﹇ᠵᠢᠷᠤᠭᠲᠤ ᠲᠠᠶᠢᠯᠤᠮᠵᠢ﹈ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠭᠡᠯ 
ᠨᠡᠶᠢᠲᠡᠯᠡᠭᠰᠡᠨ ᠴᠠᠭ᠄
2022/11/16

       

ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ

ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠡᠷᠭᠢᠴᠡᠭᠦᠯᠦᠯ

 

     2018 ᠣᠨ ᠠᠴᠠ ᠨᠠᠭᠠᠰᠢ᠂ ᠬᠥᠪᠡᠭᠡᠲᠦ ᠰᠢᠷ᠎ᠠ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ

 ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ

ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠡᠯ᠎ᠡ ᠪᠥᠬᠦᠳᠡ

ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ

ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ

ᠶᠡᠷᠦᠩᠬᠡᠶ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ

ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠤᠳᠤᠷᠢᠳᠤᠯᠭ᠎ᠠ ᠶᠢ

ᠪᠠᠷᠢᠮᠲᠠᠯᠠᠬᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ

ᠤᠶᠠᠯᠳᠤᠭᠤᠯᠵᠤ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠵᠥᠪ

ᠣᠨᠣᠪᠴᠢᠲᠠᠢ ᠵᠢᠯᠣᠭᠤᠳᠤᠯᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠠᠤᠯᠢ

ᠶᠣᠰᠣᠭᠠᠷ ᠠᠵᠢᠯ ᠡᠭᠦᠷᠭᠡ ᠪᠠᠨ ᠭᠦᠢᠴᠡᠳᠬᠡᠵᠦ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠴᠢᠷᠮᠠᠶᠢᠨ ᠠᠵᠢᠯᠯᠠᠵᠤ᠂

ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ

ᠡᠯ᠎ᠡ ᠲᠥᠷᠥᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠬᠤᠰᠢᠭᠤᠨ ᠤ ᠠᠵᠤ ᠠᠬᠤᠢ

ᠨᠡᠶᠢᠭᠡᠮ ᠤᠨ ᠬᠥᠭᠵᠢᠯᠲᠡ ᠪᠠ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠬᠤᠪᠢ

ᠨᠡᠮᠡᠷᠢ ᠦᠵᠡᠭᠦᠯᠪᠡ᠃

       ᠲᠦᠷᠪᠡᠨ ᠵᠢᠯ ᠤᠨ ᠲᠤᠷᠰᠢ᠂ ᠡᠷᠬᠢᠯᠡᠭᠴᠢᠳ ᠤᠨ ᠬᠤᠷᠠᠯᠳᠤᠭᠠᠨ ᠢ ᠨᠡᠶᠢᠳᠡ 96 ᠤᠳᠠᠭ᠎ᠠ᠂ ᠪᠠᠶᠢᠩᠭᠤ ᠶᠢᠨ

ᠬᠤᠷᠢᠶᠠᠨ ᠤ ᠬᠤᠷᠠᠯᠳᠤᠭᠠᠨ ᠢ 33 ᠤᠳᠠᠭ᠎ᠠ ᠬᠤᠷᠠᠯᠳᠤᠭᠤᠯᠵᠤ᠂《ᠨᠢᠭᠡ ᠣᠷᠳᠣᠨ ᠨᠢᠭᠡ ᠵᠥᠪᠯᠡᠯ ᠬᠤᠶᠠᠷ ᠬᠤᠷᠢᠶ᠎ᠡ》

 ᠶᠢᠨ ᠠᠵᠢᠯ ᠤᠨ ᠮᠡᠳᠡᠭᠦᠯᠦᠯᠲᠡ ᠶᠢ 20 ᠤᠳᠠᠭ᠎ᠠ᠂ ᠲᠤᠰᠬᠠᠢ ᠰᠡᠳᠦᠪᠲᠦ ᠮᠡᠳᠡᠭᠦᠯᠦᠯᠲᠡ ᠶᠢ 50 ᠤᠳᠠᠭ᠎ᠠ ᠰᠤᠨᠤᠰᠤᠨ

ᠬᠢᠨᠠᠨ ᠵᠥᠪᠯᠡᠵᠦ᠂ 34 ᠵᠦᠢᠯ ‍ᠤᠨ‌‍ᠰᠢᠢᠳᠪᠦᠷᠢ᠂ ᠲᠣᠭᠲᠠᠭᠠᠯ ᠭᠠᠷᠭᠠᠪᠠ᠃ ᠬᠠᠤᠯᠢ ᠬᠡᠷᠡᠭᠵᠢᠭᠦᠯᠦᠯᠳᠡ ᠶᠢᠨ ᠪᠠᠶᠢᠴᠠᠭᠠᠯᠲᠠ

ᠪᠤᠯᠤᠨ ᠪᠠᠶᠢᠴᠠᠭᠠᠨ ᠰᠤᠳᠤᠯᠤᠯᠳᠠ ᠶᠢ 38 ᠤᠳᠠᠭ᠎ᠠ ᠥᠷᠨᠢᠭᠦᠯᠵᠦ᠂ ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠢ ᠬᠠᠤᠯᠢ

ᠶᠣᠰᠣᠭᠠᠷ 153 ᠬᠥᠮᠦᠨ ᠤᠳᠠᠭ᠎ᠠ ᠲᠣᠮᠢᠯᠠᠵᠤ ᠪᠠᠭᠤᠯᠭᠠᠪᠠ᠃

       ᠨᠢᠭᠡ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠠᠵᠢᠯ ᠤᠨ ᠵᠥᠪ ᠣᠨᠣᠪᠴᠢᠲᠠᠢ ᠤᠯᠤᠰ ᠲᠥᠷᠦ ᠶᠢᠨ ᠴᠢᠭᠯᠡᠯ ᠢ ᠪᠠᠲᠤᠯᠠᠪᠠ

       ᠬᠤᠶᠠᠷ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ

ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠪᠠ 

       ᠭᠤᠷᠪᠠ᠂ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠢ ᠴᠢᠩᠭ᠎ᠠ ᠵᠢᠷᠤᠮᠯᠠᠵᠤ᠂ ᠲᠤᠭᠲᠠᠭᠠᠬᠤ ᠡᠷᠬᠡ ᠪᠣᠯᠤᠨ

ᠲᠣᠮᠢᠯᠠᠬᠤ ᠪᠠᠭᠤᠯᠭᠠᠬᠤ ᠡᠷᠬᠡ ᠶᠢᠨ ᠲᠦᠷᠢᠮᠵᠢᠯ ᠲᠠᠢ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ

       ᠳᠥᠷᠪᠡ᠂ ᠡᠭᠦᠷᠭᠡ ᠲᠤᠰᠢᠶᠠᠯ ᠢᠶᠠᠨ ᠭᠦᠶᠴᠡᠳᠬᠡᠬᠦ ᠴᠢᠳᠠᠪᠤᠷᠢ ᠪᠠᠨ ᠴᠢᠩᠭᠠᠳᠬᠠᠵᠤ᠂ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠶᠯᠡᠳᠦᠯ ᠢ ᠭᠦᠶᠴᠡᠳ ᠪᠠᠳᠠᠷᠠᠭᠤᠯᠬᠤ ᠶᠢ ᠪᠠᠲᠤᠯᠠᠪᠠ 

       ᠲᠠᠪᠤ᠂  ᠦᠢᠯᠡᠴᠢᠯᠡᠬᠦ ᠴᠢᠳᠠᠮᠵᠢ ᠶᠢ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠲᠣᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠪᠠ

                 

        ᠬᠤᠶᠢᠰᠢᠳᠠ ᠶᠢᠨ ᠳᠠᠪᠤᠨ ᠵᠢᠯ ᠤᠨ ᠠᠵᠢᠯ ᠤᠨ ᠰᠡᠳᠬᠢᠴᠡ

        ᠨᠢᠭᠡ᠂ ᠲᠤᠭ ᠲᠡᠮᠳᠡᠭ ᠳᠤᠳᠤᠷᠬᠠᠢ ᠪᠠᠷ ᠤᠯᠤᠰ ᠲᠦᠷᠦ ᠶᠢ ᠡᠷᠬᠢᠮᠯᠡᠨ᠂ ᠠᠷᠠᠳ ᠤᠨ ᠲᠦᠯᠦᠭᠡᠯᠡᠭᠴᠢᠳ ᠤᠨ

ᠶᠡᠭᠡ ᠬᠤᠷᠠᠯ ᠤᠨ ᠠᠵᠢᠯ ᠤᠨ ᠵᠥᠪ ᠤᠨᠤᠪᠴᠢᠲᠠᠢ ᠤᠯᠤᠰ ᠲᠦᠷᠦ ᠶᠢᠨ ᠴᠢᠭᠯᠡᠯ  ᠢᠶᠠᠷ ᠤᠷᠤᠭᠰᠢᠯᠠᠬᠤ ᠶᠢ ᠪᠠᠳᠤᠯᠠᠨ᠎ᠠ 

 

        ᠬᠤᠶᠠᠷ᠂ ᠭᠤᠤᠯᠳᠠᠯᠭ᠎ᠠ ᠲᠠᠢ ᠠᠵᠢᠯ ᠤᠨ ᠲᠤᠭᠤᠷᠢᠨ ᠳᠤ ᠶᠡᠭᠡ ᠳᠠᠯ᠎ᠠ ᠳᠤ ᠦᠢᠯᠡᠴᠢᠯᠡᠵᠦ᠂ ᠪᠥᠬᠦ ᠬᠤᠰᠢᠭᠤᠨ

 ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠤᠨ᠎ᠠ 

        ᠭᠤᠷᠪᠠ᠂ ᠲᠦᠯᠦᠭᠡᠯᠡᠭᠴᠢ ᠶᠢᠨ ᠠᠵᠢᠯ ᠢ ᠭᠦᠨᠵᠡᠭᠡᠶᠢᠷᠡᠭᠦᠯᠦᠨ ᠥᠷᠭᠡᠳᠭᠡᠵᠦ᠂ ᠠᠷᠠᠳ ᠤᠨ ᠲᠦᠯᠦᠭᠡᠯᠡᠭᠴᠢ ᠶᠢᠨ

ᠦᠢᠯᠡᠳᠦᠯ ᠢ ᠭᠦᠢᠴᠡᠳ ᠪᠠᠳᠠᠷᠠᠭᠤᠯᠤᠨ᠎ᠠ

        ᠲᠦᠷᠪᠡ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠰ ᠪᠡᠶ᠎ᠡ ᠶᠢᠨ ᠪᠠᠶᠢᠭᠤᠯᠤᠯᠳᠠ ᠪᠠᠨ

ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠭᠡᠬᠦ ᠬᠢᠷᠢ ᠲᠦᠪᠰᠢᠨ ᠢᠶᠠᠨ ᠪᠥᠬᠦ ᠳᠠᠯ᠎ᠠ ᠪᠠᠷ ᠳᠡᠭᠡᠭᠰᠢᠯᠡᠭᠦᠯᠦᠨ᠎ᠠ

                           

            

            2022 ᠤᠨ ᠤ ᠠᠵᠢᠯ ᠤᠨ ᠡᠭᠦᠷᠭᠡ

 

         2022 ᠤᠨ ᠪᠤᠯ ᠬᠥᠪᠡᠭᠡᠲᠦ ᠰᠢᠷ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ

ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠰᠢᠶᠠᠯ ᠭᠦᠢᠴᠡᠳᠭᠡᠬᠦ ᠠᠩᠬᠠᠨ ᠤ ᠵᠢᠯ ᠪᠤᠯᠤᠨ᠎ᠠ

᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠬᠤᠰᠢᠭᠤ ᠠᠷᠪᠠᠨ

ᠲᠦᠷᠪᠡᠳᠦᠭᠡᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠠᠴᠠ ᠲᠤᠭᠳᠠᠭᠠᠭᠰᠠᠨ ᠬᠠᠷᠠᠯᠳᠠ ᠡᠭᠦᠷᠭᠡ ᠶᠢᠨ

ᠱᠠᠭᠠᠷᠳᠠᠯᠭ᠎ᠠ ᠶᠤᠰᠤᠭᠠᠷ᠂ ᠰᠢᠨ᠎ᠡ ᠬᠥᠭᠵᠢᠯᠳᠡ ᠶᠢᠨ ᠱᠠᠳᠤᠨ ᠳᠤ ᠰᠠᠭᠤᠷᠢᠯᠠᠨ᠂ ᠰᠢᠨ᠎ᠡ ᠬᠥᠭᠵᠢᠯᠳᠡ ᠶᠢᠨ

ᠤᠶᠢᠯᠠᠭᠠᠭᠳᠠᠭᠤᠨ ᠢ ᠲᠤᠤᠱᠯᠠᠭᠤᠯᠵᠤ᠂ ᠰᠢᠨ᠎ᠡ ᠬᠥᠭᠵᠢᠯᠳᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ

ᠬᠥᠭᠵᠢᠯᠳᠡ ᠶᠢ ᠪᠡᠶᠡᠯᠡᠭᠦᠯᠵᠦ᠂ ᠡᠷᠬᠡ ᠲᠤᠰᠢᠶᠠᠯ ᠢᠶᠠᠨ ᠬᠠᠤᠯᠢ ᠶᠤᠰᠤᠭᠠᠷ ᠬᠡᠷᠡᠭᠵᠢᠭᠦᠯᠵᠦ᠂ ᠬᠥᠪᠡᠭᠡᠲᠦ ᠰᠢᠷ᠎ᠠ ᠬᠤᠰᠢᠭᠤᠨ

 ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠳᠡ ᠶᠢ ᠠᠬᠢᠭᠤᠯᠬᠤ ᠳᠤ ᠪᠠᠳᠤ ᠴᠢᠩᠭ᠎ᠠ ᠬᠠᠤᠯᠢ ᠴᠠᠭᠠᠵᠠ ᠶᠢᠨ

ᠪᠠᠳᠤᠯᠠᠭ᠎ᠠ ᠬᠠᠩᠭᠠᠵᠤ᠂ ᠰᠢᠯᠢᠳᠡᠭ ᠬᠢᠷᠢ ᠪᠥᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠢ ᠤᠭᠳᠤᠨ᠎ᠠ᠃

        

         ᠨᠢᠭᠡ᠂ ᠵᠥᠪ ᠤᠨᠤᠪᠴᠢᠲᠠᠢ ᠤᠯᠤᠰ ᠲᠦᠷᠦ ᠶᠢᠨ ᠴᠢᠭᠯᠡᠯ ᠢ ᠪᠠᠷᠢᠮᠳᠠᠯᠠᠨ᠂ ᠨᠠᠮ ᠤᠨ ᠬᠤᠷᠢᠶᠠᠨ ᠤ

ᠰᠢᠢᠳᠪᠦᠷᠢᠲᠦ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠬᠤᠰᠢᠭᠤ ᠨᠠᠮ ᠤᠨ ᠬᠤᠷᠢᠶᠠᠨ ᠤ ᠰᠢᠢᠳᠪᠦᠷᠢ ᠲᠤᠭᠳᠠᠭᠠᠯ ᠢ

ᠬᠡᠷᠡᠭᠵᠢᠭᠦᠯᠬᠦ ᠲᠠᠯ᠎ᠠ ᠪᠠᠷ ᠰᠢᠨ᠎ᠡ ᠵᠢᠳᠭᠦᠯ ᠭᠠᠷᠭᠠᠨ᠎ᠠ

         ᠬᠤᠶᠠᠷ᠂ ᠬᠢᠨᠠᠯᠳᠠ ᠲᠠᠯᠪᠢᠬᠤ ᠴᠢᠳᠠᠪᠬᠢ ᠶᠢ ᠪᠥᠲᠦᠮᠵᠢᠲᠠᠢ ᠪᠠᠳᠠᠷᠠᠭᠤᠯᠵᠤ᠂ ᠬᠢᠨᠠᠯᠳᠠ ᠲᠠᠯᠪᠢᠬᠤ ᠠᠷᠭ᠎ᠠ

ᠬᠡᠯᠪᠡᠷᠢ ᠶᠢ ᠥᠭᠡᠷᠡᠴᠢᠯᠡᠨ ᠰᠠᠶᠢᠵᠢᠷᠠᠭᠤᠯᠵᠤ᠂ ᠬᠢᠨᠠᠯᠳᠠ ᠲᠠᠯᠪᠢᠬᠤ ᠪᠤᠳᠠᠳᠤ ᠦᠷ᠎ᠡ ᠠᠰᠢᠭ ᠢ ᠨᠡᠮᠡᠭᠳᠡᠭᠦᠯᠦᠨ᠎ᠡ 

 

         ᠭᠤᠷᠪᠠ᠂ ᠲᠦᠯᠦᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠪᠠᠳᠤᠯᠠᠭ᠎ᠠ ᠶᠢ ᠴᠢᠩᠭᠠᠳᠬᠠᠵᠤ᠂

ᠡᠭᠦᠷᠭᠡ ᠲᠤᠰᠢᠶᠠᠯ ᠢᠶᠠᠨ ᠭᠦᠢᠴᠡᠳᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠲᠦᠯᠦᠭᠡᠯᠡᠭᠴᠢᠳ ᠤᠨ ᠦᠢᠯᠡᠳᠦᠯ ᠢ

ᠪᠠᠳᠠᠷᠠᠭᠤᠯᠬᠤ ᠳᠠᠯ᠎ᠠ ᠪᠠᠷ ᠰᠢᠨ᠎ᠡ ᠨᠡᠶᠢᠯᠡᠮᠡᠯ ᠬᠦᠴᠦᠨ ᠢ ᠪᠥᠷᠢᠯᠳᠦᠭᠦᠯᠦᠨ᠎ᠡ

 

         ᠲᠥᠷᠪᠡ᠂ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠬᠠᠷᠢᠭᠤᠴᠠᠯᠭ᠎ᠠ ᠡᠭᠦᠷᠭᠡᠯᠡᠬᠦ ᠶᠢ

ᠴᠢᠩᠭᠠᠳᠬᠠᠵᠤ᠂ ᠲᠤᠰ ᠪᠡᠶ᠎ᠡ ᠶᠢᠨ ᠪᠠᠶᠢᠭᠤᠯᠤᠯᠳᠠ ᠢ ᠴᠢᠩᠭᠠᠳᠬᠠᠬᠤ ᠪᠠ ᠲᠤᠰᠢᠶᠠᠯ ᠭᠦᠢᠴᠡᠳᠭᠡᠬᠦ ᠴᠢᠳᠠᠪᠤᠷᠢ ᠶᠢ

ᠳᠡᠭᠡᠭᠰᠢᠯᠡᠭᠦᠯᠬᠦ ᠳᠠᠯ᠎ᠠ ᠳᠤ ᠰᠢᠨ᠎ᠡ ᠠᠬᠢᠯᠲᠠ ᠲᠠᠢ ᠪᠤᠯᠭᠠᠨ᠎ᠠ

 

 

 

 

 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号