ᠬᠦᠪᠡᠭᠡᠲᠦ ᠰᠢᠷ᠎ᠠ ᠬᠤᠰᠢᠭᠤᠨ ᠤ 2023 ᠣᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠦᠯ ᠵᠦᠢᠯ ᠢ ᠡᠯᠰᠡᠨ ᠴᠤᠭᠯᠠᠭᠤᠯᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2022/11/22
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠠᠷᠠᠳ ᠲᠥᠮᠡᠨ ᠢᠶᠠᠷ ᠭᠤᠣᠯ ᠪᠣᠯᠭᠠᠭᠰᠠᠨ ᠬᠦᠭᠵᠢᠯᠲᠡ ᠶᠢᠨ ᠣᠶᠢᠯᠠᠭᠠᠭᠳᠠᠬᠤᠨ ᠢ ᠬᠦᠨᠵᠡᠭᠡᠢ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠦᠯ ᠵᠦᠢᠯ ᠤᠨ ᠰᠢᠢᠳᠪᠦᠷᠢᠲᠦ ᠪᠤᠳᠣᠯᠭ᠎ᠠ ᠶᠢᠨ ᠠᠷᠠᠳᠴᠢᠯᠠᠭᠰᠠᠨ᠂ ᠰᠢᠨᠵᠢᠯᠡᠬᠦ ᠤᠬᠠᠭᠠᠨᠴᠢ ᠬᠢᠷᠢ ᠲᠥᠪᠰᠢᠨ ᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠣᠯᠠᠨ ᠲᠥᠮᠡᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠦᠯ ᠵᠦᠢᠯ ᠳᠤ ᠤᠷᠤᠯᠴᠠᠬᠤ ᠢᠳᠡᠪᠬᠢᠵᠢᠯ ᠢ ᠨᠡᠮᠡᠭᠳᠡᠬᠦᠯᠦᠨ᠂ ᠣᠯᠠᠨ ᠲᠥᠮᠡᠨ ᠤ ᠬᠠᠮᠤᠭ ᠠᠴᠠ ᠰᠠᠨᠠᠭᠠᠰᠢᠷᠠᠵᠤ ᠪᠠᠶᠢᠭ᠎ᠠ᠂ ᠬᠠᠮᠤᠭ ᠤᠨ ᠪᠤᠳᠠᠳᠠᠢ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠨᠡᠩ ᠰᠠᠶᠢᠨ ᠠᠰᠢᠭ ᠬᠦᠷᠳᠡᠭᠡᠬᠦ ᠶᠢᠨ ᠲᠤᠯᠠᠲᠠ᠂ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠦᠯ ᠵᠦᠢᠯ ᠤᠨ ᠠᠷᠠᠳ ᠤᠨ ᠲᠥᠯᠦᠭᠡᠯᠡᠭᠴᠢ ᠪᠢᠯᠧᠲ ᠥᠭᠴᠦ ᠰᠢᠢᠳᠪᠦᠷᠢ ᠭᠠᠷᠭᠠᠬᠤ ᠲᠥᠷᠢᠮ ᠤᠨ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠠᠴᠠ ᠨᠡᠶᠢᠭᠡᠮ ᠨᠡᠶᠢᠲᠡ ᠳᠤ 2023 ᠣᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠦᠯ ᠵᠦᠢᠯ ᠢ ᠢᠯᠡ ᠡᠯᠰᠡᠨ ᠴᠤᠭᠯᠠᠭᠤᠯᠬᠤ ᠪᠠᠷ ᠪᠠᠶᠢᠨ᠎ᠠ᠃ ᠬᠠᠮᠢᠶ᠎ᠠ ᠪᠦᠬᠦᠢ ᠵᠦᠢᠯᠡᠰ ᠢ ᠲᠤᠤᠷᠠᠬᠢ ᠮᠡᠲᠦ ᠵᠠᠷᠯᠠᠪᠠ᠄       ᠨᠢᠭᠡ᠂ ᠡᠯᠰᠡᠨ ᠴᠤᠭᠯᠠᠭᠤᠯᠬᠤ ᠴᠠᠭ ᠬᠤᠭᠤᠴᠠᠭ᠎ᠠ       ᠲᠤᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 2022 ᠣᠨ ᠤ 12 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ ᠶᠢᠨ 17 ᠴᠠᠭ ᠬᠦᠷᠲᠡᠯ᠎ᠡ᠃       ᠬᠤᠶᠠᠷ᠂ ᠡᠯᠰᠡᠨ ᠴᠤᠭᠯᠠᠭᠤᠯᠬᠤ ᠠᠷᠭ᠎ᠠ ᠵᠠᠮ ᠪᠠ ᠬᠦᠷᠢᠶ᠎ᠡ ᠬᠡᠪᠴᠢᠶ᠎ᠡ       ︵ᠨᠢᠭᠡ︶ ᠨᠡᠶᠢᠭᠡᠮ ᠨᠡᠶᠢᠲᠡ ᠠᠴᠠ ᠡᠯᠰᠡᠨ ᠴᠤᠭᠯᠠᠭᠤᠯᠬᠤ᠃ ᠸᠢᠴᠠᠲ᠂ ᠲᠧᠯᠸᠢᠰ ᠵᠡᠷᠭᠡ ᠣᠯᠠᠨ ᠠᠷᠭ᠎ᠠ ᠵᠠᠮ ᠢᠶᠠᠷ ᠳᠠᠮᠵᠢᠨ᠂ ᠨᠡᠶᠢᠭᠡᠮ ᠨᠡᠶᠢᠲᠡ ᠶᠢᠨ ᠡᠯ᠎ᠡ ᠡᠳᠡᠬᠡᠳ ᠤᠨ ᠬᠢᠨ ᠤ ᠰᠠᠨᠠᠭᠠᠴᠢᠯᠠᠵᠤ ᠪᠠᠶᠢᠭ᠎ᠠ ᠲᠥᠷᠦᠯ ᠵᠦᠢᠯ ᠢ ᠦᠷᠭᠡᠨ ᠢᠶᠠᠷ ᠡᠯᠰᠡᠨ ᠴᠤᠭᠯᠠᠭᠤᠯᠤᠨ᠎ᠠ᠃       ︵ᠬᠤᠶᠠᠷ︶ ᠡᠯ᠎ᠡ ᠭᠠᠴᠠᠭᠠᠨ ᠤ ᠮᠠᠯᠴᠢᠳ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠪᠣᠯᠤᠨ ︽ᠬᠤᠶᠠᠷ ᠲᠥᠯᠦᠭᠡᠯᠡᠭᠴᠢ ᠨᠢᠭᠡ ᠭᠡᠰᠢᠬᠦᠨ︾ ᠠᠴᠠ ᠴᠤᠭᠯᠠᠭᠤᠯᠬᠤ ᠲᠥᠷᠦᠯ ᠵᠦᠢᠯ᠃ ᠡᠯ᠎ᠡ ᠭᠠᠴᠠᠭ᠎ᠠ᠂ ᠨᠡᠶᠢᠭᠡᠮ ᠲᠤᠭᠤᠷᠢᠭ ᠨᠢ ᠰᠠᠭᠤᠳᠠᠯ ᠤᠨ ᠬᠤᠷᠠᠯ᠂ ᠪᠠᠶᠢᠴᠠᠭᠠᠨ ᠰᠤᠳᠤᠯᠤᠯᠲᠠ᠂ ᠠᠰᠠᠭᠤᠨ ᠰᠣᠷᠪᠤᠯᠵᠢᠯᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠲᠠᠮᠵᠢᠨ᠂ ᠦᠷᠭᠡᠨ ᠣᠯᠠᠨ ᠮᠠᠯᠴᠢᠳ᠂ ᠰᠠᠭᠤᠭᠠᠯᠢ ᠠᠷᠠᠳ ᠵᠢᠴᠢ ᠡᠯ᠎ᠡ ᠲᠡᠰ ᠤᠨ ᠨᠠᠮ ᠤᠨ ᠲᠥᠯᠦᠭᠡᠯᠡᠭᠴᠢ᠂ ᠠᠷᠠᠳ ᠤᠨ ᠲᠥᠯᠦᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠬᠡᠰᠢᠬᠦᠨ ᠤ ᠰᠠᠨᠠᠭᠠᠴᠢᠯᠠᠵᠤ ᠪᠠᠶᠢᠭ᠎ᠠ ᠲᠥᠷᠦᠯ ᠵᠦᠢᠯ ᠢ ᠦᠷᠭᠡᠨ ᠢᠶᠠᠷ ᠡᠯᠰᠡᠨ ᠴᠤᠭᠯᠠᠭᠤᠯᠤᠨ᠎ᠠ᠃        ᠭᠤᠷᠪᠠ᠂ ᠡᠯᠰᠡᠨ ᠴᠤᠭᠯᠠᠭᠤᠯᠬᠤ ᠭᠤᠣᠯ ᠠᠭᠤᠯᠭ᠎ᠠ       ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ᠶᠡᠷᠦᠩᠬᠡᠢ ᠪᠠᠶᠢᠷᠢᠯᠠᠭᠤᠯᠤᠯᠲᠠ ᠶᠤᠰᠤᠭᠠᠷ᠂ ︽ᠴᠢᠳᠠᠯ ᠤᠨ ᠬᠢᠷᠢ ᠪᠠᠷ ᠪᠤᠳᠠᠳᠠᠢ ᠠᠵᠢᠯ ᠬᠢᠬᠦ︾ ᠵᠠᠷᠴᠢᠮ ᠢ ᠪᠠᠷᠢᠮᠳᠠᠯᠠᠨ᠂ ᠣᠯᠠᠨ ᠲᠥᠮᠡᠨ ᠳᠤ ᠨᠡᠩ ᠰᠠᠶᠢᠨ ᠬᠦᠷᠳᠡᠭᠡᠮᠵᠢ ᠶᠢᠨ ᠲᠥᠷᠦᠭᠳᠡᠯ ᠪᠠ ᠠᠵᠠ ᠵᠢᠷᠭᠠᠯᠲᠤ ᠲᠥᠷᠦᠭᠳᠡᠯ ᠬᠦᠷᠳᠡᠭᠡᠬᠦ ᠪᠠᠷ ᠭᠤᠣᠯᠳᠠᠯᠭ᠎ᠠ ᠪᠣᠯᠭᠠᠭᠰᠠᠨ ᠣᠯᠠᠨ ᠲᠥᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠤᠶᠠᠯᠳᠤᠭᠰᠠᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠦᠯ ᠵᠦᠢᠯ ᠢ ᠡᠯᠰᠡᠨ ᠴᠤᠭᠯᠠᠭᠤᠯᠤᠨ᠎ᠠ᠃ ᠭᠤᠣᠯᠳᠠᠭᠤ᠄ ᠠᠵᠢᠯ ᠣᠯᠭᠤᠯᠲᠠ ᠬᠦᠮᠦᠵᠢᠯ ᠪᠣᠯᠪᠠᠰᠤᠷᠠᠯ᠂ ᠰᠤᠷᠭᠠᠨ ᠬᠦᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠳᠤᠯᠠᠭ᠎ᠠ᠂ ᠣᠷᠴᠢᠨ ᠲᠤᠭᠤᠷᠢᠨ ᠤ  ᠵᠠᠰᠠᠨ ᠴᠡᠭᠴᠡᠯᠡᠯᠲᠡ᠂ ᠣᠷᠤᠨ ᠰᠠᠭᠤᠴᠠ ᠶᠢᠨ ᠪᠠᠳᠤᠯᠠᠭ᠎ᠠ᠂ ᠰᠤᠶᠤᠯ ᠤᠨ ᠪᠥᠲᠦᠭᠡᠨ ᠪᠠᠶᠢᠭᠤᠯᠤᠯᠲᠠ᠂ ᠨᠠᠰᠤᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡ᠂ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ᠂ ᠬᠤᠲᠠ ᠶᠢᠨ ᠪᠦᠳᠦᠭᠡᠨ ᠪᠠᠶᠢᠭᠤᠯᠤᠯᠲᠠ ᠪᠠ ᠬᠠᠮᠢᠶᠠᠷᠤᠯᠲᠠ᠂ ᠶᠠᠳᠠᠭᠤ ᠶᠢ ᠲᠡᠳᠬᠦᠵᠦ ᠠᠪᠤᠷᠠᠨ ᠲᠤᠰᠠᠯᠠᠬᠤ᠂ ᠤᠤᠭᠤᠬᠤ ᠣᠰᠤᠨ ᠤ ᠠᠮᠤᠷ ᠲᠥᠪᠰᠢᠨ᠂ ᠵᠠᠮ ᠬᠠᠷᠢᠯᠴᠠᠭ᠎ᠠ ᠵᠦᠭᠡᠭᠡᠪᠦᠷᠢ᠂ ᠴᠠᠬᠢᠯᠭᠠᠨ ᠬᠡᠷᠡᠭᠯᠡᠬᠦ ᠪᠠᠳᠤᠯᠠᠭ᠎ᠠ᠂ ᠮᠦᠩᠭᠦᠨ ᠬᠦᠢᠯᠭᠡᠭᠡᠨ ᠤ ᠦᠢᠯᠡᠴᠢᠯᠡᠭᠡ᠂ ᠠᠵᠤ ᠦᠢᠯᠡᠰ ᠤᠨ ᠬᠦᠭᠵᠢᠯᠲᠡ ᠵᠡᠷᠭᠡ ᠲᠠᠯ᠎ᠠ ᠶᠢ ᠪᠠᠭᠲᠠᠭᠠᠭᠰᠠᠨ ᠲᠥᠷᠦᠯ ᠵᠦᠢᠯ ᠪᠤᠯᠤᠨ᠎ᠠ᠃       ᠲᠥᠷᠪᠡ᠂  ᠡᠯᠰᠡᠨ ᠴᠤᠭᠯᠠᠭᠤᠯᠬᠤ ᠱᠠᠭᠠᠷᠳᠠᠯᠭ᠎ᠠ      ︵ᠨᠢᠭᠡ︶ ᠲᠥᠷᠦᠯ ᠵᠦᠢᠯ ᠤᠨ ᠬᠦᠢᠴᠡᠳᠭᠡᠬᠦ ᠴᠢᠨᠠᠷ ᠴᠢᠩᠭ᠎ᠠ ᠪᠠᠶᠢᠬᠤ᠃ ᠰᠠᠨᠠᠭᠠᠴᠢᠯᠠᠬᠤ ᠲᠥᠷᠦᠯ ᠵᠦᠢᠯ ᠳᠤ ᠲᠥᠷᠦᠯ ᠵᠦᠢᠯ ᠤᠨ ᠨᠡᠷᠡᠶᠢᠳᠦᠯ᠂ ᠲᠥᠷᠦᠯ ᠵᠦᠢᠯ ᠤᠨ ᠠᠭᠤᠯᠭ᠎ᠠ᠂ ᠬᠦᠢᠴᠡᠳᠭᠡᠬᠦ ᠭᠤᠣᠯ ᠴᠣᠭᠴᠠ᠂ ᠪᠡᠯᠡ ᠤᠷᠤᠭᠤᠯᠤᠯᠲᠠ ᠶᠢᠨ ᠬᠡᠮᠵᠢᠶ᠎ᠡ᠂ ᠪᠡᠯᠡ ᠮᠦᠩᠭᠦᠨ ᠤ ᠢᠷᠡᠯᠲᠡ ᠵᠢᠴᠢ ᠪᠣᠰᠣᠳ ᠬᠠᠩᠭᠠᠬᠤ ᠴᠢᠬᠤᠯᠠ ᠲᠠᠢ ᠠᠭᠤᠯᠭ᠎ᠠ ᠶᠢ ᠪᠠᠭᠲᠠᠭᠠᠨ᠎ᠠ᠃      ︵ᠬᠤᠶᠠᠷ︶ ᠲᠥᠷᠦᠯ ᠵᠦᠢᠯ ᠤᠨ ᠲᠥᠯᠦᠭᠡᠯᠡᠬᠦ ᠴᠢᠨᠠᠷ ᠴᠢᠩᠭ᠎ᠠ ᠪᠠᠶᠢᠬᠤ᠃ ᠲᠥᠷᠦᠯ ᠵᠦᠢᠯ ᠤᠨ ᠪᠠᠶᠢᠷᠢᠯᠠᠭᠤᠯᠤᠯᠲᠠ ᠨᠢ ᠲᠦᠯᠦᠭᠡᠯᠡᠬᠦ ᠴᠢᠨᠠᠷ ᠪᠠ ᠪᠦᠬᠦ ᠲᠠᠯᠠᠲᠤ ᠴᠢᠨᠠᠷ ᠲᠠᠢ ᠪᠠᠶᠢᠵᠤ᠂ ᠬᠠᠮᠤᠷᠬᠤ ᠬᠦᠷᠢᠶ᠎ᠡ ᠬᠡᠪᠴᠢᠶ᠎ᠡ ᠪᠠ ᠠᠰᠢᠭ ᠬᠦᠷᠳᠡᠭᠡᠬᠦ ᠬᠦᠷᠢᠶ᠎ᠡ ᠬᠡᠪᠴᠢᠶ᠎ᠡ ᠦᠷᠭᠡᠨ ᠪᠠᠶᠢᠬᠤ ᠵᠡᠷᠭᠡ ᠣᠨᠴᠠᠯᠢᠭ ᠢ ᠪᠦᠷᠢᠯᠳᠦᠬᠦᠯᠦᠨ᠎ᠡ᠃      ︵ᠭᠤᠷᠪᠠ︶ ᠲᠥᠷᠦᠯ ᠵᠦᠢᠯ ᠤᠨ ᠪᠣᠯᠣᠯᠴᠠᠭᠠᠲᠤ ᠴᠢᠨᠠᠷ ᠴᠢᠩᠭ᠎ᠠ ᠪᠠᠶᠢᠬᠤ᠃ ᠪᠡᠯᠡ ᠮᠦᠩᠭᠦᠨ ᠤ ᠪᠠᠶᠢᠷᠢᠯᠠᠭᠤᠯᠤᠯᠲᠠ ᠨᠢ ᠪᠤᠯᠤᠯᠴᠠᠭᠠᠲᠤ ᠴᠢᠨᠠᠷ ᠲᠠᠢ ᠪᠠᠶᠢᠵᠤ᠂ ᠮᠠᠨ ᠤ ᠬᠤᠰᠢᠭᠤᠨ ᠤ ᠪᠤᠳᠠᠳᠤ ᠪᠠᠶᠢᠳᠠᠯ ᠢ ᠬᠦᠢᠴᠡᠳ ᠪᠤᠳᠣᠯᠬᠢᠯᠡᠨ᠂ ᠴᠢᠳᠠᠯ ᠤᠨ ᠬᠢᠷᠢ ᠪᠠᠷ ᠡᠳ᠋ ᠤᠨ ᠬᠦᠴᠦᠨ ᠢ ᠲᠥᠪᠯᠡᠷᠡᠬᠦᠯᠦᠨ᠂ ᠠᠷᠠᠳ ᠳᠤ ᠠᠰᠢᠭ ᠬᠦᠷᠳᠡᠭᠡᠬᠦ ᠪᠤᠳᠠᠳᠠᠢ ᠠᠵᠢᠯ ᠢ ᠬᠢᠨ᠎ᠡ᠃      ︵ᠲᠥᠷᠪᠡ︶ ᠲᠥᠷᠦᠯ ᠵᠦᠢᠯ ᠤᠨ ᠡᠵᠡᠮᠳᠡᠵᠦ ᠲᠡᠶᠢᠯᠦᠬᠦᠶᠢᠴᠡ ᠴᠢᠨᠠᠷ ᠴᠢᠩᠭ᠎ᠠ ᠪᠠᠶᠢᠬᠤ᠃ ᠪᠦᠳᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠢ ᠡᠵᠡᠮᠳᠡᠵᠦ ᠲᠡᠶᠢᠯᠦᠬᠦᠶᠢᠴᠡ ᠴᠢᠨᠠᠷ ᠢ ᠪᠦᠷᠢᠯᠳᠦᠬᠦᠯᠵᠦ᠂ ᠡᠩ ᠤᠨ ᠪᠠᠶᠢᠳᠠᠯ ᠳᠤ ᠲᠣᠬᠠᠢ ᠶᠢᠨ ᠵᠢᠯ ᠳᠡᠭᠡᠨ ᠲᠠᠭᠤᠰᠬᠠᠬᠤ ᠪᠣᠶᠣ ᠱᠠᠳᠤᠴᠢ ᠴᠢᠨᠠᠷᠲᠠᠢ ᠦᠷ᠎ᠡ ᠪᠦᠳᠦᠮᠵᠢ ᠣᠯᠬᠤ ᠶᠢ ᠪᠠᠳᠤᠯᠠᠨ᠎ᠠ᠃      ᠲᠠᠪᠤ᠂ ᠮᠡᠳᠡᠬᠦᠯᠬᠦ ᠱᠠᠭᠠᠷᠳᠠᠯᠭ᠎ᠠ ᠵᠢᠴᠢ ᠬᠠᠷᠢᠯᠴᠠᠬᠤ ᠠᠷᠭ᠎ᠠ ᠬᠡᠯᠪᠡᠷᠢ      ︵ᠨᠢᠭᠡ︶ ᠨᠡᠶᠢᠭᠡᠮ ᠠᠴᠠ ᠡᠯᠰᠡᠨ ᠴᠤᠭᠯᠠᠭᠤᠯᠬᠤ ᠲᠥᠷᠦᠯ ᠵᠦᠢᠯ᠃ ᠰᠠᠨᠠᠭᠠᠴᠢᠯᠠᠬᠤ ᠲᠥᠷᠦᠯ ᠵᠦᠢᠯ ᠢ ︽ᠬᠦᠪᠡᠭᠡᠲᠦ ᠰᠢᠷ᠎ᠠ ᠬᠤᠰᠢᠭᠤᠨ ᠤ 2023 ᠣᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠦᠯ ᠵᠦᠢᠯ ᠢ ᠡᠯᠰᠡᠨ ᠴᠤᠭᠯᠠᠭᠤᠯᠬᠤ ᠬᠦᠰᠦᠨᠦᠭ︾ ᠤᠨ ᠱᠠᠭᠠᠷᠳᠠᠯᠭ᠎ᠠ ᠶᠤᠰᠤᠭᠠᠷ ᠲᠦᠷᠢᠮᠵᠢᠬᠦᠨ ᠲᠠᠭᠯᠠᠭᠰᠠᠨ ︵ᠪᠤᠳᠠᠳᠠᠢ ᠠᠭᠤᠯᠭ᠎ᠠ ᠶᠢ ᠬᠦᠰᠦᠨᠦᠭ ᠠᠴᠠ ᠦᠵᠡᠭᠡᠷᠡᠢ︶ ᠤ ᠲᠠᠷᠠᠭ᠎ᠠ᠂ ᠲᠣᠭᠲᠠᠭᠰᠠᠨ ᠰᠢᠤᠳᠠᠨ ᠬᠠᠶ᠋ᠢᠭ ᠲᠤ ᠶᠠᠪᠤᠭᠤᠯᠤᠨ᠎ᠠ᠃      ︵ᠬᠤᠶᠠᠷ︶ ᠡᠯ᠎ᠡ ᠭᠠᠴᠠᠭᠠᠨ ᠤ ᠮᠠᠯᠴᠢᠳ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠪᠣᠯᠤᠨ ︽ᠬᠤᠶᠠᠷ ᠲᠥᠯᠦᠭᠡᠯᠡᠭᠴᠢ ᠨᠢᠭᠡ ᠭᠡᠰᠢᠬᠦᠨ︾ ᠠᠴᠠ ᠡᠯᠰᠡᠨ ᠴᠤᠭᠯᠠᠭᠤᠯᠬᠤ ᠲᠥᠷᠦᠯ ᠵᠦᠢᠯ᠃ ᠡᠯ᠎ᠡ ᠭᠠᠴᠠᠭ᠎ᠠ᠂ ᠨᠡᠶᠢᠭᠡᠮ ᠲᠤᠭᠤᠷᠢᠭ ᠨᠢ ᠰᠠᠨᠠᠭᠠᠴᠢᠯᠠᠬᠤ ᠲᠥᠷᠦᠯ ᠵᠦᠢᠯ ᠢ ᠬᠠᠷᠢᠭᠤᠴᠠᠵᠤ᠂ ᠬᠢᠨᠠᠮᠠᠭᠠᠢ ᠬᠢᠨᠠᠨ ᠬᠠᠷᠭᠤᠭᠤᠯᠵᠤ ᠲᠤᠭᠲᠠᠭᠰᠠᠨ ᠤ ᠲᠠᠷᠠᠭ᠎ᠠ᠂ ᠡᠯ᠎ᠡ ᠰᠣᠮᠣ ᠪᠠᠯᠭᠠᠰᠤᠨ ᠳᠤ ᠪᠠᠨ ᠮᠡᠳᠡᠬᠦᠯᠦᠨ᠎ᠡ᠃ ᠡᠯ᠎ᠡ ᠰᠣᠮᠣ ᠪᠠᠯᠭᠠᠰᠤ ᠨᠠᠷᠢᠨ ᠬᠠᠷᠭᠤᠭᠤᠯᠵᠤ᠂ ᠨᠢᠮᠪᠠᠢ ᠰᠣᠳᠣᠯᠣᠭᠰᠠᠨ ᠤ ᠲᠠᠷᠠᠭ᠎ᠠ᠂ ᠠᠯᠪᠠᠨ ᠪᠢᠴᠢᠭ ᠤᠨ ᠬᠡᠯᠪᠡᠷᠢ ᠪᠠᠷ ︵︽ᠬᠦᠪᠡᠭᠡᠲᠦ ᠰᠢᠷ᠎ᠠ ᠬᠤᠰᠢᠭᠤᠨ ᠤ 2023 ᠣᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠦᠯ ᠵᠦᠢᠯ ᠢ ᠡᠯᠰᠡᠨ ᠴᠤᠭᠯᠠᠭᠤᠯᠬᠤ ᠬᠦᠰᠦᠨᠦᠭ︾  ᠢ ᠳᠠᠭᠠᠯᠳᠤᠭᠤᠯᠬᠤ ᠬᠡᠷᠡᠭᠳᠡᠢ︶ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ 224 ᠲᠠᠰᠤᠭ ᠲᠤ ᠬᠦᠷᠭᠡᠨ᠎ᠡ᠃       ᠳᠠᠭᠠᠯᠳᠤᠭᠤᠯᠤᠯ᠄ ᠬᠦᠪᠡᠭᠡᠲᠦ ᠰᠢᠷ᠎ᠠ ᠬᠤᠰᠢᠭᠤᠨ ᠤ 2023 ᠣᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠥᠷᠦᠯ ᠵᠦᠢᠯ ᠢ ᠡᠯᠰᠡᠨ ᠴᠤᠭᠯᠠᠭᠤᠯᠬᠤ ᠬᠦᠰᠦᠨᠦᠭ                                                                                                 ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ                              2022 ᠣᠨ ᠤ 11 ᠰᠠᠷ᠎ᠠ
微信图片_20221117105645.jpg
 
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号