ᠬᠥᠬᠡᠬᠤᠲᠠ ᠶᠢᠨ ᠬᠢᠵᠢᠭ ᠢ ᠰᠡᠷᠭᠡᠶᠢᠯᠡᠬᠦ ᠠᠵᠢᠯ ᠳᠤ ᠲᠤᠰᠠᠯᠠᠭᠰᠠᠨ ᠡᠮᠴᠢᠯᠡᠭᠡᠨ ᠤ ᠠᠩᠭᠢ ᠪᠤᠴᠠᠵᠤ ᠢᠷᠡᠯ᠎ᠡ
ᠨᠡᠶᠢᠲᠡᠯᠡᠭᠰᠡᠨ ᠴᠠᠭ᠄
2022/11/16
     11 ᠰᠠᠷ᠎ᠠ ᠶᠢᠨ 15 ᠤ ᠡᠳᠦᠷ᠂ ᠬᠥᠪᠡᠭᠡᠲᠦ ᠰᠢᠷ᠎ᠠ ᠬᠤᠰᠢᠭᠤ ᠬᠥᠬᠡᠬᠤᠲᠠ ᠶᠢᠨ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠳᠤ ᠳᠤᠰᠠᠯᠠᠵᠤ᠂ ᠠᠵᠢᠯ ᠡᠬᠦᠷᠭᠡ ᠪᠠᠨ ᠠᠮᠵᠢᠯᠲᠠ ᠲᠠᠢ ᠪᠡᠶᠡᠯᠡᠬᠦᠯᠦᠭᠡᠳ ᠬᠠᠷᠢᠵᠤ ᠢᠷᠡᠭᠰᠡᠨ ᠰᠢᠯᠢ  ᠶᠢᠨ ᠭᠤᠤᠯ ᠠᠶᠢᠮᠠᠭ ᠤᠨ ᠡᠮᠴᠢᠯᠡᠭᠡᠨ ᠤ ᠠᠵᠢᠯᠲᠠᠳ ᠢᠶᠠᠨ ᠬᠠᠯᠠᠭᠤᠨ ᠢᠶᠠᠷ ᠤᠭᠳᠤᠨ ᠠᠪᠤᠯ᠎ᠠ᠃ ᠦᠳᠡ ᠶᠢᠨ ᠬᠤᠶᠢᠨᠠᠬᠢ ᠬᠤᠶᠠᠷ ᠴᠠᠭ ᠲᠤ᠂ ᠰᠢᠯᠢ ᠶᠢᠨ ᠭᠤᠤᠯ ᠠᠶᠢᠮᠠᠭ ᠤᠨ ᠡᠯ᠎ᠡ ᠬᠤᠰᠢᠭᠤ ᠰᠢᠶᠠᠨ ᠤ ᠡᠮᠴᠢᠯᠡᠭᠡᠨ ᠤ ᠠᠩᠭᠢ ᠶᠢᠨ 52 ᠡᠮᠴᠢ ᠰᠤᠪᠢᠯᠠᠭᠴᠢ᠂ ᠰᠦᠨᠢᠳ ᠪᠠᠷᠠᠭᠤᠨ ᠬᠤᠰᠢᠭᠤᠨ ᠠᠴᠠ ᠴᠢᠭᠤᠯᠤᠯᠲᠤ ᠬᠠᠭᠠᠯᠭ᠎ᠠ ᠬᠦᠷᠬᠦ ᠲᠦᠷᠭᠡᠨ ᠤ ᠵᠠᠮ ᠤᠨ ᠬᠦᠪᠡᠭᠡᠲᠦ ᠰᠢᠷ᠎ᠠ ᠬᠤᠰᠢᠭᠤᠨ ᠤ ᠤᠷᠤᠴᠠ ᠳᠤ ᠬᠦᠷᠬᠦ ᠳᠤ ᠬᠦᠪᠡᠭᠡᠲᠦ ᠰᠢᠷ᠎ᠠ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠠᠴᠠ ᠡᠮᠴᠢᠯᠡᠭᠡᠨ ᠤ ᠠᠩᠬᠢ ᠶᠢᠨ ᠬᠢᠨ ᠢ ᠬᠠᠯᠠᠭᠤᠨ ᠢᠶᠠᠷ ᠤᠭᠳᠤᠨ ᠠᠪᠴᠦ᠂ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠵᠡᠷᠭᠡᠯᠡᠳᠡᠭᠡ ᠬᠤᠰᠢᠭᠤ ᠰᠢᠶᠠᠨ ᠤ ᠲᠤᠰᠠᠯᠠᠬᠤ ᠠᠩᠭᠢ ᠶᠢᠨ ᠭᠡᠰᠢᠭᠦᠳ ᠢ ᠦᠳᠡᠨ ᠮᠣᠷᠳᠠᠭᠤᠯᠵᠠᠶ᠃      ᠬᠥᠪᠡᠭᠡᠲᠦ ᠰᠢᠷ᠎ᠠ ᠬᠤᠰᠢᠭᠤᠨ ᠤ ᠰᠠᠶᠢᠨ ᠳᠤᠷᠠᠴᠢᠳ ᠠᠴᠠ ︽ᠬᠦᠬᠡᠬᠤᠲᠠ ᠶᠢ ᠳᠤᠰᠠᠯᠠᠭᠰᠠᠨ ᠡᠮᠴᠢᠯᠡᠭᠡᠨ  ᠤ ᠠᠩᠬᠢ ᠪᠡᠷᠬᠡ ᠶᠢ ᠰᠦᠷᠦᠨ ᠤᠷᠤᠭᠰᠢᠯᠠᠵᠤ᠂ ᠢᠯᠭᠤᠭᠰᠠᠨ ᠠᠮᠵᠢᠯᠲᠠ ᠲᠠᠢ ᠡᠰᠡᠨ ᠮᠡᠨᠳᠦ ᠬᠠᠷᠢᠵᠤ ᠢᠷᠡᠭᠰᠡᠨ ᠢ ᠬᠠᠯᠠᠭᠤᠨ ᠢᠶᠠᠷ ᠤᠭᠳᠤᠶ᠎ᠠ︾᠂ ︽ᠬᠥᠬᠡᠬᠤᠲᠠ ᠶᠢᠨ ᠡᠷᠡᠬᠦᠯ ᠡᠩᠬᠡ ᠶᠢ ᠬᠠᠮᠠᠭᠠᠯᠠᠵᠤ ᠳᠤᠰᠠᠯᠠᠨ ᠳᠡᠮᠵᠢᠭᠰᠡᠨ ᠡᠮᠴᠢᠯᠡᠭᠡᠨ ᠤ ᠠᠵᠢᠯᠲᠠᠳ ᠤᠨ ᠭᠡᠷ ᠤᠷᠤᠨ ᠳᠤ ᠪᠠᠨ ᠬᠠᠷᠢᠵᠤ ᠢᠷᠡᠭᠰᠡᠨ ᠢ ᠬᠠᠯᠠᠭᠤᠨ ᠢᠶᠠᠷ ᠤᠭᠲᠤᠶ᠎ᠠ︾ ᠭᠡᠰᠡᠨ ᠪᠢᠴᠢᠭᠡᠰᠦ ᠳᠡᠯᠭᠡᠨ ᠤᠭᠳᠤᠭᠰᠠᠨ ᠪᠥᠭᠡᠳ ᠡᠮᠴᠢᠯᠡᠭᠡᠨ ᠤ ᠠᠩᠬᠢ ᠶᠢᠨ ᠪᠦᠬᠦ ᠨᠦᠬᠦᠳ ᠲᠤ ᠰᠣᠷᠭᠤᠭ ᠴᠡᠴᠡᠭ ᠬᠦᠷᠭᠡᠪᠡ᠃ ᠳᠦᠴᠢ ᠭᠠᠷᠤᠢ ᠡᠳᠦᠷ ᠬᠢᠵᠢᠭ ᠲᠠᠢ ᠲᠡᠮᠡᠴᠡᠭᠰᠡᠨ ᠠᠵᠢᠯ ᠠᠮᠢᠳᠤᠷᠠᠯ ᠳᠤᠮᠳᠠ ᠪᠠᠨ ᠡᠮᠴᠢ ᠰᠤᠪᠢᠯᠠᠭᠴᠢ ᠨᠠᠷ ᠮᠠᠨᠢ ᠠᠵᠢᠯ ᠤᠨ ᠡᠷᠬᠢᠮ ᠰᠤᠷᠲᠠᠯ ᠢᠶᠠᠨ ᠳᠡᠭᠡᠳᠦᠯᠡᠵᠤ᠂ ᠪᠦᠬᠦ ᠬᠦᠴᠦᠨ ᠢᠶᠠᠷ ᠢᠶᠠᠨ ᠴᠢᠷᠮᠠᠶᠢᠨ᠂ ᠬᠥᠬᠡᠬᠤᠲᠠ ᠶᠢᠨ ᠠᠷᠠᠳ ᠲᠦᠮᠡᠨ ᠲᠠᠢ ᠬᠠᠮᠲᠦ ᠪᠠᠷ ᠬᠢᠵᠢᠭ ᠲᠠᠢ ᠲᠡᠮᠡᠴᠡᠵᠤ᠂ ᠬᠠᠷᠢᠭᠤᠴᠠᠯᠭ᠎ᠠ ᠪᠠᠨ ᠡᠭᠦᠷᠭᠡᠯᠡᠵᠦ᠂ ᠡᠮᠴᠢ ᠰᠤᠪᠢᠯᠠᠭᠴᠢ ᠶᠢᠨ ᠭᠤᠶᠠᠴᠢ ᠦᠭᠡᠢ ᠵᠢᠳᠬᠦᠬᠦ ᠵᠣᠷᠢᠭ ᠰᠠᠨᠠᠭ᠎ᠠ ᠪᠠᠷ ᠰᠢᠨ᠎ᠡ ᠠᠯᠬᠤᠮ ᠢ ᠠᠯᠬᠤᠨ᠂ ᠰᠢᠨ᠎ᠡ ᠲᠤᠤᠯᠢᠰ ᠢ ᠪᠢᠴᠢᠭᠯᠡᠵᠤ᠂ ᠰᠢᠨ᠎ᠡ ᠠᠮᠵᠢᠯᠲᠠ ᠳᠤ ᠬᠦᠷᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠤᠪᠢ ᠨᠡᠮᠡᠷᠢ ᠦᠵᠡᠬᠦᠯᠦᠭᠰᠡᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号