ᠤᠯᠠᠭᠠᠨᠮᠥ᠋ᠴᠢᠷ ︽ᠪᠠᠶᠠᠷ ᠪᠠᠭ᠋ᠠᠲᠤᠯ ᠰᠤᠶᠤᠯ ᠪᠤᠯᠪᠠᠰᠤᠨ ᠢ ᠬᠦᠷᠭᠡᠬᠦ︾ ᠦᠨᠳᠦᠰᠦᠨ ᠱᠠᠲᠤᠨ ᠳᠤ ᠲᠥᠪᠯᠡᠷᠡᠭᠦᠯᠦᠨ ᠦᠢᠯᠡᠴᠢᠯᠡᠬᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2022/11/24
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠲᠣᠣᠱᠯᠠᠭᠤᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢᠨ ᠲᠦᠯᠥᠭᠡ᠂ 11 ᠳ᠋ᠥ᠋ᠭᠡᠷ ᠰᠠᠷ᠎ᠠ ᠶᠢᠨ 22 ᠤ ᠡᠳᠦᠷ᠂ ᠬᠤᠰᠢᠭᠤ ᠤᠯᠠᠭᠠᠨᠮᠥ᠋ᠴᠢᠷ ︽ᠳᠤᠯᠠᠭᠠᠨ︾ ᠨᠠᠰᠤᠲᠠᠶᠢᠴᠤᠳ ᠤᠨ ᠬᠦᠷᠢᠶᠡᠯᠡᠩ ᠳᠤ ᠬᠦᠷᠴᠦ ︽ᠪᠠᠶᠠᠷ ᠪᠠᠭ᠋ᠠᠲᠤᠯ᠂ ᠰᠤᠶᠤᠯ ᠪᠤᠯᠪᠠᠰᠤᠨ ᠢ ᠬᠦᠷᠭᠡᠬᠦ︾ ᠦᠨᠳᠦᠰᠦᠨ ᠱᠠᠲᠤᠨ ᠳᠤ ᠲᠥᠪᠯᠡᠷᠡᠭᠦᠯᠦᠨ ᠦᠢᠯᠡᠴᠢᠯᠡᠬᠦ ᠠᠵᠢᠯᠯᠠᠭ᠎ᠠ ᠦᠷᠨᠢᠭᠦᠯᠵᠡᠢ᠃     ᠠᠵᠢᠯᠯᠠᠭ᠎ᠠ ᠳᠡᠭᠡᠷ᠎ᠡ᠂ ᠤᠯᠠᠭᠠᠨᠮᠥ᠋ᠴᠢᠷ ᠤᠨ ᠲᠣᠭᠯᠠᠭᠴᠢᠳ ᠨᠠᠰᠤᠲᠠᠶᠢᠴᠤᠳ ᠲᠤ ︽ᠨᠠᠮ ᠳᠠᠭᠠᠨ  ᠵᠤᠷᠢᠭᠤᠯᠬᠤ ᠳᠠᠭᠤᠤ︾᠂ ︽ᠡᠵᠢ ᠶᠢᠨ ᠲᠤᠬᠠᠢ ᠳᠠᠭᠤᠤ︾ ᠵᠡᠷᠭᠡ ᠰᠢᠯᠢᠳᠡᠭ ᠲᠣᠭᠯᠠᠯᠲᠠ ᠶᠢ ᠬᠦᠷᠭᠡᠵᠥ᠂  ᠨᠠᠰᠤᠲᠠᠶᠢᠴᠤᠳ ᠤᠨ ᠠᠮᠢᠳᠤᠷᠠᠯ ᠳᠤ ᠬᠥᠷ ᠬᠦᠭᠵᠢᠶᠡᠨ ᠪᠡᠯᠭᠡᠯᠡᠭᠰᠡᠨ ᠢᠶᠠᠷ ᠪᠠᠷᠠᠬᠤ ᠦᠭᠡᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠩ ᠭᠦᠨᠵᠡᠭᠡᠶ ᠤᠬᠠᠭᠤᠯᠤᠨ ᠤᠶᠢᠯᠠᠭᠠᠭᠤᠯᠵᠠᠢ᠃ ︽ᠦᠨᠦᠳᠦᠷ ᠬᠤᠰᠢᠭᠤ ᠤᠯᠠᠭᠠᠨᠮᠦ᠋ᠴᠢᠷ ᠪᠢᠳᠡᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠬᠤ ᠭᠤᠴᠤ ᠰᠠᠶᠢᠬᠠᠨ ᠲᠤᠭᠯᠠᠯᠲᠠ ᠭᠠᠷᠭᠠᠨ ᠰᠤᠨᠢᠷᠬᠠᠭᠤᠯᠵᠠᠢ︔ ᠤᠯᠠᠭᠠᠨᠮᠦ᠋ᠴᠢᠷ ᠨᠢ ᠦᠷᠬᠦᠯᠵᠢ ᠠᠳᠡ ᠢᠷᠡᠵᠤ ᠲᠤᠭᠯᠠᠯᠲᠠ ᠭᠠᠷᠭᠠᠨ ᠪᠢᠳᠡᠨ ᠳᠤ ᠪᠠᠶᠠᠷ ᠪᠠᠶᠠᠰᠤᠯ ᠬᠦᠷᠭᠡᠳᠡᠭ︾ ᠭᠡᠵᠤ ︽ᠳᠤᠯᠠᠭᠠᠨ︾ ᠨᠠᠰᠤᠲᠠᠶᠢᠴᠤᠳ ᠤᠨ ᠬᠦᠷᠢᠶᠡᠯᠡᠩ ᠤᠨ ᠵᠢᠪᠵᠢᠮ᠎ᠠ ᠨᠠᠰᠤᠲᠠᠨ ᠶᠠᠷᠢᠯ᠎ᠠ᠃     ᠣᠶᠢᠯᠠᠭᠠᠭᠰᠠᠨ ᠢᠶᠠᠷ᠂ ᠬᠤᠰᠢᠭᠤᠨ ᠤ ᠤᠯᠠᠭᠠᠨᠮᠥ᠋ᠴᠢᠷ 11 ᠰᠠᠷ᠎ᠠ ᠶᠢᠨ 10 ᠤ ᠡᠳᠦᠷ ᠠᠴᠠ 21 ᠤ ᠡᠳᠦᠷ ᠪᠣᠯᠲᠠᠯ᠎ᠠ ᠨᠠᠮ ᠤᠨ ᠬᠤᠷᠢᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠬᠤ ᠭᠤᠣᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠶᠢ 4 ᠲᠠᠯᠠᠪᠠᠢ ᠲᠤᠭᠯᠠᠭᠰᠠᠨ ᠪᠠᠶᠢᠨ᠎ᠠ᠃     ᠳᠠᠷᠠᠭ᠎ᠠ ᠠᠯᠬᠤᠮ ᠳᠤ᠂ ᠬᠤᠰᠢᠭᠤᠨ ᠤ ᠤᠯᠠᠭᠠᠨᠮᠥ᠋ᠴᠢᠷ ᠠᠴᠠ 3 ᠰᠠᠯᠪᠤᠷᠢ ᠠᠩᠭᠢ ᠶᠢ ᠵᠣᠬᠢᠶᠠᠨ ᠪᠠᠶᠢᠭᠤᠯᠵᠤ ᠂ ᠪᠥᠬᠦ ᠬᠤᠰᠢᠭᠤᠨ ᠤ ᠡᠯ᠎ᠡ ᠨᠡᠶᠢᠭᠡᠮ ᠲᠣᠭᠤᠷᠢᠭ᠂ ᠭᠠᠴᠠᠭᠠᠨ ᠳᠤ ᠭᠦᠨᠵᠡᠭᠡᠶᠢᠷᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ  ︽ᠪᠠᠶᠠᠷ ᠪᠠᠭ᠋ᠠᠲᠤᠯ᠂ ᠰᠤᠶᠤᠯ ᠪᠤᠯᠪᠠᠰᠤᠨ ᠢ ᠬᠦᠷᠭᠡᠬᠦ︾ ᠦᠨᠳᠦᠰᠦᠨ ᠱᠠᠲᠤᠨ ᠳᠤ ᠲᠥᠪᠯᠡᠷᠡᠭᠦᠯᠦᠨ ᠦᠢᠯᠡᠴᠢᠯᠡᠬᠦ ᠠᠵᠢᠯᠯᠠᠭ᠎ᠠ ᠶᠢ 20  ᠲᠠᠯᠠᠪᠠᠢ ᠶᠠᠪᠤᠭᠳᠠᠭᠤᠯᠬᠤ ᠪᠠᠷ ᠪᠣᠶ᠃ ︽ᠮᠠᠨ ᠤ ᠤᠯᠠᠭᠠᠨᠮᠦ᠋ᠴᠢᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠡᠩ ᠰᠠᠶᠢᠳᠤᠷ ᠰᠤᠷᠤᠯᠴᠠᠨ ᠲᠤᠤᠱᠯᠠᠭᠤᠯᠵᠤ ᠤᠬᠠᠭᠤᠯᠬᠤ ᠶᠢᠨ ᠲᠦᠯᠦᠭᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠳᠬ᠎ᠠ ᠤᠷᠠᠯᠢᠭ ᠤᠨ ᠵᠤᠬᠢᠶᠠᠯ ᠪᠦᠲᠦᠭᠡᠯ ᠲᠠᠢ ᠪᠠᠨ ᠠᠭᠤᠰᠤᠯᠴᠠᠭᠤᠯᠵᠤ᠂ ᠰᠢᠯᠢᠳᠡᠭ ᠰᠤᠳᠤᠨ ᠪᠦᠲᠦᠭᠡᠯ ᠢᠶᠠᠷ ᠤᠯᠠᠨ ᠲᠦᠮᠡᠨ ᠳᠤ ᠪᠠᠶᠠᠷ ᠪᠠᠭ᠋ᠠᠳᠤᠯ ᠰᠤᠶᠤᠯ ᠪᠤᠯᠪᠠᠰᠤᠨ ᠢ ᠬᠦᠷᠭᠡᠵᠤ ᠪᠠᠶᠢᠨ᠎ᠠ ︔ ᠡᠨᠡ ᠨᠢ ᠪᠢᠳᠡᠨ ᠤ ᠡᠬᠦᠷᠭᠡ ᠬᠠᠷᠢᠭᠤᠴᠠᠯᠭ᠎ᠠ ᠲᠤᠯᠠ ᠬᠤᠶᠢᠰᠢᠳᠠ ᠪᠢᠳᠡ ᠨᠡᠩ ᠰᠢᠯᠢᠳᠡᠭ ᠤᠷᠠᠨ ᠪᠦᠲᠦᠭᠡᠯ ᠵᠤᠬᠢᠶᠠᠵᠤ ᠪᠦᠲᠦᠭᠡᠨ ᠤᠯᠠᠨ ᠲᠦᠮᠡᠨ ᠳᠤ ᠪᠠᠨ ᠦᠢᠯᠡᠴᠢᠯᠡᠨ᠎ᠡ︾ ᠭᠡᠵᠤ ᠭᠦᠪᠡᠭᠡᠳᠦ ᠰᠢᠷ᠎ᠠ ᠬᠤᠰᠢᠭᠤᠨ ᠤ ᠤᠯᠠᠭᠠᠨᠮᠦ᠋ᠴᠢᠷ ᠤᠨ ᠳᠠᠷᠤᠭ᠎ᠠ ᠭᠡᠷᠡᠯᠲᠦ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号