ᠪᠦᠬᠦ ᠬᠤᠰᠢᠭᠤᠨ ᠤ ᠮᠠᠯᠵᠢᠬᠤ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠴᠢᠨᠠᠷ | ᠴᠢᠨᠰᠠᠭ᠎ᠠ ᠪᠠ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠦᠷᠢᠮ︾ ᠢ | ᠰᠠᠶᠢᠲᠤᠷ ᠲᠣᠣᠱᠯᠠᠭᠤᠯᠣᠨ ᠨᠠᠶᠢᠳᠠᠪᠤᠷᠢᠵᠢᠭᠤᠯᠵᠤ᠂ ︽ᠲᠠᠪᠤᠨ ᠲᠠᠯ᠎ᠠ ᠪᠠᠷ ᠬᠠᠮᠵᠢᠯᠴᠠᠬᠤ᠂ ᠦᠨᠳᠦᠰᠣᠨ ᠱᠠᠲᠦ ᠶᠢ | ᠶᠡᠬᠡᠪᠡᠷ ᠠᠳᠬᠤᠬᠤ︾ ᠶᠢ ᠭᠦᠨᠵᠡᠭᠡᠶ ᠠᠬᠢᠭᠤᠯᠵᠦ᠂ ᠳᠡᠭᠡᠭᠰᠢ ᠳᠣᠷᠣᠭᠰᠢ ᠨᠡᠪᠲᠡᠷᠡᠬᠦ ᠶᠢ ᠲᠡᠭᠦᠯᠳᠠᠷᠵᠢᠬᠦᠯᠵᠦ᠂ | ᠬᠦᠢᠴᠡᠳᠬᠡᠬᠦ ᠴᠢᠳᠠᠪᠣᠷᠢ ᠪᠠᠷ ᠴᠢᠩᠭ᠎ᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠂ ᠦᠨᠳᠦᠰᠦᠨ ᠱᠠᠲᠤᠨ ᠤ ᠨᠠᠮ | ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠶᠯᠡᠳᠦᠯ ᠢ ᠪᠠᠳᠠᠷᠠᠭᠤᠯᠵᠦ᠂ ᠨᠠᠮ ᠤᠨ | ᠪᠠᠶᠢᠭᠤᠯᠤᠯᠲᠠ ᠪᠠᠷ ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠂ ᠨᠠᠮ ᠤᠨ ᠪᠠᠶᠢᠭᠤᠯᠤᠯᠲᠠ ᠪᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠲᠦᠯᠦᠭᠡ᠂ ︽ᠪᠥᠬᠦ ᠠᠶᠢᠮᠠᠭ ᠤᠨ ᠮᠠᠯᠵᠢᠬᠤ | ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ︿ᠬᠤᠶᠠᠷ ᠢ ᠠᠳᠬᠤᠵᠤ ᠬᠠᠮᠲᠤᠪᠠᠷ | ᠠᠬᠢᠭᠤᠯᠬᠤ᠂ ᠭᠤᠷᠪᠠ ᠶᠢ ᠨᠢᠭᠡ ᠴᠣᠭᠴᠠᠯᠠᠭᠰᠠᠨ ᠪᠦᠬᠦᠯᠢ ᠴᠣᠭᠴᠠ ᠶᠢ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠬᠦ ᠲᠦᠰᠦᠪ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠰᠢᠯᠢ ᠶᠢᠨ ᠭᠤᠤᠯ ᠨᠠᠮ ᠤᠨ | ᠤᠳᠤᠷᠢᠳᠬᠤ ᠳᠤᠭᠤᠶᠢᠯᠠᠩ ᠲᠠᠷᠬᠠᠭᠠᠭᠰᠠᠨ[ 2021 ] 8 ᠲᠣᠭᠠᠲᠤ︶ ᠶᠢ ᠦᠨᠳᠦᠰᠦᠯᠡᠨ᠂ ᠪᠦᠬᠦ ᠬᠤᠰᠢᠭᠤᠨ ᠤ | ᠮᠠᠯᠵᠢᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ︽ᠬᠤᠶᠠᠷ ᠢ ᠠᠳᠬᠤᠵᠤ | ᠬᠠᠮᠲᠤ ᠪᠠᠷ ᠠᠬᠢᠭᠤᠯᠬᠤ︾ ᠭᠤᠷᠪᠠ ᠶᠢ ᠨᠢᠭᠡ ᠴᠣᠭᠴᠠᠯᠠᠭᠰᠠᠨ ᠪᠦᠬᠦᠯᠢ ᠴᠣᠭᠴᠠ ᠪᠠᠷ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠬᠦ ᠪᠠᠷ ᠲᠤᠭᠳᠠᠵᠦ᠂ ᠳᠣᠣᠷᠠᠬᠢ ᠮᠡᠲᠦ ᠬᠡᠷᠡᠭᠵᠢᠭᠦᠯᠬᠦ ᠲᠦᠰᠦᠪ ᠢ ᠲᠣᠭᠲᠠᠭᠠᠪᠠ᠃ | ᠨᠢᠭᠡ᠂ ᠬᠠᠷᠠᠯᠲᠠ ᠱᠠᠭᠠᠷᠳᠠᠯᠭ᠎ᠠ | 1 . ᠶᠡᠷᠦᠩᠬᠡᠶ ᠱᠠᠭᠠᠷᠳᠠᠯᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ | ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠦᠭᠦᠳᠡ᠂ ᠭᠤᠷᠪᠠᠳᠤᠭᠠᠷ ᠪᠦᠬᠦᠳᠡ᠂ ᠳᠥᠷᠪᠡᠳᠦᠭᠡᠷ ᠪᠦᠬᠦᠳᠡ᠂ | ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ᠂ ᠰᠢᠨ᠎ᠡ ᠴᠠᠭ ᠦᠶ᠎ᠡ | ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠪᠠ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠢ ᠭᠦᠨᠵᠡᠭᠡᠶ ᠲᠣᠣᠱᠯᠠᠭᠤᠯᠵᠦ᠂ ᠲᠠᠷᠢᠶᠠᠯᠠᠩ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠠᠬᠢᠭᠤᠯᠬᠤ ᠪᠠᠷ ᠬᠠᠷᠠᠯᠲᠠ ᠪᠣᠯᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠶᠡᠷᠦᠩᠬᠡᠶ ᠭᠠᠷᠳᠠᠴᠠ ᠪᠣᠯᠭᠠᠨ᠂ ᠴᠢᠨᠠᠷ ᠰᠠᠶᠢᠲᠠᠶ ᠬᠥᠭᠵᠢᠯᠲᠡ ᠪᠠᠷ | ᠭᠤᠤᠯ ᠰᠢᠵᠢᠮ ᠪᠣᠯᠭᠠᠨ᠂ ︽ᠲᠠᠪᠤᠨ ᠲᠠᠯ᠎ᠠ ᠪᠠᠷ ᠬᠠᠮᠵᠢᠯᠴᠠᠬᠤ᠂ ᠦᠨᠳᠦᠰᠣᠨ ᠱᠠᠲᠦ ᠶᠢ ᠶᠡᠬᠡᠪᠡᠷ ᠠᠳᠬᠤᠬᠤ︾ | ᠶᠢ ᠪᠠᠷᠢᠮᠳᠠᠯᠠᠨ᠂ ︽ᠬᠤᠶᠠᠷ ᠢ ᠠᠳᠬᠤᠵᠤ ᠬᠠᠮᠲᠤ ᠪᠠᠷ ᠠᠬᠢᠭᠤᠯᠬᠤ︾ ᠭᠤᠷᠪᠠ ᠶᠢ ᠨᠢᠭᠡ ᠴᠣᠭᠴᠠᠯᠠᠭᠰᠠᠨ | ᠪᠦᠬᠦᠯᠢ ᠴᠣᠭᠴᠠ ᠶᠢ ᠳᠡᠭᠡᠭᠰᠢᠯᠡᠭᠦᠯᠦᠨ᠂ ᠳᠡᠭᠡᠭᠰᠢ ︽ᠲᠠᠪᠤᠨ ᠰᠢᠯᠢᠳᠡᠭ︾ ᠰᠤᠮᠤ ᠪᠠᠯᠭᠠᠰᠤᠨ ᠤ ᠨᠠᠮ ᠤᠨ | ᠬᠤᠷᠢᠶ᠎ᠠ ᠶᠢ ᠠᠳᠬᠤᠵᠦ᠂ ᠳᠣᠷᠤᠭᠰᠢ ︽ᠲᠠᠪᠤᠨ ᠰᠠᠶᠢᠨ︾ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠶᠢ | ᠠᠳᠬᠤᠨ᠂ ︽ᠲᠠᠪᠤᠨ ᠴᠢᠩᠭ᠎ᠠ︾ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ | ᠬᠠᠮᠲᠤᠪᠠᠷ ᠠᠬᠢᠭᠤᠯᠵᠦ᠂ ᠬᠤᠰᠢᠭᠤ᠂ ᠰᠤᠮᠤ ᠪᠠᠯᠭᠠᠰᠤ᠂ ᠭᠠᠴᠠᠭ᠎ᠠ᠂ ᠨᠠᠮ ᠤᠨ ᠭᠡᠰᠢᠭᠦᠨ ᠤ ᠭᠤᠤᠯᠳᠠᠯᠭᠠᠲᠤ | ᠡᠷᠦᠬᠡ ᠶᠢᠨ ᠳᠥᠷᠪᠡᠨ ᠱᠠᠲᠤᠨ ᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨ ᠪᠣᠯᠭᠠᠨ | ᠲᠡᠭᠦᠯᠳᠡᠷᠵᠢᠬᠦᠯᠵᠦ᠂ ︽ᠭᠤᠷᠪᠠ ᠶᠢ ᠨᠢᠭᠡ ᠴᠣᠭᠴᠠᠯᠠᠬᠤ︾ ᠠᠵᠢᠯ ᠤᠨ ᠲᠤᠭᠳᠠᠴᠠ ᠶᠢ ᠪᠠᠶᠢᠭᠤᠯᠤᠨ᠂ ᠨᠠᠮ ᠤᠨ | ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠥᠳᠡᠯᠭᠡᠬᠦ ᠬᠦᠴᠦᠨ ᠤ ᠳᠠᠪᠠᠭᠤᠯᠢᠭ ᠪᠣᠯᠭᠠᠨ | ᠬᠤᠪᠢᠷᠠᠭᠤᠯᠬᠤ ᠶᠢ ᠦᠨᠡᠨᠬᠦ ᠪᠠᠳᠠᠷᠠᠭᠤᠯᠵᠦ᠂ ᠮᠠᠯᠵᠢᠬᠤ ᠣᠷᠣᠨ ᠤ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠪᠥᠬᠦ ᠲᠠᠯ᠎ᠠ ᠪᠠᠷ ᠳᠡᠪᠰᠢᠵᠦ᠂ ᠪᠦᠬᠦ ᠲᠠᠯ᠎ᠠ ᠪᠠᠷ ᠬᠦᠴᠦᠷᠭᠡᠭᠵᠢᠬᠦᠯᠬᠦ ᠶᠢ ᠠᠬᠢᠭᠤᠯᠤᠨ᠎ᠠ᠃ | 2 . ᠭᠤᠣᠯ ᠬᠠᠷᠠᠯᠲᠠ᠃ ᠰᠤᠮᠤ ᠪᠠᠯᠭᠠᠰᠤᠨ ᠤ ᠨᠠᠮ ᠤᠨ ᠬᠤᠷᠢᠶ᠎ᠠ ᠨᠢ ᠤᠯᠤᠰ ᠲᠥᠷᠥ ᠶᠢᠨ ᠴᠢᠳᠠᠪᠦᠷᠢ | ᠰᠢᠯᠢᠳᠡᠭ᠂ ᠵᠣᠬᠢᠶᠠᠨ ᠪᠠᠶᠢᠭᠤᠯᠤᠯᠲᠠ ᠶᠢᠨ ᠴᠢᠳᠠᠪᠣᠷᠢ ᠰᠢᠯᠢᠳᠡᠭ᠂ ᠦᠶᠯᠡᠴᠢᠯᠡᠭᠡᠨ ᠤ ᠴᠢᠳᠠᠪᠣᠷᠢ ᠰᠢᠯᠢᠳᠡᠭ᠂ | ᠵᠠᠰᠠᠯᠲᠠ ᠶᠢᠨ ᠴᠢᠳᠠᠪᠦᠷᠢ ᠰᠢᠯᠢᠳᠡᠭ᠂ ᠬᠥᠭᠵᠢᠯᠲᠡ ᠶᠢᠨ ᠴᠢᠳᠠᠪᠦᠷᠢ ᠰᠢᠯᠢᠳᠡᠭ ︽ᠲᠠᠪᠤᠨ ᠰᠢᠯᠢᠳᠡᠭ︾ ᠢᠶᠠᠷ | ᠬᠠᠷᠠᠯᠲᠠ ᠪᠣᠯᠭᠠᠵᠤ᠂ ᠨᠠᠮ ᠤᠨ ᠪᠠᠶᠢᠭᠤᠯᠤᠯᠲᠠ ᠶᠢ ᠠᠳᠬᠤᠵᠦ᠂ ᠵᠠᠰᠠᠯᠲᠠ ᠶᠢ ᠠᠳᠬᠤᠵᠦ᠂ ᠦᠶᠯᠡᠴᠢᠯᠡᠭᠡ ᠶᠢ | ᠠᠳᠬᠤᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠭᠤᠤᠯ ᠬᠠᠷᠢᠭᠤᠴᠠᠯᠭ᠎ᠠ ᠭᠤᠤᠯ | ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠮᠤ ᠪᠠᠯᠭᠠᠰᠤᠨ ᠤ ︽ᠳᠠᠭᠠᠭᠤᠯᠤᠭᠴᠢ︾ ᠶᠢ ᠦᠨᠡᠨᠬᠦ | ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠭᠠᠴᠠᠭ᠎ᠠ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ | ᠴᠢᠨᠠᠷ ᠴᠢᠨᠰᠠᠭ᠎ᠠ ᠶᠢᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠤᠨ᠎ᠠ︔ ᠭᠠᠴᠠᠭᠠᠨ ᠤ ᠨᠠᠮ ᠤᠨ | ᠵᠣᠬᠢᠶᠠᠨ ᠪᠠᠶᠢᠭᠤᠯᠤᠯᠲᠠ ᠨᠢ ᠤᠯᠤᠰ ᠲᠥᠷᠥ ᠶᠢᠨ ᠴᠢᠳᠠᠪᠦᠷᠢ ᠴᠢᠩᠭ᠎ᠠ᠂ ᠡᠩᠨᠡᠭᠡᠨ ᠤ ᠪᠠᠶᠢᠭᠤᠯᠤᠯᠲᠠ ᠴᠢᠩᠭ᠎ᠠ᠂ | ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠴᠢᠩᠭ᠎ᠠ᠂ ᠦᠶᠯᠡᠳᠦᠯ ᠢᠶᠠᠨ ᠪᠠᠳᠠᠷᠠᠭᠤᠯᠬᠤ ᠴᠢᠩᠭ᠎ᠠ᠂ ᠣᠯᠠᠨ ᠲᠦᠮᠡᠨ ᠤ | ᠠᠵᠢᠯ ᠴᠢᠩᠭ᠎ᠠ ︽ᠲᠠᠪᠤᠨ ᠴᠢᠩᠭ᠎ᠠ︾ ᠢᠶᠠᠷ ᠬᠠᠷᠠᠯᠲᠠ ᠪᠣᠯᠭᠠᠵᠤ᠂ ᠭᠠᠴᠠᠭ᠎ᠠ ᠨᠢ ᠳᠡᠭᠡᠳᠦ ᠱᠠᠲᠤᠨ ᠤ ᠰᠤᠮᠤ | ᠰᠢᠶᠠᠩ ᠪᠠᠯᠭᠠᠰᠤ ᠲᠠᠢ ᠬᠠᠷᠢᠴᠠᠬᠤ᠂ ᠳᠣᠤᠷᠠᠳᠤ ᠱᠠᠲᠤᠨ ᠤ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠲᠠᠢ | ᠬᠠᠷᠢᠯᠴᠠᠬᠤ ᠦᠨᠳᠦᠰᠣᠨ ᠦᠶᠯᠡᠳᠦᠯ ᠢ ᠭᠦᠶᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠪᠠᠬᠢᠯᠡᠯᠲᠡ ᠶᠢ | ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠴᠢᠳᠠᠪᠤᠷᠢ ᠶᠢ | ᠳᠡᠭᠡᠭᠰᠢᠯᠡᠭᠦᠯᠦᠨ᠎ᠡ︔ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠨᠢ ᠬᠥᠲᠥᠯᠥᠨ ᠳᠠᠭᠠᠭᠤᠯᠵᠤ ᠳᠠᠶᠢᠴᠢᠯᠠᠬᠤ | ᠪᠠᠷ ᠰᠠᠶᠢᠨ᠂ ᠠᠵᠢᠯᠯᠠᠭᠠᠨ ᠤ ᠲᠣᠭᠲᠠᠴᠠ ᠨᠢ ᠰᠠᠶᠢᠨ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠶᠴᠡᠳᠬᠡᠬᠦ᠂ | ᠠᠵᠢᠯᠲᠠᠨ ᠢᠶᠠᠨ ᠰᠠᠶᠢᠲᠤᠷ ᠰᠣᠩᠭᠤᠨ ᠪᠣᠶᠢᠵᠢᠭᠤᠯᠬᠤ᠂ ᠪᠠᠲᠤᠯᠠᠭ᠎ᠠ ᠶᠢᠨ ᠰᠢᠰᠲ᠋ᠧᠮ ᠨᠢ ᠰᠠᠶᠢᠨ ︽ᠲᠠᠪᠤᠨ ᠰᠠᠶᠢᠨ︾ | ᠢᠶᠠᠷ ᠬᠠᠷᠠᠯᠲᠠ ᠪᠣᠯᠭᠠᠵᠤ᠂ ᠲᠤᠤᠷᠴᠢᠯᠠᠭᠰᠠᠨ ᠵᠠᠰᠠᠯᠲᠠ᠂ ᠳᠠᠶᠢᠴᠢᠯᠠᠨ ᠪᠠᠶᠠᠵᠢᠬᠤ᠂ ᠦᠨᠳᠦᠰᠦᠲᠡᠨ ᠤ ᠪᠦᠯᠬᠦᠮᠳᠡᠯ | ᠢ ᠠᠬᠢᠭᠤᠯᠬᠤ ᠵᠡᠷᠭᠡ ᠲᠠᠯ᠎ᠠ ᠶᠢᠨ ᠡᠭᠦᠷᠭᠡ ᠴᠢᠳᠠᠪᠦᠷᠢ ᠶᠢᠨ ᠦᠶᠯᠡᠳᠦᠯ ᠢ ᠨᠢ ᠬᠦᠴᠦᠯᠡᠨ ᠭᠦᠨᠵᠡᠭᠡᠶᠢᠷᠡᠭᠦᠯᠵᠦ᠂ ᠨᠠᠮ | ᠤᠨ ᠭᠡᠰᠢᠭᠦᠨ ᠤ ᠭᠤᠤᠯᠳᠠᠯᠭᠠᠲᠤ ᠡᠷᠦᠬᠡ ᠶᠢ ᠳᠠᠶᠢᠴᠢᠯᠠᠨ ᠪᠠᠶᠠᠵᠢᠭᠤᠯᠬᠤ᠂ ᠬᠢᠯᠢ ᠬᠢᠵᠠᠭᠠᠷ ᠢᠶᠠᠨ | ᠲᠣᠭᠲᠠᠪᠤᠷᠢᠵᠢᠭᠤᠯᠤᠨ ᠪᠠᠬᠢᠵᠢᠭᠦᠯᠬᠦ᠂ ᠦᠨᠳᠦᠰᠦᠲᠡᠨ ᠤ ᠪᠦᠯᠬᠦᠮᠳᠡᠯ ᠤᠨ ︽ᠨᠢᠭᠡᠳᠦᠭᠡᠷ ᠬᠠᠷᠠᠭᠤᠯ ᠤᠨ ᠭᠠᠵᠠᠷ︾ | ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ | ᠤᠨ ᠪᠦᠷᠢᠨᠰᠢᠯᠲᠡ᠂ ᠦᠶᠯᠡᠴᠢᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠤᠨ᠎ᠠ᠃ | ᠡᠭᠦᠳᠦᠨ ᠪᠠᠶᠢᠭᠤᠯᠬᠤ ᠠᠵᠢᠯᠯᠠᠭ᠎ᠠ ᠶᠢ 2021 ᠣᠨ ᠠᠴᠠ ᠡᠬᠢᠯᠡᠨ᠂ 2023 ᠣᠨ ᠤ ᠰᠡᠭᠦᠯᠴᠢ ᠪᠠᠷ | ᠳᠠᠭᠤᠰᠬᠠᠵᠤ᠂ ᠵᠢᠯ ᠪᠦᠷᠢ 1 - 2 ᠰᠤᠮᠤ ᠪᠠᠯᠭᠠᠰᠤ᠂ 3 - 6 ᠭᠠᠴᠠᠭ᠎ᠠ᠂ 8 - 10 ᠨᠠᠮ ᠤᠨ ᠭᠡᠰᠢᠭᠦᠨ ᠤ | ᠭᠤᠤᠯᠳᠠᠯᠭᠠᠲᠤ ᠡᠷᠦᠬᠡ ᠶᠢ ᠠᠶᠢᠮᠠᠭ ᠤᠨ ᠲᠠᠰ ᠤᠨ ᠵᠢᠱᠢᠶ᠎ᠡ ᠦᠵᠡᠭᠦᠯᠬᠦ ᠴᠡᠭ ᠤᠨ ᠬᠤᠪᠢ ᠪᠠᠷ ᠡᠭᠦᠳᠦᠨ | ᠪᠠᠶᠢᠭᠤᠯᠤᠨ᠎ᠠ︔ ᠬᠤᠰᠢᠭᠤ ᠱᠠᠲᠤᠨ ᠤ ᠵᠢᠱᠢᠶ᠎ᠡ ᠦᠵᠡᠭᠦᠯᠬᠦ ᠴᠢᠭ ᠨᠢ ᠵᠢᠯ ᠪᠦᠷᠢ 20 % ᠪᠠᠷ ᠡᠭᠦᠳᠦᠨ | ᠪᠠᠶᠢᠭᠤᠯᠬᠤ ᠠᠵᠢᠯ ᠥᠷᠨᠢᠭᠦᠯᠵᠦ᠂ 3 ᠵᠢᠯ ᠤᠨ ᠴᠠᠭ ᠬᠤᠭᠤᠴᠠᠭ᠎ᠠ ᠶᠢ ᠬᠡᠷᠡᠭᠯᠡᠵᠦ ᠪᠠᠶᠢᠭᠠᠳ᠂ ᠪᠥᠬᠦ ᠬᠤᠰᠢᠭᠤᠨ | ᠤ 80 % ᠶᠢᠨ ᠰᠤᠮᠤ ᠪᠠᠯᠭᠠᠰᠤ᠂ 60 % ᠶᠢᠨ ᠭᠠᠴᠠᠭ᠎ᠠ᠂ 50 % ᠶᠢᠨ ᠨᠠᠮ ᠤᠨ ᠭᠡᠰᠢᠭᠦᠨ ᠤ | ᠭᠤᠤᠯᠳᠠᠯᠭᠠᠲᠤ ᠡᠷᠦᠬᠡ ᠶᠢ ᠪᠦᠬᠦᠨ ᠢ ᠡᠭᠦᠳᠦᠨ ᠪᠠᠶᠢᠭᠤᠯᠬᠤ ᠪᠠᠷᠢᠮᠵᠢᠶ᠎ᠠ ᠳᠤ ᠬᠦᠷᠭᠡᠵᠦ᠂ ᠴᠢᠭ ᠢᠶᠠᠷ ᠨᠡᠶᠢᠳᠡᠮ ᠢ | ᠳᠠᠶᠢᠴᠢᠯᠠᠨ᠂ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠪᠠᠷ ᠴᠢᠷᠮᠠᠶᠢᠵᠤ᠂ ᠮᠠᠯᠵᠢᠬᠤ ᠣᠷᠣᠨ ᠤ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ | ᠠᠬᠢᠭᠤᠯᠤᠨ᠎ᠠ᠃ ᠵᠢᠯ ᠤᠨ ᠳᠣᠲᠣᠷ᠎ᠠ᠂ ᠭᠤᠷᠪᠠᠨ ᠮᠠᠯᠵᠢᠬᠤ ᠣᠷᠣᠨ ᠤ ᠰᠤᠮᠤ ᠪᠠᠯᠭᠠᠰᠤᠨ ᠳᠤ ︽ᠬᠠᠷᠢᠯᠴᠠᠨ | ᠰᠤᠷᠤᠯᠴᠠᠵᠤ᠂ ᠬᠠᠷᠢᠯᠴᠠᠨ ᠪᠠᠶᠢᠴᠠᠭᠠᠵᠤ᠂ ᠬᠠᠷᠢᠯᠴᠠᠨ ᠦᠨᠡᠯᠡᠵᠦ᠂ ᠬᠠᠷᠢᠯᠴᠠᠨ ᠠᠬᠢᠭᠤᠯᠬᠤ︾ ᠮᠠᠯᠵᠢᠬᠤ ᠣᠷᠣᠨ | ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠰᠢᠯᠭᠠᠷᠠᠭᠤᠯᠤᠯᠲᠠ ᠶᠢᠨ ᠠᠵᠢᠯᠯᠠᠭ᠎ᠠ ᠥᠷᠨᠢᠭᠦᠯᠵᠦ᠂ | ᠬᠤᠷᠠᠯ ᠢᠶᠠᠷ ᠡᠭᠦᠳᠦᠨ ᠪᠦᠲᠦᠭᠡᠬᠦ ᠶᠢ ᠠᠬᠢᠭᠤᠯᠵᠤ᠂ ᠬᠤᠷᠠᠯ ᠢᠶᠠᠷ ᠪᠠᠶᠢᠭᠤᠯᠤᠯᠲᠠ ᠶᠢ ᠠᠬᠢᠭᠤᠯᠤᠨ᠎ᠠ᠃ | ᠬᠤᠶᠠᠷ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠰᠤᠮᠤ ᠪᠠᠯᠭᠠᠰᠤᠨ ᠤ ᠨᠠᠮ ᠤᠨ ᠬᠤᠷᠢᠶᠠᠨ ᠤ ︽ᠳᠠᠭᠠᠭᠤᠯᠤᠭᠴᠢ︾ ᠶᠢ ᠰᠢᠯᠢᠳᠡᠭᠵᠢᠭᠦᠯᠵᠦ᠂ | ᠬᠥᠳᠡᠯᠭᠡᠭᠦᠷ ᠤᠨ ᠦᠶᠯᠡᠳᠦᠯ ᠢ ᠪᠠᠳᠠᠷᠠᠭᠤᠯᠣᠨ᠎ᠠ | 1. ᠣᠯᠣᠰ ᠲᠦᠷᠦ ᠶᠢᠨ ᠴᠢᠳᠠᠮᠵᠢ ᠰᠢᠯᠢᠳᠡᠭ᠃ ᠨᠠᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ | ᠦᠨᠳᠦᠰᠦᠲᠡᠨ ᠤ ᠪᠦᠯᠬᠦᠮᠳᠡᠯ ᠤᠨ ᠳᠠᠪᠰᠢᠯᠲᠠ ᠶᠢ ᠠᠬᠢᠭᠤᠯᠵᠤ᠂ ᠤᠯᠤᠰ ᠲᠥᠷᠥ ᠶᠢᠨ ᠪᠠᠶᠢᠭᠤᠯᠤᠯᠲᠠ ᠶᠢ | ᠳᠣᠪᠣᠶᠢᠯᠭᠠᠨ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ | ᠲᠠᠢ ᠤᠶᠠᠯᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ | ᠢ ᠪᠠᠲᠤ ᠴᠣᠭᠴᠠᠯᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠮᠠᠯᠵᠢᠬᠤ ᠣᠷᠣᠨ ᠤ ᠨᠠᠮ ᠤᠨ ᠭᠡᠰᠢᠭᠦᠨ ᠺᠠᠳ᠋ᠷ ᠢ | ᠪᠦᠬᠦᠨ ᠢ ᠬᠠᠮᠤᠷᠬᠤ ᠬᠥᠮᠦᠵᠢᠯ ᠪᠣᠯᠪᠠᠰᠤᠷᠠᠯ ᠢ ᠥᠷᠨᠢᠭᠦᠯᠵᠦ᠂ ᠬᠥᠲᠥᠯᠥᠨ ᠵᠢᠯᠣᠭᠤᠳᠴᠤ ᠪᠠᠶᠢᠭᠠᠳ ︽ᠳᠥᠷᠪᠡᠨ | ᠤᠬᠠᠮᠰᠠᠷ︾ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ ᠢ ᠪᠠᠲᠤᠳᠬᠠᠵᠤ᠂ ︽ᠳᠥᠷᠪᠡᠨ ᠳᠠᠭᠠᠬᠤ︾ ᠶᠢ | ᠪᠡᠶᠡᠯᠡᠭᠦᠯᠦᠨ᠎ᠡ᠃ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠮᠤ ᠪᠠᠯᠭᠠᠰᠤᠨ ᠤ ᠬᠤᠭᠤᠴᠠᠭ᠎ᠠ | ᠰᠣᠯᠢᠬᠤ ᠲᠠᠢ ᠤᠶᠠᠯᠳᠤᠭᠤᠯᠤᠨ᠂ ᠤᠳᠤᠷᠢᠳᠬᠤ ᠪᠠᠭ ᠤᠨ ᠪᠦᠷᠢᠯᠳᠦᠬᠦᠨ ᠳᠤ ᠰᠢᠯᠢᠳᠡᠭ ᠢ ᠨᠢ ᠰᠣᠩᠭᠤᠨ | ᠲᠣᠬᠢᠷᠠᠭᠤᠯᠵᠤ᠂ ᠣᠨᠴᠠᠭᠠᠶᠢᠯᠠᠨ ᠨᠠᠮ ᠵᠠᠰᠠᠭ ᠤᠨ ᠵᠢᠩᠬᠢᠨᠢ ᠲᠤᠰᠢᠶᠠᠯᠲᠠᠨ ᠤ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ᠎ᠠ᠃ ᠲᠣᠰᠢᠶᠠᠯ ᠢᠶᠠᠨ ᠬᠦᠢᠴᠡᠳᠭᠡᠨ᠂ ᠴᠢᠳᠠᠪᠤᠷᠢ ᠪᠠᠨ ᠥᠷᠭᠡᠳᠬᠡᠬᠦ ᠶᠢ ᠠᠬᠢᠭᠤᠯᠤᠨ᠂ ᠰᠤᠮᠤ | ᠪᠠᠯᠭᠠᠰᠤᠨ ᠤ ᠨᠠᠮ ᠤᠨ ᠬᠤᠷᠢᠶᠠᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠲᠣᠳᠤᠷᠬᠠᠶᠢᠯᠠᠨ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠣᠯᠠᠨ ᠨᠡᠶᠢᠲᠡ ᠶᠢᠨ ᠦᠶᠯᠡᠴᠢᠯᠡᠭᠡᠨ ᠤ | ᠵᠦᠶᠯᠡᠰ ᠤᠨ ᠨᠠᠷᠢᠨ ᠬᠠᠭᠤᠳᠠᠰᠤ ᠶᠢ ᠪᠦᠷᠢᠨᠰᠢᠭᠦᠯᠦᠨ ᠲᠠᠭᠦᠯᠳᠡᠷᠵᠢᠬᠦᠯᠵᠦ ᠂ ︽ ᠵᠢᠷᠭᠤᠭᠠᠨ ᠠᠯᠪᠠᠨ ᠭᠡᠷ | ᠭᠤᠷᠪᠠᠨ ᠲᠥᠪ︾ ᠢ ᠰᠢᠯᠢᠳᠡᠭᠵᠢᠭᠦᠯᠦᠨ ᠪᠠᠶᠢᠭᠤᠯᠤᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠤᠨ | ᠠᠯᠪᠠᠨ ᠬᠡᠷ ᠢ ᠴᠢᠩᠭᠠᠳᠬᠠᠵᠦ᠂ ᠡᠷᠬᠢᠯᠡᠭᠴᠢ ᠶᠢ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠲᠤᠰᠬᠠᠶ | ᠲᠤᠰᠢᠶᠠᠯᠲᠤ ᠳᠡᠳ᠋ ᠱᠦᠵᠢ ᠬᠠᠪᠰᠤᠷᠭᠠᠨ ᠬᠠᠷᠢᠭᠤᠴᠠᠵᠦ᠂ ᠳᠡᠳ᠋ ᠡᠷᠬᠢᠯᠡᠭᠴᠢ ᠶᠢ ᠵᠣᠬᠢᠶᠠᠨ ᠪᠠᠶᠢᠭᠤᠯᠬᠤ ᠭᠡᠰᠢᠭᠦᠨ | ᠬᠠᠪᠰᠤᠷᠭᠠᠨ ᠬᠠᠷᠢᠭᠤᠴᠠᠵᠦ᠂ 1 — 2 ᠠᠵᠢᠯᠲᠠᠨ ᠲᠣᠬᠢᠷᠠᠭᠤᠯᠣᠨ᠂ ᠰᠤᠮᠤ ᠪᠠᠯᠭᠠᠰᠤᠨ ᠤ ᠪᠠᠭ ᠤᠨ | ᠪᠦᠷᠢᠯᠳᠦᠬᠦᠨ ᠢ ︽ᠭᠠᠴᠠᠭ᠎ᠠ ᠶᠢ ᠳᠠᠭᠠᠭᠠᠴᠢᠯᠠᠨ ᠬᠤᠯᠪᠣᠭᠠᠯᠠᠬᠤ︾ ᠠᠴᠠ ︽ᠭᠠᠴᠠᠭᠠᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠳᠠᠭᠠᠭᠠᠴᠢᠯᠠᠨ ᠬᠤᠯᠪᠣᠭᠠᠯᠠᠬᠤ︾ ᠪᠣᠯᠭᠠᠨ ᠬᠤᠪᠢᠷᠠᠭᠤᠯᠬᠤ ᠶᠢ ᠠᠬᠢᠭᠤᠯᠤᠨ᠂ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠢ ᠪᠠᠶᠢᠭᠤᠯᠤᠨ᠎ᠠ᠂ ᠰᠤᠮᠤ ᠪᠠᠯᠭᠠᠰᠤᠨ ᠤ | ᠳᠠᠭᠠᠭᠠᠴᠢᠯᠠᠨ ᠬᠠᠷᠢᠯᠴᠠᠬᠤ ᠤᠳᠤᠷᠢᠳᠤᠯᠭ᠎ᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠪᠥᠬᠦ ᠶᠠᠪᠤᠴᠠ ᠶᠢ ᠵᠢᠯᠣᠭᠤᠳᠬᠤ ᠳᠤ ᠣᠷᠣᠯᠴᠠᠭᠰᠠᠨ ᠲᠤᠬᠠᠶ | ᠪᠣᠳᠠᠲᠤ ᠲᠡᠮᠳᠡᠭᠯᠡᠯ ᠬᠢᠬᠦ ᠶᠢ ᠬᠡᠷᠡᠭᠵᠢᠬᠦᠯᠦᠨ᠎ᠠ᠂ ᠭᠤᠣᠯᠳᠠᠯᠭ᠎ᠠ ᠶᠢ ᠳᠣᠷᠣᠭᠰᠢ ᠰᠢᠯᠵᠢᠭᠦᠯᠵᠦ᠂ ᠬᠦᠴᠦ ᠶᠢ | ᠳᠣᠷᠤᠭᠰᠢ ᠪᠠᠭᠤᠯᠭᠠᠨ᠂ ᠪᠠᠲᠤᠯᠠᠭ᠎ᠠ ᠶᠢ ᠳᠣᠷᠣᠭᠰᠢ ᠬᠡᠯᠪᠡᠶᠢᠯᠬᠡᠵᠦ᠂ ᠠᠵᠢᠯᠯᠠᠭᠠᠨ ᠤ ᠲᠣᠭᠲᠠᠴᠠ ᠶᠢ | ᠪᠦᠷᠢᠨᠰᠢᠭᠦᠯᠦᠨ᠎ᠡ᠃ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠨᠢ ᠨᠠᠮ ᠤᠨ ᠬᠤᠷᠢᠶᠠᠨ ᠤ ᠬᠡᠷᠡᠭ ᠵᠥᠪᠯᠡᠬᠦ | ᠰᠢᠶᠳᠪᠦᠷᠢᠲᠦ ᠪᠣᠳᠣᠯᠭ᠎ᠠ ᠲᠣᠭᠲᠠᠭᠠᠬᠤ ᠬᠦᠷᠢᠶ᠎ᠡ ᠬᠡᠪᠴᠢᠶ᠎ᠡ᠂ ᠲᠠᠰ ᠳᠠᠷᠠᠭᠠᠯᠠᠯ ᠪᠠ ᠬᠠᠷᠢᠭᠤᠴᠠᠯᠭ᠎ᠠ ᠨᠡᠬᠡᠮᠵᠢᠯᠡᠬᠦ | ᠲᠦᠷᠢᠮ ᠢ ᠲᠣᠳᠣᠷᠬᠠᠶ ᠨᠠᠷᠢᠯᠢᠭᠵᠢᠭᠤᠯᠵᠤ᠂ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠳᠤᠭᠤᠶᠢᠯᠠᠩ | ᠤᠨ ᠰᠤᠷᠤᠯᠴᠠᠯᠭ᠎ᠠ᠂ ᠰᠡᠳᠬᠢᠯ ᠤᠨ ᠦᠭᠡ ᠪᠠᠨ ᠶᠠᠷᠢᠯᠴᠠᠬᠤ᠂ ᠠᠷᠠᠳᠴᠢᠯᠠᠯ ᠠᠮᠢᠳᠤᠷᠠᠯ ᠤᠨ ᠬᠤᠷᠠᠯ᠂ ᠨᠠᠮ ᠤᠨ | ᠬᠤᠷᠢᠶᠠᠨ ᠠᠴᠠ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠪᠠᠶᠢᠭᠤᠯᠤᠯᠲᠠ ᠶᠢ ᠠᠳᠬᠤᠬᠤ ᠵᠢᠴᠢ ᠣᠯᠠᠨ | ᠲᠦᠮᠡᠨ ᠲᠠᠢ ᠬᠠᠷᠢᠯᠴᠠᠵᠤ ᠦᠶᠯᠡᠴᠢᠯᠡᠬᠦ ᠵᠡᠷᠭᠡ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠶᠳᠪᠦᠷᠢᠲᠦ | ᠪᠣᠳᠣᠯᠭ᠎ᠠ ᠨᠢ ᠠᠷᠠᠳᠴᠢᠯᠠᠯ ᠲᠠᠢ᠂ ᠠᠵᠢᠯ ᠤᠨ ᠬᠤᠪᠢᠶᠠᠷᠢᠯᠠᠯ ᠨᠢ ᠵᠦᠶ ᠵᠣᠬᠢᠰᠲᠠᠶ᠂ ᠬᠢᠨᠠᠯᠲᠠ ᠨᠢ ᠥᠨᠳᠥᠷ | ᠪᠦᠲᠦᠮᠵᠢᠲᠡᠶ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠠᠵᠢᠯᠯᠠᠭᠠᠨ ᠤ ᠲᠣᠭᠲᠠᠴᠠ ᠶᠢ ᠠᠯᠬᠤᠮ ᠠᠯᠬᠤᠮ ᠢᠶᠠᠷ | ᠪᠠᠶᠢᠭᠤᠯᠤᠨ᠎ᠠ᠃ | 2 . ᠵᠣᠬᠢᠶᠠᠨ ᠪᠠᠶᠢᠭᠤᠯᠤᠯᠲᠠ ᠶᠢᠨ ᠴᠢᠳᠠᠮᠵᠢ ᠰᠢᠯᠢᠳᠡᠭ᠃ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ | ᠪᠣᠳᠠᠲᠠᠶᠢᠵᠢᠭᠤᠯᠵᠤ᠂ ᠰᠤᠮᠤ ᠪᠠᠯᠭᠠᠰᠤᠨ ᠤ ᠨᠠᠮ ᠤᠨ ᠬᠤᠷᠢᠶ᠎ᠠ ᠠᠴᠠ ᠦᠪᠡᠷ ᠤᠨ ᠬᠠᠷᠢᠶᠠᠨ ᠳᠠᠬᠢ ᠭᠠᠴᠠᠭ᠎ᠠ | ᠱᠠᠲᠤᠨ ᠤ ᠵᠣᠬᠢᠶᠠᠨ ᠪᠠᠶᠢᠭᠤᠯᠤᠯᠲᠠ᠂ ᠵᠠᠰᠠᠭ ᠤᠨ ᠡᠷᠬᠡᠲᠦ ᠪᠠᠶᠢᠭᠤᠯᠭ᠎ᠠ᠂ ᠣᠯᠠᠨ ᠲᠦᠮᠡᠨ ᠤ ᠪᠦᠯᠬᠦᠮ ᠤᠨ | ᠵᠣᠬᠢᠶᠠᠨ ᠪᠠᠶᠢᠭᠤᠯᠤᠯᠲᠠ ᠵᠢᠴᠢ ᠪᠤᠰᠤᠳ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ | ᠰᠢᠨ᠎ᠡ ᠶᠢ ᠡᠭᠦᠳᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠴᠢᠩᠭᠠᠳᠬᠠᠵᠤ᠂ ᠮᠠᠯᠴᠢᠨ ᠲᠠᠷᠢᠶᠠᠴᠢᠨ ᠤ | ᠲᠤᠰᠬᠠᠶ ᠬᠤᠷᠰᠢᠶᠠᠵᠢᠯ᠂ ᠲᠤᠰᠬᠠᠶ ᠨᠡᠶᠢᠭᠡᠮᠯᠢᠭ᠂ ᠠᠵᠤ ᠦᠶᠯᠡᠰ ᠤᠨ ᠬᠡᠯᠬᠢᠶᠡᠨ ᠳᠡᠭᠡᠷ᠎ᠡ ᠨᠠᠮ ᠤᠨ ᠵᠣᠬᠢᠶᠠᠨ | ᠪᠠᠶᠢᠭᠤᠯᠤᠯᠲᠠ ᠪᠠᠶᠢᠭᠤᠯᠬᠤ ᠠᠷᠭ᠎ᠠ ᠶᠢ ᠬᠡᠷᠡᠭᠵᠢᠭᠦᠯᠵᠦ᠂ ᠣᠷᠣᠨ ᠪᠦᠰᠡ ᠶᠢᠨ ᠳᠣᠲᠣᠷᠠᠬᠢ ᠨᠠᠮ ᠤᠨ ᠵᠣᠬᠢᠶᠠᠨ | ᠪᠠᠶᠢᠭᠤᠯᠤᠯᠲᠠ ᠪᠠ ᠠᠵᠢᠯ ᠤᠨ ᠪᠦᠷᠬᠦᠴᠡ ᠶᠢ ᠪᠡᠶᠡᠯᠡᠭᠦᠯᠵᠦ᠂ ᠬᠠᠷᠢᠶᠠᠨ ᠳᠠᠬᠢ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠨᠢᠭᠡᠪᠦᠷᠢ ᠶᠢ ᠴᠥᠮ ᠥᠷᠭᠡᠨ ᠣᠯᠠᠨ ᠺᠠᠳ᠋ᠷ ᠣᠯᠠᠨ ᠲᠦᠮᠡᠨ ᠢ ᠳᠠᠶᠢᠴᠢᠯᠠᠨ ᠨᠠᠮ ᠤᠨ | ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠪᠠᠲᠤ ᠴᠢᠩᠭ᠎ᠠ ᠬᠦᠴᠦᠨ ᠪᠣᠯᠭᠠᠵᠤ | ᠂ ᠬᠠᠭᠠᠴᠠᠭᠤᠯᠬᠤ ᠶᠢ ᠡᠰᠡᠷᠭᠦᠴᠡᠬᠦ ᠲᠡᠮᠡᠴᠡᠯ ᠤᠨ ᠪᠠᠬᠢᠯᠡᠯᠲᠡ᠂ ᠦᠨᠳᠦᠰᠦᠲᠡᠨ ᠤ ᠪᠦᠯᠬᠦᠮᠳᠡᠯ ᠤᠨ ᠠᠵᠢᠯ ᠤᠨ | ᠠᠩᠭᠢ᠂ ᠣᠯᠠᠨ ᠲᠦᠮᠡᠨ ᠤ ᠪᠠᠶᠠᠵᠢᠯ ᠤᠨ ᠳᠠᠭᠠᠭᠤᠯᠤᠭᠴᠢ ᠪᠣᠯᠭᠠᠬᠤ ᠬᠡᠷᠡᠭᠲᠡᠶ᠃ ᠨᠠᠮ ᠤᠨ ᠪᠠᠶᠢᠭᠤᠯᠤᠯᠲᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ | ᠵᠢᠯ ᠪᠦᠷᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠣᠨ ᠤ ᠭᠤᠤᠯᠳᠠᠯᠭ᠎ᠠ ᠲᠠᠢ ᠡᠭᠦᠷᠭᠡ ᠶᠢᠨ | ᠲᠣᠭᠤᠷᠢᠨ ᠳᠤ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ | ᠠᠳᠬᠤᠬᠤ ᠡᠭᠦᠷᠭᠡ ᠶᠢᠨ ᠨᠠᠷᠢᠨ ᠲᠠᠩᠰᠠ ᠶᠢ ᠨᠠᠷᠢᠯᠢᠭᠵᠢᠭᠤᠯᠤᠨ ᠲᠣᠳᠣᠷᠬᠠᠶᠢᠯᠠᠵᠤ᠂ ᠠᠵᠢᠯ ᠤᠨ ᠬᠠᠷᠠᠯᠲᠠ᠂ | ᠡᠭᠦᠷᠭᠡ ᠶᠢᠨ ᠬᠤᠪᠢᠶᠠᠷᠢᠯᠠᠯ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠡᠯ᠎ᠡ ᠵᠦᠶᠯ ᠤᠨ | ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠰᠤᠮᠤ ᠪᠠᠯᠭᠠᠰᠤᠨ ᠤ ᠨᠠᠮ ᠤᠨ ᠬᠤᠷᠢᠶᠠᠨ ᠤ | ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠱᠦᠵᠢ ᠠᠴᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠥᠷᠥᠯ ᠵᠦᠶᠯ ᠢ | ᠳᠠᠭᠠᠭᠤᠯᠤᠨ ᠭᠦᠶᠴᠡᠳᠬᠡᠬᠦ ᠠᠷᠭ᠎ᠠ ᠬᠡᠯᠪᠡᠷᠢ ᠶᠢ ᠠᠪᠴᠤ᠂ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠶᠢᠨ ᠵᠢᠯ ᠪᠦᠷᠢ 1 ᠠᠴᠠ 2 ᠭᠤᠤᠯᠳᠠᠯᠭ᠎ᠠ ᠲᠠᠢ ᠨᠠᠮ ᠤᠨ ᠪᠠᠶᠢᠭᠤᠯᠤᠯᠲᠠ ᠶᠢᠨ ᠲᠥᠷᠥᠯ ᠵᠦᠶᠯ ᠢ ᠳᠠᠭᠠᠭᠤᠯᠤᠨ | ᠭᠦᠶᠴᠡᠳᠬᠡᠬᠦ ᠶᠢ ᠪᠠᠲᠤᠯᠠᠵᠤ᠂ 1 ᠲᠣᠷᠣᠶ ᠪᠠᠭᠤᠷᠠᠶ ᠰᠤᠯᠠ ᠵᠠᠳᠠᠭᠠᠶ ᠭᠠᠴᠠᠭᠠᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠳᠠᠭᠠᠭᠠᠴᠢᠯᠠᠨ ᠬᠠᠷᠢᠯᠴᠠᠨ᠎ᠠ᠃ ᠭᠠᠴᠠᠭ᠎ᠠ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠪᠣᠳᠠᠲᠠᠶᠢᠵᠢᠭᠤᠯᠬᠤ ᠶᠢ ᠠᠳᠬᠤᠵᠤ᠂ ︽ᠨᠢᠭᠡ ᠬᠠᠷᠢᠭᠤᠴᠠᠯᠭ᠎ᠠ᠂ ᠵᠢᠷᠭᠤᠭᠠᠨ ᠪᠣᠳᠠᠲᠤ ᠶᠠᠪᠤᠳᠠᠯ︾ | ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠠᠳᠬᠤᠬᠤ ᠰᠢᠭᠤᠳ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠭᠠᠴᠠᠭᠠᠨ ᠤ | ᠳᠠᠭᠠᠭᠤᠯᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠨ᠂ ᠭᠠᠴᠠᠭᠠᠨ ᠤ ᠬᠠᠮᠲᠤ ᠶᠢᠨ ᠠᠵᠤ | ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠠᠯᠭᠠᠵᠦ᠂ ᠨᠠᠮ ᠪᠠ ᠣᠯᠠᠨ | ᠲᠦᠮᠡᠨ ᠳᠤ ᠦᠢᠯᠡᠴᠢᠯᠡᠬᠦ ᠲᠥᠪ ᠤᠨ ᠪᠠᠶᠢᠭᠤᠯᠤᠯᠲᠠ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ | ᠲᠣᠣᠷᠴᠢᠯᠠᠭᠰᠠᠨ ᠵᠠᠰᠠᠯᠲᠠ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠬᠢᠨᠠᠯᠲᠠ ᠵᠡᠷᠭᠡ ᠵᠢᠷᠭᠤᠭᠠᠨ ᠪᠣᠳᠠᠲᠤ | ᠶᠠᠪᠤᠳᠠᠯ ᠢ ᠬᠥᠲᠥᠯᠥᠨ ᠳᠠᠭᠠᠭᠤᠯᠵᠤ᠂ ᠵᠢᠯ ᠤᠨ ᠡᠬᠢᠨ ᠳᠤ ᠬᠠᠷᠠᠯᠲᠠ ᠲᠣᠭᠲᠠᠭᠠᠨ᠂ ᠬᠠᠭᠠᠰ ᠵᠢᠯ ᠳᠤ | ᠰᠢᠮᠳᠠᠭᠤᠯᠤᠨ ᠨᠠᠶᠢᠳᠠᠪᠤᠷᠢᠵᠢᠭᠤᠯᠵᠤ᠂ ᠵᠢᠯ ᠤᠨ ᠡᠴᠦᠰ ᠲᠤ ᠲᠤᠰᠢᠶᠠᠯ ᠤᠨ ᠮᠡᠳᠡᠭᠦᠯᠦᠯᠲᠡ ᠬᠢᠵᠦ ᠦᠨᠡᠯᠡᠨ | ᠰᠢᠯᠭᠠᠵᠦ᠂ ᠠᠵᠢᠯ ᠢ ᠨᠠᠶᠢᠳᠠᠪᠣᠷᠢᠵᠢᠭᠤᠯᠬᠤ ᠶᠢ ᠠᠬᠢᠭᠤᠯᠤᠨ᠎ᠠ᠃ | 3 . ᠦᠢᠯᠡᠴᠢᠯᠡᠭᠡᠨ ᠤ ᠴᠢᠳᠠᠮᠵᠢ ᠨᠢ ᠰᠢᠯᠢᠳᠡᠭ᠃ ᠰᠤᠮᠤ ᠪᠠᠯᠭᠠᠰᠣ ᠱᠠᠲᠤᠨ ᠤ ᠨᠠᠮ ᠪᠠ ᠣᠯᠠᠨ ᠲᠦᠮᠡᠨ | ᠳᠤ ᠦᠢᠯᠡᠴᠢᠯᠡᠬᠦ ᠲᠥᠪ ᠤᠨ ᠪᠠᠶᠢᠭᠤᠯᠤᠯᠲᠠ ᠶᠢ ᠳᠦᠷᠢᠮᠵᠢᠭᠦᠯᠵᠦ᠂ ᠪᠠᠶᠢᠭᠤᠯᠤᠮᠵᠢ ᠶᠢᠨ ᠥᠭᠡᠷᠡᠴᠢᠯᠡᠯᠲᠡ ᠲᠠᠢ | ᠤᠶᠠᠯᠳᠤᠭᠤᠯᠤᠨ᠂ ︽ᠵᠢᠷᠭᠤᠭᠠᠨ ᠠᠯᠪᠠᠨ ᠬᠡᠷ ᠭᠤᠷᠪᠠᠨ ᠲᠥᠪ︾ ᠤᠨ ᠡᠭᠦᠷᠭᠡ ᠴᠢᠳᠠᠪᠬᠢ ᠶᠢ ᠭᠦᠶᠴᠡᠳ | ᠨᠢᠭᠡᠳᠭᠡᠵᠦ᠂ ᠶᠡᠷᠦᠩᠬᠡᠶᠢᠯᠡᠭᠰᠡᠨ ᠦᠶᠯᠡᠴᠢᠯᠡᠭᠡ᠂ ᠨᠠᠮ ᠤᠨ ᠭᠡᠰᠢᠭᠦᠨ ᠤ ᠦᠶᠯᠡᠴᠢᠯᠡᠭᠡ ᠵᠡᠷᠭᠡ 7 ᠠᠵᠢᠯ ᠶᠠᠪᠤᠳᠠᠯ | ᠬᠦᠢᠴᠡᠳᠭᠡᠬᠦ ᠴᠤᠩᠬᠤ ᠶᠢ ᠨᠢᠭᠡᠳᠦᠯᠲᠡᠶ ᠵᠢᠷᠤᠮᠵᠢᠭᠤᠯᠤᠨ ᠲᠣᠬᠢᠷᠠᠭᠤᠯᠵᠤ᠂ ᠦᠨᠳᠦᠰᠦᠨ ᠱᠠᠲᠤᠨ ᠤ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠵᠦᠶᠯᠡᠰ ᠢ ᠨᠠᠮ ᠪᠠ ᠣᠯᠠᠨ ᠲᠦᠮᠡᠨ ᠳᠤ ᠦᠢᠯᠡᠴᠢᠯᠡᠬᠦ ᠲᠥᠪ | ᠲᠤ ᠣᠷᠣᠭᠤᠯᠤᠨ ᠲᠥᠪᠯᠡᠷᠡᠭᠦᠯᠦᠨ ᠭᠦᠶᠴᠡᠳᠬᠡᠵᠦ᠂ ᠨᠠᠮ ᠤᠨ ᠶᠠᠪᠤᠳᠠᠯ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ | ᠤ ᠵᠦᠶᠯᠡᠰ᠂ ᠠᠵᠢᠯ ᠶᠠᠪᠤᠳᠠᠯ ᠭᠦᠶᠴᠡᠳᠬᠡᠬᠦ ᠶᠠᠪᠤᠴᠠ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠡᠷᠭᠡ ︽ᠭᠤᠷᠪᠠᠨ | ᠵᠦᠶᠯ ᠤᠨ ᠨᠠᠷᠢᠨ ᠲᠠᠩᠰᠠ︾ ᠶᠢ ᠲᠣᠳᠣᠷᠬᠠᠶᠢᠯᠠᠵᠤ᠂ ︽ᠨᠢᠭᠡ ᠥᠷᠲᠡᠭᠡ ᠮᠠᠶ᠋ᠢᠭ ᠤᠨ ᠦᠶᠯᠡᠴᠢᠯᠡᠭᠡ︾ ᠶᠢ ︽ | ᠨᠢᠭᠡ ᠡᠭᠦᠳᠡ ᠪᠠᠷ ᠭᠦᠶᠴᠡᠳᠬᠡᠬᠦ︾ ᠶᠢ ᠬᠡᠷᠡᠭᠵᠢᠭᠦᠯᠦᠨ᠎ᠡ᠃ ᠦᠢᠯᠡᠴᠢᠯᠡᠭᠡ ᠬᠠᠩᠭᠠᠬᠤ ᠠᠷᠭ᠎ᠠ ᠮᠠᠶ᠋ᠢᠭ ᠲᠤ ᠰᠢᠨ᠎ᠡ | ᠶᠢ ᠡᠭᠦᠳᠴᠦ᠂ ᠨᠡᠶᠢᠭᠡᠮᠴᠢᠯᠡᠭᠰᠡᠨ᠂ ᠵᠠᠬ᠎ᠠ ᠳᠡᠯᠭᠡᠭᠦᠷᠴᠢᠯᠡᠭᠰᠡᠨ ᠣᠯᠠᠨ ᠨᠡᠶᠢᠲᠡ ᠶᠢᠨ ᠲᠤᠰᠬᠠᠶ ᠦᠢᠯᠡᠴᠢᠯᠡᠭᠡᠨ ᠤ | ᠪᠦᠯᠬᠦᠮ ᠨᠡᠶᠢᠲᠡ ᠶᠢ ᠪᠠᠶᠢᠭᠤᠯᠤᠨ᠂ ᠲᠣᠭᠲᠠᠮᠠᠯ + ᠨᠡᠭᠦᠳᠡᠯ ᠦᠢᠯᠡᠴᠢᠯᠡᠭᠡᠨ ᠤ ᠵᠠᠭᠪᠤᠷ ᠢ ᠬᠡᠷᠡᠭᠯᠡᠵᠦ᠂ ︽ | ᠶᠡᠷᠦᠩᠬᠡᠶ ᠰᠠᠯᠠᠭᠠᠨ ᠤ ᠬᠡᠯᠪᠡᠷᠢ︾ ᠶᠢᠨ ᠦᠢᠯᠡᠴᠢᠯᠡᠭᠡ ᠶᠢ ᠰᠠᠶᠢᠲᠤᠷ ᠬᠢᠵᠦ᠂ ︽ᠬᠠᠯᠠᠭᠤᠨ ᠳᠣᠳᠣᠨᠣ ᠰᠡᠳᠬᠢᠯᠭᠡ︾ | ᠶᠢᠨ ᠦᠢᠯᠡᠴᠢᠯᠡᠭᠡ ᠶᠢ ᠥᠷᠨᠢᠭᠦᠯᠦᠨ᠂ ︽ᠪᠦᠬᠦ ᠬᠡᠯᠬᠢᠶ᠎ᠡ︾ ᠶᠢᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ | ᠠᠮᠢᠳᠤᠷᠠᠯ ᠢ ᠲᠠᠭᠠᠯᠠᠮᠵᠢᠲᠠᠶ ᠪᠣᠯᠭᠠᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠥᠨᠳᠥᠷ ᠦᠷ᠎ᠡ | ᠪᠦᠲᠦᠮᠵᠢᠲᠡᠶ ᠪᠣᠯᠭᠠᠨ᠎ᠠ᠃ ᠣᠶᠤᠨᠴᠢ ᠨᠠᠮ ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ᠪᠠᠶᠢᠭᠤᠯᠤᠯᠲᠠ ᠶᠢ | ᠴᠢᠩᠭᠠᠳᠬᠠᠵᠤ᠂ ᠰᠦᠯᠵᠢᠶᠡᠨ ᠤ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠶᠴᠡᠳ ᠬᠡᠷᠡᠭᠯᠡᠨ᠂ | ︽ᠨᠠᠮ ᠣᠯᠠᠨ ᠲᠦᠮᠡᠨ ᠤ ᠰᠡᠳᠬᠢᠯ ᠬᠤᠯᠪᠣᠬᠤ ᠬᠥᠭᠦᠷᠭᠡ︾᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ | ᠳᠥᠷᠪᠡᠨ ᠱᠠᠲᠤ ᠶᠢ ᠨᠢᠭᠡ ᠴᠣᠭᠴᠠᠯᠠᠬᠤ︾ ᠵᠡᠷᠭᠡ ᠲᠠᠪᠴᠠᠩ ᠳᠤ ᠲᠦᠰᠢᠭᠯᠡᠵᠦ᠂ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠬᠠᠩᠭᠠᠨ᠎ᠠ᠃ ᠣᠯᠠᠨ ᠲᠦᠮᠡᠨ ᠲᠠᠢ | ᠬᠠᠷᠢᠯᠴᠠᠵᠤ ᠦᠶᠯᠡᠴᠢᠯᠡᠬᠦ ᠪᠠᠶᠢᠩᠭᠤ ᠶᠢᠨ ᠲᠣᠭᠲᠠᠴᠠ ᠶᠢ ᠪᠠᠶᠢᠭᠤᠯᠵᠤ᠂ ︽ᠪᠢ ᠣᠯᠠᠨ ᠲᠦᠮᠡᠨ ᠳᠤ ᠪᠣᠳᠠᠳᠠᠢ | ᠠᠵᠢᠯ ᠬᠢᠬᠦ︾ ᠪᠠᠷ ᠠᠴᠢᠶᠠᠯᠠᠪᠤᠷᠢ ᠪᠣᠯᠭᠠᠨ᠂ ᠬᠤᠰᠢᠭᠤᠨ ᠤ ᠭᠠᠵᠠᠷ ᠤᠨ ᠲᠠᠰ ᠤᠨ ᠤᠳᠤᠷᠢᠳᠤᠯᠭ᠎ᠠ ᠠᠴᠠ | ᠭᠠᠴᠠᠭ᠎ᠠ ᠲᠠᠢ ᠬᠠᠷᠢᠴᠠᠨ᠂ ᠡᠷᠦᠬᠡ ᠳᠤ ᠣᠷᠣᠵᠦ᠂ ᠰᠤᠮᠤ ᠪᠠᠯᠭᠠᠰᠤᠨ ᠤ ᠤᠳᠤᠷᠢᠳᠬᠤ ᠪᠠᠭ ᠤᠨ ᠭᠡᠰᠢᠭᠦᠨ | ᠭᠠᠴᠠᠭ᠎ᠠ ᠶᠢ ᠳᠠᠭᠠᠭᠠᠴᠢᠯᠠᠨ ᠡᠷᠦᠬᠡ ᠬᠤᠯᠪᠣᠭᠠᠯᠠᠬᠤ ᠲᠦᠷᠢᠮ ᠢ ᠨᠠᠶᠢᠳᠠᠪᠤᠷᠢᠵᠢᠭᠤᠯᠵᠤ᠂ ᠰᠤᠮᠤ ᠪᠠᠯᠭᠠᠰᠤᠨ ᠤ ᠨᠠᠮ | ᠤᠨ ᠬᠤᠷᠢᠶᠠᠨ ᠤ ᠱᠦᠵᠢ ᠵᠢᠯ ᠪᠦᠷᠢ ᠬᠠᠷᠢᠶᠠᠨ ᠳᠠᠬᠢ ᠭᠠᠴᠠᠭ᠎ᠠ ᠪᠠ ᠬᠦᠴᠢᠷᠳᠡᠯᠲᠡᠶ ᠡᠷᠦᠬᠡ ᠪᠠᠷ ᠶᠠᠪᠤᠵᠤ᠂ ᠰᠤᠮᠤ | ᠪᠠᠯᠭᠠᠰᠤᠨ ᠤ ᠺᠠᠳ᠋ᠷ ᠵᠢᠯ ᠪᠦᠷᠢ ᠭᠠᠴᠠᠭ᠎ᠠ ᠶᠢᠨ ᠪᠥᠬᠦ ᠮᠠᠯᠵᠢᠬᠤ ᠡᠷᠦᠬᠡ ᠪᠠᠷ ᠶᠠᠪᠤᠬᠤ ᠶᠢ ᠨᠠᠶᠢᠳᠠᠪᠤᠷᠢᠵᠢᠭᠤᠯᠤᠨ᠎ᠠ᠃ | 4᠂ ᠵᠠᠰᠠᠯᠳᠠ ᠶᠢᠨ ᠴᠢᠳᠠᠮᠵᠢ ᠰᠢᠯᠢᠳᠡᠭ᠃ ᠵᠠᠰᠠᠯᠳᠠ ᠶᠢᠨ ᠠᠷᠭ᠎ᠠ ᠵᠠᠮ ᠢ ᠰᠢᠯᠢᠳᠡᠭᠵᠢᠬᠦᠯᠵᠤ᠂ ᠨᠠᠮ ᠤᠨ | ᠪᠠᠶᠢᠭᠤᠯᠤᠯᠳᠠ ᠪᠠᠷ ᠤᠳᠤᠷᠢᠳᠤᠮᠵᠢ ᠪᠤᠯᠭᠠᠨ᠂ ᠲᠤᠤᠷᠵᠢᠭᠤᠯᠤᠬᠰᠠᠨ ᠵᠠᠰᠠᠯᠳᠠ ᠪᠠᠷ ᠠᠷᠭ᠎ᠠ ᠪᠠᠷᠢᠯ ᠪᠤᠯᠭᠠᠨ᠂ | ᠮᠡᠳᠡᠭᠡ ᠵᠠᠩᠬᠢᠵᠢᠯᠳᠠ ᠪᠠᠷ ᠲᠤᠯᠭᠠᠭᠤᠷᠢ ᠪᠤᠯᠭᠠᠨ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠦᠪ ᠢᠶᠠᠷ | ᠲᠦᠰᠢᠭ ᠪᠤᠯᠭᠠᠵᠤ᠂ ᠪᠦᠷᠢᠨᠰᠢᠬᠦᠯᠤᠨ ᠲᠠᠬᠦᠯᠳᠠᠷᠵᠢᠬᠦᠯᠤᠨᠠ᠃ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ | ᠱᠠᠳᠤᠨ ᠤ ᠶᠠᠷᠤᠩᠭᠡᠶᠢᠯᠡᠭᠰᠡᠨ ᠲᠤᠤᠷᠴᠢᠯᠠᠬᠰᠠᠨ ᠵᠠᠰᠠᠯᠳᠠ ᠶᠢᠨ ᠲᠤᠬᠳᠠᠯᠴᠠᠭ᠎ᠠ᠃ ᠲᠤᠤᠷᠴᠢᠯᠠᠯ ᠤᠨ | ᠪᠠᠶᠢᠷᠢᠯᠠᠭᠤᠯᠤᠯᠳᠠ᠂ ᠠᠵᠢᠯᠳᠠᠨ ᠤ ᠲᠤᠬᠢᠷᠠᠭᠤᠯᠤᠯᠳᠠ᠂ ᠤᠯᠭᠤᠮᠵᠢ ᠶᠢᠨ ᠪᠠᠳᠤᠯᠠᠭ᠎ᠠ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠳᠠ᠂ ᠪᠤᠳᠠᠳᠤ ᠴᠤᠬᠴᠠ ᠶᠢᠨ ᠠᠵᠢᠯᠯᠠᠭᠠᠨ ᠤ ︽ᠲᠠᠪᠤ ᠶᠢ ᠪᠤᠳᠠᠳᠠᠶᠢᠵᠢᠭᠤᠯᠬᠤ︾ | ᠱᠠᠭᠠᠷᠳᠠᠯᠭ᠎ᠠ ᠶᠤᠰᠤᠭᠠᠷ᠂ ᠲᠤᠤᠷᠴᠢᠯᠠᠯ ᠢ ᠰᠢᠨᠵᠢᠯᠡᠬᠦ ᠤᠬᠠᠭᠠᠨᠴᠢ ᠪᠠᠷ ᠤᠨᠤᠪᠴᠢᠳᠠᠢ ᠲᠤᠬᠢᠷᠠᠭᠤᠯᠵᠤ᠂ | ᠲᠤᠤᠷᠴᠢᠯᠠᠯ ᠤᠨ ᠦᠢᠯᠡᠴᠢᠯᠡᠭᠡᠨ ᠤ ᠬᠠᠮᠢᠶᠠᠷᠤᠯᠳᠠ ᠶᠢᠨ ᠨᠠᠷᠢᠨ ᠬᠠᠭᠤᠳᠠᠰᠤ ᠶᠢ ᠨᠠᠷᠢᠯᠢᠬᠵᠢᠭᠤᠯᠤᠨ᠂ ᠵᠠᠰᠠᠭ ᠤᠨ | ᠶᠠᠪᠤᠳᠠᠯ ᠢ ᠠᠷᠠᠳ ᠠᠴᠠ ᠠᠰᠠᠭᠤᠬᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ᠂ ᠭᠡᠷᠡᠭᠴᠡᠭᠡ ᠶᠢ ᠠᠷᠠᠳ | ᠠᠴᠠ ᠠᠰᠠᠭᠤᠬᠤ ᠶᠢ ᠬᠦᠢᠴᠡᠳᠭᠡᠨ᠎ᠠ᠃ ᠨᠠᠮ ᠤᠨ ᠪᠠᠶᠢᠭᠤᠯᠤᠯᠳᠠ ᠪᠠᠷ ᠬᠦᠳᠤᠯᠤᠨ ᠲᠠᠭᠠᠭᠤᠯᠬᠤ ᠶᠢ | ᠴᠢᠩᠭᠠᠳᠬᠠᠵᠤ᠂ ᠨᠠᠮ ᠤᠨ ᠪᠠᠭ᠎ᠠ ᠰᠤᠷᠭᠠᠭᠤᠯᠢ ᠶᠢ ᠲᠤᠤᠷᠵᠢᠯ ᠲᠡᠭᠡᠷ᠎ᠠ ᠵᠤᠬᠢᠶᠠᠨ ᠪᠠᠶᠢᠭᠤᠯᠵᠤ᠂ ᠬᠠᠶᠢᠷ᠎ᠠ | ᠰᠡᠳᠬᠢᠯᠭᠡ ᠪᠠ ᠬᠦᠴᠤ ᠤᠷᠤᠭᠤᠯᠤᠨ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠪᠠᠷ | ᠪᠠᠷᠠᠬᠤ ᠦᠭᠡᠢ ᠪᠠᠰᠠ ᠤᠯᠠᠨ ᠲᠦᠮᠡᠨ ᠤ ᠤᠯᠤᠰ ᠲᠦᠷᠤ ᠶᠢᠨ ᠵᠢᠯᠤᠭᠤᠳᠤᠯᠭ᠎ᠠ ᠪᠤᠯᠤᠨ ᠦᠵᠡᠯ ᠰᠠᠨᠠᠭᠠᠨ ᠤ | ᠬᠦᠮᠤᠵᠢᠯ ᠢ ᠴᠢᠩᠭᠠᠳᠬᠠᠵᠤ᠂ ᠨᠠᠮ ᠤᠨ ᠦᠨᠳᠤᠰᠤᠨ ᠱᠠᠳᠤᠨ ᠤ ᠤᠯᠤᠰ ᠲᠦᠷᠤ ᠶᠢᠨ ᠤᠳᠤᠷᠢᠳᠬᠤ ᠬᠦᠴᠤᠨ᠂ | ᠦᠵᠡᠯ ᠰᠠᠨᠠᠭᠠᠨ ᠤ ᠬᠦᠳᠤᠯᠤᠨ ᠲᠠᠭᠠᠭᠤᠯᠬᠤ ᠬᠦᠴᠤᠨ᠂ ᠤᠯᠠᠨ ᠲᠦᠮᠡᠨ ᠢ ᠵᠤᠬᠢᠶᠠᠨ ᠪᠠᠶᠢᠭᠤᠯᠬᠤ ᠬᠦᠴᠤᠨ | ᠪᠤᠯᠤᠨ ᠨᠠᠶᠢᠭᠡᠮ ᠤᠨ ᠤᠷᠢᠶᠠᠯᠠᠬᠤ ᠬᠦᠴᠤᠨ ᠢ ᠲᠠᠰᠤᠷᠠᠯᠳᠠ ᠦᠭᠡᠢ ᠴᠢᠩᠭᠠᠳᠬᠠᠬᠤ ᠭᠡᠷᠡᠭᠳᠡᠢ᠃ ᠵᠢᠯ ᠤᠨ | ᠲᠤᠳᠤᠷ᠎ᠠ ᠭᠠᠴᠠᠭ᠎ᠠ ᠪᠤᠯᠭᠠᠨ ᠳᠤ ᠨᠠᠮ ᠤᠨ ᠲᠤᠭᠤᠶᠢᠯᠠᠩ ᠪᠠᠶᠢᠭᠤᠯᠵᠤ᠂ ᠰᠢᠯᠢᠳᠡᠭ ᠨᠠᠮ ᠤᠨ ᠲᠤᠭᠤᠶᠢᠯᠠᠩ ᠤᠨ | ᠲᠠᠷᠤᠭ᠎ᠠ ᠶᠢ ᠰᠤᠩᠭᠤᠨ᠎ᠠ᠃ | 5᠂ ᠬᠦᠭᠵᠢᠯᠳᠠ ᠶᠢᠨ ᠴᠢᠳᠠᠮᠵᠢ ᠰᠢᠯᠢᠳᠡᠭ᠃ ᠰᠤᠮᠤ ᠪᠠᠯᠭᠠᠰᠤᠨ ᠤ ᠨᠠᠮ ᠤᠨ ᠬᠤᠷᠢᠶ᠎ᠠ ᠨᠢ ᠠᠵᠤ ᠠᠬᠤᠢ | ᠶᠢᠨ ᠠᠵᠢᠯ ᠤᠨ ᠣᠳᠣᠷᠢᠳᠣᠯᠭ᠎ᠠ ᠪᠠᠨ ᠴᠢᠩᠭᠠᠳᠬᠠᠵᠤ ᠰᠢᠨ᠎ᠠ ᠬᠦᠭᠵᠢᠯᠳᠠ ᠶᠢᠨ ᠦᠢᠯᠠᠭᠠᠬᠳᠠᠬᠤᠨ ᠢ | ᠲᠤᠤᠱᠯᠠᠭᠤᠯᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠬᠦᠭᠵᠢᠯᠳᠠ ᠶᠢᠨ ᠲᠦᠯᠤᠪᠵᠢᠭᠦᠯᠭᠡ ᠶᠢ | ᠲᠤᠬᠳᠠᠭᠠᠵᠤ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠵᠤ᠂ | ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠬᠰᠠᠨ | ᠴᠢᠨᠠᠷ ᠰᠠᠶᠢᠳᠡᠢ ᠬᠦᠭᠵᠢᠯᠳᠡ ᠶᠢᠨ ᠰᠢᠨ᠎ᠠ ᠵᠠᠮ ᠢ ᠰᠦᠪᠡᠭᠴᠢᠯᠡᠬᠦ ᠭᠡᠷᠡᠭᠳᠡᠢ᠃ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠦᠷ᠎ᠠ ᠪᠦᠳᠤᠭᠡᠯ ᠢ ᠪᠠᠬᠢᠵᠢᠬᠦᠯᠤᠨ ᠦᠷᠭᠡᠳᠭᠡᠬᠦ ᠪᠠ ᠬᠦᠳᠡᠭᠡ ᠲᠤᠰᠬᠤᠨ ᠢ ᠬᠦᠭᠵᠢᠬᠦᠯᠤᠨ | ᠮᠠᠨᠳᠤᠭᠤᠯᠬᠤ ᠨᠢ ᠪᠦᠳᠤᠮᠵᠢᠳᠠᠢ ᠠᠬᠢᠭᠤᠯᠤᠨ᠎ᠠ᠃ ᠰᠤᠮᠤ ᠪᠠᠯᠭᠠᠰᠤᠨ ᠤ ᠨᠠᠮ ᠤᠨ ᠬᠤᠷᠢᠶ᠎ᠠ ᠮᠠᠯᠵᠢᠬᠤ ᠤᠷᠤᠨ ᠤ | ᠤᠷᠤᠰᠢᠨ ᠰᠠᠭᠤᠷᠰᠢᠬᠤ ᠤᠷᠴᠢᠨ ᠲᠤᠭᠤᠷᠢᠨ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠦᠪᠯᠡᠷᠡᠬᠦᠯᠵᠤ᠂ ᠰᠠᠭᠤᠷᠢ | ᠲᠦᠬᠦᠭᠡᠷᠤᠮᠵᠢ ᠶᠢ ᠨᠦᠬᠦᠪᠤᠷᠢᠯᠡᠬᠦ ᠭᠡᠷᠡᠭᠳᠡᠢ᠃ ᠪᠦᠳᠤᠭᠡᠨ ᠪᠠᠶᠢᠭᠤᠯᠤᠯᠳᠠ ᠶᠢᠨ ᠳᠤᠲᠠᠭᠳᠠᠯ ᠢ ᠰᠢᠢᠳᠪᠤᠷᠢᠯᠡᠵᠤ᠂ | ᠬᠦᠳᠡᠭᠡ ᠲᠤᠰᠬᠤᠨ ᠤ ᠪᠠᠶᠠᠵᠢᠯ ᠤᠨ ᠠᠵᠤ ᠦᠢᠯᠡᠰ ᠢ ᠵᠤᠬᠢᠶᠠᠨ ᠪᠠᠶᠢᠭᠤᠯᠤᠨ ᠬᠦᠭᠵᠢᠬᠦᠯᠵᠤ᠂ ᠮᠠᠯᠴᠢᠨ | ᠲᠠᠷᠢᠶᠠᠴᠢᠨ ᠤ ᠠᠵᠢᠯ ᠤᠯᠵᠤ ᠠᠳᠡᠯ ᠦᠢᠯᠡᠰ ᠴᠤᠬᠴᠠᠯᠠᠬᠤ ᠶᠢ ᠠᠬᠢᠭᠤᠯᠵᠤ᠂ ᠮᠠᠯᠴᠢᠨ ᠲᠠᠷᠢᠶᠠᠴᠢᠨ ᠢ | ᠬᠦᠮᠤᠵᠢᠬᠦᠯᠤᠨ ᠬᠦᠳᠤᠯᠤᠨ ᠵᠢᠯᠤᠭᠤᠳᠴᠤ ᠪᠠᠶᠢᠭᠠᠳ ︽ᠬᠠᠷᠮᠠᠨ ᠢᠶᠠᠨ ᠪᠠᠶᠠᠵᠢᠭᠤᠯᠬᠤ︾ ᠮᠦᠷᠳᠡᠭᠡᠨ ᠪᠠᠰᠠ ︽ | ᠮᠡᠳᠡᠯᠭᠡ ᠪᠠᠨ ᠪᠠᠶᠠᠵᠢᠭᠤᠯᠬᠤ︾ ᠪᠤᠯᠭᠠᠨ᠎ᠠ᠃ ᠭᠠᠴᠠᠭᠠᠨ ᠤ ᠬᠠᠮᠳᠤ ᠶᠢᠨ ᠠᠵᠤ ᠠᠬᠤᠢ ᠶᠢ ᠦᠷᠬᠦᠯᠵᠢᠯᠡᠨ | ᠬᠦᠭᠵᠢᠬᠦᠯᠤᠨ ᠪᠤᠵᠠᠭᠠᠶᠢᠷᠠᠭᠤᠯᠵᠤ᠂ ᠮᠠᠯᠵᠢᠬᠤ ᠤᠷᠤᠨ ᠤ ᠬᠠᠮᠳᠤ ᠶᠢᠨ ᠦᠮᠴᠢᠯᠡᠯ ᠤᠨ ᠡᠷᠭᠡ ᠶᠢᠨ ᠲᠦᠷᠢᠮ ᠤᠨ | ᠦᠭᠡᠷᠡᠴᠢᠯᠡᠯᠳᠠ ᠲᠠᠢ ᠤᠶᠠᠯᠳᠤᠭᠤᠯᠤᠨ᠂ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ | ᠶᠢᠨ ᠪᠦᠳᠤᠭᠡᠨ ᠪᠠᠶᠢᠭᠤᠯᠤᠯᠳᠠ ᠶᠢᠨ ᠡᠷᠴᠢᠮ ᠢ ᠴᠢᠩᠭᠠᠷᠠᠭᠤᠯᠵᠤ᠂ 6 ᠳ᠋ᠤᠭᠠᠷ ᠰᠠᠷ᠎ᠠ ᠶᠢᠨ ᠰᠡᠬᠦᠯᠴᠢ ᠠᠴᠠ ᠡᠮᠤᠨ᠎ᠠ | ᠰᠤᠮᠤ ᠪᠠᠯᠭᠠᠰᠤᠨ ᠤ ᠲᠠᠰ ᠲᠠᠪᠬᠤᠷᠭ᠎ᠠ ᠪᠠ ᠭᠠᠴᠠᠭᠠᠨ ᠤ ᠨᠠᠮ ᠤᠨ ᠵᠤᠬᠢᠶᠠᠨ ᠪᠠᠶᠢᠭᠤᠯᠤᠯᠳᠠ ᠨᠢ ᠬᠠᠮᠳᠤ ᠶᠢᠨ | ᠠᠵᠤ ᠠᠬᠤᠢ ᠶᠢᠨ 3 ᠵᠢᠯ ᠤᠨ ᠬᠦᠭᠵᠢᠯᠳᠠ ᠶᠢᠨ ᠲᠦᠯᠤᠪᠵᠢᠬᠦᠯᠭᠡ ᠶᠢ ᠲᠤᠰ ᠲᠤᠰ ᠪᠠᠶᠠᠯᠠᠬᠦᠯᠵᠤ᠂ ᠢᠯᠠᠩᠭᠤᠶ᠎ᠠ | ᠰᠠᠭᠤᠷᠢ ᠨᠢᠮᠭᠡᠨ ᠪᠠ ᠦᠢᠷ᠎ᠠ ᠶᠢᠨ ᠬᠤᠶᠠᠷ ᠵᠢᠯ ᠤᠨ ᠲᠤᠷᠰᠢ ᠡᠳ᠋ ᠤᠨ ᠵᠠᠰᠠᠭ ᠲᠤ ᠲᠦᠰᠢᠭᠯᠡᠨ ᠤᠷᠤᠯᠭ᠎ᠠ ᠶᠢᠨ | ᠬᠦᠢᠴᠡᠳᠭᠡᠯ ᠲᠤᠭ᠎ᠠ ᠪᠠᠨ ᠪᠠᠶᠠᠯᠠᠬᠦᠯᠦᠭᠰᠡᠨ ᠭᠠᠴᠠᠭ᠎ᠠ ᠨᠢ ᠨᠠᠷᠢᠨ ᠬᠦᠢᠴᠡᠳ ᠶᠠᠪᠤᠬᠳᠠᠭᠤᠰᠢᠳᠠᠢ ᠬᠦᠭᠵᠢᠯᠳᠠ ᠶᠢᠨ | ᠠᠷᠭ᠎ᠠ ᠵᠠᠮ᠂ ᠠᠷᠭ᠎ᠠ ᠭᠡᠮᠵᠢᠶ᠎ᠠ ᠪᠠ ᠬᠠᠷᠠᠯᠳᠠ ᠲᠠᠢ ᠪᠠᠶᠢᠬᠤ᠂ ᠭᠠᠴᠠᠭᠠᠨ ᠤ ᠬᠠᠮᠳᠤ ᠶᠢᠨ ᠠᠵᠤ ᠠᠬᠤᠢ ᠶᠢᠨ | ᠦᠷᠬᠦᠯᠵᠢᠯᠡᠨ ᠤᠷᠤᠯᠭ᠎ᠠ ᠤᠯᠬᠤ᠂ ᠦᠷᠳᠡᠭ ᠢ ᠪᠠᠳᠤᠯᠠᠨ ᠨᠡᠮᠡᠭᠳᠡᠬᠦᠯᠬᠦ᠂ ᠵᠢᠷᠤᠮᠵᠢᠭᠤᠯᠤᠨ ᠠᠵᠢᠯᠯᠠᠭᠤᠯᠬᠤ ᠶᠢ | ᠠᠬᠢᠭᠤᠯᠬᠤ ᠭᠡᠷᠡᠭᠳᠡᠢ᠃ ︽ᠨᠢᠭᠡ ᠲᠤᠰᠬᠤᠨ ᠨᠢᠭᠡ ᠪᠦᠳᠤᠭᠡᠭᠳᠡᠬᠦᠨ︾ ᠢ ᠠᠬᠢᠭᠤᠯᠵᠤ᠂ ︽ᠠᠷᠪᠠᠨ ᠵᠦᠢᠯ ᠤᠨ | ᠵᠠᠬᠪᠤᠷ︾ ᠢ ᠲᠠᠯᠭᠡᠷᠡᠬᠦᠯᠤᠨᠠ᠃ ᠲᠠᠪᠠᠭᠤᠯᠢᠭ ᠠᠵᠤ ᠦᠢᠯᠡᠰ ᠢ ᠬᠦᠭᠵᠢᠬᠦᠯᠵᠤ᠂ ᠨᠠᠮ ᠤᠨ ᠵᠤᠬᠢᠶᠠᠨ | ᠪᠠᠶᠢᠭᠤᠯᠤᠯᠳᠠ ᠶᠢᠨ ᠤᠳᠤᠷᠢᠳᠤᠯᠭ᠎ᠠ᠂ ᠬᠠᠤᠯᠢ ᠡᠷᠭᠡᠳᠡᠨ ᠡᠷᠭᠡ ᠲᠡᠭᠰᠢ᠂ ᠡᠵᠡᠩᠨᠡᠯᠳᠠ ᠶᠢᠨ ᠡᠷᠬᠢᠯᠳᠡ᠂ ᠠᠰᠢᠭ | ᠤᠷᠤᠯᠭ᠎ᠠ ᠶᠢᠨ ᠬᠤᠪᠢᠶᠠᠷᠢᠯᠠᠯᠳᠠ᠂ ᠬᠢᠨᠡᠨ ᠬᠠᠮᠢᠶᠠᠷᠤᠯᠳᠠ ᠶᠢᠨ ᠲᠠᠪᠤᠨ ᠲᠦᠷᠤᠯ ᠤᠨ ᠵᠤᠬᠢᠴᠠᠮᠵᠢ ᠶᠢ | ᠨᠠᠶᠢᠳᠠᠪᠤᠷᠢᠵᠢᠭᠤᠯᠬᠤ᠂ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠠᠵᠢᠯᠯᠠᠭᠠᠨ ᠵᠦᠢ ᠵᠤᠬᠢᠰᠳᠠᠢ᠂ ᠬᠠᠤᠯᠢ ᠳᠤ | ᠨᠠᠶᠢᠴᠡᠭᠰᠡᠨ ᠵᠢᠯ ᠤᠨ ᠲᠤᠳᠤᠷ᠎ᠠ ᠭᠤᠷᠪᠠᠨ ᠪᠠᠯᠠ ᠶᠢᠨ ᠪᠠᠶᠢᠴᠠᠭᠠᠯᠳᠠ᠂ ᠬᠠᠮᠳᠤ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠳᠠ ᠶᠢ ᠵᠤᠬᠢᠶᠠᠨ ᠪᠠᠶᠢᠭᠤᠯᠬᠤ ᠶᠢ ᠪᠠᠳᠤᠯᠠᠵᠤ᠂ ᠲᠦᠷᠢᠶᠠᠰᠤᠯᠡᠬᠦ ᠭᠡᠷ᠎ᠠ ᠶᠢᠨ ᠲᠤᠰᠬᠠᠢ ᠴᠡᠭᠴᠡᠯᠡᠯᠳᠠ ᠶᠢ | ᠲᠦᠷᠢᠮᠵᠢᠬᠦᠯᠵᠤ᠂ ᠬᠠᠮᠳᠤ ᠶᠢᠨ ᠠᠵᠤ ᠠᠬᠤᠢ ᠶᠢᠨ ᠦᠷᠳᠡᠭ ᠢ ᠪᠠᠳᠤᠯᠠᠨ᠎ᠠ᠃ 2021 ᠤᠨ ᠤ ᠡᠴᠤᠰ ᠲᠤ | 80% ᠶᠢᠨ ᠭᠠᠴᠠᠭᠠᠨ ᠤ ᠵᠢᠯ ᠤᠨ ᠤᠷᠤᠯᠭ᠎ᠠ ᠶᠢ 10 ᠲᠦᠮᠡᠨ ᠲᠦᠬᠦᠷᠢᠭ ᠠᠴᠠ ᠲᠡᠭᠡᠭᠰᠢ ᠳᠤ ᠬᠦᠷᠭᠡᠨ᠎ᠠ᠃ | ︵ᠬᠤᠶᠠᠷ︶ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠰᠠᠭᠤᠷᠢ ᠶᠢ ᠪᠠᠬᠢᠵᠢᠭᠤᠯᠤᠨᠠ᠃ | 1᠂ ᠤᠯᠤᠰ ᠲᠦᠷᠤ ᠶᠢᠨ ᠵᠦᠪᠳᠡᠯᠴᠡᠭᠡᠨ ᠤ ᠴᠢᠳᠠᠮᠵᠢ ᠴᠢᠩᠭ᠎ᠠ᠃ ᠤᠯᠤᠰ ᠲᠦᠷᠤ ᠶᠢᠨ ᠪᠠᠶᠢᠭᠤᠯᠤᠯᠳᠠ ᠶᠢ | ᠲᠠᠷᠢᠬᠦᠨ ᠪᠠᠶᠢᠷᠢᠨ ᠳᠤ ᠲᠠᠯᠪᠢᠵᠤ᠂ ᠭᠠᠴᠠᠭᠠᠨ ᠤ ᠨᠠᠮ ᠤᠨ ᠡᠬᠦᠷ ᠢ ᠴᠢᠩᠭᠠᠳᠬᠠᠨ᠎ᠠ᠃ ᠤᠯᠤᠰ ᠲᠦᠷᠤ ᠶᠢᠨ | ᠬᠦᠳᠤᠯᠤᠨ ᠲᠠᠭᠠᠭᠤᠯᠬᠤ ᠦᠢᠯᠡᠳᠤᠯ ᠳᠤ ᠲᠦᠰᠢᠭᠯᠡᠨ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠦᠪ᠂ | ᠰᠢᠨ᠎ᠠ ᠴᠠᠭ ᠦᠶ᠎ᠠ ᠶᠢᠨ ᠪᠤᠯᠪᠠᠰᠤᠨ ᠤ ᠦᠢᠯᠡᠳᠤᠯᠭᠡ ︵ᠦᠷᠳᠡᠭᠡ︶ ᠳᠤ ᠲᠦᠰᠢᠭᠯᠡᠨ᠂ ᠨᠠᠮ ᠤᠨ ᠪᠠᠶᠢᠭᠤᠯᠤᠯᠳᠠ | ᠶᠢᠨ ᠰᠢᠭᠤᠳ ᠨᠠᠪᠳᠠᠷᠠᠬᠦ ᠲᠡᠷᠭᠡ᠂ ᠤᠮᠠᠷᠠᠳᠦ ᠬᠢᠯᠢ ᠶᠢᠨ ᠬᠤᠰᠢᠭᠤᠴᠢ ᠨᠠᠮ ᠤᠨ ᠪᠠᠶᠢᠭᠤᠯᠤᠯᠳᠠ ᠶᠢᠨ ᠪᠠᠬᠢᠯᠡᠯᠲᠡ | ᠵᠠᠷᠭᠡ ᠲᠠᠪᠴᠠᠩ ᠢ ᠴᠢᠬᠤᠯᠠᠴᠢᠯᠠᠨ ᠭᠡᠷᠡᠭᠯᠡᠵᠤ᠂ ᠨᠠᠶᠢᠳᠠᠮ ᠪᠦᠷᠬᠦᠬᠦᠯᠬᠦ ᠶᠢ ᠪᠠᠶᠢᠩᠭᠤᠵᠢᠭᠤᠯᠤᠨ ᠨᠠᠮ ᠤᠨ ᠭᠡᠰᠢᠬᠦᠨ | ᠺᠠᠳ᠋ᠷ ᠤᠯᠠᠨ ᠲᠦᠮᠡᠨ ᠤ ᠬᠦᠮᠤᠵᠢᠯ ᠪᠤᠯᠪᠠᠰᠤᠷᠠᠯ ᠢ ᠰᠠᠶᠢᠳᠤᠷ ᠠᠳᠬᠤᠵᠤ᠂ ᠦᠷᠭᠡᠨ ᠤᠯᠠᠨ ᠮᠠᠯᠴᠢᠨ ᠲᠠᠷᠢᠶᠠᠴᠢᠨ | ᠢ ᠬᠦᠳᠤᠯᠤᠨ ᠵᠢᠯᠤᠭᠤᠳᠴᠤ ᠪᠠᠶᠢᠭᠠᠳ ᠤᠯᠤᠰ᠂ ᠬᠠᠮᠳᠤ ᠨᠠᠶᠢᠳᠠ᠂ ᠬᠤᠪᠢ ᠬᠦᠮᠤᠨ ᠤ ᠬᠤᠭᠤᠷᠤᠨᠳᠤᠬᠢ ᠠᠰᠢᠭ | ᠲᠤᠰᠠ ᠶᠢᠨ ᠬᠠᠷᠢᠴᠠᠭ᠎ᠠ ᠶᠢ ᠵᠦᠪ ᠢᠶᠠᠷ ᠰᠢᠢᠳᠪᠤᠷᠢᠯᠠᠵᠤ᠂ ᠬᠦᠰᠡᠯᠠᠩ ᠲᠠᠢ᠂ ᠶᠤᠰᠤ ᠮᠤᠷᠠᠯ ᠲᠠᠢ᠂ ᠰᠤᠶᠤᠯ ᠲᠠᠢ᠂ | ᠰᠠᠬᠢᠯᠭ᠎ᠠ ᠪᠠᠳᠤ ᠲᠠᠢ ᠰᠢᠨ᠎ᠠ ᠭᠡᠯᠪᠠᠷᠢ ᠶᠢᠨ ᠮᠠᠯᠴᠢᠨ ᠲᠠᠷᠢᠶᠠᠴᠢᠨ ᠢ ᠬᠦᠮᠦᠵᠢᠭᠦᠯᠦᠨ᠎ᠡ᠃ ᠬᠤᠰᠢᠭᠤ ᠨᠠᠮ ᠤᠨ | ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠵᠢᠯ ᠪᠦᠷᠢ ᠭᠠᠴᠠᠭᠠᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ | ᠱᠦᠵᠢ ᠶᠢ ᠠᠳᠠᠭ ᠲᠠᠭᠠᠨ ᠨᠢᠭᠡ ᠤᠳᠠᠭ᠎ᠠ ᠪᠤᠯᠪᠠᠰᠤᠷᠠᠭᠤᠯᠵᠤ᠂ ᠰᠤᠮᠤ ᠪᠠᠯᠭᠠᠰᠤᠨ ᠤ ᠨᠠᠮ ᠤᠨ ᠬᠤᠷᠢᠶ᠎ᠠ | ᠭᠠᠴᠠᠭᠠᠨ ᠤ ︽ᠬᠤᠶᠠᠷ ᠵᠦᠪᠯᠡᠯ︾ ᠤᠨ ᠪᠠᠭ ᠤᠨ ᠪᠦᠷᠢᠯᠳᠤᠬᠦᠨ ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ | ᠡᠭᠡᠯᠵᠢᠯᠡᠨ ᠪᠤᠯᠪᠠᠰᠤᠷᠠᠭᠤᠯᠤᠨ᠎ᠠ᠃ | 2᠂ ᠡᠩᠨᠡᠭᠡᠨ ᠤ ᠪᠠᠶᠢᠭᠤᠯᠤᠯᠳᠠ ᠴᠢᠩᠭ᠎ᠠ᠃ ᠲᠠᠭᠠᠭᠤᠯᠤᠬᠴᠢ ᠶᠢᠨ ᠡᠩᠨᠡᠭᠡᠨ ᠤ ᠪᠠᠶᠢᠭᠤᠯᠤᠯᠳᠠ ᠶᠢ | ᠴᠢᠩᠭᠠᠳᠬᠠᠨ᠎ᠠ᠃ ︽ᠬᠤᠶᠠᠷ ᠰᠠᠶᠢᠨ ᠬᠤᠶᠠᠷ ᠬᠦᠴᠦᠷᠭᠡᠭ︾ ᠤᠨ ᠪᠠᠷᠢᠮᠵᠢᠶ᠎ᠠ ᠶᠤᠰᠤᠭᠠᠷ᠂ ᠭᠠᠴᠠᠭᠠᠨ ᠤ ᠨᠠᠮ ᠤᠨ | ᠵᠤᠬᠢᠶᠠᠨ ᠪᠠᠶᠢᠭᠤᠯᠤᠯᠳᠠ ᠶᠢᠨ ᠱᠦᠵᠢ ᠶᠢ ᠰᠢᠯᠢᠳᠡᠭ ᠢ ᠨᠢ ᠰᠤᠩᠭᠤᠵᠤ ᠬᠦᠴᠦᠷᠭᠡᠭ ᠢ ᠨᠢ ᠲᠤᠬᠢᠷᠠᠭᠤᠯᠤᠨ᠎ᠠ᠃ ︽ | ᠳᠤᠰᠢᠶᠠᠯ ᠬᠠᠪᠰᠤᠷᠭᠠᠨ ᠡᠬᠦᠷᠭᠡᠯᠡᠬᠦ︾ ᠶᠢ ᠪᠦᠬᠦ ᠬᠦᠴᠤᠨ ᠢᠶᠠᠷ ᠢᠶᠠᠨ ᠠᠬᠢᠭᠤᠯᠤᠨ᠎ᠠ᠃ ᠭᠠᠴᠠᠭᠠᠨ ᠤ ᠨᠠᠮ ᠤᠨ | ᠵᠤᠬᠢᠶᠠᠨ ᠪᠠᠶᠢᠭᠤᠯᠤᠯᠳᠠ ᠶᠢᠨ ᠱᠦᠵᠢ ᠰᠢᠶᠠᠨ ᠤ ᠱᠠᠳᠤᠨ ᠤ ᠨᠠᠮ ᠤᠨ ᠬᠤᠷᠢᠶᠠᠨ ᠤ ᠲᠠᠩᠰᠠᠯᠠᠬᠤ ᠬᠠᠮᠢᠶᠠᠷᠤᠯᠳᠠ | ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠭᠠᠴᠠᠭ᠎ᠠ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠳᠠ ᠶᠢᠨ ᠱᠦᠵᠢ ᠶᠢ ᠲᠤᠬᠳᠠᠮᠠᠯ ᠬᠤᠭᠤᠴᠠᠭ᠎ᠠ ᠲᠠᠢ ᠪᠠᠷ ᠦᠨᠡᠯᠡᠬᠦ ᠪᠠ ᠬᠦᠳᠡᠯᠤᠩᠬᠦᠢ ᠪᠠᠷ | ᠲᠤᠬᠢᠷᠠᠭᠤᠯᠤᠯᠳᠠ ᠬᠢᠬᠦ ᠲᠤᠬᠳᠠᠴᠠ ᠶᠢ ᠪᠠᠶᠢᠭᠤᠯᠤᠨ᠎ᠠ᠃ ᠬᠢᠵᠤ ᠲᠡᠶᠢᠯᠬᠦ ᠦᠭᠡᠢ᠂ ᠬᠢᠷᠢ ᠲᠡᠩᠴᠡᠬᠦ ᠦᠭᠡᠢ᠂ | ᠲᠤᠰᠢᠶᠠᠯ ᠢᠶᠠᠨ ᠬᠦᠢᠴᠡᠳᠭᠡᠬᠦ ᠦᠭᠡᠢ ᠭᠠᠴᠠᠭ᠎ᠠ ᠲᠤᠰᠬᠤᠨ ᠤ ︽ᠬᠤᠶᠠᠷ ᠵᠦᠪᠯᠡᠯ︾ ᠢ ᠴᠠᠭ ᠲᠤᠬᠠᠢ ᠳᠤᠨᠢ | ᠲᠤᠬᠢᠷᠠᠭᠤᠯᠬᠤ ᠭᠡᠷᠡᠭᠳᠡᠢ᠃ ᠲᠤᠰ ᠬᠤᠭᠤᠴᠠᠭᠠᠨ ᠤ ᠭᠠᠴᠠᠭᠠᠨ ᠤ ︽ᠬᠤᠶᠠᠷ ᠵᠦᠪᠯᠡᠯ︾ ᠪᠤᠯᠤᠨ ᠪᠤᠰᠤᠳ | ᠵᠤᠬᠢᠶᠠᠨ ᠪᠠᠶᠢᠭᠤᠯᠤᠯᠳᠠ ᠶᠢᠨ ᠬᠤᠭᠤᠴᠠᠭᠠᠨ ᠳᠠᠬᠢ ᠰᠤᠩᠭᠤᠭᠤᠯᠢ ᠳᠤ᠂ ᠭᠠᠴᠠᠭᠠᠨ ᠤ ︽ᠬᠤᠶᠠᠷ ᠵᠦᠪᠯᠡᠯ︾ ᠤᠨ | ᠬᠤᠭᠤᠴᠠᠭ᠎ᠠ ᠰᠤᠯᠢᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠭᠡᠷᠡᠭᠵᠢᠬᠦᠯᠬᠦ ᠭᠡᠷᠡᠭᠳᠡᠢ᠃ ︽17 ᠵᠦᠢᠯ ᠤᠨ | ᠵᠢᠱᠢᠭᠳᠡᠭᠰᠡᠳ ᠲᠤ ᠤᠷᠤᠭᠤᠯᠵᠤ ᠪᠤᠯᠬᠤ ᠦᠭᠡᠢ ᠪᠠᠶᠢᠳᠠᠯ︾ ᠵᠠᠷᠭᠡ ᠬᠢᠵᠠᠭᠠᠷᠯᠠᠬᠤ ᠴᠢᠨᠠᠷᠳᠠᠢ ᠱᠠᠭᠠᠷᠳᠠᠯᠭ᠎ᠠ ᠶᠢ | ᠦᠷᠬᠦᠯᠵᠢᠯᠡᠨ ᠨᠠᠶᠢᠳᠠᠪᠤᠷᠢᠵᠢᠭᠤᠯᠤᠨ᠎ᠠ᠃ ᠨᠠᠮ ᠤᠨ ᠭᠡᠰᠢᠬᠦᠨ ᠤ ᠡᠳᠤᠷ ᠲᠤᠳᠤᠮ ᠤᠨ ᠬᠦᠮᠤᠵᠢᠯ ᠬᠠᠮᠢᠶᠠᠷᠤᠯᠳᠠ | ᠬᠢᠨᠠᠯᠳᠠ ᠶᠢ ᠴᠢᠩᠭᠠᠳᠬᠠᠵᠤ᠂ ᠮᠠᠯᠴᠢᠨ ᠨᠠᠮ ᠤᠨ ᠭᠡᠰᠢᠬᠦᠨ ᠤ ︽ᠤᠳᠤᠨ ᠲᠡᠰ ᠤᠨ ᠬᠠᠮᠢᠶᠠᠷᠤᠯᠳᠠ︾ ᠶᠢᠨ | ᠲᠦᠷᠢᠮ ᠢ ᠭᠡᠷᠡᠭᠵᠢᠬᠦᠯᠵᠤ᠂ ᠲᠤᠰᠢᠶᠠᠯ ᠳᠤ ᠪᠠᠶᠢᠭ᠎ᠠ ᠨᠠᠮ ᠤᠨ ᠭᠡᠰᠢᠬᠦᠨ ᠠᠵᠯ ᠦᠢᠯᠡᠰ ᠢᠶᠠᠨ ᠬᠦᠠᠳᠤᠳᠭᠡᠨ | ᠰᠢᠯᠢᠳᠡᠭ ᠪᠤᠯᠬᠤ ᠪᠠᠷ ᠴᠢᠷᠮᠠᠶᠢᠬᠤ᠂ ᠲᠤᠰᠢᠶᠠᠯ ᠦᠭᠡᠢ ᠨᠠᠮ ᠤᠨ ᠭᠡᠰᠢᠬᠦᠨ ᠶᠢ ᠠᠵᠢᠯ ᠤᠨ ᠪᠠᠶᠢᠷᠢ ᠭᠠᠷᠭᠠᠨ | ᠬᠠᠷᠢᠭᠤᠴᠠᠯᠭ᠎ᠠ ᠲᠤᠬᠳᠠᠭᠠᠵᠤ᠂ ᠨᠠᠮ ᠤᠨ ᠭᠡᠰᠢᠬᠦᠨ ᠢ ᠲᠦᠯᠤᠭᠡᠯᠡᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠨ | ᠰᠠᠨᠠᠯ ᠵᠦᠪᠯᠡᠯᠭᠡ ᠲᠤᠷᠠᠳᠴᠤ᠂ ᠨᠡᠬᠦᠳᠡᠯ ᠨᠠᠮ ᠤᠨ ᠭᠡᠰᠢᠬᠦᠨ ᠢ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ | ᠪᠠᠭᠤᠷᠠᠢ ᠬᠦᠴᠢᠷᠳᠡᠯ ᠲᠠᠢ ᠨᠠᠮ ᠤᠨ ᠭᠡᠰᠢᠬᠦᠨ ᠤ ᠵᠤᠷᠢᠭ ᠢ ᠨᠢ ᠲᠡᠳᠬᠦᠨ ᠶᠠᠳᠠᠭᠤ ᠶᠢ ᠳᠡᠳᠬᠦᠬᠦ᠂ ᠵᠦᠷᠢᠶᠠᠳᠦ | ᠲᠦᠷᠤᠯ ᠬᠤᠪᠢᠶᠠᠬᠰᠠᠨ ᠬᠠᠮᠢᠶᠠᠷᠤᠯᠳᠠ ᠶᠢᠨ ᠠᠷᠭ᠎ᠠ ᠶᠢ ᠬᠠᠶᠢᠨ ᠰᠦᠪᠡᠭᠴᠢᠯᠡᠵᠤ᠂ ᠨᠠᠮ ᠤᠨ ᠭᠡᠰᠢᠬᠦᠨ ᠤ | ᠬᠤᠰᠢᠭᠤᠴᠢ ᠵᠢᠱᠢᠶᠠᠴᠢ ᠦᠢᠯᠡᠳᠤᠯ ᠢᠶᠠᠨ ᠤᠬᠠᠮᠰᠠᠷ ᠠᠴᠠ ᠪᠠᠨ ᠪᠠᠳᠠᠷᠠᠭᠤᠯᠬᠤ ᠶᠢ ᠬᠦᠳᠤᠯᠤᠨ ᠵᠢᠯᠤᠭᠤᠳᠤᠨ᠎ᠠ᠃ | ᠡᠬᠦᠨ ᠤ ᠬᠠᠮᠳᠤ᠂ ᠰᠦᠯᠵᠢᠶᠠᠨ ᠲᠡᠭᠡᠷᠡᠬᠢ ᠨᠠᠮ ᠤᠨ ᠡᠬᠦᠷ᠂ ᠵᠢᠷᠬᠢᠶ᠎ᠠ ᠶᠢᠨ ᠴᠤᠬᠯᠠᠷᠠᠯ ᠵᠠᠷᠭᠡ ᠰᠢᠨ᠎ᠠ | ᠵᠠᠭᠤᠴᠢᠯᠠᠭᠤᠷ ᠢ ᠰᠠᠶᠢᠳᠤᠷ ᠠᠰᠢᠬᠯᠠᠨ ᠨᠠᠮ ᠤᠨ ᠭᠡᠰᠢᠬᠦᠨ ᠢ ᠰᠢᠭᠤᠳ ᠬᠠᠮᠢᠶᠠᠷᠬᠤ᠂ ᠨᠠᠬᠦᠳᠠᠯ ᠨᠠᠮ ᠤᠨ ᠭᠡᠰᠢᠬᠦᠨ | ᠤ ᠬᠦᠮᠤᠵᠢᠯ ᠬᠠᠮᠢᠶᠠᠷᠤᠯᠳᠠ ᠶᠢ ᠴᠢᠩᠭᠠᠳᠬᠠᠬᠤ ᠶᠢ ᠴᠢᠬᠤᠯᠠᠴᠢᠯᠠᠵᠤ᠂ ᠶᠠᠷᠢᠶ᠎ᠠ ᠭᠡᠯᠡᠯᠴᠡᠭᠡᠨ ᠤ ᠬᠠᠮᠢᠶᠠᠷᠤᠯᠳᠠ | ᠡᠵᠡᠮᠳᠡᠯ ᠢ ᠰᠠᠶᠢᠳᠤᠷ ᠬᠢᠬᠦ ᠭᠡᠷᠡᠭᠳᠡᠢ᠃ ᠮᠠᠯᠴᠢᠨ ᠨᠠᠮ ᠤᠨ ᠭᠡᠰᠢᠬᠦᠨ ᠢ ᠤᠷᠮᠠᠰᠢᠭᠤᠯᠤᠨ ᠬᠠᠯᠠᠮᠵᠢᠯᠠᠵᠤ ᠬᠠᠪᠰᠤᠷᠤᠨ | ᠲᠡᠳᠬᠦᠬᠦ ᠲᠤᠬᠳᠠᠴᠠ ᠶᠢ ᠪᠠᠶᠢᠭᠤᠯᠤᠨ ᠲᠠᠬᠦᠯᠳᠠᠷᠵᠢᠬᠦᠯᠵᠤ᠂ ᠬᠢᠷᠢ ᠲᠡᠩᠴᠡᠬᠦ ᠦᠭᠡᠢ ᠨᠠᠮ ᠤᠨ ᠭᠡᠰᠢᠬᠦᠨ ᠢ ᠴᠠᠭ | ᠲᠤᠬᠠᠢ ᠳᠤᠨᠢ ᠰᠢᠢᠳᠪᠤᠷᠢᠯᠡᠵᠤ᠂ ᠨᠠᠮ ᠤᠨ ᠭᠡᠰᠢᠬᠦᠨ ᠤ ᠡᠩᠨᠡᠭᠡ ᠶᠢᠨ ᠠᠮᠢᠵᠢᠷᠠᠯ ᠤᠨ ᠬᠦᠴᠤᠨ ᠢ ᠨᠡᠮᠡᠭᠳᠡᠬᠦᠯᠤᠨ᠎ᠠ᠃ | ᠨᠠᠮ ᠤᠨ ᠭᠡᠰᠢᠬᠦᠨ ᠡᠯᠰᠡᠬᠦ ᠡᠷᠴᠢᠮ ᠢᠶᠠᠨ ᠴᠢᠩᠭᠠᠷᠠᠭᠤᠯᠵᠤ᠂ ᠵᠠᠯᠠᠭᠤ ᠮᠠᠯᠴᠢᠨ ᠲᠠᠷᠢᠶᠠᠴᠢᠨ᠂ ᠡᠮᠡᠭᠳᠠᠶᠢᠴᠤᠳ᠂ | ᠪᠠᠶᠠᠵᠢᠯ ᠤᠨ ᠴᠢᠳᠠᠪᠤᠷᠢᠳᠠᠨ᠂ ᠨᠤᠳᠤᠭ ᠲᠠᠭᠠᠨ ᠪᠤᠴᠠᠬᠰᠠᠨ ᠤᠶᠤᠳᠠᠨ᠂ ᠴᠡᠷᠢᠭ ᠠᠴᠠ ᠬᠠᠯᠠᠬᠳᠠᠬᠰᠠᠳ᠂ ᠨᠤᠳᠤᠭ | ᠤᠨ ᠴᠢᠳᠠᠪᠤᠷᠢᠳᠠᠨ ᠤ ᠲᠤᠳᠤᠷ᠎ᠠ ᠠᠴᠠ ᠨᠠᠮ ᠤᠨ ᠭᠡᠰᠢᠬᠦᠨ ᠬᠦᠮᠤᠵᠢᠬᠦᠯᠵᠤ ᠡᠯᠰᠡᠬᠦ ᠪᠠᠷ ᠭᠤᠤᠯᠳᠠᠯᠭ᠎ᠠ ᠪᠤᠯᠭᠠᠵᠤ᠂ | ᠵᠢᠯ ᠳᠤ ᠡᠯᠰᠡᠭᠰᠡᠨ ᠰᠢᠨ᠎ᠠ ᠨᠠᠮ ᠤᠨ ᠭᠡᠰᠢᠬᠦᠨ ᠤ ᠲᠤᠳᠤᠷ᠎ᠠ᠂ 35 ᠨᠠᠰᠤᠨ ᠠᠴᠠ ᠲᠤᠷᠤᠬᠰᠢᠬᠢ ᠵᠠᠯᠠᠭᠤᠴᠤᠳ | 50% ᠠᠴᠠ ᠲᠡᠭᠡᠭᠰᠢ ᠳᠤ ᠬᠦᠷᠴᠤ᠂ ᠡᠮᠡᠭᠳᠠᠢ ᠨᠠᠮ ᠤᠨ ᠭᠡᠰᠢᠬᠦᠨ 20% ᠠᠴᠠ ᠲᠡᠭᠡᠭᠰᠢ ᠳᠤ ᠬᠦᠷᠴᠤ᠂ | ᠲᠡᠭᠡᠳᠤ ᠵᠠᠷᠭᠡ ᠶᠢᠨ ᠲᠤᠰᠬᠠᠢ ᠮᠠᠷᠭᠡᠵᠢᠯ ᠵᠢᠴᠢ ᠲᠠᠬᠦᠨ ᠠᠴᠠ ᠲᠡᠭᠡᠭᠰᠢᠬᠢ ᠰᠤᠶᠤᠯ ᠤᠨ ᠬᠢᠷᠢ ᠭᠡᠮᠵᠢᠶ᠎ᠠ ᠲᠠᠢ | ᠬᠦᠮᠤᠰ 40% ᠠᠴᠠ ᠲᠡᠭᠡᠭᠰᠢ ᠳᠤ ᠬᠦᠷᠴᠤ᠂ ᠮᠠᠯᠴᠢᠳ ᠤᠨ ᠵᠦᠪᠯᠡᠯ ᠪᠠ ᠮᠠᠯᠴᠢᠳ ᠤᠨ ᠲᠦᠯᠤᠭᠡᠯᠡᠭᠴᠢ ᠶᠢᠨ | ᠲᠤᠳᠤᠷ᠎ᠠ ᠠᠴᠠ ᠨᠠᠮ ᠤᠨ ᠭᠡᠰᠢᠬᠦᠨ ᠡᠯᠰᠡᠬᠦ ᠶᠢ ᠴᠢᠬᠤᠯᠠᠴᠢᠯᠠᠵᠤ᠂ 2023 ᠤᠨ ᠪᠤᠯᠬᠤ ᠳᠤ ᠲᠡᠭᠡᠷ᠎ᠠ | ᠲᠤᠷᠠᠳᠤᠬᠰᠠᠨ ᠬᠦᠮᠤᠰ ᠤᠨ ᠲᠤᠳᠤᠷᠡᠬᠢ ᠨᠠᠮ ᠤᠨ ᠭᠡᠰᠢᠬᠦᠨ ᠤ ᠬᠠᠷᠢᠴᠠᠯ ᠢ 50% ᠠᠴᠠ ᠲᠤᠤᠷ᠎ᠠ ᠪᠠᠶᠢᠯᠭᠠᠬᠤ | ᠶᠢ ᠪᠠᠳᠣᠯᠠᠨ᠎ᠠ᠃ ︽ᠨᠢᠭᠡ ᠭᠠᠴᠠᠭ᠎ᠠ ᠲᠤᠰᠬᠤᠨ ᠤ ᠪᠠᠭ ᠲᠤ ᠨᠢᠭᠡ ᠤᠶᠤᠳᠠᠨ ᠲᠠᠢ ᠪᠠᠶᠢᠯᠭᠠᠬᠤ︾ ᠨᠡᠮᠡᠵᠤ | ᠬᠦᠮᠤᠵᠢᠬᠦᠯᠬᠦ ᠠᠵᠢᠯᠯᠠᠭ᠎ᠠ ᠶᠢ ᠬᠦᠨᠵᠡᠭᠡᠢ ᠭᠡᠷᠡᠭᠵᠢᠬᠦᠯᠵᠤ᠂ 2021 ᠤᠨ ᠤ ᠰᠡᠬᠦᠯᠴᠢ ᠪᠤᠯᠬᠤ ᠳᠤ ᠭᠠᠴᠠᠭ᠎ᠠ | ᠲᠤᠰᠬᠤᠨ ᠤ ᠪᠠᠭ ᠨᠢᠭᠡᠪᠤᠷᠢ ᠳᠤ ᠠᠳᠠᠭ ᠲᠠᠭᠠᠨ ᠶᠡᠭᠡ ᠰᠤᠷᠭᠠᠭᠤᠯᠢ ᠶᠢᠨ ᠨᠠᠮᠳᠠᠷ ᠵᠢᠴᠢ ᠲᠡᠬᠦᠨ ᠠᠴᠠ ᠲᠡᠭᠡᠭᠰᠢᠬᠢ | ᠰᠤᠷᠤᠯᠭ᠎ᠠ ᠶᠢᠨ ᠨᠠᠮᠳᠠᠷ ᠲᠠᠢ ᠺᠠᠳ᠋ᠷ 1᠂ 35 ᠨᠠᠰᠤᠨ ᠠᠴᠠ ᠲᠤᠷᠤᠬᠰᠢᠬᠢ ᠵᠠᠯᠠᠭᠤ ᠺᠠᠳ᠋ᠷ 1᠂ 3—5 ᠪᠡᠯᠡᠳᠭᠡᠯ | ᠺᠠᠳ᠋ᠷ ᠪᠠᠶᠢᠬᠤ ᠶᠢ ᠦᠨᠡᠨᠬᠦ ᠪᠠᠳᠤᠯᠠᠨ᠎ᠠ᠃ | 3᠂ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠴᠢᠩᠭ᠎ᠠ᠃ ︽ᠬᠠᠮᠤᠭ ᠤᠨ ᠬᠦᠴᠦᠷᠬᠡᠭ ᠨᠠᠮ ᠤᠨ ᠡᠬᠦᠷ︾ | ᠤᠨ ᠪᠠᠶᠢᠭᠤᠯᠤᠯᠳᠠ ᠶᠢ ᠦᠷᠨᠢᠬᠦᠯᠵᠤ᠂ ᠭᠠᠴᠠᠭᠠᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ︽ᠤᠳᠤᠨ ᠲᠡᠰ | ᠤᠨ ᠬᠠᠮᠢᠶᠠᠷᠤᠯᠳᠠ︾ ᠪᠠᠷ ᠭᠠᠷᠳᠠᠴᠠ ᠪᠤᠯᠭᠠᠨ᠂ ᠭᠠᠴᠠᠭᠠᠨ ᠤ ᠨᠠᠮ ᠤᠨ ᠵᠤᠬᠢᠶᠠᠨ ᠪᠠᠶᠢᠭᠤᠯᠤᠯᠳᠠ ᠪᠠᠷ ᠦᠪᠠᠷ ᠢ | ᠪᠠᠨ ᠪᠠᠳᠤᠯᠠᠨ ᠲᠠᠨᠢᠯᠴᠠᠭᠤᠯᠵᠤ᠂ ᠰᠤᠮᠤ ᠪᠠᠯᠭᠠᠰᠤᠨ ᠤ ᠨᠠᠮ ᠤᠨ ᠬᠤᠷᠢᠶ᠎ᠠ ᠠᠩᠬ᠎ᠠ ᠦᠨᠡᠯᠡᠵᠤ᠂ ᠬᠤᠰᠢᠭᠤ ᠨᠠᠮ | ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠠᠴᠠ ᠬᠢᠨᠡᠨ ᠲᠤᠬᠳᠠᠭᠠᠬᠤ ᠭᠡᠯᠪᠠᠷᠢ ᠪᠠᠷ ᠤᠳᠤᠨ ᠲᠡᠰ ᠢ | ᠲᠤᠬᠳᠠᠭᠠᠵᠤ᠂ ᠪᠠᠭ ᠤᠨ ᠪᠡᠳᠤ ᠪᠠᠬᠢ ᠤᠳᠤ᠂ ᠡᠶ᠎ᠡ ᠵᠤᠬᠢᠴᠠᠩᠭᠤᠢ ᠲᠤᠬᠳᠠᠭᠤᠨ ᠤᠳᠤ᠂ ᠤᠯᠠᠨ ᠲᠦᠮᠡᠨ ᠤ | ᠬᠠᠨᠤᠮᠵᠢᠳᠠᠢ ᠤᠳᠤ ᠵᠠᠷᠭᠡ 8 — 10 ᠤᠳᠤ ᠶᠢ ᠪᠠᠭᠳᠠᠭᠠᠬᠰᠠᠨ ᠭᠠᠴᠠᠭᠠᠨ ᠤ ᠨᠠᠮ ᠤᠨ ᠵᠤᠬᠢᠶᠠᠨ | ᠪᠠᠶᠢᠭᠤᠯᠤᠯᠳᠠ ᠶᠢᠨ ᠰᠢᠯᠢᠳᠡᠭ ᠢ ᠨᠢ ᠰᠤᠩᠭᠤᠨ ︽ᠬᠠᠮᠤᠭ ᠤᠨ ᠬᠦᠴᠦᠷᠭᠡᠭ ᠨᠠᠮ ᠤᠨ ᠵᠤᠬᠢᠶᠠᠨ ᠪᠠᠶᠢᠭᠤᠯᠤᠯᠲᠠ︾ | ᠢᠶᠠᠷ ᠦᠨᠡᠯᠡᠵᠤ᠂ ᠡᠯ᠎ᠠ ᠰᠤᠮᠤ ᠪᠠᠯᠭᠠᠰᠤ 2021 ᠤᠨ ᠤ 6 ᠰᠠᠷ᠎ᠠ ᠶᠢᠨ 10 ᠤ ᠡᠳᠤᠷ ᠠᠴᠠ ᠡᠮᠤᠨ᠎ᠠ 2020 | ᠤᠨ ᠳᠤ ᠪᠠᠶᠢᠭᠤᠯᠤᠬᠰᠠᠨ ︽ᠬᠠᠮᠤᠭ ᠤᠨ ᠬᠦᠴᠦᠷᠭᠡᠭ ᠨᠠᠮ ᠤᠨ ᠡᠬᠦᠷ︾ ᠢ ᠰᠢᠯᠭᠠᠨ ᠬᠤᠷᠢᠶᠠᠬᠰᠠᠨ ᠦᠷ᠎ᠠ | ᠳ᠋ᠦᠩ ᠢᠶᠠᠨ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠮᠠᠯᠵᠢᠬᠤ ᠤᠷᠤᠨ ᠤ ᠨᠠᠮ ᠤᠨ | ᠪᠠᠶᠢᠭᠤᠯᠤᠯᠲᠠ ᠶᠢᠨ ᠳᠠᠰᠤᠭ ᠲᠤ ᠮᠡᠳᠡᠬᠦᠯᠤᠨ᠎ᠠ᠃ 2021 ᠤᠨ ᠳᠤ 30% ᠶᠢᠨ ᠭᠠᠴᠠᠭᠠᠨ ᠤ ᠨᠠᠮ ᠤᠨ ᠡᠬᠦᠷ | ︽ᠬᠠᠮᠤᠭ ᠤᠨ ᠬᠦᠴᠦᠷᠬᠡᠭ ᠨᠠᠮ ᠤᠨ ᠡᠬᠦᠷ︾ ᠤᠨ ᠪᠠᠷᠢᠮᠵᠢᠶ᠎ᠠ ᠳᠤ ᠬᠦᠷᠬᠡᠵᠦ᠂ 2023 ᠤᠨ ᠳᠤ 50% | ᠠᠴᠠ ᠲᠡᠭᠡᠭᠰᠢᠬᠢ ᠭᠠᠴᠠᠭᠠᠨ ᠤ ᠨᠠᠮ ᠤᠨ ᠡᠬᠦᠷ ︽ᠬᠠᠮᠤᠭ ᠤᠨ ᠬᠦᠴᠦᠷᠬᠡᠭ ᠨᠠᠮ ᠤᠨ ᠡᠬᠦᠷ︾ ᠤᠨ ᠪᠠᠷᠢᠮᠵᠢᠶ᠎ᠠ | ᠳᠤ ᠬᠦᠷᠭᠡᠨ᠎ᠡ᠃ ᠨᠠᠮ ᠤᠨ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠲᠦᠷᠢᠮ ᠢ ᠴᠢᠩᠭ᠎ᠠ ᠭᠡᠷᠡᠭᠵᠢᠬᠦᠯᠵᠤ᠂ | ︽ᠭᠤᠷᠪᠠᠨ ᠬᠤᠷᠠᠯ ᠨᠢᠭᠡ ᠬᠢᠴᠢᠶᠠᠯ︾ ᠤᠨ ᠶᠠᠰᠤ ᠴᠢᠨᠠᠷ ᠢ ᠲᠡᠭᠡᠭᠰᠢᠯᠡᠬᠦᠯᠤᠨ᠎ᠠ᠃ ᠰᠢᠬᠦᠮᠵᠢᠯᠠᠯ ᠪᠠ ᠦᠪᠠᠷ ᠤᠨ | ᠰᠢᠬᠦᠮᠵᠢᠯᠡᠯ ᠢ ᠲᠦᠪ ᠴᠢᠩᠭ᠎ᠠ ᠨᠠᠷᠢᠨ ᠬᠢᠨᠠᠮᠠᠭᠠᠢ ᠦᠷᠨᠢᠬᠦᠯᠵᠤ᠂ ᠭᠠᠴᠠᠭᠠᠨ ᠤ ᠨᠠᠮ ᠤᠨ ᠡᠬᠦᠷ ᠤᠨ ︽ᠲᠤᠯᠤᠭ᠎ᠠ︾ | ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠠᠵᠢᠯ ᠤᠨ ᠲᠤᠬᠳᠠᠴᠠ ︵ᠨᠠᠮ ᠤᠨ ᠡᠬᠦᠷ ᠤᠨ ᠨᠠᠮ ᠤᠨ | ᠭᠡᠰᠢᠬᠦᠨ ᠤ ᠶᠡᠭᠡ ᠬᠤᠷᠠᠯ ᠢ ᠤᠯᠠᠷᠢᠯ ᠪᠦᠷᠢ ᠨᠢᠭᠡ ᠤᠳᠠᠭ᠎ᠠ ᠬᠤᠷᠠᠯᠳᠤᠭᠤᠯᠵᠤ᠂ ᠨᠠᠮ ᠤᠨ ᠡᠬᠦᠷ ᠤᠨ ᠭᠡᠰᠢᠬᠦᠳ | ᠤᠨ ᠬᠤᠷᠠᠯ ᠢ ᠰᠠᠷ᠎ᠠ ᠪᠦᠷᠢ ᠨᠢᠭᠡ ᠤᠳᠠᠭ᠎ᠠ ᠬᠤᠷᠠᠯᠳᠤᠭᠤᠯᠵᠤ᠂ ᠨᠠᠮ ᠤᠨ ᠲᠤᠭᠤᠶᠢᠯᠠᠩ ᠤᠨ ᠬᠤᠷᠠᠯ ᠢ ᠰᠠᠷ᠎ᠠ | ᠪᠦᠷᠢ ᠨᠢᠭᠡ ᠤᠳᠠᠭ᠎ᠠ ᠬᠤᠷᠠᠯᠳᠤᠭᠤᠯᠵᠤ᠂ ᠵᠢᠯ ᠪᠦᠷᠢ ᠨᠢᠭᠡ ᠤᠳᠠᠭ᠎ᠠ ᠨᠠᠮ ᠤᠨ ᠭᠡᠰᠢᠬᠦᠨ ᠢ ᠠᠷᠠᠳᠴᠢᠯᠠᠯ ᠢᠶᠠᠷ | ᠦᠨᠡᠯᠡᠬᠦ ᠠᠵᠢᠯᠯᠠᠭ᠎ᠠ ᠦᠷᠨᠢᠬᠦᠯᠵᠤ᠂ ᠨᠠᠮ ᠤᠨ ᠭᠡᠰᠢᠬᠦᠨ ᠤᠳᠤᠷᠢᠳᠬᠤ ᠺᠠᠳ᠋ᠷᠴᠤᠳ ᠵᠢᠯ ᠪᠦᠷᠢ ᠨᠠᠭᠠᠳᠦ ᠵᠠᠬ᠎ᠠ | ᠳᠠᠭᠠᠨ ᠦᠨᠳᠤᠰᠤᠨ ᠱᠠᠳᠤᠨ ᠤ ᠨᠠᠮ ᠤᠨ ᠭᠡᠰᠢᠬᠦᠳ ᠲᠤ ᠨᠠᠮ ᠤᠨ ᠬᠢᠴᠢᠶᠠᠯ ᠤᠷᠤᠵᠤ᠂ ᠨᠠᠮ ᠤᠨ ᠡᠬᠦᠷ ᠤᠨ | ᠭᠡᠰᠢᠬᠦᠳ ᠤᠨ ᠬᠤᠭᠤᠷᠤᠨᠳᠦ᠂ ᠨᠠᠮ ᠤᠨ ᠡᠬᠦᠷ ᠤᠨ ᠭᠡᠰᠢᠬᠦᠳ ᠪᠠ ᠨᠠᠮ ᠤᠨ ᠭᠡᠰᠢᠬᠦᠨ ᠤ ᠬᠤᠭᠤᠷᠤᠨᠳᠦ᠂ ᠨᠠᠮ | ᠤᠨ ᠭᠡᠰᠢᠬᠦᠨ ᠪᠠ ᠨᠠᠮ ᠤᠨ ᠭᠡᠰᠢᠬᠦᠨ ᠤ ᠬᠤᠭᠤᠷᠤᠨᠳᠦ ᠵᠢᠯ ᠪᠦᠷᠢ ᠰᠡᠳᠬᠢᠯ ᠤᠨ ᠦᠭᠡ ᠪᠠᠨ ᠶᠠᠷᠢᠯᠴᠠᠬᠤ ᠶᠢ | ᠲᠦᠷᠢᠮᠵᠢᠬᠦᠯᠬᠦ ᠶᠢ 1 ᠤᠳᠠᠭ᠎ᠠ ᠠᠴᠠ ᠳᠡᠭᠡᠭᠰᠢ ᠪᠠᠶᠢᠯᠭᠠᠨ᠎ᠠ︶᠃ ᠲᠤᠷᠤᠢ ᠪᠠᠭᠤᠷᠠᠢ ᠰᠤᠯᠠ ᠵᠠᠳᠠᠭᠠᠢ ᠪᠠᠶᠢᠭ᠎ᠠ | ᠪᠠᠶᠢᠳᠠᠯ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠦᠷᠨᠢᠬᠦᠯᠵᠤ᠂ ᠵᠤᠬᠢᠶᠠᠨ ᠪᠠᠶᠢᠭᠤᠯᠤᠯᠳᠠ ᠶᠢᠨ | ᠠᠮᠢᠳᠤᠷᠠᠯ ᠤᠨ ᠲᠤᠬᠳᠠᠭᠠᠯ ᠶᠤᠰᠤᠭᠠᠷ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠵᠢᠬᠰᠠᠭᠠᠨ | ᠪᠠᠶᠢᠴᠠᠭᠠᠵᠤ ᠴᠡᠭᠴᠡᠯᠡᠬᠦ᠂ ︽ᠨᠢᠭᠡ ᠨᠠᠮ ᠤᠨ ᠡᠬᠦᠷ ᠲᠤ ᠨᠢᠭᠡ ᠠᠷᠭ᠎ᠠ ᠪᠤᠳᠤᠯᠭ᠎ᠠ ᠲᠤᠬᠳᠠᠭᠠᠬᠤ︾ ᠶᠢ ᠪᠠᠶᠢᠳᠠᠯ | ᠳᠤᠨᠢ ᠲᠤᠬᠢᠷᠠᠭᠤᠯᠤᠨ ᠴᠡᠭᠴᠡᠯᠡᠬᠦ ᠶᠢ ᠠᠬᠢᠭᠤᠯᠤᠨ᠂ ︽ᠲᠦᠷᠪᠡᠨ ᠨᠢᠭᠡ︾ ᠶᠢᠨ ᠠᠵᠢᠯ ᠤᠨ ᠲᠤᠬᠳᠠᠴᠠ ᠶᠢ | ᠨᠠᠶᠢᠳᠠᠪᠤᠷᠢᠵᠢᠭᠤᠯᠵᠤ᠂ ᠴᠠᠭ ᠲᠤᠬᠠᠢ ᠳᠤᠨᠢ ᠬᠤᠪᠢᠷᠠᠭᠤᠯᠤᠨ ᠲᠡᠭᠡᠭᠰᠢᠯᠡᠬᠦᠯᠵᠤ᠂ ᠬᠠᠷᠢᠴᠠᠯ ᠲᠤᠬᠳᠠᠭᠠᠬᠤ ᠦᠭᠡᠢ᠂ | ᠵᠢᠬᠰᠠᠭᠠᠬᠤ ᠶᠤᠰᠤᠳᠠᠢ ᠶᠢ ᠨᠢ ᠪᠦᠬᠦᠨ ᠢ ᠲᠤᠬᠢᠷᠠᠭᠤᠯᠬᠤ᠂ ᠴᠡᠭᠴᠡᠯᠡᠬᠦ ᠶᠤᠰᠤᠳᠠᠢ ᠶᠢ ᠨᠢ ᠪᠦᠬᠦᠨ ᠢ ᠴᠡᠭᠴᠡᠯᠡᠬᠦ | ᠭᠡᠷᠡᠭᠳᠡᠢ᠃ ᠰᠢᠨ᠎ᠠ ᠪᠠᠷ ᠢᠯᠡᠷᠡᠬᠦᠯᠦᠭᠰᠡᠨ ᠲᠤᠷᠤᠢ ᠪᠠᠭᠤᠷᠠᠢ ᠰᠤᠯᠠ ᠵᠠᠳᠠᠭᠠᠢ ᠨᠠᠮ ᠤᠨ ᠵᠤᠬᠢᠶᠠᠨ ᠪᠠᠶᠢᠭᠤᠯᠤᠯᠳᠠ | ᠳᠤ ᠨᠢᠭᠡ ᠶᠢ ᠢᠯᠡᠷᠡᠬᠦᠯᠪᠠᠯ ᠨᠢᠭᠡ ᠶᠢ ᠴᠡᠭᠴᠡᠯᠡᠵᠤ᠂ ᠨᠢᠭᠡ ᠶᠢ ᠠᠷᠢᠯᠭᠠᠵᠤ᠂ ᠲᠤᠷᠤᠢ ᠪᠠᠭᠤᠷᠡᠢ ᠰᠤᠯᠠ ᠵᠠᠳᠠᠭᠠᠢ | ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠦᠭᠡᠶᠢᠰᠬᠡᠬᠦ ᠠᠵᠢᠯᠯᠠᠭᠠᠨ ᠤ ᠬᠦᠳᠡᠯᠤᠩᠬᠦᠢ | ᠬᠠᠮᠢᠶᠠᠷᠤᠯᠲᠠ ᠶᠢ ᠢᠮᠠᠬᠳᠠ ᠪᠠᠳᠤᠯᠠᠬᠤ ᠭᠡᠷᠡᠭᠳᠡᠢ᠃ | 4.᠂ ᠤᠶᠢᠯᠡᠳᠦᠯ ᠪᠠᠳᠠᠷᠠᠭᠤᠯᠬᠤ ᠪᠠᠷ ᠴᠢᠩᠭ᠎ᠠ ᠃ ᠭᠠᠴᠠᠭᠠᠨ ᠤ ᠨᠠᠮ ᠤᠨ ᠵᠤᠭᠢᠶᠠᠨ ᠪᠠᠶᠢᠭᠤᠯᠤᠯᠳᠠ ᠨᠢ | ᠵᠤᠭᠢᠶᠠᠨ ᠪᠠᠶᠢᠭᠤᠯᠬᠤ ᠴᠦᠮ᠎ᠡ᠂ ᠦᠵᠡᠯ ᠰᠠᠨᠠᠭᠠᠨ ᠤ ᠴᠦᠮ᠎ᠡ᠂ ᠰᠡᠶᠢᠳᠪᠤᠷᠢᠳᠦ ᠪᠤᠳᠣᠯᠭ᠎ᠠ ᠶᠢᠨ ᠴᠦᠮ᠎ᠡ᠂ | ᠣᠶᠢᠯᠡ ᠠᠵᠢᠯᠯᠠᠭᠠᠨ ᠤ ᠴᠦᠮ᠎ᠡ ᠵᠡᠷᠭᠡ ᠲᠦᠷᠪᠡᠨ ᠴᠦᠮ᠎ᠡ ᠶᠢᠨ ᠣᠶᠢᠯᠡᠳᠦᠯ ᠢᠶᠠᠨ ᠭᠦᠢᠴᠡᠳ ᠪᠠᠳᠠᠷᠠᠭᠤᠯᠵᠦ᠂ | ᠨᠠᠮ ᠤᠨ ᠡᠭᠦᠷ ᠨᠢ ᠵᠢᠷᠭᠤᠭᠠᠨ ᠴᠢᠳᠠᠪᠭᠢ ᠶᠢᠨ ᠤᠶᠢᠯᠡᠳᠦᠯ ᠪᠡᠨ᠋ ᠭᠦᠢᠴᠡᠳ ᠪᠠᠳᠠᠷᠠᠭᠤᠯᠵᠦ᠂ ᠨᠠᠮ ᠶᠢᠨ ᠵᠤᠭᠢᠶᠠᠨ | ᠪᠠᠶᠢᠭᠤᠯᠤᠯᠳᠠ ᠶᠢᠨ ᠤᠳᠤᠷᠢᠳᠤᠯᠭ᠎ᠠ ᠲᠤᠤᠷᠠᠭᠢ ᠭᠠᠴᠠᠭ᠎ᠠ ᠱᠠᠳᠣᠨ ᠤ ᠬᠡᠷᠡᠭ ᠶᠠᠪᠤᠳᠠᠯ ᠤᠨ ᠲᠦᠷᠢᠮᠵᠢᠯᠡᠯ ᠪᠤᠯᠤᠨ | ᠦᠨᠳᠦᠰᠦᠨ ᠱᠠᠳᠣᠨ ᠤ ᠵᠦᠪᠯᠡᠯᠭᠡᠨ ᠤ ᠠᠷᠠᠳᠴᠢᠯᠠᠯ ᠤᠨ ᠲᠦᠷᠢᠮᠵᠢᠯᠡᠯ ᠢ ᠲᠡᠭᠦᠯᠳᠡᠷᠵᠢᠭᠦᠯᠵᠦ᠂ ᠭᠠᠴᠠᠭᠠᠨ ᠤ | ᠶᠠᠪᠤᠳᠠᠯ ᠤᠨ ᠭᠢᠨᠠᠯᠳᠠ ᠲᠠᠯᠪᠢᠬᠤ ᠵᠦᠪᠯᠡᠯ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ ᠭᠠᠴᠠᠭ᠎ᠠ ᠲᠤᠰᠬᠤᠨ ᠤ | ᠬᠤᠷᠠᠯ ᠢ ᠴᠢᠩᠭᠠᠳᠬᠠᠨ᠂ ᠭᠠᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯᠣᠨ ᠭᠠᠴᠠᠭᠠᠨ ᠤ | ᠶᠠᠪᠤᠳᠠᠯ ᠳᠤ ᠭᠢᠨᠠᠯᠳᠠ ᠲᠠᠯᠪᠢᠬᠤ ᠵᠡᠷᠭᠡ ᠳᠦᠷᠢᠮ ᠢ ᠲᠡᠭᠦᠯᠳᠡᠷᠵᠢᠭᠦᠯᠦᠨ᠂ ᠦᠨᠳᠦᠰᠦᠨ ᠱᠠᠳᠣᠨ ᠤ ᠨᠠᠮ ᠤᠨ | ᠶᠠᠪᠤᠳᠠᠯ ᠢ ᠢᠯᠡ ᠪᠤᠯᠭᠠᠬᠤ᠂ ᠵᠠᠰᠠᠭ ᠤᠨ ᠶᠠᠪᠤᠳᠠᠯ ᠢ ᠢᠯᠡ ᠪᠤᠯᠭᠠᠬᠤ᠂ ᠠᠵᠢᠯ ᠶᠠᠪᠤᠳᠠᠯ ᠬᠢᠭᠦ ᠳᠤ ᠬᠢᠨᠠᠯᠳᠠ | ᠲᠠᠯᠪᠢᠬᠤ ᠳᠦᠷᠢᠮ ᠢ ᠲᠡᠭᠦᠯᠳᠡᠷᠵᠢᠭᠦᠯᠵᠦ᠂ ︽ᠳᠦᠷᠪᠡ ᠶᠢ ᠶᠠᠷᠢᠯᠴᠠᠵᠦ᠂ ᠬᠤᠶᠠᠷ ᠢ ᠢᠯᠡ ᠪᠤᠯᠭᠠᠬᠤ︾ ᠳᠦᠷᠢᠮ ᠢ | ᠲᠤᠤᠱᠯᠠᠭᠤᠯᠤᠨ᠂ ᠭᠠᠴᠠᠭᠠᠨ ᠤ ᠳᠦᠷᠢᠮ᠂ ᠠᠷᠠᠳ ᠤᠨ ᠭᠡᠷ᠎ᠡ ᠶᠢ ᠪᠦᠷᠢᠨᠰᠢᠭᠦᠯᠵᠦ᠂ ᠪᠤᠯᠪᠠᠰᠣᠨ ᠭᠠᠴᠠᠭᠠᠨ ᠤ | ᠬᠡᠪ ᠰᠣᠷᠳᠠᠯ ᠢ ᠪᠣᠢ ᠪᠣᠯᠭᠠᠨ᠂ ᠬᠦᠳᠡᠭᠡ ᠲᠤᠰᠬᠤᠨ ᠤ ᠬᠠᠤᠯᠢ ᠶᠢᠨ ᠪᠦᠳᠦᠭᠡᠨ ᠪᠠᠶᠢᠭᠤᠯᠤᠯᠳᠠ ᠶᠢ ᠲᠦᠯᠭᠢᠨ | ᠠᠬᠢᠭᠤᠯᠵᠤ᠂ ᠡᠩᠭᠡ ᠲᠠᠶᠢᠪᠤᠩ ᠬᠦᠳᠡᠭᠡ ᠲᠤᠰᠬᠤᠨ ᠢ ᠪᠦᠳᠦᠭᠡᠨ ᠪᠠᠶᠢᠭᠤᠯᠵᠦ᠂ ᠬᠦᠳᠡᠭᠡ ᠲᠤᠰᠬᠤᠨ ᠤ ᠶᠤᠰᠣ | ᠰᠣᠷᠳᠠᠬᠤᠨ ᠢ ᠵᠠᠰᠠᠬᠤ ᠳᠦᠪᠰᠢᠨ ᠢ ᠲᠡᠭᠡᠭᠰᠢᠯᠡᠭᠦᠯᠵᠦ᠂ ᠮᠠᠯᠵᠢᠬᠤ ᠤᠷᠤᠨ ᠤ ᠤᠨᠴᠠᠯᠢᠭ ᠲᠠᠢ ᠨᠠᠮ ᠶᠢᠨ ᠵᠤᠭᠢᠶᠠᠨ | ᠪᠠᠶᠢᠭᠤᠯᠤᠯᠳᠠ ᠶᠢᠨ ᠣᠳᠣᠷᠢᠳᠣᠯᠭ᠎ᠠ ᠲᠤᠤᠷᠠᠭᠢ ᠦᠪᠡᠷᠳᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ | ᠰᠣᠷᠳᠠᠬᠤᠨ ᠪᠠᠷ ᠵᠠᠰᠠᠬᠤ ᠶᠢ ᠣᠶᠠᠯᠳᠣᠭᠤᠯᠣᠭᠰᠠᠨ ᠬᠦᠳᠡᠭᠡ ᠲᠣᠰᠬᠤᠨ ᠤ ᠵᠠᠰᠠᠯᠲᠡ ᠶᠢᠨ ᠰᠢᠰᠲ᠋ᠧᠮ ᠢ ᠪᠤᠢ | ᠪᠣᠯᠭᠠᠨ᠎ᠠ᠃ ᠡᠷᠦᠭᠡ ᠲᠠᠢ ᠬᠠᠷᠢᠯᠴᠠᠬᠤ᠂ ᠪᠠᠶᠢᠷᠢ ᠵᠢᠱᠢᠨ ᠬᠠᠷᠢᠭᠤᠴᠠᠯᠭ᠎ᠠ ᠲᠣᠭᠲᠠᠭᠠᠵᠤ᠂ ︽ᠪᠢ ᠲᠠᠨ ᠢ | ᠬᠠᠪᠰᠣᠷᠬᠤ︾ ᠰᠠᠶᠢᠨ ᠲᠣᠷ᠎ᠠ ᠶᠢᠨ ᠤᠶᠢᠯᠡᠴᠢᠯᠡᠭᠡ ᠵᠡᠷᠭᠡ ᠳᠦᠷᠢᠮ ᠢ ᠣᠯᠠᠮ ᠴᠢᠨᠠᠭᠰᠢᠳᠠ ᠰᠢᠯᠢᠳᠡᠭᠵᠢᠭᠦᠯᠵᠦ᠂ | ᠨᠠᠮ ᠶᠢᠨ ᠭᠡᠰᠢᠭᠦᠨ ᠤ ᠶᠠᠳᠠᠭᠤ ᠠᠴᠠ ᠠᠩᠭᠢᠵᠢᠷᠠᠵᠦ ᠪᠤᠭᠤᠮᠳᠠ ᠰᠢᠪᠳᠣᠯᠬᠤ᠂ ᠮᠠᠯᠵᠢᠬᠤ ᠤᠷᠤᠨ ᠤ ᠭᠦᠮᠦᠨ | ᠠᠷᠠᠳ ᠶᠢᠨ ᠰᠠᠭᠤᠬᠤ ᠤᠷᠴᠢᠨ ᠢ ᠵᠠᠰᠠᠨ ᠴᠡᠭᠴᠡᠯᠡᠨ ᠭᠤᠶᠤ ᠰᠠᠶᠢᠬᠠᠨ ᠬᠦᠳᠡᠭᠡ ᠲᠣᠰᠬᠤᠨ ᠢ ᠪᠦᠳᠦᠭᠡᠨ | ᠪᠠᠶᠢᠭᠤᠯᠬᠤ ᠵᠡᠷᠭᠡ ᠠᠵᠢᠯ ᠶᠢᠨ ᠳᠣᠮᠳᠠᠭᠢ ᠲᠠᠭᠠᠭᠤᠯᠣᠨ ᠳᠠᠭᠤᠷᠢᠶᠠᠯ ᠦᠵᠡᠭᠦᠯᠬᠦ ᠣᠶᠢᠯᠡᠳᠦᠯ ᠢ ᠪᠠᠳᠠᠷᠠᠭᠤᠯᠬᠤ ᠶᠢ | ᠣᠳᠣᠷᠢᠳᠣᠨ ᠵᠢᠯᠣᠭᠤᠳᠴᠦ᠂ ᠨᠢᠭᠡ ᠪᠦᠯᠦᠭ ᠲᠦᠯᠦᠭᠡᠯᠡᠬᠦ ᠴᠢᠨᠠᠷ ᠲᠠᠢ᠂ ᠨᠦᠯᠦᠭᠡᠯᠡᠭᠦ ᠭᠦᠴᠦᠨ ᠪᠦᠭᠦᠢ ᠨᠠᠮ ᠤᠨ | ᠬᠡᠰᠢᠭᠦᠨ ᠢ ᠠᠳᠠᠯ ᠤᠶᠢᠯᠡᠰ ᠪᠤᠰᠬᠠᠨ ᠲᠠᠭᠠᠭᠤᠯᠣᠨ ᠪᠠᠶᠠᠵᠢᠬᠤ ᠨᠡᠶᠢᠳᠡᠯᠢᠭ ᠵᠢᠱᠢᠶ᠎ᠡ ᠪᠤᠯᠭᠠᠨ ᠭᠦᠮᠦᠵᠢᠭᠦᠯᠦᠨ᠎ᠡ᠃ | 5.᠂ ᠣᠯᠠᠨ ᠲᠦᠮᠡᠨᠴᠢ ᠠᠵᠢᠯ ᠳᠤ ᠴᠢᠩᠭ᠎ᠠ᠃ ᠨᠠᠮ ᠪᠠ ᠣᠯᠠᠨ ᠲᠦᠮᠡᠨᠴᠢ ᠣᠶᠢᠯᠡᠴᠢᠯᠡᠭᠡᠨ ᠤ ᠲᠥᠪ ᠤᠨ | ᠪᠦᠳᠦᠭᠡᠨ ᠪᠠᠶᠢᠭᠤᠯᠤᠯᠳᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠡᠯ᠎ᠡ ᠰᠣᠮᠣ ᠪᠠᠯᠭᠠᠰᠣᠨ ᠤ ᠨᠠᠮ ᠤᠨ | ᠬᠤᠷᠢᠶ᠎ᠠ ᠨᠢ ᠪᠤᠳᠠᠳᠦ ᠪᠠᠶᠢᠳᠠᠯ ᠲᠠᠢ ᠪᠠᠨ ᠤᠶᠠᠯᠳᠣᠭᠤᠯᠣᠨ᠂ ᠭᠠᠴᠠᠭᠠᠨ ᠤ ᠨᠠᠮ ᠪᠠ ᠣᠯᠠᠨ ᠲᠦᠮᠡᠨᠴᠢ | ᠣᠶᠢᠯᠡᠴᠢᠯᠡᠭᠡᠨ ᠤ ᠲᠥᠪ ᠤᠨ ᠪᠦᠳᠦᠭᠡᠨ ᠪᠠᠶᠢᠭᠤᠯᠤᠯᠳᠠ ᠶᠢᠨ ᠪᠠᠷᠢᠮᠵᠢᠶ᠎ᠠ ᠶᠢ ᠨᠠᠷᠢᠯᠢᠭᠵᠢᠭᠤᠯᠤᠨ᠂ ᠦᠨᠳᠣᠰᠣᠨ | ᠪᠠᠷᠢᠯᠭ᠎ᠠ ᠶᠢᠨ ᠲᠠᠯᠠᠪᠠᠢ ᠨᠢ ᠶᠠᠷᠦ ᠳᠡᠭᠡᠨ 150 ᠲᠡᠭᠰᠢ ᠲᠦᠷᠪᠡᠯᠵᠢᠨ ᠠᠴᠠ ᠳᠡᠭᠡᠭᠰᠢ ᠪᠠᠶᠢᠬᠤ ᠬᠡᠷᠡᠭᠳᠡᠢ᠃ | ᠣᠶᠢᠯᠡᠴᠢᠯᠡᠭᠡᠨ ᠤ ᠴᠢᠳᠠᠪᠬᠢ ᠪᠠᠨ ᠰᠢᠯᠢᠳᠡᠭᠵᠢᠭᠦᠯᠦᠨ ᠲᠣᠬᠠᠢ ᠶᠢᠨ ᠭᠠᠵᠠᠷ ᠲᠤ ᠨᠢ ᠲᠤᠭᠢᠷᠠᠭᠤᠯᠤᠨ ᠡᠬᠢ | ᠪᠠᠶᠠᠯᠢᠭ ᠢ ᠲᠣᠭᠢᠷᠠᠮᠵᠢᠳᠠᠢ ᠲᠤᠭᠢᠷᠠᠭᠤᠯᠤᠨ᠂ ᠠᠵᠢᠯᠯᠠᠭᠠᠨ ᠤ ᠭᠡᠷ ᠢ ᠰᠢᠨᠵᠢᠯᠡᠬᠦ ᠣᠬᠠᠭᠠᠨᠴᠢ ᠪᠠᠷ ᠲᠤᠭᠢᠷᠠᠭᠤᠯᠤᠨ᠂ | ᠨᠠᠮ ᠤᠨ ᠬᠡᠰᠢᠭᠦᠨ ᠤ ᠭᠦᠳᠡᠯᠭᠡᠭᠡᠨ ᠤ ᠭᠡᠷ ᠢ ᠴᠢᠩᠭᠠᠳᠬᠠᠨ᠂ ᠠᠷᠠᠳ ᠲᠤ ᠲᠦᠭᠦᠮ ᠦᠵᠡᠬᠦᠯᠬᠦ ᠣᠶᠢᠯᠡᠴᠢᠯᠡᠭᠡᠨ ᠤ | ᠶᠡᠭᠡ ᠲᠠᠩᠭᠢᠮ ᠢ ᠪᠠᠶᠢᠭᠤᠯᠤᠨ᠂ ᠣᠶᠢᠯᠡᠴᠢᠯᠡᠭᠡᠨ ᠤ ᠵᠤᠶᠢᠯᠡᠰ ᠢ ᠲᠤᠳᠤᠷᠬᠠᠶᠢᠯᠠᠨ᠂ ᠭᠠᠴᠠᠭ᠎ᠠ ᠱᠠᠳᠦ ᠨᠢ ᠠᠷᠠᠳ | ᠲᠦᠮᠡᠨ ᠳᠤ ᠣᠶᠢᠯᠡᠴᠢᠯᠡᠭᠦ᠂ ᠪᠦᠭᠦᠶᠢᠯᠡ ᠱᠠᠳᠣᠨ ᠳᠤ ᠤᠶᠢᠯᠡᠴᠢᠯᠡᠬᠦ ᠶᠢ ᠲᠦᠯᠭᠢᠨ ᠠᠬᠢᠭᠤᠯᠵᠦ᠂ ᠵᠢᠯ ᠤᠨ | ᠲᠣᠲᠣᠷ᠎ᠠ ᠪᠦᠭᠦᠶᠢᠯᠡ ᠭᠠᠴᠠᠭ᠎ᠠ ᠨᠢ ᠴᠦᠮ ᠴᠢᠳᠠᠪᠭᠢ ᠪᠦᠷᠢᠨ ᠲᠡᠭᠦᠯᠳᠡᠷ ᠣᠯᠠᠨ ᠲᠦᠮᠡᠨᠴᠢ ᠣᠶᠢᠯᠡᠴᠢᠯᠡᠭᠡᠨ ᠤ | ᠲᠥᠪ ᠢ ᠪᠦᠳᠦᠭᠡᠨ ᠪᠠᠶᠢᠭᠤᠯᠵᠦ᠂ ᠦᠨᠳᠦᠰᠦᠨ ᠱᠠᠳᠣᠨ ᠤ ᠨᠠᠮ ᠤᠨ ᠵᠤᠭᠢᠶᠠᠨ ᠪᠠᠶᠢᠭᠤᠯᠤᠯᠳᠠ ᠶᠢᠨ ᠤᠯᠠᠨ | ᠲᠦᠮᠡᠨ ᠢ ᠵᠤᠭᠢᠶᠠᠨ ᠪᠠᠶᠢᠭᠤᠯᠵᠦ᠂ ᠤᠯᠠᠨ ᠲᠦᠮᠡᠨ ᠳᠤ ᠣᠬᠠᠭᠤᠯᠤᠨ᠂ ᠣᠯᠠᠨ ᠲᠦᠮᠡᠨ ᠢ ᠨᠢᠭᠳᠠᠷᠠᠭᠤᠯᠤᠨ᠂ | ᠤᠯᠠᠨ ᠲᠦᠮᠡᠨ ᠳᠤ ᠣᠶᠢᠯᠡᠴᠢᠯᠡᠬᠦ ᠴᠢᠳᠠᠪᠤᠷᠢ ᠪᠤᠯᠤᠨ ᠬᠢᠷᠢ ᠲᠦᠪᠰᠢᠨ ᠢᠶᠠᠨ ᠲᠡᠭᠡᠭᠰᠢᠯᠡᠭᠦᠯᠦᠨ᠎ᠡ᠃ ᠡᠭᠦᠨ ᠤ | ᠬᠠᠮᠳᠦ᠂ ︽ᠰᠢᠯᠢ ᠶᠢᠨ ᠭᠤᠤᠯ ᠠᠶᠢᠮᠠᠭ ᠤᠨ ᠭᠠᠴᠠᠭ᠎ᠠ ᠱᠠᠳᠣᠨ ᠤ ᠵᠤᠭᠢᠶᠠᠨ ᠪᠠᠶᠢᠭᠤᠯᠤᠯᠳᠠ ᠶᠢᠨ ᠭᠦᠳᠡᠯᠭᠡᠭᠡᠨ ᠤ | ᠲᠠᠯᠠᠪᠤᠷ ᠢ ᠬᠠᠮᠢᠶᠠᠷᠴᠦ ᠭᠡᠷᠡᠭᠯᠡᠭᠦ ᠠᠷᠭ᠎ᠠ ︵ᠲᠣᠷᠰᠢᠨ ᠭᠡᠷᠡᠭᠯᠡᠭᠦ︶︾ ᠶᠢ ᠬᠢᠨᠠᠮᠠᠭᠠᠢ ᠲᠤᠤᠱᠯᠠᠭᠤᠯᠤᠨ ᠭᠡᠷᠡᠭᠵᠢᠭᠦᠯᠵᠦ | ᠂ ᠬᠠᠭᠤᠴᠢᠨ ᠪᠠᠭ᠎ᠠ ᠭᠦᠳᠡᠯᠭᠡᠭᠡᠨ ᠤ ᠲᠠᠯᠠᠪᠤᠷ ᠢ ᠵᠠᠰᠠᠨ ᠰᠡᠯᠪᠢᠬᠦ ᠪᠤᠯᠤᠨ ᠦᠷᠭᠡᠳᠭᠡᠨ ᠪᠠᠶᠢᠭᠤᠯᠬᠤ ᠠᠵᠢᠯ ᠢ | ᠰᠠᠶᠢᠳᠦᠷ ᠠᠳᠬᠤᠨ᠎ᠠ᠂ ᠵᠢᠯ ᠤᠨ ᠲᠤᠳᠤᠷ᠎ᠠ ᠭᠠᠴᠠᠭᠠᠨ ᠤ ᠭᠦᠳᠡᠯᠭᠡᠭᠡᠨ ᠤ ᠲᠠᠯᠠᠪᠤᠷ ᠤᠨ ᠲᠠᠯᠠᠪᠠᠢ ᠶᠢ ᠪᠠᠷᠢᠮᠵᠢᠶ᠎ᠡ ᠳᠤ | ᠭᠦᠷᠭᠡᠵᠦ᠂ ︽ᠬᠡᠷᠡᠭ ᠵᠦᠪᠯᠡᠬᠦ ᠳᠤ ᠲᠠᠯᠠᠪᠤᠷ ᠲᠠᠢ︾ ᠪᠠᠶᠢᠬᠤ ᠶᠢ ᠪᠠᠳᠣᠯᠠᠨ᠎ᠠ᠃ | ︵ᠭᠤᠷᠪᠠ︶ ᠨᠠᠮ ᠤᠨ ᠬᠡᠰᠢᠬᠦᠨ ᠤ ᠭᠤᠤᠯᠳᠠᠯᠭᠠᠳᠦ ᠡᠷᠦᠬᠡ ᠶᠢᠨ ︽ᠵᠠᠩᠭᠢᠯᠠᠭ᠎ᠠ ᠶᠢᠨ ᠴᠡᠭ︾ ᠢ ᠪᠣᠳᠠᠳᠠᠢ | ᠠᠳᠬᠤᠵᠤ᠂ ᠬᠠᠪᠰᠣᠷᠣᠨ ᠲᠦᠯᠬᠢᠬᠦ ᠤᠶᠢᠯᠡᠳᠦᠯ ᠢ ᠴᠢᠩᠭᠠᠳᠬᠠᠨ᠎ᠠ᠃ | 1. ᠤᠳᠤᠷᠢᠳᠤᠨ ᠲᠠᠭᠠᠭᠤᠯᠬᠤ ᠤᠶᠢᠯᠡᠳᠦᠯ ᠢᠶᠠᠷ ᠰᠠᠶᠢᠨ᠃ | ᠲᠤᠤᠷ ᠬᠤᠪᠢᠶᠠᠨ ᠬᠡᠰᠢᠭᠦᠨ ᠲᠤᠭᠳᠠᠭᠠᠨ᠂ ᠡᠯ᠎ᠡ ᠰᠣᠮᠣ ᠪᠠᠯᠭᠠᠰᠣᠨ ᠤ ᠨᠠᠮ ᠤᠨ ᠬᠤᠷᠢᠶ᠎ᠠ ᠨᠢ ᠣᠳᠣ | ᠪᠠᠶᠢᠭ᠎ᠠ ᠨᠠᠮ ᠤᠨ ᠬᠡᠰᠢᠬᠦᠨ ᠤ ᠭᠤᠤᠯᠳᠠᠯᠭᠠᠳᠣ ᠡᠷᠦᠬᠡ ᠶᠢ ᠲᠤᠭᠳᠠᠭᠠᠭᠰᠠᠨ ᠪᠠᠶᠢᠳᠠᠯ ᠳᠤ ᠪᠠᠶᠢᠴᠠᠭᠠᠯᠳᠠ ᠬᠢᠵᠦ᠂ | ᠰᠦᠯᠵᠢᠶ᠎ᠡ ᠪᠦᠷᠢ ᠳᠤ ᠠᠳᠠᠭ ᠳᠤ ᠪᠠᠨ 1-2 ᠨᠠᠮ ᠤᠨ ᠬᠡᠰᠢᠬᠦᠨ ᠤ ᠭᠤᠤᠯᠳᠠᠯᠭᠠᠳᠦ ᠡᠷᠦᠬᠡ ᠶᠢ ᠪᠠᠶᠢᠷᠢᠯᠠᠭᠤᠯᠤᠨ᠎ᠠ | ᠃ ᠤᠯᠤᠰ ᠲᠦᠷᠥ ᠶᠢᠨ ᠬᠡᠪ ᠪᠤᠯᠪᠠᠰᠣᠷᠠᠯ ᠰᠠᠶᠢᠨ᠂ ᠵᠢᠱᠢᠶ᠎ᠡ ᠦᠵᠡᠬᠦᠯᠬᠦ ᠴᠢᠳᠠᠪᠤᠷᠢ ᠪᠠᠷ ᠴᠢᠩᠭ᠎ᠠ᠂ ᠣᠶᠢᠯᠡᠳᠦᠯ | ᠪᠠᠳᠠᠷᠠᠭᠤᠯᠬᠤ ᠲᠠᠯ᠎ᠠ ᠪᠠᠷ ᠰᠠᠶᠢᠨ᠂ ᠤᠶᠢᠯᠡᠴᠢᠯᠡᠬᠦ ᠴᠢᠳᠠᠪᠤᠷᠢ ᠪᠠᠷ ᠴᠢᠩᠭ᠎ᠠ᠂ ᠠᠵᠦ ᠣᠶᠢᠯᠡᠰ ᠤᠨ ᠭᠦᠭᠵᠢᠯᠳᠡ | ᠰᠠᠶᠢᠨ᠂ ᠲᠠᠭᠠᠭᠤᠯᠤᠨ ᠪᠠᠶᠠᠵᠢᠬᠤ ᠴᠢᠳᠠᠪᠤᠷᠢ ᠪᠠᠷ ᠴᠢᠩᠭ᠎ᠠ᠂ ᠦᠨᠳᠦᠰᠦᠳᠡᠨ ᠤ ᠪᠦᠯᠬᠦᠮᠳᠡᠯ ᠤᠨ ᠤᠬᠠᠮᠰᠠᠷ ᠰᠠᠶᠢᠨ᠂ | ᠬᠢᠯᠢ ᠭᠢᠵᠠᠭᠠᠷ ᠢ ᠰᠠᠬᠢᠬᠤ ᠴᠢᠳᠠᠪᠤᠷᠢ ᠪᠠᠷ ᠴᠢᠩᠭ᠎ᠠ ︽ᠲᠦᠷᠪᠡᠨ ᠰᠠᠶᠢᠨ ᠲᠦᠷᠪᠡᠨ ᠴᠢᠩᠭ᠎ᠠ︾ ᠮᠠᠯᠴᠢᠨ ᠨᠠᠮ ᠤᠨ | ᠬᠡᠰᠢᠭᠦᠨ ᠤ ᠲᠦᠯᠦᠭᠡᠯᠡᠭᠴᠢ᠂ ᠬᠤᠳᠠᠨ ᠤ ᠨᠠᠮ ᠤᠨ ᠬᠡᠰᠢᠭᠦᠨ ᠤ ᠪᠠᠭ᠎ᠠ ᠲᠤᠭᠤᠶᠢᠯᠠᠩ ᠶᠢᠨ ᠲᠠᠷᠤᠭ᠎ᠠ᠂ ᠨᠠᠮ ᠤᠨ | ᠬᠡᠰᠢᠬᠦᠨ ᠮᠠᠯᠵᠢᠬᠤ ᠲᠠᠷᠢᠶᠠᠯᠠᠬᠤ ᠤᠶᠢᠯᠡᠰ ᠤᠨ ᠵᠢᠱᠢᠶ᠎ᠡ ᠦᠵᠡᠬᠦᠯᠬᠦ ᠡᠷᠦᠬᠡ ᠵᠡᠷᠭᠡ ᠶᠢ ᠨᠠᠮ ᠤᠨ ᠬᠡᠰᠢᠭᠦᠨ ᠤ | ᠭᠤᠤᠯᠳᠠᠯᠭᠠᠳᠦ ᠡᠷᠦᠬᠡ ᠪᠤᠯᠭᠠᠨ ᠲᠤᠭᠳᠠᠭᠠᠬᠤ ᠪᠠᠷ ᠲᠠᠨᠢᠯᠴᠠᠭᠤᠯᠤᠨ᠎ᠠ᠃ ᠣᠶᠢᠯᠡᠳᠦᠯ ᠴᠢᠳᠠᠪᠬᠢ ᠲᠤᠰᠢᠶᠠᠯ | ᠬᠠᠷᠢᠭᠤᠴᠠᠯᠭ᠎ᠠ ᠪᠠᠨ ᠰᠢᠯᠢᠳᠡᠭᠵᠢᠭᠦᠯᠦᠨ᠂ ᠨᠠᠮ ᠤᠨ ᠬᠡᠰᠢᠬᠦᠨ ᠤ ᠭᠤᠤᠯᠳᠠᠯᠭᠠᠳᠣ ᠡᠷᠦᠬᠡ ᠨᠢ ᠨᠠᠮ ᠪᠠ ᠤᠯᠠᠨ | ᠲᠦᠮᠡᠨᠴᠢ ᠭᠦᠳᠡᠯᠬᠡᠬᠡᠨ ᠤ ᠵᠤᠭᠢᠶᠠᠨ ᠪᠠᠶᠢᠭᠤᠯᠤᠭᠴᠢ᠂ ᠤᠯᠠᠨ ᠲᠦᠮᠡᠨ ᠳᠤ ᠣᠶᠢᠯᠡᠴᠢᠯᠡᠨ ᠭᠦᠢᠴᠡᠳᠬᠡᠭᠴᠢ᠂ | ᠲᠠᠭᠠᠭᠤᠯᠤᠨ ᠪᠠᠶᠠᠵᠢᠨ ᠵᠢᠱᠢᠶ᠎ᠡ ᠦᠵᠡᠭᠦᠯᠦᠭᠴᠢ᠂ ᠦᠨᠳᠦᠰᠦᠨ ᠱᠠᠳᠣᠨ ᠤ ᠰᠦᠯᠵᠢᠶ᠎ᠡ ᠵᠠᠰᠠᠨ ᠬᠠᠮᠢᠶᠠᠷᠣᠭᠴᠢ᠂ | ᠵᠦᠷᠢᠴᠡᠯ ᠮᠦᠷᠭᠦᠯᠳᠦᠬᠡᠨ ᠢ ᠵᠤᠬᠢᠴᠠᠭᠤᠯᠤᠭᠴᠢ᠂ ᠬᠢᠯᠢ ᠭᠢᠵᠠᠭᠠᠷ ᠢ ᠲᠤᠭᠳᠠᠭᠤᠨ ᠪᠠᠶᠢᠯᠭᠠᠬᠤ ᠬᠤᠰᠢᠭᠤᠴᠢ ᠵᠡᠷᠭᠡ | ︽ ᠵᠢᠷᠭᠤᠭᠠᠨ ᠶᠡᠭᠡ ᠬᠡᠰᠢᠭᠦᠨ︾ ᠤ ᠤᠶᠢᠯᠡᠳᠦᠯ ᠢ ᠪᠠᠳᠠᠷᠠᠭᠤᠯᠤᠨ᠎ᠠ᠃ ᠵᠢᠱᠢᠶ᠎ᠡ ᠦᠵᠡᠭᠦᠯᠬᠦ ᠶᠢ ᠡᠭᠦᠳᠬᠦ ᠶᠢ | ᠴᠢᠩᠭᠠᠳᠬᠠᠨ᠂ ᠭᠤᠷᠪᠠᠨ ᠵᠢᠯ ᠦᠨᠲ᠋ᠤᠳᠤᠷᠠ 30 ᠡᠷᠦᠬᠡ ᠶᠢ ᠠᠶᠢᠮᠠᠭ ᠤᠨ ᠱᠠᠳᠣᠨ ᠤ ᠨᠠᠮ ᠤᠨ ᠬᠡᠰᠢᠬᠦᠨ ᠤ | ᠭᠤᠤᠯᠳᠠᠯᠭᠠᠳᠦ ᠡᠷᠦᠬᠡ ᠪᠠᠷ ᠪᠤᠯᠭᠠᠬᠤ ᠪᠠᠷ ᠴᠢᠷᠮᠠᠶᠢᠨ ᠲᠡᠮᠡᠴᠡᠵᠦ᠂ ᠬᠤᠰᠢᠭᠤ ᠱᠠᠳᠦ ᠨᠢ ᠵᠢᠯ ᠪᠦᠷᠢ 20% ᠶᠢ | ᠨᠡᠷᠡᠯᠡᠨ ᠲᠤᠭᠳᠠᠭᠠᠨ᠂ ᠨᠢᠭᠡ ᠪᠦᠯᠦᠭ ᠨᠠᠮ ᠤᠨ ᠬᠡᠰᠢᠭᠦᠨ ᠤ ᠭᠤᠤᠯᠳᠠᠯᠭᠠᠳᠦ ᠡᠷᠦᠬᠡ ᠶᠢᠨ ᠵᠢᠱᠢᠶ᠎ᠡ ᠦᠵᠡᠭᠦᠯᠬᠦ | ᠬᠡᠪ ᠢ ᠪᠦᠷᠢᠳᠦᠭᠦᠯᠦᠨ᠂ ᠨᠠᠮ ᠤᠨ ᠬᠡᠰᠢᠭᠦᠨ ᠭᠤᠤᠯᠳᠠᠯᠭᠠᠳᠣ ᠡᠷᠦᠬᠡ ᠤᠶᠢᠯᠡᠳᠦᠯ ᠢ ᠠᠬᠢᠭᠤᠯᠤᠨ᠎ᠠ᠃ | 2. ᠶᠠᠪᠤᠭᠳᠠᠭᠤᠯᠬᠤ ᠲᠤᠭᠲᠠᠯᠴᠠᠭ᠎ᠠ ᠪᠠᠷ ᠰᠠᠶᠢᠨ᠃ | ᠠᠵᠢᠯ ᠤᠨ ᠶᠠᠪᠤᠭᠳᠠᠬᠤ ᠲᠤᠭᠳᠠᠯᠴᠠᠭ᠎ᠠ ᠶᠢ ᠲᠦᠷᠢᠮᠵᠢᠭᠦᠯᠵᠦ᠂ ᠨᠠᠮ ᠤᠨ ᠬᠡᠰᠢᠭᠦᠨ ᠭᠤᠤᠯᠳᠠᠯᠭᠠᠳᠦ ᠡᠷᠦᠬᠡ | ᠨᠢ ᠲᠡᠭᠡᠭᠰᠢ ᠨᠠᠮ ᠤᠨ ᠡᠭᠦᠷ ᠲᠠᠢ ᠬᠠᠷᠢᠯᠴᠠᠵᠦ᠂ ᠲᠤᠷᠤᠭᠰᠢ ᠨᠠᠮ ᠤᠨ ᠬᠡᠰᠢᠭᠦᠨ ᠪᠤᠯᠤᠨ ᠮᠠᠯᠴᠢᠨ ᠡᠷᠦᠬᠡ ᠲᠠᠢ | ᠬᠠᠷᠢᠯᠴᠠᠨ᠂ ᠭᠠᠴᠠᠭᠠᠨ ᠤ ᠨᠠᠮ ᠤᠨ ᠵᠤᠭᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠲᠤᠤᠷ᠎ᠠ᠂ ︽ ᠲᠠᠪᠤᠨ︾ | ᠠᠵᠢᠯ ᠤᠨ ᠶᠠᠪᠤᠭᠳᠠᠬᠤ ᠲᠤᠭᠳᠠᠯᠴᠠᠭ᠎ᠠ ᠶᠢ ᠶᠠᠪᠤᠭᠳᠠᠭᠤᠯᠤᠨ᠎ᠠ᠃ ᠲᠠᠷᠤᠢ᠄ ᠵᠢᠯ ᠪᠦᠷᠢ ᠶᠢᠨ ᠵᠢᠯ ᠤᠨ ᠡᠬᠢᠨ ᠳᠤ | ᠭᠠᠴᠠᠭᠠᠨ ᠤ ᠨᠠᠮ ᠤᠨ ᠵᠤᠭᠢᠶᠠᠨ ᠪᠠᠶᠢᠭᠤᠯᠤᠯᠳᠠ ᠪᠤᠯᠤᠨ ᠤᠶᠢᠯᠡᠴᠢᠯᠡᠭᠡᠨ ᠤ ᠬᠡᠪᠴᠢᠶᠡᠨ ᠳᠠᠬᠢ ᠨᠠᠮ ᠤᠨ ᠬᠡᠰᠢᠭᠦᠨ | ᠮᠠᠯᠴᠢᠨ ᠨᠢ ᠤᠶᠢᠯᠡᠴᠢᠯᠡᠭᠡᠨ ᠤ ᠵᠤᠶᠢᠯᠡᠰ ᠲᠤ ᠪᠠᠨ ᠠᠮᠯᠠᠯᠳᠠ ᠬᠢᠵᠦ᠂ ᠰᠠᠷ᠎ᠠ ᠪᠤᠯᠭᠠᠨ ᠨᠢᠭᠡ ᠤᠳᠠᠭ᠎ᠠ ᠨᠠᠮ ᠪᠠ | ᠣᠯᠠᠨ ᠲᠦᠮᠡᠨᠴᠢ ᠣᠶᠢᠯᠡᠴᠢᠯᠡᠬᠡᠨ ᠤ ᠭᠦᠳᠡᠯᠭᠡᠭᠡᠨ ᠢ ᠵᠤᠭᠢᠶᠠᠨ ᠪᠠᠶᠢᠭᠤᠯᠵᠦ᠂ ᠣᠯᠠᠷᠢᠯ ᠪᠤᠯᠭᠠᠨ ᠲᠤᠤᠷ ᠰᠦᠯᠵᠢᠶ᠎ᠡ | ᠳᠠᠬᠢ ᠮᠠᠯᠴᠢᠨ ᠡᠷᠦᠬᠡ ᠪᠤᠯᠭᠠᠨ ᠳᠤ ᠨᠢᠭᠡ ᠤᠳᠠᠭ᠎ᠠ ᠭᠦᠨᠵᠡᠭᠡᠶᠢᠷᠡᠨ᠂ ᠬᠠᠭᠠᠰ ᠵᠢᠯ ᠪᠤᠯᠭᠠᠨ ᠤᠶᠢᠯᠡᠴᠢᠯᠡᠭᠡᠨ ᠤ | ᠵᠦᠢᠯᠡᠰ ᠤᠨ ᠶᠠᠪᠤᠭᠳᠠᠭᠰᠠᠨ ᠪᠠᠶᠢᠳᠠᠯ ᠢ ᠨᠢᠭᠡ ᠤᠳᠠᠭᠠᠢᠯᠡ ᠨᠡᠶᠢᠳᠡᠯᠡᠵᠦ᠂ ᠵᠢᠯ ᠪᠤᠯᠭᠠᠨ ᠤ ᠵᠢᠯ ᠤᠨ ᠡᠴᠦᠰ ᠲᠤ | ᠭᠠᠴᠠᠭᠠᠨ ᠤ ᠨᠠᠮ ᠤᠨ ᠵᠤᠭᠢᠶᠠᠨ ᠪᠠᠶᠢᠭᠤᠯᠤᠯᠳᠠ ᠳᠤ ᠨᠢᠭᠡ ᠤᠳᠠᠭ᠎ᠠ ᠠᠵᠢᠯ ᠤᠨ ᠮᠡᠳᠡᠭᠦᠯᠦᠯᠳᠡ ᠬᠢᠵᠦ᠂ ᠨᠠᠮ ᠤᠨ | ᠭᠡᠰᠢᠭᠦᠨ ᠭᠤᠤᠯᠳᠠᠯᠭᠠᠳᠦ ᠡᠷᠦᠬᠡ ᠶᠢᠨ ᠠᠵᠢᠯ ᠢᠶᠠᠨ ᠪᠡᠶᠡᠯᠡᠭᠦᠯᠵᠦ ᠬᠠᠷᠢᠭᠤᠴᠠᠯᠭ᠎ᠠ ᠪᠠᠨ ᠭᠦᠢᠴᠡᠳᠭᠡᠭᠦ ᠶᠢ | ᠲᠦᠯᠬᠢᠨ ᠠᠬᠢᠭᠤᠯᠤᠨ᠎ᠠ᠃ ᠭᠦᠳᠡᠯᠦᠩᠭᠦᠢ ᠪᠠᠶᠢᠳᠠᠯ ᠢ ᠲᠤᠬᠢᠷᠠᠭᠤᠯᠬᠤ ᠪᠠᠶᠢᠩᠭᠤ ᠶᠢᠨ ᠲᠦᠷᠢᠮᠵᠢᠯᠡᠯ ᠢ ᠪᠠᠶᠢᠭᠤᠯᠤᠨ᠂ | ᠨᠠᠮ ᠤᠨ ᠬᠡᠰᠢᠭᠦᠨ ᠭᠤᠤᠯᠳᠠᠯᠭᠠᠳᠦ ᠡᠷᠦᠬᠡ ᠶᠢᠨ ︽ᠠᠷᠪᠠᠨ ᠣᠳᠣᠨ ᠲᠡᠰ︾ ᠤᠨ ᠬᠠᠮᠢᠶᠠᠷᠤᠯᠳᠠ ᠶᠢᠨ | ᠱᠠᠭᠠᠷᠳᠠᠯᠭ᠎ᠠ ᠶᠢ ᠦᠨᠳᠦᠰᠦᠯᠡᠨ᠂ ᠵᠢᠯ ᠪᠤᠯᠭᠠᠨ ᠣᠳᠣᠨ ᠲᠡᠰ ᠶᠢ ᠦᠨᠡᠯᠡᠬᠦ ᠶᠢ ᠶᠠᠪᠤᠭᠳᠠᠭᠤᠯᠤᠨ᠂ ᠦᠨᠡᠯᠡᠭᠰᠡᠨ | ᠦᠷ᠎ᠡ ᠳ᠋ᠦᠩ ᠢ ︽ᠬᠤᠶᠠᠷ ᠲᠦᠯᠦᠭᠡᠯᠡᠭᠴᠢ᠂ ᠨᠢᠭᠡ ᠬᠡᠰᠢᠭᠦᠨ︾᠂ ᠰᠢᠯᠢᠳᠡᠭ ᠡᠪ ᠬᠠᠮᠳᠦ ᠨᠠᠮ ᠤᠨ ᠬᠡᠰᠢᠭᠦᠨ᠂ | ᠰᠢᠯᠢᠳᠡᠭ ᠨᠠᠮ ᠤᠨ ᠠᠵᠢᠯᠳᠠᠨ ᠢᠶᠠᠷ ᠤᠷᠢᠳ ᠪᠠᠷ ᠲᠠᠨᠢᠯᠴᠠᠭᠤᠯᠬᠤ ᠪᠠᠷ ᠦᠨᠳᠦᠰᠦᠯᠡᠯ ᠪᠤᠯᠭᠠᠵᠦ᠂3 ᠣᠳᠣᠨ | ᠲᠡᠰ ᠠᠴᠠ ᠲᠤᠷᠤᠭᠰᠢ ᠦᠨᠡᠯᠡᠭᠳᠡᠭᠰᠡᠨ ᠨᠠᠮ ᠤᠨ ᠭᠡᠰᠢᠭᠦᠨ ᠭᠤᠤᠯᠳᠠᠯᠭᠠᠳᠦ ᠡᠷᠦᠬᠡ ᠶᠢ ᠴᠠᠭ ᠲᠤᠬᠠᠢ ᠳᠤᠨᠢ ᠵᠠᠰᠠᠨ | ᠴᠡᠭᠴᠡᠯᠡᠨ᠎ᠡ᠃2021 ᠣᠨ ᠤ5 ᠰᠠᠷ᠎ᠠ ᠶᠢᠨ30 ᠤ ᠡᠳᠦᠷ ᠠᠴᠠ ᠡᠮᠦᠨ᠎ᠡ᠂ ᠡᠯ᠎ᠡ ᠰᠣᠮᠣ ᠪᠠᠯᠭᠠᠰᠣᠨ ᠤ ᠨᠠᠮ ᠤᠨ | ᠬᠤᠷᠢᠶ᠎ᠠ ᠨᠢ ᠪᠠᠶᠢᠴᠠᠭᠠᠨ ᠴᠡᠭᠴᠡᠯᠡᠭᠰᠡᠨ ᠪᠠᠶᠢᠳᠠᠯ ᠢᠶᠠᠨ ᠬᠤᠰᠢᠭᠤ ᠨᠠᠮ ᠤᠨ ᠬᠤᠷᠢᠶᠠᠨ ᠤ ᠵᠤᠭᠢᠶᠠᠨ ᠪᠠᠶᠢᠭᠤᠯᠬᠤ | ᠭᠡᠯᠳᠡᠰ ᠲᠤ ᠬᠠᠷᠢᠭᠤ ᠮᠡᠳᠡᠭᠦᠯᠦᠨ᠎ᠡ᠃ | 3.ᠡᠭᠦᠷᠭᠡ ᠲᠤᠰᠢᠶᠠᠯ ᠢᠶᠠᠨ ᠶᠠᠪᠤᠭᠳᠠᠭᠤᠯᠬᠤ ᠪᠠᠷ ᠰᠠᠶᠢᠨ᠃ | ᠦᠨᠳᠦᠰᠦᠨ ᠱᠠᠳᠣᠨ ᠤ ᠵᠠᠭᠢᠷᠤᠨ ᠵᠤᠬᠢᠴᠠᠭᠤᠯᠬᠤ ᠤᠶᠢᠯᠡᠳᠦᠯ ᠢ ᠪᠠᠳᠠᠷᠠᠭᠤᠯᠵᠦ᠂ ᠨᠠᠮ ᠤᠨ ᠬᠡᠰᠢᠭᠦᠨ | ᠭᠤᠤᠯᠳᠠᠯᠭᠠᠳᠣ ᠡᠷᠦᠭᠡ ᠶᠢ ᠨᠠᠮ ᠪᠠ ᠣᠯᠠᠨ ᠲᠦᠮᠡᠨᠴᠢ ᠣᠶᠢᠯᠡᠴᠢᠯᠡᠭᠡᠨ ᠤ ᠬᠤᠯᠪᠤᠭᠠᠰᠣᠨ ᠲᠡᠭᠡᠷ᠎ᠡ᠂ ᠨᠠᠮ ᠤᠨ | ᠪᠠᠭ᠎ᠠ ᠲᠤᠭᠤᠶᠢᠯᠠᠩ ᠤᠨ ᠬᠤᠯᠪᠤᠭᠠᠰᠣᠨ ᠲᠡᠭᠡᠷ᠎ᠡ᠂ ᠲᠤᠤᠷ ᠰᠦᠯᠵᠢᠶᠡᠨ ᠤ ᠵᠠᠰᠠᠬᠤ ᠬᠤᠯᠪᠤᠭᠠᠰᠣᠨ ᠲᠡᠭᠡᠷ᠎ᠡ | ᠪᠠᠶᠢᠭᠤᠯᠵᠦ᠂ ᠨᠠᠮ ᠶᠢᠨ ᠬᠡᠰᠢᠭᠦᠨ ᠭᠤᠤᠯᠳᠠᠯᠭᠠᠳᠦ ᠡᠷᠦᠭᠡ ᠶᠢ ᠪᠦᠭᠦᠨ ᠢ ᠨᠠᠮ ᠤᠨ ᠪᠠᠶᠢᠭᠤᠯᠤᠯᠳᠠ ᠨᠢ ᠦᠨᠳᠦᠰᠦᠨ | ᠱᠠᠳᠣᠨ ᠤ ᠲᠣᠣᠷ ᠰᠦᠯᠵᠢᠶ᠎ᠡ ᠵᠠᠰᠠᠬᠤ ᠶᠢ ᠲᠠᠭᠠᠭᠤᠯᠬᠤ ᠰᠢᠰᠲ᠋ᠧᠮ ᠳᠤ ᠤᠷᠤᠭᠤᠯᠵᠦ᠂ ᠨᠠᠮ ᠤᠨ ᠭᠡᠰᠢᠭᠦᠨ ᠤ | ᠭᠤᠤᠯᠳᠠᠯᠭᠠᠳᠦ ᠡᠷᠦᠬᠡ ᠨᠢ ᠴᠦᠮ ᠲᠤᠤᠷ ᠰᠦᠯᠵᠢᠶᠡᠨ ᠤ ᠭᠡᠰᠢᠭᠦᠨ ᠤ ᠡᠭᠦᠷᠭᠡ ᠶᠢ ᠡᠭᠦᠷᠭᠡᠯᠡᠵᠦ᠂ ᠨᠠᠮ ᠤᠨ | ᠬᠡᠰᠢᠭᠦᠨ ᠤ ᠭᠤᠤᠯᠳᠠᠯᠭᠠᠳᠦ ᠡᠷᠦᠬᠡ ᠪᠠᠷ ᠲᠤᠭᠤᠶᠢᠯᠠᠩ ᠤᠨ ᠲᠠᠷᠤᠭ᠎ᠠ ᠪᠤᠯᠭᠠᠭᠰᠠᠨ ᠲᠤᠤᠷ ᠰᠦᠯᠵᠢᠶᠡᠨ ᠤ ᠨᠠᠮ ᠤᠨ | ᠪᠠᠭ᠎ᠠ ᠲᠤᠭᠤᠶᠢᠯᠠᠩ ᠢ ᠪᠠᠶᠢᠭᠤᠯᠬᠤ ᠶᠢ ᠠᠭᠢᠭᠤᠯᠵᠦ᠂ ᠨᠠᠮ ᠤᠨ ᠵᠤᠭᠢᠶᠠᠨ ᠪᠠᠶᠢᠭᠤᠯᠤᠯᠳᠠ ᠪᠤᠯᠤᠨ ᠨᠠᠮ ᠤᠨ ᠠᠵᠢᠯ ᠢ | ᠦᠷᠭᠦᠯᠵᠢᠯᠡᠭᠦᠯᠦᠨ᠎ᠡ᠃ ᠨᠠᠮ ᠪᠠ ᠤᠯᠠᠨ ᠲᠦᠮᠡᠨ ᠳᠤ ᠣᠶᠢᠯᠡᠴᠢᠯᠡᠬᠦ ᠣᠶᠢᠯᠡᠳᠦᠯ ᠶᠢ ᠪᠠᠳᠠᠷᠠᠭᠤᠯᠵᠦ᠂ ᠨᠠᠮ ᠤᠨ | ᠭᠡᠰᠢᠭᠦᠨ ᠤ ᠭᠤᠤᠯᠳᠠᠯᠭᠠᠳᠦ ᠡᠷᠦᠬᠡ ᠤᠨ ᠨᠠᠮ ᠪᠠ ᠤᠯᠠᠨ ᠲᠦᠮᠡᠨ ᠳᠤ ᠤᠶᠢᠯᠡᠴᠢᠯᠡᠭᠦ ᠦᠷᠳᠡᠭᠡᠨ ᠤ ᠪᠦᠳᠦᠭᠡᠨ | ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠡᠯ᠎ᠡ ᠰᠣᠮᠣ ᠪᠠᠯᠭᠠᠰᠣ ᠨᠢ ᠪᠦᠳᠦᠭᠡᠨ ᠪᠠᠶᠢᠭᠤᠯᠬᠤ | ᠪᠠᠷᠢᠮᠵᠢᠶ᠎ᠠ ᠪᠠᠨ ᠨᠠᠷᠢᠯᠢᠭᠵᠢᠭᠤᠯᠤᠨ᠂ ᠨᠠᠮ ᠤᠨ ᠭᠡᠰᠢᠬᠦᠨ ᠭᠤᠤᠯᠳᠠᠯᠭᠠᠳᠦ ᠡᠷᠦᠬᠡ ᠨᠢ ᠤᠶᠢᠯᠡᠴᠢᠯᠡᠭᠡᠨ ᠤ | ᠵᠤᠶᠢᠯᠡᠰ ᠢ ᠪᠦᠬᠦ ᠶᠠᠪᠤᠴᠠ ᠳᠤ ᠲᠤᠰᠠᠯᠠᠨ ᠶᠠᠪᠤᠭᠳᠠᠭᠤᠯᠬᠤ ᠶᠢ ᠲᠤᠳᠤᠷᠬᠠᠶᠢᠯᠠᠨ᠂ ᠨᠠᠮ ᠤᠨ ᠬᠡᠰᠢᠭᠦᠨ ᠤ | ᠭᠤᠤᠯᠳᠠᠯᠭᠠᠳᠦ ᠡᠷᠦᠬᠡ ᠨᠢ ︽ᠨᠢᠭᠡ ᠶᠢ ᠲᠠᠭᠠᠭᠤᠯᠵᠦ᠂ ᠬᠤᠶᠠᠷ ᠲᠠᠢ ᠬᠤᠯᠪᠤᠭᠠᠯᠠᠨ᠂ ᠭᠤᠷᠪᠠ ᠳᠤ ᠭᠦᠷᠴᠦ᠂ | ᠲᠦᠷᠪᠡᠨ ᠲᠥᠪ︾ ᠤᠨ ᠤᠶᠢᠯᠡᠳᠦᠯ ᠢ ᠪᠠᠳᠠᠷᠠᠭᠤᠯᠵᠦ᠂ ᠤᠯᠠᠨ ᠲᠦᠮᠡᠨ ᠲᠠᠢ ᠬᠠᠷᠢᠯᠴᠠᠨ ᠤᠶᠢᠯᠡᠴᠢᠯᠡᠬᠦ ︽ᠬᠠᠮᠤᠭ | ᠡᠴᠦᠰ ᠤᠨ ᠨᠢᠭᠡ ᠺᠢᠯᠦᠮᠧᠲᠷ︾ ᠨᠡᠪᠳᠡᠷᠡᠭᠦᠯᠦᠨ᠂ ᠬᠦᠳᠡᠭᠡ ᠲᠤᠰᠬᠤᠨ ᠢ ᠭᠦᠭᠵᠢᠨ ᠮᠠᠨᠳᠣᠭᠤᠯᠬᠤ ᠳᠤ ᠲᠤᠰᠠᠯᠠᠬᠤ | ᠤᠶᠢᠯᠡᠳᠦᠯ ᠢ ᠪᠠᠳᠠᠷᠠᠭᠤᠯᠤᠨ᠂ ︽ᠨᠠᠮ ᠤᠨ ᠭᠡᠰᠢᠭᠦᠨ ᠤ ᠭᠤᠤᠯᠳᠠᠯᠭᠠᠳᠦ ᠡᠷᠦᠬᠡ + ᠬᠤᠷᠰᠢᠶᠠᠵᠢᠯ︾ ᠨᠢ | ᠲᠠᠭᠠᠭᠤᠯᠬᠤ ᠤᠶᠢᠯᠡᠳᠦᠯ ᠢ ᠲᠡᠭᠡᠭᠰᠢᠯᠡᠭᠦᠯᠬᠦ ᠢᠨ᠋ᠵᠧᠷᠢᠩ ᠢ ᠭᠦᠨᠵᠡᠭᠡᠶᠢᠷᠡᠭᠦᠯᠵᠦ᠂ ᠨᠠᠮ ᠶᠢᠨ ᠬᠡᠰᠢᠭᠦᠨ | ᠭᠤᠤᠯᠳᠠᠯᠭᠠᠳᠦ ᠡᠷᠦᠬᠡ ᠶᠢᠨ ᠬᠤᠷᠰᠢᠶᠠᠵᠢᠯ ᠲᠠᠭᠠᠭᠤᠯᠤᠨ ᠪᠠᠶᠢᠭᠤᠯᠬᠤ᠂ ᠡᠭᠦᠳᠦᠨ ᠪᠠᠶᠢᠭᠤᠯᠬᠤ ᠶᠢ ᠲᠡᠳᠭᠦᠨ | ᠵᠣᠷᠢᠭᠵᠢᠭᠤᠯᠵᠤ᠂ ᠠᠵᠦ ᠠᠬᠤᠢ ᠶᠢ ᠲᠣᠯᠣᠭᠠᠶᠢᠯᠠᠨ ᠭᠦᠭᠵᠢᠭᠦᠯᠬᠦ ᠶᠢ ᠨᠡᠮᠡᠭᠳᠡᠭᠦᠯᠦᠨ᠂ ᠤᠯᠠᠨ ᠲᠦᠮᠡᠨ ᠢ | ᠲᠠᠭᠠᠭᠤᠯᠤᠨ ᠭᠦᠭᠵᠢᠭᠦᠯᠬᠦ ᠴᠢᠳᠠᠪᠤᠷᠢ᠂ ᠨᠠᠮ ᠤᠨ ᠬᠡᠰᠢᠬᠦᠨ ᠭᠤᠤᠯᠳᠠᠯᠭᠠᠳᠦ ᠡᠷᠦᠬᠡ ᠠᠵᠦ ᠣᠶᠢᠯᠡᠰ ᠢ | ᠭᠦᠭᠵᠢᠭᠦᠯᠬᠦ᠂ ᠶᠠᠳᠠᠭᠤ ᠠᠴᠠ ᠠᠩᠭᠢᠵᠢᠷᠠᠵᠦ ᠪᠤᠭᠤᠮᠳᠠ ᠰᠢᠪᠳᠣᠯᠬᠤ ᠦᠷ᠎ᠡ ᠳ᠋ᠦᠩ ᠢ ᠪᠠᠳᠣᠯᠠᠬᠤ ᠪᠤᠯᠤᠨ ᠭᠦᠳᠡᠭᠡ | ᠲᠤᠰᠬᠤᠨ ᠢ ᠬᠦᠭᠵᠢᠬᠦᠯᠦᠨ ᠮᠠᠨᠳᠣᠭᠤᠯᠬᠤ ᠴᠢᠬᠤᠯᠠ ᠬᠦᠴᠦᠨ ᠴᠡᠷᠢᠭ ᠪᠤᠯᠭᠠᠨ᠎ᠠ᠃ | 4.ᠠᠵᠢᠯᠲᠡᠨ ᠤ ᠰᠤᠩᠭᠤᠨ ᠪᠣᠶᠢᠵᠢᠭᠤᠯᠣᠯᠲᠠ ᠰᠠᠶᠢᠨ᠃ ︽ᠭᠤᠷᠪᠠ ᠶᠢ ᠬᠥᠮᠦᠵᠢᠭᠦᠯᠬᠦ︾ ᠢᠨᠵᠧᠨᠧᠷᠢᠩ ᠢ | ᠶᠡᠬᠡᠪᠡᠷ ᠬᠡᠷᠡᠭᠵᠢᠭᠦᠯᠵᠦ᠂ ᠲᠠᠷᠢᠶᠠᠯᠠᠬᠤ ᠮᠠᠯᠵᠢᠬᠤ ᠡᠷᠦᠬᠡ ᠶᠢᠨ ᠵᠢᠱᠢᠶ᠎ᠡ ᠦᠵᠡᠭᠦᠯᠬᠦ ᠡᠷᠦᠬᠡ ᠶᠢ ᠴᠢᠬᠤᠯᠠᠴᠢᠯᠠᠨ | ᠬᠥᠮᠦᠵᠢᠭᠦᠯᠵᠦ᠂ᠲᠠᠷᠢᠶᠠᠯᠠᠬᠤ ᠮᠠᠯᠵᠢᠬᠤ ᠡᠷᠦᠬᠡ ᠶᠢᠨ ᠵᠢᠱᠢᠶ᠎ᠡ ᠦᠵᠡᠭᠦᠯᠬᠦ ᠡᠷᠦᠬᠡ ᠶᠢ ᠨᠠᠮ ᠤᠨ ᠭᠡᠰᠢᠭᠦᠨ ᠤ | ᠭᠤᠣᠯᠳᠠᠯᠭᠠᠲᠤ ᠡᠷᠦᠬᠡ ᠪᠣᠯᠭᠠᠨ ᠬᠥᠮᠦᠵᠢᠭᠦᠯᠬᠦ ᠶᠢ ᠴᠢᠬᠤᠯᠠᠴᠢᠯᠠᠵᠤ᠂ ᠰᠢᠯᠢᠳᠡᠭ ᠨᠠᠮ ᠤᠨ ᠭᠡᠰᠢᠭᠦᠨ ᠤ | ᠭᠤᠣᠯᠳᠠᠯᠭᠠᠲᠤ ᠡᠷᠦᠬᠡ ᠶᠢ ︽ᠬᠤᠶᠠᠷ ᠵᠥᠪᠯᠡᠯ︾ ᠤᠨ ᠺᠠᠳ᠋ᠷ ᠤᠨ ᠪᠡᠯᠡᠳᠬᠡᠯ ᠬᠦᠴᠦᠨ ᠪᠣᠯᠭᠠᠨ ᠬᠥᠮᠦᠵᠢᠭᠦᠯᠬᠦ ᠶᠢ | ᠴᠢᠬᠤᠯᠠᠴᠢᠯᠠᠵᠤ᠂ ᠰᠢᠯᠢᠳᠡᠭ ᠢ ᠨᠢ ᠰᠣᠩᠭᠤᠨ ᠬᠦᠴᠦᠷᠬᠡᠭ ᠢ ᠨᠢ ᠲᠣᠬᠢᠷᠠᠭᠤᠯᠵᠤ᠂ ᠰᠠᠶᠢᠨ ᠤ ᠳᠣᠲᠣᠷ᠎ᠠ ᠠᠴᠠ | ᠰᠢᠯᠢᠳᠡᠭ ᠢ ᠨᠢ ᠰᠣᠩᠭᠤᠬᠤ ᠬᠡᠷᠡᠭᠲᠡᠶ᠃ ᠴᠢᠳᠠᠪᠤᠷᠢ ᠬᠡᠪ ᠴᠢᠨᠠᠷ ᠢᠶᠠᠨ ᠬᠦᠴᠦᠯᠡᠨ ᠳᠡᠭᠡᠭᠰᠢᠯᠡᠭᠦᠯᠵᠦ᠂ ᠳᠡᠰ | ᠲᠥᠷᠥᠯ ᠬᠤᠪᠢᠶᠠᠬᠤ ᠠᠷᠭ᠎ᠠ ᠬᠡᠯᠪᠡᠷᠢ ᠶᠢ ᠠᠪᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ᠂ ᠨᠠᠮ ᠤᠨ ᠪᠠᠶᠢᠭᠤᠯᠤᠯᠲᠠ ᠶᠢᠨ ᠣᠨᠣᠯ᠂ ᠲᠠᠷᠢᠵᠤ ᠲᠡᠵᠢᠭᠡᠬᠦ ᠮᠡᠷᠭᠡᠵᠢᠯ᠂ ᠬᠠᠤᠯᠢ ᠴᠠᠭᠠᠵᠠ ᠬᠠᠤᠯᠢ | ᠲᠣᠭᠲᠠᠭᠠᠯ ᠵᠡᠷᠭᠡ ᠠᠭᠤᠯᠭ᠎ᠠ ᠶᠢ ᠪᠠᠲᠤ ᠴᠣᠭᠴᠠᠯᠠᠬᠤ ᠶᠢᠨ ᠲᠣᠭᠤᠷᠢᠨ ᠳᠤ᠂ ᠥᠪᠡᠷᠮᠢᠴᠡ᠂ ᠵᠦᠷᠢᠶᠡᠴᠢᠯᠡᠭᠰᠡᠨ | ᠬᠥᠮᠦᠵᠢᠯ ᠪᠣᠯᠪᠠᠰᠤᠷᠠᠯ ᠢ ᠡᠷᠬᠢᠯᠡᠵᠦ᠂ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠶᠢᠨ ᠣᠯᠠᠨ ᠲᠦᠮᠡᠨ ᠲᠠᠢ | ᠬᠠᠷᠢᠯᠴᠠᠵᠤ ᠦᠶᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠨᠢᠭᠡ ᠭᠠᠴᠠᠭ᠎ᠠ ᠲᠣᠰᠬᠤᠨ ᠤ ᠪᠠᠭ ᠲᠤ ᠨᠢᠭᠡ | ᠣᠶᠤᠲᠠᠨ ᠲᠠᠢ ᠪᠠᠶᠢᠬᠤ︾ ᠬᠥᠮᠦᠵᠢᠭᠦᠯᠬᠦ ᠠᠵᠢᠯᠯᠠᠭ᠎ᠠ ᠳᠤ ᠲᠦᠰᠢᠭᠯᠡᠨ᠂ ᠵᠢᠯ ᠪᠦᠷᠢ ᠵᠣᠬᠢᠬᠤ ᠣᠷᠣᠨ ᠲᠤᠭ᠎ᠠ | ᠭᠠᠷᠭᠠᠵᠤ ᠪᠠᠶᠢᠭᠠᠳ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠶᠢ ᠭᠤᠤᠯᠳᠠᠯᠭ᠎ᠠ ᠲᠠᠢ ᠬᠥᠮᠦᠵᠢᠭᠦᠯᠵᠦ᠂ | ᠰᠣᠶᠣᠯ ᠤᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠶᠢ | ᠵᠣᠬᠢᠶᠠᠨ ᠪᠠᠶᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠳᠤ ᠣᠷᠣᠯᠴᠠᠭᠤᠯᠵᠤ᠂ ᠲᠡᠳᠡᠨ | ᠤ ᠪᠤᠳᠤᠯᠢᠶᠠᠨᠲᠠᠶ ᠠᠰᠠᠭᠤᠳᠠᠯ ᠢ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠰᠤᠮᠤ | ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠬᠠᠷᠢᠯᠴᠠᠵᠤ ᠪᠠᠶᠢᠭ᠎ᠠ ᠭᠠᠴᠠᠭᠠᠨ ᠤ ᠨᠠᠮ ᠤᠨ | ᠭᠡᠰᠢᠭᠦᠨ ᠤ ᠭᠤᠤᠯᠳᠠᠯᠭᠠᠲᠤ ᠡᠷᠦᠬᠡ ᠲᠠᠢ ᠬᠤᠤᠰᠯᠠᠵᠤ ᠬᠠᠪᠰᠤᠷᠤᠨ ᠳᠠᠭᠠᠭᠤᠯᠬᠤ ᠲᠣᠭᠲᠠᠴᠠ ᠶᠢ ᠪᠠᠶᠢᠭᠤᠯᠵᠤ᠂ | ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠶᠢᠨ ᠨᠠᠮ ᠪᠠ ᠣᠯᠠᠨ ᠲᠦᠮᠡᠨ ᠤ ᠦᠶᠯᠡᠴᠢᠯᠡᠭᠡᠨ ᠤ ᠠᠵᠢᠯᠯᠠᠭ᠎ᠠ | ᠥᠷᠨᠢᠭᠦᠯᠬᠦ ᠶᠢ ᠵᠢᠯᠣᠭᠤᠳᠴᠤ᠂ ᠠᠵᠢᠯ ᠤᠨ ᠳᠤᠮᠳᠠᠬᠢ ᠪᠣᠳᠠᠲᠠᠶ ᠬᠦᠴᠢᠷᠳᠡᠯ ᠢ ᠨᠢ ᠬᠠᠪᠰᠤᠷᠤᠨ ᠰᠢᠶᠳᠪᠦᠷᠢᠯᠡᠨ᠎ᠡ᠃ | | 5.ᠪᠠᠲᠤᠯᠠᠭ᠎ᠠ ᠶᠢᠨ ᠰᠢᠰᠲ᠋ᠧᠮ ᠰᠠᠶᠢᠨ᠃ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠡᠳ᠋ | ᠤᠨ ᠵᠠᠰᠠᠭ ᠤᠨ ᠣᠷᠣᠭᠤᠯᠤᠯᠲᠠ ᠪᠠᠷ ᠭᠤᠣᠯ ᠪᠣᠯᠭᠠᠭᠰᠠᠨ᠂ ᠨᠠᠮ ᠤᠨ ᠰᠦᠢᠳᠬᠡᠯ ᠤᠨ ᠣᠷᠣᠭᠤᠯᠤᠯᠲᠠ ᠪᠠᠷ | ᠬᠠᠪᠰᠤᠷᠤᠮᠵᠢ ᠪᠣᠯᠭᠠᠭᠰᠠᠨ᠂ ᠬᠠᠮᠲᠤ ᠶᠢᠨ ᠠᠵᠤ ᠠᠬᠤᠢ ᠪᠠᠷ ᠨᠥᠬᠦᠪᠥᠷᠢ ᠪᠣᠯᠭᠠᠭᠰᠠᠨ ᠨᠠᠮ ᠤᠨ ᠭᠡᠰᠢᠭᠦᠨ ᠤ | ᠭᠤᠣᠯᠳᠠᠯᠭᠠᠲᠤ ᠡᠷᠦᠭᠡ ᠶᠢᠨ ᠠᠵᠢᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠠᠶᠢᠮᠠᠭ ᠤᠨ ᠲᠡᠰ ᠤᠨ ᠵᠢᠱᠢᠶ᠎ᠡ ᠦᠵᠡᠭᠦᠯᠬᠦ ᠴᠡᠭ ᠢ ᠢᠳᠡᠪᠬᠢᠲᠡᠢ ᠡᠭᠦᠳᠦᠨ ᠪᠠᠶᠢᠭᠤᠯᠵᠤ᠂ ᠠᠶᠢᠮᠠᠭ ᠤᠨ ᠲᠡᠰ ᠤᠨ | ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠶᠢᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠦᠨ ︽ᠱᠠᠩᠨᠠᠯ ᠢᠶᠠᠷ | ᠨᠥᠬᠦᠪᠥᠷᠢ ᠶᠢ ᠣᠷᠣᠯᠠᠭᠤᠯᠬᠤ︾ ᠪᠡᠯᠡ ᠮᠥᠩᠭᠦ ᠶᠢ ᠴᠢᠷᠮᠠᠶᠢᠨ ᠣᠯᠵᠤ᠂ ᠨᠠᠮ ᠤᠨ ᠭᠡᠰᠢᠭᠦᠨ ᠤ ᠭᠤᠣᠯᠳᠠᠯᠭᠠᠲᠤ | ᠡᠷᠦᠬᠡ ᠶᠢᠨ ᠠᠵᠢᠯᠯᠠᠭᠠᠨ ᠤ ᠵᠠᠷᠤᠳᠠᠯ ᠢ ᠬᠤᠰᠢᠭᠤ ᠲᠡᠰ ᠤᠨ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ | ᠪᠠᠷ ᠴᠢᠷᠮᠠᠶᠢᠨ᠎ᠠ᠃ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠰᠢᠨ᠎ᠡ ᠪᠠᠷ ᠨᠡᠮᠡᠭᠳᠡᠭᠰᠡᠨ ᠠᠰᠢᠭ ᠣᠷᠣᠯᠭ᠎ᠠ ᠶᠢᠨ | ᠬᠡᠰᠡᠭ ᠢ ᠵᠣᠬᠢᠬᠤ ᠬᠠᠷᠢᠴᠠᠯ ᠢᠶᠠᠷ ᠭᠠᠷᠭᠠᠨ ᠠᠪᠴᠤ᠂ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ | ᠲᠠᠰ ᠳᠠᠷᠠᠭᠠᠯᠠᠯ ᠢᠶᠠᠷ ᠳᠡᠮᠵᠢᠨ᠂ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠶᠢ ᠱᠠᠩᠨᠠᠨ ᠵᠣᠷᠢᠭᠵᠢᠭᠤᠯᠬᠤ | ᠪᠠᠯᠠ ᠮᠥᠩᠭᠦ ᠪᠣᠯᠭᠠᠵᠤ ᠪᠣᠯᠤᠨ᠎ᠠ᠃ ᠪᠠᠬᠢᠯᠡᠯᠲᠡ ᠶᠢᠨ ᠭᠠᠵᠠᠷ ᠤᠨ ᠪᠠᠲᠤᠯᠠᠭ᠎ᠠ ᠶᠢ ᠴᠢᠩᠭᠠᠳᠬᠠᠵᠤ᠂ ᠨᠡᠭᠦᠳᠡᠯ | ᠠᠵᠢᠯᠯᠠᠭᠠᠨ ᠤ ᠪᠠᠬᠢᠯᠡᠯᠲᠡ ᠶᠢᠨ ᠭᠠᠵᠠᠷ ︵ᠮᠣᠩᠭᠤᠯ ᠬᠡᠷ︶ ᠲᠠᠢ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ | ᠳᠤ ᠬᠤᠪᠢᠷᠠᠯᠲᠠ ᠭᠠᠷᠪᠠᠯ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ | ᠰᠢᠯᠵᠢᠭᠦᠯᠦᠨ ᠲᠤᠰᠢᠶᠠᠬᠤ ᠠᠵᠢᠯ ᠢ ᠡᠷᠬᠡᠪᠰᠢ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠭᠠᠴᠠᠭᠠᠨ ᠤ ᠨᠠᠮ ᠤᠨ | ᠡᠭᠦᠷ ᠤᠨ ᠬᠢᠨᠠᠯᠲᠠ ᠳᠣᠤᠷ᠎ᠠ ᠶᠠᠪᠤᠭᠳᠠᠭᠤᠯᠵᠤ᠂ ᠡᠳ᠋ ᠬᠥᠷᠥᠩᠭᠡ ᠠᠯᠳᠠᠭᠳᠠᠬᠤ ᠥᠬᠡᠶ᠂ ᠡᠪᠳᠡᠭᠳᠡᠬᠦ ᠥᠬᠡᠶ ᠪᠠᠶᠢᠬᠤ | ᠶᠢ ᠪᠠᠲᠤᠯᠠᠬᠤ ᠬᠡᠷᠡᠭᠲᠡᠶ᠃ | ᠭᠤᠷᠪᠠ ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠬᠤᠶᠠᠷ ᠢ ᠠᠳᠬᠤᠵᠤ ᠬᠠᠮᠲᠤ ᠪᠠᠷ ᠠᠬᠢᠭᠤᠯᠬᠤ︾ | ᠭᠤᠷᠪᠠ ᠶᠢ ᠨᠢᠭᠡ ᠴᠣᠭᠴᠠᠵᠢᠭᠤᠯᠬᠤ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠢᠨᠵᠧᠨᠧᠷᠢᠩ ᠢ ᠦᠨᠳᠦᠰᠦᠨ ᠱᠠᠲᠤᠨ | ᠤ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠰᠤᠮᠤ | ᠪᠠᠯᠭᠠᠰᠤᠨ ᠤ ᠨᠠᠮ ᠤᠨ ᠬᠤᠷᠢᠶ᠎ᠠ ᠭᠤᠤᠯᠯᠠᠨ ᠠᠳᠬᠤᠬᠤ᠂ ᠭᠠᠴᠠᠭᠠᠨ ᠤ ᠨᠠᠮ ᠤᠨ ᠡᠭᠦᠷ ᠢ ᠨᠠᠶᠢᠳᠠᠪᠤᠷᠢᠵᠢᠭᠤᠯᠬᠤ | ᠬᠤᠯᠪᠣᠭᠠᠯᠠᠨ ᠬᠥᠳᠡᠯᠦᠯᠴᠡᠬᠦ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠠᠵᠢᠯ ᠢ ᠠᠬᠢᠭᠤᠯᠬᠤ ᠬᠦᠴᠦᠷᠬᠡᠭ | ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠰᠤᠮᠤ ᠪᠠᠯᠭᠠᠰᠤᠨ ᠤ ᠨᠠᠮ ᠤᠨ ᠬᠤᠷᠢᠶ᠎ᠠ ᠨᠢ ᠰᠢᠭᠤᠳ | ᠬᠠᠷᠢᠭᠤᠴᠠᠯᠭ᠎ᠠ ᠪᠠᠨ ᠦᠨᠡᠨᠬᠦ ᠭᠦᠶᠴᠡᠳᠬᠡᠵᠦ᠂ ᠪᠣᠳᠠᠲᠠᠶ ᠲᠠᠢ ᠪᠠᠨ ᠤᠶᠠᠯᠳᠤᠭᠤᠯᠤᠨ ᠵᠢᠯ ᠬᠤᠪᠢᠶᠠᠨ ᠲᠥᠰᠦᠯ | ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠭᠦᠷᠭᠡ ᠪᠠᠨ ᠨᠠᠶᠢᠳᠠᠪᠤᠷᠢᠵᠢᠭᠤᠯᠵᠤ ᠦᠷ᠎ᠡ | ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠪᠣᠳᠠᠲᠠᠶ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶᠴᠡᠳᠬᠡᠵᠦ᠂ ᠠᠵᠢᠯ ᠤᠨ ᠬᠦᠴᠦᠨ ᠢᠶᠠᠨ ᠲᠡᠭᠦᠯᠳᠡᠷᠵᠢᠭᠦᠯᠵᠦ᠂ ᠪᠣᠳᠠᠲᠠᠶ | ᠡᠭᠦᠷᠭᠡ ᠶᠢ ᠰᠠᠯᠭᠠᠨ ᠬᠤᠪᠢᠶᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ | ︵ᠬᠤᠶᠠᠷ ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠲᠡᠶ᠃ | ︽ᠬᠤᠶᠠᠷ ᠲᠠᠯ᠎ᠠ ᠶᠢ ᠠᠳᠬᠤᠵᠤ᠂ ᠳᠤᠮᠳᠠᠬᠢ ᠶᠢ ᠳᠠᠶᠢᠴᠢᠯᠠᠬᠤ︾ ᠠᠵᠢᠯ ᠤᠨ ᠰᠡᠳᠬᠢᠴᠡ ᠶᠣᠰᠣᠭᠠᠷ᠂ ᠰᠤᠮᠤ | ᠪᠠᠯᠭᠠᠰᠤ᠂ ᠭᠠᠴᠠᠭ᠎ᠠ᠂ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠶᠢ ᠪᠠᠶᠢᠴᠠᠭᠠᠵᠤ᠂ ︽ᠭᠤᠷᠪᠠᠨ ᠨᠢᠭᠡ | ᠪᠦᠯᠦᠭ︾ ᠤᠨ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠨᠡᠷᠡᠰ ᠤᠨ ᠵᠢᠭᠰᠠᠭᠠᠯᠲᠠ ᠨᠢ | ᠬᠤᠴᠣᠷᠤᠩᠭᠤᠶ᠂ ᠰᠠᠭᠤᠷᠢ ᠨᠥᠬᠦᠴᠡᠯ ᠨᠢ ᠠᠨᠠᠶ᠂ ᠦᠶᠯᠡᠳᠦᠯ ᠢᠶᠠᠨ ᠴᠢᠩᠭ᠎ᠠ ᠪᠠᠳᠠᠷᠠᠭᠤᠯᠵᠤ ᠲᠡᠶᠢᠯᠬᠦ ᠦᠭᠡᠢ ᠶᠢ | ᠨᠢ ᠲᠤᠰᠬᠠᠶ ᠠᠩᠭᠢ ᠪᠠᠷ ᠠᠬᠢᠭᠤᠯᠬᠤ ᠠᠷᠭ᠎ᠠ ᠶᠢ ᠠᠪᠴᠤ᠂ ᠪᠠᠭᠤᠷᠠᠶ ᠲᠠᠯ᠎ᠠ ᠳᠤ ᠨᠢ ᠴᠢᠭᠯᠡᠭᠦᠯᠦᠨ᠂ ᠴᠡᠭᠴᠡᠯᠡᠨ | ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ ᠲᠡᠭᠡᠭᠰᠢᠯᠡᠬᠦᠯᠥᠨ᠎ᠡ︔ ᠨᠡᠷᠡᠰ ᠤᠨ ᠵᠢᠭᠰᠠᠭᠠᠯᠲᠠ ᠪᠠᠷ ᠳᠤᠮᠳᠠ | ᠪᠠᠶᠢᠭ᠎ᠠ ᠳᠤ ᠨᠢ᠂ ᠪᠠᠭᠤᠷᠠᠢ ᠲᠠᠯ᠎ᠠ ᠪᠠᠨ ᠲᠡᠭᠡᠭᠰᠢᠯᠡᠭᠦᠯᠬᠦ ᠪᠠᠷ ᠳᠠᠮᠵᠢᠨ ᠳᠤᠳᠠᠭᠳᠠᠯ ᠢᠶᠠᠨ ᠨᠥᠬᠦᠪᠥᠷᠢᠯᠡᠵᠦ | ᠳᠡᠭᠡᠭᠰᠢᠯᠡᠬᠦᠯᠦᠨ᠎ᠡ᠃ ᠨᠡᠷᠡᠰ ᠤᠨ ᠵᠢᠭᠰᠠᠭᠠᠯᠲᠠ ᠨᠢ ᠡᠮᠦᠨᠡᠭᠦᠷ ᠪᠠᠶᠢᠭ᠎ᠠ ᠳᠤ ᠨᠢ᠂ ᠨᠥᠬᠦᠴᠡᠯ ᠨᠢ ᠪᠣᠯᠪᠠᠰᠤᠷᠠᠩᠭᠤᠶ | ᠪᠣᠯᠤᠭᠰᠠᠨ ᠪᠠᠶᠪᠠᠯ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠥᠷᠥᠯ ᠵᠦᠶᠯ | ᠳᠤ ᠤᠷᠣᠭᠤᠯᠣᠨᠠ᠃ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠦᠨᠡᠯᠡᠨ ᠲᠣᠭᠲᠠᠭᠠᠬᠤ ᠪᠠᠷᠢᠮᠵᠢᠶ᠎ᠠ ᠪᠠ | ᠠᠯᠬᠤᠮ ᠳᠠᠷᠠᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠳᠣᠤᠷ᠎ᠠ ᠠᠴᠠ ᠳᠡᠭᠡᠭᠰᠢ ᠪᠠᠨ ᠱᠠᠲᠤ ᠱᠠᠲᠤ ᠪᠠᠷ | ᠭᠤᠶᠤᠴᠢᠯᠠᠨ ᠮᠡᠳᠡᠭᠦᠯᠬᠦ ᠠᠷᠭ᠎ᠠ ᠪᠠᠷ᠂ ︽ᠬᠤᠶᠠᠷ ᠢ ᠠᠳᠬᠤᠵᠤ ᠬᠠᠮᠲᠤ ᠪᠠᠷ ᠠᠬᠢᠭᠤᠯᠬᠤ︾ ᠵᠢᠱᠢᠶ᠎ᠡ ᠦᠵᠡᠭᠦᠯᠬᠦ | ᠰᠤᠮᠤ ᠪᠠᠯᠭᠠᠰᠤ᠂ ᠭᠠᠴᠠᠭ᠎ᠠ᠂ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠶᠢ ᠦᠨᠡᠯᠡᠨ ᠲᠣᠭᠲᠠᠭᠠᠬᠤ ᠠᠵᠢᠯ ᠢ | ᠱᠠᠲᠤ ᠳᠠᠷᠠᠭᠠᠯᠠᠨ ᠰᠠᠶᠢᠲᠤᠷ ᠬᠢᠬᠦ ᠬᠡᠷᠡᠭᠲᠡᠶ᠃ ᠵᠢᠯ ᠪᠦᠷᠢ ᠶᠢᠨ ᠲᠤᠯᠤᠭᠠᠨ ᠰᠠᠷ᠎ᠠ ᠶᠢᠨ ᠨᠢᠭᠡᠨ ᠠᠴᠠ ᠡᠮᠦᠨ᠎ᠡ᠂ | ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠢ 30 % ᠶᠢᠨ ᠰᠤᠮᠤ ᠪᠠᠯᠭᠠᠰᠤᠨ᠂ 25 % | ᠶᠢᠨ ᠭᠠᠴᠠᠭ᠎ᠠ᠂ 20 % ᠶᠢᠨ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠶᠢ ᠠᠶᠢᠮᠠᠭ ᠤᠨ ᠱᠠᠲᠤᠨ ᠤ | ᠵᠢᠱᠢᠶ᠎ᠡ ᠦᠵᠡᠭᠦᠯᠬᠦ ᠴᠡᠭ ᠲᠤ ᠮᠡᠳᠡᠭᠦᠯᠵᠦ᠂ ᠬᠤᠰᠢᠭᠤ ᠱᠠᠲᠤᠨ ᠤ ᠵᠢᠱᠢᠶ᠎ᠡ ᠦᠵᠡᠭᠦᠯᠬᠦ ᠴᠡᠭ ᠢ ᠦᠨᠡᠯᠡᠨ | ᠲᠣᠭᠲᠠᠭᠠᠵᠤ᠂ ᠦᠨᠡᠯᠡᠨ ᠲᠣᠭᠲᠠᠭᠠᠭᠰᠠᠨ ᠦᠷ᠎ᠡ ᠳ᠋ᠦᠩ ᠢᠶᠠᠷ ᠡᠯ᠎ᠡ ᠲᠥᠷᠥᠯ ᠤᠨ ᠨᠠᠮ ᠤᠨ ᠳᠣᠲᠣᠭᠠᠳᠤ ᠶᠢᠨ | ᠬᠥᠬᠢᠭᠦᠯᠦᠯ ᠰᠠᠶᠢᠰᠢᠶᠠᠯ ᠳᠤ ᠣᠷᠣᠯᠴᠠᠬᠤ ᠴᠢᠬᠤᠯᠠ ᠦᠨᠳᠦᠰᠦᠯᠡᠯ ᠪᠣᠯᠭᠠᠨ᠎ᠠ᠃ | ︵ᠭᠤᠷᠪᠠ︶ ᠰᠠᠭᠤᠷᠢ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ | ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠠᠶᠢᠮᠠᠭ ᠤᠨ ᠲᠡᠰ ᠤᠨ ᠵᠢᠱᠢᠶ᠎ᠡ ᠦᠵᠡᠭᠦᠯᠬᠦ | ᠴᠡᠭ ᠢ ᠢᠳᠡᠪᠬᠢᠲᠡᠢ ᠡᠭᠦᠳᠦᠨ ᠪᠠᠶᠢᠭᠤᠯᠵᠤ᠂ ᠠᠶᠢᠮᠠᠭ ᠤᠨ ᠲᠡᠰ ᠤᠨ ᠮᠠᠯᠵᠢᠬᠤ ᠲᠠᠷᠢᠶᠠᠯᠠᠬᠤ ᠣᠷᠣᠨ ᠤ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠱᠠᠩᠨᠠᠯ ᠢᠶᠠᠷ ᠨᠥᠬᠦᠪᠥᠷᠢ ᠶᠢ | ᠣᠷᠣᠯᠠᠭᠤᠯᠬᠤ ᠠᠵᠢᠯ ᠤᠨ ᠵᠠᠷᠤᠳᠠᠯ ᠢ ᠴᠢᠷᠮᠠᠶᠢᠨ ᠣᠯᠵᠤ᠂ ᠳᠠᠶᠢᠴᠢᠯᠠᠨ ᠳᠠᠭᠠᠭᠤᠯᠬᠤ ᠦᠢᠯᠡᠳᠦᠯ ᠢᠶᠠᠨ | ᠪᠠᠳᠠᠷᠠᠭᠤᠯᠬᠤ ᠶᠢ ᠪᠠᠲᠤᠯᠠᠨ᠎ᠠ᠃ ᠪᠡᠯᠡ ᠬᠤᠷᠠᠮᠳᠤᠭᠤᠯᠬᠤ ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠡᠯ᠎ᠡ | ᠲᠥᠷᠥᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠨᠢᠭᠡᠳᠬᠡᠵᠦ᠂ ᠮᠠᠯᠵᠢᠬᠤ ᠣᠷᠣᠨ ᠤ 《 ᠳᠥᠷᠪᠡᠨ | ᠵᠦᠢᠯ ᠤᠨ ᠵᠠᠷᠤᠳᠠᠯ 》 ᠢ ᠪᠠᠲᠤᠯᠠᠬᠤ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠤᠨ | ᠤᠷᠤᠭᠰᠢᠲᠠᠢ ᠶᠠᠪᠤᠭᠳᠠᠬᠤ ᠶᠢ ᠠᠬᠢᠭᠤᠯᠤᠨ᠎ᠠ᠃ ᠡᠭᠦᠨ ᠤ ᠬᠠᠮᠲᠤ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠲᠤᠳᠬᠠᠨ ᠪᠡᠬᠡᠵᠢᠭᠦᠯᠵᠥ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠥᠷᠥ ᠶᠢᠨ ᠪᠣᠳᠤᠯᠭ᠎ᠠ ᠲᠠᠢ ᠪᠦᠲᠦᠮᠵᠢᠲᠡᠶ ᠵᠣᠯᠭᠠᠭᠤᠯᠵᠣ᠂ ᠭᠤᠤᠯᠳᠠᠯᠭ᠎ᠠ ᠲᠠᠢ ᠭᠠᠴᠠᠭ᠎ᠠ ᠠᠴᠠ | ᠨᠢᠭᠡᠳᠦᠭᠡᠷ ᠱᠦᠵᠢ ᠪᠠ ᠠᠵᠢᠯᠯᠠᠬᠤ ᠠᠩᠭᠢ ᠶᠢ ᠰᠣᠩᠭᠤᠨ ᠲᠣᠮᠢᠯᠠᠬᠤ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ | ᠬᠡᠪᠰᠢᠭᠰᠡᠨ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠦᠶᠯᠡᠳᠦᠯ ᠢᠶᠠᠨ ᠪᠠᠳᠠᠷᠠᠭᠤᠯᠬᠤ ᠶᠢ ᠪᠠᠲᠤᠯᠠᠨ᠎ᠠ᠃ | ︵ᠲᠥᠷᠪᠡ︶ ᠬᠢᠨᠠᠨ ᠵᠢᠯᠣᠭᠤᠳᠴᠤ ᠰᠢᠯᠭᠠᠨ ᠦᠨᠡᠯᠡᠬᠦ ᠶᠢ ᠴᠢᠩᠭᠠᠳᠬᠠᠬᠤ ᠬᠡᠷᠡᠭᠲᠡᠢ᠃ | ︽ᠬᠤᠶᠠᠷ ᠢ ᠠᠳᠬᠤᠵᠤ ᠬᠠᠮᠲᠤᠪᠠᠷ ᠠᠬᠢᠭᠤᠯᠬᠤ︾ ᠭᠤᠷᠪᠠ ᠶᠢ ᠨᠢᠭᠡ ᠴᠤᠭᠴᠠᠵᠢᠭᠤᠯᠬᠤ ᠪᠦᠬᠦᠯᠢ | ᠴᠣᠭᠴᠠ ᠪᠠᠷ ᠳᠡᠭᠡᠭᠰᠢᠯᠡᠭᠦᠯᠬᠦ ᠢᠨᠵᠧᠨᠧᠷᠢᠩ ᠢ ᠮᠠᠯᠵᠢᠬᠤ ᠣᠷᠣᠨ ᠤ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠴᠢᠬᠤᠯᠠ ᠭᠠᠷᠳᠠᠴᠠ ᠪᠠ ᠠᠴᠢᠶᠠᠯᠠᠪᠤᠷᠢ ᠪᠣᠯᠭᠠᠵᠤ᠂ ᠪᠥᠬᠦ ᠬᠤᠰᠢᠭᠤᠨ ᠤ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠣᠶᠤᠨ ᠤᠬᠠᠭᠠᠨ ᠪᠠ ᠬᠦᠴᠦᠨ ᠴᠢᠳᠠᠯ ᠢ ᠲᠥᠪᠯᠡᠷᠡᠭᠦᠯᠵᠦ᠂ | ᠤᠨᠴᠠᠯᠢᠭᠳᠤ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ ᠢ ᠡᠭᠦᠳᠦᠨ ᠪᠠᠶᠢᠭᠤᠯᠵᠤ᠂ ᠨᠠᠷᠠᠲᠤ ᠲᠡᠮᠳᠡᠭ ᠤᠨ ᠨᠠᠮ | ᠤᠨ ᠪᠠᠶᠢᠭᠤᠯᠤᠯᠲᠠ ᠪᠠᠷ ᠪᠥᠬᠦ ᠬᠤᠰᠢᠭᠤᠨ ᠤ ᠴᠢᠨᠠᠷᠯᠢᠭ ᠬᠥᠭᠵᠢᠯᠲᠡ ᠶᠢ ᠬᠥᠲᠥᠯᠦᠨ ᠳᠠᠭᠠᠭᠤᠯᠤᠨ᠎ᠠ᠃ ᠬᠤᠰᠢᠭᠤ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠦᠨᠳᠣᠰᠦᠨ ᠱᠠᠳᠦᠨ ᠤ ᠨᠠᠮ ᠤᠨ ᠵᠣᠬᠢᠶᠠᠨ | ᠪᠠᠶᠢᠭᠤᠯᠦᠯᠲᠠ ᠶᠢᠨ ᠱᠦᠵᠢ ᠠᠴᠠ ᠦᠨᠳᠦᠰᠤᠨ ᠱᠠᠳᠦᠨ ᠤ ᠨᠠᠮ ᠤᠨ ᠪᠠᠶᠢᠭᠤᠯᠤᠯᠲᠠ ᠶᠢᠨ ᠲᠣᠰᠢᠶᠠᠯ ᠲᠣᠭᠠᠴᠠᠨ | ᠦᠨᠡᠯᠡᠨ ᠶᠠᠷᠢᠯᠴᠠᠬᠤ ᠶᠢ ᠠᠳᠬᠤᠨ᠂ ᠰᠤᠮᠤ ᠪᠠᠯᠭᠠᠰᠤᠨ ᠤ ᠤᠳᠤᠷᠢᠳᠬᠤ ᠪᠠᠭ ᠤᠨ ᠣᠨ ᠤ ᠬᠢᠨᠠᠨ | ᠰᠢᠯᠭᠠᠷᠠᠭᠤᠯᠤᠯᠲᠠ ᠶᠢᠨ ᠴᠢᠬᠤᠯᠠ ᠠᠭᠤᠯᠭ᠎ᠠ ᠳᠤ ᠣᠷᠣᠭᠤᠯᠪᠠ᠃ ᠬᠤᠰᠢᠭᠤ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠨᠢ ᠲᠣᠭᠲᠠᠭᠰᠠᠨ ᠬᠤᠭᠤᠴᠠᠭ᠎ᠠ ᠲᠠᠢ ᠪᠣᠶᠣ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠪᠠᠶᠢᠴᠠᠭᠠᠨ ᠵᠢᠯᠣᠭᠤᠳᠴᠤ᠂ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠵᠦ᠂ ᠠᠵᠢᠯ ᠤᠨ ᠥᠷᠨᠢᠯᠲᠡ ᠶᠢ | ᠠᠬᠢᠭᠤᠯᠤᠨ᠎ᠠ᠃ ᠡᠭᠦᠨ ᠤ ᠬᠠᠮᠲᠤ᠂ ᠲᠣᠭᠲᠠᠭᠰᠠᠨ ᠬᠤᠭᠤᠴᠠᠭ᠎ᠠ ᠲᠠᠢ ᠲᠣᠬᠢᠷᠠᠭᠤᠯᠤᠨ ᠵᠠᠷᠯᠠᠬᠤ ᠳᠥᠷᠢᠮ ᠢ | ᠪᠠᠶᠢᠭᠤᠯᠵᠤ᠂ ᠠᠬᠢᠴᠠ ᠪᠠᠷ ᠤᠳᠠᠭᠠᠨ᠂ ᠦᠷ᠎ᠡ ᠪᠦᠲᠦᠮᠵᠢ ᠪᠠᠷ ᠠᠨᠠᠶ ᠰᠤᠮᠤ ᠪᠠᠯᠭᠠᠰᠤ᠂ ᠭᠠᠴᠠᠭᠠᠨ ᠤ ᠨᠠᠮ ᠤᠨ | ᠵᠣᠬᠢᠶᠠᠨ ᠪᠠᠶᠢᠭᠤᠯᠤᠯᠲᠠ ᠳᠤ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠤᠯᠪᠣᠭᠳᠠᠯ | ᠪᠥᠬᠦᠶ ᠬᠠᠷᠢᠭᠤᠴᠠᠯᠭᠠᠲᠠᠨ ᠲᠠᠢ ᠶᠠᠷᠢᠯᠴᠠᠨ᠎ᠠ᠃ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠦᠨᠡᠯᠡᠬᠦ ᠰᠢᠰᠲ᠋ᠧᠮ | ᠪᠠ ᠬᠢᠨᠠᠨ ᠰᠢᠯᠭᠠᠬᠤ ᠠᠷᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠦᠷ᠎ᠡ ᠪᠦᠲᠦᠮᠵᠢ ᠶᠢ ᠮᠥᠷᠳᠡᠨ | ᠠᠰᠠᠭᠤᠬᠤ ᠬᠦᠴᠦᠯᠡᠴᠡ ᠪᠠᠨ ᠨᠡᠮᠡᠭᠳᠡᠭᠦᠯᠵᠦ᠂ ᠪᠣᠳᠠᠳᠠᠢ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ | ︵ᠲᠠᠪᠤ ︶ ᠳᠠᠶᠢᠴᠢᠯᠠᠯᠲᠠ ᠶᠢᠨ ᠳᠠᠭᠤᠷᠢᠶᠠᠯ ᠢ ᠴᠢᠩᠭᠠᠳᠬᠠᠬᠤ ᠬᠡᠷᠡᠭᠲᠡᠢ᠃ | ︽ᠬᠤᠶᠠᠷ ᠢ ᠠᠳᠬᠤᠵᠤ ᠬᠠᠮᠲᠤ ᠪᠠᠷ ᠠᠬᠢᠭᠤᠯᠬᠤ︾ ᠭᠤᠷᠪᠠ ᠶᠢ ᠨᠢᠭᠡ ᠴᠣᠭᠴᠠᠵᠢᠭᠤᠯᠤᠨ ᠪᠦᠬᠦᠯᠢ | ᠴᠣᠭᠴᠠ ᠪᠠᠷ ᠳᠡᠭᠡᠭᠰᠢᠯᠡᠭᠦᠯᠬᠦ ᠢᠨᠵᠧᠨᠧᠷᠢᠩ ᠤᠨ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠠᠵᠦ᠂ ᠲᠤᠬᠠᠶ ᠶᠢᠨ | ᠭᠠᠵᠠᠷ ᠤᠨ ᠬᠤᠷᠠᠯ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ᠂ ᠰᠠᠶᠢᠨ ᠲᠤᠷᠰᠢᠯᠭ᠎ᠠ ᠰᠠᠶᠢᠨ | ᠠᠷᠭ᠎ᠠ ᠶᠢ ᠤᠬᠠᠭᠤᠯᠵᠤ᠂ ᠳᠦᠷᠢᠮ ᠲᠣᠭᠲᠠᠭᠠᠯ ᠤᠨ ᠬᠡᠯᠪᠡᠷᠢ ᠪᠠᠷ ᠪᠠᠲᠤᠵᠢᠭᠤᠯᠬᠤ ᠬᠡᠷᠡᠭᠲᠡᠢ᠃ ᠮᠦᠨᠴᠦ᠂ ᠣᠯᠠᠨ | ᠨᠡᠶᠢᠲᠡ ᠪᠠᠷ ᠢᠶᠠᠨ ᠮᠡᠳᠡᠷᠡᠭᠰᠡᠨ ᠵᠢᠱᠢᠶ᠎ᠡ ᠳᠠᠭᠤᠷᠢᠶᠠᠯ ᠪᠣᠯᠬᠤ ᠬᠦᠮᠦᠰ ᠢ ᠴᠢᠬᠤᠯᠠᠴᠢᠯᠠᠨ ᠪᠣᠶᠢᠵᠢᠭᠤᠯᠵᠤ᠂ | ᠳᠠᠶᠢᠴᠢᠯᠠᠬᠤ ᠦᠶᠯᠡᠳᠦᠯ ᠢ ᠪᠠᠳᠠᠷᠠᠭᠤᠯᠵᠤ᠂ ᠮᠠᠯᠵᠢᠬᠤ ᠣᠷᠣᠨ ᠤ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠡ᠃ | |