᠡᠭᠵᠢᠭᠦᠯᠬᠦ ᠠᠷᠭ᠎ᠠ ᠵᠠᠮ ᠢ ᠣᠨᠣᠪᠴᠢᠲᠠᠶ ᠲᠠᠶᠢᠯᠪᠤᠷᠢᠯᠠᠵᠤ᠂ | ᠲᠥᠷᠥ ᠶᠢᠨ ᠪᠣᠳᠣᠯᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠂ ᠡᠭᠦᠷᠭᠡ ᠶᠢ ᠮᠠᠯᠴᠢᠨ ᠡᠷᠦᠬᠡ ᠪᠣᠯᠭᠠᠨ | ᠳᠤ ᠮᠡᠳᠡᠭᠦᠯᠵᠦ᠂ ᠪᠥᠬᠦ ᠨᠡᠶᠢᠭᠡᠮ ᠢᠶᠠᠷ ᠢᠶᠠᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ | ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠂ ᠮᠠᠯᠴᠢᠳ ᠤᠨ ᠨᠤᠲᠤᠭ ᠪᠡᠯᠴᠢᠭᠡᠷ ᠢᠶᠠᠨ | ᠬᠠᠮᠠᠭᠠᠯᠠᠬᠤ ᠢᠳᠡᠪᠬᠢᠵᠢᠯ ᠪᠠ ᠬᠠᠷᠢᠭᠤᠴᠠᠯᠭᠠᠲᠤ ᠰᠡᠳᠬᠢᠯᠭᠡ ᠶᠢ ᠳᠠᠶᠢᠴᠢᠯᠠᠵᠤ᠂ ᠮᠠᠯᠴᠢᠳ ᠤᠨ ᠣᠷᠣᠯᠴᠠᠬᠤ | ᠬᠡᠮᠵᠢᠶ᠎ᠡ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠦᠨ᠎ᠡ᠃ |