ᠡᠶᠢᠮᠦ ᠪᠠᠭᠰᠢ ᠶᠢᠨ ᠬᠠᠷᠢᠴᠠᠯ ᠢ 70% ᠠᠴᠠ ᠲᠠᠪᠠᠭᠤᠯᠤᠨ᠎ᠠ
ᠨᠡᠶᠢᠲᠡᠯᠡᠭᠰᠡᠨ ᠴᠠᠭ᠄
2022/11/15
      ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ︽ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠵᠢᠨ‌ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ  ᠴᠢᠨᠠᠭᠰᠢᠳᠠ  ᠴᠢᠩᠭᠠᠳᠬᠠᠬᠤ  ᠲᠤᠬᠠᠶ  ᠰᠠᠨᠠᠯ︾ ᠢ ᠳᠠᠷᠤᠮᠠᠯᠯᠠᠨ ᠲᠠᠷᠬᠠᠭᠠᠪᠠ᠃      ︽ᠰᠠᠨᠠᠯ︾ ᠳᠤ ᠵᠢᠭᠠᠬᠤ ᠳᠠᠭᠠᠨ᠂ 2025 ᠣᠨ ᠪᠣᠯᠬᠤ ᠳᠤ ᠳᠤᠮᠳᠠᠳᠤ ᠪᠠᠭ᠎ᠠ  ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠠᠩᠭᠢᠯᠠᠭ᠎ᠠ ᠶᠢᠨ  ᠪᠠᠶᠢᠷᠢ ᠰᠠᠭᠤᠷᠢ ᠶᠢ ᠴᠢᠨᠠᠭᠰᠢᠳᠠ ᠴᠢᠩᠭᠠᠳᠬᠠᠵᠤ᠂ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠢᠯᠢᠳᠡᠭ ᠬᠢᠴᠢᠶᠡᠯ ᠤᠨ ᠡᠬᠢ ᠪᠠᠶᠠᠯᠢᠭ ᠢ ᠪᠠᠶᠠᠯᠢᠭᠵᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢᠨ ᠲᠤᠰᠬᠠᠶᠢᠵᠢᠭᠰᠠᠨ ᠬᠢᠷᠢ ᠲᠦᠪᠰᠢᠨ ᠢ ᠮᠡᠳᠡᠭᠳᠡᠮ᠎ᠡ ᠳᠡᠭᠡᠭᠰᠢᠯᠡᠭᠦᠯᠵᠦ᠂ ︽ᠦᠵᠡᠯ ᠰᠠᠨᠠᠭ᠎ᠠ ᠤᠯᠤᠰ ᠲᠥᠷᠥ ᠶᠢᠨ ᠶᠡᠭᠡ ᠬᠢᠴᠢᠶᠡᠯ︾ ᠤᠨ ᠰᠢᠰᠲ᠋ᠧᠮ ᠢ ᠨᠠᠩ ᠲᠡᠭᠦᠯᠳᠡᠷᠵᠢᠭᠦᠯᠵᠦ᠂ ᠦᠨᠡᠯᠡᠬᠦ ᠲᠣᠭᠲᠠᠴᠠ ᠶᠢ ᠦᠨᠳᠦᠰᠦᠨ ᠳᠡᠭᠡᠨ ᠲᠡᠭᠦᠯᠳᠡᠷᠵᠢᠭᠦᠯᠦᠨ᠎ᠡ ᠭᠡᠵᠡᠢ᠃                            ︽ᠰᠠᠨᠠᠯ︾ ᠳᠤ ᠳᠤᠷᠠᠳᠬᠤ ᠳᠠᠭᠠᠨ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠶ ᠲᠦᠯᠦᠪᠵᠢᠬᠦᠯᠦᠨ ᠰᠠᠶᠢᠲᠤᠷ ᠬᠡᠷᠡᠭᠯᠡᠵᠦ᠂ 2025 ᠣᠨ ᠪᠣᠯᠬᠤ ᠳᠤ᠂ ᠦᠵᠡᠯ ᠰᠠᠨᠠᠭ᠎ᠠ ᠤᠯᠤᠰ ᠲᠥᠷᠥ ᠶᠢᠨ  ᠬᠢᠴᠢᠶᠡᠯ ᠤᠨ ᠪᠠᠭᠰᠢ ᠶᠢᠨ ᠡᠩᠨᠡᠭᠡ ᠶᠢᠨ ᠲᠤᠰᠬᠠᠶᠢᠵᠢᠭᠰᠠᠨ ᠬᠢᠷᠢ ᠲᠦᠪᠰᠢᠨ ᠢ ᠮᠡᠳᠡᠭᠳᠡᠮ᠎ᠡ ᠳᠡᠭᠡᠭᠰᠢᠯᠡᠭᠦᠯᠵᠦ᠂ ᠪᠠᠭ᠎ᠠ ᠰᠤᠷᠭᠠᠭᠤᠯᠢ ᠳᠤ ᠦᠵᠡᠯ ᠰᠠᠨᠠᠭ᠎ᠠ ᠤᠯᠤᠰ ᠲᠥᠷᠥ‌ᠵᠢᠨ ᠬᠢᠴᠢᠶᠡᠯ ᠵᠢᠭᠠᠬᠤ ᠲᠤᠰᠬᠠᠶ ᠪᠠᠭᠰᠢ ᠲᠣᠬᠢᠷᠠᠭᠤᠯᠬᠤ  ᠬᠠᠷᠢᠴᠠᠯ ᠢ 70% ᠠᠴᠠ ᠲᠠᠪᠠᠭᠤᠯᠤᠨ᠎ᠠ ᠭᠡᠵᠡᠢ᠃               
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号