ᠬᠦᠪᠡᠬᠡᠳᠣ ᠰᠢᠷ᠎ᠡ ᠬᠤᠰᠢᠭᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤᠲᠦᠷᠦ ᠶᠢᠨ ᠪᠤᠳᠤᠯᠭ᠎ᠠ ᠪᠠᠷ ᠠᠷᠠᠳ ᠲᠤ ᠠᠰᠢᠭ ᠬᠦᠷᠳᠡᠭᠡᠵᠦ
ᠨᠡᠶᠢᠲᠡᠯᠡᠭᠰᠡᠨ ᠴᠠᠭ᠄
2022/11/2
      ᠬᠦᠪᠡᠬᠡᠳᠣ ᠰᠢᠷ᠎ᠡ ᠬᠤᠰᠢᠭᠤ ᠨᠢ ᠮᠠᠯ ᠠᠵᠣ ᠠᠬᠤᠢ ᠶᠢᠨ ᠣᠳᠣᠬᠢᠴᠢᠯᠠᠯᠳᠠ᠂ ᠮᠠᠯᠵᠢᠬᠤ ᠦᠢᠯᠡᠳᠪᠣᠷᠢᠯᠡᠯ ᠤᠨ ᠰᠠᠭᠤᠷᠢ ᠲᠦᠬᠦᠬᠡᠷᠣᠮᠵᠢ ᠶᠢᠨ ᠪᠦᠳᠣᠬᠡᠨ ᠪᠠᠶᠢᠭᠤᠯᠣᠯᠳᠠ᠂ ᠮᠠᠯᠵᠢᠬᠤ ᠣᠷᠣᠨ ᠤ ᠣᠷᠣᠰᠢᠨ ᠠᠮᠢᠳᠣᠷᠠᠬᠤ ᠣᠷᠴᠢᠨ ᠨᠦᠬᠦᠴᠡᠯ ᠢ ᠰᠠᠶᠢᠵᠢᠷᠠᠭᠤᠯᠬᠤ ᠵᠡᠷᠬᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠠᠬᠢᠭᠤᠯᠤᠨ᠂ ᠦᠨᠤ ᠵᠢᠯ ᠪᠦᠬᠦ ᠬᠤᠰᠢᠭᠤᠨ ᠤ ᠬᠡᠪᠴᠢᠶᠠᠨ ᠳᠤ ᠣᠷᠣᠨ ᠰᠠᠭᠤᠴᠠ ᠪᠡ ᠫᠧᠩ ᠬᠤᠷᠤᠭ᠎ᠠ ᠶᠢᠨ ᠪᠦᠳᠣᠬᠡᠨ ᠪᠠᠶᠢᠭᠤᠯᠣᠯᠳᠠ ᠵᠡᠷᠬᠡ ᠲᠦᠷᠣᠯ ᠵᠦᠢᠯ  ᠢᠶᠠᠷ ᠲᠡᠮᠵᠢᠨ᠂ ᠬᠦᠳᠡᠭᠡ ᠲᠣᠰᠬᠤᠨ ᠡᠯ᠎ᠡ ᠰᠤᠮᠤ ᠪᠠᠯᠭᠠᠰᠤ᠂ ᠭᠠᠴᠠᠭ᠎ᠠ ᠲᠤᠰᠬᠤᠨ ᠳᠤ ᠬᠡᠷᠡᠭᠵᠢᠭᠦᠯᠦᠭᠳᠡᠵᠦ᠂ ᠮᠡᠳᠡᠭᠳᠡᠮ᠎ᠡ ᠦᠷ᠎ᠡ ᠠᠰᠢᠭ ᠤᠯᠵᠦ ᠪᠤᠢ᠃       ᠴᠠᠭᠠᠨ ᠲᠡᠷᠡᠰᠤ ᠭᠠᠴᠠᠭ᠎ᠠ ᠨᠢ ᠬᠦᠪᠡᠭᠡᠳᠤ ᠰᠢᠷ᠎ᠠ ᠬᠤᠰᠢᠭᠤᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠵᠢᠱᠢᠶ᠎ᠡ ᠦᠵᠡᠬᠦᠯᠬᠦ ᠭᠠᠴᠠᠭ᠎ᠠ ᠪᠤᠯᠤᠬᠰᠡᠨ ᠤ ᠬᠤᠪᠢ ᠳᠤ ᠲᠡᠭᠡᠳᠤ ᠱᠠᠳᠤᠨ ᠤ ᠲᠦᠷᠦᠯ ᠵᠤᠶᠢᠯ ᠢ ᠢᠳᠡᠪᠬᠢᠲᠠᠢ ᠡᠷᠡᠮᠡᠯᠵᠡᠯᠡᠨ ᠤᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠢ ᠰᠠᠶᠢᠳᠤᠷ ᠬᠢᠵᠦ᠂ ᠵᠤᠬᠢᠬᠤ ᠠᠮᠵᠢᠯᠳᠠ ᠶᠢ ᠤᠯᠤᠬᠰᠡᠨ ᠶᠤᠮ᠃ ᠲᠤᠰ ᠭᠠᠴᠠᠭ᠎ᠠ ᠨᠢ ᠰᠠᠭᠠᠯᠢ ᠶᠢᠨ ᠦᠨᠢᠶ᠎ᠡ ᠮᠠᠯᠵᠢᠵᠦ ᠪᠠᠶᠢᠭ᠎ᠠ ᠲᠠᠪᠠᠭᠤᠯᠢᠭ ᠲᠠᠯ᠎ᠠ ᠪᠠᠨ ᠠᠰᠢᠭᠯᠠᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠦᠷᠦᠯ ᠵᠤᠶᠢᠯ ᠤᠨ ᠪᠡᠯᠡ ᠮᠦᠩᠬᠦ 125 ᠲᠦᠮᠡᠨ ᠲᠦᠬᠦᠷᠢᠭ ᠢ ᠡᠷᠡᠮᠡᠯᠵᠡᠯᠡᠨ ᠤᠯᠵᠦ᠂ 38 ᠰᠦᠨ ᠤ ᠦᠨᠢᠶ᠎ᠡ ᠬᠤᠳᠠᠯᠳᠤᠨ ᠠᠪᠴᠤ ᠮᠠᠯᠴᠢᠳ ᠲᠤ ᠲᠦᠷᠢᠶᠡᠰᠤᠯᠡᠬᠦᠯᠦᠨ ᠵᠢᠯ ᠪᠦᠷᠢ 11.4 ᠲᠦᠮᠡᠨ ᠲᠦᠬᠦᠷᠢᠭ ᠤᠨ ᠤᠷᠤᠯᠭ᠎ᠠ ᠡᠭᠦᠳᠴᠤ ᠪᠤᠢ᠃ ᠮᠦᠨ ᠲᠤᠰ ᠲᠦᠷᠦᠯ ᠵᠤᠶᠢᠯ ᠤᠨ 100 ᠲᠦᠮᠡᠨ ᠲᠦᠬᠦᠷᠢᠭ ᠢ ᠡᠷᠡᠮᠡᠯᠵᠡᠯᠡᠨ ᠤᠯᠵᠦ᠂ ᠲᠡᠰᠬᠡ ᠲᠠᠷᠢᠬᠤ ᠲᠦᠷᠦᠯ ᠵᠤᠶᠢᠯ ᠢ ᠨᠠᠶᠢᠳᠠᠪᠤᠷᠢᠵᠢᠭᠤᠯᠵᠦ᠂ ᠠᠮᠢ ᠠᠬᠤᠢ ᠢ ᠰᠡᠷᠭᠦᠭᠡᠬᠦ ᠠᠵᠢᠯ ᠢ ᠬᠢᠵᠣ᠂ ᠰᠢᠨ᠎ᠡ ᠴᠠᠭ ᠦᠶ᠎ᠡ ᠲᠠᠢ ᠵᠡᠷᠭᠡᠴᠡᠨ ᠤᠷᠤᠬᠰᠢᠯᠠᠵᠦ᠂ ᠵᠢᠱᠢᠶᠡᠴᠢ ᠭᠠᠴᠠᠭᠠᠨ ᠤ ᠬᠡᠪ ᠲᠠᠭᠤᠷᠢᠶᠠᠯ ᠢᠶᠠᠨ ᠪᠠᠳᠠᠷᠠᠭᠤᠯᠤᠭᠰᠠᠭᠠᠷ ᠪᠠᠶᠢᠭ᠎ᠠ ᠶᠤᠮ᠃        ︽ᠮᠠᠨ ᠤ ᠴᠠᠭᠠᠨ ᠲᠡᠷᠡᠰᠣ ᠭᠠᠴᠠᠭ᠎ᠠ ᠨᠢ ᠨᠢᠳᠣᠨᠣᠨ ᠠᠶᠢᠮᠠᠭ ᠤᠨ ᠲᠡᠰ ᠤᠨ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠵᠢᠱᠢᠶ᠎ᠡ ᠦᠵᠡᠬᠦᠯᠬᠦ ᠭᠠᠴᠠᠭ᠎ᠠ ᠪᠣᠯᠣᠬᠰᠠᠨ ᠤ ᠬᠤᠪᠢ ᠳᠤ ᠡᠨᠡ ᠵᠢᠯ ᠠᠴᠠ ᠡᠬᠢᠯᠠᠨ ᠣᠷᠣᠰᠢᠨ ᠰᠠᠭᠤᠬᠤ ᠣᠷᠴᠢᠨ ᠲᠣᠭᠤᠷᠢᠨ ᠢ ᠵᠠᠰᠠᠨ ᠴᠡᠭᠴᠡᠯᠡᠬᠦ᠂ ᠬᠤᠳᠠ ᠣᠰᠣ ᠪᠠᠨ ᠴᠡᠪᠡᠷ ᠴᠡᠮᠴᠡᠬᠡᠷ ᠪᠣᠯᠭᠠᠬᠤ ᠲᠦᠷᠣᠯ ᠵᠦᠢᠯ ᠢ ᠠᠷᠪᠢᠨ ᠬᠢᠵᠣ ᠪᠠᠶᠢᠨ᠎ᠠ︔ ᠪᠣᠳᠠᠳᠠᠢ ᠪᠠᠷ ᠶᠠᠷᠢᠪᠠᠯ ᠮᠠᠯ ᠤᠨ ᠬᠠᠰᠢᠶ᠎ᠠ ᠵᠠᠳᠠᠭᠠᠢ ᠬᠤᠷᠤᠭ᠎ᠠ ᠶᠢ ᠨᠢᠬᠡᠨᠳᠠ 47 ᠡᠷᠣᠬᠡ ᠳᠤ ᠨᠠᠶᠢᠳᠠᠪᠣᠷᠢᠵᠢᠭᠤᠯᠵᠣ᠂ ᠲᠦᠷᠣᠯ ᠵᠦᠢᠯ ᠢᠶᠠᠷ ᠵᠠᠭᠤᠨ ᠤ ᠲᠠᠯᠠ᠂ ᠬᠤᠪᠢ ᠡᠷᠣᠬᠡ ᠦᠪᠡᠷᠳᠡᠬᠡᠨ ᠲᠦᠷᠪᠡᠨ ᠮᠢᠩᠭᠠᠨ ᠲᠦᠬᠦᠷᠢᠭ ᠭᠠᠷᠭᠠᠵᠣ᠂ ᠡᠬᠦᠨ ᠠᠴᠠ ᠭᠠᠳᠠᠨ᠎ᠠ ᠪᠠᠶᠢᠩᠭᠤ ᠰᠠᠭᠤᠭ᠎ᠠ ᠡᠷᠣᠬᠡ ᠳᠤ ᠬᠡᠷ ᠤᠨ ᠭᠠᠳᠠᠨᠡᠬᠢ ᠬᠦᠷᠢᠶᠠᠨ ᠤ ᠲᠦᠷᠣᠯ ᠵᠦᠢᠯ ᠢ ᠭᠤᠴᠢ ᠭᠠᠷᠣᠢ ᠡᠷᠣᠬᠡ ᠳᠤ ᠨᠠᠶᠢᠳᠠᠪᠤᠷᠢᠵᠢᠭᠤᠯᠤᠭᠰᠠᠨ︔ ᠳᠠᠷᠠᠭ᠎ᠠ ᠠᠯᠬᠤᠮ ᠤᠨ ᠬᠠᠮᠢᠶ᠎ᠠ ᠪᠦᠬᠦᠢ ᠠᠵᠢᠯ ᠶᠠᠭ ᠶᠠᠪᠣᠬᠳᠠᠵᠣ ᠪᠠᠶᠢᠨ᠎ᠠ︾ ᠭᠡᠵᠤ ᠴᠠᠭᠠᠨ ᠲᠡᠷᠡᠰᠤ ᠭᠠᠴᠠᠭᠠᠨ ᠤ ᠨᠠᠮ ᠤᠨ ᠡᠭᠦᠷ ᠤᠨ ᠱᠦᠵᠢ ᠲᠠᠪᠰᠢᠯᠳᠤ ᠶᠠᠷᠢᠯ᠎ᠠ᠃       ᠬᠦᠪᠡᠬᠡᠳᠣ ᠰᠢᠷ᠎ᠡ ᠬᠤᠰᠢᠭᠤ ᠨᠢ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠦ᠂ ᠲᠤᠬᠠᠢ ᠶᠢᠨ ᠭᠠᠵᠠᠷ ᠤᠷᠤᠨ ᠤ ᠪᠠᠶᠢᠳᠠᠯ ᠲᠤᠨᠢ ᠲᠤᠬᠢᠷᠠᠭᠤᠯᠤᠨ᠂ ᠴᠠᠭᠠᠨ ᠲᠡᠷᠡᠰᠤ ᠭᠠᠴᠠᠭ᠎ᠠ ᠪᠤᠯᠤᠨ ᠲᠠᠪᠤᠰᠤᠨ ᠭᠤᠤᠯ ᠭᠠᠴᠠᠭ᠎ᠠ ᠶᠢ ᠬᠦᠳᠡᠭᠡ ᠲᠤᠰᠬᠤᠨ ᠶᠢ ᠬᠦᠭᠵᠢᠬᠦᠯᠦᠨ ᠮᠠᠨᠳᠤᠭᠤᠯᠬᠤ ᠵᠢᠱᠢᠶ᠎ᠡ ᠦᠵᠡᠬᠦᠯᠬᠦ ᠭᠠᠴᠠᠭ᠎ᠠ ᠲᠤᠰᠬᠤᠨ ᠢᠶᠠᠷ ᠲᠤᠭᠳᠠᠭᠠᠵᠦ᠂ ᠡᠯ᠎ᠡ ᠲᠦᠷᠦᠯ ᠤᠨ ᠠᠵᠢᠯ ᠡᠭᠦᠷᠭᠡ ᠶᠢ ᠲᠤᠳᠤᠷᠬᠠᠶᠢᠯᠠᠵᠦ᠂ ᠬᠠᠮᠢᠶ᠎ᠠ ᠪᠦᠬᠦᠢ ᠲᠦᠷᠢᠮ ᠲᠤᠭᠳᠠᠭᠠᠯ ᠢ ᠵᠢᠷᠤᠮᠯᠠᠵᠦ᠂ ᠭᠠᠴᠠᠭ᠎ᠠ ᠲᠤᠰᠬᠤᠨ ᠤ ᠦᠩᠭᠡ ᠲᠦᠷᠬᠦ ᠶᠢ ᠰᠠᠶᠢᠵᠢᠷᠠᠭᠤᠯᠬᠤ᠂ ᠴᠢᠮᠡᠭᠡ ᠬᠤᠯᠪᠤᠭᠠᠨ ᠤ ᠲᠤᠤᠷ ᠰᠦᠯᠵᠢᠶ᠎ᠡ ᠶᠢ ᠨᠡᠪᠳᠡᠷᠡᠭᠦᠯᠬᠦ᠂ ᠤᠰᠤ ᠤᠮᠳᠠ ᠶᠢᠨ ᠪᠠᠳᠣᠯᠠᠭ᠎ᠠ ᠬᠠᠩᠭᠠᠬᠤ᠂ ᠮᠢᠬ᠎ᠠ ᠰᠦᠨ ᠤ ᠬᠤᠤᠰ ᠬᠡᠷᠡᠭᠴᠡᠭᠡᠳᠤ ᠦᠭᠡᠷ ᠬᠤᠳᠠᠯᠳᠤᠨ ᠠᠪᠬᠤ ᠵᠡᠷᠭᠡ ᠤᠯᠠᠨ ᠲᠠᠯ᠎ᠠ ᠶᠢᠨ ᠲᠦᠷᠦᠯ ᠵᠤᠶᠢᠯ ᠤᠨ ᠢᠨᠵᠧᠨᠧᠷᠢᠩ ᠢ ᠬᠡᠷᠡᠭᠵᠢᠬᠦᠯᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠵᠢᠱᠢᠶ᠎ᠡ ᠦᠵᠡᠬᠦᠯᠬᠦ‍ ᠴᠢᠭ ᠢ ᠡᠬᠦᠳᠤᠨ ᠪᠠᠶᠢᠭᠤᠯᠬᠤ ᠠᠵᠢᠯ ᠤᠨ ᠦᠷ᠎ᠡ ᠪᠦᠳᠦᠮᠵᠢ ᠶᠢ ᠦᠨᠡᠨᠬᠦ ᠪᠠᠳᠣᠯᠠᠵᠣ᠂ 2022 ᠤᠨ ᠳᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠡᠯᠡ ᠮᠦᠩᠬᠦᠨ ᠤ 34 ᠲᠦᠷᠦᠯ ᠵᠤᠶᠢᠯ ᠢ ᠡᠷᠡᠮᠡᠯᠵᠡᠯᠡᠨ ᠤᠯᠵᠦ᠂ ᠡᠬᠦᠨ ᠳᠤ ᠦᠪᠡᠷᠳᠡᠭᠡᠨ ᠵᠠᠰᠠᠬᠤ ᠤᠷᠤᠨ ᠠᠴᠠ 4052 ᠲᠦᠮᠡᠨ ᠲᠦᠬᠦᠷᠢᠭ ᠤᠨ ᠪᠡᠯᠡ ᠮᠦᠩᠬᠦ ᠪᠠᠭᠤᠯᠭᠠᠵᠦ᠂ ᠠᠶᠢᠮᠠᠭ ᠤᠨ ᠱᠠᠳᠤᠨ ᠠᠴᠠ 452 ᠲᠦᠮᠡᠨ ᠲᠦᠬᠦᠷᠢᠭ ᠤᠨ ᠪᠡᠯᠡ ᠮᠦᠩᠬᠦ ᠪᠠᠭᠤᠯᠭᠠᠨ ᠤᠳᠤ ᠶᠠᠭ ᠬᠡᠷᠡᠭᠵᠢᠬᠦᠯᠵᠦ ᠪᠠᠶᠢᠭ᠎ᠠ ᠱᠠᠳᠤᠨ  ᠳᠤ ᠪᠠᠨ ᠪᠤᠢ︔ ᠤᠳᠤᠬᠠᠨ ᠳᠤ ᠲᠦᠷᠦᠯ ᠵᠤᠶᠢᠯ ᠨᠢ ᠨᠢᠭᠡᠨᠳᠡ ᠪᠦᠬᠦᠨ ᠢᠶᠠᠷ ᠢᠶᠠᠨ ᠠᠵᠢᠯ ᠡᠬᠢᠯᠡᠵᠤ᠂ ᠪᠦᠲᠦᠭᠡᠨ ᠪᠠᠶᠢᠭᠤᠯᠤᠭᠰᠠᠨ ᠨᠤᠷᠮ᠎ᠠ 90% ᠳᠤ ᠬᠦᠷᠴᠤ ᠪᠠᠶᠢᠨ᠎ᠠ᠃        ᠬᠦᠪᠡᠭᠡᠳᠤ ᠰᠢᠷ᠎ᠠ ᠬᠤᠰᠢᠭᠤᠨ ᠶᠢᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠤᠪᠴᠢᠶᠠᠨ ᠤ ᠲᠡᠳ᠋ ᠲᠠᠷᠤᠭ᠎ᠠ ᠴᠤᠯᠮᠤᠨ ︽ᠦᠨᠣ ᠵᠢᠯ ᠤᠨ ᠬᠡᠷᠡᠭᠵᠢᠬᠦᠯᠣᠭ᠍ᠰᠠᠨ ᠲᠦᠷᠣᠯ ᠵᠦᠢᠯ ᠤᠨ ᠪᠠᠶᠢᠳᠠᠯ ᠠᠴᠠ ᠦᠵᠡᠵᠣ ᠪᠠᠶᠢᠭᠠᠳ ᠮᠠᠨ ᠤ ᠲᠣᠪᠴᠢᠶ᠎ᠠ ᠨᠢ ᠲᠡᠬᠡᠳᠣ ᠱᠠᠳᠣ᠂ ᠰᠣᠮᠣ ᠪᠠᠯᠭᠠᠰᠣ᠂ ᠭᠠᠴᠠᠭ᠎ᠠ᠂ ᠮᠠᠯᠴᠢᠨ ᠲᠦᠮᠡᠨ ᠲᠠᠢ ᠦᠷᠬᠦᠯᠵᠢ ᠬᠠᠷᠢᠯᠴᠠᠵᠣ ᠪᠠᠶᠢᠭᠠᠳ ᠬᠤᠵᠢᠮ ᠤᠨ ᠮᠠᠯᠵᠢᠬᠤ ᠣᠷᠣᠨ ᠤ ᠬᠦᠭᠵᠢᠯᠳᠠ᠂ ᠭᠠᠴᠠᠭᠠᠨ ᠤ ᠬᠠᠮᠳᠣ ᠶᠢᠨ ᠠᠵᠣ ᠠᠬᠤᠢ  ᠶᠢ ᠪᠣᠵᠠᠭᠠᠶᠢᠷᠠᠭᠤᠯᠬᠤ᠂ ᠬᠦᠮᠣᠨ ᠠᠷᠠᠳ ᠤᠨ ᠰᠠᠭᠤᠬᠤ ᠣᠷᠴᠢᠨ ᠲᠣᠭᠤᠷᠢᠨ ᠤ ᠲᠠᠯ᠎ᠠ ᠪᠠᠷ ᠰᠣᠳᠣᠯᠵᠣ ᠪᠠᠶᠢᠭᠠᠳ ᠲᠠᠷᠠᠭ᠎ᠠ ᠵᠢᠯ ᠤᠨ ᠲᠦᠷᠣᠯ ᠵᠦᠢᠯ ᠢ ᠮᠡᠳᠡᠬᠦᠯᠵᠣ᠂ ᠭᠠᠴᠠᠭᠠᠨ ᠤ ᠬᠠᠮᠳᠣ ᠶᠢᠨ ᠠᠵᠣ ᠠᠬᠤᠢ ᠢ ᠬᠦᠭᠵᠢᠬᠦᠯᠵᠣ ᠶᠠᠳᠠᠭᠤ ᠶᠢ ᠲᠡᠳᠬᠦᠬᠦ ᠠᠵᠢᠯ ᠤᠨ ᠦᠷ᠎ᠡ ᠪᠦᠳᠣᠮᠵᠢ ᠶᠢ ᠣᠯᠠᠮ ᠪᠠᠬᠢᠵᠢᠬᠦᠯᠵᠣ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠲᠠᠢ ᠵᠣᠯᠭᠠᠴᠠᠭᠤᠯᠬᠤ ᠠᠵᠢᠯ ᠢ ᠣᠯᠠᠮ ᠠᠬᠢᠭᠤᠯᠤᠨ᠎ᠠ︾ ᠭᠡᠵᠤ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号