ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ | ᠠᠷᠠᠳ ᠲᠥᠮᠡᠨ ᠢᠶᠠᠷ ᠭᠤᠣᠯ ᠪᠣᠯᠭᠠᠭᠰᠠᠨ ᠬᠦᠭᠵᠢᠯᠲᠡ ᠶᠢᠨ ᠣᠶᠢᠯᠠᠭᠠᠭᠳᠠᠬᠤᠨ ᠢ ᠬᠦᠨᠵᠡᠭᠡᠢ ᠦᠢᠯᠡᠳᠦᠯᠭᠡᠵᠢᠭᠦᠯᠵᠦ᠂ | ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠦᠯ ᠵᠦᠢᠯ ᠤᠨ ᠰᠢᠢᠳᠪᠦᠷᠢᠲᠦ ᠪᠤᠳᠣᠯᠭ᠎ᠠ ᠶᠢᠨ | ᠠᠷᠠᠳᠴᠢᠯᠠᠭᠰᠠᠨ᠂ ᠰᠢᠨᠵᠢᠯᠡᠬᠦ ᠤᠬᠠᠭᠠᠨᠴᠢ ᠬᠢᠷᠢ ᠲᠥᠪᠰᠢᠨ ᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠣᠯᠠᠨ | ᠲᠥᠮᠡᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠦᠯ ᠵᠦᠢᠯ ᠳᠤ ᠤᠷᠤᠯᠴᠠᠬᠤ ᠢᠳᠡᠪᠬᠢᠵᠢᠯ ᠢ | ᠨᠡᠮᠡᠭᠳᠡᠬᠦᠯᠦᠨ᠂ ᠣᠯᠠᠨ ᠲᠥᠮᠡᠨ ᠤ ᠬᠠᠮᠤᠭ ᠠᠴᠠ ᠰᠠᠨᠠᠭᠠᠰᠢᠷᠠᠵᠤ ᠪᠠᠶᠢᠭ᠎ᠠ᠂ ᠬᠠᠮᠤᠭ ᠤᠨ ᠪᠤᠳᠠᠳᠠᠢ ᠠᠰᠠᠭᠤᠳᠠᠯ ᠢ | ᠦᠨᠡᠨᠬᠦ ᠰᠢᠢᠳᠪᠦᠷᠢᠯᠡᠵᠦ᠂ ᠨᠡᠩ ᠰᠠᠶᠢᠨ ᠠᠰᠢᠭ ᠬᠦᠷᠳᠡᠭᠡᠬᠦ ᠶᠢᠨ ᠲᠤᠯᠠᠲᠠ᠂ ᠬᠦᠪᠡᠭᠡᠲᠦ ᠰᠢᠷ᠎ᠠ ᠬᠤᠰᠢᠭᠤᠨ ᠤ | ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠦᠯ ᠵᠦᠢᠯ ᠤᠨ ᠠᠷᠠᠳ ᠤᠨ ᠲᠥᠯᠦᠭᠡᠯᠡᠭᠴᠢ ᠪᠢᠯᠧᠲ | ᠥᠭᠴᠦ ᠰᠢᠢᠳᠪᠦᠷᠢ ᠭᠠᠷᠭᠠᠬᠤ ᠲᠥᠷᠢᠮ ᠤᠨ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠠᠴᠠ | ᠨᠡᠶᠢᠭᠡᠮ ᠨᠡᠶᠢᠲᠡ ᠳᠤ 2023 ᠣᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠦᠯ ᠵᠦᠢᠯ ᠢ ᠢᠯᠡ | ᠡᠯᠰᠡᠨ ᠴᠤᠭᠯᠠᠭᠤᠯᠬᠤ ᠪᠠᠷ ᠪᠠᠶᠢᠨ᠎ᠠ᠃ ᠬᠠᠮᠢᠶ᠎ᠠ ᠪᠦᠬᠦᠢ ᠵᠦᠢᠯᠡᠰ ᠢ ᠲᠤᠤᠷᠠᠬᠢ ᠮᠡᠲᠦ ᠵᠠᠷᠯᠠᠪᠠ᠄ | ᠨᠢᠭᠡ᠂ ᠡᠯᠰᠡᠨ ᠴᠤᠭᠯᠠᠭᠤᠯᠬᠤ ᠴᠠᠭ ᠬᠤᠭᠤᠴᠠᠭ᠎ᠠ | ᠲᠤᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 2022 ᠣᠨ ᠤ 12 ᠰᠠᠷ᠎ᠠ ᠶᠢᠨ 5 ᠤ | ᠡᠳᠦᠷ ᠤᠨ ᠦᠳᠡ ᠶᠢᠨ ᠬᠤᠶᠢᠨ᠎ᠠ ᠶᠢᠨ 17 ᠴᠠᠭ ᠬᠦᠷᠲᠡᠯ᠎ᠡ᠃ | ᠬᠤᠶᠠᠷ᠂ ᠡᠯᠰᠡᠨ ᠴᠤᠭᠯᠠᠭᠤᠯᠬᠤ ᠠᠷᠭ᠎ᠠ ᠵᠠᠮ ᠪᠠ ᠬᠦᠷᠢᠶ᠎ᠡ ᠬᠡᠪᠴᠢᠶ᠎ᠡ | ︵ᠨᠢᠭᠡ︶ ᠨᠡᠶᠢᠭᠡᠮ ᠨᠡᠶᠢᠲᠡ ᠠᠴᠠ ᠡᠯᠰᠡᠨ ᠴᠤᠭᠯᠠᠭᠤᠯᠬᠤ᠃ ᠸᠢᠴᠠᠲ᠂ ᠲᠧᠯᠸᠢᠰ ᠵᠡᠷᠭᠡ ᠣᠯᠠᠨ ᠠᠷᠭ᠎ᠠ | ᠵᠠᠮ ᠢᠶᠠᠷ ᠳᠠᠮᠵᠢᠨ᠂ ᠨᠡᠶᠢᠭᠡᠮ ᠨᠡᠶᠢᠲᠡ ᠶᠢᠨ ᠡᠯ᠎ᠡ ᠡᠳᠡᠬᠡᠳ ᠤᠨ ᠬᠢᠨ ᠤ ᠰᠠᠨᠠᠭᠠᠴᠢᠯᠠᠵᠤ ᠪᠠᠶᠢᠭ᠎ᠠ ᠲᠥᠷᠦᠯ ᠵᠦᠢᠯ ᠢ | ᠦᠷᠭᠡᠨ ᠢᠶᠠᠷ ᠡᠯᠰᠡᠨ ᠴᠤᠭᠯᠠᠭᠤᠯᠤᠨ᠎ᠠ᠃ | ︵ᠬᠤᠶᠠᠷ︶ ᠡᠯ᠎ᠡ ᠭᠠᠴᠠᠭᠠᠨ ᠤ ᠮᠠᠯᠴᠢᠳ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠪᠣᠯᠤᠨ ︽ | ᠬᠤᠶᠠᠷ ᠲᠥᠯᠦᠭᠡᠯᠡᠭᠴᠢ ᠨᠢᠭᠡ ᠭᠡᠰᠢᠬᠦᠨ︾ ᠠᠴᠠ ᠴᠤᠭᠯᠠᠭᠤᠯᠬᠤ ᠲᠥᠷᠦᠯ ᠵᠦᠢᠯ᠃ ᠡᠯ᠎ᠡ ᠭᠠᠴᠠᠭ᠎ᠠ᠂ ᠨᠡᠶᠢᠭᠡᠮ | ᠲᠤᠭᠤᠷᠢᠭ ᠨᠢ ᠰᠠᠭᠤᠳᠠᠯ ᠤᠨ ᠬᠤᠷᠠᠯ᠂ ᠪᠠᠶᠢᠴᠠᠭᠠᠨ ᠰᠤᠳᠤᠯᠤᠯᠲᠠ᠂ ᠠᠰᠠᠭᠤᠨ ᠰᠣᠷᠪᠤᠯᠵᠢᠯᠠᠬᠤ ᠵᠡᠷᠭᠡ ᠣᠯᠠᠨ | ᠵᠦᠢᠯ ᠤᠨ ᠠᠷᠭ᠎ᠠ ᠬᠡᠯᠪᠡᠷᠢ ᠪᠠᠷ ᠲᠠᠮᠵᠢᠨ᠂ ᠦᠷᠭᠡᠨ ᠣᠯᠠᠨ ᠮᠠᠯᠴᠢᠳ᠂ ᠰᠠᠭᠤᠭᠠᠯᠢ ᠠᠷᠠᠳ ᠵᠢᠴᠢ ᠡᠯ᠎ᠡ ᠲᠡᠰ ᠤᠨ | ᠨᠠᠮ ᠤᠨ ᠲᠥᠯᠦᠭᠡᠯᠡᠭᠴᠢ᠂ ᠠᠷᠠᠳ ᠤᠨ ᠲᠥᠯᠦᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠬᠡᠰᠢᠬᠦᠨ ᠤ | ᠰᠠᠨᠠᠭᠠᠴᠢᠯᠠᠵᠤ ᠪᠠᠶᠢᠭ᠎ᠠ ᠲᠥᠷᠦᠯ ᠵᠦᠢᠯ ᠢ ᠦᠷᠭᠡᠨ ᠢᠶᠠᠷ ᠡᠯᠰᠡᠨ ᠴᠤᠭᠯᠠᠭᠤᠯᠤᠨ᠎ᠠ᠃ | ᠭᠤᠷᠪᠠ᠂ ᠡᠯᠰᠡᠨ ᠴᠤᠭᠯᠠᠭᠤᠯᠬᠤ ᠭᠤᠣᠯ ᠠᠭᠤᠯᠭ᠎ᠠ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ᠶᠡᠷᠦᠩᠬᠡᠢ ᠪᠠᠶᠢᠷᠢᠯᠠᠭᠤᠯᠤᠯᠲᠠ ᠶᠤᠰᠤᠭᠠᠷ᠂ ︽ | ᠴᠢᠳᠠᠯ ᠤᠨ ᠬᠢᠷᠢ ᠪᠠᠷ ᠪᠤᠳᠠᠳᠠᠢ ᠠᠵᠢᠯ ᠬᠢᠬᠦ︾ ᠵᠠᠷᠴᠢᠮ ᠢ ᠪᠠᠷᠢᠮᠳᠠᠯᠠᠨ᠂ ᠣᠯᠠᠨ ᠲᠥᠮᠡᠨ ᠳᠤ ᠨᠡᠩ ᠰᠠᠶᠢᠨ | ᠬᠦᠷᠳᠡᠭᠡᠮᠵᠢ ᠶᠢᠨ ᠲᠥᠷᠦᠭᠳᠡᠯ ᠪᠠ ᠠᠵᠠ ᠵᠢᠷᠭᠠᠯᠲᠤ ᠲᠥᠷᠦᠭᠳᠡᠯ ᠬᠦᠷᠳᠡᠭᠡᠬᠦ ᠪᠠᠷ ᠭᠤᠣᠯᠳᠠᠯᠭ᠎ᠠ ᠪᠣᠯᠭᠠᠭᠰᠠᠨ ᠣᠯᠠᠨ | ᠲᠥᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠤᠶᠠᠯᠳᠤᠭᠰᠠᠨ ᠠᠷᠠᠳ ᠤᠨ ᠠᠮᠢᠳᠤᠷᠠᠯ ᠤᠨ ᠪᠤᠳᠠᠳᠤ | ᠶᠠᠪᠤᠳᠠᠯ ᠤᠨ ᠲᠥᠷᠦᠯ ᠵᠦᠢᠯ ᠢ ᠡᠯᠰᠡᠨ ᠴᠤᠭᠯᠠᠭᠤᠯᠤᠨ᠎ᠠ᠃ ᠭᠤᠣᠯᠳᠠᠭᠤ᠄ ᠠᠵᠢᠯ ᠣᠯᠭᠤᠯᠲᠠ ᠬᠦᠮᠦᠵᠢᠯ | ᠪᠣᠯᠪᠠᠰᠤᠷᠠᠯ᠂ ᠰᠤᠷᠭᠠᠨ ᠬᠦᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠳᠤᠯᠠᠭ᠎ᠠ᠂ ᠣᠷᠴᠢᠨ | ᠲᠤᠭᠤᠷᠢᠨ ᠤ ᠵᠠᠰᠠᠨ ᠴᠡᠭᠴᠡᠯᠡᠯᠲᠡ᠂ ᠣᠷᠤᠨ ᠰᠠᠭᠤᠴᠠ ᠶᠢᠨ ᠪᠠᠳᠤᠯᠠᠭ᠎ᠠ᠂ ᠰᠤᠶᠤᠯ ᠤᠨ ᠪᠥᠲᠦᠭᠡᠨ | ᠪᠠᠶᠢᠭᠤᠯᠤᠯᠲᠠ᠂ ᠨᠠᠰᠤᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡ᠂ ᠡᠪᠡᠳᠴᠢᠨ ᠬᠢᠵᠢᠭ ᠢ ᠰᠡᠷᠭᠡᠶᠢᠯᠡᠨ | ᠬᠤᠷᠢᠭᠯᠠᠬᠤ᠂ ᠬᠤᠲᠠ ᠶᠢᠨ ᠪᠦᠳᠦᠭᠡᠨ ᠪᠠᠶᠢᠭᠤᠯᠤᠯᠲᠠ ᠪᠠ ᠬᠠᠮᠢᠶᠠᠷᠤᠯᠲᠠ᠂ ᠶᠠᠳᠠᠭᠤ ᠶᠢ ᠲᠡᠳᠬᠦᠵᠦ ᠠᠪᠤᠷᠠᠨ | ᠲᠤᠰᠠᠯᠠᠬᠤ᠂ ᠤᠤᠭᠤᠬᠤ ᠣᠰᠤᠨ ᠤ ᠠᠮᠤᠷ ᠲᠥᠪᠰᠢᠨ᠂ ᠵᠠᠮ ᠬᠠᠷᠢᠯᠴᠠᠭ᠎ᠠ ᠵᠦᠭᠡᠭᠡᠪᠦᠷᠢ᠂ ᠴᠠᠬᠢᠯᠭᠠᠨ ᠬᠡᠷᠡᠭᠯᠡᠬᠦ | ᠪᠠᠳᠤᠯᠠᠭ᠎ᠠ᠂ ᠮᠦᠩᠭᠦᠨ ᠬᠦᠢᠯᠭᠡᠭᠡᠨ ᠤ ᠦᠢᠯᠡᠴᠢᠯᠡᠭᠡ᠂ ᠠᠵᠤ ᠦᠢᠯᠡᠰ ᠤᠨ ᠬᠦᠭᠵᠢᠯᠲᠡ ᠵᠡᠷᠭᠡ ᠲᠠᠯ᠎ᠠ ᠶᠢ | ᠪᠠᠭᠲᠠᠭᠠᠭᠰᠠᠨ ᠲᠥᠷᠦᠯ ᠵᠦᠢᠯ ᠪᠤᠯᠤᠨ᠎ᠠ᠃ | ᠲᠥᠷᠪᠡ᠂ ᠡᠯᠰᠡᠨ ᠴᠤᠭᠯᠠᠭᠤᠯᠬᠤ ᠱᠠᠭᠠᠷᠳᠠᠯᠭ᠎ᠠ | ︵ᠨᠢᠭᠡ︶ ᠲᠥᠷᠦᠯ ᠵᠦᠢᠯ ᠤᠨ ᠬᠦᠢᠴᠡᠳᠭᠡᠬᠦ ᠴᠢᠨᠠᠷ ᠴᠢᠩᠭ᠎ᠠ ᠪᠠᠶᠢᠬᠤ᠃ ᠰᠠᠨᠠᠭᠠᠴᠢᠯᠠᠬᠤ ᠲᠥᠷᠦᠯ | ᠵᠦᠢᠯ ᠳᠤ ᠲᠥᠷᠦᠯ ᠵᠦᠢᠯ ᠤᠨ ᠨᠡᠷᠡᠶᠢᠳᠦᠯ᠂ ᠲᠥᠷᠦᠯ ᠵᠦᠢᠯ ᠤᠨ ᠠᠭᠤᠯᠭ᠎ᠠ᠂ ᠬᠦᠢᠴᠡᠳᠭᠡᠬᠦ ᠭᠤᠣᠯ ᠴᠣᠭᠴᠠ᠂ ᠪᠡᠯᠡ | ᠤᠷᠤᠭᠤᠯᠤᠯᠲᠠ ᠶᠢᠨ ᠬᠡᠮᠵᠢᠶ᠎ᠡ᠂ ᠪᠡᠯᠡ ᠮᠦᠩᠭᠦᠨ ᠤ ᠢᠷᠡᠯᠲᠡ ᠵᠢᠴᠢ ᠪᠣᠰᠣᠳ ᠬᠠᠩᠭᠠᠬᠤ ᠴᠢᠬᠤᠯᠠ ᠲᠠᠢ | ᠠᠭᠤᠯᠭ᠎ᠠ ᠶᠢ ᠪᠠᠭᠲᠠᠭᠠᠨ᠎ᠠ᠃ | ︵ᠬᠤᠶᠠᠷ︶ ᠲᠥᠷᠦᠯ ᠵᠦᠢᠯ ᠤᠨ ᠲᠥᠯᠦᠭᠡᠯᠡᠬᠦ ᠴᠢᠨᠠᠷ ᠴᠢᠩᠭ᠎ᠠ ᠪᠠᠶᠢᠬᠤ᠃ ᠲᠥᠷᠦᠯ ᠵᠦᠢᠯ ᠤᠨ | ᠪᠠᠶᠢᠷᠢᠯᠠᠭᠤᠯᠤᠯᠲᠠ ᠨᠢ ᠲᠦᠯᠦᠭᠡᠯᠡᠬᠦ ᠴᠢᠨᠠᠷ ᠪᠠ ᠪᠦᠬᠦ ᠲᠠᠯᠠᠲᠤ ᠴᠢᠨᠠᠷ ᠲᠠᠢ ᠪᠠᠶᠢᠵᠤ᠂ ᠬᠠᠮᠤᠷᠬᠤ ᠬᠦᠷᠢᠶ᠎ᠡ ᠬᠡᠪᠴᠢᠶ᠎ᠡ | ᠪᠠ ᠠᠰᠢᠭ ᠬᠦᠷᠳᠡᠭᠡᠬᠦ ᠬᠦᠷᠢᠶ᠎ᠡ ᠬᠡᠪᠴᠢᠶ᠎ᠡ ᠦᠷᠭᠡᠨ ᠪᠠᠶᠢᠬᠤ ᠵᠡᠷᠭᠡ ᠣᠨᠴᠠᠯᠢᠭ ᠢ ᠪᠦᠷᠢᠯᠳᠦᠬᠦᠯᠦᠨ᠎ᠡ᠃ | ︵ᠭᠤᠷᠪᠠ︶ ᠲᠥᠷᠦᠯ ᠵᠦᠢᠯ ᠤᠨ ᠪᠣᠯᠣᠯᠴᠠᠭᠠᠲᠤ ᠴᠢᠨᠠᠷ ᠴᠢᠩᠭ᠎ᠠ ᠪᠠᠶᠢᠬᠤ᠃ ᠪᠡᠯᠡ ᠮᠦᠩᠭᠦᠨ ᠤ | ᠪᠠᠶᠢᠷᠢᠯᠠᠭᠤᠯᠤᠯᠲᠠ ᠨᠢ ᠪᠤᠯᠤᠯᠴᠠᠭᠠᠲᠤ ᠴᠢᠨᠠᠷ ᠲᠠᠢ ᠪᠠᠶᠢᠵᠤ᠂ ᠮᠠᠨ ᠤ ᠬᠤᠰᠢᠭᠤᠨ ᠤ ᠪᠤᠳᠠᠳᠤ ᠪᠠᠶᠢᠳᠠᠯ ᠢ ᠬᠦᠢᠴᠡᠳ | ᠪᠤᠳᠣᠯᠬᠢᠯᠡᠨ᠂ ᠴᠢᠳᠠᠯ ᠤᠨ ᠬᠢᠷᠢ ᠪᠠᠷ ᠡᠳ᠋ ᠤᠨ ᠬᠦᠴᠦᠨ ᠢ ᠲᠥᠪᠯᠡᠷᠡᠬᠦᠯᠦᠨ᠂ ᠠᠷᠠᠳ ᠳᠤ ᠠᠰᠢᠭ ᠬᠦᠷᠳᠡᠭᠡᠬᠦ | ᠪᠤᠳᠠᠳᠠᠢ ᠠᠵᠢᠯ ᠢ ᠬᠢᠨ᠎ᠡ᠃ | ︵ᠲᠥᠷᠪᠡ︶ ᠲᠥᠷᠦᠯ ᠵᠦᠢᠯ ᠤᠨ ᠡᠵᠡᠮᠳᠡᠵᠦ ᠲᠡᠶᠢᠯᠦᠬᠦᠶᠢᠴᠡ ᠴᠢᠨᠠᠷ ᠴᠢᠩᠭ᠎ᠠ ᠪᠠᠶᠢᠬᠤ᠃ ᠪᠦᠳᠦᠭᠡᠨ | ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠢ ᠡᠵᠡᠮᠳᠡᠵᠦ ᠲᠡᠶᠢᠯᠦᠬᠦᠶᠢᠴᠡ ᠴᠢᠨᠠᠷ ᠢ ᠪᠦᠷᠢᠯᠳᠦᠬᠦᠯᠵᠦ᠂ | ᠡᠩ ᠤᠨ ᠪᠠᠶᠢᠳᠠᠯ ᠳᠤ ᠲᠣᠬᠠᠢ ᠶᠢᠨ ᠵᠢᠯ ᠳᠡᠭᠡᠨ ᠲᠠᠭᠤᠰᠬᠠᠬᠤ ᠪᠣᠶᠣ ᠱᠠᠳᠤᠴᠢ ᠴᠢᠨᠠᠷᠲᠠᠢ ᠦᠷ᠎ᠡ ᠪᠦᠳᠦᠮᠵᠢ | ᠣᠯᠬᠤ ᠶᠢ ᠪᠠᠳᠤᠯᠠᠨ᠎ᠠ᠃ | ᠲᠠᠪᠤ᠂ ᠮᠡᠳᠡᠬᠦᠯᠬᠦ ᠱᠠᠭᠠᠷᠳᠠᠯᠭ᠎ᠠ ᠵᠢᠴᠢ ᠬᠠᠷᠢᠯᠴᠠᠬᠤ ᠠᠷᠭ᠎ᠠ ᠬᠡᠯᠪᠡᠷᠢ | ︵ᠨᠢᠭᠡ︶ ᠨᠡᠶᠢᠭᠡᠮ ᠠᠴᠠ ᠡᠯᠰᠡᠨ ᠴᠤᠭᠯᠠᠭᠤᠯᠬᠤ ᠲᠥᠷᠦᠯ ᠵᠦᠢᠯ᠃ ᠰᠠᠨᠠᠭᠠᠴᠢᠯᠠᠬᠤ ᠲᠥᠷᠦᠯ ᠵᠦᠢᠯ ᠢ ︽ | ᠬᠦᠪᠡᠭᠡᠲᠦ ᠰᠢᠷ᠎ᠠ ᠬᠤᠰᠢᠭᠤᠨ ᠤ 2023 ᠣᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠦᠯ | ᠵᠦᠢᠯ ᠢ ᠡᠯᠰᠡᠨ ᠴᠤᠭᠯᠠᠭᠤᠯᠬᠤ ᠬᠦᠰᠦᠨᠦᠭ︾ ᠤᠨ ᠱᠠᠭᠠᠷᠳᠠᠯᠭ᠎ᠠ ᠶᠤᠰᠤᠭᠠᠷ ᠲᠦᠷᠢᠮᠵᠢᠬᠦᠨ ᠲᠠᠭᠯᠠᠭᠰᠠᠨ ︵ | ᠪᠤᠳᠠᠳᠠᠢ ᠠᠭᠤᠯᠭ᠎ᠠ ᠶᠢ ᠬᠦᠰᠦᠨᠦᠭ ᠠᠴᠠ ᠦᠵᠡᠭᠡᠷᠡᠢ︶ ᠤ ᠲᠠᠷᠠᠭ᠎ᠠ᠂ ᠲᠣᠭᠲᠠᠭᠰᠠᠨ ᠰᠢᠤᠳᠠᠨ ᠬᠠᠶ᠋ᠢᠭ ᠲᠤ | ᠶᠠᠪᠤᠭᠤᠯᠤᠨ᠎ᠠ᠃ | ︵ᠬᠤᠶᠠᠷ︶ ᠡᠯ᠎ᠡ ᠭᠠᠴᠠᠭᠠᠨ ᠤ ᠮᠠᠯᠴᠢᠳ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠪᠣᠯᠤᠨ ︽ | ᠬᠤᠶᠠᠷ ᠲᠥᠯᠦᠭᠡᠯᠡᠭᠴᠢ ᠨᠢᠭᠡ ᠭᠡᠰᠢᠬᠦᠨ︾ ᠠᠴᠠ ᠡᠯᠰᠡᠨ ᠴᠤᠭᠯᠠᠭᠤᠯᠬᠤ ᠲᠥᠷᠦᠯ ᠵᠦᠢᠯ᠃ ᠡᠯ᠎ᠡ ᠭᠠᠴᠠᠭ᠎ᠠ᠂ | ᠨᠡᠶᠢᠭᠡᠮ ᠲᠤᠭᠤᠷᠢᠭ ᠨᠢ ᠰᠠᠨᠠᠭᠠᠴᠢᠯᠠᠬᠤ ᠲᠥᠷᠦᠯ ᠵᠦᠢᠯ ᠢ ᠬᠠᠷᠢᠭᠤᠴᠠᠵᠤ᠂ ᠬᠢᠨᠠᠮᠠᠭᠠᠢ ᠬᠢᠨᠠᠨ ᠬᠠᠷᠭᠤᠭᠤᠯᠵᠤ | ᠲᠤᠭᠲᠠᠭᠰᠠᠨ ᠤ ᠲᠠᠷᠠᠭ᠎ᠠ᠂ ᠡᠯ᠎ᠡ ᠰᠣᠮᠣ ᠪᠠᠯᠭᠠᠰᠤᠨ ᠳᠤ ᠪᠠᠨ ᠮᠡᠳᠡᠬᠦᠯᠦᠨ᠎ᠡ᠃ ᠡᠯ᠎ᠡ ᠰᠣᠮᠣ ᠪᠠᠯᠭᠠᠰᠤ ᠨᠠᠷᠢᠨ | ᠬᠠᠷᠭᠤᠭᠤᠯᠵᠤ᠂ ᠨᠢᠮᠪᠠᠢ ᠰᠣᠳᠣᠯᠣᠭᠰᠠᠨ ᠤ ᠲᠠᠷᠠᠭ᠎ᠠ᠂ ᠠᠯᠪᠠᠨ ᠪᠢᠴᠢᠭ ᠤᠨ ᠬᠡᠯᠪᠡᠷᠢ ᠪᠠᠷ ︵︽ᠬᠦᠪᠡᠭᠡᠲᠦ ᠰᠢᠷ᠎ᠠ | ᠬᠤᠰᠢᠭᠤᠨ ᠤ 2023 ᠣᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠦᠯ ᠵᠦᠢᠯ ᠢ ᠡᠯᠰᠡᠨ | ᠴᠤᠭᠯᠠᠭᠤᠯᠬᠤ ᠬᠦᠰᠦᠨᠦᠭ︾ ᠢ ᠳᠠᠭᠠᠯᠳᠤᠭᠤᠯᠬᠤ ᠬᠡᠷᠡᠭᠳᠡᠢ︶ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ | 224 ᠲᠠᠰᠤᠭ ᠲᠤ ᠬᠦᠷᠭᠡᠨ᠎ᠡ᠃ | ᠳᠠᠭᠠᠯᠳᠤᠭᠤᠯᠤᠯ᠄ ᠬᠦᠪᠡᠭᠡᠲᠦ ᠰᠢᠷ᠎ᠠ ᠬᠤᠰᠢᠭᠤᠨ ᠤ 2023 ᠣᠨ ᠤ ᠠᠷᠠᠳ ᠤᠨ ᠠᠮᠢᠳᠤᠷᠠᠯ ᠤᠨ ᠪᠤᠳᠠᠳᠤ | ᠶᠠᠪᠤᠳᠠᠯ ᠤᠨ ᠲᠥᠷᠦᠯ ᠵᠦᠢᠯ ᠢ ᠡᠯᠰᠡᠨ ᠴᠤᠭᠯᠠᠭᠤᠯᠬᠤ ᠬᠦᠰᠦᠨᠦᠭ | | | | | ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ | 2022 ᠣᠨ ᠤ 11 ᠰᠠᠷ᠎ᠠ | | | |