ᠪᠣᠭᠳᠠ ᠶᠢᠨ ᠭᠤᠣᠯ ᠰᠣᠮᠦ ᠨᠢ ᠲᠦᠪ ᠤᠨ ᠦᠨᠳᠣᠰᠣᠳᠡᠨ ᠤᠨ ᠠᠵᠢᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠬᠤ ᠲᠣᠰᠬᠠᠢ ᠰᠡᠳᠣᠪᠲᠦ ᠬᠤᠷᠠᠯ ᠢ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/11/15
        ᠣᠶᠢᠷ᠎ᠠ ᠶᠢᠨ ᠡᠳᠦᠷ᠂ ᠪᠣᠭᠳᠠ ᠶᠢᠨ ᠭᠤᠤᠯ ᠰᠤᠮᠤ ᠨᠢ ᠲᠥᠪ ᠤᠨ ᠦᠨᠳᠦᠰᠦᠲᠡᠨ ᠤ ᠠᠵᠢᠯ ᠤᠨ ᠬᠤᠷᠠᠯ  ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠶᠢᠨ ᠵᠢᠱᠢᠭᠳᠡᠭᠴᠢ ᠲᠦᠩ ᠯᠢᠶᠠᠩ ᠬᠤᠷᠠᠯ ᠡᠷᠭᠢᠯᠡᠪᠡ᠃ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠠᠷᠢᠶ᠎ᠠ ᠠᠵᠢᠯ ᠦᠶᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠪᠥᠬᠦ ᠺᠠᠳ᠋ᠷ ᠠᠵᠢᠯᠲᠠᠨ ᠵᠢᠴᠢ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠨᠡᠶᠢᠲᠡ 70 ᠭᠠᠷᠤᠶ ᠬᠥᠮᠦᠨ ᠬᠤᠷᠠᠯ ᠳᠤ ᠣᠷᠣᠯᠴᠠᠵᠠᠶ᠃        ᠬᠤᠷᠠᠯ ᠳᠡᠭᠡᠷ᠎ᠡ᠂ ᠰᠣᠮᠣᠨ ᠤ ᠨᠠᠮ ᠤᠨ ᠬᠤᠷᠢᠶᠠᠨ ᠤ ᠭᠡᠰᠢᠭᠦᠨ ᠣᠷᠭᠤᠮᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠰᠤᠷᠤᠯᠴᠠᠨ ᠲᠤᠤᠱᠯᠠᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ ᠃        ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ᠂ ᠭᠦᠨᠵᠡᠭᠡᠢ ᠰᠤᠷᠤᠯᠴᠠᠵᠤ ᠨᠠᠷᠢᠯᠢᠭ ᠰᠣᠳᠣᠯᠣᠨ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ ᠪᠣᠯᠤᠨ ᠬᠦᠨ ᠠᠭᠤᠯᠤᠭᠳᠠᠬᠤᠨ ᠢ ᠭᠦᠨᠵᠡᠭᠡᠢ ᠣᠶᠢᠯᠠᠭᠠᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠦᠨᠳᠦᠰᠦᠲᠡᠨ ᠤ ᠠᠵᠢᠯ  ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠬᠠᠮᠲᠤ  ᠶᠢᠨ ᠰᠤᠷᠤᠯᠴᠠᠯᠭ᠎ᠠ ᠪᠣᠯᠤᠨ ᠬᠤᠪᠢ ᠬᠥᠮᠦᠨ ᠤ ᠰᠣᠷᠣᠯᠴᠠᠯᠭ᠎ᠠ ᠶᠢ ᠤᠶᠠᠯᠳᠤᠭᠤᠯᠵᠤ᠂ ᠰᠣᠷᠣᠯᠴᠠᠨ ᠰᠡᠳᠬᠢᠵᠦ ᠦᠢᠯᠡᠳᠣᠯᠬᠡᠵᠢᠬᠦᠯᠦᠨ ᠣᠶᠢᠯᠠᠭᠠᠬᠤ ᠳᠤᠮᠳᠠ ᠠᠰᠠᠭᠤᠳᠠᠯ ᠢ ᠪᠣᠳᠣᠯᠬᠢᠯᠠᠬᠤ᠂ ᠰᠢᠶᠳᠪᠦᠷᠢᠲᠦ ᠪᠣᠳᠣᠯᠭ᠎ᠠ ᠲᠣᠭᠲᠠᠭᠠᠬᠤ ᠰᠡᠳᠬᠢᠬᠦᠶ ᠶᠢᠨ ᠦᠨᠳᠣᠷᠴᠡ ᠪᠠᠨ ᠳᠡᠭᠡᠭᠰᠢᠯᠡᠭᠦᠯᠵᠦ᠂ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠣᠣᠱᠯᠠᠭᠤᠯᠤᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ᠃ ᠬᠤᠶᠠᠷ᠂ ᠥᠷᠭᠡᠨ ᠳᠡᠯᠭᠡᠷ ᠤᠬᠠᠭᠤᠯᠵᠤ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠠᠯᠠᠭᠤᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠢ  ᠶᠢᠨ ᠫᠢᠩ ᠶᠡᠷᠦᠩᠬᠡᠢ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ  ᠤ ᠵᠣᠷᠢᠭ ᠰᠠᠨᠠᠭ᠎ᠠ ᠪᠠᠷ ᠭᠤᠣᠯ ᠠᠭᠤᠯᠭ᠎ᠠ ᠪᠣᠯᠭᠠᠵᠤ᠂ ᠤᠯᠠᠨ ᠬᠡᠯᠪᠡᠷᠢ᠂ ᠤᠯᠠᠨ ᠠᠷᠭ᠎ᠠ ᠮᠠᠶ᠋ᠢᠭ ᠢᠶᠠᠷ ᠤᠬᠠᠭᠤᠯᠭ᠎ᠠ  ᠶᠢᠨ ᠠᠵᠢᠯ ᠢ ᠰᠠᠶᠢᠲᠤᠷ ᠦᠷᠨᠢᠬᠦᠯᠬᠦ ᠬᠡᠷᠡᠭᠳᠡᠢ᠃ ᠭᠤᠷᠪᠠ᠂ ᠯᠠᠪᠳᠠᠭᠤᠨ ᠪᠠᠲᠤᠲᠠᠢ ᠠᠵᠢᠯᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠣᠷᠢᠵᠢᠭᠤᠯᠤᠨ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠣᠷᠢᠵᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢᠶᠠᠷ ᠰᠠᠭᠤᠷᠢ ᠶᠢ ᠪᠠᠬᠢᠵᠢᠭᠦᠯᠬᠦ ᠦᠨᠳᠦᠰᠦᠨ ᠡᠭᠦᠷᠭᠡ ᠪᠣᠯᠭᠠᠨ ᠠᠳᠬᠤᠵᠤ᠂ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠡ ᠶᠢᠨ ᠤᠶᠢᠯᠡᠳᠦᠯ ᠢ ᠪᠠᠳᠠᠷᠠᠭᠤᠯᠬᠤ ᠪᠠ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠴᠢᠩᠭᠠᠳᠬᠠᠨ᠂ ᠠᠷᠠᠳ  ᠤᠨ ᠠᠮᠢᠳᠤᠷᠠᠯ ᠢ ᠬᠦᠴᠦᠯᠡᠨ ᠰᠠᠶᠢᠵᠢᠷᠠᠭᠤᠯᠵᠤ᠂ ᠰᠣᠶᠣᠯ ᠤᠨ ᠠᠭᠤᠰᠤᠯᠴᠠᠯ ᠢ ᠴᠢᠩᠭᠠᠳᠬᠠᠨ᠂ ᠦᠨᠳᠦᠰᠦᠲᠡᠨ ᠤ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠬᠡᠪᠡ ᠃        ᠬᠤᠷᠠᠯ ᠳᠡᠭᠡᠷ᠎ᠡ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠭᠴᠠᠯᠠᠬᠤ ᠪᠠᠷ ᠭᠤᠣᠯ ᠰᠡᠳᠦᠪ ᠪᠣᠯᠭᠠᠨ ᠲᠤᠰᠬᠠᠢ ᠰᠡᠳᠦᠪᠲᠦ ᠪᠣᠯᠪᠠᠰᠤᠷᠠᠯ ᠬᠢᠪᠡ᠃        ᠬᠤᠷᠠᠯ ᠤᠨ ᠳᠠᠷᠠᠭ᠎ᠠ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠶᠢ ᠵᠣᠬᠢᠶᠠᠨ ᠪᠠᠶᠢᠭᠤᠯᠵᠦ᠂ ᠰᠣᠮᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠠᠩᠰᠠ ᠡᠪᠬᠡᠮᠡᠯ ᠢ ᠲᠣᠭᠤᠷᠢᠨ ᠰᠤᠷᠤᠯᠴᠠᠭᠤᠯᠵᠤ᠂ ᠲᠤᠷᠰᠢᠯᠭ᠎ᠠ ᠪᠠᠨ ᠰᠣᠯᠢᠯᠴᠠᠨ᠂ ᠬᠠᠮᠳᠣᠪᠡᠷ ᠰᠣᠷᠣᠯᠴᠠᠵᠦ᠂ ᠡᠯ᠎ᠡ ᠭᠠᠴᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ ᠃ 
 
ᠢᠷᠡᠯᠲᠡ᠄ ᠪᠣᠭᠳᠠ ᠶᠢᠨ ᠭᠤᠣᠯ ᠰᠣᠮᠦ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号