ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠶᠡᠷᠦᠩᠬᠡᠶᠢᠯᠡᠭᠰᠡᠨ ᠬᠡᠪ ᠴᠢᠨᠠᠷ | ᠪᠠ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠯᠥᠭᠡᠯᠡᠭᠴᠢ ᠶᠢᠨ | ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 10 ᠰᠠᠷ᠎ᠠ ᠶᠢᠨ 13 ᠤ ᠡᠳᠦᠷ᠂ ᠪᠣᠭᠳᠠ ᠶᠢᠨ ᠭᠤᠣᠯ | ᠰᠤᠮᠤ ᠨᠢ ᠠᠷᠠᠳ ᠤᠨ ᠲᠥᠯᠥᠭᠡᠯᠡᠭᠴᠢᠳ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠨᠠᠮ ᠤᠨ | ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠤᠯᠠᠭᠠᠨᠪᠠᠭᠠᠨ᠎ᠠ | ᠬᠤᠷᠠᠯ ᠡᠷᠭᠢᠯᠡᠵᠦ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠦᠬᠦ ᠲᠦᠯᠦᠭᠡᠯᠡᠭᠴᠢᠳ | ᠪᠣᠯᠪᠠᠰᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠲᠡᠷᠢᠭᠦᠯᠡᠭᠴᠢ ᠤᠯᠠᠭᠠᠨᠪᠠᠭᠠᠨ᠎ᠠ ᠠᠴᠠ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ | ᠪᠠᠨ ᠬᠡᠷᠬᠢᠨ ᠭᠦᠶᠴᠡᠳᠬᠡᠬᠦ᠂ ᠵᠥᠪᠯᠡᠯᠭᠡ ᠪᠠ ᠰᠠᠨᠠᠭᠤᠯᠭ᠎ᠠ ᠳᠤᠷᠠᠳᠬᠤ ᠠᠵᠢᠯ ᠢ ᠬᠡᠷᠬᠢᠨ ᠰᠠᠶᠢᠲᠤᠷ ᠬᠢᠬᠦ᠂ ᠲᠣᠰ | ᠪᠡᠶ᠎ᠡ ᠶᠢᠨ ᠴᠢᠳᠠᠪᠤᠷᠢ ᠬᠡᠪ ᠴᠢᠨᠠᠷ ᠢᠶᠠᠨ ᠬᠡᠷᠬᠢᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠲᠤᠰᠢᠶᠠᠯ ᠬᠠᠷᠢᠭᠤᠴᠠᠯᠭ᠎ᠠ | ᠪᠠᠨ ᠭᠦᠶᠴᠡᠳᠬᠡᠬᠦ ᠵᠡᠷᠭᠡ ᠠᠭᠤᠯᠭ᠎ᠠ ᠶᠢᠨ ᠲᠤᠬᠠᠶ ᠠᠮᠢᠳᠤᠯᠢᠭ ᠨᠠᠷᠢᠯᠢᠭ ᠲᠠᠶᠢᠯᠤᠮᠵᠢ ᠬᠢᠪᠠ᠃ | ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ ᠠᠴᠠ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ︾ ᠳᠤ ᠨᠠᠷᠢᠨ ᠲᠠᠶᠢᠯᠤᠮᠵᠢ ᠬᠢᠬᠦ ᠶᠢᠨ ᠬᠠᠮᠲᠤ᠂ | ᠦᠨᠳᠦᠰᠦᠨ ᠱᠠᠲᠤᠨ ᠤ ᠲᠥᠯᠥᠭᠡᠯᠡᠭᠴᠢᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ᠂ ᠦᠵᠡᠯ | ᠰᠠᠨᠠᠭᠠᠨ ᠤ ᠤᠬᠠᠮᠰᠠᠷ᠂ ᠦᠶᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ ᠲᠥᠯᠥᠭᠡᠯᠡᠭᠴᠢᠳ | ᠤᠨ ᠠᠷᠠᠳ ᠣᠯᠠᠨ ᠲᠠᠢ ᠬᠠᠷᠢᠯᠴᠠᠬᠤ ᠬᠥᠭᠦᠷᠭᠡ ᠬᠤᠯᠪᠣᠭᠠᠰᠦ ᠶᠢᠨ ᠦᠶᠯᠡᠳᠦᠯ ᠢᠶᠠᠨ ᠰᠠᠶᠢᠲᠤᠷ ᠭᠦᠶᠴᠡᠳᠬᠡᠬᠦ | ᠬᠡᠷᠡᠭᠲᠡᠶ ᠭᠡᠵᠦ ᠴᠢᠬᠤᠯᠠᠴᠢᠯᠠᠪᠠ᠃ | ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠠᠴᠠ ︽ᠰᠢ ᠶᠢᠨ ᠫᠢᠩ ᠲᠥᠷᠥ ᠶᠢ ᠵᠠᠰᠠᠵᠤ | ᠵᠠᠰᠠᠭ ᠢ ᠡᠷᠭᠢᠯᠡᠬᠦ ᠲᠤᠬᠠᠶ ᠶᠠᠷᠢᠭᠰᠠᠨ ᠨᠢ︾ ︵ᠳᠥᠷᠪᠡᠳᠦᠭᠡᠷ ᠪᠣᠲᠢ︶ ᠭᠡᠬᠦ ᠨᠣᠮ ᠤᠨ ᠭᠤᠤᠯ ᠠᠭᠤᠯᠭ᠎ᠠ᠂ | ᠴᠢᠬᠤᠯᠠ ᠠᠴᠢ ᠬᠤᠯᠪᠣᠭᠳᠠᠯ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠵᠦ᠂ ᠲᠥᠯᠥᠭᠡᠯᠡᠭᠴᠢᠳ ᠤᠨ ᠤᠬᠠᠮᠰᠠᠷ ᠠᠴᠠ | ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠶᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ | ᠠᠬᠢᠭᠤᠯᠵᠤ᠂ ᠦᠶᠯᠡᠳᠦᠯ ᠢᠶᠠᠨ ᠪᠠᠳᠠᠷᠠᠭᠤᠯᠬᠤ ᠳᠤ ᠣᠨᠣᠯ ᠤᠨ ᠵᠢᠯᠣᠭᠤᠳᠣᠯᠭ᠎ᠠ ᠬᠠᠩᠭᠠᠵᠦ ᠦᠭᠪᠡ᠃ | ᠲᠥᠯᠥᠭᠡᠯᠡᠭᠴᠢᠳ ᠨᠢ᠂ ᠲᠣᠰ ᠤᠳᠠᠭᠠᠨ ᠤ ᠪᠣᠯᠪᠠᠰᠣᠷᠠᠯ ᠢᠶᠠᠷ ᠳᠠᠮᠵᠢᠨ ᠥᠪᠡᠷ ᠤᠨ ᠦᠵᠡᠯ ᠰᠠᠨᠠᠭᠠᠨ ᠤ | ᠬᠡᠪ ᠴᠢᠨᠠᠷ ᠪᠠ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠪᠠᠨ ᠤᠯᠠᠮ ᠨᠢᠭᠡ ᠠᠯᠬᠤᠮ | ᠳᠡᠭᠡᠭᠰᠢᠯᠡᠬᠦᠯᠵᠦ᠂ ᠬᠤᠶᠢᠰᠢᠳᠠ ᠶᠢᠨ ᠠᠵᠢᠯ ᠤᠨ ᠳᠤᠮᠳᠠ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ | ᠢᠷᠠᠭᠤ ᠠᠯᠳᠠᠷᠲᠤ ᠰᠡᠳᠬᠢᠯᠭᠡ ᠪᠠᠷ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠥᠭᠦᠷᠭᠡ ᠬᠤᠯᠪᠣᠭᠠᠰᠣ ᠶᠢᠨ ᠦᠶᠯᠡᠳᠦᠯ ᠢᠶᠠᠨ | ᠰᠠᠶᠢᠲᠤᠷ ᠪᠠᠳᠠᠷᠠᠭᠤᠯᠤᠨ᠎ᠠ ᠬᠡᠵᠦ ᠢᠯᠡᠷᠬᠡᠶᠢᠯᠡᠪᠡ᠃ | |