ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠳᠠᠭᠠᠭᠠᠴᠢᠯᠠᠭᠰᠠᠨ ᠭᠠᠴᠠᠭᠠᠨ ᠳᠤ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠬᠠᠭᠤᠯᠪᠠ
ᠨᠡᠶᠢᠲᠡᠯᠡᠭᠰᠡᠨ ᠴᠠᠭ᠄
2022/11/16
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠭᠦᠨᠵᠨᠭᠡᠢ ᠣᠬᠠᠭᠤᠯᠣᠨ ᠲᠣᠣᠱᠯᠠᠭᠤᠯᠬᠤ ᠶᠢᠨ ᠲᠥᠯᠥᠭᠡ᠂ 11 ᠰᠠᠷ᠎ᠠ ᠶᠢᠨ 15 ᠤ ᠡᠳᠦᠷ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠬᠢᠨ ᠳᠠᠭᠠᠭᠠᠴᠢᠯᠠᠭᠰᠠᠨ ᠭᠠᠴᠠᠭ᠎ᠠ ᠪᠣᠯᠬᠤ ᠣᠡᠭᠭᠤᠨ ᠠᠭᠤᠯᠠ ᠰᠣᠮᠣᠨ ᠤ ᠠᠯᠳᠠᠨ ᠮᠣᠳᠣ ᠭᠠᠴᠠᠭᠠᠨ ᠳᠤ ᠭᠦᠷᠴᠣ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠬᠠᠭᠤᠯᠵᠦ ᠲᠤᠤᠱᠯᠠᠭᠤᠯᠬᠤ ᠭᠤᠣᠯ ᠰᠡᠳᠦᠪᠲᠦ ᠠᠵᠢᠯᠯᠠᠭ᠎ᠠ ᠦᠷᠨᠢᠭᠦᠯᠵᠡᠢ᠃       ᠠᠵᠢᠯᠯᠠᠭ᠎ᠠ ᠳᠡᠭᠡᠷ᠎ᠡ᠂ ᠬᠠᠮ ᠵᠠᠭᠤᠴᠢᠯᠠᠭᠤᠷ ᠤᠨ ᠲᠥᠪ ᠤᠨ ᠬᠢᠨ ᠭᠠᠴᠠᠭᠠᠨ ᠤ ᠬᠤᠶᠠᠷ ᠵᠦᠪᠯᠡᠯ ᠪᠠ ᠨᠠᠮ ᠤᠨ ᠭᠡᠰᠢᠭᠦᠳ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠠᠯᠵᠢᠬᠤ ᠤᠷᠤᠨ ᠤ ᠤᠳᠤᠬᠢ ᠠᠵᠢᠯ ᠪᠠᠶᠢᠳᠠᠯ ᠲᠠᠢ ᠤᠶᠠᠯᠳᠤᠭᠤᠯᠤᠨ᠂ ᠦᠨᠡᠨ ᠪᠤᠳᠠᠳᠠᠢ ᠪᠠᠷ᠂ ᠳᠦᠬᠦᠮ ᠤᠶᠢᠯᠠᠭᠠᠮᠵᠢᠲᠠᠢ ᠲᠠᠶᠢᠯᠪᠤᠷᠢ ᠤᠬᠠᠭᠤᠯᠭ᠎ᠠ ᠬᠢᠵᠤ᠂ ᠭᠠᠴᠠᠭᠠᠨ ᠤ ᠨᠠᠮ ᠤᠨ ᠬᠡᠰᠢᠬᠦᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠳᠤᠬᠠᠢ ᠦᠵᠡᠯᠲᠡ ᠲᠠᠨᠢᠯᠲᠡ ᠶᠢ ᠤᠯᠠᠮ ᠬᠦᠨᠵᠡᠭᠡᠶᠢᠷᠡᠬᠦᠯᠦᠭᠰᠡᠨ ᠪᠠᠶᠢᠨ᠎ᠠ᠃       ︽ᠦᠨᠦᠳᠦᠷ ᠮᠡᠨ ᠤ ᠠᠯᠲᠠᠨ ᠮᠤᠳᠤ ᠭᠠᠴᠠᠭ᠎ᠠ ᠨᠢ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠤᠯᠤᠯᠲᠠ ᠲᠦᠷᠦᠭᠳᠡᠯ ᠶᠡᠭᠡ ᠪᠠᠶᠢᠨ᠎ᠠ︔ ᠰᠢ ᠶᠢᠨ ᠫᠢᠩ ᠶᠡᠷᠦᠩᠬᠡᠢ ᠱᠦᠵᠢ ᠬᠤᠷᠠᠯ ᠳᠡᠭᠡᠷ᠎ᠡ ᠲᠠᠪᠤᠨ ᠵᠢᠯ ᠤᠨ ᠲᠡᠮᠡᠴᠡᠬᠦ ᠬᠠᠷᠠᠯᠲᠠ ᠳᠤ ᠰᠢᠨ᠎ᠡ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠳᠤᠬᠠᠢ ᠶᠠᠷᠢᠭᠰᠠᠨ︔ ᠭᠠᠴᠠᠭᠠᠨ ᠤ ᠪᠠᠨ ᠨᠠᠮ ᠤᠨ ᠬᠡᠰᠢᠬᠦᠨ ᠭᠤᠤᠯᠳᠠᠯᠭᠠᠲᠦ ᠡᠷᠦᠬᠡ ᠪᠤᠯᠤᠭᠰᠠᠨ ᠤ ᠬᠤᠪᠢ ᠳᠤ ᠪᠢ ᠬᠤᠷᠠᠯ ᠤᠨ ᠵᠤᠷᠢᠭ ᠰᠠᠨᠠᠭ᠎ᠠ ᠶᠢ ᠮᠠᠯᠴᠢᠨ ᠲᠦᠮᠡᠨ ᠳᠤ ᠪᠠᠨ ᠨᠡᠩ ᠬᠦᠨᠵᠡᠭᠡᠢ ᠤᠶᠢᠯᠠᠭᠠᠭᠤᠯᠵᠤ ᠤᠯᠠᠮᠵᠢᠯᠠᠨ᠂ ᠨᠠᠮ ᠤᠨ ᠬᠡᠰᠢᠬᠦᠳ ᠲᠠᠢ  ᠪᠠᠨ ᠪᠦᠯᠬᠦᠮᠳᠡᠨ᠂ ᠠᠷᠠᠳ ᠤᠯᠠᠨ ᠲᠠᠢ ᠪᠠᠨ ᠨᠢᠭᠲᠠ ᠤᠶᠢᠷᠠᠳᠴᠤ᠂ ᠬᠤᠷᠠᠯ ᠤᠨ ᠵᠤᠷᠢᠭ ᠰᠠᠨᠠᠭ᠎ᠠ ᠪᠠᠷ ᠠᠵᠤ ᠠᠮᠢᠳᠤᠷᠠᠯ ᠢᠶᠠᠨ ᠦᠭᠡᠳᠡᠯᠡᠬᠦᠯᠬᠦ ᠪᠠᠷ ᠴᠢᠷᠮᠠᠶᠢᠨ᠎ᠠ︾ ᠭᠡᠵᠤ ᠣᠡᠭᠭᠤᠨ ᠠᠭᠤᠯᠠ ᠰᠣᠮᠣᠨ ᠤ ᠠᠯᠳᠠᠨ ᠮᠣᠳᠣ ᠭᠠᠴᠠᠭᠠᠨ ᠤ ᠨᠠᠮ ᠤᠨ ᠭᠡᠰᠢᠭᠦᠨ ᠭᠤᠤᠯᠳᠠᠯᠭᠠᠲᠤ ᠡᠷᠦᠬᠡ ᠨᠠᠰᠣᠠᠠᠦ᠋ᠯᠵᠡᠢ ᠶᠠᠷᠢᠯ᠎ᠠ᠃      ᠬᠠᠮ ᠵᠠᠭᠤᠴᠢᠯᠠᠭᠤᠷ ᠤᠨ ᠲᠥᠪ ᠤᠨ ᠠᠵᠢᠯᠲᠠᠳ ᠨᠢ ᠠᠯᠳᠠᠨ ᠮᠣᠳᠣ ᠭᠠᠴᠠᠭᠠᠨ ᠤ ᠮᠠᠯᠴᠢᠳ ᠲᠠᠢ ᠵᠤᠭᠤᠭᠳᠠᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ᠂ ᠡᠪᠦᠯ ᠤᠨ ᠪᠡᠯᠡᠳᠬᠡᠯ ᠵᠡᠷᠭᠡ ᠶᠢ ᠨᠠᠷᠢᠨ ᠣᠶᠢᠯᠠᠭᠠᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号