ᠬᠥᠪᠡᠭᠡᠲᠦ ᠰᠢᠷ᠎ᠠ ᠬᠤᠰᠢᠭᠤ ︽ᠬᠤᠶᠠᠷ ᠥᠮᠡᠨ︾ ᠳᠤ ᠨᠡᠷᠪᠡᠭᠳᠡᠭᠰᠡᠳ ᠢ ᠳᠤᠰᠠᠯᠠᠵᠤ ᠳᠤᠬᠤᠨᠢᠭᠤᠯᠪᠠ
ᠨᠡᠶᠢᠲᠡᠯᠡᠭᠰᠡᠨ ᠴᠠᠭ᠄
2022/11/21
     ︽ᠬᠤᠶᠠᠷ ᠥᠮᠡᠨ︾ ᠳᠤ ᠨᠡᠷᠪᠡᠭᠳᠡᠭᠰᠡᠨ ᠲᠤᠤᠷ᠎ᠠ ᠤᠷᠤᠯᠭᠠᠳᠤ ᠡᠮᠡᠭᠲᠡᠶᠢᠴᠦᠳ ᠤᠨ ᠬᠡᠷ ᠪᠦᠯᠢ ᠶᠢᠨ ᠠᠵᠤ ᠠᠬᠤᠶ ᠶᠢᠨ ᠳᠠᠷᠤᠭᠠᠰᠤ ᠶᠢ ᠬᠥᠩᠭᠡᠷᠡᠭᠦᠯᠵᠦ ᠳᠤᠰᠠᠯᠠᠬᠤ ᠡᠭᠦᠳᠡᠡ ᠠᠴᠠ᠂ 11 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠱᠤ᠋ ᠲᠠᠢ᠂ ᠳᠡᠳ᠋ ᠬᠤᠰᠢᠭᠤ ᠳᠠᠷᠤᠭ᠎ᠠ ᠤᠷᠠᠩᠭᠤᠸ᠎ᠠ ᠵᠢᠴᠢ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠠᠷᠢᠭᠤᠴᠠᠯᠭᠠᠲᠠᠨ ᠰᠢᠨᠡᠪᠤᠯᠠᠭ ᠪᠠᠯᠭᠠᠰᠤᠨ ᠳᠤ ᠭᠦᠨᠵᠡᠭᠡᠶᠢᠷᠡᠨ ︽ᠬᠤᠶᠠᠷ ᠥᠮᠡᠨ︾ ᠳᠤ ᠨᠡᠷᠪᠡᠭᠳᠡᠭᠰᠡᠨ ᠡᠮᠡᠭᠲᠡᠶᠢᠴᠦᠳ ᠢ ᠲᠣᠬᠤᠨᠢᠭᠤᠯᠵᠤ᠂ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠳᠤᠤᠷ᠎ᠠ ᠣᠷᠣᠯᠭ᠎ᠠ ᠲᠠᠢ 5 ᠬᠦᠮᠦᠨ ᠳᠤ ᠬᠥᠮᠦᠨ ᠪᠦᠷᠢ ᠶᠢᠨ 1 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠵᠢᠴᠢ ᠲᠣᠬᠤᠨᠢᠭᠤᠯᠬᠤ ᠪᠤᠳᠠᠰ ᠬᠦᠷᠭᠡᠨ᠂ ᠡᠪᠡᠳᠴᠢᠨ ᠡᠮᠭᠡᠭ ᠢ ᠢᠯᠡᠬᠤ ᠢᠲᠡᠭᠡᠯ ᠵᠤᠷᠢᠭ ᠢ ᠨᠢ ᠭᠦᠪᠴᠢᠯᠡᠪᠡ᠃      ᠸᠠᠩ ᠱᠤ᠋ ᠲᠠᠢ ᠳᠤᠰᠠᠯᠠᠮᠵᠢ ᠬᠦᠷᠲᠡᠭᠰᠡᠨ ᠡᠮᠡᠭᠲᠡᠶᠢᠴᠦᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠭᠡᠷ ᠪᠦᠯᠢ ᠶᠢᠨ ᠪᠠᠶᠢᠳᠠᠯ᠂ ᠠᠮᠢᠳᠤᠷᠠᠯ ᠤᠨ ᠪᠠᠶᠢᠳᠠᠯ ᠪᠣᠯᠤᠨ ᠡᠪᠡᠳᠴᠢᠨ ᠢᠶᠠᠨ ᠡᠮᠨᠡᠬᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠢ ᠡᠷᠡᠰ ᠪᠠᠲᠤ ᠵᠣᠷᠢᠭ ᠰᠥᠰᠥ ᠪᠠᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠭᠠᠷᠠᠢ ᠭᠡᠵᠦ ᠵᠣᠷᠢᠭᠵᠢᠭᠤᠯᠪᠠ᠃ᠣᠶᠢᠯᠠᠭᠠᠭᠰᠠᠨ ᠢᠶᠠᠷ᠂ ︽ᠲᠤᠤᠷ᠎ᠠ ᠤᠷᠤᠯᠭᠠᠳᠤ ᠡᠮᠡᠭᠲᠡᠶᠢᠴᠦᠳ ᠢ ︿ᠬᠤᠶᠠᠷ ᠥᠮᠡᠨ﹀ ᠠᠴᠠ ᠠᠪᠤᠷᠠᠨ ᠳᠤᠰᠠᠯᠠᠬᠤ︾ ᠲᠥᠷᠥᠯ ᠵᠦᠶᠯ ᠪᠣᠯ ᠮᠠᠨ ᠤ ᠤᠯᠤᠰ ᠤᠨ ᠬᠤᠲᠠ ᠬᠥᠳᠡᠭᠡ ᠶᠢᠨ ᠲᠤᠤᠷ᠎ᠠ ᠤᠷᠤᠯᠭᠠᠳᠤ ᠡᠮᠡᠭᠲᠡᠶᠢᠴᠦᠳ ᠢ ᠬᠠᠯᠠᠮᠵᠢᠯᠠᠨ ᠬᠠᠶᠢᠷᠠᠯᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠭᠤᠤᠯᠳᠠᠭᠤ ᠬᠤᠲᠠ ᠬᠥᠳᠡᠭᠡ ᠶᠢᠨ ᠲᠤᠤᠷ᠎ᠠ ᠤᠷᠤᠯᠭᠠᠳᠤ ᠡᠮᠡᠭᠲᠡᠶᠢᠴᠦᠳ ᠢ ᠬᠠᠪᠰᠤᠷᠤᠨ᠂ ᠡᠪᠡᠳᠴᠢᠨ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠠᠴᠠ ᠰᠡᠷᠬᠡᠶᠢᠯᠡᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠭᠰᠠᠨ᠂ ᠮᠦᠨ ᠴᠤ ᠡᠮᠡᠭᠲᠡᠶᠢᠴᠦᠳ ᠤᠨ ᠬᠤᠯᠪᠤᠭᠠᠳᠥ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠡᠮᠡᠭᠲᠡᠶᠢᠴᠦᠳ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠶᠯᠡᠳᠦᠯ ᠢ ᠭᠦᠶᠴᠡᠳ  ᠪᠠᠳᠠᠷᠠᠭᠤᠯᠤᠭᠰᠠᠨ ᠪᠣᠳᠠᠲᠠᠶ ᠠᠵᠢᠯ ᠪᠣᠯᠤᠨ᠎ᠠ᠃       ᠬᠥᠪᠡᠭᠡᠲᠦ ᠰᠢᠷ᠎ᠠ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠳᠡᠭᠡᠳᠦ ᠱᠠᠲᠤᠨ ᠤ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠱᠠᠭᠠᠷᠳᠠᠯᠭ᠎ᠠ ᠶᠣᠰᠣᠭᠠᠷ᠂ ︽ᠬᠤᠶᠠᠷ ᠥᠮᠡᠨ︾ ᠳᠤ ᠨᠡᠷᠪᠡᠭᠳᠡᠭᠰᠡᠳ  ᠢ ᠠᠪᠤᠷᠠᠨ ᠳᠤᠰᠠᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠵᠢᠴᠢ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠮᠠᠭᠠᠯᠠᠬᠤ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠡᠮᠡᠭᠲᠡᠶᠢᠴᠦᠳ ᠤᠨ ︽ᠬᠤᠶᠠᠷ ᠥᠮᠡᠨ︾ ᠤ ᠪᠠᠶᠢᠴᠠᠭᠠᠯᠲᠠ ᠪᠠ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠵᠤ᠂ ︽ᠬᠤᠶᠠᠷ ᠥᠮᠡᠨ︾ ᠳᠤ ᠨᠡᠷᠪᠡᠭᠳᠡᠭᠰᠡᠳ ᠢ ᠠᠪᠤᠷᠠᠨ ᠲᠤᠰᠠᠯᠠᠬᠤ ᠲᠥᠷᠥᠯ ᠵᠦᠶᠯ ᠤᠨ ᠪᠠᠯᠠ ᠮᠥᠩᠭᠦ ᠶᠢ ᠢᠳᠡᠪᠬᠢᠲᠡᠶ ᠡᠷᠡᠮᠡᠯᠵᠡᠯᠡᠨ ᠣᠯᠵᠤ᠂ ᠡᠮᠡᠭᠲᠡᠶᠢᠴᠦᠳ ᠢ ᠴᠠᠭ ᠲᠤᠬᠠᠶ ᠳᠤᠨᠢ ᠠᠪᠤᠷᠠᠨ ᠲᠤᠰᠠᠯᠠᠬᠤ ᠶᠢ ᠪᠠᠲᠤᠯᠠᠵᠤ ᠪᠠᠶᠢᠨ᠎ᠠ᠃       ᠣᠳᠣᠬᠠᠨ ᠪᠣᠯᠲᠠᠯ᠎ᠠ᠂ ᠬᠥᠪᠡᠭᠡᠲᠦ ᠰᠢᠷ᠎ᠠ ᠬᠤᠰᠢᠭᠤᠨ ᠳᠤ 40 ᠡᠮᠡᠭᠲᠠᠢ ︽︿ᠬᠤᠶᠠᠷ ᠥᠮᠡᠨ﹀ ᠠᠴᠠ ᠠᠪᠤᠷᠠᠨ ᠳᠤᠰᠠᠯᠠᠬᠤ︾ ᠲᠦᠷᠦᠯ ᠵᠦᠢᠯ ᠤᠨ ᠠᠰᠢᠭ ᠢ ᠭᠥᠷᠳᠡᠵᠦ᠂ ᠨᠡᠶᠢᠲᠡ 40 ᠲᠦᠮᠡᠨ ᠲᠥᠭᠦᠷᠢᠭ ᠤᠨ ᠠᠪᠤᠷᠠᠨ ᠲᠤᠰᠠᠯᠠᠯᠲᠠ ᠶᠢᠨ ᠮᠥᠩᠭᠦ ᠶᠢ ᠭᠠᠷᠳᠠᠭᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号