ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠢᠷᠠᠭᠤ ᠬᠠᠭᠤᠳᠠᠰᠣ ᠶᠢ ᠪᠢᠴᠢᠭᠯᠡᠨᠡᠮ
ᠨᠡᠶᠢᠲᠡᠯᠡᠭᠰᠡᠨ ᠴᠠᠭ᠄
2022/11/21
 ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠢᠷᠠᠭᠤ ᠬᠠᠭᠤᠳᠠᠰᠣ ᠶᠢ ᠪᠢᠴᠢᠭᠯᠡᠨᠡᠮ                        — ᠪᠤᠭᠳᠠ ᠶᠢᠨ ᠭᠤᠤᠯ ᠰᠤᠮᠤ ᠦᠨᠳᠦᠰᠦᠲᠡᠨ ᠤ                       ᠪᠦᠯᠬᠦᠮᠳᠡᠯ ᠢ ᠰᠠᠶᠢᠳᠤᠷ ᠠᠬᠢᠭᠤᠯᠵᠤ ᠪᠠᠶᠢᠨ᠎ᠠ      ᠪᠣᠭᠳᠠ ᠶᠢᠨ ᠭᠤᠤᠯ ᠰᠤᠮᠤ ᠪᠣᠯ ᠮᠠᠨ ᠤ ᠬᠤᠰᠢᠭᠤᠨ ᠤ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ᠂ ᠰᠠᠭᠠᠯᠢ ᠶᠢᠨ ᠦᠨᠢᠶᠡᠨ ᠤ ᠰᠠᠭᠤᠷᠢᠨ ᠭᠠᠵᠠᠷ ᠪᠦᠭᠡᠳ ᠬᠢᠲᠠᠳ ᠦᠨᠳᠦᠰᠦᠲᠡᠨ᠂ ᠮᠣᠩᠭᠤᠯ ᠦᠨᠳᠦᠰᠦᠲᠡᠨ ᠬᠠᠮᠲᠤ ᠪᠠᠷ ᠲᠥᠪᠯᠡᠷᠡᠨ ᠰᠠᠭᠤᠷᠢᠰᠢᠭᠰᠠᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠪᠦᠯᠭᠦᠮᠳᠡᠨ ᠨᠢᠬᠳᠠᠷᠠᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠢᠷᠠᠭᠤ ᠬᠠᠭᠤᠳᠠᠰᠣ ᠶᠢ ᠪᠢᠴᠢᠭᠯᠡᠭᠰᠡᠨ ᠮᠠᠯᠵᠢᠬᠤ ᠰᠤᠮᠤ ᠪᠤᠯᠬᠤ ᠶᠤᠮ᠃      ᠪᠣᠬᠳᠠ ᠶᠢᠨ ᠭᠤᠣᠯ ᠰᠣᠮᠣᠨ ᠤ ᠨᠠᠮ ᠤᠨ ᠬᠤᠷᠢᠶ᠎ᠠ ᠨᠢ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠰᠢᠨ᠎ᠡ ᠶᠢ ᠡᠭᠦᠳᠦᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠢ ᠠᠬᠢᠭᠤᠯᠬᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠨ ᠳᠠᠪᠰᠢᠬᠤ ᠶᠢ ᠵᠣᠷᠢᠭᠵᠢᠭᠤᠯᠬᠤ ᠶᠢᠨ ᠲᠦᠯᠦᠭᠡ᠂ 2021 ᠣᠨ ᠳᠤ᠂ ᠡᠯᠡᠰᠦᠲᠡᠢ ᠭᠠᠴᠠᠭᠠᠨ ᠳᠤ ︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠬᠤᠪᠢᠰᠬᠠᠯᠲᠤ ᠬᠦᠮᠣᠵᠢᠯ ᠤᠨ ᠲᠣᠷᠠᠰᠬᠠᠯ ᠤᠨ ᠦᠵᠡᠭᠦᠯᠭᠡ ᠶᠢᠨ ᠲᠢᠩᠬᠢᠮ ᠢ ᠪᠠᠶᠢᠭᠤᠯᠵᠣ᠂ ᠳᠤᠯᠤᠭᠠᠨ ᠵᠠᠭᠤᠭᠠᠳ ᠬᠤᠪᠢᠰᠬᠠᠯᠲᠦ ᠵᠦᠢᠯᠡᠰ ᠢ ᠳᠡᠯᠭᠡᠨ ᠦᠵᠡᠭᠦᠯᠵᠦ᠂ ᠪᠦᠭᠦ ᠰᠣᠮᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠬᠦ ᠳᠤ ᠣᠭᠢ ᠰᠠᠶᠢᠨ ᠲᠠᠪᠴᠠᠩ ᠬᠠᠨᠭ᠍ᠭᠠᠵᠠᠢ᠃      ︽ᠮᠠᠨ ᠤ ᠬᠤᠪᠢᠰᠬᠠᠯ ᠤᠨ ᠦᠵᠡᠬᠦᠯᠬᠡ ᠶᠢᠨ ᠣᠷᠳᠣᠨ 2021 ᠣᠨ ᠳᠤ ᠪᠠᠶᠢᠭᠤᠯᠣᠬᠳᠠᠵᠣ᠂ ᠲᠣᠮᠳᠠᠳᠣ ᠣᠯᠣᠰ ᠎ ᠤᠨ ᠡᠪ ᠬᠠᠮᠳᠣ ᠨᠠᠮ ᠪᠠᠶᠢᠭᠤᠯᠣᠬᠳᠠᠬᠰᠠᠨ ᠵᠠᠭᠤᠨ ᠵᠢᠯ ᠤᠨ ᠣᠢ ᠳᠤ ᠲᠣᠬᠢᠶᠠᠯᠳᠣᠭᠤᠯᠣᠨ ᠡᠨᠡ ᠬᠦ ᠦᠵᠡᠬᠦᠯᠣᠯᠬᠡ ᠶᠢᠨ ᠣᠷᠳᠣᠨ ᠢᠶᠠᠨ ᠨᠡᠬᠡᠬᠡᠭᠰᠠᠠ ᠪᠠᠶᠢᠨ᠎ᠠ︔ ᠡᠬᠦᠨ ᠳᠤ ᠮᠠᠨ ᠤ ᠪᠣᠬᠳᠠ ᠶᠢᠨ ᠭᠤᠣᠯ ᠰᠣᠮᠣ ᠨᠢ ᠶᠡᠭᠡ ᠲᠣᠰᠠ ᠲᠡᠮᠵᠢᠯᠬᠡ ᠦᠵᠡᠬᠦᠯᠵᠤ᠂ ᠲᠢᠩᠬᠢᠮ ᠳᠠᠬᠢ ᠪᠣᠢ ᠪᠦᠬᠦᠢ ᠵᠦᠢᠯᠡᠰ ᠢ ᠪᠦᠷ ᠰᠣᠮᠣᠨ ᠤ ᠵᠠᠰᠠᠭ ᠤᠨ ᠣᠷᠳᠣᠨ ᠠᠴᠠ ᠪᠡᠯᠡᠳᠬᠡᠵᠣ᠂ ᠨᠠᠢᠮᠠᠨ ᠲᠦᠮᠨ ᠭᠠᠷᠣᠢ ᠲᠦᠬᠦᠷᠢᠭ ᠤᠨ ᠦᠷᠳᠡᠭ ᠪᠦᠬᠦᠢ ᠵᠢᠶᠠᠰᠠ ᠵᠡᠷᠬᠡ ᠶᠢ ᠪᠦᠷᠢᠳᠦᠬᠦᠯᠵᠤ ᠦᠭᠬᠦᠭᠰᠠᠨ︔ ᠭᠠᠴᠠᠭᠠᠨ ᠤ ᠨᠠᠮ ᠤᠨ ᠬᠡᠰᠢᠬᠦᠳ ᠦᠷᠬᠦᠯᠵᠢ ᠶᠢᠨ ᠴᠢᠨᠡᠷᠲᠠᠢ ᠠᠳᠠ ᠢᠷᠡᠵᠣ ᠲᠣᠭᠤᠷᠢᠵᠣ ᠦᠵᠡᠵᠣ ᠰᠣᠷᠣᠯᠴᠠᠳᠠᠭ︔ ᠮᠦᠨ ᠴᠦ ᠬᠤᠶᠢᠰᠢᠳᠠ ᠰᠣᠷᠭᠠᠭᠤᠯᠢ ᠶᠢᠨ ᠬᠦᠷᠢᠶᠠᠨ ᠳᠤ ᠣᠷᠣᠭᠤᠯᠬᠤ᠂ ᠨᠡᠶᠢᠬᠡᠮᠴᠢᠯᠡᠭᠰᠠᠨ ᠮᠠᠶ᠋ᠢᠭ ᠲᠠᠢ ᠪᠣᠯᠭᠠᠶ᠎ᠠ ᠬᠡᠵᠣ ᠪᠣᠳᠣᠵᠣ ᠪᠠᠶᠢᠨ᠎ᠠ︾ ᠭᠡᠵᠤ ᠪᠣᠬᠳᠠ ᠶᠢᠨ ᠭᠤᠣᠯ ᠰᠣᠮᠣᠨ ᠤ ᠡᠯᠡᠰᠣᠲᠠᠢ ᠭᠠᠴᠠᠭᠠᠨ ᠤ ᠨᠠᠮ ᠤᠨ ᠡᠭᠦᠷ ᠤᠨ ᠱᠦᠵᠢ ᠰᠣᠶᠣᠯᠳᠣ ᠶᠠᠷᠢᠯ᠎ᠠ᠃      ᠪᠣᠭᠳᠠ ᠶᠢᠨ ᠭᠤᠤᠯ ᠰᠤᠮᠤᠨ ᠤ ᠨᠠᠮ ᠤᠨ ᠬᠤᠷᠢᠶ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠤᠳᠤᠷᠢᠳᠤᠮᠵᠢ ᠶᠢᠨ ᠴᠢᠨᠠᠷᠲᠠᠶ᠂ ᠰᠠᠭᠤᠷᠢ ᠴᠢᠨᠠᠷᠲᠠᠶ ᠢᠨᠵᠧᠨᠧᠷᠢᠩ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠣ᠂ ᠰᠤᠷᠤᠯᠴᠠᠬᠤ ᠡᠬᠢ ᠪᠠᠶᠠᠯᠢᠭ ᠢ ᠢᠳᠡᠪᠬᠢᠲᠡᠶ ᠡᠮᠬᠢᠯᠡᠨ ᠨᠡᠶᠢᠯᠡᠭᠦᠯᠵᠦ᠂ ᠪᠠᠶᠢᠩᠭᠤ ᠰᠠᠭᠤᠭ᠎ᠠ ᠨᠠᠮ ᠤᠨ ᠭᠡᠰᠢᠭᠦᠨ᠂ ᠮᠠᠯᠴᠢᠳ ᠢ ᠣᠷᠣᠨ ᠬᠤᠪᠢᠶᠠᠨ᠂ 3᠎ ᠠᠴᠠ 4 ᠭᠠᠴᠠᠭ᠎ᠠ ᠪᠠᠷ ᠴᠢᠭ ᠪᠣᠯᠭᠠᠨ 5 ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠴᠢᠭ ᠲᠣᠬᠢᠷᠠᠭᠤᠯᠵᠤ᠂ ᠮᠠᠯᠵᠢᠬᠤ ᠦᠶᠯᠡᠳᠪᠦᠷᠢᠯᠡᠯ ᠤᠨ ᠴᠠᠭ ᠪᠠᠴᠢᠮ᠂ ᠨᠠᠮ ᠤᠨ ᠭᠡᠰᠢᠭᠦᠨ ᠤ ᠰᠠᠭᠤᠷᠢᠰᠢᠯ ᠲᠠᠷᠠᠬᠠᠶ᠂ ᠬᠠᠮᠳᠣ ᠶᠢᠨ ᠰᠣᠷᠣᠯᠴᠠᠯᠭ᠎ᠠ ᠦᠷᠨᠢᠭᠦᠯᠭᠦ ᠳᠤ ᠭᠦᠴᠢᠷ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠭᠰᠡᠨ ᠪᠦᠭᠡᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠬᠠᠮᠰᠠᠷ ᠢ ᠪᠠᠭᠢᠵᠢᠭᠦᠯᠪᠡ᠃     ᠪᠣᠭᠳᠠ ᠶᠢᠨ ᠭᠤᠤᠯ ᠰᠤᠮᠤᠨ ᠤ ᠨᠠᠮ ᠤᠨ ᠬᠤᠷᠢᠶ᠎ᠠ ᠨᠢ ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠭᠤᠶᠢᠪᠢᠰᠢ ᠥᠬᠡᠶ ᠪᠠᠷᠢᠮᠲᠠᠯᠠᠵᠤ᠂ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢ ᠴᠢᠬᠤᠯᠠ ᠠᠵᠢᠯ ᠪᠣᠯᠭᠠᠨ ᠠᠳᠬᠤᠵᠦ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠦ᠂ 1 ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠳᠣᠰᠣᠳᠠᠨ ᠤ ᠪᠦᠯᠬᠦᠮᠳᠠᠯ ᠲᠠᠪᠰᠢᠯᠳᠠ ᠶᠢᠨ ᠵᠢᠱᠢᠶ᠎ᠡ ᠦᠵᠡᠭᠦᠯᠬᠦ ᠭᠠᠴᠠᠭ᠎ᠠ᠂ ᠵᠢᠷᠭᠤᠭᠠᠨ ︽ᠲᠠᠪᠤᠨ ᠰᠠᠶᠢᠨᠲᠠᠢ︾ ᠨᠠᠮ ᠤᠨ ᠭᠡᠰᠢᠭᠦᠨ ᠭᠤᠣᠯᠳᠠᠯᠭᠠᠲᠤ ᠡᠷᠦᠬᠡ᠂ 2 ᠬᠤᠰᠢᠭᠤᠨ ᠤ ᠲᠡᠰ ᠤᠨ ᠵᠢᠱᠢᠶ᠎ᠡ ᠦᠵᠡᠭᠦᠯᠬᠦ ᠭᠠᠴᠠᠭ᠎ᠠ᠂ 5 ᠠᠶᠢᠮᠠᠭ᠂ ᠬᠤᠰᠢᠭᠤ ᠬᠤᠶᠠᠷ ᠱᠠᠲᠤᠨ ᠤ ︽ᠲᠠᠪᠤᠨ ᠬᠦᠴᠦᠷᠬᠡᠭ︾ ᠨᠠᠮ ᠤᠨ ᠡᠭᠦᠷ ᠢ ᠡᠭᠦᠳᠦᠨ ᠪᠠᠶᠢᠭᠤᠯᠵᠣ᠂ ︽ᠨᠠᠮ ᠤᠨ ᠪᠠᠶᠢᠭᠤᠯᠤᠯᠲᠠ + ᠦᠨᠳᠦᠰᠦᠲᠡᠨ ᠤ ᠪᠦᠯᠬᠦᠮᠳᠡᠯ ᠳᠠᠪᠰᠢᠯᠳᠠ︾᠎ ᠪᠠᠷ ᠦᠨᠳᠦᠰᠦᠨ ᠱᠠᠳᠣᠨ ᠤ ᠨᠠᠮ ᠤᠨ ᠪᠠᠶᠢᠭᠤᠯᠣᠯᠳᠠ ᠶᠢᠨ ᠣᠯᠣᠰ ᠲᠦᠷᠦ ᠶᠢᠨ ᠴᠢᠳᠠᠪᠣᠷᠢ ᠶᠢ ᠳᠠᠰᠣᠷᠠᠯᠳᠠ ᠦᠭᠡᠢ ᠳᠡᠭᠡᠭᠰᠢᠯᠡᠭᠦᠯᠦᠭᠰᠡᠨ ᠎ ᠢᠶᠠᠷ 2021 ᠣᠨ ᠳᠤ᠂ ᠠᠶᠢᠮᠠᠭ ᠤᠨ ᠲᠡᠰ ᠤᠨ ︽ᠲᠠᠪᠤᠨ ᠰᠢᠯᠢᠳᠡᠭ︾ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠪᠠ ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠬᠦᠯᠬᠦ ᠰᠣᠮᠣ ᠪᠠᠷ ᠨᠡᠷᠡᠶᠢᠳᠦᠭᠳᠡᠵᠦ᠂ 2022 ᠣᠨ ᠳᠤ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠬᠡᠴᠡ ᠪᠠᠷ ᠦᠨᠡᠯᠡᠭᠳᠡᠭᠰᠠᠨ ᠪᠠᠶᠢᠨ᠎ᠠ᠃︽ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠣᠬᠰᠠᠨ ᠵᠢᠯ ᠪᠣᠯᠤᠨ᠎ᠠ︔ ᠡᠨᠡᠬᠦ ᠴᠢᠬᠤᠯᠠ ᠴᠠᠭ ᠮᠥᠴᠡ ᠳᠤ᠂ ᠰᠣᠮᠣᠨ ᠤ ᠨᠠᠮ ᠤᠨ ᠬᠤᠷᠢᠶ᠎ᠠ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶᠡᠴᠢ ᠬᠠᠮᠲᠤ ᠨᠢᠭᠡᠴᠢ ᠪᠠᠷ ᠦᠨᠡᠯᠡᠭᠳᠡᠭᠰᠡᠨ ᠳᠤ ᠮᠠᠰᠢ ᠦᠩᠬᠡ ᠬᠡᠷᠡᠯᠳᠡᠢ ᠰᠠᠨᠠᠭᠳᠠᠵᠤ ᠪᠠᠶᠢᠬᠤ ᠪᠥᠭᠡᠳ ᠬᠠᠷᠢᠭᠤᠴᠠᠯᠭ᠎ᠠ ᠬᠦᠨᠳᠦ ᠶᠡᠭᠡ ᠬᠡᠳᠡᠭ ᠢ ᠭᠦᠨ ᠣᠶᠢᠯᠠᠭᠠᠵᠤ ᠪᠠᠶᠢᠨ᠎ᠠ︔ ᠰᠤᠮᠤᠨ ᠤ ᠨᠠᠮ ᠤᠨ ᠬᠤᠷᠢᠶ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠯᠬᠦᠮᠳᠡᠨ ᠲᠡᠮᠡᠴᠡᠬᠦ ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠨᠡᠩ ᠰᠠᠶᠢᠲᠤᠷ ᠠᠬᠢᠭᠤᠯᠵᠤ᠂ ᠦᠨᠡᠨ ᠪᠣᠳᠠᠲᠠᠢ ᠠᠵᠢᠯ ᠤᠨ ᠦᠷ᠎ᠡ ᠪᠦᠲᠦᠭᠡᠯ ᠢᠶᠠᠷ ᠨᠠᠮ ‍ᠤᠨ‌ᠬᠤᠷᠢᠳᠤᠭᠠᠷ ᠶᠡᠭᠡ‌ᠬᠤᠷᠠᠯ ᠤᠨ ᠵᠣᠷᠢᠭ‌‍ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ︾ ᠭᠡᠵᠤ ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠤᠯ ᠰᠤᠮᠤᠨ ᠤ ᠨᠠᠮ ᠤᠨ ᠬᠤᠷᠢᠶᠠᠨ ᠤ ᠱᠦᠵᠢ ᠳᠠᠪᠰᠢᠯᠲᠤ  ᠶᠠᠷᠢᠯ᠎ᠠ᠃     ᠪᠣᠭᠳᠠ ᠶᠢᠨ ᠭᠤᠤᠯ ᠰᠤᠮᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠲᠠᠶᠢᠯᠠᠯᠳᠣᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠬᠤᠤᠰ ᠴᠠᠬᠠᠷ︾᠎ ᠪᠠᠷ ᠭᠤᠤᠯ ᠤᠳᠤᠷᠢᠳᠤᠮᠵᠢ ᠪᠣᠯᠭᠠᠭᠰᠠᠨ ᠳᠠᠪᠠᠭᠤᠯᠢᠭ ᠠᠵᠤ ᠦᠶᠯᠡᠰ ᠢ ᠢᠳᠡᠪᠬᠢᠲᠡᠶ ᠬᠥᠭᠵᠢᠭᠦᠯᠵᠦ᠂ ᠵᠣᠷᠯᠣᠩ ᠤᠨ ᠦᠭᠡᠷᠡᠴᠢᠯᠡᠯᠳᠡ᠂ ᠠᠮᠤᠷ ᠲᠦᠪᠰᠢᠨ ᠤᠤᠭᠤᠬᠤ ᠤᠰᠤ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠦᠶᠯᠡᠰ ᠢ ᠶᠡᠭᠡ ᠪᠠᠷ ᠠᠬᠢᠭᠤᠯᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠷ᠎ᠡ ᠠᠰᠢᠭ ᠢ ᠡᠳ᠋ᠯᠡᠭᠦᠯᠵᠦ᠂ ᠬᠠᠮᠳᠣᠪᠠᠷ ᠪᠦᠯᠭᠦᠮᠳᠡᠨ ᠣᠷᠣᠬᠰᠢᠯᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭ ᠢ ᠦᠩᠭᠡ ᠮᠢᠷᠠᠯᠵᠠᠭᠤᠯᠤᠨ  ᠳᠡᠯᠭᠡᠷᠡᠭᠦᠯᠵᠤ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号