ᠪᠣᠭᠳᠠ ᠶᠢᠨ ᠭᠤᠤᠯ ᠰᠤᠮᠤᠨ ᠤ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯᠳᠤᠭᠠᠨ ᠢ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2022/11/15
     10 ᠰᠠᠷ᠎ᠠ ᠶᠢᠨ 13 ᠤ ᠡᠳᠦᠷ᠂ ᠪᠣᠭᠳᠠ ᠶᠢᠨ ᠭᠤᠤᠯ ᠰᠣᠮᠣᠨ ᠤ ᠭᠤᠷᠪᠠᠳᠤᠭᠠᠷ ᠬᠤᠭᠤᠴᠠᠭᠠᠨ ᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯᠳᠣᠭᠠᠨ ᠢ ᠠᠮᠵᠢᠯᠲᠠ ᠲᠠᠢ ᠬᠤᠷᠠᠯᠳᠣᠪᠠ᠃ ᠲᠣᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠵᠣᠬᠢᠰᠳᠠᠢ ᠲᠥᠯᠥᠭᠡᠯᠡᠭᠴᠢ 49 ᠨᠡᠷ᠎ᠡ᠂ ᠪᠣᠳᠠᠲᠠᠶ ᠣᠷᠣᠯᠴᠠᠭᠰᠠᠨ ᠲᠥᠯᠥᠭᠡᠯᠡᠭᠴᠢ 41 ᠨᠡᠷ᠎ᠡ ᠪᠠᠶᠢᠵᠦ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ  ᠳᠤ ᠨᠡᠶᠢᠴᠡᠪᠡ᠃       ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠲᠦᠩ ᠯᠢᠶᠠᠩ ᠪᠣᠭᠳᠠ ᠶᠢᠨ ᠭᠤᠤᠯ ᠰᠤᠮᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠬᠢᠪᠠ᠃       ᠢᠯᠡᠳᠬᠡᠯ ᠳᠤ᠂ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ︽ᠬᠤᠣᠰ ᠵᠠᠭᠤᠨ ᠵᠢᠯ︾ ᠤᠨ ᠲᠡᠦᠬᠡ ᠶᠢᠨ ᠵᠠᠩᠭᠢᠯᠠᠭ᠎ᠠ ᠶᠢᠨ ᠴᠠᠭ ᠦᠶ᠎ᠡ ᠪᠠᠶᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠡᠬᠢᠯᠡᠵᠦ᠂ ᠮᠠᠨ ᠤ ᠰᠣᠮᠣ ᠨᠢ ᠴᠢᠬᠤᠯᠠ ᠪᠥᠭᠡᠳ ᠣᠨᠴᠠᠭᠠᠢ ᠨᠢᠭᠡ ᠵᠢᠯ ᠢ ᠤᠭᠲᠤᠨ ᠠᠪᠤᠯ᠎ᠠ᠃ ᠥᠨᠦ ᠵᠢᠯ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠡᠬᠢᠯᠡᠯᠲᠡ ᠶᠢᠨ ᠵᠢᠯ ᠮᠥᠨ᠂ ᠰᠤᠮᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠰᠤᠮᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ ᠮᠠᠨᠳᠣᠭᠤᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠣᠣᠱᠯᠠᠭᠤᠯᠤᠨ᠂ ᠰᠤᠮᠤᠨ ᠤ ᠬᠤᠶᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠪᠠ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠤᠭᠤᠷᠢᠨ ᠳᠤ᠂ ᠡᠷᠡᠮᠡᠬᠡᠶᠢᠯᠡᠨ ᠣᠷᠣᠭᠰᠢᠯᠠᠵᠦ᠂ ᠪᠣᠳᠠᠲᠠᠶ ᠠᠵᠢᠯᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠠᠵᠢᠯ ᠢᠳᠡᠪᠬᠢᠲᠡᠢ ᠦᠷ᠎ᠡ ᠪᠦᠲᠦᠮᠵᠢ ᠣᠯᠵᠦ᠂ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠶᠠᠨ ᠤ ᠰᠢᠨ᠎ᠡ ᠬᠠᠭᠤᠳᠠᠰᠤ ᠶᠢ ᠪᠢᠴᠢᠭᠯᠡᠪᠡ ᠬᠡᠵᠦ ᠵᠢᠭᠠᠵᠦ ᠭᠠᠷᠭᠠᠪᠠ       ᠢᠯᠡᠳᠬᠡᠯ ᠳᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠣᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠠᠷᠢᠮᠳᠡᠯᠡᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠡᠯ᠎ᠡ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ  ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠤᠨ᠂ ᠪᠥᠬᠦ ᠬᠤᠰᠢᠭᠤᠨ ᠤ ︽ᠨᠢᠭᠡ ᠵᠢᠵᠢᠭ ᠪᠠᠯᠭᠠᠰᠤ︾᠂ ︽ᠳᠥᠷᠪᠡᠨ ᠰᠠᠭᠤᠷᠢᠨ ᠭᠠᠵᠠᠷ︾᠂ ︽ᠨᠢᠭᠡ ᠵᠠᠩᠭᠢᠯᠠᠭ᠎ᠠ ᠶᠢᠨ ᠴᠡᠭ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ  ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ  ᠪᠠᠷ ᠲᠣᠣᠱᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠶᠯᠡᠴᠢᠯᠡᠬᠦ ᠪᠠ ᠠᠭᠤᠰᠣᠯᠴᠠᠵᠦ᠂ ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠲᠤ ᠠᠩᠬᠠᠷᠤᠯ ᠢᠶᠠᠨ ᠲᠦᠪᠯᠡᠷᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠦᠯᠦᠪᠵᠢᠬᠦᠯᠵᠦ᠂ ᠪᠣᠳᠠᠲᠠᠶ ᠠᠵᠢᠯᠯᠠᠬᠤ ᠶᠢ ᠴᠢᠬᠤᠯᠠᠴᠢᠯᠠᠬᠤ᠂ ᠵᠣᠷᠢᠭᠲᠠᠶ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠂ ᠲᠡᠷᠢᠭᠦᠨ ᠢ ᠲᠡᠮᠡᠴᠡᠵᠦ᠂ ᠳᠠᠪᠠᠭᠤᠯᠢᠭ ᠠᠵᠤ ᠦᠢᠯᠡᠰ ᠤᠨ ᠬᠥᠭᠵᠢᠯᠲᠡ ᠳᠤ ᠬᠦᠴᠦ ᠲᠠᠯᠪᠢᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠨᠡᠶᠢᠭᠡᠮ ᠤᠨ ᠶᠡᠷᠦᠩᠬᠡᠶᠢᠯᠡᠨ ᠵᠠᠰᠠᠯᠲᠠ ᠵᠡᠷᠭᠡ ᠲᠠᠯ᠎ᠠ ᠪᠠᠷ ᠬᠢ ᠰᠢᠨ᠎ᠡ ᠠᠬᠢᠯᠲᠠ ᠶᠢ ᠪᠤᠢ ᠪᠤᠯᠭᠠᠨ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠤᠨ ᠰᠢᠨ᠎ᠡ ᠨᠢᠬᠡᠨ ᠳᠡᠭᠲᠡᠷ ᠲᠤ ᠲᠠᠪᠰᠢᠨ ᠭᠠᠷᠬᠤ ᠪᠠᠷ ᠴᠢᠷᠮᠠᠶᠢᠵᠦ᠂ ᠪᠣᠳᠠᠲᠤ ᠠᠵᠢᠯᠯᠠᠭ᠎ᠠ ᠪᠠᠷ  ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ ᠬᠡᠵᠦ ᠴᠢᠬᠤᠯᠠᠴᠢᠯᠠᠪᠠ᠃       ᠨᠠᠮ ᠤᠨ ᠬᠤᠷᠢᠶᠠᠨ ᠤ ᠬᠡᠰᠢᠬᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠣᠯᠠᠭᠠᠨᠪᠠᠭᠠᠨ᠎ᠠ᠂ ᠪᠣᠭᠳᠠ ᠶᠢᠨ ᠭᠤᠣᠯ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠲᠥᠯᠥᠭᠡᠯᠡᠨ ᠬᠤᠷᠠᠯᠳᠣᠭᠠᠨ ᠳᠤ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ︾ ᠬᠢᠪᠡ᠃ ᠢᠯᠡᠳᠬᠡᠯ ᠳᠤ᠂ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠩᠭᠡᠷᠡᠭᠰᠡᠨ ᠨᠢᠭᠡ ᠵᠢᠯ ᠤᠨ ᠲᠤᠷᠰᠢᠬᠢ ᠠᠵᠢᠯ ᠪᠠ ᠣᠯᠤᠭᠰᠠᠨ ᠠᠮᠵᠢᠯᠲᠠ ᠪᠦᠲᠦᠮᠵᠢ ᠶᠢ ᠳ᠋ᠦᠩᠨᠡᠭᠰᠡᠨ ᠤ ᠬᠠᠮᠲᠤ᠂ ᠤᠯᠤᠰ ᠲᠥᠷᠥ  ᠶᠢᠨ ᠪᠠᠶᠢᠭᠤᠯᠤᠯᠲᠠ ᠶᠢ ᠴᠢᠩᠭᠠᠳᠬᠠᠬᠤ᠂ ᠬᠠᠣᠯᠢ ᠴᠠᠭᠠᠵᠠ ᠶᠢᠨ ᠬᠢᠨᠠᠯᠲᠠ ᠲᠠᠯᠪᠢᠬᠤ ᠦᠷ᠎ᠡ ᠪᠤᠳᠦᠮᠵᠢ ᠪᠠᠨ ᠳᠡᠭᠡᠭᠰᠢᠯᠡᠬᠦᠯᠬᠦ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠶᠴᠡᠳᠬᠡᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠦᠷᠬᠦᠬᠡ ᠶᠢ ᠵᠢᠷᠤᠮᠵᠢᠭᠤᠯᠤᠨ ᠪᠠᠶᠢᠭᠤᠯᠬᠤ᠂ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠦᠶᠯ ᠢ ᠪᠢᠯᠧᠲ ᠢᠶᠠᠷ ᠲᠣᠭᠲᠠᠭᠠᠬᠤ ᠲᠦᠷᠢᠮ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠲᠥᠯᠥᠭᠡᠯᠡᠭᠴᠢᠳ ᠠᠴᠠ ︽ᠪᠣᠭᠳᠠ ᠶᠢᠨ ᠭᠤᠤᠯ ᠰᠣᠮᠣᠨ ᠤ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠦᠶᠯ ᠢ ᠬᠡᠷᠡᠭᠵᠢᠭᠦᠯᠦᠭᠰᠡᠨ ᠪᠠᠶᠢᠳᠠᠯ ᠵᠢᠴᠢ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠲᠦᠷᠦᠯ ᠵᠦᠢᠯ ᠤᠨ ᠵᠢᠱᠢᠭᠰᠡᠨ ᠲᠥᠷᠥᠯ ᠵᠦᠶᠯ ᠤᠨ ᠪᠦᠷᠢᠯᠳᠦᠭᠰᠡᠨ ᠪᠠᠶᠢᠳᠠᠯ ᠤᠨ ᠮᠡᠳᠡᠬᠦᠯᠦᠯᠲᠡ︾ ᠶᠢ ᠰᠣᠨᠣᠰᠣᠭᠰᠠᠨ ᠰᠠᠭᠤᠷᠢᠨ ᠳᠡᠭᠡᠷ᠎ᠡ᠂ ᠰᠣᠮᠣᠨ ᠤ ᠡᠪᠡᠰᠦ ᠬᠠᠳᠠᠭᠠᠯᠠᠬᠤ ᠬᠥᠮᠥᠷᠭᠡ ᠶᠢᠨ ᠪᠥᠲᠥᠭᠡᠨ ᠪᠠᠶᠢᠭᠤᠯᠤᠯᠲᠠ  ᠶᠢᠨ ᠲᠥᠷᠥᠯ ᠵᠦᠶᠯ ᠢ 2022 ᠣᠨ ᠤ ᠪᠣᠭᠳᠠ ᠶᠢᠨ ᠭᠤᠤᠯ ᠰᠤᠮᠤᠨ ᠤ ᠠᠷᠠᠳ ᠤᠨ ᠠᠮᠢᠳᠤᠷᠠᠯ ᠤᠨ ᠪᠣᠳᠠᠲᠤ ᠲᠥᠷᠥᠯ ᠵᠦᠶᠯ ᠪᠤᠯᠭᠠᠬᠤ ᠶᠢ ᠪᠢᠯᠧᠲ ᠢᠶᠠᠷ ᠰᠢᠢᠳᠪᠣᠷᠢ ᠭᠠᠷᠭᠠᠨ ᠲᠣᠭᠳᠠᠭᠠᠪᠠ᠃        ᠶᠡᠭᠡ ᠬᠤᠷᠠᠯ ᠠᠴᠠ ᠨᠠᠮᠤᠭᠤᠬᠠᠨ ᠨᠥᠬᠦᠷ ᠢ ᠪᠣᠭᠳᠠ ᠶᠢᠨ ᠭᠤᠤᠯ ᠰᠤᠮᠤᠨ ᠤ ᠵᠠᠰᠠᠭ ᠤᠨ ᠣᠷᠳᠣᠨ ᠤ ᠳᠡᠳ᠋ ᠰᠤᠮᠤᠨ ᠳᠠᠷᠤᠭ᠎ᠠ ᠪᠠᠷ ᠬᠠᠤᠯᠢ ᠶᠣᠰᠣᠭᠠᠷ ᠰᠣᠩᠭᠤᠪᠠ᠃ ᠰᠣᠮᠣᠨ ᠤ ᠨᠠᠮ ᠤᠨ ᠬᠤᠷᠢᠶᠠᠨ ᠤ ᠱᠦᠵᠢ᠂ ᠶᠡᠷᠦᠩᠬᠡᠶᠢᠯᠡᠨ ᠵᠠᠰᠠᠬᠤ ᠵᠥᠪᠯᠡᠯ ᠤᠨ ᠡᠷᠬᠢᠯᠡᠭᠴᠢ᠂ ᠨᠠᠮ ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ᠡᠷᠬᠢᠯᠡᠭᠴᠢ ᠳᠠᠪᠰᠢᠯᠲᠤ ᠳ᠋ᠦᠩᠨᠡᠯᠲᠡ ᠶᠢᠨ ᠶᠠᠷᠢᠶᠠᠨ ᠳᠠᠭᠠᠨ᠂ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ  ᠪᠠᠷ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠶᠴᠡᠳᠬᠡᠵᠦ᠂ ᠬᠠᠤᠯᠢ ᠶᠣᠰᠣᠭᠠᠷ ᠡᠷᠬᠡ ᠪᠠᠨ ᠬᠡᠷᠡᠭᠵᠢᠭᠦᠯᠵᠦ ᠂ ᠰᠣᠮᠣᠨ ᠤ ᠴᠢᠨᠠᠷ ᠰᠠᠶᠢᠲᠠᠶ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ᠂ ᠰᠣᠮᠣᠨ ᠤ ᠬᠥᠭᠵᠢᠯᠲᠡ ᠶᠢ ᠠᠩᠬᠠᠷᠬᠤ ᠡᠬᠦᠷᠬᠡ ᠬᠠᠷᠢᠭᠤᠴᠠᠯᠭ᠎ᠠ ᠶᠢ ᠭᠦᠶᠴᠡᠳ ᠢᠯᠡᠷᠡᠭᠦᠯᠪᠡ᠃ ᠲᠠᠷᠠᠭᠠᠴᠢ ᠶᠢᠨ ᠠᠯᠬᠤᠮ ᠳᠤ᠂ ᠪᠥᠬᠦ ᠠᠷᠠᠳ ᠤᠨ ᠲᠥᠯᠥᠭᠡᠯᠡᠭᠴᠢᠳ ᠨᠢ ᠨᠠᠮ ᠤᠨ ᠤᠳᠤᠷᠢᠳᠤᠯᠭ᠎ᠠ ᠶᠢ ᠪᠠᠷᠢᠮᠳᠡᠯᠡᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠬᠦ ᠶᠢ ᠪᠠᠷᠢᠮᠳᠡᠯᠡᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠣᠷᠢ ᠪᠠᠨ ᠲᠠᠰᠤᠷᠠᠯᠲᠠ ᠦᠭᠡᠢ ᠳᠡᠭᠡᠭᠰᠢᠯᠡᠬᠦᠯᠦᠨ᠂ ︽ᠬᠤᠶᠠᠷ ᠢ ᠬᠠᠮᠠᠭᠠᠯᠠᠬᠤ︾ ᠶᠢ ᠦᠨᠡᠨ ᠬᠦ ᠪᠣᠳᠠᠲᠠᠶ ᠠᠵᠢᠯᠯᠠᠭ᠎ᠠ ᠳᠡᠭᠡᠷ᠎ᠡ ᠪᠠᠨ ᠨᠠᠶᠢᠳᠠᠪᠣᠷᠢᠵᠢᠭᠤᠯᠤᠨ᠂ ᠬᠥᠭᠵᠢᠯᠲᠡ ᠶᠢᠨ ᠭᠤᠤᠯᠳᠠᠯᠭ᠎ᠠ ᠶᠢ ᠴᠢᠩᠭ᠎ᠠ ᠠᠳᠬᠤᠵᠤ᠂ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠢ ᠠᠩᠬᠠᠷᠴᠤ᠂ ᠰᠣᠮᠣᠨ ᠤ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠥᠷᠨᠢᠭᠦᠯᠵᠦ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ  ᠪᠠᠨ ᠬᠦᠢᠴᠡᠳᠭᠡᠵᠦ᠂ ᠠᠷᠠᠳ ᠲᠦᠮᠡᠨ ᠢ ᠳᠡᠭᠡᠳᠦᠯᠡᠬᠦ᠂ ᠠᠷᠠᠳ ᠤᠨ ᠲᠥᠯᠥᠭᠡ ᠭᠡᠬᠦ ᠰᠡᠳᠬᠢᠯᠭᠡ ᠶᠢ ᠡᠬᠦᠷᠢᠳᠡ ᠪᠠᠷᠢᠮᠲᠠᠯᠠᠵᠤ᠂ ᠨᠠᠮ ᠪᠠ ᠵᠠᠰᠠᠭ ᠤᠨ ᠣᠷᠳᠣᠨ ᠤ ᠠᠷᠠᠳ ᠤᠯᠠᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠴᠠᠭ ᠲᠤᠬᠠᠢ ᠳᠤᠨᠢ ᠳᠠᠮᠵᠢᠭᠤᠯᠵᠦ᠂ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠲᠣᠰᠬᠠᠵᠦ᠂ ᠰᠣᠮᠣᠨ ᠤ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠳᠤ ᠬᠠᠮᠤᠭ ᠤᠨ ᠶᠡᠭᠡ ᠬᠠᠮᠲᠤ ᠶᠢᠨ ᠲᠠᠨᠢᠯᠲᠠ ᠪᠣᠯᠤᠨ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠲᠡᠭᠦᠰᠦᠭᠰᠡᠨ ᠤ ᠳᠠᠷᠠᠭ᠎ᠠ᠂ ᠲᠦᠯᠦᠭᠡᠯᠡᠭᠴᠢᠳ ᠨᠢ ᠪᠣᠭᠳᠠ ᠶᠢᠨ ᠭᠤᠣᠯ ᠰᠣᠮᠣᠨ ᠤ ᠡᠪᠡᠰᠦ ᠬᠠᠳᠠᠭᠠᠯᠠᠬᠤ ᠬᠦᠮᠦᠷᠬᠡ ᠶᠢᠨ ᠲᠦᠷᠦᠯ ᠵᠦᠢᠯ ᠢ ᠲᠣᠬᠠᠢ ᠶᠢᠨ ᠲᠠᠯᠠᠪᠣᠷ ᠲᠤ ᠬᠦᠷᠴᠦ ᠪᠠᠶᠢᠴᠠᠭᠠᠨ ᠦᠵᠡᠪᠡ᠃ 
 
ᠢᠷᠡᠯᠲᠡ᠄ ᠪᠣᠭᠳᠠ ᠶᠢᠨ ᠭᠤᠣᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号